ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 31 ᠤ ᠴᠠᠭᠢᠯᠭᠠᠨ ᠮᠡᠳᠡᠭᠡ 4 ᠰᠠᠷ᠎ᠠ ᠶᠢᠨ 1 ᠤ ᠡᠳᠦᠷ ᠬᠡᠪᠯᠡᠭᠳᠡᠬᠦ 7 ᠳ᠋ᠤᠭᠠᠷ ᠬᠤᠭᠤᠴᠠᠭᠠᠨ ᠤ ︽ᠦᠨᠡᠨ ︾ ᠰᠡᠳᠬᠦᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ︽ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠠᠤᠭ᠎ᠠ ᠬᠠᠷᠠᠯᠲᠠ ᠲᠡᠶᠢᠰᠢ ᠡᠷᠡᠯᠬᠡᠭᠯᠡᠨ ᠤᠷᠤᠭᠰᠢᠯᠠᠶ᠎ᠠ ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ ᠃
ᠵᠣᠬᠢᠶᠠᠯ ᠳᠤ ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠬᠥᠭᠵᠢᠪᠡᠯ ᠦᠨᠳᠦᠰᠦᠲᠡᠨ ᠮᠠᠨᠳᠤᠵᠤ ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠬᠦᠴᠦᠷᠬᠡᠭᠵᠢᠪᠡᠯ ᠤᠯᠤᠰ ᠬᠦᠴᠦᠷᠬᠡᠭᠵᠢᠨ᠎ᠡ ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠨᠠᠮ ᠤᠨ ᠲᠥᠪ ᠬᠤᠷᠢᠶ᠎ᠠ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠭᠦᠨᠵᠡᠭᠡᠢ ᠠᠬᠢᠭᠤᠯᠵᠤ ᠂ ᠰᠢᠨ᠎ᠡ ᠶᠢ ᠡᠭᠦᠳᠬᠦ ᠭᠡᠯᠪᠡᠷᠢ ᠶᠢᠨ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠡᠭᠦᠷᠭᠡ ᠶᠢ ᠳᠤᠷᠠᠳᠤᠨ ᠭᠠᠷᠭᠠᠵᠤ ᠂ 2035 ᠣᠨ ᠪᠤᠯᠳᠠᠯ᠎ᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠲᠡᠮᠡᠴᠡᠯ ᠤᠨ ᠬᠠᠷᠠᠯᠲᠠ ᠶᠢ ᠲᠣᠭᠲᠠᠭᠠᠵᠤ ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠵᠦ ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠠᠵᠢᠯᠲᠠᠨ ᠤ ᠢᠳᠡᠪᠬᠢᠵᠢᠯ ᠂ ᠰᠠᠨᠠᠭᠠᠴᠢᠯᠠᠭᠠᠲᠤ ᠴᠢᠨᠠᠷ ᠂ ᠪᠦᠲᠦᠭᠡᠯᠴᠢ ᠴᠢᠨᠠᠷ ᠢ ᠭᠦᠢᠴᠡᠳ ᠬᠥᠭᠵᠢᠭᠡᠵᠦ ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠬᠦᠴᠦᠲᠡᠢ ᠠᠬᠢᠭᠤᠯᠵᠤ ᠂ ᠮᠠᠨ ᠤ ᠤᠯᠤᠰ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠦᠢᠯᠡᠰ ᠲᠡᠦᠬᠡᠲᠦ ᠴᠢᠨᠠᠷᠲᠠᠢ ᠠᠮᠵᠢᠯᠲᠠ ᠣᠯᠵᠤ ᠂ ᠲᠡᠦᠬᠡᠲᠦ ᠴᠢᠨᠠᠷᠲᠠᠢ ᠬᠤᠪᠢᠰᠤᠯᠲᠠ ᠭᠠᠷᠴᠠᠢ ᠭᠡᠵᠦ ᠴᠢᠬᠤᠯᠠᠴᠢᠯᠠᠪᠠ ᠃
ᠵᠣᠬᠢᠶᠠᠯ ᠳᠤ ᠂ ᠰᠢᠨ᠎ᠡ ᠴᠠᠭ ᠦᠶ᠎ᠡ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠦᠢᠯᠡᠰ ᠢ ᠬᠥᠭᠵᠢᠭᠦᠯᠬᠦ ᠦᠢᠯᠡᠳᠦᠯᠭᠡ ᠳᠤᠮᠳᠠ ᠂ ᠪᠢᠳᠡ ᠵᠢᠮ᠎ᠡ ᠶᠣᠰᠣᠴᠢ ᠴᠢᠨᠠᠷᠲᠠᠢ ᠲᠠᠨᠢᠯᠲᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ ᠂ ᠮᠠᠰᠢ ᠤᠯᠠᠨ ᠴᠢᠬᠤᠯᠠ ᠲᠤᠷᠰᠢᠯᠭ᠎ᠠ ᠶᠢ ᠬᠤᠷᠠᠮᠳᠤᠭᠤᠯᠵᠠᠢ ᠃ ᠡᠭᠦᠨ ᠳᠤ ᠭᠤᠣᠯᠳᠠᠭᠤ ᠄ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ ᠂ ᠳᠤᠮᠳᠠᠳᠤ ᠤᠯᠤᠰ ᠤᠨ ᠣᠨᠴᠠᠯᠢᠭ ᠪᠦᠬᠦᠢ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠠᠮ ᠢᠶᠠᠷ ᠵᠠᠮᠨᠠᠬᠤ ᠶᠢ ᠪᠠᠷᠢᠮᠲᠠᠯᠠᠵᠤ ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ ᠂ ︽ᠳᠥᠷᠪᠡ ᠳᠤ ᠬᠠᠨᠳᠤᠬᠤ ︾ ᠪᠠᠶᠢᠯᠳᠤᠬᠤ ᠪᠣᠳᠣᠯᠭ᠎ᠠ ᠶᠢᠨ ᠤᠳᠤᠷᠢᠳᠤᠮᠵᠢ ᠶᠢ ᠪᠠᠷᠢᠮᠲᠠᠯᠠᠵᠤ ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠬᠦ ᠶᠢ ᠪᠠᠷᠢᠮᠲᠠᠯᠠᠵᠤ ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠴᠢᠳᠠᠪᠤᠷᠢᠲᠠᠨ ᠤ ᠰᠠᠶᠢᠨ ᠣᠷᠴᠢᠯ ᠢ ᠠᠬᠢᠭᠤᠯᠬᠤ ᠶᠢ ᠪᠠᠷᠢᠮᠲᠠᠯᠠᠵᠤ ᠂ ᠰᠢᠨ᠎ᠡ ᠶᠢ ᠡᠭᠦᠳᠬᠦ ᠰᠣᠶᠣᠯ ᠢ ᠪᠣᠶᠢᠵᠢᠭᠤᠯᠬᠤ ᠶᠢ ᠪᠠᠷᠢᠮᠲᠠᠯᠠᠵᠤ ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠨᠡᠭᠡᠭᠡᠯᠲᠡ ᠬᠢᠵᠦ ᠬᠠᠮᠲᠤᠷᠠᠯᠴᠠᠨ ᠬᠥᠮᠥᠨ ᠲᠥᠷᠥᠯᠬᠢᠲᠡᠨ ᠳᠤ ᠪᠤᠶᠠᠨ ᠦᠢᠯᠡᠳᠬᠦ ᠶᠢ ᠪᠠᠷᠢᠮᠲᠠᠯᠠᠪᠠ ᠃ ᠡᠳᠡᠭᠡᠷ ᠲᠤᠷᠰᠢᠯᠭ᠎ᠠ ᠪᠣᠯ ᠲᠤᠶᠢᠯ ᠤᠨ ᠡᠷᠬᠢᠮ ᠨᠠᠨᠳᠢᠨ ᠶᠤᠮ ᠂ ᠡᠷᠬᠡᠪᠰᠢ ᠤᠷᠳᠤ ᠬᠤᠭᠤᠴᠠᠭ᠎ᠠ ᠪᠠᠷᠢᠮᠲᠠᠯᠠᠬᠤ ᠶᠢᠨ ᠬᠠᠮᠲᠤ ᠂ ᠦᠢᠯᠡᠳᠦᠯᠭᠡ ᠶᠢᠨ ᠳᠤᠮᠳᠠ ᠲᠠᠰᠤᠷᠠᠯᠳᠠ ᠦᠭᠡᠢ ᠪᠠᠶᠠᠯᠢᠭᠵᠢᠭᠤᠯᠤᠨ ᠬᠥᠭᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ ᠃
ᠵᠣᠬᠢᠶᠠᠯ ᠳᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠣᠳᠣᠬᠢᠴᠢᠯᠠᠯᠲᠠ ᠪᠠᠷ ᠲᠤᠯᠭᠠᠭᠤᠷᠢᠯᠠᠭᠤᠯᠵᠤ ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠲᠦᠰᠢᠭᠯᠡᠨ ᠰᠢᠨ᠎ᠡ ᠬᠥᠳᠡᠯᠭᠡᠬᠦ ᠬᠦᠴᠦᠨ ᠢ ᠪᠣᠶᠢᠵᠢᠭᠤᠯᠬᠤ ᠬᠡᠷᠡᠭᠲᠡᠢ ᠃ ᠡᠷᠬᠡᠪᠰᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠪᠠᠶᠢᠯᠳᠤᠬᠤ ᠪᠣᠳᠣᠯᠭ᠎ᠠ ᠶᠢᠨ ᠤᠳᠤᠷᠢᠳᠤᠮᠵᠢ ᠶᠢᠨ ᠪᠠᠶᠢᠷᠢ ᠰᠠᠭᠤᠷᠢ ᠪᠣᠯᠣᠨ ᠦᠨᠳᠦᠰᠦᠨ ᠲᠤᠯᠭᠠᠭᠤᠷᠢᠯᠠᠯ ᠤᠨ ᠦᠢᠯᠡᠳᠦᠯ ᠢ ᠭᠦᠢᠴᠡᠳ ᠲᠠᠨᠢᠵᠤ ᠂ 2035 ᠣᠨ ᠪᠤᠯᠳᠠᠯ᠎ᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢ ᠪᠠᠲᠤ ᠡᠵᠡᠮᠳᠡᠵᠦ ᠂ ᠦᠵᠦ ᠲᠥᠯᠥᠪᠯᠡᠭᠡ ᠪᠣᠯᠣᠨ ᠨᠢᠭᠡᠳᠦᠯᠲᠡᠢ ᠲᠥᠯᠥᠪᠵᠢᠭᠦᠯᠦᠨ ᠲᠥᠰᠥᠪᠯᠡᠬᠦ ᠪᠠᠨ ᠴᠢᠩᠭᠠᠳᠬᠠᠵᠤ ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠲᠦᠷᠭᠡᠳᠬᠡᠨ ᠪᠡᠶᠡᠯᠡᠭᠦᠯᠬᠦ ᠬᠡᠷᠡᠭᠲᠡᠢ ᠃ ᠪᠢᠳᠡᠨ ᠤ ᠪᠦᠲᠦᠭᠡᠨ ᠪᠠᠶᠢᠭᠤᠯᠬᠤ ᠭᠡᠵᠦ ᠪᠠᠶᠢᠭ᠎ᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠦᠴᠦᠷᠬᠡᠭ ᠤᠯᠤᠰ ᠨᠢ ᠡᠷᠬᠡᠪᠰᠢ ᠳᠣᠣᠷᠠᠬᠢ ᠦᠨᠳᠦᠰᠦᠨ ᠡᠯᠧᠮᠧᠨ᠋ᠲ ᠢ ᠪᠦᠷᠢᠯᠳᠦᠭᠦᠯᠬᠦ ᠬᠡᠷᠡᠭᠲᠡᠢ ᠄ ᠨᠢᠭᠡ ᠳᠤ ᠬᠦᠴᠦᠷᠬᠡᠭ ᠶᠡᠭᠡ ᠰᠠᠭᠤᠷᠢ ᠰᠤᠳᠤᠯᠭᠠᠨ ᠪᠠ ᠤᠤᠭᠠᠯ ᠰᠢᠨ᠎ᠡ ᠶᠢ ᠡᠭᠦᠳᠬᠦ ᠴᠢᠳᠠᠪᠤᠷᠢ ᠲᠠᠢ ᠪᠠᠶᠢᠵᠤ ᠂ ᠴᠢᠬᠤᠯᠠ ᠶᠡᠭᠡ ᠤᠤᠭᠠᠯ ᠡᠭᠦᠳᠦᠯᠲᠡ ᠶᠢᠨ ᠴᠢᠨᠠᠷᠲᠠᠢ ᠂ ᠳᠣᠩᠰᠣᠯᠤᠯᠲᠠ ᠶᠢᠨ ᠴᠢᠨᠠᠷᠲᠠᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠤᠢ ᠪᠣᠯᠭᠠᠨ᠎ᠠ ᠃ ᠬᠤᠶᠠᠷ ᠲᠤ ᠬᠦᠴᠦᠷᠬᠡᠭ ᠶᠡᠭᠡ ᠵᠠᠩᠭᠢᠯᠠᠭ᠎ᠠ ᠶᠢᠨ ᠭᠤᠣᠯᠯᠠᠭᠴᠢ ᠮᠡᠷᠭᠡᠵᠢᠯ ᠤᠨ ᠪᠣᠭᠤᠮᠲᠠ ᠰᠢᠪᠲᠤᠯᠬᠤ ᠴᠢᠳᠠᠪᠤᠷᠢ ᠲᠠᠢ ᠪᠠᠶᠢᠵᠤ ᠂ ᠴᠢᠨᠠᠷ ᠰᠠᠶᠢᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠬᠦᠴᠦᠲᠡᠢ ᠲᠤᠯᠭᠠᠭᠤᠷᠢᠯᠠᠨ᠎ᠠ ᠃ ᠭᠤᠷᠪᠠ ᠳᠤ ᠬᠦᠴᠦᠷᠬᠡᠭ ᠶᠡᠭᠡ ᠳᠡᠯᠡᠬᠡᠢ ᠶᠢᠨ ᠨᠥᠯᠥᠭᠡᠯᠡᠬᠦ ᠬᠦᠴᠦᠨ ᠪᠠ ᠬᠥᠲᠥᠯᠥᠨ ᠳᠠᠭᠠᠭᠤᠯᠬᠤ ᠬᠦᠴᠦᠨ ᠲᠠᠢ ᠪᠠᠶᠢᠵᠤ ᠂ ᠳᠡᠯᠡᠬᠡᠢ ᠶᠢᠨ ᠴᠢᠬᠤᠯᠠ ᠰᠢᠨᠵᠢᠯᠡᠬᠦ ᠤᠬᠠᠭᠠᠨ ᠤ ᠲᠥᠪ ᠪᠠ ᠰᠢᠨ᠎ᠡ ᠶᠢ ᠡᠭᠦᠳᠬᠦ ᠥᠨᠳᠦᠷᠯᠢᠭ ᠢ ᠴᠣᠭᠴᠠᠯᠠᠨ᠎ᠠ ᠃ ᠳᠥᠷᠪᠡ ᠳᠤ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠪᠠ ᠴᠤᠭᠯᠠᠷᠠᠭᠤᠯᠬᠤ ᠬᠦᠴᠦᠷᠬᠡᠭ ᠶᠡᠭᠡ ᠴᠢᠳᠠᠪᠤᠷᠢ ᠲᠠᠢ ᠪᠠᠶᠢᠵᠤ ᠂ ᠳᠡᠯᠡᠬᠡᠢ ᠶᠢᠨ ᠣᠷᠣᠶᠢᠯᠠᠭᠰᠠᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠪᠠ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠦᠴᠦᠨ ᠢ ᠲᠠᠰᠤᠷᠠᠯᠳᠠ ᠦᠭᠡᠢ ᠪᠤᠵᠠᠭᠠᠶᠢᠷᠠᠭᠤᠯᠤᠨ᠎ᠠ ᠃ ᠲᠠᠪᠤ ᠳᠤ ᠬᠦᠴᠦᠷᠬᠡᠭ ᠶᠡᠭᠡ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠲᠠᠢ ᠪᠠᠶᠢᠵᠤ ᠂ ᠳᠡᠯᠡᠬᠡᠢ ᠶᠢᠨ ᠲᠡᠷᠢᠭᠦᠨ ᠤ ᠰᠢᠨ᠎ᠡ ᠶᠢ ᠡᠭᠦᠳᠬᠦ ᠠᠮᠢ ᠠᠬᠤᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠣᠷᠴᠢᠨ ᠨᠥᠬᠦᠴᠡᠯ ᠢ ᠪᠦᠷᠢᠯᠳᠦᠭᠦᠯᠦᠨ᠎ᠡ ᠭᠡᠵᠦ ᠵᠢᠭᠠᠵᠤ ᠭᠠᠷᠭᠠᠪᠠ ᠃
ᠵᠣᠬᠢᠶᠠᠯ ᠳᠤ ᠂ ︽ᠰᠢᠷᠭᠠᠭᠤ ᠬᠠᠲᠠᠭᠤᠵᠢᠯᠲᠠᠢ ᠲᠡᠮᠡᠴᠡᠬᠦ ︾ ᠡᠷᠡᠰ ᠪᠠᠲᠤ ᠵᠣᠷᠢᠭ ᠪᠣᠯᠣᠨ ᠬᠠᠳᠠᠨ ᠵᠣᠷᠢᠭ ᠢᠶᠠᠷ ᠥᠷᠯᠥᠭᠡ ᠦᠳᠡᠰᠢ ᠶᠢ ᠲᠡᠮᠡᠴᠡᠨ ᠰᠢᠷᠭᠠᠭᠤ ᠠᠵᠢᠯᠯᠠᠵᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢ ᠯᠠᠪᠳᠠᠭᠤᠨ ᠪᠠᠲᠤᠲᠠᠢ ᠪᠡᠶᠡᠯᠡᠭᠦᠯᠬᠦ ᠬᠡᠷᠡᠭᠲᠡᠢ ᠃ ᠨᠢᠭᠡᠳᠦᠭᠡᠷ ᠲᠤ ᠂ ᠰᠢᠨ᠎ᠡ ᠭᠡᠯᠪᠡᠷᠢ ᠶᠢᠨ ᠤᠯᠤᠰ ᠳᠠᠶᠠᠭᠠᠷ ᠤᠨ ᠪᠠᠶᠢᠭᠤᠯᠤᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠲᠦᠷᠭᠡᠳᠬᠡᠨ ᠠᠬᠢᠭᠤᠯᠬᠤ ᠬᠡᠷᠡᠭᠲᠡᠢ ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠠᠵᠢᠯ ᠳᠠᠬᠢ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢᠨ ᠪᠠᠶᠢᠭᠤᠯᠤᠯ ᠢ ᠲᠡᠭᠦᠯᠳᠡᠷᠵᠢᠭᠦᠯᠵᠦ ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠭᠴᠢ ᠴᠢᠨᠠᠷᠲᠠᠢ ᠦᠢᠯᠡᠳᠦᠯ ᠢ ᠭᠦᠢᠴᠡᠳ ᠪᠠᠳᠠᠷᠠᠭᠤᠯᠵᠤ ᠂ ᠵᠠᠰᠠᠭ ᠤᠨ ᠣᠷᠳᠣᠨ ᠤ ᠡᠯ᠎ᠡ ᠲᠠᠯ᠎ᠠ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠦᠴᠦᠨ ᠤ ᠪᠠᠶᠢᠭᠤᠯᠤᠯᠲᠠ ᠶᠢ ᠴᠢᠩᠭᠠᠳᠬᠠᠵᠤ ᠂ ᠰᠠᠭᠤᠷᠢ ᠰᠤᠳᠤᠯᠭᠠᠨ ᠤ ᠵᠣᠬᠢᠶᠠᠨ ᠪᠠᠶᠢᠭᠤᠯᠤᠯᠴᠠᠭᠰᠠᠨ ᠬᠡᠮᠵᠢᠶ᠎ᠡ ᠶᠢ ᠳᠡᠭᠡᠭᠰᠢᠯᠡᠭᠦᠯᠭᠦ ᠬᠡᠷᠡᠭᠲᠡᠢ ᠃ ᠬᠤᠶᠠᠳᠤᠭᠠᠷ ᠲᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠢ ᠠᠭᠤᠰᠤᠯᠴᠠᠯ ᠢ ᠯᠠᠪᠳᠠᠭᠤᠨ ᠪᠠᠲᠤᠲᠠᠢ ᠠᠬᠢᠭᠤᠯᠵᠤ ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠬᠦᠴᠦᠨ ᠨᠡᠮᠡᠷᠢᠯᠡᠬᠦ ᠬᠡᠷᠡᠭᠲᠡᠢ ᠃ ᠠᠭᠤᠰᠤᠯᠴᠠᠬᠤ ᠶᠢᠨ ᠰᠠᠭᠤᠷᠢ ᠨᠢ ᠴᠢᠨᠠᠷ ᠰᠠᠶᠢᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠩᠭᠠᠯᠭ᠎ᠠ ᠶᠢ ᠨᠡᠮᠡᠭᠳᠡᠭᠦᠯᠬᠦ ᠶᠠᠪᠤᠳᠠᠯ ᠪᠣᠯᠣᠨ᠎ᠠ ᠂ ᠠᠭᠤᠰᠤᠯᠴᠠᠬᠤ ᠶᠢᠨ ᠵᠠᠩᠭᠢᠯᠠᠭ᠎ᠠ ᠨᠢ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠬᠤ ᠶᠠᠪᠤᠳᠠᠯ ᠪᠣᠯᠣᠨ᠎ᠠ ᠂ ᠠᠭᠤᠰᠤᠯᠴᠠᠬᠤ ᠶᠢᠨ ᠠᠷᠭ᠎ᠠ ᠵᠠᠮ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠤᠨ ᠬᠡᠷᠡᠭᠯᠡᠬᠦ ᠶᠢ ᠠᠬᠢᠭᠤᠯᠬᠤ ᠶᠠᠪᠤᠳᠠᠯ ᠪᠣᠯᠣᠨ᠎ᠠ ᠃ ᠭᠤᠷᠪᠠᠳᠤᠭᠠᠷ ᠲᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ ᠂ ᠰᠢᠨ᠎ᠡ ᠶᠢ ᠡᠭᠦᠳᠬᠦ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠬᠦ ᠬᠡᠷᠡᠭᠲᠡᠢ ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠡᠯ᠎ᠡ ᠲᠥᠷᠥᠯ ᠤᠨ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠂ ᠰᠢᠨ᠎ᠡ ᠶᠢ ᠡᠭᠦᠳᠬᠦ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠬᠦ ᠪᠠ ᠬᠦᠴᠦᠨ ᠢ ᠵᠣᠬᠢᠶᠠᠨ ᠪᠠᠶᠢᠭᠤᠯᠬᠤ ᠶᠢ ᠴᠢᠩᠭᠠᠳᠬᠠᠬᠤ ᠬᠡᠷᠡᠭᠲᠡᠢ ᠃ ᠣᠷᠣᠨ ᠪᠦᠰᠡ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠵᠦ ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠲᠥᠯᠥᠪᠯᠡᠭᠡ ᠶᠢᠨ ᠬᠠᠮᠢᠶᠠᠷᠤᠯᠲᠠ ᠶᠢ ᠰᠠᠶᠢᠵᠢᠷᠠᠭᠤᠯᠵᠤ ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠯᠠᠭ᠎ᠠ ᠶᠢᠨ ᠵᠢᠮ᠎ᠡ ᠶᠣᠰᠣᠨ ᠳᠤ ᠨᠡᠶᠢᠴᠡᠬᠦ ᠲᠦᠷᠦᠯ ᠬᠤᠪᠢᠶᠠᠨ ᠦᠨᠡᠯᠡᠬᠦ ᠰᠢᠰᠲ᠋ᠧᠮ ᠪᠠ ᠬᠢᠨᠠᠨ ᠰᠢᠯᠭᠠᠬᠤ ᠲᠣᠭᠲᠠᠴᠠ ᠶᠢ ᠲᠦᠷᠭᠡᠳᠬᠡᠨ ᠲᠡᠭᠦᠯᠳᠡᠷᠵᠢᠭᠦᠯᠵᠦ ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠱᠠᠩᠨᠠᠯ ᠂ ᠣᠷᠣᠯᠭ᠎ᠠ ᠶᠢᠨ ᠬᠤᠪᠢᠶᠠᠷᠢᠯᠠᠯᠲᠠ ᠂ ᠦᠷ᠎ᠡ ᠪᠦᠲᠦᠭᠡᠯ ᠤᠨ ᠡᠷᠬᠡ ᠣᠯᠭᠤᠬᠤ ᠵᠡᠷᠭᠡ ᠤᠷᠮᠠᠰᠢᠭᠤᠯᠬᠤ ᠳᠦᠷᠢᠮ ᠢ ᠲᠡᠭᠦᠯᠳᠡᠷᠵᠢᠭᠦᠯᠬᠦ ᠬᠡᠷᠡᠭᠲᠡᠢ ᠃ ᠳᠥᠷᠪᠡᠳᠦᠭᠡᠷ ᠲᠤ ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠴᠢᠳᠠᠪᠤᠷᠢᠲᠠᠨ ᠤ ᠦᠢᠯᠡᠰ ᠤᠨ ᠬᠥᠭᠵᠢᠯᠲᠡ ᠶᠢ ᠨᠢᠭᠡ ᠴᠣᠭᠴᠠᠵᠢᠭᠤᠯᠤᠨ ᠠᠬᠢᠭᠤᠯᠵᠤ ᠂ ᠴᠢᠳᠠᠪᠤᠷᠢᠲᠠᠨ ᠤ ᠥᠷᠢᠰᠦᠯᠳᠦᠭᠡᠨ ᠤ ᠳᠠᠪᠠᠭᠤᠯᠢᠭ ᠢ ᠪᠤᠢ ᠪᠤᠯᠭᠠᠬᠤ ᠬᠡᠷᠡᠭᠲᠡᠢ ᠃ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠴᠢᠳᠠᠪᠤᠷᠢᠲᠠᠨ ᠤ ᠪᠠᠶᠢᠭᠤᠯᠤᠯ ᠲᠣᠭᠲᠠᠴᠠ ᠶᠢ ᠨᠢᠭᠡ ᠴᠣᠭᠴᠠᠵᠢᠭᠤᠯᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠬᠡᠪᠴᠢᠶ᠎ᠡ ᠪᠠᠷ ᠯᠤᠲᠤ ᠶᠡᠭᠡ ᠂ ᠪᠦᠲᠦᠴᠡ ᠨᠢ ᠵᠦᠢ ᠵᠣᠬᠢᠰᠲᠠᠢ ᠂ ᠬᠡᠪ ᠪᠣᠯᠪᠠᠰᠤᠷᠠᠯ ᠢᠶᠠᠷ ᠰᠢᠯᠢᠳᠡᠭ ᠰᠠᠶᠢᠨ ᠰᠢᠨ᠎ᠡ ᠶᠢ ᠡᠭᠦᠳᠬᠦ ᠭᠡᠯᠪᠡᠷᠢ ᠶᠢᠨ ᠴᠢᠳᠠᠪᠤᠷᠢᠲᠠᠨ ᠤ ᠡᠩᠨᠡᠭᠡ ᠶᠢ ᠲᠦᠷᠭᠡᠳᠬᠡᠨ ᠬᠥᠮᠥᠵᠢᠭᠦᠯᠦᠨ ᠪᠤᠶ ᠪᠤᠯᠭᠠᠬᠤ ᠬᠡᠷᠡᠭᠲᠡᠢ ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠡᠷᠡᠭᠴᠡᠭᠡ ᠪᠠᠷ ᠵᠢᠯᠣᠭᠤᠳᠤᠮᠵᠢ ᠪᠤᠯᠭᠠᠬᠤ ᠶᠢ ᠪᠠᠷᠢᠮᠲᠠᠯᠠᠵᠤ ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠴᠢᠳᠠᠪᠤᠷᠢᠲᠠᠨ ᠤ ᠬᠦᠴᠦᠨ ᠢ ᠲᠦᠷᠭᠡᠳᠬᠡᠨ ᠪᠠᠶᠢᠭᠤᠯᠬᠤ ᠶᠢ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠤᠯᠭᠠᠵᠤ ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠢ ᠬᠥᠮᠥᠵᠢᠭᠦᠯᠬᠦ ᠶᠢ ᠲᠤᠪᠤᠶᠢᠯᠭᠠᠬᠤ ᠬᠡᠷᠡᠭᠲᠡᠢ ᠃ ᠲᠠᠪᠤᠳᠤᠭᠠᠷ ᠲᠤ ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠭᠡᠭᠡᠯᠲᠡᠲᠤ ᠬᠠᠮᠲᠤᠷᠠᠯᠴᠠᠭ᠎ᠠ ᠶᠢ ᠠᠬᠢᠭᠤᠯᠬᠤ ᠬᠡᠷᠡᠭᠲᠡᠢ ᠃ ᠤᠯᠠᠨ ᠤᠯᠤᠰ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠠᠮᠲᠤᠷᠠᠯᠴᠠᠭᠠᠨ ᠤ ᠰᠠᠨᠠᠭᠠᠴᠢᠯᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ ᠂ ᠪᠦᠭᠦ ᠪᠥᠮᠪᠥᠷᠴᠡᠭ ᠤᠨ ᠰᠢᠨ᠎ᠡ ᠶᠢ ᠡᠭᠦᠳᠬᠦ ᠲᠣᠣᠷ ᠲᠤ ᠢᠳᠡᠪᠬᠢᠲᠡᠢ ᠠᠭᠤᠰᠤᠯᠴᠠᠵᠤ ᠂ ᠠᠭᠤᠷ ᠠᠮᠢᠰᠬᠤᠯ ᠤᠨ ᠬᠤᠪᠢᠷᠠᠯᠲᠠ ᠂ ᠠᠮᠤ ᠪᠤᠳᠠᠭᠠᠨ ᠤ ᠠᠮᠤᠷ ᠲᠦᠪᠰᠢᠨ ᠂ ᠡᠨᠧᠷᠭᠢ ᠶᠢᠨ ᠠᠮᠤᠷ ᠲᠦᠪᠰᠢᠨ ᠵᠡᠷᠭᠡ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠬᠠᠮᠲᠤ ᠪᠠᠷ ᠠᠷᠭᠠᠴᠠᠭᠠᠵᠤ ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠢᠶᠠᠷ ᠬᠥᠮᠥᠨ ᠲᠥᠷᠥᠯᠬᠢᠲᠡᠨ ᠳᠤ ᠨᠡᠩ ᠰᠠᠶᠢᠨ ᠪᠤᠶᠠᠨ ᠦᠢᠯᠡᠳᠬᠦ ᠬᠡᠷᠡᠭᠲᠡᠢ ᠭᠡᠵᠦ ᠵᠢᠭᠠᠵᠤ ᠭᠠᠷᠭᠠᠪᠠ ᠃
ᠵᠣᠬᠢᠶᠠᠯ ᠳᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠪᠣᠯ ᠪᠦᠭᠦ ᠨᠠᠮ ᠪᠦᠭᠦ ᠤᠯᠤᠰ ᠤᠨ ᠬᠠᠮᠲᠤ ᠶᠢᠨ ᠬᠠᠷᠢᠭᠤᠴᠠᠯᠭ᠎ᠠ ᠮᠥᠨ ᠃ ᠠᠤᠭ᠎ᠠ ᠰᠠᠨᠠᠭ᠎ᠠ ᠡᠷᠡᠯᠬᠡᠭ ᠵᠣᠷᠢᠭ ᠢ ᠪᠤᠢ ᠪᠤᠯᠭᠠᠵᠤ ᠂ ᠡᠷᠴᠢ ᠵᠣᠷᠢᠭ ᠢᠶᠠᠨ ᠭᠦᠢᠴᠡᠳ ᠬᠥᠪᠴᠢᠯᠡᠨ ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠵᠤ ᠂ ᠪᠦᠯᠬᠦᠮᠳᠡᠨ ᠲᠡᠮᠡᠴᠡᠵᠦ ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠠᠤᠭ᠎ᠠ ᠬᠠᠷᠠᠯᠲᠠ ᠲᠡᠶᠢᠰᠢ ᠡᠷᠡᠯᠬᠡᠭᠯᠡᠨ ᠤᠷᠤᠭᠰᠢᠯᠠᠬᠤ ᠬᠡᠷᠡᠭᠲᠡᠢ ︕ ᠭᠡᠵᠦ ᠵᠢᠭᠠᠵᠤ ᠭᠠᠷᠭᠠᠪᠠ ᠃