|
ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠪᠥᠬᠦ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ | ᠵᠠᠰᠠᠭ ᠤᠨ ᠶᠠᠪᠤᠳᠠᠯ ᠤᠨ ᠮᠣᠩᠭᠤᠯ ᠰᠦᠯᠵᠢᠶᠡᠨ ᠴᠤᠭᠯᠠᠷᠠᠯ ᠤᠨ ᠠᠭᠤᠯᠭ᠎ᠠ ᠶᠢᠨ ᠬᠠᠮᠢᠶᠠᠷᠤᠯᠲᠠ ᠶᠢᠨ ᠰᠢᠰᠲ᠋ᠧᠮ ᠢ ᠲᠤᠷᠰᠢᠨ ᠠᠵᠢᠯᠯᠠᠭᠤᠯᠬᠤ ᠪᠣᠯᠪᠠᠰᠤᠷᠠᠯ ᠢ | ᠡᠷᠬᠢᠯᠡᠪᠡ |
|
|
ᠨᠡᠶᠢᠲᠡᠯᠡᠭᠰᠡᠨ ᠴᠠᠭ᠄
2025/3/6
|
|
3 ᠳ᠋ᠤᠭᠠᠷ ᠰᠠᠷ᠎ᠠ ᠶᠢᠨ 4 ᠤ ᠡᠳᠦᠷ᠂ ᠪᠥᠬᠦ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶᠡᠨ ᠴᠤᠭᠯᠠᠷᠠᠯ ᠤᠨ ᠠᠭᠤᠯᠭ᠎ᠠ ᠶᠢᠨ ᠬᠠᠮᠢᠶᠠᠷᠤᠯᠲᠠ ᠶᠢᠨ ᠰᠢᠰᠲ᠋ᠧᠮ ᠢ ᠲᠤᠷᠰᠢᠨ ᠠᠵᠢᠯᠯᠠᠭᠤᠯᠬᠤ ᠪᠣᠯᠪᠠᠰᠤᠷᠠᠯ ᠬᠥᠬᠡᠬᠤᠲᠠ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠡᠷᠬᠢᠯᠡᠭᠴᠢ ᠹᠠᠨ ᠵᠢᠶᠠᠨ ᠬᠤᠸᠠ ᠲᠣᠰ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ 28 ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶᠡᠨ ᠤ ᠬᠠᠮᠢᠶ᠎ᠠ ᠪᠦᠬᠦᠢ ᠬᠠᠷᠢᠭᠤᠴᠠᠯᠭᠠᠲᠠᠨ᠂ ᠠᠵᠢᠯᠲᠠᠨ᠂ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶᠡᠨ ᠤ ᠭᠤᠷᠪᠠᠳᠠᠭᠢ ᠲᠠᠯ᠎ᠠ ᠶᠢᠨ ᠮᠡᠷᠭᠡᠵᠢᠯᠲᠡᠨ ᠵᠡᠷᠭᠡ ᠨᠡᠶᠢᠲᠡ 80 ᠭᠠᠷᠤᠢ ᠬᠥᠮᠥᠨ ᠪᠣᠯᠪᠠᠰᠤᠷᠠᠯ ᠳᠤ ᠣᠷᠣᠯᠴᠠᠵᠠᠢ᠃ 
ᠹᠠᠨ ᠵᠢᠶᠠᠨ ᠬᠤᠸᠠ ᠵᠢᠭᠠᠵᠤ ᠭᠠᠷᠭᠠᠬᠤ ᠳᠤ ᠪᠠᠨ᠂ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶᠡᠨ ᠴᠤᠭᠯᠠᠷᠠᠯ ᠢ ᠨᠡᠭᠡᠭᠡᠨ ᠠᠵᠢᠯᠯᠠᠭᠤᠯᠤᠭᠰᠠᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠭᠤᠷᠪᠠᠨ ᠱᠠᠲᠤᠨ ᠤ ᠵᠠᠰᠠᠭ ᠤᠨ ᠣᠷᠳᠣᠨ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠨᠡᠶᠢᠲᠡ 151 ᠥᠷᠲᠡᠭᠡ ᠴᠡᠭ ᠢ ᠬᠠᠮᠤᠷᠴᠤ᠂ ᠪᠥᠬᠦ ᠣᠷᠣᠨ ᠤ ᠡᠯ᠎ᠡ ᠱᠠᠲᠤᠨ ᠤ ᠵᠠᠰᠠᠭ ᠤᠨ ᠣᠷᠳᠣᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠰᠤᠷᠤᠯᠴᠠᠨ ᠤᠬᠠᠭᠤᠯᠬᠤ᠂ ᠮᠠᠨ ᠤ ᠣᠷᠣᠨ ᠤ ︽ᠨᠢᠭᠡ ᠭᠤᠣᠯ ᠰᠢᠵᠢᠮ ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ᠂ ᠰᠢᠨ᠎ᠡ ᠵᠠᠮ ᠨᠡᠭᠡᠭᠡᠨ ᠳᠤᠮᠳᠠ ᠲᠦᠪᠰᠢᠨ ᠳᠤ ᠳᠠᠪᠰᠢᠬᠤ︾ ᠠᠮᠢᠳᠤᠯᠢᠭ ᠦᠢᠯᠡᠳᠦᠯᠭᠡ ᠪᠠ ᠬᠠᠮᠤᠭ ᠤᠨ ᠰᠢᠨ᠎ᠡ ᠦᠷ᠎ᠡ ᠪᠦᠲᠦᠭᠡᠯ ᠢ ᠲᠥᠪᠯᠡᠷᠡᠭᠦᠯᠦᠨ ᠦᠵᠡᠭᠦᠯᠬᠦ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠴᠢᠩᠭᠠᠳᠬᠠᠬᠤ ᠶᠢᠨ ᠴᠢᠬᠤᠯᠠ ᠲᠠᠪᠴᠠᠩ ᠪᠣᠯᠤᠭᠰᠠᠨ ᠪᠠᠶᠢᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠠᠶᠢᠲᠤᠷ ᠤᠬᠠᠭᠤᠯᠤᠨ ᠲᠠᠶᠢᠯᠪᠤᠷᠢᠯᠠᠬᠤ ᠶᠢ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠠᠨ ᠪᠣᠯᠭᠠᠵᠤ᠂ ᠰᠢᠨ᠎ᠡ ᠪᠠᠶᠢᠳᠠᠯ ᠳᠣᠣᠷᠠᠬᠢ ᠵᠠᠰᠠᠭ ᠤᠨ ᠣᠷᠳᠣᠨ ᠤ ᠰᠦᠯᠵᠢᠶᠡᠨ ᠤ ᠪᠠᠶᠢᠭᠤᠯᠤᠯᠲᠠ ᠪᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶ᠎ᠡ ᠶᠢ ᠰᠠᠶᠢᠲᠤᠷ ᠡᠷᠬᠢᠯᠡᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠢ᠃ ︽ᠨᠢᠭᠡ ᠭᠤᠣᠯ ᠰᠢᠵᠢᠮ ᠢ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠰᠢᠨ᠎ᠡ ᠵᠠᠮ ᠨᠡᠭᠡᠭᠡᠨ ᠳᠤᠮᠳᠠ ᠲᠦᠪᠰᠢᠨ ᠳᠤ ᠳᠠᠪᠰᠢᠬᠤ︾ ᠪᠠᠷ ᠴᠢᠩᠭ᠎ᠠ ᠠᠳᠬᠤᠨ᠂ ᠮᠠᠨ ᠤ ᠣᠷᠣᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ᠂ ︽ᠵᠢᠷᠭᠤᠭᠠᠨ ᠠᠵᠢᠯᠯᠠᠭᠠᠨ︾ ᠢ ᠥᠷᠨᠢᠭᠦᠯᠬᠦ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠ ᠠᠬᠢᠯᠲᠠ ᠶᠢᠨ ᠦᠷ᠎ᠡ ᠪᠦᠲᠦᠮᠵᠢ ᠶᠢ ᠶᠡᠭᠡ ᠪᠠᠷ ᠤᠬᠠᠭᠤᠯᠵᠤ᠂ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶᠡᠨ ᠤ ᠤᠯᠠᠮᠵᠢᠯᠠᠨ ᠳᠡᠯᠭᠡᠷᠡᠭᠦᠯᠬᠦ ᠬᠦᠴᠦᠨ ᠪᠠ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ ᠭᠡᠵᠡᠢ᠃ 
ᠲᠣᠰ ᠪᠣᠯᠪᠠᠰᠤᠷᠠᠯ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶᠠᠨ ᠤ ᠳᠡᠭᠡᠳᠦ ᠵᠡᠷᠭᠡ ᠶᠢᠨ ᠢᠨᠵᠧᠨᠧᠷ ︽ᠵᠠᠰᠠᠭ ᠤᠨ ᠣᠷᠳᠣᠨ ᠤ ᠰᠦᠯᠵᠢᠶ᠎ᠡ ᠬᠢᠭᠡᠳ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠲᠥᠷᠥ ᠶᠢᠨ ᠪᠣᠳᠣᠯᠭ᠎ᠠ ᠶᠢᠨ ᠵᠠᠳᠠᠯᠤᠯᠲᠠ︾ ᠶᠢᠨ ᠲᠣᠭᠤᠷᠢᠨ ᠳᠤ ᠲᠤᠰᠬᠠᠢ ᠰᠡᠳᠦᠪ ᠢᠶᠠᠷ ᠵᠢᠯᠣᠭᠤᠳᠴᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶᠡᠨ ᠤ ᠭᠤᠷᠪᠠᠳᠠᠭᠢ ᠲᠠᠯ᠎ᠠ ᠶᠢᠨ ᠮᠡᠷᠭᠡᠵᠢᠯ ᠤᠨ ᠠᠵᠢᠯᠯᠠᠭᠤᠯᠵᠤ ᠪᠠᠲᠤᠯᠠᠬᠤ ᠪᠦᠯᠬᠦᠮ ᠤᠨ ᠲᠤᠰᠬᠠᠢ ᠮᠡᠷᠭᠡᠵᠢᠯᠲᠡᠨ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶᠡᠨ ᠤ ᠠᠭᠤᠯᠭ᠎ᠠ ᠶᠢᠨ ᠬᠠᠮᠢᠶᠠᠷᠤᠯᠲᠠ ᠶᠢᠨ ᠰᠢᠨ᠎ᠡ ᠰᠢᠰᠲ᠋ᠧᠮ ᠢ ᠬᠡᠷᠡᠭᠯᠡᠬᠦ ᠠᠷᠭ᠎ᠠ ᠪᠠ ᠠᠭᠤᠯᠭ᠎ᠠ ᠶᠢ ᠠᠵᠢᠯᠯᠠᠭᠤᠯᠵᠤ ᠪᠠᠲᠤᠯᠠᠬᠤ ᠴᠤᠪᠤᠷᠠᠯ ᠢ ᠨᠠᠷᠢᠯᠢᠭ ᠲᠠᠶᠢᠯᠪᠤᠷᠢᠯᠠᠭᠰᠠᠨ ᠤ ᠬᠠᠮᠲᠤ ᠰᠠᠯᠠᠭ᠎ᠠ ᠮᠥᠴᠢᠷ ᠤᠨ ᠬᠢᠨ ᠤ ᠵᠠᠰᠠᠭ ᠤᠨ ᠶᠠᠪᠤᠳᠠᠯ ᠤᠨ ᠮᠣᠩᠭᠤᠯ ᠰᠦᠯᠵᠢᠶᠡᠨ ᠤ ᠠᠵᠢᠯᠯᠠᠭᠠᠨ ᠪᠠ ᠬᠠᠮᠢᠶᠠᠷᠤᠯᠲᠠ ᠶᠢᠨ ᠲᠠᠯ᠎ᠠ ᠪᠠᠷ ᠲᠤᠯᠭᠠᠷᠠᠭᠰᠠᠨ ᠠᠰᠠᠭᠤᠳᠠᠯ ᠤᠳ ᠢ ᠲᠤᠬᠠᠢ ᠶᠢᠨ ᠲᠠᠯᠠᠪᠤᠷ ᠲᠤ ᠨᠢ ᠬᠠᠷᠢᠭᠤᠯᠪᠠ᠃ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ ᠤ ᠠᠯᠪᠠᠨ ᠲᠢᠩᠬᠢᠮ
|