|
ᠪᠤᠭᠤᠲᠤ ᠶᠢᠨ ᠪᠣᠯᠣᠳ ᠲᠡᠮᠦᠷ ᠤᠨ ᠬᠤᠪᠢ ᠣᠷᠣᠭᠤᠯᠤᠭᠰᠠᠨ ᠺᠣᠮᠫᠠᠨᠢ ︽ᠮᠧᠩ ᠺᠧ ᠵᠢᠦᠢ︾ ᠲᠠᠪᠴᠠᠩ ᠢᠶᠠᠷ 3 ᠵᠦᠢᠯ ᠤᠨ ᠲᠤᠰᠬᠠᠢ ᠠᠰᠢᠭ ᠤᠨ | ᠮᠡᠷᠭᠡᠵᠢᠯ ᠤᠨ ᠦᠷ᠎ᠡ ᠪᠦᠲᠦᠭᠡᠯ ᠢ ᠠᠮᠵᠢᠯᠲᠠ ᠲᠠᠢ ᠪᠠᠷ ᠰᠢᠯᠵᠢᠭᠦᠯᠪᠡ |
|
|
ᠨᠡᠶᠢᠲᠡᠯᠡᠭᠰᠡᠨ ᠴᠠᠭ᠄
2025/3/26
|
|
ᠣᠶᠢᠷ᠎ᠠ ᠳᠤ᠂ ᠪᠤᠭᠤᠲᠤ ᠶᠢᠨ ᠪᠣᠯᠣᠳ ᠲᠡᠮᠦᠷ ᠤᠨ ᠬᠤᠪᠢ ᠣᠷᠣᠭᠤᠯᠤᠭᠰᠠᠨ ᠺᠣᠮᠫᠠᠨᠢ ︽ᠮᠧᠩ ᠺᠧ ᠵᠢᠦᠢ︾ ᠰᠢᠨ᠎ᠡ ᠡᠭᠦᠳᠦᠯᠲᠡ ᠶᠢᠨ ᠬᠥᠳᠡᠯᠭᠡᠭᠦᠷ ᠲᠠᠪᠴᠠᠩ ᠢᠶᠠᠷ ᠭᠠᠳᠠᠨ᠎ᠠ ᠲᠠᠯ᠎ᠠ ᠶᠢᠨ ᠣᠶᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠬᠢ ᠪᠠᠶᠠᠯᠢᠭ ᠢ ᠲᠠᠲᠠᠵᠤ᠂ ᠱᠠᠩᠬᠠᠢ ᠶᠢᠨ ᠹᠧᠩ ᠱᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ︽ᠰᠣᠩᠭᠤᠬᠤ ᠳᠤ ᠪᠤᠳᠤᠯᠢᠶᠠᠨᠲᠠᠢ ᠲᠡᠮᠦᠷ ᠤᠨ ᠬᠦᠳᠡᠷ ᠤᠨ ᠪᠡᠯᠡᠳᠬᠡᠯ ᠴᠤᠭᠯᠠᠷᠠᠯ — ᠭᠤᠷᠪᠠᠳᠤᠭᠠᠷ ᠬᠡᠰᠡᠭ ᠤᠨ ᠬᠥᠪᠥᠮᠡᠯ ᠰᠢᠲᠠᠭᠠᠯᠲᠠ — ᠰᠣᠷᠢᠨᠵᠢᠨ ᠰᠣᠩᠭᠤᠯᠲᠠ ᠶᠢᠨ ᠰᠢᠢᠳᠪᠦᠷᠢᠯᠡᠬᠦ ᠠᠷᠭ᠎ᠠ︾ ᠵᠡᠷᠭᠡ 3 ᠵᠦᠢᠯ ᠤᠨ ᠲᠤᠰᠬᠠᠢ ᠠᠰᠢᠭ ᠤᠨ ᠮᠡᠷᠭᠡᠵᠢᠯ ᠤᠨ ᠦᠷ᠎ᠡ ᠪᠦᠲᠦᠭᠡᠯ ᠢᠶᠠᠨ ᠠᠮᠵᠢᠯᠲᠠ ᠲᠠᠢ ᠰᠢᠯᠵᠢᠭᠦᠯᠵᠦ᠂ ᠠᠷᠠᠯᠵᠢᠶᠠᠯᠠᠭᠰᠠᠨ ᠵᠣᠭᠤᠰ ᠤᠨ ᠲᠤᠭ᠎ᠠ ᠨᠢ 1450 ᠲᠦᠮᠡᠨ ᠲᠥᠭᠦᠷᠢᠭ ᠲᠤ ᠬᠦᠷᠴᠡᠢ᠃ ᠡᠨᠡ ᠪᠣᠯ ︽ᠮᠧᠩ ᠺᠧ ᠵᠢᠦᠢ︾ ᠲᠠᠪᠴᠠᠩ ᠤᠨ ᠪᠥᠬᠦ ᠴᠤᠪᠤᠷᠠᠯ ᠢ ᠰᠦᠯᠵᠢᠶᠡᠨ ᠳᠡᠭᠡᠷ᠎ᠡ ᠠᠷᠠᠯᠵᠢᠶᠠᠯᠠᠭᠰᠠᠨ ᠭᠠᠭᠴᠠ ᠤᠳᠠᠭᠠᠨ ᠤ ᠠᠷᠠᠯᠵᠢᠶᠠᠨ ᠤ ᠵᠣᠭᠤᠰᠤᠨ ᠲᠤᠭ᠎ᠠ ᠪᠠᠷ ᠬᠠᠮᠤᠭ ᠤᠨ ᠶᠡᠭᠡ ᠮᠡᠷᠭᠡᠵᠢᠯ ᠤᠨ ᠦᠷ᠎ᠡ ᠪᠦᠲᠦᠭᠡᠯ ᠠᠷᠠᠯᠵᠢᠶᠠᠯᠠᠭᠰᠠᠨ ᠠᠩᠬᠠᠳᠠᠭᠴᠢ ᠲᠥᠷᠥᠯ ᠵᠦᠢᠯ ᠪᠣᠯᠣᠨ᠎ᠠ᠃ ᠲᠣᠰ ᠤᠳᠠᠭᠠᠨ ᠤ ᠠᠷᠠᠯᠵᠢᠶᠠᠯᠠᠭᠰᠠᠨ ᠮᠡᠷᠭᠡᠵᠢᠯ ᠤᠨ ᠦᠷ᠎ᠡ ᠪᠦᠲᠦᠭᠡᠯ ᠨᠢ ᠮᠠᠨ ᠤ ᠤᠯᠤᠰ ᠤᠨ ᠠᠭᠤᠷᠬᠠᠢ ᠶᠢᠨ ᠦᠢᠯᠡᠰ ᠤᠨ ᠠᠵᠢᠯ ᠲᠥᠷᠥᠯ ᠤᠨ ᠡᠪᠡᠷᠰᠢᠶᠡᠯ — ᠰᠣᠩᠭᠤᠬᠤ ᠳᠤ ᠪᠤᠳᠤᠯᠢᠶᠠᠨᠲᠠᠢ ᠲᠡᠮᠦᠷ ᠤᠨ ᠠᠭᠤᠷᠬᠠᠢ ᠶᠢᠨ ᠠᠰᠢᠭᠯᠠᠬᠤ ᠨᠣᠷᠮ᠎ᠠ ᠳᠣᠣᠷ᠎ᠠ ᠪᠠᠶᠢᠬᠤ ᠠᠰᠠᠭᠤᠳᠠᠯ ᠢ ᠰᠢᠭᠤᠳ ᠣᠨᠣᠭᠠᠪᠠ᠃ ᠱᠠᠩᠬᠠᠢ ᠶᠢᠨ ᠹᠧᠩ ᠱᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠤᠰᠤᠲᠥ᠋ᠷᠥᠭᠴᠢ ᠢᠵᠠᠭᠤᠷᠲᠤ ᠬᠦᠳᠡᠷ ᠤᠨ ᠳᠦᠷᠰᠦᠲᠦ ᠶᠢ ᠤᠯᠠᠷᠢᠭᠤᠯᠬᠤ ᠮᠡᠷᠭᠡᠵᠢᠯ ᠢ ᠡᠭᠦᠳᠦᠭᠰᠡᠨ ᠪᠥᠭᠡᠳ ᠤᠰᠤᠲᠥ᠋ᠷᠥᠭᠴᠢ ᠢᠵᠠᠭᠤᠷᠲᠤ ᠬᠦᠳᠡᠷ ᠤᠨ ᠳᠦᠷᠰᠦᠲᠦ ᠶᠢ ᠤᠯᠠᠷᠢᠭᠤᠯᠬᠤ ᠥᠨᠳᠥᠷ ᠪᠦᠲᠦᠮᠵᠢᠲᠡᠢ ᠴᠡᠪᠡᠷ ᠠᠰᠢᠭᠯᠠᠯᠲᠠ ᠲᠠᠢ ᠢᠵᠢ ᠲᠥᠬᠦᠷᠵᠢᠭᠰᠡᠨ ᠲᠣᠨᠣᠭᠯᠠᠯ ᠢ ᠠᠮᠵᠢᠯᠲᠠᠲᠠᠢ ᠰᠤᠳᠤᠯᠤᠨ ᠨᠡᠭᠡᠭᠡᠵᠦ᠂ ᠲᠡᠮᠦᠷ ᠢ ᠪᠤᠴᠠᠭᠠᠵᠤ ᠬᠤᠷᠢᠶᠠᠨ ᠠᠪᠬᠤ ᠨᠤᠷᠮ᠎ᠠ ᠶᠢ 85% ᠠᠴᠠ ᠳᠡᠭᠡᠭᠰᠢ ᠪᠣᠯᠭᠠᠵᠤ᠂ ᠪᠤᠳᠤᠯᠢᠶᠠᠨᠲᠠᠢ ᠬᠦᠳᠡᠷ ᠤᠨ ᠡᠬᠢ ᠪᠠᠶᠠᠯᠢᠭ ᠢ ᠴᠡᠪᠡᠷᠬᠡᠨ ᠠᠰᠢᠭᠯᠠᠬᠤ ᠪᠠᠨ ᠪᠡᠶᠡᠯᠡᠭᠦᠯᠵᠡᠢ᠃ ᠲᠣᠰ ᠲᠥᠷᠥᠯ ᠵᠦᠢᠯ ᠢ ᠬᠡᠷᠡᠭᠵᠢᠭᠦᠯᠦᠭᠰᠡᠨ ᠢᠶᠠᠷ ᠪᠠᠶᠠᠨ᠋ᠣ᠋ᠪᠣᠭ᠎ᠠ ᠳᠤ 60 ᠭᠠᠷᠤᠢ ᠵᠢᠯ ᠣᠪᠣᠭᠠᠯᠠᠨ ᠬᠠᠳᠠᠭᠠᠯᠠᠭᠰᠠᠨ ᠳᠤᠮᠳᠠ ᠵᠡᠷᠭᠡ ᠶᠢᠨ ᠠᠨᠠᠢ ᠢᠰᠦᠯᠳᠦᠭᠰᠡᠨ ᠠᠭᠤᠷᠬᠠᠢ ᠶᠢ ᠰᠡᠷᠭᠦᠭᠡᠵᠦ᠂ ᠲᠡᠭᠦᠨ ᠤ ᠳᠤᠮᠳᠠ ᠲᠡᠮᠦᠷ᠂ ᠬᠤᠪᠣᠷ ᠰᠢᠷᠣᠢ᠂ ᠬᠠᠶᠢᠯᠤᠭᠤᠷ ᠵᠤᠩᠰᠢ ᠵᠡᠷᠭᠡ ᠦᠨᠡᠲᠦ ᠡᠯᠧᠮᠧᠨ᠋ᠲ ᠢ ᠨᠢ ᠪᠦᠲᠦᠮᠵᠢᠲᠡᠢ ᠪᠤᠴᠠᠭᠠᠵᠤ ᠬᠤᠷᠢᠶᠠᠨ ᠠᠪᠬᠤ ᠪᠠ ᠶᠡᠷᠦᠩᠬᠡᠶᠢᠯᠡᠨ ᠠᠰᠢᠭᠯᠠᠬᠤ ᠶᠢ ᠪᠡᠶᠡᠯᠡᠭᠦᠯᠬᠦ ᠪᠣᠯᠣᠨ᠎ᠠ᠃ ︵ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ︶ |
|
ᠢᠷᠡᠯᠲᠡ᠄
ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ
|