|
ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠬᠠᠩᠰᠢ ᠶᠢᠨ ᠬᠤᠭᠤᠴᠠᠭᠠᠨ ᠳᠠᠬᠢ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ | ᠰᠡᠷᠭᠡᠶᠢᠯᠡᠨ ᠤᠨᠲᠠᠷᠠᠭᠠᠬᠤ ᠠᠵᠢᠯ ᠢ ᠰᠠᠶᠢᠲᠤᠷ ᠬᠢᠬᠦ ᠲᠤᠬᠠᠢ ᠪᠠᠶᠢᠷᠢᠯᠠᠭᠤᠯᠪᠠ |
|
|
ᠨᠡᠶᠢᠲᠡᠯᠡᠭᠰᠡᠨ ᠴᠠᠭ᠄
2025/4/1
|
|
ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠬᠠᠩᠰᠢ ᠶᠢᠨ ᠬᠤᠭᠤᠴᠠᠭᠠᠨ ᠳᠠᠬᠢ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠢ ᠰᠠᠶᠢᠲᠤᠷ ᠬᠢᠬᠦ ᠲᠤᠬᠠᠢ ᠪᠠᠶᠢᠷᠢᠯᠠᠭᠤᠯᠪᠠ᠃ ᠨᠢᠭᠡ ᠳᠤ᠂ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠤᠨ ᠬᠦᠨᠳᠦ ᠶᠡᠭᠡ ᠳᠠᠯᠳᠠ ᠬᠡᠮ ᠢ ᠬᠥᠳᠡᠯᠦᠩᠭᠦᠢ ᠪᠠᠷ ᠠᠷᠢᠯᠭᠠᠬᠤ ᠪᠠ ᠲᠣᠭᠲᠠᠭᠠᠯ ᠠᠴᠠ ᠵᠥᠷᠢᠴᠡᠨ ᠭᠠᠯ ᠬᠡᠷᠡᠭᠯᠡᠭᠰᠡᠨ ᠦᠶᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ᠂ ᠣᠶ ᠰᠢᠭᠤᠢ ᠪᠠ ᠨᠤᠲᠤᠭ ᠪᠡᠯᠴᠢᠭᠡᠷ᠂ ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠢᠶᠠᠷ ᠪᠦᠷᠢᠯᠳᠦᠭᠰᠡᠨ 4 ᠠᠵᠢᠯᠯᠠᠬᠤ ᠳᠤᠭᠤᠶᠢᠯᠠᠩ ᠲᠣᠮᠢᠯᠠᠵᠤ᠂ ᠪᠥᠬᠦ ᠣᠷᠣᠨ ᠳᠤ ᠣᠴᠢᠭᠤᠯᠤᠨ 20 ᠡᠳᠦᠷ ᠤᠨ ᠬᠤᠭᠤᠴᠠᠭ᠎ᠠ ᠲᠠᠢ ᠪᠠᠷ ᠲᠦᠢᠮᠡᠷ ᠰᠡᠷᠭᠡᠶᠢᠯᠡᠨ ᠤᠨᠲᠠᠷᠠᠭᠠᠬᠤ ᠪᠠᠶᠢᠴᠠᠭᠠᠯᠲᠠ ᠶᠢ ᠥᠷᠨᠢᠭᠦᠯᠵᠦ ᠪᠣᠢ᠃ ᠬᠤᠶᠠᠷ ᠲᠤ᠂ ᠬᠠᠩᠰᠢ ᠶᠢᠨ ᠡᠳᠦᠷ ᠤᠨ ᠠᠷᠠᠳ ᠤᠨ ᠵᠠᠩ ᠦᠢᠯᠡ ᠶᠢᠨ ᠭᠠᠯ ᠬᠡᠷᠡᠭᠯᠡᠬᠦ᠂ ᠬᠠᠪᠤᠷ ᠤᠨ ᠲᠠᠷᠢᠶᠠᠯᠠᠭ᠎ᠠ ᠳᠤ ᠭᠠᠯ ᠬᠡᠷᠡᠭᠯᠡᠬᠦ ᠵᠡᠷᠭᠡ ᠭᠤᠣᠯᠳᠠᠯᠭ᠎ᠠ ᠪᠠ ᠲᠦᠭᠰᠢᠭᠦᠷᠢ ᠶᠢ ᠴᠢᠩᠭ᠎ᠠ ᠠᠩᠬᠠᠷᠴᠤ᠂ ᠪᠦᠬᠦ ᠣᠷᠣᠨ ᠤ 1088 ᠪᠠᠶᠢᠴᠠᠭᠠᠬᠤ ᠦᠷᠳᠡᠭᠡ᠂ 1098 ᠴᠠᠮᠬᠠᠭ ︵ᠬᠠᠷᠠᠭᠤᠯ︶ ᠵᠢᠴᠢ ᠤᠢ ᠰᠢᠭᠤᠢ ᠨᠤᠲᠤᠭ ᠪᠡᠯᠴᠢᠭᠡᠷ ᠤᠨ ᠬᠠᠮᠠᠭᠠᠯᠠᠭᠴᠢ ᠶᠢ 5 ᠲᠦᠮᠡ ᠭᠠᠷᠤᠢ ᠵᠣᠬᠢᠶᠠᠨ ᠪᠠᠶᠢᠭᠤᠯᠤᠭᠠᠳ ᠳᠡᠭᠡᠳᠦ ᠬᠡᠮᠵᠢᠶ᠎ᠡ ᠪᠠᠷ ᠰᠡᠷᠭᠡᠶᠢᠯᠡᠵᠦ᠂ ᠴᠢᠩᠭ᠎ᠠ ᠨᠢᠮᠪᠠᠢ ᠵᠢᠵᠢᠭᠦᠷᠯᠡᠨ ᠰᠠᠬᠢᠭᠤᠯᠵᠤ ᠪᠣᠢ᠃ ᠭᠤᠷᠪᠠ ᠳᠤ᠂ ᠲᠦᠢᠮᠡᠷ ᠤᠨ ᠲᠦᠭᠰᠢᠭᠦᠷᠢ ᠶᠢᠨ ᠪᠠᠶᠢᠳᠠᠯ ᠤᠨ ᠵᠥᠪᠳᠡᠯᠴᠡᠭᠡ ᠶᠢ ᠣᠯᠠᠰᠢᠷᠠᠭᠤᠯᠵᠤ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠢ ᠳᠤ ᠨᠢ ᠨᠡᠶᠢᠲᠡᠯᠡᠵᠦ᠂ ᠡᠷᠲᠡ ᠰᠡᠷᠡᠮᠵᠢᠯᠡᠭᠦᠯᠵᠦ ᠡᠷᠲᠡ ᠰᠡᠷᠭᠡᠶᠢᠯᠡᠬᠦ ᠶᠢ ᠪᠡᠶᠡᠯᠡᠭᠦᠯᠪᠡ᠃ ᠳᠥᠷᠪᠡ ᠳᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠶᠢ ᠴᠢᠩᠭᠠᠳᠬᠠᠵᠤ᠂ ᠲᠤᠰᠬᠠᠢ ᠮᠡᠷᠭᠡᠵᠢᠯ ᠤᠨ ᠪᠠ ᠬᠠᠭᠠᠰ ᠲᠤᠰᠬᠠᠢ ᠮᠡᠷᠭᠡᠵᠢᠯ ᠤᠨ ᠭᠠᠯ ᠤᠨᠲᠠᠷᠠᠭᠠᠬᠤ 3.4 ᠲᠦᠮᠡᠨ ᠬᠥᠮᠥᠨ ᠤ ᠡᠩᠨᠡᠭᠡ ᠵᠢᠴᠢ ᠣᠶ ᠰᠢᠭᠤᠢ ᠶᠢᠨ ᠭᠠᠯ ᠰᠡᠷᠭᠡᠶᠢᠯᠡᠨ ᠤᠨᠲᠠᠷᠠᠭᠠᠬᠤ 4200 ᠭᠠᠷᠤᠢ ᠬᠥᠮᠥᠨ ᠤ ᠡᠩᠨᠡᠭᠡ ᠶᠢ ᠵᠣᠬᠢᠶᠠᠨ ᠪᠠᠶᠢᠭᠤᠯᠤᠭᠠᠳ ᠳᠡᠭᠡᠳᠦ ᠬᠡᠮᠵᠢᠶ᠎ᠡ ᠪᠠᠷ ᠰᠡᠷᠡᠮᠵᠢᠯᠡᠭᠦᠯᠵᠦ᠂ 28 ᠬᠤᠪᠢᠶᠠᠷᠢ ᠠᠩᠭᠢ᠂ 1502 ᠬᠥᠮᠥᠨ ᠢ ᠲᠣᠮᠢᠯᠠᠨ ᠲᠦᠢᠮᠡᠷ ᠤᠨ ᠲᠦᠭᠰᠢᠭᠦᠷᠢ ᠶᠡᠬᠡᠲᠡᠢ ᠣᠷᠣᠨ᠂ ᠲᠦᠢᠮᠡᠷ ᠣᠯᠠᠨᠲᠠ ᠡᠭᠦᠰᠳᠡᠭ ᠣᠷᠣᠨ ᠳᠤ ᠣᠴᠢᠭᠤᠯᠵᠤ᠂ ᠬᠠᠩᠰᠢ ᠶᠢᠨ ᠡᠳᠦᠷ ᠠᠴᠠ ᠡᠮᠦᠨ᠎ᠡ ᠪᠦᠬᠦᠨ ᠢ ᠠᠵᠢᠯ ᠤᠨ ᠪᠠᠶᠢᠷᠢᠨ ᠳᠤ ᠨᠢ ᠪᠠᠶᠢᠯᠭᠠᠬᠤ ᠶᠢ ᠦᠨᠡᠨ ᠬᠦ ᠪᠠᠲᠤᠯᠠᠪᠠ᠃ ︵ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ︶ |
|
ᠢᠷᠡᠯᠲᠡ᠄
ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ
|