ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ
ᠵᠠᠰᠠᠭ ᠤᠨ ᠣᠷᠳᠣᠨ ᠤ ᠠᠯᠪᠠᠨ ᠲᠢᠩᠭᠢᠮ ᠤᠨ ᠪᠢᠴᠢᠭ ᠮᠠᠲ᠋ᠧᠷᠢᠶᠠᠯ
ᠦᠪᠦᠷ ᠵᠠᠰᠠᠭ ᠠᠯᠪᠠᠨ ᠲᠠᠷᠬᠠᠭᠠᠭᠰᠠᠨ ﹇2025﹈ 2 ᠳ᠋ᠤᠭᠠᠷ ᠲᠣᠭᠠᠲᠤ
︽ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠴᠢᠨᠠᠷ ᠰᠠᠶᠢᠲᠠᠶ ᠬᠥᠭᠵᠢᠯᠲᠡ ᠪᠠᠷ ᠮᠥᠰᠥ ᠴᠠᠰᠤᠨ ᠤ ᠠᠵᠤ ᠠᠬᠤᠢ ᠶᠢᠨ
ᠠᠮᠢᠵᠢᠷᠠᠯ ᠤᠨ ᠬᠦᠴᠦᠨ ᠢ ᠬᠥᠭᠵᠢᠭᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠭᠢᠮ ᠤᠨ ᠰᠠᠨᠠᠯ ᠤᠳ︾ ᠢ
ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠭᠤᠣᠯᠳᠠᠯᠭᠠᠲᠤ ᠡᠭᠦᠷᠭᠡ ᠶᠢᠨ ᠲᠤᠳᠤᠷᠬᠠᠢ ᠬᠠᠭᠤᠳᠠᠰᠤ ᠶᠢ ᠳᠠᠷᠤᠮᠠᠯᠯᠠᠨ ᠶᠠᠪᠤᠭᠤᠯᠬᠤ
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄
︽︿ᠮᠥᠰᠥ ᠴᠠᠰᠤᠨ ᠤ ᠲᠠᠮᠢᠷ ᠤᠨ ᠬᠦᠳᠡᠯᠭᠡᠭᠡᠨ ᠤ ᠴᠢᠨᠠᠷ ᠰᠠᠶᠢᠲᠠᠶ ᠬᠥᠭᠵᠢᠯᠲᠡ ᠪᠠᠷ ᠮᠥᠰᠥ ᠴᠠᠰᠤᠨ ᠤ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ ᠤᠳ﹀ ᠢ ᠲᠣᠭᠤᠰᠢᠯᠠᠭᠤᠯᠤᠨ ᠨᠠᠶᠢᠳᠠᠪᠤᠷᠢᠵᠢᠭᠤᠯᠬᠤ ᠭᠤᠣᠯᠳᠠᠯᠭᠠᠲᠤ ᠡᠭᠦᠷᠭᠡ ᠶᠢᠨ ᠲᠤᠳᠤᠷᠬᠠᠢ ᠬᠠᠭᠤᠳᠠᠰᠤ︾ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃
2025 ᠣᠨ ᠤ 1 ᠳ᠋ᠤᠭᠡᠷ ᠰᠠᠷ᠎ᠠ ᠶᠢᠨ 8 ᠤ ᠡᠳᠦᠷ
︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
︽ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠴᠢᠨᠠᠷ ᠰᠠᠶᠢᠲᠠᠶ ᠬᠥᠭᠵᠢᠯᠲᠡ ᠪᠠᠷ ᠮᠥᠰᠥ ᠴᠠᠰᠤᠨ ᠤ ᠠᠵᠤ ᠠᠬᠤᠢ ᠶᠢᠨ
ᠠᠮᠢᠵᠢᠷᠠᠯ ᠤᠨ ᠬᠦᠴᠦᠨ ᠢ ᠬᠥᠭᠵᠢᠭᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ
ᠰᠠᠨᠠᠯ ᠤᠳ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠭᠤᠤᠯᠳᠠᠯᠭ᠎ᠠ ᠪᠣᠯᠬᠤ ᠡᠭᠦᠷᠭᠡ ᠶᠢᠨ ᠲᠤᠳᠤᠷᠬᠠᠢ ᠬᠠᠭᠤᠳᠠᠰᠤ
ᠨᠢᠭᠡ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠥᠷᠨᠢᠨ ᠬᠥᠭᠵᠢᠬᠦ ᠶᠢ ᠠᠬᠢᠭᠤᠯᠤᠨ᠎ᠠ
1. ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢᠶᠠᠷ ᠬᠥᠭᠵᠢᠭᠡᠭᠰᠡᠨ ︽ᠮᠥᠰᠥ ᠴᠠᠰᠤᠨ ᠤ ᠬᠠᠯᠠᠭᠤᠨ ᠦᠷᠨᠢᠯᠲᠡ ᠶᠢᠨ ᠨᠦᠯᠦᠭᠡᠯᠡᠯ︾ ᠢ ᠥᠷᠭᠡᠳᠬᠡᠨ ᠳᠡᠭᠡᠭᠰᠢᠯᠡᠭᠦᠯᠵᠦ᠂ ︽ᠣᠯᠠᠨ ᠲᠦᠮᠡᠨᠴᠢ ᠮᠥᠰᠥ ᠴᠠᠰᠤᠨ ᠤ ᠤᠯᠠᠷᠢᠯ︾ ᠢᠶᠠᠷ ᠭᠤᠤᠯ ᠰᠡᠳᠦᠪ ᠪᠣᠯᠭᠠᠨ᠂ ᠮᠥᠰᠥ ᠴᠠᠰᠤᠨ ᠤ ᠨᠠᠭᠠᠳᠤᠮ᠂ ᠡᠪᠦᠯ ᠤᠨ ᠤᠯᠠᠷᠢᠯ ᠤᠨ ᠪᠠᠭᠠᠲᠤᠷᠴᠤᠳ ᠤᠨ ᠴᠤᠭᠯᠠᠭᠠᠨ᠂ ᠬᠦᠢᠲᠡᠨ ᠤ ᠲᠦᠢᠯ ᠤᠨ ᠮᠠᠷᠠᠰᠤᠨ ᠤᠷᠤᠯᠳᠤᠭᠠᠨ ᠵᠡᠷᠭᠡ ᠥᠪᠡᠷᠮᠢᠴᠡ ᠣᠨᠴᠠᠯᠢᠭ ᠲᠠᠢ ᠮᠥᠰᠥ ᠴᠠᠰᠤᠨ ᠤ ᠨᠠᠷᠠᠲᠤ ᠲᠡᠮᠳᠡᠭ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠮᠥᠰᠥ ᠲᠡᠰᠢᠬᠦ᠂ ᠴᠠᠨᠠᠯᠠᠬᠤ᠂ ᠴᠠᠰᠤᠨ ᠳᠡᠭᠡᠷᠡᠬᠢ ᠬᠥᠯ ᠪᠥᠮᠪᠦᠭᠡ᠂ ᠮᠥᠰᠥᠨ ᠳᠡᠭᠡᠷᠡᠬᠢ ᠯᠤᠤᠲᠤ ᠣᠩᠭᠤᠴᠠ ᠵᠡᠷᠭᠡ ᠣᠯᠠᠨ ᠲᠦᠮᠡᠨ ᠤ ᠳᠡᠷᠭᠡᠳᠡᠬᠢ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢ ᠳᠡᠯᠭᠡᠷᠡᠭᠦᠯᠵᠦ᠂ ᠮᠥᠰᠥ ᠴᠠᠰᠤᠨ ᠤ ᠤᠷᠤᠯᠳᠤᠭᠠᠨ ᠤ ᠶᠠᠪᠤᠳᠠᠯ ᠤᠨ ︽ᠨᠢᠭᠡ ᠭᠠᠵᠠᠷ ᠲᠤ ᠨᠢᠭᠡ ᠨᠡᠷᠡᠲᠦ ᠲᠡᠮᠲᠡᠭ︾ ᠤᠨ ᠪᠠᠶᠢᠭᠤᠯᠤᠯᠲᠠ ᠶᠢ ᠠᠬᠢᠭᠤᠯᠤᠨ᠎ᠠ᠃ ᠮᠥᠰᠥ ᠴᠠᠰᠤᠨ ᠤ ᠲᠥᠷᠥᠯ ᠤᠨ ᠲᠠᠮᠢᠷ ᠤᠨ ᠬᠦᠳᠡᠯᠭᠡᠭᠡᠨ ᠤ ᠨᠡᠶᠢᠭᠡᠮᠯᠢᠭ᠂ ᠺᠯᠦ᠋ᠪ᠂ ᠪᠣᠯᠪᠠᠰᠤᠷᠠᠯ ᠤᠨ ᠪᠠᠶᠢᠭᠤᠯᠤᠮᠵᠢ ᠶᠢ ᠳᠡᠮᠵᠢᠵᠦ ᠪᠠᠶᠢᠭᠠᠳ ᠠᠳᠠᠯᠢ ᠪᠤᠰᠤ ᠨᠠᠰᠤᠨ ᠤ ᠳᠤᠷ᠎ᠠ ᠪᠠᠭ᠋ᠠᠲᠠᠳ ᠲᠤ ᠴᠢᠭᠯᠡᠭᠦᠯᠦᠨ ᠪᠡᠶ᠎ᠡ ᠴᠢᠭᠢᠷᠠᠭᠵᠢᠭᠤᠯᠬᠤ ᠵᠢᠯᠣᠭᠤᠳᠣᠯᠭ᠎ᠠ ᠦᠷᠨᠢᠭᠦᠯᠦᠨ᠂ ︽ᠭᠤᠷᠪᠠᠨ ᠳ᠋ᠦᠩᠰᠢᠭᠤᠷ ᠬᠥᠮᠦᠨ ᠢ ᠳᠠᠶᠢᠴᠢᠯᠠᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠤᠯᠴᠠᠭᠤᠯᠬᠤ︾ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠨ᠎ᠡ᠃ ︵ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ᠂ ᠰᠣᠶᠣᠯ ᠪᠠ ᠵᠢᠭᠤᠯᠴᠢᠯᠠᠯ ᠤᠨ ᠲᠢᠩᠬᠢᠮ ᠬᠠᠷᠢᠭᠤᠴᠠᠨ᠎ᠠ︶
2. ᠨᠥᠬᠦᠴᠡᠯ ᠲᠠᠢ ᠳᠤᠮᠳᠠᠳᠤ ᠪᠠᠭ᠎ᠠ ᠰᠤᠷᠭᠠᠭᠤᠯᠢ ᠨᠤᠭᠤᠳ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢ ᠪᠡᠶ᠎ᠡ ᠶᠢᠨ ᠲᠠᠮᠢᠷ ᠤᠨ ᠬᠢᠴᠢᠶᠡᠯ ᠪᠤᠶᠤ ᠬᠢᠴᠢᠶᠡᠯ ᠤᠨ ᠭᠠᠳᠠᠨᠠᠬᠢ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠪᠠᠨ ᠣᠷᠣᠭᠤᠯᠵᠤ᠂ ᠮᠥᠰᠥ ᠴᠠᠰᠤᠨ ᠤ ᠬᠦᠳᠡᠯᠭᠡᠭᠡᠨ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠶᠢ ᠥᠷᠨᠢᠭᠦᠯᠦᠨ᠂ ᠮᠥᠰᠥ ᠴᠠᠰᠤᠨ ᠤ ᠲᠥᠷᠥᠯ ᠵᠦᠢᠯ ᠤᠨ ᠵᠠᠯᠠᠭᠤᠴᠤᠳ ᠪᠠᠭᠠᠴᠤᠳ ᠤᠨ ᠤᠷᠤᠯᠳᠤᠭᠠᠨ ᠤ ᠶᠠᠪᠤᠳᠠᠯ ᠤᠨ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠵᠦ᠂ ᠡᠯ᠎ᠡ ᠭᠠᠵᠠᠷ ᠤᠨ ᠬᠢᠨ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠡᠪᠦᠯ ᠤᠨ ᠤᠯᠠᠷᠢᠯ ᠳᠠᠬᠢ ᠰᠤᠷᠭᠠᠭᠤᠯᠢ ᠶᠢᠨ ᠬᠦᠷᠢᠶᠡᠨ ᠤ ᠲᠠᠮᠢᠷ ᠤᠨ ᠴᠤᠭᠯᠠᠭᠠᠨ ᠪᠠ ᠰᠤᠷᠭᠠᠭᠤᠯᠢ ᠶᠢᠨ ᠬᠤᠭᠤᠷᠣᠨᠳᠣᠬᠢ ᠬᠤᠯᠪᠣᠭᠠᠲᠤ ᠤᠷᠤᠯᠳᠤᠭᠠᠨ ᠡᠷᠬᠢᠯᠡᠬᠦ ᠶᠢ ᠨᠢ ᠳᠡᠮᠵᠢᠨ᠎ᠡ᠃ ︽ᠪᠡᠶ᠎ᠡ ᠶᠢᠨ ᠲᠠᠮᠢᠷ ᠤᠨ ᠠᠩᠭᠢ ᠶᠢᠨ ᠨᠡᠭᠡᠭᠡᠯᠲᠡᠲᠦ ᠡᠳᠦᠷ︾ ᠤᠨ ᠠᠵᠢᠯᠯᠠᠭ᠎ᠠ ᠶᠢ ᠥᠷᠨᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠮᠥᠰᠥ ᠴᠠᠰᠤᠨ ᠤ ᠬᠦᠳᠡᠯᠭᠡᠭᠡᠨ ᠤ ᠲᠠᠯᠠᠪᠤᠷ ᠣᠷᠳᠣᠨ᠂ ᠪᠣᠯᠪᠠᠰᠤᠷᠠᠯ ᠤᠨ ᠡᠬᠢ ᠪᠠᠶᠠᠯᠢᠭ ᠢ ᠡᠮᠬᠢ ᠵᠢᠷᠤᠮ ᠲᠠᠢ ᠪᠠᠷ ᠵᠠᠯᠠᠭᠤᠴᠤᠳ ᠪᠠᠭᠠᠴᠤᠳ ᠲᠤ ᠨᠡᠭᠡᠭᠡᠯᠲᠡ ᠬᠢᠨ᠎ᠡ᠃ ︵ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠪᠡᠶ᠎ᠡ ᠶᠢᠨ ᠲᠠᠮᠢᠷ ᠤᠨ ᠲᠣᠪᠴᠢᠶ᠎ᠠ ᠬᠠᠷᠢᠭᠤᠴᠠᠨ᠎ᠠ︶
3. ᠲᠦᠷᠭᠡᠨ ᠲᠡᠰᠢᠯᠲᠡ᠂ ᠡᠪᠦᠯ ᠤᠨ ᠬᠤᠶᠠᠷ ᠰᠫᠤᠷᠲ ᠤᠨ ᠵᠦᠢᠯ᠂ ᠳᠠᠩ ᠬᠠᠪᠲᠠᠰᠤᠨ ᠤ ᠴᠠᠨᠠᠯᠠᠯᠲᠠ ᠶᠢᠨ ᠵᠡᠷᠭᠡᠴᠡᠭᠡ ᠶᠡᠭᠡ ᠡᠷᠭᠢᠯᠲᠡ ᠵᠡᠷᠭᠡ ᠳᠠᠪᠠᠭᠤᠯᠢᠭ ᠲᠥᠷᠥᠯ ᠵᠦᠢᠯ ᠢ ᠶᠡᠭᠡ ᠪᠠᠷ ᠬᠥᠭᠵᠢᠭᠦᠯᠵᠦ᠂ ︽ᠰᠢᠨᠵᠢᠯᠡᠭᠡᠨ᠂ ᠪᠣᠯᠪᠠᠰᠤᠷᠠᠯ᠂ ᠡᠮᠴᠢᠯᠡᠭᠡ︾ ᠶᠢᠨ ᠬᠠᠮ ᠬᠡᠯᠪᠡᠷᠢ ᠶᠢᠨ ᠪᠦᠯᠬᠦᠮ ᠨᠡᠶᠢᠲᠡ ᠶᠢᠨ ᠪᠠᠶᠢᠭᠤᠯᠤᠯᠲᠠ ᠶᠢ ᠠᠬᠢᠭᠤᠯᠵᠤ᠂ ᠰᠢᠨᠵᠢᠯᠡᠬᠦ ᠤᠬᠠᠭᠠᠨᠴᠢ ᠪᠠᠷ ᠪᠣᠯᠪᠠᠰᠤᠷᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠭᠤᠷᠪᠠᠨ ᠱᠠᠲᠤᠨ ᠤ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠪᠠᠭᠠᠴᠤᠳ ᠤᠨ ᠪᠣᠯᠪᠠᠰᠤᠷᠠᠯ᠂ ᠵᠠᠯᠠᠭᠤᠴᠣᠳ ᠤᠨ ᠪᠣᠯᠪᠠᠰᠣᠷᠠᠯ᠂ ᠲᠦᠪᠯᠡᠷᠡᠭᠦᠯᠦᠭᠰᠡᠨ ᠪᠣᠯᠪᠠᠰᠤᠷᠠᠯ ᠤᠨ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠵᠤ᠂ ᠤᠯᠤᠰ ᠤᠨ ᠠᠩᠭᠢ ᠳᠤ ᠴᠢᠳᠠᠪᠤᠷᠢᠲᠠᠨ ᠬᠦᠷᠭᠡᠬᠦ ᠪᠠ ᠲᠥᠷᠥᠯ ᠵᠦᠢᠯ ᠢ ᠬᠠᠮᠲᠤ ᠪᠠᠷ ᠪᠠᠶᠢᠭᠤᠯᠬᠤ ᠡᠷᠴᠢᠮ ᠢᠶᠠᠨ ᠴᠢᠩᠭᠠᠷᠠᠭᠤᠯᠤᠨ᠎ᠠ᠃ 2026 ᠣᠨ ᠤ ᠮᠢᠯᠠᠨ ᠤ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ 2028 ᠣᠨ ᠤ ᠪᠥᠬᠦ ᠤᠯᠤᠰ ᠤᠨ ᠠᠷᠪᠠᠨ ᠲᠠᠪᠤᠳᠤᠭᠠᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠵᠡᠷᠭᠡ ᠴᠢᠬᠤᠯᠠ ᠶᠡᠭᠡ ᠤᠷᠤᠯᠳᠤᠭᠠᠨ ᠤ ᠶᠠᠪᠤᠳᠠᠯ ᠳᠤ ᠪᠥᠬᠦ ᠬᠦᠴᠦᠨ ᠢᠶᠠᠷ ᠢᠶᠠᠨ ᠪᠡᠯᠡᠳᠬᠡᠯ ᠬᠢᠨ᠎ᠡ᠃ ︵ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠬᠠᠷᠢᠭᠤᠴᠠᠨ᠎ᠠ︶
4. ᠰᠢᠯᠢᠳᠡᠭ ᠪᠡᠶ᠎ᠡ ᠶᠢᠨ ᠲᠠᠮᠢᠷ ᠤᠨ ᠠᠩᠭᠢ ᠶᠢᠨ ᠱᠠᠩᠨᠠᠵᠤ ᠨᠦᠬᠦᠪᠦᠷᠢᠯᠡᠬᠦ ᠲᠣᠭᠲᠠᠴᠠ ᠶᠢ ᠪᠠᠶᠢᠭᠤᠯᠵᠤ᠂ ᠵᠠᠬ᠎ᠠ ᠳᠡᠯᠭᠡᠭᠦᠷᠴᠢᠯᠡᠭᠰᠡᠨ᠂ ᠣᠯᠠᠨ ᠡᠰᠢᠴᠢᠯᠡᠭᠰᠡᠨ ᠬᠤᠯᠪᠣᠭᠠᠯᠠᠨ ᠠᠩᠭᠢ ᠡᠷᠬᠢᠯᠡᠬᠦ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠰᠢᠰᠲ᠋ᠧᠮ ᠲᠠᠢ ᠪᠦᠷᠢᠨ ᠲᠡᠭᠦᠯᠳᠡᠷ᠂ ᠠᠬᠢᠨ ᠳᠠᠪᠰᠢᠵᠤ ᠵᠤᠯᠭᠠᠭᠤᠯᠤᠭᠰᠠᠨ ᠴᠢᠳᠠᠪᠤᠷᠢᠲᠠᠨ ᠬᠥᠮᠦᠵᠢᠭᠦᠯᠬᠦ ᠲᠣᠭᠲᠠᠯᠴᠠᠭ᠎ᠠ ᠶᠢ ᠰᠦᠪᠡᠭᠴᠢᠯᠡᠨ ᠪᠠᠶᠢᠭᠤᠯᠤᠨ᠎ᠠ᠃ ᠡᠯ᠎ᠡ ᠭᠠᠵᠠᠷ ᠣᠷᠣᠨ᠂ ᠡᠯ᠎ᠡ ᠰᠤᠷᠭᠠᠭᠤᠯᠢ ᠶᠢᠨ ᠬᠢᠨ ᠤ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠮᠥᠰᠥ ᠴᠠᠰᠤᠨ ᠤ ᠪᠡᠶ᠎ᠡ ᠶᠢᠨ ᠲᠠᠮᠢᠷ ᠤᠨ ᠠᠩᠭᠢ ᠪᠠᠶᠢᠭᠤᠯᠬᠤ ᠶᠢ ᠨᠢ ᠵᠣᠷᠢᠭᠵᠢᠭᠤᠯᠵᠤ᠂ ᠪᠡᠯᠡᠳᠬᠡᠯ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠨᠥᠬᠦᠴᠡᠯ ᠳᠤ ᠨᠡᠶᠢᠴᠡᠬᠦ ᠡᠩ ᠤᠨ ᠶᠡᠭᠡ ᠳᠡᠭᠡᠳᠦ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠥᠷᠥᠯ ᠤᠨ ᠲᠤᠰᠬᠠᠶ ᠮᠡᠷᠭᠡᠵᠢᠯ ᠤᠨ ᠰᠤᠷᠤᠭᠴᠢ ᠡᠯᠰᠡᠬᠦ ᠲᠥᠯᠥᠪᠯᠡᠭᠡ ᠪᠠᠨ ᠮᠥᠰᠥ ᠴᠠᠰᠤᠨ ᠤ ᠲᠠᠮᠢᠷ ᠤᠨ ᠬᠦᠳᠡᠯᠭᠡᠭᠡᠨ ᠲᠡᠶᠢᠰᠢ ᠬᠡᠯᠪᠠᠶᠢᠯᠭᠡᠬᠦ ᠶᠢ ᠨᠢ ᠵᠣᠷᠢᠭᠵᠢᠭᠤᠯᠤᠨ᠎ᠠ᠃ ᠮᠥᠰᠥ ᠴᠠᠰᠤᠨ ᠤ ᠬᠦᠴᠦᠷᠬᠡᠭ ᠮᠤᠵᠢ᠂ ᠬᠦᠴᠦᠷᠬᠡᠭ ᠰᠤᠷᠭᠠᠭᠤᠯᠢ ᠯᠤᠭ᠎ᠠ ᠣᠷᠣᠨ ᠪᠦᠰᠡ ᠠᠯᠤᠰᠯᠠᠨ ᠬᠤᠯᠪᠣᠭᠠᠯᠠᠨ ᠴᠢᠳᠠᠪᠤᠷᠢᠲᠠᠨ ᠬᠥᠮᠦᠵᠢᠭᠦᠯᠬᠦ ᠶᠢ ᠴᠢᠩᠭᠠᠳᠬᠠᠨ᠎ᠠ᠃ ︵ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠢᠩᠬᠢᠮ ᠬᠠᠷᠢᠭᠤᠴᠠᠨ᠎ᠠ︶
5. ᠷᠠᠰᠢᠶᠠᠨ ᠬᠤᠲᠠ᠂ ᠶᠠᠭᠰᠢ ᠬᠤᠲᠠ᠂ ᠵᠠᠯᠠᠨ ᠠᠶᠢᠯ ᠬᠤᠲᠠ᠂ ᠬᠠᠷᠠᠴᠢᠨ ᠬᠤᠰᠢᠭᠤ᠂ ᠯᠢᠶᠠᠩᠴᠧᠩ ᠰᠢᠶᠠᠨ ᠵᠡᠷᠭᠡ ᠭᠠᠵᠠᠷ ᠲᠠᠬᠢ ᠤᠯᠤᠰ ᠤᠨ ᠲᠠᠰ ᠤᠨ ᠪᠤᠶᠤ ᠥᠪᠡᠷᠲᠡᠭᠡᠨ ᠵᠠᠰᠠᠬᠤ ᠣᠷᠣᠨ ᠤ ᠲᠠᠰ ᠤᠨ ᠥᠨᠳᠥᠷ ᠬᠢᠷᠢ ᠲᠦᠪᠰᠢᠨ ᠪᠥᠬᠦᠶ ᠮᠥᠰᠥ ᠴᠠᠰᠤᠨ ᠤ ᠪᠣᠯᠪᠠᠰᠤᠷᠠᠯ ᠤᠨ ᠰᠠᠭᠤᠷᠢᠨ ᠭᠠᠵᠠᠷ ᠤᠨ ᠲᠠᠰ ᠳᠡᠪᠰᠢᠬᠦ ᠶᠢ ᠠᠬᠢᠭᠤᠯᠵᠤ᠂ ᠭᠤᠣᠯᠳᠠᠭᠤ ᠮᠥᠰᠥᠨ ᠳᠡᠭᠡᠷᠡᠬᠢ ᠲᠠᠮᠢᠷ ᠤᠨ ᠬᠥᠳᠡᠯᠭᠡᠭᠡᠨ ᠤ ᠪᠣᠯᠪᠠᠰᠤᠷᠠᠯ ᠤᠨ ᠲᠥᠪ ᠢ ᠤᠯᠤᠰ ᠤᠨ ᠲᠠᠰ ᠤᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠪᠣᠯᠪᠠᠰᠤᠷᠠᠯ ᠤᠨ ᠰᠠᠭᠤᠷᠢᠨ ᠭᠠᠵᠠᠷ ᠪᠣᠯᠭᠠᠨ ᠪᠠᠶᠢᠭᠤᠯᠵᠤ᠂ ᠠᠶᠢᠮᠠᠭ ᠬᠤᠲᠠ ᠶᠢᠨ ᠬᠤᠭᠤᠷᠣᠨᠳᠣᠬᠢ ᠮᠥᠰᠥ ᠴᠠᠰᠤᠨ ᠤ ᠲᠥᠷᠥᠯ ᠵᠦᠢᠯ ᠤᠨ ᠪᠣᠯᠪᠠᠰᠤᠷᠠᠯ ᠤᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠬᠠᠮᠲᠤ ᠪᠠᠷ ᠬᠡᠷᠡᠭᠯᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠬᠠᠷᠢᠭᠤᠴᠠᠨ᠎ᠠ︶
ᠬᠤᠶᠠᠷ᠂ ᠮᠥᠰᠥ ᠴᠠᠰᠤᠨ ᠤ ᠠᠵᠤ ᠠᠬᠤᠶ ᠶᠢᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠎ᠠ
6. ᠤᠯᠤᠰ ᠤᠨ ᠮᠥᠰᠥ ᠴᠠᠰᠤᠨ ᠤ ᠠᠵᠤ ᠠᠬᠤᠶ ᠶᠢᠨ ︽ᠨᠢᠭᠡ ᠣᠷᠣᠨ ᠬᠤᠶᠠᠷ ᠪᠦᠰᠡ ᠣᠯᠠᠨ ᠵᠠᠩᠬᠢᠶᠠᠰᠤ︾ ᠶᠢᠨ ᠣᠷᠣᠨ ᠵᠠᠶ ᠶᠢᠨ ᠪᠠᠶᠢᠷᠢᠰᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠬᠥᠯᠥᠨ ᠪᠤᠶᠢᠷ ᠬᠤᠲᠠ᠂ ᠬᠢᠩᠭᠠᠨ ᠠᠶᠢᠮᠠᠭ ᠢᠶᠠᠷ ᠭᠤᠤᠯ ᠪᠣᠯᠭᠠᠨ ᠨᠥᠯᠥᠭᠡᠯᠡᠬᠦ ᠬᠦᠴᠦᠨ ᠲᠠᠢ ᠮᠥᠰᠥ ᠴᠠᠰᠤᠨ ᠤ ᠠᠵᠤ ᠠᠬᠤᠶ ᠶᠢᠨ ᠬᠥᠲᠥᠯᠦᠨ ᠳᠠᠭᠠᠭᠤᠯᠬᠤ ᠣᠷᠣᠨ ᠢ ᠪᠥᠲᠥᠭᠡᠨ ᠪᠠᠶᠢᠭᠤᠯᠵᠤ᠂ ᠬᠠᠶᠢᠯᠠᠷ ᠲᠣᠭᠤᠷᠢᠭ ᠤᠨ ︽ᠤᠮᠠᠷᠠᠲᠤ ᠬᠢᠯᠢ ᠶᠢᠨ ᠭᠡᠷᠡᠯᠲᠦ ᠰᠤᠪᠤᠳ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠬᠤᠲᠠ︾ ᠪᠠᠶᠢᠭᠤᠯᠬᠤ ᠶᠢ ᠳᠡᠮᠵᠢᠵᠦ᠂ ︽ᠵᠡᠭᠦᠳᠦ ᠵᠡᠷᠭᠡᠯᠭᠡᠨᠲᠦ ᠷᠠᠰᠢᠶᠠᠨ︾ ᠬᠤᠲᠠ ᠶᠢᠨ ᠨᠡᠷ᠎ᠡ ᠶᠢᠨ ᠬᠠᠭᠤᠳᠠᠰᠤ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠪᠡᠶ᠎ᠡ ᠶᠢᠨ ᠲᠠᠮᠢᠷ ᠤᠨ ᠲᠣᠪᠴᠢᠶ᠎ᠠ ᠬᠠᠷᠢᠭᠤᠴᠠᠨ᠎ᠠ︶
7. ᠮᠥᠰᠥ ᠴᠠᠰᠤᠨ ᠤ ᠤᠷᠤᠯᠳᠤᠭᠠᠨ ᠤ ᠶᠠᠪᠤᠳᠠᠯ ᠤᠨ ᠪᠢᠯᠬᠠᠷᠠᠬᠤ ᠨᠥᠯᠥᠭᠡᠯᠡᠯ ᠢ ᠪᠠᠳᠠᠷᠠᠭᠤᠯᠵᠤ᠂ ᠲᠤᠰᠬᠠᠶ ᠬᠡᠷᠡᠭᠯᠡᠭᠡᠨ ᠤ ᠬᠡᠷᠡᠭᠰᠡᠯ᠂ ᠬᠤᠪᠴᠠᠰᠤ ᠬᠤᠨᠠᠷ ᠵᠠᠰᠠᠯ ᠴᠢᠮᠡᠭᠯᠡᠯ᠂ ᠬᠤᠪᠢ ᠬᠥᠮᠦᠨ ᠤ ᠮᠥᠰᠥ ᠴᠠᠰᠤᠨ ᠤ ᠲᠣᠨᠤᠭ ᠲᠥᠬᠦᠭᠡᠷᠦᠮᠵᠢ ᠵᠡᠷᠭᠡ ᠶᠢ ᠰᠤᠳᠤᠯᠤᠨ ᠨᠡᠭᠡᠭᠡᠵᠦ ᠦᠢᠯᠡᠳᠬᠦ ᠠᠵᠤ ᠦᠢᠯᠡᠰ ᠢ ᠶᠡᠭᠡ ᠪᠠᠷ ᠬᠥᠭᠵᠢᠭᠦᠯᠦᠨ᠎ᠡ᠃ ᠣᠨᠴᠠ ᠳᠡᠰ ᠤᠨ ᠵᠢᠭᠤᠯᠴᠢᠯᠠᠯ ᠤᠨ ᠡᠬᠢ ᠪᠠᠶᠠᠯᠢᠭ ᠲᠤ ᠲᠦᠰᠢᠭᠯᠡᠨ᠂ ᠨᠡᠩ ᠣᠯᠠᠨ ᠮᠥᠰᠥ ᠴᠠᠰᠤ ᠬᠢᠭᠡᠳ ᠰᠣᠶᠣᠯ᠂ ᠵᠢᠭᠤᠯᠴᠢᠯᠠᠯ ᠢ ᠠᠭᠤᠰᠤᠯᠴᠠᠭᠤᠯᠤᠭᠰᠠᠨ ᠰᠣᠶᠣᠯ ᠤᠨ ᠪᠦᠲᠦᠭᠡᠯᠴᠢ ᠪᠦᠲᠦᠭᠡᠭᠳᠡᠭᠦᠨ ᠢ ᠨᠡᠭᠡᠭᠡᠨ ᠬᠥᠭᠵᠢᠭᠦᠯᠵᠦ᠂ ᠮᠥᠰᠥ ᠴᠠᠰᠤᠨ ᠤ ᠤᠷᠤᠯᠳᠤᠭᠠᠨ ᠤ ᠶᠠᠪᠤᠳᠠᠯ ᠤᠨ IP ᠢ ᠪᠣᠢ ᠪᠣᠯᠭᠠᠨ᠎ᠠ᠃ ᠮᠥᠰᠥ ᠴᠠᠰᠤᠨ ᠤ ᠬᠦᠷᠢᠶ᠎ᠡ ᠴᠠᠷᠠᠭᠠᠨ ᠳᠠᠬᠢ ᠪᠡᠯᠡᠳᠬᠡᠮᠵᠢ ᠶᠢ ᠬᠠᠮᠠᠭᠠᠯᠠᠨ ᠬᠠᠮᠢᠶᠠᠷᠬᠤ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ᠂ ᠡᠵᠡᠩᠨᠡᠨ ᠪᠣᠷᠤᠯᠠᠭᠤᠯᠵᠤ ᠳᠡᠯᠭᠡᠷᠡᠭᠦᠯᠬᠦ᠂ ᠣᠷᠴᠢᠨ ᠲᠣᠭᠤᠷᠢᠨ ᠤ ᠬᠠᠮᠠᠭᠠᠯᠠᠯᠲᠠ᠂ ᠲᠤᠰᠬᠠᠶ ᠮᠡᠷᠭᠡᠵᠢᠯ ᠤᠨ ᠪᠣᠯᠪᠠᠰᠤᠷᠠᠯ᠂ ᠡᠮᠴᠢᠯᠡᠭᠡ ᠡᠷᠡᠭᠦᠯᠵᠢᠯ ᠵᠡᠷᠭᠡ ᠠᠵᠤ ᠦᠢᠯᠡᠰ ᠢ ᠥᠷᠭᠡᠳᠬᠡᠵᠦ᠂ ᠮᠥᠰᠥ ᠴᠠᠰᠤᠨ ᠤ ᠦᠢᠯᠡᠴᠢᠯᠡᠭᠡᠨ ᠤ ᠦᠢᠯᠡᠰ ᠤᠨ ᠬᠥᠲᠥᠴᠢ ᠠᠵᠤ ᠠᠬᠤᠶᠢᠯᠠᠯ ᠢ ᠪᠤᠶᠢᠵᠢᠭᠤᠯᠤᠨ᠂ ᠮᠥᠰᠥ ᠴᠠᠰᠤᠨ ᠤ ᠬᠡᠷᠡᠭᠯᠡᠭᠴᠢᠳ ᠲᠤ ᠴᠢᠨᠠᠷ ᠰᠠᠶᠢᠲᠠᠶ ᠦᠢᠯᠡᠴᠢᠯᠡᠭᠡ ᠬᠠᠩᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ᠂ ᠰᠣᠶᠣᠯ ᠪᠠ ᠵᠢᠭᠤᠯᠴᠢᠯᠠᠯ ᠤᠨ ᠲᠢᠩᠬᠢᠮ᠂ ᠪᠡᠶ᠎ᠡ ᠶᠢᠨ ᠲᠠᠮᠢᠷ ᠤᠨ ᠲᠣᠪᠴᠢᠶ᠎ᠠ ᠬᠠᠷᠢᠭᠤᠴᠠᠨ᠎ᠠ︶
8. ᠬᠥᠬᠡᠬᠤᠲᠠ᠂ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠤᠯᠠᠭᠠᠨᠬᠠᠳᠠ ᠬᠤᠲᠠ᠂ ᠤᠯᠠᠭᠠᠨᠴᠠᠪ ᠬᠤᠲᠠ ᠵᠡᠷᠭᠡ ᠭᠠᠵᠠᠷ ᠤᠨ ᠬᠤᠯᠪᠣᠭᠠᠯᠠᠨ ᠲᠦᠯᠦᠪᠵᠢᠭᠦᠯᠬᠦ᠂ ᠪᠠᠶᠢᠷᠢ ᠰᠣᠯᠪᠢᠴᠠᠨ ᠬᠠᠷᠢᠯᠴᠠᠨ ᠨᠥᠬᠦᠪᠥᠷᠢᠯᠡᠬᠦ ᠶᠢ ᠳᠡᠮᠵᠢᠵᠦ᠂ ᠨᠢᠭᠡ ᠪᠦᠯᠦᠭ ᠣᠯᠠᠨ ᠶᠠᠩᠵᠤᠴᠢᠯᠠᠭᠰᠠᠨ᠂ ᠥᠪᠡᠷᠮᠢᠴᠡ᠂ ᠵᠦᠷᠢᠶᠡᠴᠢᠯᠡᠭᠰᠡᠨ ᠴᠠᠨᠠᠯᠠᠯᠲᠠ ᠵᠢᠭᠤᠯᠴᠢᠯᠠᠯ ᠤᠨ ᠠᠮᠠᠷᠠᠯᠲᠠ ᠶᠢᠨ ᠭᠠᠵᠠᠷ ᠢ ᠵᠠᠬ᠎ᠠ ᠳᠡᠯᠭᠡᠭᠦᠷᠴᠢᠯᠡᠨ ᠨᠡᠭᠡᠭᠡᠨ ᠬᠥᠭᠵᠢᠭᠦᠯᠵᠦ᠂ ᠥᠪᠥᠷ ᠮᠣᠩᠭᠤᠯ ᠤᠨ ᠣᠨᠴᠠᠯᠢᠭ ᠲᠠᠢ ᠮᠥᠰᠥ ᠴᠠᠰᠤᠨ ᠤ ᠠᠬᠤᠶ ᠪᠠᠶᠢᠳᠠᠯ ᠢ ᠨᠡᠩ ᠣᠯᠠᠨ ᠪᠣᠶ ᠪᠣᠯᠭᠠᠨ᠎ᠠ᠃ ᠬᠥᠯᠥᠨ ᠪᠤᠶᠢᠷ ᠬᠤᠲᠠ ᠶᠢᠨ ᠬᠤᠲᠠ ᠶᠢᠨ ᠬᠡᠭᠡᠷᠡᠯᠡᠨ ᠴᠠᠨᠠᠯᠠᠬᠤ ᠴᠡᠴᠡᠷᠯᠢᠭ ᠤᠨ ᠢᠵᠢ ᠪᠦᠷᠢᠳᠦᠭᠦᠯᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠬᠢᠩᠭᠠᠨ ᠠᠶᠢᠮᠠᠭ ᠤᠨ ᠲᠠᠯ᠎ᠠ ᠨᠤᠲᠤᠭ ᠤᠨ ᠪᠠᠭᠤᠳᠠᠯ ᠤᠨ ᠪᠦᠯᠦᠭᠵᠢᠯ ᠤᠨ ︽ᠴᠠᠰᠤᠲᠤ ᠲᠠᠯ᠎ᠠ ᠶᠢᠨ ᠥᠷᠲᠡᠭᠡ︾ ᠲᠡᠶᠢᠰᠢ ᠰᠢᠯᠵᠢᠬᠦ ᠶᠢ ᠲᠦᠷᠭᠡᠳᠬᠡᠨ᠂ ᠬᠡᠭᠡᠷ᠎ᠡ ᠶᠢᠨ ᠮᠥᠰᠥ ᠴᠠᠰᠤ ᠪᠠᠷ ᠭᠤᠣᠯᠯᠠᠭᠰᠠᠨ᠂ ᠣᠶ ᠰᠢᠭᠤᠶ ᠨᠤᠲᠤᠭ ᠪᠡᠯᠴᠢᠭᠡᠷ ᠬᠠᠷᠢᠯᠴᠠᠨ ᠨᠦᠬᠦᠪᠦᠷᠢᠯᠡᠭᠰᠡᠨ ︽ᠮᠥᠰᠥ ᠴᠠᠰᠤᠨ ᠤ ᠵᠢᠭᠤᠯᠴᠢᠯᠠᠯ ᠤᠨ ᠲᠩᠷᠢ ᠶᠢᠨ ᠵᠠᠮ︾ ᠢ ᠪᠣᠶ ᠪᠣᠯᠭᠠᠵᠤ᠂ ᠮᠥᠰᠥ ᠴᠠᠰᠤᠨ ᠤ ᠵᠢᠭᠤᠯᠴᠢᠯᠠᠯ ᠤᠨ ᠴᠢᠨᠠᠷ ᠰᠠᠶᠢᠲᠠᠶ ᠵᠣᠷᠢᠭᠰᠠᠨ ᠭᠠᠵᠠᠷ ᠢ ᠪᠥᠲᠥᠭᠡᠨ ᠪᠠᠶᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶
9. ︽ᠤᠷᠤᠯᠳᠤᠭᠠᠨ ᠤ ᠳᠠᠰᠢᠷᠠᠮ ᠢᠶᠠᠷ ᠵᠢᠭᠤᠯᠴᠢᠯᠠᠬᠤ︾᠂ ︽ᠠᠶᠠᠯᠭᠤᠲᠤ ᠥᠪᠥᠷ ᠮᠣᠩᠭᠤᠯ · ᠪᠠᠶᠠᠰᠬᠤᠯᠠᠩᠲᠤ ᠮᠥᠰᠥ ᠴᠠᠰᠤᠨ ᠤ ᠤᠯᠠᠷᠢᠯ︾᠂ ︽ᠰᠤᠭᠲᠤᠭᠤᠷᠠᠮ᠎ᠠ ᠭᠦᠢᠲᠡᠨ ᠬᠥᠯᠥᠨ ᠪᠤᠶᠢᠷ︾᠂ ︽ᠳᠠᠯᠠᠶᠢᠨᠠᠭᠤᠷ ᠤᠨ ᠡᠪᠦᠯ ᠤᠨ ᠤᠯᠠᠷᠢᠯ ᠤᠨ ᠵᠢᠭᠠᠰᠤᠨ ᠠᠩᠨᠠᠯ ᠤᠨ ᠪᠠᠶᠠᠷ︾᠂ ︽ᠡᠪᠦᠯ ᠤᠨ ᠤᠯᠠᠷᠢᠯ ᠤᠨ ᠮᠣᠩᠭᠤᠯ ᠮᠣᠷᠢᠨ ᠤ ᠬᠡᠲᠦ ᠳᠡᠰ ᠤᠨ ᠬᠤᠯᠪᠣᠭᠠᠲᠤ ᠤᠷᠤᠯᠳᠤᠭᠠᠨ︾᠂ ︽ᠤᠯᠠᠭᠠᠨᠴᠠᠪ ᠤᠨ ᠮᠥᠰᠥ ᠴᠠᠰᠤᠨ ᠳᠠᠬᠢ ᠭᠠᠯᠲᠤ ᠠᠭᠤᠯᠠ︾ ᠵᠡᠷᠭᠡ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠬᠤᠳᠠᠯᠳᠤᠭ᠎ᠠ ᠶᠢ ᠠᠭᠤᠰᠤᠯᠴᠠᠭᠤᠯᠬᠤ ᠠᠵᠢᠯᠯᠠᠭ᠎ᠠ ᠶᠢ ᠥᠷᠨᠢᠭᠦᠯᠵᠦ᠂ ︽ᠮᠥᠰᠥ ᠴᠠᠰᠤᠨ ᠤ ᠨᠠᠭᠠᠳᠤᠮ︾᠂ ︽ᠪᠡᠭᠡᠵᠢᠩ ᠠᠴᠠ ᠪᠠᠷᠠᠭᠤᠨᠰᠢ ᠪᠠᠨ ᠨᠢᠭᠡ ᠠᠯᠬᠤᠵᠤ ᠴᠠᠨᠠᠯᠠᠬᠤ︾ ᠵᠡᠷᠭᠡ ᠲᠠᠲᠠᠬᠤ ᠬᠦᠴᠦᠨ ᠢᠶᠠᠷ ᠴᠢᠩᠭ᠎ᠠ᠂ ᠪᠡᠶᠡᠴᠢᠯᠡᠨ ᠣᠶᠢᠯᠠᠭᠠᠬᠤ ᠲᠦᠷᠦᠭᠳᠡᠯ ᠢᠶᠠᠷ ᠰᠠᠶᠢᠨ ᠣᠷᠣᠨ ᠨᠤᠲᠤᠭ ᠤᠨ ᠮᠥᠰᠥ ᠴᠠᠰᠤᠨ ᠤ ᠨᠠᠷᠠᠲᠤ ᠲᠡᠮᠲᠡᠭ ᠤᠨ ᠠᠵᠢᠯᠯᠠᠭ᠎ᠠ ᠶᠢ ᠬᠥᠲᠥᠯᠦᠨ ᠳᠠᠭᠠᠭᠤᠯᠵᠤ ᠪᠣᠢ ᠪᠣᠯᠭᠠᠨ᠂ ᠥᠪᠡᠷᠲᠡᠭᠡᠨ ᠵᠠᠰᠠᠬᠤ ᠣᠷᠣᠨ ᠤ ᠮᠥᠰᠥ ᠴᠠᠰᠤᠨ ᠤ ᠵᠢᠭᠤᠯᠴᠢᠯᠠᠯ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠬᠠᠷᠢᠭᠤᠴᠠᠨ᠎ᠠ︶
ᠭᠤᠷᠪᠠ᠂ ᠮᠥᠰᠥ ᠴᠠᠰᠤᠨ ᠤ ᠬᠡᠷᠡᠭᠯᠡᠭᠡ ᠶᠢ ᠠᠬᠢᠭᠤᠯᠤᠨ ᠥᠷᠭᠡᠳᠬᠡᠨ᠎ᠡ
10. ᠮᠥᠰᠥ ᠴᠠᠰᠤᠨ ᠤ ᠬᠡᠷᠡᠭᠯᠡᠭᠡ ᠶᠢ ᠠᠬᠢᠭᠤᠯᠬᠤ ᠲᠤᠰᠬᠠᠶ ᠠᠵᠢᠯᠯᠠᠭᠠᠨ ᠢ ᠬᠡᠷᠡᠭᠵᠢᠭᠦᠯᠦᠨ᠎ᠡ᠃ ᠬᠠᠶᠢᠯᠠᠷ ᠲᠣᠭᠤᠷᠢᠭ᠂ ᠮᠠᠨᠵᠤᠤᠷ ᠬᠤᠲᠠ᠂ ᠷᠠᠰᠢᠶᠠᠨ ᠬᠤᠲᠠ ᠵᠡᠷᠭᠡ ᠶᠢᠨ ᠥᠪᠡᠷᠮᠢᠴᠡ ᠣᠨᠴᠠᠯᠢᠭ ᠲᠠᠢ᠂ ᠷᠢᠲᠢ ᠰᠢᠳᠢ ᠲᠠᠢ ᠮᠥᠰᠥ ᠴᠠᠰᠤᠨ ᠤ ᠵᠢᠭᠤᠯᠴᠢᠯᠠᠯ ᠤᠨ ᠬᠡᠷᠡᠭᠯᠡᠭᠡᠨ ᠤ ᠲᠥᠪ ᠪᠠᠶᠢᠭᠤᠯᠬᠤ ᠶᠢ ᠠᠬᠢᠭᠤᠯᠤᠨ᠎ᠠ᠃ ᠬᠥᠬᠡᠬᠤᠲᠠ᠂ ᠤᠯᠠᠭᠠᠨᠬᠠᠳᠠ ᠬᠤᠲᠠ᠂ ᠤᠯᠠᠭᠠᠨᠴᠠᠪ ᠬᠤᠲᠠ ᠵᠡᠷᠭᠡ ᠶᠢᠨ ᠣᠷᠣᠨ ᠪᠦᠰᠡ ᠶᠢᠨ ᠮᠥᠰᠥ ᠴᠠᠰᠤᠨ ᠤ ᠵᠢᠭᠤᠯᠴᠢᠯᠠᠯ ᠤᠨ ᠬᠡᠷᠡᠭᠯᠡᠭᠡᠨ ᠤ ᠲᠥᠪ ᠪᠠᠶᠢᠭᠤᠯᠬᠤ ᠶᠢ ᠠᠬᠢᠭᠤᠯᠤᠨ᠎ᠠ᠃ ᠡᠯ᠎ᠡ ᠭᠠᠵᠠᠷ ᠣᠷᠣᠨ ᠤ ᠬᠢᠨ ᠮᠥᠰᠥ ᠴᠠᠰᠤᠨ ᠤ ᠤᠷᠤᠯᠳᠤᠭᠠᠨ ᠤ ᠶᠠᠪᠤᠳᠠᠯ ᠤᠨ ᠪᠢᠯᠬᠠᠷᠠᠬᠤ ᠨᠦᠯᠦᠬᠡᠯᠡᠯ ᠢᠶᠠᠨ ᠪᠠᠳᠠᠷᠠᠭᠤᠯᠬᠤ ᠶᠢ ᠨᠢ ᠳᠠᠮᠵᠢᠵᠤ᠂ ᠮᠥᠰᠥ ᠴᠠᠰᠤᠨ ᠤ ᠬᠡᠷᠡᠭᠯᠡᠭᠡᠨ ᠤ ᠤᠯᠠᠷᠢᠯ ᠵᠡᠷᠭᠡ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠬᠤᠳᠠᠯᠳᠤᠭᠠᠨ ᠤ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠰᠣᠶᠣᠯ ᠪᠠ ᠵᠢᠭᠤᠯᠴᠢᠯᠠᠯ ᠤᠨ ᠲᠢᠩᠬᠢᠮ ᠬᠠᠷᠢᠭᠤᠴᠠᠨ᠎ᠠ︶
11. ᠵᠢᠭᠤᠯᠴᠢᠯᠠᠭᠴᠢ ᠶᠢ ᠪᠤᠳᠤᠯᠬᠢᠯᠠᠬᠤ ᠰᠡᠳᠬᠢᠬᠦᠶ ᠪᠠᠨ ᠴᠢᠩᠭᠠᠷᠠᠭᠤᠯᠵᠤ᠂ ︽ᠢᠳᠡᠵᠦ ᠤᠤᠭᠤᠬᠤ ᠬᠤᠨᠣᠵᠤ ᠬᠡᠪᠲᠡᠬᠦ ᠶᠠᠪᠤᠵᠤ ᠰᠠᠭᠤᠬᠤ ᠵᠢᠭᠤᠯᠴᠢᠯᠠᠨ ᠲᠣᠭᠤᠷᠢᠬᠤ ᠪᠠᠷᠠᠭ᠎ᠠ ᠬᠤᠳᠠᠯᠳᠤᠨ ᠠᠪᠬᠤ ᠵᠤᠭᠠᠴᠠᠨ ᠴᠡᠩᠭᠡᠬᠦ︾ ᠶᠢᠨ ᠲᠣᠭᠤᠷᠢᠨ ᠳᠤ ᠮᠦᠰᠦ ᠴᠠᠰᠤᠨ ᠤ ᠭᠤᠣᠯ ᠰᠡᠳᠦᠪᠲᠦ ᠵᠤᠭᠠᠴᠠᠨ ᠰᠡᠭᠦᠳᠡᠷᠯᠡᠵᠦ ᠺᠠᠷᠲᠯᠠᠬᠤ ᠭᠠᠵᠠᠷ ᠢ ᠨᠢᠮᠪᠠᠢ ᠵᠢᠷᠤᠭᠯᠠᠨ ᠲᠦᠯᠦᠪᠯᠡᠵᠦ᠂ ᠮᠦᠰᠦ ᠴᠠᠰᠤᠨ ᠤ ᠲᠠᠮᠢᠷ ᠤᠨ ᠬᠦᠳᠡᠯᠭᠡᠭᠡᠨ ᠬᠢᠭᠡᠳ ᠢᠳᠡᠭᠡᠨ ᠤᠮᠳᠠᠭᠠᠨ᠂ ᠬᠤᠨᠤᠭ ᠪᠠᠭᠤᠳᠠᠯ᠂ ᠵᠤᠭ᠎ᠠ ᠴᠡᠩᠭᠡᠯ᠂ ᠰᠡᠯᠡᠭᠦᠴᠡᠯ ᠪᠠᠷᠠᠭ᠎ᠠ ᠬᠤᠳᠠᠯᠳᠤᠨ ᠠᠪᠤᠯᠲᠠ ᠵᠡᠷᠭᠡ ᠣᠯᠠᠨ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠴᠠᠷᠠᠭ᠎ᠠ ᠠᠯᠤᠰᠯᠠᠭᠰᠠᠨ᠂ ᠲᠥᠷᠥᠯ ᠵᠦᠢᠯ ᠠᠯᠤᠰᠯᠠᠭᠰᠠᠨ᠂ ᠠᠬᠤᠶ ᠪᠠᠶᠢᠳᠠᠯ ᠠᠯᠤᠰᠯᠠᠭᠰᠠᠨ ᠠᠭᠤᠰᠤᠯᠴᠠᠯ ᠢ ᠴᠢᠩᠭᠠᠳᠬᠠᠵᠤ᠂ ︽ᠮᠥᠰᠥ ᠴᠠᠰᠤ + ᠠᠷᠠᠳ ᠤᠨ ᠭᠡᠷ ᠪᠠᠭᠤᠳᠠᠯ︾᠂ ︽ᠮᠥᠰᠥ ᠴᠠᠰᠤ + ᠮᠣᠷᠢᠨ ᠮᠡᠷᠭᠡᠵᠢᠯ︾᠂ ︽ᠮᠥᠰᠥ ᠴᠠᠰᠤ + ᠬᠠᠷᠪᠤᠬᠤ ᠮᠡᠷᠭᠡᠵᠢᠯ︾᠂ ︽ᠮᠥᠰᠥ ᠴᠠᠰᠤ + ᠠᠮᠲᠠᠲᠤ ᠢᠳᠡᠭᠡᠨ︾᠂ ︽ᠮᠥᠰᠥ ᠴᠠᠰᠤ + ᠤᠷᠠᠨ ᠲᠣᠭᠯᠠᠯᠲᠠ︾᠂ ︽ᠮᠥᠰᠥ ᠴᠠᠰᠤ + ᠵᠤᠭᠠᠴᠠᠨ ᠰᠡᠭᠦᠳᠡᠷᠯᠡᠬᠦ︾ ᠵᠡᠷᠭᠡ ᠣᠨᠴᠠᠯᠢᠭᠲᠤ ᠪᠦᠲᠦᠭᠡᠭᠳᠡᠬᠦᠨ ᠢ ᠨᠡᠭᠡᠭᠡᠨ ᠬᠥᠭᠵᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠬᠠᠷᠢᠭᠤᠴᠠᠨ᠎ᠠ︶
12. ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠬᠤᠳᠠᠯᠳᠤᠭ᠎ᠠ ᠤᠷᠤᠯᠳᠤᠭᠠᠨ ᠤ ᠶᠠᠪᠤᠳᠠᠯ ᠢᠶᠠᠷ ᠬᠡᠷᠡᠭᠯᠡᠭᠡ ᠶᠢ ᠠᠬᠢᠭᠤᠯᠬᠤ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠠᠶᠢᠮᠠᠭ ᠬᠤᠲᠠ᠂ ᠨᠡᠶᠢᠭᠡᠮᠯᠢᠭ᠂ ᠺᠯᠦ᠋ᠪ ᠵᠡᠷᠭᠡ ᠶᠢᠨ ᠣᠯᠠᠨ ᠤᠯᠤᠰ ᠤᠨ ᠪᠠ ᠤᠯᠤᠰ ᠤᠨ ᠳᠣᠲᠣᠭᠠᠳᠤ ᠶᠢᠨ ᠥᠨᠳᠥᠷ ᠬᠢᠷᠢ ᠲᠦᠪᠰᠢᠨ ᠪᠥᠬᠦᠶ ᠮᠥᠰᠥ ᠴᠠᠰᠤᠨ ᠤ ᠤᠷᠤᠯᠳᠤᠭᠠᠨ ᠤ ᠠᠵᠢᠯᠯᠠᠭ᠎ᠠ ᠶᠢ ᠭᠤᠶᠤᠴᠢᠯᠠᠨ ᠡᠷᠬᠢᠯᠡᠬᠦ ᠪᠠ ᠳᠠᠭᠠᠭᠠᠨ ᠡᠷᠬᠢᠯᠡᠬᠦ ᠶᠢ ᠨᠢ ᠳᠡᠮᠵᠢᠵᠦ᠂ ᠪᠦᠬᠦ ᠠᠷᠠᠳ ᠤᠨ ᠮᠦᠰᠦ ᠴᠠᠰᠤᠨ ᠤ ᠤᠷᠤᠯᠳᠤᠭᠠᠨ ᠤ ᠶᠠᠪᠤᠳᠠᠯ ᠢ ᠦᠵᠡᠮᠵᠢ ᠶᠢᠨ ᠣᠷᠣᠨ ᠳᠤ ᠣᠷᠤᠭᠤᠯᠬᠤ᠂ ᠵᠡᠭᠡᠯᠢ ᠭᠤᠳᠤᠮᠵᠢ ᠳᠤ ᠣᠷᠤᠭᠤᠯᠬᠤ᠂ ᠬᠤᠳᠠᠯᠳᠤᠭᠠᠨ ᠤ ᠲᠣᠭᠤᠷᠢᠭ ᠲᠤ ᠣᠷᠤᠭᠤᠯᠬᠤ ᠶᠢ ᠠᠬᠢᠭᠤᠯᠤᠨ᠎ᠠ᠃ ︵ᠦᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ᠂ ᠰᠤᠶᠤᠯ ᠪᠠ ᠵᠢᠭᠤᠯᠴᠢᠯᠠᠯ ᠤᠨ ᠲᠢᠩᠭᠢᠮ᠂ ᠬᠤᠳᠠᠯᠳᠤᠭᠠᠨ ᠤ ᠶᠠᠪᠤᠳᠠᠯ ᠤᠨ ᠲᠢᠩᠭᠢᠮ ᠬᠠᠷᠢᠭᠤᠴᠠᠨ᠎ᠠ︶
13. ᠡᠯ᠎ᠡ ᠭᠠᠵᠠᠷ ᠣᠷᠣᠨ ᠤ ᠬᠢᠨ ᠡᠬᠢ ᠪᠠᠶᠠᠯᠢᠭ ᠤᠨ ᠤᠭ ᠴᠢᠨᠠᠷ ᠢᠶᠠᠨ ᠠᠰᠢᠭᠯᠠᠨ᠂ ᠪᠡᠯᠡᠳᠭᠡᠮᠵᠢ ᠪᠠ ᠦᠢᠯᠡᠴᠢᠯᠡᠭᠡᠨ ᠤ ᠨᠦᠬᠦᠴᠡᠯ ᠢᠶᠠᠨ ᠬᠡᠰᠡᠭ ᠪᠤᠰᠠᠭ ᠢᠶᠠᠷ᠂ ᠬᠠᠵᠠᠭᠤ ᠳᠡᠷᠭᠡᠲᠡᠭᠦᠷ᠂ ᠬᠤᠲᠠᠴᠢᠯᠠᠬᠤ᠂ ᠣᠷᠣᠯᠴᠠᠵᠤ ᠪᠣᠯᠬᠤᠶᠢᠴᠠ᠂ ᠰᠦᠯᠵᠢᠶᠡᠨ ᠳᠤ ᠴᠤᠤᠲᠠᠢ ᠪᠣᠯᠭᠠᠨ ᠰᠠᠶᠢᠵᠢᠷᠠᠭᠤᠯᠬᠤ ᠶᠢ ᠨᠢ ᠳᠡᠮᠵᠢᠵᠦ᠂ ᠪᠠᠭ᠎ᠠ ᠮᠥᠷᠲᠡᠭᠡᠨ ᠭᠤᠶᠢᠲᠠ ᠰᠠᠶᠢᠬᠠᠨ ᠬᠤᠲᠠ ᠶᠢᠨ ︽ᠵᠣᠴᠢᠯᠠᠬᠤ ᠲᠠᠩᠬᠢᠮ︾᠂ ᠰᠡᠯᠡᠭᠦᠴᠡᠯ ᠤᠨ ᠥᠷᠲᠡᠭᠡ ᠶᠢ ᠪᠠᠶᠢᠭᠤᠯᠤᠨ᠂ ︽ᠪᠢ ᠲᠠᠯ᠎ᠠ ᠨᠤᠲᠤᠭ ᠲᠠᠢ ᠪᠣᠯᠵᠤᠭ᠎ᠠ ᠲᠠᠢ︾ ᠵᠡᠷᠭᠡ ᠨᠠᠷᠠᠲᠤ ᠲᠡᠮᠲᠡᠭ ᠤᠨ ᠲᠥᠷᠥᠯ ᠵᠦᠢᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠳᠠᠭᠤᠤ ᠬᠥᠭᠵᠢᠮ ᠤᠨ ᠦᠳᠡᠰᠢᠯᠡᠭᠡ᠂ ᠳᠠᠭᠤᠤ ᠬᠥᠭᠵᠢᠮ ᠤᠨ ᠨᠠᠶᠢᠷ᠂ ᠵᠢᠵᠢᠭ ᠲᠢᠶᠠᠲᠷ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠪᠤᠷᠤᠯᠠᠭᠤᠯᠬᠤ ᠵᠡᠷᠭᠡ ᠯᠦᠭᠡ ᠬᠤᠯᠪᠣᠭᠠᠯᠠᠨ ᠬᠥᠳᠡᠯᠦᠯᠴᠡᠵᠦ ᠬᠠᠷᠢᠯᠴᠠᠨ ᠠᠬᠢᠭᠤᠯᠬᠤ ᠶᠢ ᠴᠢᠩᠭᠠᠷᠠᠭᠤᠯᠤᠨ᠂ ᠪᠠᠭ᠋ᠠᠷᠤᠯ ᠢ ᠲᠠᠲᠠᠭᠰᠠᠨ ᠤᠷᠠᠨ ᠲᠣᠭᠯᠠᠯᠲᠠ᠂ ᠦᠵᠡᠰᠬᠦᠯᠡᠩ᠂ ᠵᠤᠭ᠎ᠠ ᠴᠡᠩᠭᠡᠯ ᠵᠡᠷᠭᠡ ᠮᠥᠰᠥ ᠴᠠᠰᠤᠨ ᠤ ᠬᠡᠷᠡᠭᠯᠡᠭᠡᠨ ᠤ ᠰᠢᠨ᠎ᠡ ᠠᠬᠤᠢ ᠪᠠᠶᠢᠳᠠᠯ ᠢ ᠪᠣᠶ ᠪᠣᠯᠭᠠᠵᠤ᠂ ᠣᠯᠠᠨ ᠲᠦᠮᠡᠨ ᠤ ᠣᠷᠣᠯᠴᠠᠬᠤ ᠬᠡᠮᠵᠢᠶ᠎ᠡ᠂ ᠪᠡᠶᠡᠴᠢᠯᠡᠨ ᠣᠶᠢᠯᠠᠭᠠᠬᠤ ᠲᠥᠷᠥᠭᠳᠡᠯ ᠢ ᠨᠢ ᠨᠡᠮᠡᠭᠳᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠪᠡᠶ᠎ᠡ ᠶᠢᠨ ᠲᠠᠮᠢᠷ ᠤᠨ ᠲᠣᠪᠴᠢᠶ᠎ᠠ ᠬᠠᠷᠢᠭᠤᠴᠠᠨ᠎ᠠ︶
14. ᠮᠥᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠬᠤᠯᠪᠣᠭᠠᠯᠠᠨ᠂ ᠮᠥᠰᠥ ᠴᠠᠰᠤᠨ ᠤ ᠲᠠᠯᠠᠪᠤᠷ ᠭᠠᠵᠠᠷ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠮᠥᠰᠥ ᠴᠠᠰᠤᠨ ᠤ ᠬᠡᠷᠡᠭᠯᠡᠭᠡᠨ ᠤ ᠲᠡᠮᠳᠡᠭᠲᠦ ᠶᠢ ᠲᠠᠷᠬᠠᠭᠠᠵᠤ᠂ ᠬᠡᠯᠪᠡᠷᠢ ᠪᠠᠷ ᠪᠠᠶᠠᠯᠢᠭ᠂ ᠲᠠᠲᠠᠬᠤ ᠬᠦᠴᠦᠨ ᠢᠶᠠᠷ ᠴᠢᠩᠭ᠎ᠠ᠂ ᠣᠯᠠᠨ ᠡᠰᠢᠲᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠬᠠᠮ ᠪᠢᠯᠧᠲ᠂ ᠤᠯᠠᠷᠢᠯ ᠤᠨ ᠺᠠᠷᠲ᠂ ᠴᠠᠨᠠᠯᠠᠵᠤ ᠪᠠᠭᠤᠳᠠᠯᠯᠠᠬᠤ ᠢᠵᠢ ᠦᠢᠯᠡᠴᠢᠯᠡᠭᠡ ᠵᠡᠷᠭᠡ ᠶᠢ ᠭᠠᠷᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠪᠡᠶ᠎ᠡ ᠶᠢᠨ ᠲᠠᠮᠢᠷ ᠤᠨ ᠲᠣᠪᠴᠢᠶ᠎ᠠ ᠬᠠᠷᠢᠭᠤᠴᠠᠨ᠎ᠠ︶
ᠳᠥᠷᠪᠡ᠂ ᠰᠠᠭᠤᠷᠢ ᠪᠡᠯᠡᠳᠬᠡᠮᠵᠢ ᠪᠠ ᠳᠦᠬᠦᠷ ᠦᠢᠯᠡᠴᠢᠯᠡᠭᠡ ᠪᠠᠨ ᠲᠡᠭᠦᠯᠳᠡᠷᠵᠢᠭᠦᠯᠦᠨ᠎ᠡ
15. ᠮᠥᠰᠥ ᠴᠠᠰᠤᠨ ᠤ ᠠᠵᠤ ᠠᠬᠤᠶ ᠳᠤ ᠬᠡᠷᠡᠭᠯᠡᠬᠦ ᠭᠠᠵᠠᠷ ᠢ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠳᠤ ᠣᠷᠣᠭᠤᠯᠵᠤ᠂ ᠮᠥᠰᠥ ᠴᠠᠰᠤᠨ ᠤ ᠲᠠᠮᠢᠷ ᠤᠨ ᠬᠦᠳᠡᠯᠭᠡᠭᠡᠨ ᠤ ᠲᠠᠯᠠᠪᠤᠷ ᠭᠠᠵᠠᠷ᠂ ᠮᠥᠰᠥ ᠴᠠᠰᠤᠨ ᠤ ᠵᠢᠭᠤᠯᠴᠢᠯᠠᠯ ᠤᠨ ᠪᠡᠯᠡᠳᠬᠡᠮᠵᠢ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠳᠡᠮᠵᠢᠨ᠎ᠡ᠃ ︵ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶
16. ᠨᠡᠶᠢᠭᠡᠮ ᠤᠨ ᠬᠥᠷᠥᠩᠭᠡ ᠶᠢᠨ ᠬᠢᠨ ᠤ ᠬᠥᠮᠦᠨ ᠠᠮᠠ ᠲᠥᠪᠯᠡᠷᠡᠭᠰᠡᠨ ᠣᠷᠣᠨ ᠳᠤ ᠪᠡᠶ᠎ᠡ ᠶᠢᠨ ᠲᠠᠮᠢᠷ ᠲᠤ ᠬᠡᠷᠡᠭᠯᠡᠬᠦ ᠭᠠᠵᠠᠷ᠂ ᠬᠠᠭᠤᠴᠢᠨ ᠦᠢᠯᠡᠳᠪᠦᠷᠢ ᠶᠢᠨ ᠭᠡᠷ ᠪᠠᠶᠢᠰᠢᠩ᠂ ᠰᠠᠩ ᠬᠥᠮᠥᠷᠭᠡ᠂ ᠬᠤᠳᠠᠯᠳᠤᠭᠠᠨ ᠤ ᠪᠡᠯᠡᠳᠭᠡᠮᠵᠢ ᠵᠡᠷᠭᠡ ᠶᠢ ᠠᠰᠢᠭᠯᠠᠵᠤ᠂ ᠲᠣᠮᠣ ᠳᠤᠮᠳᠠ ᠬᠡᠯᠪᠡᠷᠢ ᠪᠦᠬᠦᠢ ᠭᠡᠷ ᠳᠣᠲᠣᠷᠠᠬᠢ ᠮᠥᠰᠥ ᠴᠠᠰᠤᠨ ᠤ ᠲᠠᠮᠢᠷ ᠤᠨ ᠬᠦᠳᠡᠯᠭᠡᠭᠡᠨ ᠤ ᠲᠥᠪ ᠢ ᠰᠢᠨ᠎ᠡ ᠪᠠᠷ ᠪᠠᠶᠢᠭᠤᠯᠬᠤ ᠪᠠ ᠦᠭᠡᠷᠡᠴᠢᠯᠡᠵᠦ ᠦᠷᠭᠡᠳᠭᠡᠨ ᠪᠠᠶᠢᠭᠤᠯᠬᠤ ᠶᠢ ᠵᠣᠷᠢᠭᠵᠢᠭᠤᠯᠵᠤ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠳᠥᠷᠪᠡᠨ ᠤᠯᠠᠷᠢᠯ ᠳᠠᠬᠢ ᠬᠥᠭᠵᠢᠯᠲᠡ ᠶᠢ ᠠᠬᠢᠭᠤᠯᠵᠤ᠂ ᠨᠢᠭᠡ ᠪᠦᠯᠦᠭ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠪᠡᠶᠡᠴᠢᠯᠡᠨ ᠣᠶᠢᠯᠠᠭᠠᠬᠤ ᠰᠠᠭᠤᠷᠢᠨ ᠭᠠᠵᠠᠷ ᠢ ᠪᠣᠢ ᠪᠣᠯᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠬᠠᠷᠢᠭᠤᠴᠠᠨ᠎ᠠ︶
17. ᠬᠥᠯᠥᠨ ᠪᠤᠶᠢᠷ ᠬᠤᠲᠠ᠂ ᠬᠢᠩᠭᠠᠨ ᠠᠶᠢᠮᠠᠭ ᠢᠶᠠᠷ ᠭᠤᠤᠯᠳᠠᠯᠭ᠎ᠠ ᠪᠣᠯᠭᠠᠵᠤ᠂ ᠮᠥᠰᠥ ᠴᠠᠰᠤᠨ ᠤ ᠲᠠᠮᠢᠷ ᠤᠨ ᠬᠦᠳᠡᠯᠭᠡᠭᠡᠨ ᠤ ᠲᠠᠯᠠᠪᠤᠷ ᠭᠠᠵᠠᠷ ᠤᠨ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠂ ᠵᠠᠮ ᠬᠠᠷᠢᠯᠴᠠᠭ᠎ᠠ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ︽ᠤᠯᠠᠭᠠᠨᠬᠤᠲᠠ — ᠷᠠᠰᠢᠶᠠᠨ — ᠬᠠᠶᠢᠯᠠᠷ — ᠮᠠᠨᠵᠤᠤᠷ︾ ᠤᠨ ᠵᠢᠭᠤᠯᠴᠢᠯᠠᠯ ᠤᠨ ᠵᠠᠮ ᠬᠠᠷᠢᠯᠴᠠᠭᠠᠨ ᠤ ᠲᠣᠭᠤᠷᠢᠭ᠂ ︽ᠬᠥᠯᠥᠨ ᠪᠤᠶᠢᠷ ᠬᠤᠲᠠ — ᠬᠢᠩᠭᠠᠨ ᠠᠶᠢᠮᠠᠭ︾ ᠤᠨ ᠣᠷᠣᠨ ᠪᠦᠰᠡ ᠶᠢᠨ ᠵᠢᠭᠤᠯᠴᠢᠯᠠᠯ ᠤᠨ ᠵᠠᠮ ᠬᠠᠷᠢᠯᠴᠠᠭᠠᠨ ᠤ ᠲᠣᠭᠤᠷᠢᠭ ᠢ ᠪᠠᠶᠢᠭᠤᠯᠤᠨ᠎ᠠ᠃ ᠲᠡᠮᠦᠷ ᠵᠠᠮ᠂ ᠵᠠᠰᠠᠮᠠᠯ ᠵᠠᠮ ᠵᠡᠷᠭᠡ ᠵᠠᠮ ᠬᠠᠷᠢᠯᠴᠠᠭᠠᠨ ᠤ ᠦᠢᠯᠡᠴᠢᠯᠡᠭᠡ ᠶᠢ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠭᠤᠤᠯᠳᠠᠯᠭ᠎ᠠ ᠲᠠᠢ ᠣᠷᠣᠨ ᠪᠦᠰᠡ ᠲᠡᠶᠢᠰᠢ ᠤᠷᠲᠤᠳᠬᠠᠨ᠂ ᠦᠵᠡᠮᠵᠢ ᠶᠢᠨ ᠣᠷᠣᠨ ᠦᠵᠡᠮᠵᠢ ᠶᠢᠨ ᠭᠠᠵᠠᠷ ᠤᠨ ᠬᠤᠯᠪᠣᠬᠤ ᠱᠤᠭᠤᠮ ᠢ ᠨᠡᠪᠲᠡᠷᠡᠭᠦᠯᠵᠦ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠵᠣᠷᠢᠭᠰᠠᠨ ᠭᠠᠵᠠᠷ ᠤᠨ ᠴᠤᠪᠤᠭ᠎ᠠ ᠲᠡᠷᠭᠡᠨ ᠤ ᠡᠭᠡᠯᠵᠢ᠂ ᠠᠭᠠᠷ ᠤᠨ ᠠᠶᠠᠯᠠᠯ ᠤᠨ ᠡᠭᠡᠯᠵᠢ ᠶᠢᠨ ᠨᠢᠰᠬᠡᠯ ᠢ ᠨᠡᠮᠡᠭᠳᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠰᠣᠶᠣᠯ ᠪᠠ ᠵᠢᠭᠤᠯᠴᠢᠯᠠᠯ ᠤᠨ ᠲᠢᠩᠬᠢᠮ᠂ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠲᠣᠪᠴᠢᠶᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠲᠡᠮᠦᠷ ᠵᠠᠮ ᠤᠨ ᠬᠠᠷᠪᠢᠨ ᠲᠣᠪᠴᠢᠶᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠵᠡᠷᠭᠡ ᠰᠠᠯᠠᠭ᠎ᠠ ᠮᠥᠴᠢᠷ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶
18. ᠵᠠᠮ ᠬᠠᠷᠢᠯᠴᠠᠭᠠᠨ ᠤ ᠠᠵᠤ ᠠᠬᠤᠶᠢᠯᠠᠯ ᠤᠨ ᠬᠢᠨ ᠤ ᠮᠥᠰᠥ ᠴᠠᠰᠤᠨ ᠤ ᠵᠢᠭᠤᠯᠴᠢᠯᠠᠯ ᠤᠨ ᠦᠵᠡᠮᠵᠢ ᠶᠢᠨ ᠣᠷᠣᠨ᠂ ᠪᠠᠭᠤᠳᠠᠯ᠂ ᠴᠠᠨᠠᠯᠠᠯᠲᠠ ᠶᠢᠨ ᠲᠠᠯᠠᠪᠤᠷ ᠵᠡᠷᠭᠡ ᠯᠦᠭᠡ ᠶᠢᠨ ᠬᠠᠮᠲᠤᠷᠠᠯᠴᠠᠭ᠎ᠠ ᠶᠢ ᠵᠣᠷᠢᠭᠵᠢᠭᠤᠯᠵᠤ᠂ ᠮᠥᠰᠥ ᠴᠠᠰᠤᠨ ᠤ ᠵᠢᠭᠤᠯᠴᠢᠯᠠᠯ ᠤᠨ ᠲᠤᠰᠬᠠᠶ ᠱᠤᠭᠤᠮ ᠢ ᠨᠡᠭᠡᠭᠡᠨ ᠬᠥᠭᠵᠢᠭᠦᠯᠵᠦ᠂ ᠨᠢᠭᠡ ᠦᠷᠲᠡᠭᠡᠴᠢᠯᠡᠭᠰᠡᠨ ᠮᠠᠶᠢᠭ ᠤᠨ ︽ᠵᠠᠮ ᠬᠠᠷᠢᠯᠴᠠᠭ᠎ᠠ + ᠵᠢᠭᠤᠯᠴᠢᠯᠠᠯ︾ ᠤᠨ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠤᠨ᠎ᠠ᠃ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠪᠠᠭ᠋ᠠᠲᠠᠢ ᠬᠥᠮᠦᠰ ᠲᠤ ᠮᠥᠰᠥ ᠴᠠᠰᠤᠨ ᠤ ᠲᠣᠨᠤᠭ ᠲᠥᠬᠦᠭᠡᠷᠦᠮᠵᠢ ᠶᠢ ᠲᠥᠷᠭᠡᠨ ᠤ ᠲᠡᠮᠦᠷ ᠵᠠᠮ ᠢᠶᠠᠷ ᠠᠴᠢᠵᠤ ᠵᠦᠭᠡᠭᠡᠪᠦᠷᠢᠯᠡᠬᠦ ᠳᠤ ᠳᠥᠭᠦᠮ ᠦᠵᠡᠭᠦᠯᠬᠦ ᠦᠢᠯᠡᠴᠢᠯᠡᠭᠡ ᠬᠠᠩᠭᠠᠬᠤ ᠶᠢ ᠳᠡᠮᠵᠢᠵᠦ᠂ ᠲᠦᠷ ᠴᠠᠭ ᠤᠨ ᠥᠷᠲᠡᠭᠡᠨ ᠬᠦᠮᠦᠷᠭᠡ᠂ ᠵᠢᠵᠢᠭ ᠪᠣᠳᠠᠰ ᠤᠨ ᠬᠠᠶᠢᠷᠴᠠᠭ ᠵᠡᠷᠭᠡ ᠲᠤᠬᠠᠶᠢᠯᠠᠭᠰᠠᠨ ᠠᠵᠢᠯ ᠢ ᠳᠡᠯᠭᠡᠷᠡᠭᠦᠯᠦᠨ᠂ ᠪᠦᠬᠦᠯᠢ ᠴᠣᠭᠴᠠ ᠶᠢᠨ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠰᠣᠶᠣᠯ ᠪᠠ ᠵᠢᠭᠤᠯᠴᠢᠯᠠᠯ ᠤᠨ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠲᠣᠪᠴᠢᠶᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠲᠡᠮᠦᠷ ᠵᠠᠮ ᠤᠨ ᠬᠠᠷᠪᠢᠨ ᠲᠣᠪᠴᠢᠶᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶
ᠲᠠᠪᠤ᠂ ᠮᠥᠰᠥ ᠴᠠᠰᠤᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ
19. ᠶᠡᠭᠡ ᠳᠡᠭᠡᠳᠦ ᠰᠤᠷᠭᠠᠭᠤᠯᠢ ᠶᠢᠨ ᠮᠥᠰᠥ ᠴᠠᠰᠤᠨ ᠤ ᠲᠠᠮᠢᠷ ᠤᠨ ᠬᠦᠳᠡᠯᠭᠡᠭᠡᠨ ᠤ ᠲᠤᠰᠬᠠᠶ ᠮᠡᠷᠭᠡᠵᠢᠯ ︵ᠴᠢᠭᠯᠡᠯ︶ ᠲᠣᠬᠢᠷᠠᠭᠤᠯᠬᠤ ᠶᠢ ᠵᠣᠷᠢᠭᠵᠢᠭᠤᠯᠵᠤ᠂ ᠠᠵᠤ ᠠᠬᠤᠶᠢᠯᠠᠯ ᠯᠤᠭ᠎ᠠ ᠭᠦᠨᠵᠡᠭᠡᠶ ᠬᠠᠮᠲᠤᠷᠠᠯᠴᠠᠨ᠂ ᠠᠵᠤ ᠦᠢᠯᠡᠰ ᠪᠠ ᠰᠤᠷᠭᠠᠨ ᠬᠥᠮᠦᠵᠢᠯ ᠢ ᠠᠭᠤᠰᠤᠯᠴᠠᠭᠤᠯᠬᠤ ᠰᠤᠷᠢᠯᠲᠠ ᠶᠢᠨ ᠰᠠᠭᠤᠷᠢᠨ ᠭᠠᠵᠠᠷ ᠢ ᠰᠦᠪᠡᠭᠴᠢᠯᠡᠨ ᠪᠠᠶᠢᠭᠤᠯᠵᠤ᠂ ᠬᠠᠮ ᠬᠡᠯᠪᠡᠷᠢ ᠶᠢᠨ᠂ ᠬᠡᠷᠡᠭᠯᠡᠭᠡᠨ ᠤ ᠬᠡᠯᠪᠡᠷᠢ ᠶᠢᠨ᠂ ᠮᠡᠷᠭᠡᠵᠢᠯ ᠤᠨ ᠬᠡᠯᠪᠡᠷᠢ ᠶᠢᠨ ᠮᠥᠰᠥ ᠴᠠᠰᠤᠨ ᠤ ᠪᠡᠶ᠎ᠡ ᠶᠢᠨ ᠲᠠᠮᠢᠷ ᠤᠨ ᠠᠵᠤ ᠦᠢᠯᠡᠰ ᠤᠨ ᠴᠢᠳᠠᠪᠤᠷᠢᠲᠠᠨ ᠢ ᠬᠥᠮᠦᠵᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠪᠡᠶ᠎ᠡ ᠶᠢᠨ ᠲᠠᠮᠢᠷ ᠤᠨ ᠲᠣᠪᠴᠢᠶ᠎ᠠ ᠬᠠᠷᠢᠭᠤᠴᠠᠨ᠎ᠠ︶
20. ᠮᠥᠰᠥ ᠴᠠᠰᠤᠨ ᠤ ᠲᠥᠷᠥᠯ ᠵᠦᠢᠯ ᠤᠨ ᠠᠵᠢᠯ ᠤᠨ ᠪᠠᠶᠢᠷᠢ ᠠᠴᠠ ᠪᠠᠨ ᠰᠠᠯᠤᠭᠰᠠᠨ ᠲᠠᠮᠢᠷᠴᠢᠳ ᠤᠨ ᠠᠵᠢᠯ ᠣᠯᠭᠤᠬᠤ ᠪᠣᠯᠪᠠᠰᠤᠷᠠᠯ ᠪᠠ ᠠᠵᠢᠯ ᠮᠡᠷᠭᠡᠵᠢᠯ ᠤᠨ ᠴᠢᠳᠠᠪᠤᠷᠢ ᠶᠢᠨ ᠪᠠᠶᠢᠭᠤᠯᠤᠯᠲᠠ ᠶᠢ ᠳᠡᠮᠵᠢᠵᠦ᠂ ᠲᠠᠮᠢᠷᠴᠢᠳ ᠤᠨ ᠰᠤᠷᠭᠠᠭᠤᠯᠢ ᠳᠠᠪᠰᠢᠵᠤ ᠠᠵᠢᠯ ᠤᠯᠬᠤ ᠠᠷᠭ᠎ᠠ ᠵᠠᠮ ᠢ ᠥᠷᠭᠡᠳᠬᠡᠨ᠎ᠡ᠃ ᠤᠯᠤᠰ ᠤᠨ ᠳᠣᠲᠣᠭᠠᠳᠤ ᠭᠠᠳᠠᠭᠠᠳᠤ ᠶᠢᠨ ᠥᠨᠳᠥᠷ ᠬᠢᠷᠢ ᠲᠦᠪᠰᠢᠨ ᠪᠦᠬᠦᠢ ᠳᠠᠰᠬᠠᠯᠵᠢᠭᠤᠯᠤᠭᠴᠢ ᠵᠡᠷᠭᠡ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠣᠷᠤᠭᠤᠯᠵᠤ ᠠᠪᠴᠢᠷᠠᠬᠤ ᠶᠢ ᠳᠡᠮᠵᠢᠵᠦ᠂ ᠬᠢᠯᠢ ᠳᠤ ᠣᠷᠣᠬᠤ ᠸᠢᠰᠠ ᠶᠢᠨ ᠭᠠᠷᠳᠠᠮ ᠢ ᠳᠦᠭᠦᠮᠴᠢᠯᠡᠨ᠂ ᠠᠮᠢᠳᠤᠷᠠᠯ ᠪᠠ ᠠᠵᠢᠯ ᠤᠨ ᠲᠠᠯ᠎ᠠ ᠳᠤ ᠴᠢᠬᠤᠯᠠ ᠪᠦᠬᠦᠢ ᠲᠥᠬᠦᠮ ᠦᠵᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠢᠩᠬᠢᠮ ᠬᠠᠷᠢᠭᠤᠴᠠᠨ᠎ᠠ︶
ᠵᠢᠷᠭᠤᠭ᠎ᠠ᠂ ᠮᠥᠰᠥ ᠴᠠᠰᠤᠨ ᠤ ᠠᠵᠤ ᠠᠬᠤᠶ ᠶᠢᠨ ᠨᠡᠭᠡᠭᠡᠯᠲᠡᠲᠦ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ
21. ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠣᠯᠠᠨ ᠤᠯᠤᠰ ᠤᠨ ᠪᠠ ᠤᠯᠤᠰ ᠤᠨ ᠳᠣᠲᠣᠭᠠᠳᠤ ᠶᠢᠨ ᠮᠥᠰᠥ ᠴᠠᠰᠤᠨ ᠤ ᠬᠦᠷᠢᠶ᠎ᠡ ᠴᠠᠷᠠᠭᠠᠨ ᠳᠠᠬᠢ ᠨᠠᠷᠠᠲᠤ ᠠᠵᠤ ᠠᠬᠤᠶᠢᠯᠠᠯ ᠢ ᠲᠡᠳᠡᠨ ᠠᠪᠴᠢᠷᠠᠵᠤ ᠥᠪᠡᠷᠲᠡᠭᠡᠨ ᠵᠠᠰᠠᠬᠤ ᠣᠷᠣᠨ ᠤ ᠮᠥᠰᠥ ᠴᠠᠰᠤᠨ ᠤ ᠵᠢᠭᠤᠯᠴᠢᠯᠠᠯ ᠤᠨ ᠠᠮᠠᠷᠠᠯᠲᠠ ᠶᠢᠨ ᠭᠠᠵᠠᠷ ᠢ ᠰᠢᠯᠢᠳᠡᠭᠵᠢᠭᠦᠯᠦᠨ ᠲᠠᠰ ᠳᠡᠪᠰᠢᠭᠦᠯᠵᠦ᠂ ᠪᠥᠬᠦ ᠪᠥᠮᠪᠥᠷᠴᠡᠭ ᠲᠤ ᠠᠯᠳᠠᠷᠲᠠᠢ ᠮᠥᠰᠥ ᠴᠠᠰᠤᠨ ᠤ ᠵᠢᠭᠤᠯᠴᠢᠯᠠᠯ ᠤᠨ ᠴᠢᠨᠠᠷ ᠰᠠᠶᠢᠲᠠᠶ ᠵᠣᠷᠢᠭᠰᠠᠨ ᠭᠠᠵᠠᠷ ᠢ ᠪᠣᠶ ᠪᠣᠯᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠰᠣᠶᠣᠯ ᠪᠠ ᠵᠢᠭᠤᠯᠴᠢᠯᠠᠯ ᠤᠨ ᠲᠢᠩᠬᠢᠮ᠂ ᠪᠡᠶ᠎ᠡ ᠶᠢᠨ ᠲᠠᠮᠢᠷ ᠤᠨ ᠲᠣᠪᠴᠢᠶ᠎ᠠ ᠬᠠᠷᠢᠭᠤᠴᠠᠨ᠎ᠠ︶
22. ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠮᠥᠰᠥ ᠴᠠᠰᠤᠨ ᠤ ᠪᠦᠲᠦᠭᠡᠭᠳᠡᠬᠦᠨ ᠤ ᠠᠷᠠᠯᠵᠢᠶ᠎ᠠ᠂ ᠤᠷᠤᠯᠳᠤᠭᠠᠨ ᠤ ᠠᠵᠢᠯᠯᠠᠭ᠎ᠠ᠂ ᠠᠵᠤ ᠦᠢᠯᠡᠰ ᠤᠨ ᠪᠠᠯᠠ ᠣᠷᠣᠭᠤᠯᠤᠯᠲᠠ ᠪᠠ ᠰᠣᠶᠣᠯ ᠤᠨ ᠰᠣᠯᠢᠯᠴᠠᠭ᠎ᠠ ᠪᠠᠨ ᠴᠢᠩᠭᠠᠷᠠᠭᠤᠯᠤᠨ᠎ᠠ᠃ ᠳᠤᠮᠳᠠᠳᠤ ᠣᠷᠣᠰ ᠮᠣᠩᠭᠤᠯ ᠤᠨ ᠣᠯᠠᠨ ᠤᠯᠤᠰ ᠤᠨ ᠮᠥᠰᠥ ᠴᠠᠰᠤᠨ ᠤ ᠨᠠᠶᠢᠷ᠂ ᠳᠤᠮᠳᠠᠳᠤ ᠤᠯᠤᠰ ᠤᠨ ᠬᠦᠢᠲᠡᠨ ᠤ ᠲᠦᠢᠯ ᠤᠨ ᠮᠠᠷᠠᠰᠤᠨ ᠤᠷᠤᠯᠳᠤᠭᠠᠨ ᠵᠡᠷᠭᠡ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠮᠥᠰᠥ ᠴᠠᠰᠤᠨ ᠤ ᠰᠣᠶᠣᠯ ᠢᠷᠭᠡᠨᠰᠢᠯ ᠤᠨ ᠰᠣᠯᠢᠯᠴᠠᠭᠠᠨ ᠤ ᠬᠤᠯᠪᠣᠭᠠᠰᠤ ᠶᠢ ᠴᠢᠩᠭᠠᠳᠬᠠᠨ᠎ᠠ᠃ ︵ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ᠂ ᠰᠣᠶᠣᠯ ᠪᠠ ᠵᠢᠭᠤᠯᠴᠢᠯᠠᠯ ᠤᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠬᠠᠷᠢᠭᠤᠴᠠᠨ᠎ᠠ︶
ᠳᠣᠯᠤᠭ᠎ᠠ᠂ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠨ᠎ᠠ
23. ᠲᠠᠯᠠᠪᠤᠷ ᠭᠠᠵᠠᠷ ᠤᠨ ᠡᠵᠡᠩᠨᠡᠯᠲᠡ ᠶᠢᠨ ᠨᠢᠭᠡᠴᠢ᠂ ᠤᠷᠤᠯᠳᠤᠭᠠᠨ ᠤ ᠠᠵᠢᠯᠯᠠᠭ᠎ᠠ ᠶᠢᠨ ᠡᠷᠬᠢᠯᠡᠭᠴᠢ ᠶᠢᠨ ᠲᠠᠯ᠎ᠠ ᠶᠢᠨ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠮᠤᠷ ᠲᠦᠪᠰᠢᠨ ᠤ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢ ᠨᠠᠶᠢᠳᠠᠪᠤᠷᠢᠵᠢᠭᠤᠯᠤᠨ᠂ ᠮᠥᠰᠥ ᠴᠠᠰᠤᠨ ᠤ ᠲᠠᠮᠢᠷ ᠤᠨ ᠬᠦᠳᠡᠯᠭᠡᠭᠡᠨ ᠤ ᠲᠠᠯᠠᠪᠤᠷ ᠭᠠᠵᠠᠷ᠂ ᠤᠷᠤᠯᠳᠤᠭᠠᠨ ᠤ ᠠᠵᠢᠯᠯᠠᠭ᠎ᠠ᠂ ᠲᠣᠨᠤᠭ ᠲᠥᠬᠦᠭᠡᠷᠦᠮᠵᠢ ᠪᠡᠯᠡᠳᠬᠡᠮᠵᠢ ᠵᠡᠷᠭᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠣᠭᠲᠠᠭᠠᠨ᠂ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠪᠠ ᠴᠡᠭᠴᠡᠯᠡᠨ ᠰᠠᠶᠢᠵᠢᠷᠠᠭᠤᠯᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠮᠥᠰᠥ ᠴᠠᠰᠤᠨ ᠤ ᠲᠠᠯᠠᠪᠠᠶ ᠣᠷᠳᠣᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠥᠪᠥᠷ ᠮᠣᠩᠭᠤᠯ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠷᠦᠩᠬᠡᠶ ᠠᠩᠭᠢ ᠬᠠᠷᠢᠭᠤᠴᠠᠨ᠎ᠠ︶
24. ᠮᠥᠰᠥ ᠴᠠᠰᠤᠨ ᠤ ᠬᠦᠷᠢᠶ᠎ᠡ ᠴᠠᠷᠠᠭᠠᠨ ᠳᠠᠬᠢ ᠠᠶᠤᠯ ᠲᠦᠭᠰᠢᠭᠦᠷᠢ ᠶᠢᠨ ᠬᠠᠮᠢᠶᠠᠷᠤᠯᠲᠠ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠲᠣᠭᠲᠠᠯᠴᠠᠭ᠎ᠠ᠂ ᠴᠠᠭ ᠠᠭᠤᠷ ᠤᠨ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠲᠣᠭᠲᠠᠴᠠ ᠶᠢ ᠪᠦᠷᠢᠨᠰᠢᠭᠦᠯᠵᠦ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠴᠦᠨ ᠢ ᠴᠢᠩᠭᠠᠳᠬᠠᠨ᠂ ᠮᠡᠷᠭᠡᠵᠢᠯ ᠲᠤᠨᠤᠭ ᠲᠥᠭᠦᠭᠡᠷᠦᠮᠵᠢ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ᠂ ᠣᠷᠭᠢᠯ ᠤᠨ ᠬᠤᠭᠤᠴᠠᠭᠠᠨ ᠳᠠᠬᠢ ᠠᠶᠠᠨᠴᠢᠳ ᠤᠨ ᠴᠤᠪᠤᠷᠠᠯ ᠢ ᠠᠷᠭᠠᠴᠠᠭᠠᠨ ᠰᠶᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠦᠨ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠴᠠᠭ ᠠᠭᠤᠷ ᠤᠨ ᠲᠣᠪᠴᠢᠶ᠎ᠠ᠂ ᠥᠪᠥᠷ ᠮᠣᠩᠭᠤᠯ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠷᠦᠩᠬᠡᠶ ᠠᠩᠭᠢ ᠬᠠᠷᠢᠭᠤᠴᠠᠨ᠎ᠠ︶
25. ᠮᠥᠰᠥ ᠴᠠᠰᠤᠨ ᠤ ᠠᠵᠤ ᠠᠬᠤᠶ ᠶᠢᠨ ᠲᠤᠭ᠎ᠠ ᠪᠦᠷᠢᠳᠬᠡᠯ ᠤᠨ ᠰᠤᠳᠤᠯᠭᠠᠨ ᠢ ᠴᠢᠩᠭᠠᠳᠬᠠᠵᠤ᠂ ᠲᠣᠮᠣ ᠳ᠋ᠠᠶᠢᠲ᠋ᠠ᠂ ᠡᠭᠦᠯᠡᠨ ᠪᠤᠳᠤᠯᠲᠠ ᠵᠡᠷᠭᠡ ᠣᠲᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠬᠡᠷᠡᠭᠯᠡᠯᠲᠡ ᠶᠢ ᠴᠢᠩᠭᠠᠷᠠᠭᠤᠯᠤᠨ᠂ ᠮᠥᠰᠥ ᠴᠠᠰᠤᠨ ᠤ ᠠᠵᠤ ᠠᠬᠤᠶ ᠶᠢᠨ ᠲᠤᠭ᠎ᠠ ᠪᠠᠷᠢᠮᠲᠠ ᠶᠢ ᠴᠤᠭᠯᠠᠭᠤᠯᠬᠤ᠂ ᠰᠢᠢᠳᠪᠦᠷᠢᠯᠡᠬᠦ ᠂ ᠵᠠᠳᠠᠯᠤᠯᠲᠠ ᠬᠢᠬᠦ ᠶᠢ ᠨᠢᠭᠡ ᠴᠣᠭᠴᠠᠵᠢᠭᠤᠯᠤᠭᠰᠠᠨ ᠲᠠᠪᠴᠠᠩ ᠢ ᠪᠠᠶᠢᠭᠤᠯᠵᠤ᠂ ᠪᠠᠶᠢᠩᠭᠤᠰᠢᠭᠰᠠᠨ ᠬᠢᠨᠠᠨ ᠰᠢᠨᠵᠢᠯᠲᠡ ᠶᠢ ᠥᠷᠨᠢᠭᠦᠯᠦᠨ᠂ ᠮᠥᠰᠥ ᠴᠠᠰᠤᠨ ᠤ ᠠᠵᠤ ᠦᠢᠯᠡᠰ ᠤᠨ ᠵᠠᠬ᠎ᠠ ᠳᠡᠯᠭᠡᠭᠦᠷ ᠢ ᠬᠦᠲᠦᠯᠦᠨ ᠵᠢᠯᠤᠭᠤᠳᠬᠤ ᠠᠵᠢᠯ ᠢ ᠰᠠᠶᠢᠲᠤᠷ ᠬᠢᠨ᠎ᠠ᠃ ︵ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ᠂ ᠰᠣᠶᠣᠯ ᠪᠠ ᠵᠢᠭᠤᠯᠴᠢᠯᠠᠯ ᠤᠨ ᠲᠢᠩᠬᠢᠮ᠂ ᠪᠡᠶ᠎ᠡ ᠶᠢᠨ ᠲᠠᠮᠢᠷ ᠤᠨ ᠲᠣᠪᠴᠢᠶ᠎ᠠ ᠬᠠᠷᠢᠭᠤᠴᠠᠨ᠎ᠠ︶
ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠭᠢᠮ
2025 ᠣᠨ ᠤ 1 ᠳ᠋ᠦ᠋ᠭᠡᠷ ᠰᠠᠷ᠎ᠠ ᠶᠢᠨ 8 ᠤ ᠡᠳᠦᠷ ᠳᠠᠷᠤᠮᠠᠯᠯᠠᠨ ᠲᠠᠷᠬᠠᠭᠠᠪᠠ