ᠣᠷᠳᠣᠰ ᠬᠤᠲᠠ ᠶᠢᠨ ᠬᠢᠨ ᠮᠣᠳᠣ ᠳᠠᠷᠢᠬᠤ ᠮᠠᠰᠢᠨ ᠬᠥᠮᠦᠨ ᠢ ᠰᠢᠨ᠎ᠡ ᠪᠠᠷ ᠡᠭᠦᠳᠦᠨ ᠰᠤᠳᠤᠯᠤᠨ ᠨᠡᠭᠡᠭᠡᠵᠦ  ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ ᠪᠣᠢ
ᠨᠡᠶᠢᠲᠡᠯᠡᠭᠰᠡᠨ ᠴᠠᠭ᠄
2025/3/28

      ᠣᠷᠳᠣᠰ ᠬᠤᠲᠠ ᠶᠢᠨ ᠬᠢᠨ ᠮᠣᠳᠣ ᠳᠠᠷᠢᠬᠤ ᠮᠠᠰᠢᠨ ᠬᠥᠮᠦᠨ ᠢ ᠰᠢᠨ᠎ᠡ ᠪᠠᠷ ᠡᠭᠦᠳᠦᠨ ᠰᠤᠳᠤᠯᠤᠨ ᠨᠡᠭᠡᠭᠡᠵᠦ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ ᠪᠠᠶᠢᠨ᠎ᠠ᠃ ᠤᠯᠠᠮᠵᠢᠯᠠᠯᠲᠤ ᠠᠷᠭ᠎ᠠ ᠪᠣᠯᠬᠤ ᠬᠥᠮᠦᠨ ᠤ ᠬᠦᠴᠦ ᠪᠠᠷ ᠮᠣᠳᠣ ᠳᠠᠷᠢᠬᠤ ᠨᠢ ᠦᠷ᠎ᠡ ᠪᠦᠲᠦᠮᠵᠢ ᠪᠠᠷ ᠳᠣᠤᠷ᠎ᠠ᠂ ᠥᠪᠡᠷ ᠤᠨ ᠥᠷᠲᠡᠭ ᠢᠶᠠᠷ ᠥᠨᠳᠥᠷ ᠪᠠᠶᠢᠳᠠᠭ ᠵᠡᠷᠭᠡ ᠠᠰᠠᠭᠤᠳᠠᠯ ᠤᠳ ᠲᠤ ᠴᠢᠭᠯᠡᠭᠦᠯᠦᠨ᠂ 2023 ᠣᠨ ᠳᠤ ᠣᠷᠳᠣᠰ ᠬᠤᠲᠠ ᠨᠢ ᠥᠪᠥᠷ ᠮᠣᠩᠭᠤᠯ ᠤᠨ ᠶᠢᠨ ᠲᠠᠢ ᠮᠢᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠯᠦᠭᠯᠡᠯ ᠯᠦᠭᠡ ᠬᠤᠯᠪᠣᠭᠠᠯᠠᠨ ᠪᠡᠶ᠎ᠡ ᠪᠠᠨ ᠳᠠᠭᠠᠭᠠᠭᠰᠠᠨ ᠵᠠᠮᠴᠢᠯᠠᠬᠤ᠂ ᠰᠦᠯᠵᠢᠶ᠎ᠡ ᠥᠯᠥ ᠬᠡᠷᠡᠭᠯᠡᠨ ᠴᠡᠭ ᠤᠨ ᠪᠠᠶᠢᠷᠢ ᠲᠣᠭᠲᠠᠭᠠᠬᠤ ᠵᠡᠷᠭᠡ ᠲᠡᠷᠢᠭᠦᠨ ᠤ ᠮᠡᠷᠭᠡᠵᠢᠯ ᠢ ᠠᠮᠵᠢᠯᠲᠠ ᠲᠠᠢ ᠰᠤᠳᠤᠯᠤᠨ ᠨᠡᠭᠡᠭᠡᠭᠰᠡᠨ ᠪᠥᠭᠡᠳ ᠰᠢᠷᠣᠶ ᠪᠦᠷᠬᠦᠬᠦ ᠮᠠᠰᠢᠨ᠂ ᠬᠠᠳᠬᠤᠨ ᠰᠠᠭᠤᠯᠭᠠᠬᠤ ᠮᠠᠰᠢᠨ ᠵᠡᠷᠭᠡ ᠲᠥᠬᠦᠭᠡᠷᠦᠮᠵᠢ ᠳᠤ ︽ᠵᠢᠦᠢ ᠮᠠᠩ 301︾ ᠮᠣᠳᠣ ᠳᠠᠷᠢᠬᠤ ᠮᠠᠰᠢᠨ ᠬᠥᠮᠦᠨ ᠢ ᠳᠣᠭᠢᠷᠠᠭᠤᠯᠪᠠ᠃ ᠡᠨᠡ ᠬᠦ ᠮᠠᠰᠢᠨ ᠬᠥᠮᠦᠨ ᠨᠢ ᠨᠢᠭᠡ ᠯᠡ ᠤᠳᠠᠭ᠎ᠠ ᠳᠤ 1700 ᠰᠠᠭᠤᠷᠢ ᠴᠢᠬᠢ ᠮᠣᠳᠣ ᠪᠠ 3 ᠲᠣᠨ ᠤᠰᠤ ᠶᠢ ᠠᠴᠢᠶᠠᠯᠠᠵᠤ᠂ ᠬᠦᠷᠦᠰᠦ ᠶᠢ ᠰᠤᠯᠠᠷᠠᠭᠤᠯᠬᠤ ᠪᠠ ᠴᠢᠬᠢ ᠮᠣᠳᠣ ᠰᠠᠭᠤᠯᠭᠠᠬᠤ ᠵᠡᠷᠭᠡ ᠠᠵᠢᠯ ᠤᠨ ᠶᠠᠪᠤᠴᠠ ᠶᠢ ᠠᠦ᠋ᠲ᠋ᠣᠵᠢᠭᠤᠯᠤᠨ ᠪᠡᠶᠡᠯᠡᠭᠦᠯᠵᠦ ᠳᠡᠶᠢᠯᠦᠨ᠎ᠡ᠂ ᠠᠵᠢᠯ ᠤᠨ ᠦᠷ᠎ᠡ ᠪᠦᠲᠦᠮᠵᠢ ᠶᠢ ᠨᠢ ᠬᠥᠮᠦᠨ ᠤ ᠬᠦᠴᠦᠨ ᠯᠦᠭᠡ ᠠᠳᠠᠯᠢᠳᠬᠠᠬᠤ ᠳᠤ ᠬᠡᠳᠦᠨ 10 ᠳᠠᠬᠢᠨ ᠳᠡᠭᠡᠭᠰᠢᠯᠡᠵᠦ᠂ ᠥᠪᠡᠷ ᠤᠨ ᠥᠷᠲᠡᠭ ᠨᠢ ᠤᠯᠠᠮᠵᠢᠯᠠᠯᠲᠤ ᠠᠷᠭ᠎ᠠ ᠪᠣᠯᠬᠤ ᠬᠥᠮᠦᠨ ᠤ ᠬᠦᠴᠦ ᠪᠠᠷ ᠲᠠᠷᠢᠬᠤ ᠶᠢᠨ 30% ᠣᠷᠴᠢᠮ ᠯᠡ ᠪᠠᠶᠢᠳᠠᠭ᠃ ᠶᠢᠨ ᠲᠠᠢ ᠮᠢᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠯᠦᠭᠯᠡᠯ ᠨᠢ ᠪᠠᠰᠠ ᠲᠠᠷᠢᠮᠠᠯ ᠤᠨ ᠭᠦᠨᠴᠡ ᠶᠢ ᠥᠪᠡᠰᠦᠪᠡᠨ ᠲᠤᠬᠢᠷᠠᠭᠤᠯᠵᠤ ᠳᠡᠶᠢᠯᠬᠦ ᠭᠡᠷᠡᠯᠴᠢ ᠴᠡᠨᠡᠭ ᠢᠶᠠᠷ ᠡᠯᠡᠰᠦ ᠶᠢ ᠵᠠᠰᠠᠬᠤ ᠣᠶᠣᠨᠴᠢ ᠮᠠᠰᠢᠨ ᠬᠥᠮᠦᠨ ᠢ ᠰᠤᠳᠤᠯᠤᠨ ᠨᠡᠭᠡᠭᠡᠭᠡᠳ ᠴᠢᠬᠢ ᠮᠣᠳᠣ ᠲᠠᠷᠢᠵᠤ ᠰᠠᠭᠤᠯᠭᠠᠬᠤ ᠭᠦᠨᠴᠡ ᠨᠢ 80 ᠰᠡᠨᠲ᠋ᠢᠮᠧᠲᠷ ᠪᠠᠶᠢᠭᠰᠠᠨ ᠢ 30 - 40 ᠰᠡᠨᠲ᠋ᠢᠮᠧᠲᠷ ᠪᠣᠯᠭᠠᠨ ᠲᠣᠬᠢᠷᠠᠭᠤᠯᠵᠤ᠂ ᠲᠠᠷᠢᠵᠤ ᠰᠠᠭᠤᠯᠭᠠᠬᠤ ᠦᠷ᠎ᠡ ᠪᠦᠲᠦᠮᠵᠢ ᠶᠢ ᠨᠢ ᠬᠥᠮᠦᠨ ᠤ ᠬᠦᠴᠦ ᠪᠠᠷ ᠲᠠᠷᠢᠵᠤ ᠰᠠᠭᠤᠯᠭᠠᠬᠤ ᠯᠤᠭ᠎ᠠ 40 ᠰᠢᠬᠠᠮ ᠲᠠᠬᠢᠨ ᠳᠡᠭᠡᠭᠰᠢᠯᠡᠵᠦ᠂ ᠭᠡᠷᠡᠯᠴᠢ ᠴᠡᠨᠡᠭ ᠤᠨ ᠴᠠᠬᠢᠯᠭᠠᠨ ᠥᠷᠲᠡᠭᠡᠨ ᠤ ᠭᠠᠵᠠᠷ ᠳᠣᠣᠷ᠎ᠠ ᠪᠤᠯᠠᠭᠰᠠᠨ ᠴᠠᠬᠢᠯᠭᠠᠨ ᠳᠡᠭᠡᠰᠦᠨ ᠤ ᠡᠪᠳᠡᠭᠳᠡᠵᠦ ᠲᠠᠰᠤᠷᠠᠬᠤ ᠶᠢ ᠪᠦᠲᠦᠮᠵᠢᠲᠡᠢ ᠰᠡᠷᠭᠡᠶᠢᠯᠡᠵᠦ ᠳᠡᠶᠢᠯᠬᠦ ᠪᠣᠯᠤᠨ᠎ᠠ᠃ ᠬᠠᠲᠤᠨ ᠭᠤᠤᠯ ᠤᠨ ᠲᠣᠮᠣ ᠲᠣᠬᠤᠢ ᠶᠢᠨ ᠰᠢᠪᠲᠤᠯᠤᠯᠲᠠ ᠶᠢᠨ ᠳᠠᠶᠢᠯᠠᠯᠳᠤᠭᠠᠨ ᠢ ᠥᠷᠨᠢᠭᠦᠯᠦᠭᠰᠡᠨ ᠠᠴᠠ ᠨᠠᠭᠠᠰᠢ᠂ ᠪᠥᠬᠦ ᠬᠤᠲᠠ ᠶᠢᠨ ᠮᠧᠬᠠᠨᠢᠭᠵᠢᠯᠲᠠ ᠶᠢᠨ ᠨᠣᠷᠮ᠎ᠠ ᠨᠢ 75% ᠠᠴᠠ ᠳᠡᠭᠡᠭᠰᠢ ᠳᠤ ᠬᠦᠷᠴᠦ᠂ ᠣᠶ ᠰᠢᠭᠤᠶ ᠡᠪᠡᠰᠦ ᠪᠡᠯᠴᠢᠭᠡᠷ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠷᠡᠭᠯᠡᠯᠲᠡ ᠳᠤ ᠤᠯᠠᠷᠢᠭᠤᠯᠤᠭᠰᠠᠨ ᠨᠣᠷᠮ᠎ᠠ ᠨᠢ 60% ᠳᠤ ᠬᠦᠷᠪᠡ᠃ ︵ᠤᠷᠳᠤᠰ ᠬᠤᠳᠠ ᠶᠢᠨ ᠵᠠᠰᠠᠭ ᠤᠨ ᠣᠷᠳᠣᠨ︶

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ