ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ︽ᠡᠷᠭᠢᠨ ᠬᠠᠷᠠᠵᠤ︾ ︽ᠣᠶ ᠰᠢᠭᠤᠢ ᠨᠤᠲᠤᠭ ᠪᠡᠯᠴᠢᠭᠡᠷ ᠢ ᠡᠪᠳᠡᠨ ᠰᠦᠢᠳᠬᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠲᠥᠰᠥᠯ︾ ᠢ ᠬᠢᠨᠠᠨ ᠵᠥᠪᠯᠡᠪᠡ  ᠰᠦᠨ ᠱᠤᠤ ᠴᠧᠩ ᠬᠤᠷᠠᠯ ᠢ ᠡᠷᠭᠢᠯᠡᠪᠡ
ᠨᠡᠶᠢᠲᠡᠯᠡᠭᠰᠡᠨ ᠴᠠᠭ᠄
2025/3/31

 

      3 ᠰᠠᠷ᠎ᠠ ᠶᠢᠨ 28 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠂ ︽ᠣᠶ ᠰᠢᠭᠤᠢ ᠨᠤᠲᠤᠭ ᠪᠡᠯᠴᠢᠭᠡᠷ ᠢ ᠡᠪᠳᠡᠨ ᠰᠦᠢᠳᠬᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠲᠥᠰᠥᠯ ︾ ᠢ ᠬᠢᠨᠠᠨ ᠵᠥᠪᠯᠡᠵᠦ ᠂ ᠬᠤᠯᠪᠣᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠪᠡ ᠃

      ᠬᠤᠷᠠᠯ ᠠᠴᠠ ᠂ ᠣᠶᠢᠷ᠎ᠠ ᠶᠢᠨ ᠵᠢᠯ ᠳᠤ ᠪᠦᠭᠦ ᠣᠷᠣᠨ ᠤ ᠡᠯ᠎ᠡ ᠱᠠᠲᠤᠨ ᠤ ᠬᠢᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ︽ᠨᠢᠭᠡ ᠭᠤᠣᠯ ᠰᠢᠵᠢᠮ ᠢ ᠲᠤᠭᠤᠰᠢᠯᠠᠭᠤᠯᠬᠤ ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ︾ ᠲᠠᠯ᠎ᠠ ᠪᠠᠷ ᠦᠷᠭᠦᠯᠵᠢᠯᠡᠨ ᠬᠦᠴᠦᠯᠡᠵᠦ ᠂ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠳᠤ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠪᠠ ᠃ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠪᠢᠳᠡᠨ ᠤ ᠠᠵᠢᠯ ᠤᠨ ᠰᠡᠳᠬᠢᠮᠵᠢ ᠪᠣᠯᠣᠨ ᠡᠭᠦᠷᠭᠡ ᠴᠥᠮ ᠮᠠᠰᠢ ᠲᠣᠳᠣᠷᠬᠠᠢ ᠶᠤᠮ ᠂ ᠨᠢᠭᠡᠨᠲᠡ ᠲᠣᠭᠲᠠᠭᠠᠭᠰᠠᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ ᠂ ᠤᠳᠠᠭᠠᠨ ᠳᠠᠭᠠᠭᠠᠮᠠᠭᠠᠢ ᠪᠠᠷ ᠵᠢᠳᠬᠦᠯ ᠴᠢᠷᠮᠠᠶᠢᠯᠭ᠎ᠠ ᠭᠠᠷᠭᠠᠵᠤ ᠂ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠡᠴᠦᠰ ᠲᠤᠨᠢ ᠲᠤᠯᠲᠠᠯ᠎ᠠ ᠬᠢᠬᠦ ᠬᠡᠷᠡᠭᠲᠡᠢ ᠃ ᠲᠦᠷᠭᠡᠨ ᠬᠢᠵᠦ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ ᠂ ᠴᠠᠭ ᠢ ᠠᠮᠵᠢᠨ ᠂ ᠦᠷ᠎ᠡ ᠪᠦᠲᠦᠮᠵᠢ ᠶᠢ ᠳᠡᠭᠡᠭᠰᠢᠯᠡᠭᠦᠯᠵᠦ ᠂ ᠲᠦᠷᠭᠡᠨ ᠬᠢᠵᠦ ᠴᠢᠳᠠᠪᠠᠯ ᠲᠦᠷᠭᠡᠨ ᠬᠢᠵᠦ ᠂ ᠢᠯᠡᠭᠦᠦ ᠬᠢᠵᠦ ᠴᠢᠳᠠᠪᠠᠯ ᠢᠯᠡᠭᠦᠦ ᠬᠢᠬᠦ ᠬᠡᠷᠡᠭᠲᠡᠢ ᠃ ᠪᠣᠳᠠᠲᠠᠢ ᠠᠰᠠᠭᠤᠳᠠᠯ ᠢ ᠰᠤᠳᠤᠯᠤᠨ ᠰᠢᠢᠳᠪᠦᠷᠢᠯᠡᠵᠦ ᠂ ᠤᠶᠤᠨ ᠴᠢᠳᠠᠯ ᠢᠶᠠᠨ ᠪᠣᠳᠠᠲᠤ ᠶᠠᠪᠤᠳᠠᠯ ᠬᠢᠬᠦ ᠳᠡᠭᠡᠷ᠎ᠡ ᠲᠠᠯᠪᠢᠵᠤ ᠂ ᠠᠰᠠᠭᠤᠳᠠᠯ ᠢ ᠰᠢᠢᠳᠪᠦᠷᠢᠯᠡᠬᠦ ᠰᠡᠳᠬᠢᠬᠦᠢ ᠪᠠᠨ ᠴᠢᠩᠭᠠᠳᠬᠠᠨ ᠂ ᠵᠣᠷᠢᠭᠲᠠᠢ ᠲᠤᠷᠰᠢᠵᠤ ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢ ᠬᠡᠷᠡᠭᠯᠡᠵᠦ ᠂ ᠪᠠᠶᠢᠭᠤᠯᠤᠯ ᠲᠣᠭᠲᠠᠴᠠ ᠶᠢᠨ ᠬᠦᠴᠦᠨ ᠳᠤ ᠲᠦᠰᠢᠭᠯᠡᠨ ᠬᠦᠴᠢᠷ ᠠᠰᠠᠭᠤᠳᠠᠯ ᠢ ᠰᠢᠢᠳᠪᠦᠷᠢᠯᠡᠬᠦ ᠳᠡᠭᠡᠨ ᠴᠢᠳᠠᠮᠠᠭᠠᠢ ᠪᠠᠶᠢᠬᠤ ᠬᠡᠷᠡᠭᠲᠡᠢ ᠃ ᠠᠵᠢᠯ ᠢᠶᠠᠨ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ ᠂ ᠰᠠᠯᠠᠭ᠎ᠠ ᠮᠥᠴᠢᠷ ᠤᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ ᠂ ᠡᠭᠦᠷᠭᠡ ᠂ ᠬᠦᠴᠦᠨ ᠂ ᠴᠠᠭ ᠤᠨ ᠳᠠᠷᠠᠭᠠᠯᠠᠯ ᠢ ᠰᠠᠶᠢᠲᠤᠷ ᠪᠠᠶᠢᠷᠢᠯᠠᠭᠤᠯᠵᠤ ᠂ ᠪᠠᠭ᠎ᠠ ᠬᠦᠴᠦ ᠣᠷᠣᠭᠤᠯᠵᠤ ᠶᠡᠭᠡ ᠠᠮᠵᠢᠯᠲᠠ ᠣᠯᠬᠤ ᠪᠠᠷ ᠴᠢᠷᠮᠠᠶᠢᠬᠤ ᠬᠡᠷᠡᠭᠲᠡᠢ ᠃ ᠲᠦᠷᠭᠡᠨ ᠦᠷ᠎ᠡ ᠪᠦᠲᠦᠮᠵᠢ ᠣᠯᠵᠤ ᠤᠯᠠᠨ ᠦᠷ᠎ᠡ ᠪᠦᠲᠦᠮᠵᠢ ᠣᠯᠵᠤ ᠂ ᠬᠦᠴᠦᠨ ᠢᠶᠠᠨ ᠲᠥᠪᠯᠡᠷᠡᠭᠦᠯᠦᠨ ᠪᠣᠭᠤᠮᠲᠠ ᠰᠢᠪᠲᠤᠯᠵᠤ ᠂ ︽ᠤᠮᠠᠷᠠᠲᠤ ᠶᠢᠨ ᠭᠤᠷᠪᠠᠨ ᠣᠷᠣᠨ ︾ ᠤ ᠢᠨᠵᠧᠨᠧᠷᠢᠩ ᠂ ᠰᠢᠨ᠎ᠡ ᠡᠨᠧᠷᠭᠢ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠨᠢᠭᠡ ᠪᠦᠯᠦᠭ ᠬᠥᠮᠥᠰ ᠢ ᠵᠣᠷᠢᠭᠵᠢᠭᠤᠯᠬᠤ ᠂ ᠡᠷᠴᠢ ᠵᠣᠷᠢᠭ ᠢ ᠬᠥᠪᠴᠢᠯᠡᠬᠦ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠢ ᠪᠤᠢ ᠪᠣᠯᠭᠠᠨ ᠪᠦᠷᠢᠯᠳᠦᠭᠦᠯᠬᠦ ᠪᠠᠷ ᠴᠢᠷᠮᠠᠶᠢᠬᠤ ᠬᠡᠷᠡᠭᠲᠡᠢ ᠃ ᠮᠤᠵᠢ ᠶᠢᠨ ᠱᠠᠲᠤᠨ ᠤ ᠤᠳᠤᠷᠢᠳᠬᠤ ᠨᠥᠬᠦᠳ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ︽ᠪᠣᠳᠠᠲᠠᠢ ᠠᠵᠢᠯᠯᠠᠬᠤ ᠠᠩᠭᠢ ᠶᠢᠨ ᠳᠠᠷᠤᠭ᠎ᠠ ︾ ᠪᠣᠯᠵᠤ ᠂ ᠳᠣᠷᠣᠭᠰᠢ ᠪᠠᠭᠤᠨ ᠭᠦᠨᠵᠡᠭᠡᠶᠢᠷᠡᠵᠦ ᠪᠣᠳᠠᠲᠤ ᠪᠠᠶᠢᠳᠠᠯ ᠢ ᠪᠠᠶᠢᠴᠠᠭᠠᠨ ᠂ ᠨᠠᠶᠢᠳᠠᠪᠤᠷᠢᠵᠢᠭᠤᠯᠤᠯᠲᠠ ᠶᠢ ᠠᠳᠬᠤᠵᠤ ᠂ ᠨᠠᠷᠢᠨ ᠬᠢᠨᠠᠮᠠᠭᠠᠢ ᠪᠠᠶᠢᠬᠤ ᠵᠣᠷᠢᠭ ᠰᠠᠨᠠᠭ᠎ᠠ ᠪᠠᠷ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ ᠂ ᠦᠨᠳᠦᠰᠦᠨ ᠱᠠᠲᠤᠨ ᠤ ᠬᠢᠨ ᠨᠠᠷᠢᠨ ᠬᠢᠨᠠᠮᠠᠭᠠᠢ ᠠᠵᠢᠯᠯᠠᠵᠤ ᠦᠢᠯᠡᠰ ᠪᠣᠰᠬᠠᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃

      ᠬᠤᠷᠠᠯ ᠠᠴᠠ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠪᠣᠯᠣᠨ ᠠᠮᠢ ᠠᠬᠤᠢ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠂ ᠣᠶ ᠰᠢᠭᠤᠢ ᠨᠤᠲᠤᠭ ᠪᠡᠯᠴᠢᠭᠡᠷ ᠢ ᠡᠪᠳᠡᠨ ᠰᠦᠢᠳᠬᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠰᠤᠳᠤᠯᠤᠨ ᠪᠠᠶᠢᠷᠢᠯᠠᠭᠤᠯᠵᠤ ᠂ ᠣᠶ ᠰᠢᠭᠤᠢ ᠨᠤᠲᠤᠭ ᠪᠡᠯᠴᠢᠭᠡᠷ ᠢ ᠡᠪᠳᠡᠨ ᠰᠦᠢᠳᠬᠡᠬᠦ ᠦᠶᠯᠡ ᠠᠵᠢᠯᠯᠠᠭ᠎ᠠ ᠳᠤ ᠴᠣᠬᠢᠯᠲᠠ ᠥᠭᠬᠦ ᠶᠢ ᠲᠣᠪᠣᠶᠢᠮ᠎ᠠ ᠪᠠᠶᠢᠷᠢᠨ ᠳᠤ ᠲᠠᠯᠪᠢᠵᠤ ᠂ ᠣᠷᠣᠨ ᠳᠠᠶᠠᠭᠠᠷ ᠤᠨ ᠬᠦᠴᠦᠨ ᠢ ᠳᠠᠶᠢᠴᠢᠯᠠᠨ ᠣᠶ ᠰᠢᠭᠤᠢ ᠨᠤᠲᠤᠭ ᠪᠡᠯᠴᠢᠭᠡᠷ ᠢ ᠡᠪᠳᠡᠨ ᠰᠦᠢᠳᠬᠡᠬᠦ ᠶᠢ ᠬᠤᠷᠢᠭᠯᠠᠬᠤ ᠨᠢᠭᠡᠨ ᠤᠳᠠᠭ᠎ᠠ ᠶᠢᠨ ᠶᠡᠷᠦᠩᠬᠡᠢ ᠳᠠᠶᠢᠯᠠᠯᠳᠤᠭᠠᠨ ᠬᠢᠵᠦ ᠂ ᠭᠢᠯᠪᠠᠷ ᠪᠤᠰᠤ ᠪᠠᠷ ᠣᠯᠣᠭᠰᠠᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠰᠠᠶᠢᠲᠤᠷ ᠪᠠᠬᠢᠵᠢᠭᠦᠯᠵᠦ ᠂ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠨᠠᠩ ᠰᠠᠶᠢᠲᠤᠷ ᠪᠠᠲᠤ ᠴᠣᠭᠴᠠᠯᠠᠬᠤ ᠬᠡᠷᠡᠭᠲᠡᠢ ᠃ ᠨᠢᠭᠡ ᠳᠤ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ ᠂ ᠬᠥᠮᠥᠨ ᠤ ᠬᠦᠴᠦ ᠪᠠᠷ ᠰᠡᠷᠭᠡᠶᠢᠯᠡᠬᠦ ᠮᠡᠷᠭᠡᠵᠢᠯ ᠢᠶᠠᠷ ᠰᠡᠷᠭᠡᠶᠢᠯᠡᠬᠦ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ ᠂ ᠭᠠᠴᠠᠭ᠎ᠠ ᠲᠣᠰᠬᠤᠨ ᠤ ︽ᠬᠤᠶᠠᠷ ᠵᠥᠪᠯᠡᠯ ︾ ᠢ ᠱᠠᠯᠠᠪᠳᠠᠭᠤᠯᠵᠤ ᠪᠠᠶᠢᠭᠠᠳ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠦᠨ ᠮᠡᠳᠡᠭᠦᠯᠵᠦ ᠂ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠬᠦ ᠡᠩᠨᠡᠭᠡ ᠶᠢ ᠰᠠᠶᠢᠲᠤᠷ ᠪᠠᠶᠢᠭᠤᠯᠤᠨ ᠰᠠᠶᠢᠲᠤᠷ ᠬᠡᠷᠡᠭᠯᠡᠵᠦ ᠂ ᠳᠠᠭᠠᠭᠤᠯᠢ ᠣᠳᠣᠨ ᠤ ᠠᠯᠤᠰ ᠰᠡᠷᠡᠯ ᠵᠡᠷᠭᠡ ᠠᠷᠭ᠎ᠠ ᠪᠠᠷᠢᠯ ᠤᠨ ᠦᠢᠯᠡᠳᠦᠯ ᠢ ᠪᠠᠳᠠᠷᠠᠭᠤᠯᠵᠤ ᠂ ︽ᠴᠢᠬᠢ ᠰᠣᠷᠭᠤᠭ ᠨᠢᠳᠦ ᠭᠢᠷᠠᠬᠠᠢ ︾ ᠪᠠᠶᠢᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ ᠃ ᠬᠤᠶᠠᠷ ᠲᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠰᠠᠯᠠᠭ᠎ᠠ ᠮᠥᠴᠢᠷ ᠤᠨ ᠵᠤᠯᠭᠠᠯᠴᠠᠨ ᠬᠤᠯᠪᠤᠭᠠᠯᠠᠨ ᠬᠥᠲᠥᠯᠥᠯᠴᠡᠬᠦ ᠶᠢ ᠴᠢᠩᠭᠠᠳᠬᠠᠵᠤ ᠂ ᠰᠢᠨ᠎ᠡ ᠢᠯᠡᠷᠡᠭᠦᠯᠦᠭᠰᠡᠨ ᠠᠰᠠᠭᠤᠳᠠᠯ ᠢᠯᠡᠷᠡᠮᠡᠭᠴᠡ ᠳᠠᠷᠤᠢ ᠴᠣᠬᠢᠯᠲᠠ ᠥᠭᠴᠦ ᠂ ᠬᠠᠤᠯᠢ ᠶᠣᠰᠣᠭᠠᠷ ᠬᠦᠴᠦᠲᠡᠢ ᠴᠣᠬᠢᠯᠲᠠ ᠥᠭᠬᠦ ᠬᠡᠷᠡᠭᠲᠡᠢ ᠂ ᠢᠯᠠᠩᠭᠤᠶ᠎ᠠ ᠶᠡᠭᠡ ᠬᠡᠪᠴᠢᠶ᠎ᠡ ᠪᠠᠷ ᠤᠢ ᠰᠢᠭᠤᠢ ᠨᠤᠲᠤᠭ ᠪᠡᠯᠴᠢᠭᠡᠷ ᠢ ᠡᠪᠳᠡᠨ ᠰᠦᠢᠳᠬᠡᠭᠰᠡᠨ ᠂ ᠣᠯᠠᠨᠲᠠ ᠵᠠᠯᠠᠷᠠᠭᠤᠯᠤᠭᠰᠠᠨ ᠴᠤ ᠦᠷᠭᠦᠯᠵᠢᠯᠡᠨ ᠶᠠᠯ᠎ᠠ ᠬᠢᠭᠰᠡᠳ ᠂ ᠥᠰᠢᠯᠳᠦᠨ ᠬᠡᠷᠡᠭ ᠦᠢᠯᠡᠳᠦᠭᠰᠡᠳ ᠢ ᠬᠦᠨᠳᠦ ᠪᠠᠷ ᠰᠢᠢᠳᠬᠡᠨ ᠰᠢᠢᠳᠪᠦᠷᠢᠯᠡᠬᠦ ᠬᠡᠷᠡᠭᠲᠡᠢ ᠃ ᠭᠤᠷᠪᠠ ᠳᠤ ᠰᠡᠷᠡᠮᠵᠢᠯᠡᠭᠦᠯᠦᠨ ᠰᠦᠷᠳᠡᠭᠦᠯᠬᠦ ᠪᠠᠨ ᠴᠢᠩᠭᠠᠳᠬᠠᠵᠤ ᠂ ᠨᠡᠶᠢᠲᠡᠯᠢᠭ ᠬᠡᠷᠡᠭ ᠢ ᠢᠯᠡᠴᠢᠯᠡᠬᠦ ᠡᠷᠴᠢᠮ ᠢᠶᠠᠨ ᠴᠢᠩᠭᠠᠷᠠᠭᠤᠯᠵᠤ ᠂ ᠬᠥᠮᠥᠨ ᠪᠦᠭᠦᠨ ᠢ ᠤᠢ ᠰᠢᠭᠤᠢ ᠂ ᠨᠤᠲᠤᠭ ᠪᠡᠯᠴᠢᠭᠡᠷ ᠲᠠᠢ ᠬᠠᠯᠳᠠᠬᠤ ᠵᠣᠷᠢᠭ ᠦᠭᠡᠢ ᠪᠤᠯᠭᠠᠬᠤ ᠠᠭᠤᠷ ᠠᠮᠢᠰᠬᠤᠯ ᠢ ᠪᠤᠢ ᠪᠤᠯᠭᠠᠬᠤ ᠬᠡᠷᠡᠭᠲᠡᠢ ᠃ ᠳᠥᠷᠪᠡ ᠳᠤ ᠬᠠᠤᠯᠢ ᠬᠡᠷᠡᠭᠵᠢᠭᠦᠯᠬᠦ ᠰᠢᠰᠲ᠋ᠧᠮ ᠢ ᠲᠡᠭᠦᠯᠳᠡᠷᠵᠢᠭᠦᠯᠵᠦ ᠂ ᠤᠢ ᠰᠢᠭᠤᠢ ᠨᠤᠲᠤᠭ ᠪᠡᠯᠴᠢᠭᠡᠷ ᠤᠨ ᠬᠠᠤᠯᠢ ᠬᠡᠷᠡᠭᠵᠢᠭᠦᠯᠬᠦ ᠪᠠᠶᠢᠭᠤᠯᠤᠯ ᠲᠣᠭᠲᠠᠴᠠ ᠶᠢ ᠤᠯᠠᠮ ᠨᠢᠭᠡ ᠠᠯᠬᠤᠮ ᠰᠢᠯᠤᠭᠤᠳᠬᠠᠵᠤ ᠂ ᠬᠠᠤᠯᠢ ᠬᠡᠷᠡᠭᠵᠢᠭᠦᠯᠬᠦ ᠬᠦᠴᠦᠨ ᠢ ᠳᠣᠷᠣᠭᠰᠢ ᠪᠠᠭᠤᠯᠭᠠᠬᠤ ᠶᠢ ᠵᠣᠬᠢᠰᠲᠠᠢ ᠠᠬᠢᠭᠤᠯᠬᠤ ᠬᠡᠷᠡᠭᠲᠡᠢ ᠃ ᠲᠠᠪᠤ ᠳᠤ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ ᠂ ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠰᠠᠯᠠᠭ᠎ᠠ ᠮᠥᠴᠢᠷ ᠪᠣᠯᠣᠨ ᠬᠤᠯᠪᠣᠭᠳᠠᠯ ᠪᠦᠬᠦᠢ ᠡᠭᠦᠷᠭᠡ ᠴᠢᠳᠠᠪᠬᠢᠲᠤ ᠰᠠᠯᠠᠭ᠎ᠠ ᠮᠥᠴᠢᠷ ᠤᠨ ᠬᠢᠨ ᠬᠠᠮᠲᠤ ᠪᠠᠷ ᠬᠥᠳᠡᠯᠦᠯᠴᠡᠵᠦ ᠶᠡᠷᠦᠩᠬᠡᠢ ᠳᠠᠶᠢᠯᠠᠯᠳᠤᠭᠠᠨ ᠢ ᠰᠠᠶᠢᠲᠤᠷ ᠬᠢᠵᠦ ᠂ ᠠᠵᠢᠯ ᠦᠯᠦ ᠬᠢᠬᠦ ᠂ ᠤᠳᠠᠭᠠᠨ ᠬᠢᠬᠦ ᠪᠠᠶᠢᠳᠠᠯ ᠢᠯᠡᠷᠡᠪᠡᠯ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠭᠡᠵᠦ ᠴᠢᠬᠤᠯᠠᠴᠢᠯᠠᠪᠠ ᠃

      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ