3 ᠰᠠᠷ᠎ᠠ ᠶᠢᠨ 31 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃
ᠬᠤᠷᠠᠯ ᠠᠴᠠ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠨᠠᠢᠮᠠᠳᠤᠭᠠᠷ ᠤᠳᠠᠭ᠎ᠠ ᠶᠢᠨ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠤᠰᠢᠭᠤ ᠱᠠᠯᠠᠮᠠᠭᠠᠢ ᠲᠤᠭᠤᠰᠢᠯᠠᠭᠤᠯᠤᠨ ᠬᠡᠷᠡᠭᠵᠢᠭᠦᠯᠦᠭᠴᠢ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠠᠵᠢᠯᠯᠠᠭᠠᠨ ᠤ ᠭᠠᠪᠰᠢᠭᠠᠶᠢᠯᠠᠭᠴᠢ᠂ ᠭᠠᠷᠮᠠᠭᠠᠢ ᠠᠵᠢᠯᠯᠠᠨ ᠴᠢᠳᠠᠮᠠᠭᠠᠢ ᠪᠦᠲᠦᠭᠡᠬᠦ ᠪᠣᠳᠠᠲᠠᠢ ᠠᠵᠢᠯᠯᠠᠭᠴᠢ ᠪᠣᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠣᠭᠤᠷᠢᠨ ᠳᠤ ︽ᠡᠷᠭᠢᠨ ᠬᠠᠷᠠᠵᠤ︾᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠲᠣᠳᠣᠷᠬᠠᠶᠢᠯᠠᠭᠰᠠᠨ ᠬᠠᠷᠠᠯᠲᠠ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠨᠠᠷᠢᠯᠢᠭ ᠨᠠᠶᠢᠳᠠᠪᠤᠷᠢᠵᠢᠭᠤᠯᠬᠤ ᠶᠢ ᠪᠦᠭᠦ ᠲᠠᠯ᠎ᠠ ᠪᠠᠷ ᠠᠬᠢᠭᠤᠯᠵᠤ᠂ ᠠᠵᠢᠯ ᠢᠶᠠᠨ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠪᠦᠭᠦ ᠲᠠᠯ᠎ᠠ ᠪᠠᠷ ᠬᠤᠷᠳᠤᠴᠠ ᠪᠠᠨ ᠲᠦᠷᠭᠡᠳᠬᠡᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠢ ᠢᠯᠡᠭᠦᠬᠡᠨ ᠪᠥᠭᠡᠳ ᠲᠦᠷᠭᠡᠨ ᠭᠠᠷᠭᠠᠵᠤ᠂ ᠪᠦᠭᠦ ᠬᠦᠴᠦᠨ ᠢᠶᠠᠷ ᠢᠶᠠᠨ ᠴᠢᠷᠮᠠᠶᠢᠵᠤ ᠪᠠᠶᠢᠭᠠᠳ ︽ᠰᠠᠶᠢᠨ ᠡᠭᠢᠯᠡᠯᠲᠡ︾᠂ ︽ᠪᠦᠭᠦ ᠤᠯᠠᠷᠢᠯ ᠢᠶᠠᠷ ᠢᠶᠠᠨ ᠠᠮᠵᠢᠯᠲᠠ ᠲᠠᠢ︾᠂ ︽ᠪᠦᠭᠦ ᠵᠢᠯ ᠢᠶᠠᠷ ᠢᠶᠠᠨ ᠠᠮᠵᠢᠯᠲᠠ ᠲᠠᠢ︾ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠬᠡᠷᠡᠭᠯᠡᠭᠡ ᠶᠢ ᠬᠥᠭᠵᠢᠭᠡᠬᠦ ᠲᠤᠰᠬᠠᠢ ᠠᠵᠢᠯᠯᠠᠭ᠎ᠠ᠂ ︽ᠵᠣᠬᠢᠶᠠᠮᠠᠯ ᠤᠶᠤᠨ ᠴᠢᠳᠠᠪᠤᠷᠢ +︾ 23 ᠵᠦᠢᠯ ᠤᠨ ᠭᠤᠣᠯᠳᠠᠯᠭ᠎ᠠ ᠲᠠᠢ ᠡᠭᠦᠷᠭᠡ᠂ 30 ᠵᠦᠢᠯ ᠤᠨ ᠣᠨ ᠤ ︽ᠥᠨᠳᠥᠷ ᠪᠦᠲᠦᠮᠵᠢᠲᠡᠢ ᠪᠠᠷ ᠨᠢᠭᠡ ᠶᠠᠪᠤᠳᠠᠯ ᠢ ᠪᠦᠲᠦᠭᠡᠬᠦ︾᠂ ᠥᠨᠳᠥᠷ ᠤᠷ᠎ᠠ ᠮᠡᠷᠭᠡᠵᠢᠯ ᠲᠠᠢ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠬᠥᠮᠥᠵᠢᠭᠦᠯᠬᠦ ᠵᠡᠷᠭᠡ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠳᠡᠭᠡᠳᠦ ᠲᠡᠰᠵᠢᠭᠰᠡᠨ᠂ ᠣᠶᠤᠨᠴᠢᠯᠠᠭᠰᠠᠨ᠂ ᠪᠣᠬᠢᠷᠳᠤᠯ ᠦᠭᠡᠢ ᠱᠠᠭᠠᠷᠳᠠᠯᠭ᠎ᠠ ᠶᠢ ᠪᠠᠲᠤ ᠡᠵᠡᠮᠳᠡᠵᠦ ᠦᠢᠯᠡᠳᠬᠦ ᠦᠢᠯᠡᠰ ᠤᠨ ᠭᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠬᠤ ᠶᠢ ᠰᠡᠷᠭᠡᠶᠢᠯᠡᠨ ᠵᠠᠰᠠᠬᠤ ᠠᠵᠢᠯ ᠢ ᠰᠤᠳᠤᠯᠵᠤ᠂ ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠬᠤ ᠶᠢ ᠰᠡᠷᠭᠡᠶᠢᠯᠡᠨ ᠵᠠᠰᠠᠬᠤ ᠶᠢᠨ ᠲᠤᠶᠢᠯ ᠤᠨ ᠴᠢᠬᠤᠯᠠ ᠴᠢᠨᠠᠷ ᠢ ᠤᠯᠤᠰ ᠲᠥᠷᠥ ᠶᠢᠨ ᠲᠠᠯ᠎ᠠ ᠠᠴᠠ ᠲᠠᠨᠢᠵᠤ᠂ ᠠᠵᠢᠯ ᠤᠨ ᠠᠮᠵᠢᠯᠲᠠ ᠪᠦᠳᠤᠮᠵᠢ ᠶᠢᠨ ᠵᠥᠪ ᠦᠵᠡᠯᠲᠡ ᠶᠢ ᠪᠠᠲᠤ ᠪᠤᠶ ᠪᠤᠯᠭᠠᠵᠤ᠂ ᠨᠢᠭᠡ ᠠᠴᠠ ᠨᠥᠭᠦᠭᠡ ᠶᠢ ᠵᠦᠢᠴᠢᠯᠡᠨ ᠮᠡᠳᠡᠵᠦ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠠᠷᠭ᠎ᠠ ᠪᠠᠷ ᠲᠤᠭ᠎ᠠ ᠪᠦᠷᠢᠳᠬᠡᠯ ᠤᠨ ᠠᠵᠢᠯ ᠢ ᠴᠢᠨᠠᠷ ᠰᠠᠶᠢᠲᠠᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ ᠠᠷᠠᠳ ᠤᠨ ᠠᠮᠢᠳᠤᠷᠠᠯ ᠢ ᠤᠯᠠᠮ ᠨᠢᠭᠡ ᠠᠯᠬᠤᠮ ᠪᠠᠲᠤᠯᠠᠨ ᠰᠠᠶᠢᠵᠢᠷᠠᠭᠤᠯᠵᠤ ᠣᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠠᠵᠢᠯ ᠤᠨ ᠠᠷᠭ᠎ᠠ ᠬᠡᠮᠵᠢᠶ᠎ᠡ ᠶᠢ ᠰᠤᠳᠤᠯᠵᠤ᠂ ᠡᠨᠡ ᠵᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠨᠠᠷᠢᠨ ᠲᠠᠩᠰᠠ ᠶᠢ ᠨᠠᠷᠢᠨ ᠬᠢᠨᠠᠮᠠᠭᠠᠢ ᠡᠮᠬᠢᠯᠡᠨ ᠲᠣᠭᠲᠠᠭᠠᠵᠤ᠂ ᠠᠵᠢᠯ ᠣᠯᠭᠤᠯᠲᠠ᠂ ᠨᠠᠰᠤᠵᠢᠯ ᠤᠨ ᠠᠰᠠᠷᠠᠮᠵᠢ᠂ ᠰᠤᠷᠭᠠᠨ ᠬᠥᠮᠦᠵᠢᠯ᠂ ᠡᠮᠴᠢᠯᠡᠭᠡᠨ᠂ ᠣᠷᠣᠨ ᠰᠠᠭᠤᠴᠠ᠂ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠲᠡᠢ᠃ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠥᠷᠨᠢᠭᠦᠯᠬᠦ ᠲᠠᠢ ᠤᠶᠠᠯᠳᠤᠭᠤᠯᠵᠤ᠂ ᠬᠦᠷᠢᠶ᠎ᠡ ᠳᠠᠷᠠᠭᠠᠯᠠᠨ ᠴᠡᠭᠴᠡᠯᠡᠨ ᠵᠠᠰᠠᠵᠤ᠂ ᠤᠯᠠᠨ ᠲᠦᠮᠡᠨ ᠳᠤ ᠦᠨᠡᠨ ᠪᠣᠳᠠᠲᠠᠢ ᠬᠤᠪᠢᠷᠠᠯᠲᠠ ᠪᠠ ᠦᠷ᠎ᠡ ᠪᠦᠲᠦᠮᠵᠢ ᠶᠢ ᠦᠨᠡᠨ ᠬᠦ ᠦᠵᠡᠭᠦᠯᠭᠦ ᠬᠡᠷᠡᠭᠲᠡᠢ ᠭᠡᠵᠦ ᠱᠠᠭᠠᠷᠳᠠᠪᠠ᠃
ᠬᠤᠷᠠᠯ ᠠᠴᠠ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠠᠬᠢᠭᠤᠯᠤᠭᠰᠠᠨ ᠪᠠᠶᠢᠳᠠᠯ ᠢ ᠰᠣᠨᠣᠰᠴᠤ᠂ ᠤᠯᠤᠰ ᠲᠦᠷᠦ ᠶᠢᠨ ᠵᠣᠭᠰᠣᠴᠠ ᠪᠠᠨ ᠤᠯᠠᠮ ᠳᠡᠭᠡᠭᠰᠢᠯᠡᠭᠦᠯᠵᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠭᠤᠶᠢᠪᠢᠰᠢ ᠦᠭᠡᠢ ᠳᠡᠯᠭᠡᠷᠡᠭᠦᠯᠦᠨ ᠬᠡᠷᠡᠭᠯᠡᠵᠦ᠂ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠭᠦ ᠶᠢᠨ ᠲᠣᠭᠤᠷᠢᠨ ᠳᠤ ᠶᠠᠮᠠᠷ ᠠᠰᠠᠭᠤᠳᠠᠯ ᠪᠠᠶᠢᠪᠠᠯ ᠶᠠᠮᠠᠷ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠰᠤᠷᠤᠬᠴᠢᠳ ᠤᠨ ᠤᠯᠤᠰ ᠤᠨ ᠨᠢᠭᠡᠳᠦᠯᠲᠡᠢ ᠰᠢᠯᠭᠠᠯᠲᠠ ᠳᠤ ᠨᠠᠷᠢᠨ ᠨᠢᠮᠪᠠᠢ ᠰᠠᠶᠢᠲᠤᠷ ᠦᠢᠯᠡᠴᠢᠯᠡᠵᠦ᠂ ᠬᠡᠦᠬᠡᠳ ᠪᠦᠷᠢ ᠶᠢ ᠴᠥᠮ ᠰᠠᠶᠢᠨ ᠬᠢᠷᠢ ᠪᠦᠲᠦᠮᠵᠢ ᠣᠯᠵᠤ ᠴᠢᠳᠠᠬᠤ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ ᠪᠠᠰᠠ ᠥᠪᠡᠷᠲᠡᠭᠡᠨ ᠵᠠᠰᠠᠬᠤ ᠣᠷᠣᠨ ᠤ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠤᠯᠤᠰ ᠤᠨ ᠥᠮᠴᠢᠯᠡᠯᠲᠦ ᠠᠮᠤ ᠪᠤᠳᠠᠭᠠᠨ ᠤ ᠠᠵᠤ ᠠᠬᠤᠶᠢᠯᠠᠯ ᠤᠨ ᠥᠭᠡᠷᠡᠴᠢᠯᠡᠯᠲᠡ᠂ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠡᠯᠡ ᠮᠥᠩᠭᠦ ᠶᠢᠨ ᠬᠠᠮᠢᠶᠠᠷᠤᠯᠲᠠ ᠵᠡᠷᠭᠡ ᠠᠵᠢᠯ ᠢ ᠰᠤᠳᠤᠯᠵᠠᠢ᠃