ᠮᠠᠨ ᠤ ᠤᠷᠤᠨ ᠴᠥᠭᠡᠨ ᠲᠣᠭᠠᠲᠤ ᠦᠨᠳᠦᠰᠦᠲᠡᠨ ᠤ ᠬᠥᠭᠵᠢᠬᠦᠯᠤᠯᠲᠡ ᠶᠢᠨ ᠪᠠᠯᠠ ᠮᠥᠩᠭᠦ ᠶᠢ 7.22 ᠳ᠋ᠦᠩᠰᠢᠭᠤᠷ ᠲᠥᠭᠦᠷᠢᠭ ᠪᠠᠭᠤᠯᠭᠠᠨ 623 ᠲᠥᠷᠥᠯ ᠵᠦᠢᠯ ᠢ ᠬᠡᠷᠡᠭᠵᠢᠭᠦᠯᠪᠠ
ᠨᠡᠶᠢᠲᠡᠯᠡᠭᠰᠡᠨ ᠴᠠᠭ᠄
2025/3/31

 

      ᠦᠪᠠᠷᠲᠠᠬᠡᠨ ᠵᠠᠰᠠᠬᠤ ᠤᠷᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠠᠴᠠ ᠤᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠳᠤ ᠮᠠᠨ ᠤ ᠤᠷᠤᠨ ᠴᠥᠭᠡᠨ ᠲᠣᠭᠠᠲᠤ ᠦᠨᠳᠦᠰᠦᠲᠡᠨ ᠤ ᠬᠥᠭᠵᠢᠬᠦᠯᠦᠯᠲᠡ ᠶᠢᠨ ᠪᠠᠯᠠ ᠮᠥᠩᠭᠦ ᠶᠢ ᠰᠠᠶᠢᠲᠤᠷ ᠬᠠᠮᠢᠶᠠᠷᠤᠨ ᠰᠠᠶᠢᠲᠤᠷ ᠬᠡᠷᠡᠭᠯᠡᠵᠦ᠂ ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠬᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠶᠡᠭᠡ ᠪᠠᠷ ᠠᠬᠢᠭᠤᠯᠤᠨ᠂ ᠦᠨᠳᠦᠰᠦᠲᠡᠨ ᠨᠦᠭᠦᠳ ᠤᠨ ᠨᠡᠶᠢᠭᠡᠮ ᠵᠢᠷᠤᠮᠳᠤ ᠣᠳᠣᠬᠢᠴᠢᠯᠠᠯᠲᠠ ᠶᠢ ᠬᠠᠮᠲᠤ ᠪᠠᠷ ᠪᠡᠶᠡᠯᠡᠭᠦᠯᠬᠦ ᠶᠢ ᠯᠠᠪᠳᠠᠭᠤᠨ ᠪᠠᠲᠤᠲᠠᠶ ᠠᠬᠢᠭᠤᠯᠵᠤ᠂ ᠨᠢᠳᠤᠨᠤᠨ ᠲᠦᠪ ᠤᠨ ᠪᠠ ᠦᠪᠡᠷᠳᠡᠬᠡᠨ ᠵᠠᠰᠠᠬᠤ ᠤᠷᠤᠨ ᠤ ᠴᠥᠭᠡᠨ ᠲᠣᠭᠠᠲᠤ ᠦᠨᠳᠦᠰᠦᠲᠡᠨ ᠤ ᠬᠥᠭᠵᠢᠬᠦᠯᠤᠯᠲᠡ ᠶᠢᠨ ᠪᠠᠯᠠ ᠮᠥᠩᠭᠦ ᠶᠢ ᠨᠡᠶᠢᠲᠡ 7.22 ᠳ᠋ᠦᠩᠰᠢᠭᠤᠷ ᠲᠥᠭᠦᠷᠢᠭ ᠪᠠᠭᠤᠯᠭᠠᠵᠦ᠂ 623 ᠲᠥᠷᠥᠯ ᠵᠦᠢᠯ ᠢ ᠬᠡᠷᠡᠭᠵᠢᠭᠦᠯᠪᠠ᠃

      ᠠᠷᠠᠳ ᠤᠨ ᠠᠮᠢᠳᠤᠷᠠᠯ ᠢ ᠰᠠᠶᠢᠵᠢᠷᠠᠭᠤᠯᠵᠦ ᠰᠡᠳᠬᠢᠯ ᠢ ᠨᠢᠬᠳᠠᠷᠠᠭᠤᠯᠪᠠ᠃ 2024 ᠣᠨ ᠳᠤ᠂ ᠦᠪᠠᠷᠲᠠᠬᠡᠨ ᠵᠠᠰᠠᠬᠤ ᠤᠷᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠰᠢᠨ᠎ᠡ ᠴᠠᠭ ᠦᠶ᠎ᠡ ᠶᠢᠨ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠡᠯ᠎ᠡ ᠡᠭᠦᠷᠭᠡ ᠴᠢᠳᠠᠪᠬᠢᠲᠤ ᠰᠠᠯᠠᠭ᠎ᠠ ᠮᠥᠴᠢᠷ ᠢ ᠵᠣᠬᠢᠴᠠᠭᠤᠯᠵᠤ ᠬᠢᠯᠢ ᠬᠢᠵᠠᠭᠠᠷ ᠣᠷᠣᠨ ᠤ ᠬᠦᠭᠵᠢᠯᠳᠡ ᠶᠢ ᠬᠦᠴᠦᠯᠡᠨ ᠠᠬᠢᠭᠤᠯᠪᠠ᠃ ᠬᠢᠯᠢ ᠬᠢᠵᠠᠭᠠᠷ ᠣᠷᠣᠨ ᠤ ︽ᠤᠰᠤ ᠴᠠᠬᠢᠯᠭᠠᠨ ᠵᠠᠮ ᠴᠢᠮᠡᠭᠡ ᠬᠤᠯᠪᠣᠭ᠎ᠠ︾ ᠶᠢᠨ ᠰᠠᠭᠤᠷᠢ ᠲᠦᠬᠦᠬᠡᠷᠤᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠦ᠂ ᠬᠢᠯᠢ ᠳᠠᠭᠠᠤ ᠨᠢᠭᠡᠳᠦᠭᠡᠷ ᠹᠷᠣᠨᠲ ᠲᠤ 590 ᠬᠤᠳᠳᠤᠭ ᠮᠠᠯᠳᠠᠨ᠂ 124 ᠤᠰᠤᠨ ᠵᠣᠭᠤᠷᠢ ᠪᠠᠶᠢᠭᠤᠯᠵᠤ᠂ 114 ᠺᠢᠯᠣᠮᠧᠲᠷ ᠬᠤᠭᠤᠯᠠᠶ ᠲᠤᠤᠷ ᠳᠡᠪᠢᠰᠴᠦ᠂ 2.8 ᠲᠦᠮᠡ ᠭᠠᠷᠤᠶ ᠬᠥᠮᠦᠨ ᠳᠤ ᠠᠰᠢᠭ ᠬᠦᠷᠲᠡᠭᠡᠪᠡ︔ 3231 ᠺᠢᠯᠣᠮᠧᠲᠷ ᠤᠨ ᠴᠠᠬᠢᠯᠭᠠᠨ ᠬᠠᠩᠭᠠᠬᠤ ᠱᠤᠭᠤᠮ ᠢ ᠰᠢᠨ᠎ᠡ ᠪᠠᠷ ᠪᠠᠶᠢᠭᠤᠯᠤᠬᠰᠠᠨ ᠪᠠ ᠥᠭᠡᠷᠡᠴᠢᠯᠡᠨ ᠪᠠᠶᠢᠭᠤᠯᠵᠤ᠂ 1.26 ᠲᠦᠮᠡᠨ ᠮᠠᠯᠵᠢᠬᠤ ᠲᠠᠷᠢᠶᠠᠯᠠᠬᠤ ᠡᠷᠦᠬᠡ ᠳᠤ ᠰᠠᠯᠬᠢᠨ ᠬᠦᠴᠤᠨ ᠭᠡᠷᠡᠯᠴᠢ ᠴᠡᠨᠡᠭ ᠢ ᠬᠠᠷᠢᠯᠴᠠᠨ ᠨᠥᠬᠦᠪᠥᠷᠢᠯᠡᠬᠦ ᠲᠥᠬᠦᠭᠡᠷᠦᠮᠵᠢ ᠤᠭᠰᠠᠷᠠᠵᠡᠢ︔ ᠵᠠᠰᠠᠮᠠᠯ ᠵᠠᠮ ᠢ 492 ᠺᠢᠯᠣᠮᠧᠲᠷ ᠨᠡᠪᠲᠡᠷᠡᠭᠦᠯᠵᠦ᠂ ᠬᠢᠯᠢ ᠬᠢᠵᠠᠭᠠᠷ ᠤᠨ ᠰᠠᠭᠤᠷᠢ ᠥᠷᠲᠡᠭᠡ ᠶᠢ 198 ᠪᠠᠶᠢᠭᠤᠯᠵᠤ᠂ ᠭᠡᠷᠡᠯᠴᠢ ᠲᠠᠳᠠᠯᠠᠭ᠎ᠠ ᠶᠢ 1845 ᠺᠢᠯᠣᠮᠧᠲᠷ ᠳᠡᠪᠢᠰᠴᠦ᠂ ᠬᠢᠯᠢ ᠬᠢᠵᠠᠭᠠᠷ ᠣᠷᠣᠨ ᠤ ᠰᠠᠭᠤᠷᠢ ᠲᠦᠭᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠲᠠᠰᠤᠷᠠᠯᠲᠠ ᠥᠬᠡᠶ ᠴᠢᠩᠭᠠᠳᠬᠠᠪᠠ︔ ᠬᠢᠯᠢ ᠬᠢᠵᠠᠭᠠᠷ ᠣᠷᠣᠨ ᠤ ᠴᠥᠭᠡᠨ ᠲᠣᠭᠠᠲᠤ ᠦᠨᠳᠦᠰᠦᠲᠡᠨ ᠤ ᠬᠥᠭᠵᠢᠬᠦᠯᠤᠯᠲᠡ ᠶᠢᠨ ᠪᠠᠯᠠ ᠮᠥᠩᠭᠦ ᠶᠢ 2.68 ᠳ᠋ᠦᠩᠰᠢᠭᠤᠷ ᠲᠥᠭᠦᠷᠢᠭ ᠪᠠᠭᠤᠯᠭᠠᠨ᠂ 182 ᠲᠥᠷᠥᠯ ᠵᠦᠢᠯ ᠢ ᠬᠡᠷᠡᠭᠵᠢᠭᠦᠯᠵᠤ᠂ ᠬᠢᠯᠢ ᠬᠢᠵᠠᠭᠠᠷ ᠣᠷᠣᠨ ᠤ ᠤᠨᠴᠠᠯᠢᠭᠳᠤ ᠳᠠᠷᠢᠵᠤ ᠲᠡᠵᠢᠭᠡᠬᠦ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠨ᠂ ᠬᠢᠯᠢ ᠬᠢᠵᠠᠭᠠᠷ ᠤᠨ ᠦᠨᠳᠦᠰᠦᠲᠡᠨ ᠤ ᠰᠣᠶᠣᠯ ᠪᠠ ᠬᠥᠳᠡᠭᠡ ᠲᠣᠰᠬᠤᠨ ᠤ ᠵᠢᠭᠤᠯᠴᠢᠯᠠᠯ ᠤᠨ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ 37.42 ᠲᠦᠮᠡᠨ ᠠᠷᠠᠳ ᠣᠯᠠᠨ ᠳᠤ ᠰᠢᠭᠤᠳ ᠠᠰᠢᠭ ᠬᠦᠷᠲᠡᠭᠡᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠦᠢᠯᠡᠳᠪᠦᠷᠢᠯᠡᠯ ᠢᠶᠠᠨ ᠬᠦᠭᠵᠢᠬᠦᠯᠤᠨ ᠣᠷᠣᠯᠭ᠎ᠠ ᠪᠠᠨ ᠨᠡᠮᠡᠭᠳᠡᠭᠦᠯᠬᠦ ᠶᠢ ᠬᠦᠴᠦᠲᠡᠶ ᠳᠡᠮᠵᠢᠵᠠᠢ᠃

      ᠰᠠᠭᠤᠷᠢ ᠶᠢ ᠪᠠᠬᠢᠵᠢᠬᠦᠯᠦᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠪᠠ᠃ ᠣᠶᠢᠷ᠎ᠠ ᠶᠢᠨ ᠵᠢᠯ ᠳᠤ᠂ ᠦᠪᠡᠷᠳᠡᠬᠡᠨ ᠵᠠᠰᠠᠬᠤ ᠤᠷᠤᠨ ᠠᠴᠠ ᠴᠥᠭᠡᠨ ᠲᠣᠭᠠᠲᠤ ᠦᠨᠳᠦᠰᠦᠲᠡᠨ ᠤ ᠬᠥᠭᠵᠢᠬᠦᠯᠦᠯᠲᠡ ᠶᠢᠨ ᠪᠠᠯᠠ ᠮᠥᠩᠭᠦ ᠳᠤ ᠲᠦᠰᠢᠭᠯᠡᠨ ᠣᠯᠭᠤᠶᠠ ᠡᠸᠡᠩᠬᠢ ᠦᠨᠳᠦᠰᠦᠲᠡᠨ ᠤ ᠰᠢᠶᠠᠩ ᠤᠨ ᠴᠠ ᠪᠤᠭᠤ ᠶᠢᠨ ᠠᠵᠤ ᠦᠢᠯᠡᠰ᠂ ᠡᠯᠧᠺᠲᠷᠣᠨ ᠬᠤᠳᠠᠯᠳᠤᠭᠠᠨ ᠤ ᠠᠵᠤ ᠦᠢᠯᠡᠰ᠂ ᠤᠨᠴᠠᠯᠢᠬᠳᠤ ᠭᠠᠷ ᠤᠷᠠᠯᠠᠯ ᠤᠨ ᠠᠵᠤ ᠦᠢᠯᠡᠰ᠂ ᠵᠢᠭᠤᠯᠴᠢᠯᠠᠯ ᠤᠨ ᠦᠢᠯᠡᠰ ᠵᠡᠷᠭᠡ ᠲᠠᠯ᠎ᠠ ᠶᠢᠨ ᠶᠡᠷᠦᠩᠬᠡᠶᠢᠯᠡᠭᠰᠡᠨ ᠬᠥᠭᠵᠢᠯᠲᠡ ᠶᠢ ᠶᠡᠭᠡ ᠪᠠᠷ ᠠᠬᠢᠭᠤᠯᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠤᠷᠤᠨ ᠨᠤᠲᠤᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠭᠰᠠᠨ ᠠᠴᠠ ᠦᠨᠳᠦᠰᠦᠲᠡᠨ ᠨᠦᠭᠦᠳ ᠤᠨ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠲᠩᠷᠢ ᠭᠠᠵᠠᠷ ᠢ ᠳᠣᠩᠰᠣᠯᠭᠠᠮ᠎ᠠ ᠬᠤᠪᠢᠷᠠᠯᠲᠠ ᠭᠠᠷᠴᠠᠶ᠃

      2024 ᠣᠨ ᠳᠤ ᠣᠯᠭᠤᠶᠠ ᠡᠸᠡᠩᠬᠢ ᠦᠨᠳᠦᠰᠦᠲᠡᠨ ᠤ ᠰᠢᠶᠠᠩ ᠴᠥᠭᠡᠨ ᠲᠣᠭᠠᠲᠤ ᠦᠨᠳᠦᠰᠦᠲᠡᠨ ᠤ ᠬᠥᠭᠵᠢᠬᠦᠯᠦᠯᠲᠡ ᠶᠢᠨ ᠪᠠᠯᠠ ᠮᠥᠩᠭᠦ ᠳᠤ ᠲᠦᠰᠢᠭᠯᠡᠨ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠬᠥᠭᠵᠢᠯᠲᠡ ᠶᠢᠨ ᠲᠥᠪ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠨᠳᠦᠰᠦᠲᠡᠨ ᠤ ᠣᠨᠴᠠᠯᠢᠭᠲᠤ ᠠᠵᠤ ᠦᠢᠯᠡᠰ ᠤᠨ ᠬᠡᠷᠡᠭᠯᠡᠭᠡ ᠶᠢ ᠬᠠᠪᠰᠤᠷᠤᠨ ᠲᠡᠳᠬᠦᠬᠦ ᠲᠥᠪ ᠢ ᠢᠵᠢ ᠪᠦᠷᠢᠳᠦᠭᠦᠯᠦᠨ ᠪᠠᠶᠢᠭᠤᠯᠵᠤ᠂ ᠦᠨᠳᠦᠰᠦᠲᠡᠨ ᠨᠦᠭᠦᠳ ᠤᠨ ᠵᠠᠯᠠᠭᠤᠴᠤᠳ ᠪᠠ ᠦᠢᠯᠡᠰ ᠪᠤᠰᠬᠠᠭᠴᠢᠳ ᠰᠢᠭᠤᠳ ᠨᠡᠪᠳᠡᠷᠡᠭᠦᠯᠭᠡ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠨ ᠣᠯᠭᠤᠶᠠ ᠡᠸᠡᠩᠬᠢ ᠦᠨᠳᠦᠰᠦᠲᠡᠨ ᠤ ᠰᠢᠶᠠᠩ ᠤᠨ ᠳᠦᠷᠢ ᠲᠥᠷᠬᠦ ᠶᠢ ᠳᠡᠯᠭᠡᠨ ᠦᠵᠡᠭᠦᠯᠵᠦ᠂ ᠰᠣᠶᠣᠯ ᠵᠢᠭᠤᠯᠴᠢᠯᠠᠯ ᠢ ᠭᠦᠨᠵᠡᠭᠡᠶ ᠠᠭᠤᠰᠤᠯᠴᠠᠭᠤᠯᠪᠠ᠃ ᠨᠤᠲᠤᠭ ᠤᠨ ᠠᠷᠠᠳ ᠶᠢᠦ ᠲᠠ᠄ ︽ᠳᠡᠭᠡᠷ᠎ᠡ ᠱᠠᠲᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠬᠦᠴᠦᠲᠡᠶ ᠳᠡᠮᠵᠢᠯᠭᠡ ᠳᠤᠤᠷ᠎ᠠ᠂ ᠰᠢᠶᠠᠩ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠪᠢᠳᠡᠨ ᠳᠤ ᠲᠠᠪᠴᠠᠩ ᠪᠠᠶᠢᠭᠤᠯᠤᠨ ᠦᠭᠴᠡᠢ᠃ ᠪᠢᠳᠡ ᠰᠢᠭᠤᠳ ᠨᠡᠪᠲᠡᠷᠡᠭᠦᠯᠭᠡ ᠶᠢᠨ ᠲᠠᠰᠤᠭ ᠢᠶᠠᠷ ᠳᠠᠮᠵᠢᠨ ᠪᠥᠬᠦ ᠤᠯᠤᠰ ᠤᠨ ᠡᠯ᠎ᠡ ᠭᠠᠵᠠᠷ ᠤᠨ ᠨᠠᠶᠢᠵᠠ ᠨᠠᠷ ᠲᠤ ᠡᠸᠡᠩᠬᠢᠴᠤᠳ ᠤᠨ ᠰᠣᠶᠣᠯ ᠢ ᠮᠡᠳᠡᠷᠡᠭᠦᠯᠵᠦ ᠪᠠᠶᠢᠨ᠎ᠠ︾ ᠬᠡᠵᠤ ᠪᠠᠶᠠᠷᠳᠠᠶᠢᠬᠠᠨ ᠬᠡᠯᠡᠪᠡ᠃

      2024 ᠣᠨ ᠳᠤ ᠮᠠᠨ ᠤ ᠤᠷᠤᠨ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠴᠥᠭᠡᠨ ᠲᠣᠭᠠᠲᠤ ᠦᠨᠳᠦᠰᠦᠲᠡᠨ ᠤ ᠬᠥᠭᠵᠢᠬᠦᠯᠤᠯᠲᠡ ᠶᠢᠨ ᠪᠠᠯᠠ ᠮᠥᠩᠭᠦ ᠶᠢ ᠨᠡᠶᠢᠲᠡ 7.22 ᠳ᠋ᠦᠩᠰᠢᠭᠤᠷ ᠲᠥᠭᠦᠷᠢᠭ ᠪᠠᠭᠤᠯᠭᠠᠵᠠᠢ᠃ ᠡᠭᠦᠨ ᠳᠤ ᠤᠯᠤᠰ ᠵᠢᠴᠢ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠢ ᠬᠠᠪᠰᠤᠷᠤᠨ ᠲᠡᠳᠬᠦᠬᠦ 15 ᠬᠤᠰᠢᠭᠤ ᠰᠢᠶᠠᠨ ᠳᠤ ᠴᠥᠭᠡᠨ ᠲᠣᠭᠠᠲᠤ ᠦᠨᠳᠦᠰᠦᠲᠡᠨ ᠤ ᠬᠥᠭᠵᠢᠬᠦᠯᠤᠯᠲᠡ ᠶᠢᠨ ᠪᠠᠯᠠ ᠮᠥᠩᠭᠦ ᠶᠢ 1.31 ᠳ᠋ᠦᠩᠰᠢᠭᠤᠷ ᠲᠥᠭᠦᠷᠢᠭ ᠪᠠᠭᠤᠯᠭᠠᠵᠤ᠂ ᠪᠠᠯᠠ ᠮᠥᠩᠭᠦ ᠶᠢᠨ ᠶᠡᠷᠦᠩᠬᠡᠶ ᠲᠣᠭᠠᠨ ᠤ 18.14% ᠶᠢ ᠡᠵᠡᠯᠡᠵᠦ᠂ 20 ᠬᠢᠯᠢ ᠶᠢᠨ ᠬᠤᠰᠢᠭᠤ ᠬᠤᠲᠠ ᠲᠣᠭᠤᠷᠢᠭ ᠲᠤ ᠴᠥᠭᠡᠨ ᠲᠣᠭᠠᠲᠤ ᠦᠨᠳᠦᠰᠦᠲᠡᠨ ᠤ ᠬᠥᠭᠵᠢᠬᠦᠯᠤᠯᠲᠡ ᠶᠢᠨ ᠪᠠᠯᠠ ᠮᠥᠩᠭᠦ ᠶᠢ 2.68 ᠳ᠋ᠦᠩᠰᠢᠭᠤᠷ ᠲᠥᠭᠦᠷᠢᠭ ᠪᠠᠭᠤᠯᠭᠠᠵᠤ᠂ ᠪᠥᠬᠦ ᠪᠠᠯᠠ ᠮᠥᠩᠭᠦ ᠶᠢᠨ 37.12% ᠢ ᠡᠵᠡᠯᠡᠪᠡ᠃

      ᠪᠠᠯᠠ ᠮᠥᠩᠭᠦ ᠶᠢ ᠭᠤᠤᠯᠳᠠᠭᠤ ᠰᠢᠨ᠎ᠡ ᠴᠠᠭ ᠦᠶ᠎ᠡ ᠶᠢᠨ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ᠂ ᠣᠷᠣᠰᠢᠨ ᠰᠠᠭᠤᠷᠢᠰᠢᠵᠤ ᠦᠢᠯᠡᠰ ᠪᠦᠳᠦᠬᠡᠬᠦ ᠳᠤ ᠲᠣᠬᠢᠷᠠᠮᠵᠢᠲᠠᠶ ᠪᠠ ᠦᠵᠡᠰᠭᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ᠂ ᠦᠨᠳᠦᠰᠦᠲᠡᠨ ᠤ ᠭᠠᠷ ᠦᠢᠯᠡᠳᠪᠦᠷᠢ ᠶᠢᠨ ᠠᠭᠤᠰᠤᠯᠴᠠᠨ ᠰᠢᠨ᠎ᠡ ᠶᠢ ᠡᠭᠦᠳᠦᠨ ᠬᠥᠭᠵᠢᠬᠦ ᠶᠢ ᠳᠡᠮᠵᠢᠬᠦ ᠵᠡᠷᠭᠡ ᠳᠤ ᠬᠡᠷᠡᠭᠯᠡᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠵᠠᠢ᠃

      ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠵᠦ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠪᠠ᠃ 2024 ᠣᠨ ᠳᠤ ᠤᠯᠤᠰ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠠᠴᠠ ᠬᠦᠬᠡᠬᠤᠲᠠ ᠶᠢᠨ ᠰᠠᠶᠢᠬᠠᠨ ᠲᠣᠭᠤᠷᠢᠭ ᠢ ᠪᠥᠬᠦ ᠤᠯᠤᠰ ᠤᠨ ᠬᠠᠮᠲᠤ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠭᠠᠵᠠᠷ ᠣᠷᠣᠨ ᠤ ᠨᠢᠭᠡ ᠪᠠᠷ ᠲᠣᠭᠲᠠᠭᠠᠪᠠ᠃ ᠣᠳᠣᠬᠠᠨ ᠳᠤ᠂ ᠮᠠᠨ ᠤ ᠤᠷᠤᠨ ᠳᠤ ᠬᠥᠬᠡᠬᠤᠲᠠ ᠶᠢᠨ ᠰᠠᠶᠢᠬᠠᠨ ᠲᠣᠭᠤᠷᠢᠭ᠂ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠤᠯᠠᠭᠠᠨᠬᠠᠳᠠ ᠬᠤᠲᠠ ᠶᠢᠨ ᠪᠠᠭᠠᠷᠢᠨ ᠪᠠᠷᠠᠭᠤᠨ ᠬᠤᠰᠢᠭᠤ ᠶᠢ ᠤᠯᠤᠰ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠠᠴᠠ ᠪᠥᠬᠦ ᠤᠯᠤᠰ ᠤᠨ ᠬᠠᠮᠲᠤ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠭᠠᠵᠠᠷ ᠣᠷᠣᠨ ᠢᠶᠠᠷ ᠲᠣᠭᠲᠠᠭᠠᠵᠤ᠂ 3 ᠬᠤᠰᠢᠭᠤ ᠲᠣᠭᠤᠷᠢᠭ ᠡᠯ᠎ᠡ ᠵᠦᠢᠯ ᠤᠨ ᠲᠤᠷᠰᠢᠯᠲᠠ ᠶᠢᠨ ᠴᠡᠭ ᠤᠨ ᠡᠭᠦᠷᠭᠡ ᠶᠢ ᠯᠠᠪᠳᠠᠭᠤᠨ ᠪᠠᠲᠤᠲᠠᠶ ᠠᠬᠢᠭᠤᠯᠵᠤ᠂ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠢᠳᠡᠪᠬᠢᠲᠡᠶ ᠪᠠᠳᠠᠷᠠᠭᠤᠯᠤᠨ᠂ ᠬᠠᠮᠲᠤ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢᠨ ᠰᠢᠨ᠎ᠡ ᠠᠬᠢᠴᠠ ᠲᠠᠢ ᠪᠣᠯᠬᠤ ᠶᠢ ᠦᠷᠭᠦᠯᠵᠢᠯᠡᠨ ᠠᠬᠢᠭᠤᠯᠵᠤ ᠪᠤᠢ᠃

      2024 ᠣᠨ ᠳᠤ᠂ ᠦᠪᠠᠷᠲᠠᠬᠡᠨ ᠵᠠᠰᠠᠬᠤ ᠤᠷᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠠᠴᠠ 27 ᠦᠵᠡᠰᠭᠦᠯᠡᠩᠲᠦ ᠰᠠᠶᠢᠬᠠᠨ ᠬᠥᠳᠡᠭᠡ ᠲᠣᠰᠬᠤᠨ ᠤ ᠲᠤᠷᠰᠢᠯᠲᠠ ᠶᠢᠨ ᠬᠤᠰᠢᠭᠤ ᠰᠢᠶᠠᠠ ︵ᠬᠤᠲᠠ᠂ ᠲᠤᠭᠤᠷᠢᠭ︶ ᠢ ᠰᠣᠩᠭᠤᠨ ᠲᠣᠭᠲᠠᠭᠠᠵᠤ᠂ ᠦᠨᠳᠦᠰᠦᠲᠡᠨ ᠤ ᠠᠶᠢᠯ ᠲᠣᠰᠬᠤᠨ ᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠬᠤ ᠴᠢᠬᠤᠯᠠ ᠬᠤᠯᠪᠣᠭᠠᠰᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠴᠢᠬᠤᠯᠠ ᠣᠷᠣᠨ ᠵᠠᠶ ᠪᠤᠯᠭᠠᠵᠦ᠂ ᠣᠷᠣᠰᠢᠨ ᠰᠠᠭᠤᠷᠢᠰᠢᠵᠤ ᠦᠢᠯᠡᠰ ᠪᠦᠲᠦᠭᠡᠬᠦ ᠳᠤ ᠲᠣᠬᠢᠷᠠᠮᠵᠢᠲᠠᠶ ᠪᠠ ᠦᠵᠡᠰᠭᠦᠯᠡᠩᠲᠦ ᠰᠠᠶᠢᠬᠠᠨ ᠬᠥᠳᠡᠭᠡ ᠲᠣᠰᠬᠤᠨ ᠢ ᠬᠦᠴᠦᠯᠡᠨ ᠪᠠᠶᠢᠭᠤᠯᠵᠤ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠠᠢ᠃

      ᠮᠠᠨ ᠤ ᠤᠷᠤᠨ ᠤ ᠡᠯ᠎ᠡ ᠱᠠᠲᠤᠨ ᠤ ᠦᠨᠳᠦᠰᠦᠲᠡᠨ ᠤ ᠠᠵᠢᠯ ᠤᠨ ᠰᠠᠯᠠᠭ᠎ᠠ ᠮᠥᠴᠢᠷ ᠤᠨ ᠬᠢᠨ ᠬᠦᠴᠢᠷᠳᠡᠯᠲᠡᠶ ᠣᠯᠠᠨ ᠲᠦᠮᠡᠨ ᠤ ᠳᠤᠮᠳᠠ ᠳᠤᠤᠷ᠎ᠠ ᠹᠯᠣᠷᠲᠤ ᠴᠠᠶ ᠤᠤᠭᠤᠬᠤ ᠠᠵᠢᠯᠯᠠᠭ᠎ᠠ ᠥᠷᠨᠢᠭᠦᠯᠬᠦ ᠲᠤᠬᠠᠶ ᠤᠯᠤᠰ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠵᠡᠷᠭᠡ ᠰᠠᠯᠠᠭ᠎ᠠ ᠮᠥᠴᠢᠷ ᠤᠨ ᠠᠵᠢᠯ ᠤᠨ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ︽ᠴᠠᠶ ᠶᠢ ᠡᠷᠦᠬᠡ ᠳᠤ ᠬᠦᠷᠭᠡᠬᠦ︾ ᠠᠵᠢᠯᠯᠠᠭ᠎ᠠ ᠶᠢ ᠢᠳᠡᠪᠬᠢᠲᠡᠶ ᠥᠷᠨᠢᠭᠦᠯᠪᠡ᠃ 2024 ᠣᠨ ᠳᠤ ᠴᠠᠶ ᠬᠦᠷᠭᠡᠬᠦ ᠠᠵᠢᠯᠯᠠᠭ᠎ᠠ ᠶᠢ 142 ᠲᠠᠯᠠᠪᠤᠷ ᠤᠳᠠᠭ᠎ᠠ ᠥᠷᠨᠢᠭᠦᠯᠵᠦ᠂ 863.81 ᠲᠦᠮᠡᠨ ᠲᠥᠭᠦᠷᠢᠭ ᠤᠨ ᠪᠠᠯᠠ ᠮᠥᠩᠭᠦ ᠣᠷᠣᠭᠤᠯᠤᠨ᠂ ᠳᠤᠤᠷ᠎ᠠ ᠹᠯᠣᠷᠲᠤ ᠴᠠᠶ ᠶᠢ 184.55 ᠲᠣᠨ ᠲᠠᠷᠬᠠᠭᠠᠵᠤ᠂ ᠦᠨᠳᠦᠰᠦᠲᠡᠨ ᠨᠦᠭᠦᠳ ᠤᠨ 3.89 ᠲᠦᠮᠡᠨ ᠬᠦᠴᠢᠷᠳᠡᠯᠲᠡᠶ ᠣᠯᠠᠨ ᠲᠦᠮᠡᠨ ᠳᠤ ᠨᠠᠮ ᠪᠠ ᠤᠯᠤᠰ ᠤᠨ ᠬᠠᠶᠢᠷ᠎ᠠ ᠬᠠᠯᠠᠮᠵᠢ ᠶᠢ ᠬᠦᠷᠲᠡᠭᠡᠵᠦ᠂ ᠳᠤᠤᠷ᠎ᠠ ᠹᠯᠣᠷᠲᠤ ᠴᠠᠶ ᠶᠢ ︽ᠰᠡᠳᠭᠢᠯ ᠢ ᠳᠤᠯᠠᠭᠠᠴᠠᠭᠤᠯᠬᠤ ᠴᠠᠶ︾᠂ ︽ᠪᠦᠯᠬᠦᠮᠳᠡᠯ ᠤᠨ ᠴᠠᠶ︾ ᠪᠣᠯᠭᠠᠵᠤ᠂ ᠹᠯᠣᠷᠲᠤ ᠡᠪᠡᠳᠴᠢᠨ ᠢ ᠤᠷᠢᠳᠴᠢᠯᠠᠨ ᠰᠡᠷᠭᠡᠶᠢᠯᠡᠬᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠲᠠᠯ᠎ᠠ ᠪᠠᠷ ᠢᠳᠡᠪᠬᠢ ᠦᠢᠯᠡᠳᠦᠯ ᠦᠵᠡᠭᠦᠯᠵᠠᠢ᠃

      ᠦᠪᠠᠷᠲᠠᠬᠡᠨ ᠵᠠᠰᠠᠬᠤ ᠤᠷᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ᠂ ᠦᠪᠠᠷᠲᠠᠬᠡᠨ ᠵᠠᠰᠠᠬᠤ ᠤᠷᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠬᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠬᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠬᠥᠮᠦᠰ ᠤᠨ ᠰᠡᠳᠭᠢᠯ ᠢ ᠨᠢᠭᠲᠠᠷᠠᠭᠤᠯᠬᠤ ᠶᠢ ᠢᠮᠠᠭᠲᠠ ᠴᠥᠭᠡᠨ ᠲᠣᠭᠠᠲᠤ ᠦᠨᠳᠦᠰᠦᠲᠡᠨ ᠤ ᠬᠥᠭᠵᠢᠬᠦᠯᠤᠯᠲᠡ ᠶᠢᠨ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢᠨ ᠵᠣᠷᠢᠯᠲᠠ ᠪᠠ ᠲᠤᠰᠤᠯᠳᠠ ᠪᠣᠯᠭᠠᠨ᠂ ᠬᠥᠭᠵᠢᠯᠲᠡ ᠶᠢᠨ ᠦᠷ᠎ᠡ ᠪᠦᠲᠦᠭᠡᠯ ᠢ ᠠᠬᠢᠭᠤᠯᠵᠤ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠡᠷᠬᠡ ᠲᠡᠭᠰᠢ ᠪᠠᠷ ᠬᠦᠷᠲᠡᠭᠡᠵᠦ᠂ ᠦᠨᠳᠦᠰᠦᠲᠡᠨ ᠨᠦᠭᠦᠳ ᠤᠨ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠬᠠᠮᠲᠤ ᠪᠠᠷ ᠪᠡᠶᠡᠯᠡᠭᠦᠯᠬᠦ ᠶᠢ ᠯᠠᠪᠳᠠᠭᠤᠨ ᠪᠠᠲᠤᠲᠠᠢ ᠠᠬᠢᠭᠤᠯᠤᠨ᠎ᠠ ᠭᠡᠵᠦ ᠢᠯᠡᠳᠭᠡᠪᠡ᠃

      

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ