|
ᠣᠯᠠᠨ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠳ ᠡᠳᠡᠭᠡᠷ ᠲᠥᠷᠥ ᠶᠢᠨ ᠪᠣᠳᠣᠯᠭ᠎ᠠ ᠶᠢᠨ ᠳᠣᠬᠢᠶ᠎ᠠ ᠶᠢ ᠳᠠᠮᠵᠢᠭᠤᠯᠵᠠᠢ |
|
|
ᠨᠡᠶᠢᠲᠡᠯᠡᠭᠰᠡᠨ ᠴᠠᠭ᠄
2025/3/26
|
|
ᠡᠳ᠋ ᠤᠨ ᠵᠠᠰᠠᠭ ᠤᠨ ᠶᠠᠮᠤᠨ᠄ ᠲᠥᠷᠥ ᠶᠢᠨ ᠪᠣᠳᠣᠯᠭ᠎ᠠ ᠶᠢᠨ ︽ᠬᠠᠮ ᠠᠷᠭ᠎ᠠ︾ ᠶᠢ ᠰᠠᠶᠢᠲᠤᠷ ᠬᠡᠷᠡᠭᠵᠢᠭᠦᠯᠵᠦ᠂ ᠨᠠᠩ ᠢᠳᠡᠪᠬᠢᠲᠡᠢ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢᠨ ᠴᠢᠳᠠᠪᠬᠢ ᠶᠢ ᠦᠷᠭᠦᠯᠵᠢᠯᠡᠨ ᠪᠠᠳᠠᠷᠠᠭᠤᠯᠤᠨ᠎ᠠ ᠥᠨᠥ ᠵᠢᠯ ᠨᠠᠩ ᠢᠳᠡᠪᠬᠢᠲᠡᠢ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠵᠢᠭᠦᠯᠬᠦ ᠪᠣᠯᠣᠨ᠎ᠠ᠂ ᠡᠭᠦᠨ ᠤ ᠢᠯᠡ ᠲᠣᠳᠣ ᠨᠢᠭᠡᠨ ᠣᠨᠴᠠᠯᠢᠭ ᠭᠡᠪᠡᠯ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ᠂ ᠡᠳ᠋ ᠤᠨ ᠵᠠᠰᠠᠭ ᠤᠨ ᠳᠠᠮ ᠬᠦᠦ᠂ ᠲᠤᠰᠬᠠᠢ ᠵᠦᠢᠯ ᠤᠨ ᠪᠡᠯᠡ ᠮᠥᠩᠭᠦ᠂ ᠭᠠᠶᠢᠯᠢ ᠰᠦᠢᠳᠬᠡᠯ ᠤᠨ ᠬᠠᠷᠠᠭᠠᠯᠵᠠᠯ ᠵᠡᠷᠭᠡ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢᠨ ᠪᠠᠭᠠᠵᠢ ᠶᠢ ᠨᠢᠭᠡᠳᠦᠯᠲᠡᠢ ᠲᠥᠯᠥᠪᠯᠡᠨ ᠰᠠᠶᠢᠲᠤᠷ ᠬᠡᠷᠡᠭᠯᠡᠬᠦ ᠶᠢᠨ ᠬᠠᠮᠲᠤ ᠵᠣᠭᠤᠰ ᠮᠥᠩᠭᠦ᠂ ᠠᠵᠢᠯ ᠣᠯᠭᠤᠯᠲᠠ᠂ ᠠᠵᠤ ᠦᠢᠯᠡᠰ᠂ ᠣᠷᠣᠨ ᠪᠦᠰᠡ ᠵᠡᠷᠭᠡ ᠶᠢᠨ ᠲᠥᠷᠥ ᠶᠢᠨ ᠪᠣᠳᠣᠯᠭ᠎ᠠ ᠯᠤᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ︽ᠬᠠᠮ ᠠᠷᠭ᠎ᠠ︾ ᠶᠢ ᠰᠠᠶᠢᠲᠤᠷ ᠬᠡᠷᠡᠭᠵᠢᠭᠦᠯᠬᠦ ᠪᠣᠯᠣᠨ᠎ᠠ᠃ ᠲᠥᠷᠥ ᠶᠢᠨ ᠪᠣᠳᠣᠯᠭ᠎ᠠ ᠶᠢᠨ ᠴᠢᠳᠠᠪᠬᠢ ᠶᠢ ᠪᠠᠳᠠᠷᠠᠭᠤᠯᠬᠤ ᠭᠤᠣᠯᠳᠠᠯᠭ᠎ᠠ ᠶᠢᠨ ᠲᠠᠯ᠎ᠠ ᠪᠠᠷ᠂ ᠥᠨᠥ ᠵᠢᠯ ᠴᠢᠨᠠᠷ ᠰᠠᠶᠢᠲᠠᠢ ᠬᠥᠭᠵᠢᠭᠦᠯᠬᠦ ᠶᠠᠪᠤᠴᠠ ᠳᠠᠬᠢ ᠪᠠᠭᠤᠷᠠᠢ ᠭᠤᠭᠴᠤᠭ᠎ᠠ ᠪᠠ ᠠᠵᠤ ᠠᠬᠤᠢ ᠶᠢᠨ ᠣᠷᠴᠢᠯ ᠳᠤᠮᠳᠠᠬᠢ ᠲᠦᠭᠵᠢᠷᠡᠯ ᠬᠦᠴᠢᠷᠳᠡᠯ ᠳᠤ ᠠᠩᠬᠠᠷᠤᠯ ᠢᠶᠠᠨ ᠲᠥᠪᠯᠡᠷᠡᠭᠦᠯᠦᠨ᠂ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ ᠥᠨᠥ ᠵᠢᠯ ᠤᠨ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢᠨ ᠬᠦᠴᠦᠯᠡᠬᠦ ᠴᠡᠭ ᠤᠨ ᠲᠡᠷᠢᠭᠦᠨ ᠴᠢᠬᠤᠯᠠ ᠡᠭᠦᠷᠭᠡ ᠪᠣᠯ ᠬᠡᠷᠡᠭᠯᠡᠭᠡ ᠶᠢ ᠶᠡᠭᠡ ᠪᠠᠷ ᠬᠥᠭᠵᠢᠭᠡᠨ᠂ ᠪᠡᠯᠡ ᠣᠷᠣᠭᠤᠯᠤᠯᠲᠠ ᠶᠢᠨ ᠦᠷ᠎ᠡ ᠠᠰᠢᠭ ᠢ ᠨᠡᠮᠡᠭᠳᠡᠭᠦᠯᠵᠦ᠂ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠪᠦᠬᠦ ᠲᠠᠯ᠎ᠠ ᠪᠠᠷ ᠥᠷᠭᠡᠳᠬᠡᠨ᠎ᠡ ᠮᠠᠨ ᠤ ᠤᠯᠤᠰ ᠪᠦᠬᠦ ᠪᠥᠮᠪᠥᠷᠴᠡᠭ ᠲᠠᠬᠢ ᠬᠠᠮᠤᠭ ᠤᠨ ᠶᠡᠭᠡ ᠳᠠᠯᠳᠠ ᠬᠦᠴᠦᠨ ᠪᠦᠬᠦᠢ ᠬᠡᠳᠦ ᠶᠡᠭᠡ ᠬᠡᠪᠴᠢᠶᠡᠨ ᠤ ᠵᠠᠬ᠎ᠠ ᠳᠡᠯᠭᠡᠭᠦᠷ ᠲᠠᠢ ᠪᠠᠶᠢᠵᠤ᠂ ᠬᠡᠷᠡᠭᠯᠡᠭᠡ ᠶᠢᠨ ᠨᠡᠮᠡᠭᠳᠡᠯ ᠤᠨ ᠣᠷᠣᠨ ᠵᠠᠢ ᠮᠠᠰᠢ ᠥᠷᠭᠡᠨ ᠠᠭᠤᠳᠠᠮ ᠶᠤᠮ᠃ ᠲᠥᠪ ᠤᠨ ᠡᠳ᠋ ᠤᠨ ᠵᠠᠰᠠᠭ ᠠᠴᠠ ᠦᠨᠡᠨ ᠬᠦ ᠶᠡᠭᠡ ᠬᠡᠮᠵᠢᠶᠡᠨ ᠤ ᠪᠡᠯᠡ ᠮᠥᠩᠭᠦ ᠵᠠᠷᠤᠴᠠᠭᠤᠯᠵᠤ ᠪᠠᠶᠢᠭᠠᠳ᠂ ᠬᠠᠩᠭᠠᠯᠭ᠎ᠠ ᠬᠡᠷᠡᠭᠴᠡᠭᠡ ᠶᠢᠨ ᠬᠤᠶᠠᠷ ᠲᠠᠯ᠎ᠠ ᠠᠴᠠ ᠬᠦᠴᠦᠯᠡᠨ ᠬᠡᠷᠡᠭᠯᠡᠭᠡ ᠶᠢ ᠬᠥᠭᠵᠢᠭᠡᠬᠦ ᠪᠣᠯᠣᠨ᠎ᠠ᠃ ᠲᠥᠰᠥᠪ ᠤᠨ ᠲᠣᠬᠢᠷᠠᠭᠤᠯᠤᠯᠲᠠ ᠶᠢ ᠦᠨᠳᠦᠰᠦᠯᠡᠪᠡᠯ᠂ ᠥᠨᠥ ᠵᠢᠯ ᠮᠠᠨ ᠤ ᠤᠯᠤᠰ ᠤᠨ ᠲᠠᠷᠬᠠᠭᠠᠬᠤ ᠤᠯᠤᠰ ᠤᠨ ᠬᠡᠳᠦ ᠤᠷᠳᠤ ᠬᠤᠭᠤᠴᠠᠭᠠᠲᠤ ᠣᠨᠴᠠᠭᠠᠶ ᠵᠢᠭᠡᠯᠡᠯᠭᠡ 13000 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠬᠢ ᠠᠴᠠ 3000 ᠳ᠋ᠦᠩᠰᠢᠭᠤᠷ ᠲᠥᠭᠦᠷᠢᠭ ᠨᠡᠮᠡᠭᠳᠡᠭᠦᠯᠬᠦ ᠪᠣᠯᠣᠨ᠎ᠠ᠂ ᠡᠭᠦᠨ ᠳᠤ᠂ ︽ᠬᠤᠶᠠᠷ ᠴᠢᠬᠤᠯᠠ︾ ᠲᠥᠷᠥᠯ ᠵᠦᠢᠯ ᠢ ᠨᠡᠩ ᠬᠦᠴᠦᠲᠡᠢ ᠳᠡᠮᠵᠢᠬᠦ ᠳᠤ 8000 ᠳ᠋ᠦᠩᠰᠢᠭᠤᠷ ᠲᠥᠭᠦᠷᠢᠭ ᠢ ᠨᠢ ᠬᠡᠷᠡᠭᠯᠡᠵᠦ᠂ ︽ᠬᠤᠶᠠᠷ ᠰᠢᠨ᠎ᠡ︾ ᠶᠢᠨ ᠲᠦᠷᠦ ᠶᠢᠨ ᠪᠣᠳᠣᠯᠭ᠎ᠠ ᠶᠢ ᠬᠦᠴᠦᠯᠡᠨ ᠦᠷᠭᠡᠳᠬᠡᠵᠦ ᠬᠡᠷᠡᠭᠵᠢᠭᠦᠯᠬᠦ ᠳᠤ 5000 ᠳ᠋ᠦᠩᠰᠢᠭᠤᠷ ᠲᠥᠭᠦᠷᠢᠭ ᠢ ᠨᠢ ᠬᠡᠷᠡᠭᠯᠡᠬᠦ ᠪᠣᠯᠣᠨ᠎ᠠ᠃ ᠥᠨᠥ ᠵᠢᠯ ᠤᠯᠤᠰ ᠤᠨ ᠬᠡᠳᠦ ᠤᠷᠳᠤ ᠬᠤᠭᠤᠴᠠᠭᠠᠲᠤ ᠣᠨᠴᠠᠭᠠᠶ ᠵᠢᠭᠡᠯᠡᠯᠭᠡ ᠶᠢ ᠨᠡᠶᠢᠳᠡ 3000 ᠳ᠋ᠦᠩᠰᠢᠭᠤᠷ ᠲᠥᠭᠦᠷᠢᠭ ᠳᠣᠬᠢᠷᠠᠭᠤᠯᠤᠨ ᠬᠠᠭᠤᠴᠢᠨ ᠬᠡᠷᠡᠭᠯᠡᠭᠡ ᠶᠢᠨ ᠵᠦᠢᠯᠡᠰ ᠢᠶᠠᠨ ᠰᠢᠨ᠎ᠡ ᠪᠠᠷ ᠰᠣᠯᠢᠬᠤ ᠶᠢ ᠲᠡᠮᠵᠢᠵᠤ᠂ ᠨᠢᠳᠤᠨᠤᠨ ᠤ ᠬᠢ ᠠᠴᠠ 1500 ᠳ᠋ᠦᠩᠰᠢᠭᠤᠷ ᠲᠥᠭᠦᠷᠢᠭ ᠨᠡᠮᠡᠭᠳᠡᠭᠦᠯᠬᠦ ᠪᠣᠯᠣᠨ᠎ᠠ᠃ ᠪᠡᠯᠡ ᠮᠥᠩᠭᠦᠨ ᠤ ᠬᠡᠪᠴᠢᠶ᠎ᠡ ᠨᠢ ᠨᠢᠳᠤᠨᠤᠨ ᠤ ᠬᠢ ᠠᠴᠠ ᠬᠤᠶᠠᠷ ᠳᠠᠬᠢᠨ ᠪᠠᠶᠢᠵᠤ᠂ ᠬᠡᠷᠡᠭᠯᠡᠭᠴᠢᠳ ᠤᠨ ᠪᠠᠷᠠᠭ᠎ᠠ ᠬᠤᠳᠠᠯᠳᠤᠨ ᠠᠪᠬᠤ ᠥᠪᠡᠷ ᠤᠨ ᠥᠷᠲᠡᠭ ᠢ ᠰᠢᠭᠤᠳ ᠪᠠᠭᠤᠷᠠᠭᠤᠯᠬᠤ ᠳᠤ ᠠᠰᠢᠭᠲᠠᠢ ᠮᠥᠷᠲᠡᠭᠡᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠪᠠᠨ ᠬᠡᠷᠡᠭᠯᠡᠭᠡ ᠶᠢ ᠠᠬᠢᠭᠤᠯᠬᠤ ᠯᠤᠭ᠎ᠠ ᠤᠶᠠᠯᠳᠤᠭᠤᠯᠬᠤ ᠶᠢ ᠴᠢᠬᠤᠯᠠᠴᠢᠯᠠᠬᠤ ᠪᠣᠯᠣᠨ᠎ᠠ᠃ ᠨᠠᠰᠤᠵᠢᠯ ᠤᠨ ᠠᠰᠠᠷᠠᠮᠵᠢ ᠶᠢᠨ ᠮᠥᠩᠭᠦᠨ ᠤ ᠬᠢᠷᠢ ᠲᠦᠪᠰᠢᠨ ᠢ ᠳᠡᠭᠡᠭᠰᠢᠯᠡᠭᠦᠯᠬᠦ᠂ ᠡᠮᠴᠢᠯᠡᠭᠡᠨ ᠤ ᠨᠡᠮᠡᠭᠦᠷᠢ ᠣᠯᠭᠤᠬᠤ ᠵᠡᠷᠭᠡ ᠬᠡᠯᠪᠡᠷᠢ ᠪᠠᠷ ᠳᠠᠮᠵᠢᠭᠤᠯᠤᠨ ᠰᠠᠭᠤᠭᠠᠯᠢ ᠠᠷᠠᠳ ᠤᠨ ᠬᠡᠷᠡᠭᠯᠡᠭᠡ ᠶᠢᠨ ᠴᠢᠳᠠᠪᠤᠷᠢ ᠪᠠ ᠬᠦᠰᠡᠯᠲᠡ ᠶᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ᠄ ᠳᠥᠷᠪᠡᠨ ᠲᠠᠯ᠎ᠠ ᠪᠠᠷ ᠠᠷᠭ᠎ᠠ ᠬᠡᠮᠵᠢᠶ᠎ᠡ ᠠᠪᠴᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢ ᠭᠦᠨᠵᠡᠭᠡᠢ ᠠᠭᠤᠰᠤᠯᠴᠠᠭᠤᠯᠬᠤ ᠪᠠᠨ ᠠᠬᠢᠭᠤᠯᠤᠨ᠎ᠠ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠨᠠᠷ ᠰᠠᠶᠢᠲᠠᠢ ᠬᠠᠩᠭᠠᠯᠭ᠎ᠠ ᠶᠢ ᠨᠡᠮᠡᠭᠳᠡᠭᠦᠯᠬᠦ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠪᠠᠬᠢᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠶᠢ ᠠᠬᠢᠭᠤᠯᠬᠤ᠂ ᠬᠠᠮᠵᠢᠯᠴᠠᠨ ᠰᠢᠨ᠎ᠡ ᠶᠢ ᠡᠭᠦᠳᠬᠦ ᠠᠮᠢ ᠠᠬᠤᠢ ᠶᠢ ᠪᠤᠢ ᠪᠣᠯᠭᠠᠬᠤ ᠵᠡᠷᠭᠡ ᠲᠦᠷᠪᠡᠨ ᠲᠠᠯ᠎ᠠ ᠪᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢ ᠭᠦᠨᠵᠡᠭᠡᠢ ᠠᠭᠤᠰᠤᠯᠴᠠᠭᠤᠯᠬᠤ ᠪᠠᠨ ᠠᠬᠢᠭᠤᠯᠤᠨ᠎ᠠ ᠦᠢᠯᠡᠳᠬᠦ ᠦᠢᠯᠡᠰ ᠤᠨ ᠭᠤᠣᠯᠳᠠᠯᠭ᠎ᠠ ᠪᠣᠯᠬᠤ ᠠᠵᠤ ᠦᠢᠯᠡᠰ ᠤᠨ ᠬᠡᠯᠬᠢᠶ᠎ᠡ ᠶᠢ ᠴᠢᠨᠠᠷ ᠰᠠᠶᠢᠲᠠᠢ ᠬᠥᠭᠵᠢᠭᠦᠯᠬᠦ ᠠᠵᠢᠯᠯᠠᠭᠠᠨ ᠢ ᠭᠦᠨᠵᠡᠭᠡᠢ ᠬᠡᠷᠡᠭᠵᠢᠭᠦᠯᠵᠦ᠂ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠢᠭᠡ ᠪᠦᠯᠦᠭ ᠴᠢᠬᠤᠯᠠ ᠶᠡᠭᠡ ᠲᠦᠷᠦᠯ ᠵᠦᠢᠯ ᠢ ᠰᠢᠨ᠎ᠡ ᠪᠠᠷ ᠪᠠᠶᠢᠷᠢᠰᠢᠭᠤᠯᠵᠤ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠳ ᠤᠨ ᠳᠤᠮᠳᠠᠳᠤ ᠤᠯᠤᠰ ᠲᠤ ᠰᠤᠳᠤᠯᠤᠨ ᠨᠡᠭᠡᠭᠡᠬᠦ ᠲᠥᠪ ᠪᠠᠶᠢᠭᠤᠯᠬᠤ ᠶᠢ ᠳᠡᠮᠵᠢᠨ᠎ᠡ᠃ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ ᠤᠳ ᠢ ᠱᠠᠲᠤᠯᠠᠨ ᠪᠣᠶᠢᠵᠢᠭᠤᠯᠵᠤ᠂ ᠲᠤᠰᠬᠠᠢ ᠨᠠᠷᠢᠯᠢᠭ ᠥᠪᠡᠷᠮᠢᠴᠡ ᠰᠢᠨ᠎ᠡ ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠠᠬᠢᠭᠤᠯᠵᠤ᠂ ᠠᠩᠬᠠᠨ ᠤ ᠡᠭᠦᠳᠦᠯᠲᠡ ᠶᠢᠨ ᠴᠢᠨᠠᠷᠲᠠᠢ ᠰᠠᠭᠤᠷᠢ ᠰᠠᠶᠢᠲᠠᠢ ᠠᠵᠤ ᠠᠬᠤᠶᠢᠯᠠᠯ᠂ ᠪᠠᠳᠠᠷᠠᠩᠭᠤᠢ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠵᠤ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠳ ᠤᠨ ᠳᠤᠮᠳᠠᠳᠤ ᠤᠯᠤᠰ ᠲᠤ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠶᠢ ᠨᠢ ᠳᠡᠮᠵᠢᠨ᠎ᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ ᠢ ᠨᠡᠶᠢᠲᠡᠯᠡᠵᠦ᠂ ᠤᠯᠤᠰ ᠤᠨ ᠮᠡᠷᠭᠡᠵᠢᠯ ᠤᠨ ᠰᠣᠯᠢᠯᠴᠠᠭᠠᠨ ᠤ ᠦᠢᠯᠡᠴᠢᠯᠡᠭᠡᠨ ᠤ ᠲᠠᠪᠴᠠᠩ ᠪᠠ ᠤᠯᠤᠰ ᠤᠨ ᠦᠢᠯᠡᠳᠬᠦ ᠦᠢᠯᠡᠰ ᠤᠨ ᠵᠠᠪᠰᠠᠷ ᠤᠨ ᠲᠤᠷᠰᠢᠯᠲᠠ ᠶᠢᠨ ᠲᠠᠪᠴᠠᠩ ᠢ ᠪᠠᠶᠢᠭᠤᠯᠤᠨ᠎ᠠ᠃ ᠵᠢᠷᠤᠮᠯᠠᠯ᠂ ᠳᠦᠷᠢᠮ ᠳᠣᠭᠲᠠᠭᠠᠯ᠂ ᠬᠠᠮᠢᠶᠠᠷᠤᠯᠲᠠ᠂ ᠪᠠᠷᠢᠮᠵᠢᠶ᠎ᠠ ᠵᠡᠷᠭᠡ ᠳᠦᠷᠢᠮ ᠤᠨ ᠬᠡᠯᠪᠡᠷᠢᠲᠦ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠵᠦ᠂ ᠪᠦᠬᠦ ᠪᠥᠮᠪᠥᠷᠴᠡᠭ ᠤᠨ ᠬᠡᠪᠴᠢᠶᠡᠨ ᠳᠠᠬᠢ ᠰᠢᠨ᠎ᠡ ᠶᠢ ᠡᠭᠦᠳᠬᠦ ᠬᠦᠴᠦᠨ ᠵᠦᠢᠯ ᠡᠬᠢ ᠪᠠᠶᠠᠯᠢᠭ ᠤᠨ ᠭᠦᠢᠯᠭᠡᠭᠡ ᠶᠢ ᠲᠦᠷᠭᠡᠳᠬᠡᠬᠦ ᠪᠠᠨ ᠠᠬᠢᠭᠤᠯᠤᠨ᠂ ᠨᠡᠭᠡᠭᠡᠯᠲᠡ ᠲᠠᠢ ᠤᠯᠠᠨ ᠡᠰᠢᠲᠦ ᠰᠢᠨ᠎ᠡ ᠡᠭᠦᠳᠦᠯᠲᠡ ᠲᠠᠢ ︽ᠵᠢᠵᠢᠭ ᠠᠮᠢ ᠠᠬᠤᠢ︾ ᠶᠢ ᠲᠦᠷᠭᠡᠪᠴᠢᠯᠡᠨ ᠪᠠᠶᠢᠭᠤᠯᠵᠤ᠂ ᠪᠦᠬᠦ ᠪᠥᠮᠪᠥᠷᠴᠡᠭ ᠯᠦᠭᠡ ᠶᠢᠨ ᠠᠭᠤᠰᠤᠯᠴᠠᠨ ᠬᠥᠭᠵᠢᠬᠦ ︽ᠲᠣᠮᠣ ᠠᠮᠢ ᠠᠬᠤᠢ︾ ᠶᠢ ᠬᠠᠮᠲᠤ ᠪᠠᠷ ᠴᠡᠴᠡᠭᠯᠡᠭᠦᠯᠦᠨ ᠬᠥᠭᠵᠢᠭᠦᠯᠦᠨ᠎ᠡ᠃ ᠠᠷᠠᠳ ᠤᠨ ᠶᠠᠪᠤᠳᠠᠯ ᠤᠨ ᠶᠠᠮᠤᠨ᠄ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠢ ᠬᠠᠮᠢᠶ᠎ᠠ ᠪᠦᠬᠦᠢ ᠠᠵᠤ ᠦᠢᠯᠡᠰ ᠪᠠ ᠡᠵᠡᠩᠨᠡᠯᠲᠡ ᠶᠢᠨ ᠬᠡᠯᠪᠡᠷᠢ ᠪᠠᠶᠢᠳᠠᠯ ᠯᠤᠭ᠎ᠠ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ᠂ ᠣᠯᠠᠨ ᠨᠡᠶᠢᠲᠡ ᠶᠢᠨ ᠣᠷᠣᠨ ᠵᠠᠢ ᠶᠢ ᠨᠠᠰᠤᠵᠢᠯᠲᠠ ᠳᠤ ᠵᠣᠬᠢᠴᠠᠭᠤᠯᠤᠨ ᠰᠢᠨᠡᠳᠬᠡᠬᠦ ᠶᠢ ᠲᠦᠯᠬᠢᠨ ᠠᠬᠢᠭᠤᠯᠤᠨ᠎ᠠ ᠠᠷᠠᠳ ᠤᠨ ᠶᠠᠪᠤᠳᠠᠯ ᠤᠨ ᠶᠠᠮᠤᠨ ᠨᠠᠰᠤᠵᠢᠯ ᠤᠨ ᠠᠰᠠᠷᠠᠮᠵᠢ ᠶᠢᠨ ᠠᠵᠢᠯ ᠦᠢᠯᠡᠰ ᠪᠠ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠤᠨ ᠲᠦᠷᠦ ᠶᠢᠨ ᠪᠣᠳᠣᠯᠭ᠎ᠠ ᠶᠢᠨ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠢ ᠰᠣᠶᠣᠯ᠂ ᠵᠢᠭᠤᠯᠴᠢᠯᠠᠯ᠂ ᠡᠷᠡᠭᠦᠯ ᠮᠡᠨᠳᠦ᠂ ᠪᠡᠶ᠎ᠡ ᠶᠢᠨ ᠲᠠᠮᠢᠷ᠂ ᠭᠡᠷ ᠠᠬᠤᠢ ᠵᠡᠷᠭᠡ ᠬᠠᠮᠢᠶ᠎ᠠ ᠪᠦᠬᠦᠢ ᠠᠵᠤ ᠦᠢᠯᠡᠰ ᠪᠠ ᠡᠵᠡᠩᠨᠡᠯᠲᠡ ᠶᠢᠨ ᠬᠡᠯᠪᠡᠷᠢ ᠪᠠᠶᠢᠳᠠᠯ ᠯᠤᠭ᠎ᠠ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠡᠷᠡᠭᠯᠡᠭᠡ ᠶᠢᠨ ᠬᠦᠷᠢᠶ᠎ᠡ ᠬᠢᠭᠡᠳ ᠬᠡᠷᠡᠭᠯᠡᠭᠡ ᠶᠢᠨ ᠪᠠᠶᠢᠳᠠᠯ ᠢ ᠪᠠᠶᠠᠯᠢᠭᠵᠢᠭᠤᠯᠤᠨ ᠥᠷᠭᠡᠳᠬᠡᠵᠦ᠂ ᠨᠠᠰᠤᠵᠢᠯ ᠤᠨ ᠠᠰᠠᠷᠠᠮᠵᠢ ᠶᠢᠨ ᠬᠡᠷᠡᠭᠯᠡᠭᠡ ᠶᠢᠨ ᠳᠠᠯᠳᠠ ᠬᠦᠴᠦᠨ ᠢ ᠪᠠᠳᠠᠷᠠᠭᠤᠯᠤᠨ᠎ᠠ︔ ᠭᠡᠷ ᠪᠦᠯᠢ ᠶᠢᠨ ᠨᠠᠰᠤᠵᠢᠯᠲᠠ ᠳᠤ ᠵᠣᠬᠢᠴᠠᠭᠤᠯᠵᠤ ᠥᠭᠡᠷᠡᠴᠢᠯᠡᠨ ᠰᠢᠨᠡᠳᠬᠡᠬᠦ ᠶᠢ ᠦᠷᠭᠦᠯᠵᠢᠯᠡᠨ ᠠᠬᠢᠭᠤᠯᠵᠤ᠂ ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠵᠤ ᠭᠡᠷ ᠪᠦᠯᠢ ᠶᠢᠨ ᠨᠠᠰᠤᠵᠢᠯᠲᠠ ᠳᠤ ᠵᠣᠬᠢᠴᠠᠭᠤᠯᠵᠤ ᠥᠭᠡᠷᠡᠴᠢᠯᠡᠨ ᠰᠢᠨᠡᠳᠬᠡᠬᠦ ᠠᠵᠢᠯ ᠢ ᠰᠠᠶᠢᠲᠤᠷ ᠬᠢᠵᠦ᠂ ᠨᠠᠰᠤᠲᠠᠶᠢᠴᠤᠳ ᠤᠨ ᠢᠳᠡᠵᠦ ᠤᠤᠭᠤᠬᠤ ᠳᠤ ᠲᠤᠰᠠᠯᠠᠬᠤ ᠦᠢᠯᠡᠴᠢᠯᠡᠭᠡ᠂ ᠡᠷᠡᠭᠦᠯᠵᠢᠯ ᠳᠤ ᠲᠤᠰᠠᠯᠠᠬᠤ ᠪᠠᠭᠠᠵᠢ ᠬᠡᠷᠡᠭᠰᠡᠯ ᠬᠤᠳᠠᠯᠳᠤᠨ ᠠᠪᠬᠤ ᠪᠠ ᠲᠦᠷᠢᠶᠡᠰᠦᠯᠡᠬᠦ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠲᠦᠭᠡᠮᠡᠯ ᠬᠠᠷᠠᠭᠠᠯᠵᠠᠯᠲᠤ ᠨᠠᠰᠤᠵᠢᠯ ᠤᠨ ᠦᠢᠯᠡᠴᠢᠯᠡᠭᠡ ᠶᠢ ᠥᠷᠭᠡᠳᠬᠡᠨ᠎ᠡ᠃ ᠪᠤᠭᠤᠷᠤᠯᠴᠤᠳ ᠤᠨ ᠬᠡᠷᠡᠭᠯᠡᠭᠡ ᠶᠢᠨ ᠣᠷᠴᠢᠨ ᠨᠦᠬᠦᠴᠡᠯ ᠢ ᠬᠦᠴᠦᠯᠡᠨ ᠰᠠᠶᠢᠵᠢᠷᠠᠭᠤᠯᠬᠤ ᠲᠠᠯ᠎ᠠ ᠪᠠᠷ᠂ ᠠᠷᠠᠳ ᠤᠨ ᠶᠠᠪᠤᠳᠠᠯ ᠤᠨ ᠶᠠᠮᠤᠨ ᠤᠯᠠᠨ ᠨᠡᠶᠢᠲᠡ ᠶᠢᠨ ᠣᠷᠣᠨ ᠵᠠᠢ ᠶᠢ ᠨᠠᠰᠤᠵᠢᠯᠲᠠ ᠳᠤ ᠵᠣᠬᠢᠴᠠᠭᠤᠯᠵᠤ ᠰᠢᠨᠡᠳᠬᠡᠬᠦ ᠶᠢ ᠠᠬᠢᠭᠤᠯᠵᠤ᠂ ᠡᠯᠧᠺᠲᠷᠣᠨ ᠬᠤᠳᠠᠯᠳᠤᠭᠠᠨ ᠤ ᠲᠠᠪᠴᠠᠩ ᠤᠨ ᠨᠠᠰᠤᠵᠢᠯᠲᠠ ᠳᠤ ᠵᠣᠬᠢᠴᠠᠭᠤᠯᠵᠤ ᠥᠭᠡᠷᠡᠴᠢᠯᠡᠨ ᠰᠢᠨᠡᠳᠬᠡᠬᠦ ᠶᠢ ᠬᠥᠲᠥᠯᠥᠨ ᠵᠢᠯᠣᠭᠤᠳᠤᠨ᠎ᠠ︔ ᠨᠠᠰᠤᠲᠠᠶᠢᠴᠤᠳ ᠤᠨ ᠬᠦᠷᠢᠶᠡᠨ ᠳᠠᠬᠢ ᠦᠢᠯᠡᠳᠬᠦᠨ ᠪᠠ ᠦᠢᠯᠡᠴᠢᠯᠡᠭᠡᠨ ᠤ ᠪᠠᠷᠢᠮᠵᠢᠶᠠᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠨᠠᠰᠤᠲᠠᠶᠢᠴᠤᠳ ᠤᠨ ᠬᠡᠷᠡᠭᠯᠡᠬᠦ ᠦᠢᠯᠡᠳᠬᠦᠨ ᠬᠡᠷᠡᠭᠰᠡᠯ ᠢ ᠨᠢ ᠪᠠᠷᠢᠮᠵᠢᠶᠠᠵᠢᠭᠤᠯᠤᠨ ᠵᠢᠷᠤᠮᠵᠢᠭᠤᠯᠵᠤ ᠨᠠᠷᠢᠨ ᠬᠤᠪᠢᠶᠠᠵᠤ ᠪᠦᠷᠢᠨᠰᠢᠭᠦᠯᠦᠨ᠎ᠡ︔ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠪᠠ ᠨᠠᠰᠤᠲᠠᠶᠢᠴᠤᠳ ᠤᠨ ᠬᠡᠷᠡᠭᠯᠡᠬᠦ ᠬᠡᠷᠡᠭᠰᠡᠯ ᠤᠨ ᠶᠠᠰᠤ ᠴᠢᠨᠠᠷ ᠲᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠨᠠᠰᠤᠲᠠᠶᠢᠴᠤᠳ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠠᠮᠢ ᠠᠬᠤᠢ ᠣᠷᠴᠢᠨ ᠲᠣᠭᠤᠷᠢᠨ ᠤ ᠶᠠᠮᠤᠨ᠄ ᠲᠠᠪᠤᠨ ᠲᠠᠯ᠎ᠠ ᠪᠠᠷ ᠬᠦᠴᠦᠯᠡᠵᠦ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠣᠬᠢᠷᠲᠤᠯ ᠦᠭᠡᠢ ᠲᠡᠶᠢᠰᠢ ᠪᠥᠬᠦ ᠲᠠᠯ᠎ᠠ ᠪᠠᠷ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ᠎ᠡ ᠳᠤᠮᠳᠠᠳᠤ ᠤᠯᠤᠰ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠲᠠᠪᠤᠨ ᠲᠠᠯ᠎ᠠ ᠪᠠᠷ ᠬᠦᠴᠦᠯᠡᠵᠦ ᠪᠠᠶᠢᠭᠠᠳ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠣᠬᠢᠷᠲᠤᠯ ᠦᠭᠡᠢ ᠲᠡᠶᠢᠰᠢ ᠪᠥᠬᠦ ᠲᠠᠯ᠎ᠠ ᠪᠠᠷ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠵᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ ᠰᠢᠨ᠎ᠡ ᠬᠦᠳᠡᠯᠭᠡᠭᠴᠢ ᠡᠨᠧᠷᠭᠢ ᠶᠢ ᠪᠣᠶᠢᠵᠢᠭᠤᠯᠤᠨ ᠪᠤᠵᠠᠭᠠᠶᠢᠷᠠᠭᠤᠯᠤᠨ᠎ᠠ᠃ ᠨᠢᠭᠡ ᠳᠤ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠬᠤᠶᠠᠷ ᠲᠤ ᠠᠭᠤᠷ ᠠᠮᠢᠰᠬᠤᠯ ᠤᠨ ᠬᠤᠪᠢᠷᠠᠯᠲᠠ ᠶᠢᠨ ᠰᠢᠯᠭᠠᠯᠲᠠ ᠶᠢ ᠢᠳᠡᠪᠬᠢᠲᠡᠢ ᠠᠷᠭᠠᠴᠠᠨ᠎ᠠ᠃ ᠭᠤᠷᠪᠠ ᠳᠤ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢ ᠲᠦᠷᠭᠡᠳᠬᠡᠨ᠎ᠡ᠃ ᠳᠥᠷᠪᠡ ᠳᠤ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ ᠲᠣᠭᠲᠠᠴᠠ ᠶᠢ ᠪᠦᠷᠢᠨᠰᠢᠭᠦᠯᠦᠨ᠎ᠡ᠃ ᠲᠠᠪᠤ ᠳᠤ ᠣᠷᠴᠢᠨ ᠲᠣᠭᠤᠷᠢᠨ ᠠᠭᠤᠷ ᠠᠮᠢᠰᠬᠤᠯ ᠤᠨ ᠲᠠᠯ᠎ᠠ ᠪᠠᠷ ᠤᠯᠠᠨ ᠤᠯᠤᠰ ᠯᠤᠭ᠎ᠠ ᠶᠢᠨ ᠬᠠᠮᠲᠤᠷᠠᠯᠴᠠᠭ᠎ᠠ ᠶᠢ ᠴᠢᠩᠭᠠᠳᠬᠠᠨ᠎ᠠ᠃ ᠤᠯᠤᠰ ᠤᠨ ᠳ᠋ᠠᠶᠢᠲ᠋ᠠ ᠶᠢᠨ ᠲᠣᠪᠴᠢᠶ᠎ᠠ᠄ ᠴᠢᠨᠠᠷ ᠰᠠᠶᠢᠲᠠᠢ ᠳ᠋ᠠᠶᠢᠲ᠋ᠠ ᠪᠠᠷ ᠵᠣᠬᠢᠶᠠᠮᠠᠯ ᠣᠶᠤᠨ ᠤ ᠬᠥᠭᠵᠢᠯᠲᠡ ᠶᠢ ᠠᠬᠢᠭᠤᠯᠤᠨ᠎ᠠ ᠤᠯᠤᠰ ᠤᠨ ᠳ᠋ᠠᠶᠢᠲ᠋ᠠ ᠶᠢᠨ ᠲᠣᠪᠴᠢᠶ᠎ᠠ ᠴᠢᠨᠠᠷ ᠰᠠᠶᠢᠲᠠᠢ ᠳ᠋ᠠᠶᠢᠲ᠋ᠠ ᠶᠢᠨ ᠨᠢᠭᠡᠳᠬᠡᠯ ᠤᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠳ᠋ᠠᠶᠢᠲ᠋ᠠ ᠶᠢᠨ ᠬᠠᠩᠭᠠᠯᠭ᠎ᠠ ᠶᠢ ᠦᠷᠭᠦᠯᠵᠢᠯᠡᠨ ᠨᠡᠮᠡᠭᠳᠡᠭᠦᠯᠵᠦ᠂ ︽ᠵᠣᠬᠢᠶᠠᠮᠠᠯ ᠤᠶᠤᠨ +︾ ᠠᠵᠢᠯᠯᠠᠭᠠᠨ ᠢᠶᠠᠷ ᠤᠯᠠᠨ ᠵᠦᠢᠯ ᠤᠨ ᠠᠵᠢᠯ ᠦᠢᠯᠡᠰ ᠲᠤ ᠬᠦᠴᠦᠨ ᠣᠯᠭᠤᠬᠤ ᠶᠢ ᠠᠬᠢᠭᠤᠯᠤᠨ᠂ ᠪᠠᠭᠲᠠᠭᠠᠮᠵᠢᠲᠠᠢ ᠪᠦᠭᠡᠳ ᠨᠡᠭᠡᠭᠡᠯᠲᠡᠲᠡᠢ ᠰᠢᠨ᠎ᠡ ᠶᠢ ᠡᠭᠦᠳᠬᠦ ᠣᠷᠴᠢᠨ ᠨᠥᠬᠦᠴᠡᠯ ᠢ ᠪᠤᠢ ᠪᠣᠯᠭᠠᠨ᠎ᠠ᠃ ᠴᠢᠨᠠᠷ ᠰᠠᠶᠢᠲᠠᠢ ᠳ᠋ᠠᠶᠢᠲ᠋ᠠ ᠪᠠ ᠵᠣᠬᠢᠶᠠᠮᠠᠯ ᠤᠶᠤᠨ ᠤ ᠤᠶᠠᠯᠳᠤᠯ ᠨᠢ ᠳ᠋ᠠᠶᠢᠲ᠋ᠠ ᠪᠠ ᠵᠣᠬᠢᠶᠠᠮᠠᠯ ᠤᠶᠤᠨ ᠤ ᠳᠠᠬᠢᠨ ᠢᠶᠠᠷ ᠨᠡᠮᠡᠭᠳᠡᠭᠦᠯᠬᠦ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠬᠤ ᠪᠣᠯᠣᠨ᠎ᠠ᠃ ︽ᠵᠣᠬᠢᠶᠠᠮᠠᠯ ᠤᠶᠤᠨ +︾ ᠠᠵᠢᠯᠯᠠᠭᠠᠨ ᠬᠠᠮᠢᠭ᠎ᠠ ᠬᠦᠷᠪᠡᠯ ᠴᠢᠨᠠᠷ ᠰᠠᠶᠢᠲᠠᠢ ᠳ᠋ᠠᠶᠢᠲ᠋ᠠ ᠶᠢᠨ ᠨᠢᠭᠡᠳᠬᠡᠯ ᠤᠨ ᠪᠠᠶᠢᠭᠤᠯᠤᠯᠲᠠ ᠪᠠ ᠳᠡᠯᠭᠡᠷᠡᠭᠦᠯᠦᠯᠲᠡ ᠲᠡᠨᠳᠡ ᠬᠦᠷᠬᠦ ᠪᠣᠯᠣᠨ᠎ᠠ᠃ ᠤᠯᠤᠰ ᠤᠨ ᠳ᠋ᠠᠶᠢᠲ᠋ᠠ ᠶᠢᠨ ᠲᠣᠪᠴᠢᠶ᠎ᠠ ᠨᠢ ᠤᠯᠠᠨ ᠨᠡᠶᠢᠲᠡ ᠶᠢᠨ ᠳ᠋ᠠᠶᠢᠲ᠋ᠠ ᠶᠢᠨ ᠡᠬᠢ ᠪᠠᠶᠠᠯᠢᠭ ᠢ ᠳᠠᠩᠰᠠᠯᠠᠵᠤ ᠲᠡᠮᠳᠡᠭᠯᠡᠬᠦ ᠬᠠᠮᠢᠶᠠᠷᠤᠯᠲᠠ ᠪᠠᠨ ᠴᠢᠩᠭᠠᠳᠬᠠᠵᠤ᠂ ᠤᠯᠠᠨ ᠨᠡᠶᠢᠲᠡ ᠶᠢᠨ ᠳ᠋ᠠᠶᠢᠲ᠋ᠠ ᠶᠢᠨ ᠡᠬᠢ ᠪᠠᠶᠠᠯᠢᠭ ᠤᠨ ᠡᠷᠬᠡ ᠣᠯᠭᠤᠨ ᠠᠵᠢᠯᠯᠠᠭᠤᠯᠬᠤ ᠬᠡᠷᠡᠭᠵᠢᠭᠦᠯᠦᠯᠲᠡ ᠶᠢ ᠵᠢᠷᠤᠮᠵᠢᠭᠤᠯᠤᠨ᠂ ᠡᠷᠬᠡ ᠣᠯᠭᠤᠨ ᠠᠵᠢᠯᠯᠠᠭᠤᠯᠬᠤ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ ᠪᠠᠶᠢᠭᠤᠯᠵᠤ᠂ ᠴᠢᠨᠠᠷ ᠰᠠᠶᠢᠲᠠᠢ ᠳ᠋ᠠᠶᠢᠲ᠋ᠠ ᠶᠢᠨ ᠨᠢᠭᠡᠳᠬᠡᠯ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠶᠢ ᠨᠢ ᠢᠳᠡᠪᠬᠢᠲᠡᠢ ᠬᠥᠲᠥᠯᠥᠨ ᠵᠢᠯᠣᠭᠤᠳᠤᠨ᠎ᠠ᠃
|
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|