ᠲᠥᠪ ᠤᠨ ᠠᠶᠤᠯᠭᠦᠢ ᠦᠢᠯᠡᠳᠪᠦᠷᠢᠯᠡᠯ ᠤᠨ ᠬᠢᠨᠠᠨ ᠰᠢᠯᠭᠠᠵᠤ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠠᠷᠪᠠᠳᠤᠭᠠᠷ ᠳᠤᠭᠤᠶᠢᠯᠠᠩ ᠣᠯᠠᠨ ᠲᠦᠮᠡᠨ ᠤ ᠲᠤᠰᠬᠠᠬᠤ ᠪᠠ ᠠᠵᠢᠯᠲᠠᠨ ᠠᠵᠢᠯᠴᠢᠨ ᠤ ᠮᠡᠳᠡᠭᠦᠯᠬᠦ ᠭᠡᠮ ᠰᠣᠭᠤᠭ ᠤᠨ ᠰᠦᠪᠡᠭᠴᠢ ᠶᠢ ᠬᠦᠯᠢᠶᠡᠨ ᠠᠪᠴᠤ ᠰᠢᠢᠳᠪᠦᠷᠢᠯᠡᠬᠦ ᠠᠯᠪᠠᠨ ᠵᠠᠷᠯᠠᠯ
ᠨᠡᠶᠢᠲᠡᠯᠡᠭᠰᠡᠨ ᠴᠠᠭ᠄
2025/3/27

    ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠨᠢᠭᠡᠳᠦᠯᠲᠡᠢ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠶᠣᠰᠣᠭᠠᠷ᠂ 2025 ᠣᠨ ᠤ 3 ᠰᠠᠷ᠎ᠠ ᠶᠢᠨ 27 ᠠᠴᠠ 4 ᠰᠠᠷ᠎ᠠ ᠶᠢᠨ 2 ᠪᠣᠯᠲᠠᠯ᠎ᠠ᠂ ᠲᠥᠪ ᠤᠨ ᠠᠶᠤᠯᠭᠦᠢ ᠦᠢᠯᠡᠳᠪᠦᠷᠢᠯᠡᠯ ᠤᠨ ᠬᠢᠨᠠᠨ ᠰᠢᠯᠭᠠᠵᠤ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠠᠷᠪᠠᠳᠤᠭᠠᠷ ᠳᠤᠭᠤᠶᠢᠯᠠᠩ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠦᠷᠦᠭᠦᠦ ᠤᠯᠠᠷᠢᠯ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠠᠵᠢᠯ ᠥᠷᠨᠢᠭᠦᠯᠦᠨ᠎ᠡ᠃

    ᠣᠷᠣᠵᠤ ᠰᠠᠭᠤᠬᠤ ᠬᠤᠭᠤᠴᠠᠭᠠᠨ ᠳᠤ᠂ ᠬᠢᠨᠠᠨ ᠰᠢᠯᠭᠠᠵᠤ ᠲᠣᠭᠤᠷᠢᠨ ᠪᠠᠶᠢᠴᠠᠭᠠᠬᠤ ᠳᠤᠭᠤᠶᠢᠯᠠᠩ ᠤᠲᠠᠰᠤ᠂ ᠡᠯᠧᠺᠲᠷᠣᠨ ᠰᠢᠤᠳᠠᠨ ᠬᠠᠶᠢᠷᠴᠠᠭ ᠵᠡᠷᠭᠡ ᠠᠷᠭ᠎ᠠ ᠬᠡᠯᠪᠡᠷᠢ ᠪᠠᠷ ᠣᠯᠠᠨ ᠲᠦᠮᠡᠨ ᠤ ᠲᠤᠰᠬᠠᠬᠤ ᠪᠠ ᠠᠵᠢᠯᠲᠠᠨ ᠠᠵᠢᠯᠴᠢᠨ ᠤ ᠮᠡᠳᠡᠭᠦᠯᠬᠦ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠷᠢᠶ᠎ᠠ ᠣᠷᠣᠨ ᠤ ᠳᠣᠲᠣᠷᠠᠬᠢ ᠠᠶᠤᠯᠭᠦᠢ ᠦᠢᠯᠡᠳᠪᠦᠷᠢᠯᠡᠯ ᠤᠨ ᠭᠡᠮ ᠰᠣᠭᠤᠭ ᠤᠨ ᠰᠦᠪᠡᠭᠴᠢ ᠶᠢ ᠬᠦᠯᠢᠶᠡᠨ ᠠᠪᠴᠤ ᠰᠢᠢᠳᠪᠦᠷᠢᠯᠡᠨ᠎ᠡ᠂ ᠡᠭᠦᠨ ᠤ ᠬᠠᠮᠲᠤ ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠩᠭᠠᠳᠬᠠᠬᠤ ᠪᠠ ᠰᠠᠶᠢᠵᠢᠷᠠᠭᠤᠯᠬᠤ ᠰᠠᠨᠠᠭᠤᠯᠭ᠎ᠠ ᠶᠢ ᠬᠦᠯᠢᠶᠡᠨ ᠠᠪᠤᠨ᠎ᠠ᠃ ᠬᠦᠯᠢᠶᠡᠨ ᠠᠪᠬᠤ ᠴᠠᠭ ᠨᠢ 2025 ᠣᠨ ᠤ 4 ᠰᠠᠷ᠎ᠠ ᠶᠢᠨ 2 ᠪᠣᠯᠲᠠᠯ᠎ᠠ᠃

    ᠤᠲᠠᠰᠤ᠄ 13717820547 ︵ᠠᠵᠢᠯᠯᠠᠬᠤ ᠴᠠᠭ ᠨᠢ 8᠄ 00 ᠠᠴᠠ 12᠄ 00᠂ 14᠄ 00 ᠠᠴᠠ 18᠄00︶

    ᠡᠯᠧᠺᠲᠷᠣᠨ ᠰᠢᠤᠳᠠᠨ ᠬᠠᠶᠢᠷᠴᠠᠭ᠄ NMG2025MCAF@mem.gov.cn

ᠲᠥᠪ ᠤᠨ ᠠᠶᠤᠯᠭᠦᠢ ᠦᠢᠯᠡᠳᠪᠦᠷᠢᠯᠡᠯ ᠤᠨ ᠬᠢᠨᠠᠨ ᠰᠢᠯᠭᠠᠵᠤ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠠᠷᠪᠠᠳᠤᠭᠠᠷ ᠳᠤᠭᠤᠶᠢᠯᠠᠩ

2025 ᠣᠨ ᠤ 3 ᠰᠠᠷ᠎ᠠ ᠶᠢᠨ 27 ᠤ ᠡᠳᠦᠷ   

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ