|
ᠬᠥᠬᠡᠬᠤᠲᠠ ᠶᠢᠨ ᠬᠢᠨ ᠲᠥᠰᠦᠯ ᠨᠡᠶᠢᠲᠡᠯᠡᠨ ᠭᠠᠷᠭᠠᠵᠤ ᠡᠮᠴᠢᠯᠡᠭᠡᠨ ᠤ ᠪᠠᠶᠢᠭᠤᠯᠤᠮᠵᠢ ᠶᠢᠨ ︽ᠰᠠᠳᠤᠨ ᠲᠥᠷᠥᠯ ᠤᠨ ᠣᠷᠣᠯᠴᠠᠭ᠎ᠠ ᠦᠭᠡᠢ ᠬᠠᠷᠠᠭᠠᠯᠵᠠᠨ | ᠠᠰᠠᠷᠠᠬᠤ ᠦᠢᠯᠡᠴᠢᠯᠡᠭᠡ︾ ᠶᠢᠨ ᠲᠤᠷᠰᠢᠯᠲᠠ ᠶᠢᠨ ᠴᠡᠭ ᠤᠨ ᠠᠵᠢᠯ ᠢ ᠡᠬᠢᠯᠡᠭᠦᠯᠪᠡ |
|
|
ᠨᠡᠶᠢᠲᠡᠯᠡᠭᠰᠡᠨ ᠴᠠᠭ᠄
2025/3/31
|
|
ᠬᠥᠬᠡᠬᠤᠲᠠ ᠲᠥᠰᠦᠯ ᠨᠡᠶᠢᠲᠡᠯᠡᠨ ᠭᠠᠷᠭᠠᠵᠤ᠂ ᠡᠮᠴᠢᠯᠡᠭᠡᠨ ᠤ ᠪᠠᠶᠢᠭᠤᠯᠤᠮᠵᠢ ᠶᠢᠨ ︽ᠰᠠᠳᠤᠨ ᠲᠥᠷᠥᠯ ᠤᠨ ᠣᠷᠣᠯᠴᠠᠭ᠎ᠠ ᠦᠭᠡᠢ ᠬᠠᠷᠠᠭᠠᠯᠵᠠᠨ ᠠᠰᠠᠷᠠᠬᠤ ᠦᠢᠯᠡᠴᠢᠯᠡᠭᠡ︾ ᠶᠢᠨ ᠲᠤᠷᠰᠢᠯᠲᠠ ᠶᠢᠨ ᠴᠡᠭ ᠤᠨ ᠠᠵᠢᠯ ᠢ ᠡᠬᠢᠯᠡᠭᠦᠯᠪᠡ᠃ ᠲᠥᠰᠦᠯ ᠳᠤ᠂ ᠡᠨᠡ ᠵᠢᠯ ᠤᠨ 4 ᠳ᠋ᠦ᠋ᠭᠡᠷ ᠰᠠᠷ᠎ᠠ ᠪᠣᠯᠲᠠᠯ᠎ᠠ᠂ ᠬᠥᠬᠡᠬᠤᠲᠠ ᠳᠠᠬᠢ ᠭᠤᠷᠪᠠᠳᠤᠭᠠᠷ ᠳᠡᠰ ᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠴᠥᠮ ︽ᠰᠠᠳᠤᠨ ᠲᠥᠷᠥᠯ ᠤᠨ ᠣᠷᠣᠯᠴᠠᠭ᠎ᠠ ᠦᠭᠡᠢ ᠬᠠᠷᠠᠭᠠᠯᠵᠠᠨ ᠠᠰᠠᠷᠠᠬᠤ︾ ᠲᠤᠷᠰᠢᠯᠲᠠ ᠶᠢᠨ ᠴᠡᠭ ᠤᠨ ᠡᠪᠡᠳᠴᠢᠲᠡᠨ ᠤ ᠥᠷᠥᠭᠡ ᠪᠠᠶᠢᠭᠤᠯᠵᠤ᠂ ᠬᠠᠮᠢᠶ᠎ᠠ ᠪᠦᠬᠦᠢ ᠦᠢᠯᠡᠴᠢᠯᠡᠭᠡᠨ ᠤ ᠵᠢᠷᠤᠮᠵᠢᠯ᠂ ᠠᠵᠢᠯᠯᠠᠭᠠᠨ ᠪᠠ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠵᠤ᠂ ᠰᠤᠪᠢᠯᠠᠭᠴᠢ ᠪᠠ ᠠᠰᠠᠷᠠᠭᠴᠢ ᠶᠢᠨ ᠬᠠᠮᠲᠤ ᠪᠠᠷ ᠪᠦᠷᠢᠯᠳᠦᠭᠦᠯᠦᠭᠰᠡᠨ ᠠᠰᠠᠷᠠᠭᠴᠢᠳ ᠤᠨ ᠡᠩᠨᠡᠭᠡ ᠶᠢ ᠪᠦᠷᠢᠯᠳᠦᠭᠦᠯᠦᠨ᠎ᠡ᠃ 2025 ᠣᠨ ᠤ ᠡᠴᠦᠰ ᠪᠣᠯᠬᠤ ᠳᠤ᠂ ᠨᠥᠬᠦᠴᠡᠯ ᠲᠠᠢ ᠬᠤᠶᠠᠳᠤᠭᠠᠷ ᠳᠡᠰ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠳᠤ ︽ᠰᠠᠳᠤᠨ ᠲᠥᠷᠥᠯ ᠤᠨ ᠣᠷᠣᠯᠴᠠᠭ᠎ᠠ ᠦᠭᠡᠢ ᠬᠠᠷᠠᠭᠠᠯᠵᠠᠨ ᠠᠰᠠᠷᠠᠬᠤ︾ ᠲᠤᠷᠰᠢᠯᠲᠠ ᠶᠢᠨ ᠴᠡᠭ ᠤᠨ ᠡᠪᠡᠳᠴᠢᠲᠡᠨ ᠤ ᠥᠷᠥᠭᠡ ᠭᠠᠷᠭᠠᠵᠤ᠂ ︽ᠰᠠᠳᠤᠨ ᠲᠥᠷᠥᠯ ᠤᠨ ᠣᠷᠣᠯᠴᠠᠭ᠎ᠠ ᠦᠭᠡᠢ ᠬᠠᠷᠠᠭᠠᠯᠵᠠᠨ ᠠᠰᠠᠷᠠᠬᠤ ᠦᠢᠯᠡᠴᠢᠯᠡᠭᠡ︾ ᠶᠢ ᠥᠷᠨᠢᠭᠦᠯᠦᠨ᠎ᠡ᠃ 2026 ᠣᠨ ᠤ ᠡᠴᠦᠰ ᠪᠣᠯᠬᠤ ᠳᠤ᠂ ᠡᠮᠴᠢᠯᠡᠭᠡᠨ ᠤ ᠠᠰᠠᠷᠠᠭᠴᠢᠳ ᠢ ᠤᠯᠠᠮ ᠨᠢᠭᠡ ᠠᠯᠬᠤᠮ ᠠᠵᠢᠯ ᠮᠡᠷᠭᠡᠵᠢᠯᠰᠢᠭᠦᠯᠬᠦ᠂ ᠵᠢᠷᠤᠮᠵᠢᠭᠤᠯᠬᠤ ᠪᠠ ᠲᠤᠰᠬᠠᠶᠢᠵᠢᠭᠤᠯᠵᠤ᠂ ᠰᠤᠪᠢᠯᠠᠯᠲᠠ ᠶᠢᠨ ᠦᠢᠯᠡᠴᠢᠯᠡᠭᠡᠨ ᠤ ᠬᠢᠷᠢ ᠲᠦᠪᠰᠢᠨ ᠢ ᠡᠮᠨᠡᠯᠭᠡ ᠶᠢᠨ ᠬᠤᠷᠢᠶ᠎ᠠ᠂ ᠡᠪᠡᠳᠴᠢᠲᠡᠨ ᠤ ᠬᠡᠷᠡᠭᠴᠡᠭᠡ ᠯᠦᠭᠡ ᠬᠠᠷᠢᠯᠴᠠᠨ ᠵᠣᠬᠢᠴᠠᠭᠤᠯᠵᠤ᠂ ᠡᠮᠨᠡᠯᠭᠡ ᠳᠤ ᠰᠠᠭᠤᠭᠰᠠᠨ ᠡᠪᠡᠳᠴᠢᠲᠡᠨ ᠤ ᠬᠠᠨᠤᠮᠵᠢ ᠶᠢᠨ ᠬᠡᠮᠵᠢᠶ᠎ᠡ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ ᠭᠡᠵᠦ ᠲᠤᠳᠤᠷᠬᠠᠢ ᠲᠣᠭᠲᠠᠭᠠᠪᠠ᠃ ᠲᠥᠰᠦᠯ ᠳᠤ᠂ ᠬᠥᠬᠡᠬᠤᠲᠠ ᠳᠠᠬᠢ ᠭᠤᠷᠪᠠᠳᠤᠭᠠᠷ ᠳᠡᠰ ᠤᠨ ᠠᠯᠪᠠᠨ ᠠᠴᠠ ᠪᠠᠶᠢᠭᠤᠯᠤᠭᠰᠠᠨ ᠪᠦᠬᠦ ᠡᠮᠨᠡᠯᠭᠡ ᠶᠢᠨ ᠬᠤᠷᠢᠶᠠᠨ ᠳᠤ ︽ᠰᠠᠳᠤᠨ ᠲᠥᠷᠥᠯ ᠤᠨ ᠣᠷᠣᠯᠴᠠᠭ᠎ᠠ ᠦᠭᠡᠢ ᠬᠠᠷᠠᠭᠠᠯᠵᠠᠨ ᠠᠰᠠᠷᠠᠬᠤ︾ ᠲᠤᠷᠰᠢᠯᠲᠠ ᠶᠢᠨ ᠴᠡᠭ ᠤᠨ ᠡᠪᠡᠳᠴᠢᠲᠡᠨ ᠤ ᠥᠷᠥᠭᠡ ᠭᠠᠷᠭᠠᠵᠤ᠂ ᠥᠪᠡᠰᠦᠪᠡᠨ ᠶᠠᠪᠤᠵᠤ ᠰᠠᠭᠤᠵᠤ ᠳᠡᠶᠢᠯᠬᠦ ᠦᠭᠡᠢ ᠡᠪᠡᠳᠴᠢᠲᠡᠨ ᠢ ᠤᠷᠢᠳ ᠢᠶᠠᠷ ᠪᠣᠳᠣᠯᠬᠢᠯᠠᠵᠤ᠂ ︽ᠰᠠᠳᠤᠨ ᠲᠥᠷᠥᠯ ᠤᠨ ᠣᠷᠣᠯᠴᠠᠭ᠎ᠠ ᠦᠭᠡᠢ ᠬᠠᠷᠠᠭᠠᠯᠵᠠᠨ ᠠᠰᠠᠷᠠᠬᠤ ᠦᠢᠯᠡᠴᠢᠯᠡᠭᠡ︾ ᠶᠢᠨ ᠬᠡᠷᠡᠭᠴᠡᠭᠡ ᠨᠡᠯᠢᠶᠡᠳ ᠴᠢᠩᠭ᠎ᠠ ᠪᠠᠶᠢᠬᠤ ᠡᠪᠡᠳᠴᠢᠲᠡᠨ ᠤ ᠲᠣᠭᠤᠷᠢᠭ ᠢ ᠲᠤᠷᠰᠢᠯᠲᠠ ᠶᠢᠨ ᠴᠡᠭ ᠪᠣᠯᠭᠠᠨ᠎ᠠ᠂ ᠭᠤᠷᠪᠠᠳᠤᠭᠠᠷ ᠲᠠᠰ ᠤᠨ ᠡᠮᠨᠡᠯᠭᠡ ᠶᠢᠨ ᠬᠤᠷᠢᠶ᠎ᠠ ᠨᠢᠭᠡᠪᠦᠷᠢ ᠨᠢ ᠠᠳᠠᠭ ᠲᠤ ᠪᠠᠨ 1 ᠡᠪᠡᠳᠴᠢᠲᠡᠨ ᠤ ᠲᠣᠭᠤᠷᠢᠭ ᠲᠤ ᠡᠨᠡ ᠬᠦ ᠠᠵᠢᠯ ᠢ ᠥᠷᠨᠢᠭᠦᠯᠦᠨ᠎ᠡ᠂ ᠡᠭᠦᠨ ᠳᠤ ᠭᠤᠷᠪᠠᠳᠤᠭᠠᠷ ᠲᠠᠰ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠨᠢ ᠠᠳᠠᠭ ᠲᠤ ᠪᠠᠨ 3 ᠡᠪᠡᠳᠴᠢᠲᠡᠨ ᠤ ᠲᠣᠭᠤᠷᠢᠭ ᠢ ᠲᠣᠭᠲᠠᠭᠠᠵᠤ ᠬᠡᠷᠡᠭᠵᠢᠭᠦᠯᠦᠨ᠎ᠡ᠂ ICU᠂ ᠶᠠᠰᠤᠨ ᠤ ᠡᠮᠴᠢᠯᠡᠭᠡᠨ ᠤ ᠰᠠᠯᠠᠭ᠎ᠠ᠂ ᠨᠠᠰᠤᠲᠠᠶᠢᠴᠤᠳ ᠤᠨ ᠡᠪᠡᠳᠴᠢᠨ ᠤ ᠰᠠᠯᠠᠭ᠎ᠠ᠂ ᠮᠡᠳᠡᠷᠡᠯ ᠤᠨ ᠡᠪᠡᠳᠴᠢᠨ ᠤ ᠳᠣᠲᠣᠷ ᠰᠠᠯᠠᠭ᠎ᠠ ᠵᠡᠷᠭᠡ ᠡᠪᠡᠳᠴᠢᠨ ᠤ ᠲᠠᠰᠤᠭ ᠢᠶᠠᠷ ᠭᠤᠣᠯᠳᠠᠭᠤᠯᠤᠨ᠎ᠠ᠂ ᠪᠤᠰᠤᠳ ᠰᠠᠯᠠᠭ᠎ᠠ ᠲᠠᠰᠤᠭ ᠢ ᠰᠣᠩᠭᠤᠵᠤ ᠥᠷᠨᠢᠭᠦᠯᠦᠭᠰᠡᠨ ᠴᠤ ᠪᠣᠯᠤᠨ᠎ᠠ᠃ ᠲᠤᠷᠰᠢᠯᠲᠠ ᠶᠢᠨ ᠴᠡᠭ ᠤᠨ ᠡᠪᠡᠳᠴᠢᠲᠡᠨ ᠤ ᠲᠣᠭᠤᠷᠢᠭ ᠲᠤ 10% ᠶᠢᠨ ᠡᠪᠡᠳᠴᠢᠲᠡᠨ ᠤ ᠥᠷᠥᠭᠡ ᠶᠢ ︽ᠰᠠᠳᠤᠨ ᠲᠥᠷᠥᠯ ᠤᠨ ᠣᠷᠣᠯᠴᠠᠭ᠎ᠠ ᠦᠭᠡᠢ ᠬᠠᠷᠠᠭᠠᠯᠵᠠᠨ ᠠᠰᠠᠷᠠᠭᠤᠯᠬᠤ︾ ᠡᠪᠡᠳᠴᠢᠲᠡᠳ ᠢ ᠭᠥᠯᠢᠶᠡᠨ ᠠᠪᠴᠤ ᠡᠮᠴᠢᠯᠡᠬᠦ ᠳᠤ ᠬᠡᠷᠡᠭᠯᠡᠨ᠂ ᠡᠪᠡᠳᠴᠢᠲᠡᠨ ︽ᠰᠠᠳᠤᠨ ᠲᠥᠷᠥᠯ ᠤᠨ ᠣᠷᠣᠯᠴᠠᠭ᠎ᠠ ᠦᠭᠡᠢ ᠬᠠᠷᠠᠭᠠᠯᠵᠠᠨ ᠠᠰᠠᠷᠠᠬᠤ ᠦᠢᠯᠡᠴᠢᠯᠡᠭᠡ︾ ᠭᠥᠯᠢᠶᠡᠨ ᠠᠪᠬᠤ ᠡᠰᠡᠬᠦ ᠶᠢ ᠰᠣᠩᠭᠤᠭᠤᠯᠵᠣ᠂ ᠪᠣᠳᠠᠲᠠᠶ ᠪᠠᠶᠢᠳᠠᠯ ᠢ ᠦᠨᠳᠦᠰᠦᠯᠡᠨ ︽ᠰᠠᠳᠤᠨ ᠲᠥᠷᠥᠯ ᠤᠨ ᠣᠷᠣᠯᠴᠠᠭ᠎ᠠ ᠦᠭᠡᠢ ᠬᠠᠷᠠᠭᠠᠯᠵᠠᠨ ᠠᠰᠠᠷᠠᠬᠤ︾ ᠡᠪᠡᠳᠴᠢᠲᠡᠨ ᠤ ᠥᠷᠥᠭᠡ ᠶᠢᠨ ᠬᠠᠷᠢᠴᠠᠯ ᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ ᠭᠡᠵᠦ ᠳᠤᠷᠠᠳᠪᠠ᠃ ︵ᠬᠥᠬᠡᠬᠤᠲᠠ ᠶᠢᠨ ᠵᠠᠰᠠᠭ ᠤᠨ ᠣᠷᠳᠣᠨ︶ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|