ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠪᠠᠶᠢᠩᠭᠤ ᠶᠢᠨ ᠬᠤᠷᠢᠶ᠎ᠠ ᠶᠢᠨ ᠲᠤᠰᠬᠠᠢ ᠰᠡᠳᠦᠪᠲᠦ ᠲᠠᠶᠢᠯᠤᠮᠵᠢ ᠬᠢᠪᠡ
ᠨᠡᠶᠢᠲᠡᠯᠡᠭᠰᠡᠨ ᠴᠠᠭ᠄
2025/3/31

    ᠰᠢᠨ ᠴᠦᠨ ᠶᠢᠩ ᠲᠤᠰᠬᠠᠢ ᠰᠡᠳᠦᠪᠲᠦ ᠬᠠᠪᠰᠤᠷᠤᠨ ᠵᠢᠯᠤᠭᠤᠳᠬᠤ ᠮᠡᠳᠡᠭᠦᠯᠦᠯᠲᠡ ᠬᠢᠪᠡ

    3 ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠪᠠᠶᠢᠩᠭᠤ ᠶᠢᠨ ᠬᠤᠷᠢᠶ᠎ᠠ ᠶᠢᠨ ᠲᠤᠰᠬᠠᠢ ᠰᠡᠳᠦᠪᠲᠦ ᠲᠠᠶᠢᠯᠤᠮᠵᠢ ᠬᠢᠵᠦ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ ᠴᠢᠬᠤᠯᠠ ᠦᠵᠡᠯ ᠰᠠᠨᠠᠭ᠎ᠠ᠂ ᠪᠦᠭᠦ ᠤᠯᠤᠰ ᠤᠨ ᠬᠤᠶᠠᠷ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ᠲᠥᠯᠥᠭᠡᠯᠡᠭᠴᠢ ᠶᠢᠨ ᠬᠠᠤᠯᠢ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠳᠠᠭᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠪᠠ᠃

    ᠬᠤᠷᠠᠯ ᠳᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠡᠰᠢᠭᠦᠨ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠨ ᠬᠠᠤᠯᠢ ᠪᠠ ᠬᠠᠤᠯᠢ ᠴᠠᠭᠠᠵᠠ ᠶᠢᠨ ᠵᠥᠪᠯᠡᠯ ᠤᠨ ᠡᠷᠭᠢᠯᠡᠭᠴᠢ ᠭᠡᠰᠢᠭᠦᠨ ᠰᠢᠨ ᠴᠦᠨ ᠶᠢᠩ ᠢ ᠤᠷᠢᠵᠤ ᠲᠤᠰᠬᠠᠢ ᠰᠡᠳᠦᠪᠲᠦ ᠬᠠᠪᠰᠤᠷᠤᠨ ᠵᠢᠯᠤᠭᠤᠳᠬᠤ ᠮᠡᠳᠡᠭᠦᠯᠦᠯᠲᠡ ᠬᠢᠯᠭᠡᠪᠡ᠃

    ᠬᠤᠷᠠᠯ ᠠᠴᠠ᠂ ᠲᠥᠯᠥᠭᠡᠯᠡᠭᠴᠢ ᠶᠢᠨ ᠬᠠᠤᠯᠢ ᠳᠤ ᠵᠠᠰᠠᠪᠤᠷᠢ ᠣᠷᠣᠭᠤᠯᠤᠭᠰᠠᠨ ᠴᠢᠬᠤᠯᠠ ᠶᠡᠭᠡ ᠠᠴᠢ ᠬᠤᠯᠪᠣᠭᠳᠠᠯ᠂ ᠭᠤᠣᠯ ᠠᠭᠤᠯᠭ᠎ᠠ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠲᠥᠯᠥᠭᠡᠯᠡᠭᠴᠢ ᠶᠢᠨ ᠬᠠᠤᠯᠢ ᠶᠢ ᠰᠠᠶᠢᠲᠤᠷ ᠰᠤᠷᠤᠯᠴᠠᠨ ᠰᠠᠶᠢᠲᠤᠷ ᠬᠡᠷᠡᠭᠵᠢᠭᠦᠯᠵᠦ᠂ ᠬᠠᠤᠯᠢ ᠪᠠᠷ ᠵᠠᠰᠠᠬᠤ ᠵᠠᠮ ᠳᠡᠭᠡᠷ᠎ᠡ ᠲᠥᠯᠥᠭᠡᠯᠡᠭᠴᠢᠳ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠦᠢᠯᠡᠳᠦᠯ ᠢ ᠭᠦᠢᠴᠡᠳ ᠪᠠᠳᠠᠷᠠᠭᠤᠯᠬᠤ ᠲᠤᠬᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠲᠥᠯᠥᠭᠡᠯᠡᠭᠴᠢᠳ ᠤᠨ ᠠᠵᠢᠯ ᠤᠨ ᠴᠢᠳᠠᠪᠤᠷᠢ ᠶᠢᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ᠂ ᠦᠢᠯᠡᠳᠦᠯ ᠢᠶᠠᠨ ᠪᠠᠳᠠᠷᠠᠭᠤᠯᠬᠤ ᠳᠤ ᠲᠠᠪᠴᠠᠩ ᠪᠠᠶᠢᠭᠤᠯᠵᠤ᠂ ᠨᠥᠬᠦᠴᠡᠯ ᠪᠦᠷᠢᠯᠳᠦᠭᠦᠯᠬᠦ ᠬᠡᠷᠡᠭᠲᠡᠢ ᠭᠡᠵᠦ ᠱᠠᠭᠠᠷᠳᠠᠪᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ