|
ᠥᠪᠥᠷ ᠮᠣᠩᠭᠤᠯ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠣᠷᠣᠯᠠᠭᠤᠯᠬᠤ ᠠᠵᠤ ᠠᠬᠤᠶᠢᠯᠠᠯ ︵ᠪᠡᠭᠡᠵᠢᠩ︶ ᠤᠨ ᠬᠠᠮᠲᠤ ᠳᠤ ᠪᠠᠨ | ᠠᠰᠢᠭᠯᠠᠬᠤ ᠪᠡᠯᠡᠳᠬᠡᠯ ᠬᠦᠮᠦᠷᠭᠡ ᠶᠢ ᠪᠠᠶᠢᠭᠤᠯᠪᠠ |
|
|
ᠨᠡᠶᠢᠲᠡᠯᠡᠭᠰᠡᠨ ᠴᠠᠭ᠄
2025/3/26
|
|
3 ᠳ᠋ᠤᠭᠠᠷ ᠰᠠᠷ᠎ᠠ ᠶᠢᠨ 21 ᠤ ᠡᠳᠦᠷ᠂ ᠥᠪᠥᠷ ᠮᠣᠩᠭᠤᠯ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠣᠷᠣᠯᠠᠭᠤᠯᠬᠤ ᠠᠵᠤ ᠠᠬᠤᠶᠢᠯᠠᠯ ︵ᠪᠡᠭᠡᠵᠢᠩ︶ ᠤᠨ ᠬᠠᠮᠲᠤ ᠳᠤ ᠪᠠᠨ ᠠᠰᠢᠭᠯᠠᠬᠤ ᠪᠡᠯᠡᠳᠬᠡᠯ ᠬᠥᠮᠥᠷᠭᠡ ᠶᠢᠨ ᠨᠡᠬᠡᠭᠡᠯᠲᠡ ᠶᠢᠨ ᠶᠣᠰᠣᠯᠠᠯ ᠪᠡᠭᠡᠵᠢᠩ ᠬᠤᠲᠠ ᠶᠢᠨ ᠱᠦᠨ ᠢ ᠲᠣᠭᠤᠷᠢᠭ ᠲᠤ ᠶᠠᠪᠤᠭᠳᠠᠪᠠ᠂ ᠡᠨᠡ ᠪᠣᠯ ᠵᠡᠭᠦᠨ ᠪᠠᠷᠠᠭᠤᠨ ᠣᠷᠣᠨ ᠬᠠᠮᠵᠢᠯᠴᠠᠭᠰᠠᠨ 18 ᠮᠤᠵᠢ ᠣᠷᠣᠨ ᠬᠤᠲᠠ ᠳᠠᠬᠢ ᠮᠤᠵᠢ ᠶᠢᠨ ᠳᠡᠰ ᠤᠨ ᠠᠩᠬᠠᠳᠠᠭᠴᠢ ᠪᠡᠯᠡᠳᠬᠡᠯ ᠬᠥᠮᠥᠷᠭᠡ ᠪᠣᠯᠣᠨ᠎ᠠ᠃ ᠪᠡᠭᠡᠵᠢᠩ ᠳᠠᠬᠢ ᠪᠡᠯᠡᠳᠬᠡᠯ ᠬᠥᠮᠥᠷᠭᠡ ᠶᠢ ᠲᠤᠰ ᠲᠤᠰ ᠱᠦᠨ ᠢ ᠲᠣᠭᠤᠷᠢᠭ ᠪᠠ ᠹᠠᠩ ᠱᠠᠨ ᠲᠣᠭᠤᠷᠢᠭ ᠬᠤᠶᠠᠷ ᠭᠠᠵᠠᠷ ᠲᠤ ᠳᠣᠬᠢᠷᠠᠭᠤᠯᠵᠤ ᠪᠠᠶᠢᠷᠢᠯᠠᠭᠤᠯᠪᠠ᠂ ᠥᠨᠳᠥᠷ ᠪᠠᠷᠢᠮᠵᠢᠶᠠᠲᠤ ᠬᠥᠮᠥᠷᠭᠡ ᠶᠢᠨ ᠲᠤᠬᠢᠷᠠᠭᠤᠯᠤᠯᠳᠠ ᠶᠢ ᠬᠡᠷᠡᠭᠵᠢᠭᠦᠯᠵᠦ᠂ ᠬᠡᠪ ᠤᠨ ᠳᠤᠯᠠᠭᠠᠨ ᠤ ᠬᠥᠮᠥᠷᠭᠡ ᠪᠠ ᠬᠦᠢᠳᠡᠨ ᠬᠥᠮᠥᠷᠭᠡ ᠶᠢ ᠳᠣᠬᠢᠷᠠᠭᠤᠯᠵᠤ᠂ ᠶᠡᠷᠦᠩᠬᠡᠢ ᠲᠠᠯᠠᠪᠠᠢ ᠨᠢ ᠪᠠᠷᠤᠭ 1 ᠲᠦᠮᠡᠨ ᠺᠦᠸᠠᠳ᠋ ᠮᠧᠲᠷ ᠪᠣᠯᠣᠨ᠎ᠠ᠂ ᠬᠤᠷᠠᠮᠠᠯ ᠤᠶᠤᠨᠴᠢᠯᠠᠭᠰᠠᠨ ᠬᠥᠮᠥᠷᠭᠡ ᠶᠢᠨ ᠬᠠᠮᠢᠶᠠᠷᠤᠯᠲᠠ ᠶᠢᠨ ᠰᠢᠰᠲ᠋ᠧᠮ ᠨᠢ ᠲᠥᠪᠯᠡᠷᠡᠭᠦᠯᠦᠨ ᠬᠥᠮᠥᠷᠭᠡᠯᠡᠨ ᠬᠠᠳᠠᠭᠠᠯᠠᠬᠤ᠂ ᠥᠨᠳᠥᠷ ᠪᠦᠲᠦᠮᠵᠢᠲᠡᠢ ᠪᠠᠷ ᠬᠤᠪᠢᠶᠠᠨ ᠢᠯᠭᠠᠬᠤ᠂ ᠵᠠᠬᠢᠶᠠᠯᠠᠭ᠎ᠠ ᠶᠢᠨ ᠴᠣᠪᠣᠷᠠᠯ ᠢᠶᠠᠷ ᠰᠢᠢᠳᠪᠦᠷᠢᠯᠡᠬᠦ ᠵᠡᠷᠭᠡ ᠴᠢᠳᠠᠮᠵᠢ ᠶᠢ ᠪᠦᠷᠢᠯᠳᠦᠭᠦᠯᠪᠡ᠃ ᠵᠠᠰᠠᠭ ᠤᠨ ᠣᠷᠳᠣᠨ ᠠᠴᠠ ᠨᠦᠬᠦᠪᠦᠷᠢ ᠥᠭᠬᠦ ᠪᠠ ᠵᠠᠬ᠎ᠠ ᠳᠡᠯᠭᠡᠭᠦᠷᠴᠢᠯᠡᠨ ᠡᠵᠡᠩᠨᠡᠬᠦ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠥᠪᠥᠷ ᠮᠣᠩᠭᠤᠯ ᠵᠢᠴᠢ ᠪᠡᠭᠡᠵᠢᠩ ᠬᠤᠲᠠ ᠳᠤ ᠥᠪᠥᠷ ᠮᠣᠩᠭᠤᠯ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠲᠤᠰᠬᠠᠶᠢᠯᠠᠨ ᠪᠣᠷᠤᠯᠠᠭᠤᠯᠵᠤ ᠪᠠᠶᠢᠭ᠎ᠠ ᠠᠵᠤ ᠠᠬᠤᠶᠢᠯᠠᠯ ᠤᠨ ᠳᠠᠩᠰᠠᠯᠠᠭᠤᠯᠬᠤ ᠶᠢ ᠨᠢ ᠳᠡᠮᠵᠢᠵᠦ᠂ ︽ᠬᠥᠮᠥᠷᠭᠡᠯᠡᠬᠦ᠂ ᠳᠡᠯᠭᠡᠨ ᠦᠵᠡᠭᠦᠯᠬᠦ᠂ ᠪᠣᠷᠣᠯᠠᠭᠤᠯᠬᠤ᠂ ᠲᠣᠬᠢᠷᠠᠭᠤᠯᠬᠤ︾ ᠪᠠᠨ ᠨᠢᠭᠡ ᠴᠣᠭᠴᠠᠵᠢᠭᠤᠯᠤᠨ ᠡᠵᠡᠩᠨᠡᠬᠦ ᠶᠢ ᠪᠡᠶᠡᠯᠡᠭᠦᠯᠦᠨ᠂ ᠠᠵᠤ ᠠᠬᠤᠶᠢᠯᠠᠯ ᠤᠨ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ ᠪᠠᠭᠤᠷᠠᠭᠤᠯᠬᠤ ᠪᠣᠯᠣᠨ᠎ᠠ᠃ ︵ᠲᠠᠷᠢᠶᠠᠯᠠᠩ ᠮᠠᠯ ᠠᠵᠤ ᠠᠬᠤᠢ ᠪᠠ ᠭᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ︶ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|