ᠥᠪᠥᠷ ᠮᠣᠩᠭᠤᠯ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠥᠵᠢᠯ ᠢ ᠪᠥᠬᠦ ᠲᠠᠯ᠎ᠠ ᠪᠠᠷ ᠡᠬᠢᠯᠡᠭᠦᠯᠪᠡ
ᠨᠡᠶᠢᠲᠡᠯᠡᠭᠰᠡᠨ ᠴᠠᠭ᠄
2025/3/28

    ᠨᠠᠮ ᠤᠨ ᠲᠥᠪ ᠬᠤᠷᠢᠶ᠎ᠠ ᠶᠢᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠥᠪᠥᠷ ᠮᠣᠩᠭᠤᠯ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠣᠯᠣᠨ ᠴᠢᠩᠭ᠎ᠠ ᠪᠠᠶᠢᠬᠤ ᠪᠠᠷᠢᠮᠵᠢᠶ᠎ᠠ ᠪᠠᠷ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠶᠢ ᠪᠠᠷᠢᠮᠲᠠᠯᠠᠵᠤ᠂ ᠪᠥᠬᠦ ᠣᠷᠣᠨ ᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠥᠵᠢᠯ ᠤᠨ ᠰᠠᠶᠢᠨ ᠡᠬᠢᠯᠡᠯᠲᠡ ᠶᠢ ᠠᠬᠢᠭᠤᠯᠪᠠ᠃

    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠠᠷᠤᠢ ᠲᠦᠷᠭᠡᠨ ᠬᠥᠳᠡᠯᠦᠯᠴᠡᠨ ᠲᠣᠬᠢᠷᠠᠭᠤᠯᠤᠨ ᠪᠠᠶᠢᠷᠢᠯᠠᠭᠤᠯᠪᠠ᠃ 3 ᠰᠠᠷ᠎ᠠ ᠶᠢᠨ 14 ᠤ ᠡᠳᠦᠷ ᠰᠦᠨ ᠱᠤᠤ ᠴᠧᠩ ᠱᠦᠵᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠦᠭᠦ ᠣᠷᠣᠨ ᠤ ᠰᠤᠷᠤᠯᠴᠠᠯᠭ᠎ᠠ ᠬᠥᠮᠦᠵᠢᠯ ᠤᠨ ︽ᠬᠡᠷᠡᠭᠵᠢᠭᠦᠯᠬᠦ ᠲᠥᠰᠥᠯ︾ ᠢ ᠬᠢᠨᠠᠨ ᠲᠣᠭᠲᠠᠭᠠᠵᠤ᠂ ᠰᠤᠷᠤᠯᠴᠠᠯᠭ᠎ᠠ ᠬᠥᠮᠦᠵᠢᠯ ᠤᠨ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠠᠴᠠ ᠳᠡᠭᠡᠷᠡᠬᠢ ᠨᠢ ᠳᠣᠣᠷᠠᠬᠢ ᠪᠠᠨ ᠳᠠᠭᠠᠭᠤᠯᠤᠨ᠂ ᠲᠦᠷᠦᠭᠦᠯᠡᠨ ᠥᠯᠢᠭᠡᠷ ᠳᠠᠭᠤᠷᠢᠶᠠᠯ ᠦᠵᠡᠭᠦᠯᠵᠦ᠂ ᠪᠠᠶᠢᠩᠭᠤ ᠶᠢᠨ ᠬᠤᠷᠢᠶ᠎ᠠ ᠶᠢᠨ ᠰᠤᠷᠤᠯᠴᠠᠯᠭ᠎ᠠ ᠬᠥᠮᠦᠵᠢᠯ ᠤᠨ ︽ᠠᠵᠢᠯ ᠤᠨ ᠲᠥᠰᠥᠯ︾ ᠢ ᠨᠠᠷᠢᠨ ᠨᠢᠮᠪᠠᠢ ᠲᠣᠭᠲᠠᠭᠠᠵᠤ᠂ ᠲᠦᠷᠦᠭᠦᠯᠡᠨ ᠭᠦᠨᠵᠡᠭᠡᠢ ᠰᠤᠷᠤᠯᠴᠠᠵᠤ ᠰᠤᠳᠤᠯᠤᠨ ᠶᠠᠷᠢᠯᠴᠠᠬᠤ᠂ ᠲᠦᠷᠦᠭᠦᠯᠡᠨ ᠠᠰᠠᠭᠤᠳᠠᠯ ᠢ ᠴᠢᠩᠭ᠎ᠠ ᠪᠠᠶᠢᠴᠠᠭᠠᠨ ᠳᠡᠯᠭᠡᠬᠦ᠂ ᠲᠦᠷᠦᠭᠦᠯᠡᠨ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠴᠢᠩᠭ᠎ᠠ ᠠᠳᠬᠤᠬᠤ᠂ ᠲᠦᠷᠦᠭᠦᠯᠡᠨ ᠪᠠᠶᠢᠩᠭᠤ ᠶᠢᠨ ᠣᠷᠳᠣ ᠬᠤᠭᠤᠴᠠᠭᠠᠨ ᠤ ᠪᠦᠲᠦᠮᠵᠢᠲᠡᠶ ᠪᠠᠶᠢᠬᠤ ᠶᠢ ᠠᠬᠢᠭᠤᠯᠬᠤ 4 ᠲᠠᠯ᠎ᠠ ᠠᠴᠠ 12 ᠵᠦᠢᠯ ᠤᠨ ᠪᠣᠳᠠᠲᠠᠢ ᠡᠭᠦᠷᠭᠡ ᠶᠢ ᠳᠤᠷᠠᠳᠴᠤ᠂ ᠴᠠᠭ ᠤᠨ ᠠᠬᠢᠴᠠ ᠶᠣᠰᠣᠭᠠᠷ ᠠᠵᠢᠯ ᠤᠨ ᠲᠣᠬᠢᠷᠠᠭᠤᠯᠤᠯᠲᠠ ᠶᠢᠨ ᠬᠦᠰᠦᠨᠦᠭᠲᠦ ᠶᠢ ᠪᠦᠷᠢᠯᠳᠦᠭᠦᠯᠵᠦ᠂ ᠪᠦᠭᠦ ᠣᠷᠣᠨ ᠤ ᠡᠯ᠎ᠡ ᠱᠠᠲᠤᠨ ᠳᠤ ᠵᠢᠱᠢᠶ᠎ᠡ ᠦᠵᠡᠭᠦᠯᠦᠨ ᠳᠠᠭᠤᠷᠢᠶᠠᠯ ᠪᠣᠯᠪᠠ᠃ 3 ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠠᠴᠠ ᠰᠦᠯᠵᠢᠶᠡᠨ ᠳᠡᠭᠡᠷ᠎ᠡ ᠪᠠ ᠠᠬᠤᠢ ᠲᠠᠯᠠᠪᠠᠢ ᠶᠢ ᠤᠶᠠᠯᠳᠤᠭᠤᠯᠬᠤ ᠭᠡᠯᠪᠡᠷᠢ ᠪᠠᠷ ᠰᠤᠷᠤᠯᠴᠠᠯᠭ᠎ᠠ ᠬᠥᠮᠦᠵᠢᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠥᠷᠨᠢᠭᠦᠯᠵᠦ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠵᠣᠷᠢᠭ ᠰᠠᠨᠠᠭ᠎ᠠ ᠶᠢ ᠨᠡᠪᠲᠡᠷᠡᠲᠡᠯ᠎ᠡ ᠣᠶᠢᠯᠠᠭᠠᠬᠤ᠂ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠬᠦ᠂ ᠰᠡᠳᠬᠢᠮᠵᠢ ᠪᠠᠨ ᠲᠣᠳᠣᠷᠬᠠᠢ ᠪᠤᠯᠭᠠᠬᠤ ᠶᠢ ᠬᠥᠲᠥᠯᠥᠨ ᠵᠢᠯᠣᠭᠤᠳᠪᠠ᠃ ᠣᠳᠣᠬᠠᠨ ᠪᠤᠯᠲᠠᠯ᠎ᠠ᠂ ᠪᠦᠭᠦ ᠣᠷᠣᠨ ᠤ 12 ᠠᠶᠢᠮᠠᠭ ᠬᠤᠲᠠ᠂ ᠣᠷᠣᠨ ᠤ ᠰᠢᠭᠤᠳ ᠬᠠᠷᠢᠶ᠎ᠠ 81 ᠪᠠᠶᠢᠭᠤᠯᠭ᠎ᠠ ᠨᠢᠭᠡᠴᠢ᠂ 58 ᠶᠡᠭᠡ ᠳᠡᠭᠡᠳᠦ ᠰᠤᠷᠭᠠᠭᠤᠯᠢ᠂ ᠤᠯᠤᠰ ᠤᠨ ᠥᠮᠴᠢᠯᠡᠯ ᠤᠨ 20 ᠠᠵᠤ ᠠᠬᠤᠶᠢᠯᠠᠯ ᠪᠣᠯᠣᠨ 8 ᠲᠦᠮᠡ ᠭᠠᠷᠤᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠰᠤᠷᠤᠯᠴᠠᠯᠭ᠎ᠠ ᠬᠥᠮᠦᠵᠢᠯ ᠢ ᠪᠦᠭᠦᠨ ᠢ ᠡᠬᠢᠯᠡᠭᠦᠯᠪᠡ᠃

    ᠰᠤᠷᠤᠯᠴᠠᠯᠭ᠎ᠠ ᠪᠠᠷ ᠡᠭᠢᠯᠡᠯᠲᠡ ᠪᠤᠯᠭᠠᠬᠤ ᠶᠢ ᠪᠠᠷᠢᠮᠲᠠᠯᠠᠵᠤ᠂ ︽ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠥᠭᠦᠯᠡᠯᠲᠡ ᠶᠢᠨ ᠲᠡᠭᠦᠪᠦᠷᠢ︾ ᠶᠢ ᠰᠠᠶᠢᠲᠤᠷ ᠬᠡᠷᠡᠭᠯᠡᠵᠦ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ᠂ ᠲᠤᠰᠬᠠᠢ ᠰᠡᠳᠦᠪᠲᠦ ᠨᠣᠮ ᠤᠩᠰᠢᠬᠤ ᠠᠩᠭᠢ᠂ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ᠂ ︽ᠭᠤᠷᠪᠠᠨ ᠬᠤᠷᠠᠯ ᠨᠢᠭᠡ ᠬᠢᠴᠢᠶᠡᠯ︾᠂ ᠭᠤᠣᠯ ᠰᠡᠳᠦᠪᠲᠦ ᠨᠠᠮ ᠤᠨ ᠡᠳᠦᠷᠯᠢᠭ ᠵᠡᠷᠭᠡ ᠠᠴᠢᠶᠠᠯᠠᠪᠤᠷᠢ ᠶᠢᠨ ᠭᠠᠷᠳᠠᠴᠠ ᠳᠤ ᠲᠦᠰᠢᠭᠯᠡᠨ᠂ ᠰᠤᠷᠤᠯᠴᠠᠯᠭ᠎ᠠ ᠬᠥᠮᠦᠵᠢᠯ ᠢ ᠡᠳᠦᠷ ᠲᠤᠳᠤᠮ ᠤᠨ ᠠᠵᠢᠯ ᠳᠠᠭᠠᠨ ᠠᠭᠤᠰᠤᠯᠴᠠᠭᠤᠯᠵᠤ᠂ ᠪᠠᠶᠢᠩᠭᠤᠵᠢᠭᠤᠯᠤᠨ ᠠᠳᠬᠤᠬᠤ ᠶᠢ ᠠᠬᠢᠭᠤᠯᠪᠠ᠃ 3 ᠰᠠᠷ᠎ᠠ ᠶᠢᠨ 26 ᠠᠴᠠ 27 ᠤ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠡᠷᠭᠢᠯᠡᠵᠦ᠂ ᠲᠤᠰᠬᠠᠢ ᠰᠡᠳᠦᠪ ᠢᠶᠠᠷ ᠬᠠᠪᠰᠤᠷᠤᠨ ᠵᠢᠯᠤᠭᠤᠳᠬᠤ᠂ ᠲᠥᠪᠯᠡᠷᠡᠭᠦᠯᠦᠨ ᠥᠪᠡᠰᠦᠪᠡᠨ ᠰᠤᠷᠤᠯᠴᠠᠬᠤ ᠶᠢ ᠤᠶᠠᠯᠳᠤᠭᠤᠯᠬᠤ ᠠᠷᠭ᠎ᠠ ᠭᠡᠯᠪᠡᠷᠢ ᠶᠢ ᠠᠪᠴᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠮᠤᠵᠢ ᠶᠢᠨ ᠲᠠᠰ ᠤᠨ ᠤᠳᠤᠷᠢᠳᠬᠤ ᠺᠠᠳ᠋ᠷ ᠤᠨ ᠤᠷᠢᠳ ᠢᠶᠠᠷ ᠰᠤᠷᠤᠯᠴᠠᠵᠤ ᠤᠷᠢᠳ ᠢᠶᠠᠷ ᠬᠡᠷᠡᠭᠵᠢᠭᠦᠯᠬᠦ ᠪᠠᠷ ᠪᠦᠭᠦ ᠣᠷᠣᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠨᠠᠮ ᠤᠨ ᠭᠡᠰᠢᠭᠦᠨ ᠤ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠶᠢ ᠵᠢᠱᠢᠶ᠎ᠡ ᠦᠵᠡᠭᠦᠯᠦᠨ ᠲᠠᠶᠢᠴᠢᠯᠠᠪᠠ᠃

    ᠪᠦᠭᠦ ᠣᠷᠣᠨ ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠨᠡᠶᠢᠳᠡᠮ ᠳᠡᠭᠡᠨ᠂ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠬᠦ᠂ ᠲᠥᠭᠦᠮ ᠠᠪᠰᠠᠷᠬᠠᠨ ᠪᠣᠳᠠᠲᠠᠢ ᠶᠢ ᠡᠷᠭᠢᠮᠯᠡᠭᠦ ᠶᠢ ᠪᠠᠷᠢᠮᠲᠠᠯᠠᠵᠤ᠂ ᠰᠤᠷᠤᠯᠴᠠᠬᠤ ᠪᠠᠶᠢᠴᠠᠭᠠᠬᠤ ᠴᠡᠭᠴᠡᠯᠡᠨ ᠰᠠᠶᠢᠵᠢᠷᠠᠭᠤᠯᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠤᠬᠠᠮᠰᠠᠷ ᠠᠴᠠ ᠪᠠᠨ ᠰᠤᠷᠤᠯᠴᠠᠯᠭ᠎ᠠ ᠬᠥᠮᠦᠵᠢᠯ ᠥᠷᠨᠢᠭᠦᠯᠬᠦ ᠶᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠯᠤᠭ᠎ᠠ ᠤᠶᠠᠯᠳᠤᠭᠤᠯᠵᠤ᠂ ︽ᠳᠠᠷᠤᠭᠠᠰᠤ ᠶᠢ ᠬᠥᠩᠭᠡᠷᠡᠭᠦᠯᠬᠦ᠂ ᠬᠦᠴᠦᠨ ᠣᠯᠭᠤᠬᠤ᠂ ᠬᠦᠴᠢᠷᠳᠡᠯ ᠢ ᠰᠢᠢᠳᠪᠦᠷᠢᠯᠡᠬᠦ᠂ ᠴᠡᠭᠴᠡᠯᠡᠨ ᠰᠠᠶᠢᠵᠢᠷᠠᠭᠤᠯᠬᠤ᠂ ᠱᠠᠯᠠᠪᠳᠠᠭᠤᠯᠬᠤ︾ ᠵᠡᠷᠭᠡ ᠠᠵᠢᠯ ᠢ ᠰᠠᠶᠢᠲᠤᠷ ᠬᠢᠬᠦ ᠲᠠᠢ ᠨᠢᠭᠡᠳᠦᠯᠲᠡᠢ ᠲᠥᠯᠥᠪᠵᠢᠭᠦᠯᠵᠦ᠂ ᠨᠢᠭᠡ ᠭᠤᠣᠯ ᠰᠢᠵᠢᠮ ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ ᠲᠠᠢ ᠤᠶᠠᠯᠳᠤᠭᠤᠯᠵᠤ᠂ ᠪᠦᠭᠦ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠰᠤᠷᠲᠠᠯ ᠤᠨ ᠪᠠᠲᠤᠯᠠᠭ᠎ᠠ ᠬᠠᠩᠭᠠᠨ᠎ᠠ ᠭᠡᠵᠦ ᠲᠤᠰᠬᠠᠵᠠᠭᠠᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ