ᠦᠬᠠᠢ ᠬᠤᠲᠠ ᠠᠵᠤ ᠦᠢᠯᠡᠳᠪᠦᠷᠢ ᠶᠢᠨ ᠪᠥᠬᠦ ᠬᠡᠯᠬᠢᠶᠡᠨ ᠳᠠᠬᠢ ᠤᠰᠤ ᠠᠷᠪᠢᠯᠠᠬᠤ ᠶᠢ ᠠᠬᠢᠭᠤᠯᠵᠤ  ᠤᠰᠤᠨ ᠤ ᠡᠬᠢ ᠰᠤᠷᠪᠤᠯᠵᠢ ᠶᠢ ᠠᠰᠢᠭᠯᠠᠬᠤ ᠬᠠᠮᠤᠭ ᠤᠨ ᠰᠠᠶᠢᠨ ᠠᠷᠭ᠎ᠠ ᠠᠪᠳᠠᠯ ᠢ ᠰᠦᠪᠡᠭᠴᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2025/3/27

 

      ᠦᠬᠠᠢ ᠬᠤᠳᠠ ᠠᠵᠤ ᠦᠢᠯᠡᠳᠪᠦᠷᠢ ᠶᠢᠨ ᠪᠥᠬᠦ ᠬᠡᠯᠬᠢᠶᠡᠨ ᠳᠠᠬᠢ ᠤᠰᠤ ᠠᠷᠪᠢᠯᠠᠬᠤ ᠶᠢ ᠠᠬᠢᠭᠤᠯᠵᠤ᠂ ᠤᠰᠤᠨ ᠤ ᠡᠬᠢ ᠰᠤᠷᠪᠤᠯᠵᠢ ᠶᠢ ᠠᠰᠢᠭᠯᠠᠬᠤ ᠬᠠᠮᠤᠭ ᠤᠨ ᠰᠠᠶᠢᠨ ᠠᠷᠭ᠎ᠠ ᠠᠪᠳᠠᠯ ᠢ ᠰᠦᠪᠡᠭᠴᠢᠯᠡᠵᠦ ᠪᠠᠶᠢᠨ᠎ᠠ᠃ ᠨᠢᠭᠡ ᠳᠤ ᠲᠥᠷᠥᠯ ᠵᠦᠢᠯ ᠢ ᠵᠥᠪᠰᠢᠶᠡᠷᠡᠨ ᠣᠷᠣᠭᠤᠯᠬᠤ ᠪᠠᠷ ︽ᠡᠬᠢ ᠢᠷᠡᠯᠲᠡ ᠠᠴᠠ ᠨᠢ ᠤᠰᠤ ᠠᠷᠪᠢᠯᠠᠬᠤ︾ ᠶᠢ ᠠᠬᠢᠭᠤᠯᠤᠨ᠎ᠠ᠃ ᠤᠰᠤ ᠬᠡᠷᠡᠭᠯᠡᠬᠦ ᠲᠥᠰᠥᠪ ᠤᠨ ᠬᠠᠮᠢᠶᠠᠷᠤᠯᠲᠠ ᠶᠢ ᠴᠢᠩᠭᠠᠷᠠᠭᠤᠯᠤᠨ᠂ ᠲᠥᠷᠥᠯ ᠵᠦᠢᠯ ᠢ ᠵᠥᠪᠰᠢᠶᠡᠷᠡᠨ ᠣᠷᠣᠭᠤᠯᠬᠤ ᠪᠠᠨ ᠴᠢᠩᠳᠠᠯᠠᠵᠤ᠂ ᠤᠰᠤᠨ ᠤ ᠡᠬᠢ ᠰᠤᠷᠪᠤᠯᠵᠢ ᠶᠢᠨ ᠨᠤᠲᠠᠯᠠᠯᠲᠠ ᠶᠢ ︽ᠬᠢᠨᠠᠨ ᠪᠠᠶᠢᠴᠠᠭᠠᠬᠤ︾ ᠭᠤᠭᠴᠣᠭᠠᠨ ᠳᠤ ᠪᠠᠨ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ ᠪᠠ ᠥᠷᠭᠡᠳᠬᠡᠨ ᠪᠠᠶᠢᠭᠤᠯᠬᠤ ᠠᠵᠤ ᠦᠢᠯᠡᠳᠪᠦᠷᠢ ᠶᠢᠨ ᠲᠥᠷᠥᠯ ᠵᠦᠢᠯ ᠳᠤ ᠳᠠᠭᠠᠭᠤᠯᠤᠨ ᠠᠵᠢᠯᠯᠠᠬᠤ ᠳᠣᠭᠲᠠᠮᠠᠯ ᠨᠣᠷᠮ᠎ᠠ ᠶᠢᠨ ᠪᠠᠷᠢᠮᠵᠢᠶ᠎ᠠ ᠶᠢ ᠬᠡᠷᠡᠭᠵᠢᠭᠦᠯᠦᠨ᠎ᠡ︔ ᠤᠰᠤ ᠬᠡᠷᠡᠭᠯᠡᠬᠦ ᠶᠢ ︽ᠬᠢᠨᠠᠨ ᠵᠥᠪᠰᠢᠶᠡᠷᠡᠬᠦ︾ ᠭᠤᠭᠴᠣᠭᠠᠨ ᠳᠤ ᠪᠠᠨ ᠤᠰᠤᠨ ᠤ ᠬᠡᠮᠵᠢᠶ᠎ᠡ ᠶᠢ ᠨᠢ ᠬᠠᠷᠭᠤᠭᠤᠯᠤᠨ ᠲᠣᠭᠲᠠᠭᠠᠬᠤ ᠠᠵᠢᠯ ᠢ ᠥᠷᠨᠢᠭᠦᠯᠵᠦ᠂ ᠳᠣᠭᠲᠠᠮᠠᠯ ᠨᠣᠷᠮ᠎ᠠ ᠪᠠᠷ ᠨᠤᠲᠠᠯᠠᠯᠲᠠ ᠬᠢᠭᠰᠡᠨ ᠰᠠᠭᠤᠷᠢᠨ ᠳᠡᠭᠡᠷ᠎ᠡ 10% ᠪᠠᠷ ᠤᠰᠤ ᠠᠷᠪᠢᠯᠠᠨ᠎ᠠ᠃ ᠣᠶᠢᠷ᠎ᠠ ᠶᠢᠨ ᠭᠤᠷᠪᠠᠨ ᠵᠢᠯ ᠳᠤ᠂ ᠪᠥᠬᠦ ᠬᠤᠲᠠ ᠶᠢᠨ ᠰᠢᠨ᠎ᠡ ᠪᠠᠷ ᠡᠬᠢᠯᠡᠭᠦᠯᠦᠭᠰᠡᠨ ᠲᠥᠷᠥᠯ ᠵᠦᠢᠯ ᠪᠦᠬᠦᠨ ᠢᠶᠠᠷ ᠢᠶᠠᠨ ᠳᠠᠭᠠᠭᠤᠯᠤᠨ ᠠᠵᠢᠯᠯᠠᠬᠤ ᠳᠣᠭᠲᠠᠮᠠᠯ ᠨᠣᠷᠮ᠎ᠠ ᠶᠢᠨ ᠪᠠᠷᠢᠮᠵᠢᠶ᠎ᠠ ᠳᠤ ᠬᠥᠷᠪᠡ᠃ ᠬᠤᠶᠠᠷ ᠲᠤ ᠤᠰᠤ ᠠᠷᠪᠢᠯᠠᠬᠤ ᠮᠡᠷᠭᠡᠵᠢᠯ ᠤᠨ ᠰᠢᠨᠡᠴᠢᠯᠡᠯᠲᠡ ᠪᠠᠷ ︽ᠶᠠᠪᠤᠴᠠ ᠳᠤ ᠨᠢ ᠤᠰᠤ ᠠᠷᠪᠢᠯᠠᠬᠤ︾ ᠶᠢ ᠠᠬᠢᠭᠤᠯᠤᠨ᠎ᠠ᠃ ᠤᠰᠤ ᠬᠡᠷᠡᠭᠯᠡᠬᠦ ᠳᠣᠭᠲᠠᠮᠠᠯ ᠨᠣᠷᠮ᠎ᠠ ᠶᠢᠨ ᠬᠠᠮᠢᠶᠠᠷᠤᠯᠲᠠ ᠶᠢ ᠴᠢᠩᠳᠠᠯᠠᠵᠤ᠂ ᠠᠵᠤ ᠠᠬᠤᠶᠢᠯᠠᠯ ᠤᠳ ᠤᠨ ᠠᠵᠤ ᠠᠬᠤᠶᠢᠯᠠᠯ ᠳᠤ ᠤᠰᠤ ᠬᠠᠩᠭᠠᠬᠤ ᠪᠠ ᠤᠰᠤ ᠭᠠᠳᠠᠭᠰᠢᠯᠠᠭᠤᠯᠬᠤ᠂ ᠤᠰᠤ ᠰᠢᠢᠳᠪᠦᠷᠢᠯᠡᠬᠦ ᠵᠢᠴᠢ ᠡᠷᠭᠢᠯᠳᠦᠭᠦᠯᠦᠨ ᠠᠰᠢᠭᠯᠠᠬᠤ ᠪᠡᠯᠡᠳᠬᠡᠮᠵᠢ ᠪᠠᠶᠢᠭᠤᠯᠬᠤ ᠶᠢ ᠠᠬᠢᠭᠤᠯᠤᠨ᠎ᠠ᠂ ᠠᠵᠤ ᠠᠬᠤᠶᠢᠯᠠᠯ ᠤᠳ ᠤᠨ ᠬᠤᠭᠤᠷᠣᠨᠳᠣᠬᠢ ᠤᠰᠤᠨ ᠤ ᠬᠡᠷᠡᠭᠯᠡᠯᠲᠡ ᠶᠢᠨ ᠰᠢᠰᠲ᠋ᠧᠮ ᠢᠶᠠᠨ ᠨᠢᠭᠡᠳᠬᠡᠨ ᠰᠢᠯᠢᠳᠡᠭᠵᠢᠭᠦᠯᠬᠦ ᠶᠢ ᠠᠬᠢᠭᠤᠯᠤᠨ᠂ ᠨᠢᠭᠡ ᠬᠤᠭᠤᠴᠠᠭᠠᠨ ᠳᠠᠬᠢ ᠤᠰᠤᠨ ᠤ ᠬᠤᠷᠣᠭᠳᠠᠯ ᠤᠨ ᠬᠡᠮᠵᠢᠶ᠎ᠡ ᠶᠢ ᠪᠠᠭᠤᠷᠠᠭᠤᠯᠵᠤ᠂ ᠤᠰᠤᠨ ᠤ ᠡᠬᠢ ᠰᠤᠷᠪᠤᠯᠵᠢ ᠶᠢ ᠳᠠᠬᠢᠨ ᠳᠠᠪᠲᠠᠨ ᠠᠰᠢᠭᠯᠠᠬᠤ ᠨᠣᠷᠮ᠎ᠠ ᠪᠠ ᠬᠠᠶᠠᠭᠳᠠᠮᠠᠯ ᠤᠰᠤ ᠶᠢ ᠶᠡᠷᠦᠩᠬᠡᠶᠢᠯᠡᠨ ᠠᠰᠢᠭᠯᠠᠬᠤ ᠨᠣᠷᠮ᠎ᠠ ᠪᠠᠨ ᠳᠡᠭᠡᠭᠰᠢᠯᠡᠭᠦᠯᠦᠨ᠎ᠡ᠃ ᠣᠲᠣ ᠪᠣᠯᠲᠠᠯ᠎ᠠ᠂ ᠭᠤᠣᠯᠳᠠᠯᠭ᠎ᠠ ᠪᠣᠯᠬᠤ 19 ᠠᠵᠤ ᠠᠬᠤᠶᠢᠯᠠᠯ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠨ ᠰᠢᠨᠡᠳᠬᠡᠬᠦ ᠶᠢ ᠪᠡᠶᠡᠯᠡᠭᠦᠯᠦᠭᠰᠡᠨ ᠢᠶᠠᠷ᠂ ᠵᠢᠯ ᠤᠨ ᠤᠰᠤ ᠠᠷᠪᠢᠯᠠᠭᠰᠠᠨ ᠬᠡᠮᠵᠢᠶ᠎ᠡ 637 ᠲᠦᠮᠡᠨ ᠺᠦᠪ ᠮᠧᠲᠷ ᠲᠤ ᠬᠦᠷᠴᠦ᠂ ᠠᠵᠤ ᠠᠬᠤᠶᠢᠯᠠᠯ ᠤᠨ ᠳᠠᠬᠢᠯᠲᠠ ᠤᠰᠤ ᠠᠰᠢᠭᠯᠠᠭᠰᠠᠨ ᠨᠣᠷᠮ᠎ᠠ 80% ᠠᠴᠠ ᠢᠯᠡᠭᠦᠦ ᠪᠣᠯᠪᠠ᠃ ᠭᠤᠷᠪᠠ ᠳᠤ ᠪᠣᠬᠢᠷᠲᠤᠯ ᠦᠭᠡᠢ ᠳᠤ ᠣᠶᠢᠷᠠᠲᠤᠭᠤᠯᠤᠨ ᠭᠠᠳᠠᠭᠰᠢᠯᠠᠭᠤᠯᠬᠤ ᠪᠠᠷ ︽ᠲᠡᠭᠦᠰᠬᠡᠯ ᠦᠵᠦᠭᠦᠷ ᠲᠤ ᠨᠢ ᠤᠰᠤ ᠠᠷᠪᠢᠯᠠᠬᠤ︾ ᠶᠢ ᠠᠬᠢᠭᠤᠯᠤᠨ᠎ᠠ᠃ ᠠᠵᠤ ᠠᠬᠤᠶᠢᠯᠠᠯ ᠤᠳ ᠢ ᠵᠣᠬᠢᠶᠠᠨ ᠪᠠᠶᠢᠭᠤᠯᠵᠤ ᠪᠠᠶᠢᠭᠠᠳ ︽ᠪᠣᠬᠢᠷᠲᠤᠯ ᠦᠭᠡᠢ ᠳᠤ ᠣᠶᠢᠷᠠᠲᠤᠭᠤᠯᠤᠨ ᠭᠠᠳᠠᠭᠰᠢᠯᠠᠭᠤᠯᠬᠤ︾ ᠪᠦᠲᠦᠭᠡᠨ ᠪᠠᠶᠢᠭᠤᠯᠤᠯᠲᠠ ᠶᠢ ᠥᠷᠨᠢᠭᠦᠯᠦᠭᠰᠡᠨ ᠢᠶᠠᠷ᠂ ᠰᠢᠨ᠎ᠡ ᠡᠬᠢᠯᠡᠭᠦᠯᠦᠭᠰᠡᠨ ᠲᠥᠷᠥᠯ ᠵᠦᠢᠯ ᠤᠳ ᠨᠢ ᠥᠳᠬᠡᠨ ᠳᠠᠪᠤᠰᠤᠲᠤ ᠤᠰᠤ ᠪᠠᠷ ᠰᠢᠢᠳᠪᠦᠷᠢᠯᠡᠬᠦ ᠪᠡᠯᠡᠳᠬᠡᠮᠵᠢ ᠶᠢ ᠪᠦᠲᠦᠭᠡᠨ ᠪᠠᠶᠢᠭᠤᠯᠬᠤ ᠪᠠᠷ ᠳᠠᠮᠵᠢᠭᠠᠳ ᠪᠣᠬᠢᠷᠲᠤᠯ ᠦᠭᠡᠶᠢᠳᠡᠭᠦᠯᠦᠨ ᠭᠠᠳᠠᠭᠰᠢᠯᠠᠭᠤᠯᠬᠤ ᠬᠡᠮᠵᠢᠶᠡᠨ ᠳᠤ ᠬᠦᠷᠦᠭᠦᠯᠵᠦ ᠂ ᠳᠠᠬᠢᠯᠲᠠ ᠤᠰᠤᠨ ᠤ ᠠᠰᠢᠭᠯᠠᠯᠲᠠ  ᠨᠢ ︽ᠪᠥᠬᠦ ᠬᠡᠯᠬᠢᠶᠡᠨ ᠳᠤ ᠤᠰᠤ ᠠᠷᠪᠢᠯᠠᠬᠤ ︾ ᠪᠣᠯᠵᠤ ᠂ 2 ᠠᠵᠤ ᠠᠬᠤᠶᠢᠯᠠᠯ ᠨᠢ ᠤᠰᠤᠨ ᠠᠰᠢᠭᠯᠠᠯᠲᠠ ᠶᠢᠨ ᠶᠠᠮᠤᠨ ᠤ ᠲᠦᠷᠦᠭᠦᠸ ᠪᠦᠯᠦᠭ ᠤᠨ ᠭᠡᠷ᠎ᠡ ᠪᠠᠷ ᠤᠰᠤ ᠠᠷᠪᠢᠯᠠᠬᠤ ᠬᠠᠮᠢᠶᠠᠷᠤᠯᠲᠠ ᠶᠢᠨ ᠠᠵᠤ ᠦᠢᠯᠡᠳᠪᠦᠷᠢ ᠶᠢᠨ ᠬᠦᠷᠢᠶᠡᠨ ᠳᠠᠬᠢ ᠨᠡᠶᠢᠲᠡᠯᠢᠭ ᠬᠡᠷᠡᠭ ᠤᠨ ᠵᠢᠱᠢᠶ᠎ᠡ ᠪᠠ ᠬᠠᠲᠤᠨ ᠭᠤᠣᠯ ᠤᠨ ᠰᠠᠪᠠ ᠭᠠᠵᠠᠷ ᠤᠨ ᠴᠢᠨᠠᠷ ᠰᠠᠶᠢᠲᠠᠢ ᠬᠥᠭᠵᠢᠯᠲᠡ ᠳᠠᠬᠢ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠤᠨ ᠨᠡᠶᠢᠲᠡᠯᠢᠭ ᠬᠡᠷᠡᠭ ᠤᠨ ᠵᠢᠱᠢᠶ᠎ᠡ ᠪᠠᠷ ᠰᠣᠩᠭᠤᠭᠳᠠᠪᠠ᠃ ︵ᠦᠬᠠᠢ ᠬᠤᠲᠠ ᠶᠢᠨ ᠵᠠᠰᠠᠭ ᠤᠨ ᠣᠷᠳᠣᠨ︶

      

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ