ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ
ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠵᠠᠷᠯᠠᠯ
ᠲᠠᠪᠢᠳᠤᠭᠠᠷ ᠲᠣᠭᠠᠲᠤ
ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠠᠨ ᠰᠢᠶᠠᠨ ᠳ᠋ᠦᠩ ᠥᠪᠡᠷᠲᠡᠭᠡᠨ ᠵᠠᠰᠠᠬᠤ ᠣᠷᠣᠨ ᠠᠴᠠ ᠠᠵᠢᠯ ᠰᠢᠯᠵᠢᠪᠡ ᠃ ︽ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠣᠨ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠠᠤᠯᠢ ︾ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠂ ᠶᠠᠨ ᠰᠢᠶᠠᠨ ᠳ᠋ᠦᠩ ᠤᠨ ᠲᠥᠯᠥᠭᠡᠯᠡᠭᠴᠢ ᠶᠢᠨ ᠬᠢᠷᠢ ᠭᠡᠮ ᠢ ᠵᠣᠭᠰᠣᠭᠠᠪᠠ ᠃ ︽ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠣᠨ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠣᠩᠭᠤᠭᠤᠯᠢ ᠶᠢᠨ ᠬᠠᠤᠯᠢ ︾ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠂ ᠶᠠᠨ ᠰᠢᠶᠠᠨ ᠳ᠋ᠦᠩ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠡᠰᠢᠭᠦᠨ ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠭᠡᠰᠢᠭᠦᠨ ᠤ ᠲᠤᠰᠢᠶᠠᠯ ᠢ ᠠᠶᠠᠨᠳᠠᠭᠠᠨ ᠵᠣᠭᠰᠣᠭᠠᠪᠠ ᠃
ᠣᠳᠣᠬᠠᠨ ᠪᠤᠯᠲᠠᠯ᠎ᠠ ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠣᠳᠠᠲᠠᠢ ᠪᠠᠶᠢᠭ᠎ᠠ ᠲᠥᠯᠥᠭᠡᠯᠡᠭᠴᠢ 531 ᠬᠥᠮᠥᠨ ᠪᠤᠢ ᠃
ᠣᠨᠴᠠᠭᠠᠶᠢᠯᠠᠨ ᠵᠠᠷᠯᠠᠪᠠ ᠃
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ
ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ
2025 ᠣᠨ ᠤ 3 ᠰᠠᠷ᠎ᠠ ᠶᠢᠨ 25 ᠤ ᠡᠳᠦᠷ