ᠣᠷᠳᠣᠰ ᠬᠤᠲᠠ ᠶᠢᠨ ᠡᠮᠴᠢᠯᠡᠭᠡᠨ ᠤ ᠪᠠᠶᠢᠭᠤᠯᠤᠮᠵᠢ ᠨᠤᠭᠤᠳ DeepSeek ᠤᠨ ᠲᠣᠮᠣ ᠵᠠᠭᠪᠤᠷ ᠢ ᠣᠷᠣᠭᠤᠯᠤᠨ ᠠᠪᠴᠢᠷᠠᠭᠠᠳ ᠡᠮᠴᠢᠯᠡᠭᠡᠨ ᠤ ᠬᠦᠷᠢᠶᠡᠨ ᠳᠠᠬᠢ ᠣᠶᠤᠨᠴᠢᠯᠠᠭᠰᠠᠨ ᠬᠡᠷᠡᠭᠯᠡᠯᠲᠡ ᠶᠢ ᠬᠠᠶᠢᠨ ᠰᠦᠪᠡᠭᠴᠢᠯᠡᠵᠦ ᠪᠣᠢ
ᠨᠡᠶᠢᠲᠡᠯᠡᠭᠰᠡᠨ ᠴᠠᠭ᠄
2025/3/4

      ᠣᠷᠳᠣᠰ ᠬᠤᠲᠠ ᠶᠢᠨ ᠡᠮᠴᠢᠯᠡᠭᠡᠨ ᠤ ᠪᠠᠶᠢᠭᠤᠯᠤᠮᠵᠢ ᠨᠤᠭᠤᠳ DeepSeek ᠤᠨ ᠲᠣᠮᠣ ᠵᠠᠭᠪᠤᠷ ᠢ ᠣᠷᠣᠭᠤᠯᠤᠨ ᠠᠪᠴᠢᠷᠠᠵᠤ᠂ ᠡᠮᠴᠢᠯᠡᠭᠡᠨ ᠤ ᠬᠦᠷᠢᠶᠡᠨ ᠳᠠᠬᠢ ᠣᠶᠤᠨᠴᠢᠯᠠᠭᠰᠠᠨ ᠬᠡᠷᠡᠭᠯᠡᠯᠲᠡ ᠶᠢ ᠬᠠᠶᠢᠨ ᠰᠦᠪᠡᠭᠴᠢᠯᠡᠵᠦ ᠪᠠᠶᠢᠨ᠎ᠠ᠃ ᠣᠶᠢᠷ᠎ᠠ ᠳᠤ᠂ ᠳ᠋ᠦᠩᠱᠧᠩ ᠲᠣᠭᠤᠷᠢᠭ ᠤᠨ ᠬᠠᠨᠲᠠᠢ ᠭᠤᠣᠯ ᠡᠷᠡᠭᠦᠯ ᠬᠠᠮᠠᠭᠠᠯᠠᠯ ᠤᠨ ᠬᠤᠷᠢᠶ᠎ᠠ ᠨᠢ DeepSeek-R1 ᠲᠣᠮᠣ ᠵᠠᠭᠪᠤᠷ ᠢ ᠵᠠᠯᠭᠠᠨ ᠣᠷᠤᠭᠤᠯᠵᠤ᠂ ᠲᠣᠮᠣ ᠵᠠᠭᠪᠤᠷ ᠤᠨ ᠮᠡᠷᠭᠡᠵᠢᠯ ᠢ ᠦᠨᠳᠦᠰᠦᠨ ᠱᠠᠲᠤᠨ ᠤ ᠡᠮᠴᠢᠯᠡᠭᠡᠨ ᠤ ᠦᠢᠯᠡᠴᠢᠯᠡᠭᠡ ᠳᠤ ᠬᠡᠷᠡᠭᠯᠡᠭᠰᠡᠨ ᠪᠦᠬᠦ ᠤᠯᠤᠰ ᠲᠠᠬᠢ ᠠᠩᠬᠠᠳᠠᠭᠴᠢ ᠡᠮᠴᠢᠯᠡᠭᠡᠨ ᠤ ᠪᠠᠶᠢᠭᠤᠯᠤᠮᠵᠢ ᠪᠣᠯᠪᠠ᠂ ᠡᠷᠡᠭᠦᠯ ᠬᠠᠮᠠᠭᠠᠯᠠᠯ ᠤᠨ ᠬᠤᠷᠢᠶᠠᠨ ᠤ ᠡᠮᠴᠢᠯᠡᠭᠡᠨ ᠤ ᠲᠤᠭ᠎ᠠ ᠪᠠᠷᠢᠮᠲᠠ᠂ ᠭᠤᠷᠪᠠᠳᠤᠭᠠᠷ ᠳᠡᠰ ᠤᠨ ᠬᠥᠬᠡ ᠳᠡᠰ ᠤᠨ ᠣᠷᠣᠶᠢᠯᠠᠭᠰᠠᠨ ᠡᠮᠨᠡᠯᠭᠡ ᠶᠢᠨ ᠬᠤᠷᠢᠶᠠᠨ ᠤ ᠲᠤᠰᠬᠠᠢ ᠮᠡᠷᠭᠡᠵᠢᠯᠲᠡᠳ ᠤᠨ ᠬᠤᠷᠠᠮᠳᠤᠭᠤᠯᠤᠭᠰᠠᠨ ᠮᠡᠳᠡᠯᠭᠡ ᠶᠢᠨ ᠬᠥᠮᠥᠷᠭᠡ ᠵᠢᠴᠢ ᠪᠠᠢ ᠮᠦ ᠳ᠋ᠢᠭᠢᠲᠴᠢᠯᠡᠭᠰᠡᠨ ᠣᠶᠣᠨ ᠤ ᠡᠮᠴᠢᠯᠡᠭᠡᠨ ᠤ AI ᠮᠡᠷᠭᠡᠵᠢᠯ ᠤᠨ ᠴᠢᠳᠠᠪᠤᠷᠢ ᠶᠢ ᠭᠦᠨᠵᠡᠭᠡᠢ ᠠᠭᠤᠰᠤᠯᠴᠠᠭᠤᠯᠬᠤ ᠪᠠᠷ ᠳᠠᠮᠵᠢᠭᠤᠯᠤᠨ᠂ ᠰᠠᠭᠤᠭᠠᠯᠢ ᠠᠷᠠᠳ ᠲᠤ ᠪᠦᠬᠦ ᠠᠮᠢ ᠨᠠᠰᠤᠨ ᠤ ᠦᠶᠡᠯᠡᠯ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢ ᠬᠠᠩᠭᠠᠪᠠ᠃ ᠬᠤᠲᠠ ᠶᠢᠨ ᠮᠣᠩᠭᠤᠯ ᠡᠮᠨᠡᠯᠭᠡ ᠶᠢᠨ ᠬᠤᠷᠢᠶ᠎ᠠ ᠨᠢ DeepSeek-R1 ᠲᠣᠮᠣ ᠵᠠᠭᠪᠤᠷ ᠪᠠ ᠲᠧᠩ ᠰᠢᠶᠦ᠋ᠨ ᠡᠮᠴᠢᠯᠡᠭᠡᠨ ᠤ ᠲᠣᠮᠣ ᠵᠠᠭᠪᠤᠷ ᠢ ᠵᠠᠯᠭᠠᠨ ᠣᠷᠣᠭᠤᠯᠵᠤ᠂ ᠡᠪᠡᠳᠴᠢᠨ ᠤ ᠠᠰᠠᠭᠤᠯᠭ᠎ᠠ᠂ ᠡᠮ ᠤᠨ ᠵᠣᠷ᠂ ᠡᠪᠡᠳᠴᠢᠨ ᠤ ᠵᠢᠱᠢᠶ᠎ᠡ ᠵᠡᠷᠭᠡ ᠣᠨᠣᠰᠢᠯᠠᠨ ᠡᠮᠨᠡᠬᠦ ᠪᠥᠬᠦ ᠶᠠᠪᠤᠴᠠ ᠶᠢᠨ ᠲᠤᠭ᠎ᠠ ᠪᠠᠷᠢᠮᠲᠠ ᠪᠠ DeepSeek-R1 ᠲᠣᠮᠣ ᠵᠠᠭᠪᠤᠷ ᠤᠨ ᠴᠠᠭ ᠲᠤᠬᠠᠶ ᠳᠤ ᠨᠢ ᠬᠠᠷᠢᠭᠤ ᠲᠤᠰᠬᠠᠬᠤ ᠶᠢ ᠭᠦᠨᠵᠡᠭᠡᠢ ᠡᠮᠬᠢᠯᠡᠬᠦ ᠪᠠᠷ ᠳᠠᠮᠵᠢᠭᠤᠯᠤᠨ᠂ ᠡᠮᠴᠢᠯᠡᠭᠡᠨ ᠤ ᠲᠤᠰᠠᠯᠠᠬᠤ ᠰᠢᠢᠳᠪᠦᠷᠢᠲᠦ ᠪᠣᠳᠣᠯᠭ᠎ᠠ᠂ ᠡᠮ ᠤᠨ ᠵᠣᠷ ᠤᠨ ᠬᠢᠨᠠᠨ ᠬᠠᠷᠭᠤᠭᠤᠯᠤᠯᠲᠠ᠂ ᠡᠪᠡᠳᠴᠢᠨ ᠤ ᠲᠡᠥᠭᠡ ᠶᠢᠨ ᠲᠡᠮᠳᠡᠭᠯᠡᠯ ᠢ ᠴᠢᠨᠠᠷᠯᠢᠭ ᠡᠵᠡᠮᠳᠡᠬᠦ ᠵᠡᠷᠭᠡ ᠣᠶᠣᠨᠴᠢᠯᠠᠭᠰᠠᠨ ᠡᠮᠴᠢᠯᠡᠭᠡᠨ ᠤ ᠰᠢᠢᠳᠪᠦᠷᠢᠲᠦ ᠪᠣᠳᠣᠯᠭ᠎ᠠ ᠶᠢᠨ ᠳᠡᠮᠵᠢᠯᠭᠡ ᠶᠢᠨ ᠲᠣᠭᠲᠠᠯᠴᠠᠭ᠎ᠠ ᠶᠢ ᠪᠣᠶ ᠪᠣᠯᠭᠠᠪᠠ︔ ᠬᠠᠩᠭᠢᠨ ᠬᠤᠰᠢᠭᠤᠨ ᠤ ᠮᠣᠩᠭᠤᠯ ᠡᠮᠨᠡᠯᠭᠡ ᠶᠢᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠨᠢ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠰᠢᠰᠲ᠋ᠧᠮ ︵HIS︶᠂ ᠲᠤᠷᠰᠢᠯᠲᠠ ᠶᠢᠨ ᠲᠠᠰᠤᠭ ᠤᠨ ᠮᠡᠳᠡᠭᠡ ᠵᠠᠩᠭᠢ ᠶᠢᠨ ᠰᠢᠰᠲ᠋ᠧᠮ ︵LIS︶ ᠵᠢᠴᠢ ᠡᠪᠡᠳᠴᠢᠨ ᠤ ᠲᠡᠦᠬᠡ ᠶᠢᠨ ᠲᠡᠮᠳᠡᠭᠯᠡᠯ ᠤᠨ ᠡᠯᠧᠺᠲᠷᠣᠨ ᠰᠢᠰᠲ᠋ᠧᠮ ︵EMR︶ ᠢ DeepSeek-R1 ᠣᠶᠤᠨᠴᠢ ᠰᠢᠰᠲ᠋ᠧᠮ ᠯᠦᠭᠡ ᠵᠣᠯᠭᠠᠭᠤᠯᠵᠤ᠂ ᠡᠮᠴᠢᠯᠡᠭᠡᠨ ᠤ ᠣᠨᠣᠰᠢᠯᠠᠨ ᠡᠮᠨᠡᠬᠦ᠂ ᠡᠮ ᠤᠨ ᠵᠣᠷ ᠤᠨ ᠬᠠᠮᠢᠶᠠᠷᠤᠯᠲᠠ᠂ ᠡᠪᠡᠳᠴᠢᠨ ᠤ ᠵᠢᠱᠢᠶ᠎ᠡ ᠶᠢ ᠴᠢᠨᠠᠷᠯᠢᠭ ᠡᠵᠡᠮᠳᠡᠬᠦ ᠵᠡᠷᠭᠡ ᠭᠤᠷᠪᠠᠨ ᠶᠡᠭᠡ ᠭᠤᠤᠯ ᠠᠬᠤᠶ ᠪᠠᠶᠢᠳᠠᠯ ᠢ ᠤᠶᠤᠨᠴᠢᠯᠠᠨ ᠲᠠᠰ ᠳᠡᠪᠰᠢᠭᠦᠯᠬᠦ ᠶᠢ ᠪᠡᠶᠡᠯᠡᠭᠦᠯᠪᠡ︔ ᠣᠲᠤᠭ ᠤᠨ ᠡᠮᠦᠨᠡᠲᠦ ᠬᠤᠰᠢᠭᠤᠨ ᠤ ᠮᠣᠩᠭᠤᠯ ᠡᠮᠨᠡᠯᠭᠡ ᠶᠢᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠨᠢ DeepSeek-R1 ᠪᠣᠯᠤᠨ ᠲᠧᠩ ᠰᠢᠶᠦ᠋ᠨ ᠡᠮᠴᠢᠯᠡᠭᠡᠨ ᠤ ᠲᠣᠮᠣ ᠵᠠᠭᠪᠤᠷ ᠢ ᠵᠠᠯᠭᠠᠨ ᠣᠷᠤᠭᠤᠯᠵᠤ᠂ ᠲᠤᠶᠢᠯ ᠤᠨ ᠣᠬᠤᠷᠬᠠᠨ ᠬᠤᠭᠤᠴᠠᠭᠠᠨ ᠳᠤ ᠡᠪᠡᠳᠴᠢᠲᠡᠨ ᠤ ᠡᠪᠡᠳᠴᠢᠨ ᠤ ᠪᠠᠶᠢᠳᠠᠯ ᠢ ᠳᠦᠷᠰᠦᠯᠡᠬᠦ᠂ ᠥᠩᠭᠡᠷᠡᠭᠰᠡᠨ ᠤ ᠡᠪᠡᠳᠴᠢᠯᠡᠭᠰᠡᠨ ᠲᠡᠦᠬᠡ᠂ ᠡᠯ᠎ᠡ ᠵᠦᠢᠯ ᠤᠨ ᠪᠠᠶᠢᠴᠠᠭᠠᠯᠲᠠ ᠶᠢᠨ ᠦᠷ᠎ᠡ ᠳ᠋ᠦᠩ ᠵᠡᠷᠭᠡ ᠣᠯᠠᠨ ᠲᠠᠯᠠᠲᠤ ᠮᠡᠳᠡᠭᠡ ᠵᠠᠩᠭᠢ ᠶᠢ ᠵᠠᠳᠠᠯᠵᠤ᠂ ᠡᠮᠴᠢ ᠨᠠᠷ ᠲᠤ ᠪᠦᠬᠦ ᠲᠠᠯ᠎ᠠ ᠶᠢᠨ ᠪᠥᠭᠡᠳ ᠣᠨᠣᠪᠴᠢᠲᠠᠢ ᠣᠨᠣᠰᠢᠯᠠᠬᠤ ᠳᠤ ᠨᠢ ᠰᠠᠨᠠᠭᠤᠯᠭ᠎ᠠ ᠬᠠᠩᠭᠠᠬᠤ ᠪᠣᠯᠤᠨ᠎ᠠ᠃ ︵ᠤᠷᠳᠤᠰ ᠬᠤᠳᠠ ᠶᠢᠨ ᠵᠠᠰᠠᠭ ᠤᠨ ᠣᠷᠳᠣᠨ︶

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ