ᠬᠢᠩᠭᠠᠨ ᠠᠶᠢᠮᠠᠭ ᠤᠨ ᠬᠢᠨ ᠣᠷᠣᠨ ᠪᠦᠰᠡ ᠠᠯᠤᠰᠯᠠᠭᠰᠠᠨ ᠵᠢᠭᠤᠯᠴᠢᠯᠠᠯ ᠤᠨ ᠣᠨᠣᠴᠠᠲᠠᠢ ᠲᠠᠨᠢᠯᠴᠠᠭᠤᠯᠬᠤ ᠠᠵᠢᠯᠯᠠᠭ᠎ᠠ ᠥᠷᠨᠢᠭᠦᠯᠵᠦ ᠵᠢᠭᠤᠯᠴᠢᠯᠠᠭᠴᠢᠳ ᠤᠨ ᠢᠷᠡᠯᠲᠡ ᠪᠣᠯᠬᠤ ᠵᠠᠬ᠎ᠠ ᠳᠡᠯᠭᠡᠭᠦᠷ ᠤᠨ ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠠᠬᠢᠭᠤᠯᠵᠤ ᠪᠤᠢ
ᠨᠡᠶᠢᠲᠡᠯᠡᠭᠰᠡᠨ ᠴᠠᠭ᠄
2025/4/1

 

      ᠬᠢᠩᠭᠠᠨ ᠠᠶᠢᠮᠠᠭ ᠤᠨ ᠬᠢᠨ ᠣᠷᠣᠨ ᠪᠦᠰᠡ ᠠᠯᠤᠰᠯᠠᠭᠰᠠᠨ ᠵᠢᠭᠤᠯᠴᠢᠯᠠᠯ ᠤᠨ ᠣᠨᠣᠴᠠᠲᠠᠢ ᠲᠠᠨᠢᠯᠴᠠᠭᠤᠯᠬᠤ ᠠᠵᠢᠯᠯᠠᠭ᠎ᠠ ᠥᠷᠨᠢᠭᠦᠯᠵᠦ ᠵᠢᠭᠤᠯᠴᠢᠯᠠᠭᠴᠢᠳ ᠤᠨ ᠢᠷᠡᠯᠲᠡ ᠪᠣᠯᠬᠤ ᠵᠠᠬ᠎ᠠ ᠳᠡᠯᠭᠡᠭᠦᠷ ᠤᠨ ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠠᠬᠢᠭᠤᠯᠵᠤ ᠪᠤᠢ᠃ ᠡᠨᠡ ᠵᠢᠯ ᠠᠴᠠ ᠨᠠᠭᠠᠰᠢ᠂ ᠬᠢᠩᠭᠠᠨ ᠠᠶᠢᠮᠠᠭ ᠤᠨ ᠷᠠᠰᠢᠶᠠᠨ ᠤ ᠰᠣᠶᠣᠯ ᠵᠢᠭᠤᠯᠴᠢᠯᠠᠯ ᠤᠨ ᠪᠦᠯᠦᠭᠯᠡᠯ ᠤᠷᠢᠳ ᠬᠤᠵᠢᠳ ᠬᠥᠯᠥᠨ ᠪᠤᠶᠢᠷ ᠬᠤᠳᠠ᠂ ᠴᠢᠨ ᠬᠤᠸᠠᠩ ᠳ᠋ᠣᠣ ᠬᠤᠳᠠ᠂ ᠲᠠᠩᠱᠠᠨ ᠬᠤᠳᠠ᠂ ᠪᠡᠭᠡᠵᠢᠩ ᠬᠤᠳᠠ ᠳᠤ ᠬᠦᠷᠴᠦ ᠵᠢᠭᠤᠯᠴᠢᠯᠠᠯ ᠤᠨ ᠲᠠᠨᠢᠯᠴᠠᠭᠤᠯᠬᠤ ᠰᠢᠷᠢᠰ ᠠᠵᠢᠯᠯᠠᠭ᠎ᠠ ᠥᠷᠨᠢᠭᠦᠯᠵᠦ᠂ ᠵᠢᠭᠤᠯᠴᠢᠯᠠᠯ ᠤᠨ ᠲᠤᠰᠬᠠᠢ ᠭᠠᠯᠲᠤ ᠲᠡᠷᠭᠡ ᠶᠢ ᠠᠶᠠᠯᠠᠭᠤᠯᠬᠤ ᠵᠢᠴᠢ ᠵᠢᠭᠤᠯᠴᠢᠯᠠᠭᠴᠢᠳ ᠤᠨ ᠢᠷᠡᠯᠲᠡ ᠪᠣᠯᠬᠤ ᠵᠠᠬ᠎ᠠ ᠳᠡᠯᠭᠡᠭᠦᠷ ᠢ ᠦᠷᠭᠡᠳᠬᠡᠬᠦ ᠪᠠᠨ ᠠᠬᠢᠭᠤᠯᠪᠠ᠃ 3 ᠳ᠋ᠤᠭᠠᠷ ᠰᠠᠷ᠎ᠠ ᠶᠢᠨ 6 ᠤ ᠡᠳᠦᠷ᠂ ᠬᠥᠯᠥᠨ ᠪᠤᠶᠢᠷ ᠬᠤᠲᠠ ᠳᠤ ᠵᠢᠭᠤᠯᠴᠢᠯᠠᠯ ᠤᠨ ᠡᠬᠢ ᠪᠠᠶᠠᠯᠢᠭ ᠢ ᠵᠣᠯᠭᠠᠭᠤᠯᠬᠤ ᠠᠩᠬᠠᠳᠠᠭᠴᠢ ᠰᠠᠭᠤᠳᠠᠯ ᠤᠨ ᠬᠤᠷᠠᠯ ᠬᠤᠷᠠᠯᠳᠤᠭᠤᠯᠵᠤ᠂ 5 ᠬᠤᠪᠢ ᠬᠠᠮᠲᠤᠷᠠᠯᠴᠠᠭᠠᠨ ᠤ ᠵᠦᠪᠯᠡᠯᠴᠡᠭᠡᠷ ᠲᠣᠬᠢᠷᠠᠯᠴᠠᠵᠤ᠂ ᠵᠢᠯ ᠳᠤ 2 ᠲᠦᠮᠡ ᠭᠠᠷᠤᠢ ᠬᠥᠮᠥᠨ ᠤᠳᠠᠭ᠎ᠠ ᠵᠢᠭᠤᠯᠴᠢᠯᠠᠭᠤᠯᠬᠤ ᠬᠠᠮᠲᠤᠷᠠᠯᠴᠠᠭᠠᠨ ᠤ ᠰᠠᠨᠠᠮᠵᠢ ᠶᠢ ᠲᠣᠭᠲᠠᠭᠠᠪᠠ ᠃ 3 ᠳ᠋ᠤᠭᠠᠷ ᠰᠠᠷ᠎ᠠ ᠶᠢᠨ 21 ᠤ ᠡᠳᠦᠷ᠂ ᠴᠢᠨ ᠬᠤᠸᠠᠩ ᠳ᠋ᠣᠣ ᠬᠤᠲᠠ ᠳᠤ ᠵᠢᠭᠤᠯᠴᠢᠯᠠᠯ ᠤᠨ ᠨᠡᠷᠡᠳᠬᠦᠨ ᠢ ᠨᠡᠶᠢᠲᠡᠯᠡᠬᠦ ᠬᠤᠷᠠᠯ ᠬᠤᠷᠠᠯᠳᠤᠭᠤᠯᠵᠤ᠂ ᠲᠤᠬᠠᠢ ᠶᠢᠨ ᠲᠠᠯᠠᠪᠤᠷ ᠲᠤ 3 ᠠᠵᠤ ᠠᠬᠤᠶᠢᠯᠠᠯ ᠯᠤᠭ᠎ᠠ ᠭᠡᠷ᠎ᠡ ᠲᠣᠭᠲᠠᠵᠤ᠂ 2025 ᠣᠨ ᠤ 6 ᠳ᠋ᠤᠭᠠᠷ ᠰᠠᠷ᠎ᠠ ᠠᠴᠠ 10 ᠳ᠋ᠤᠭᠠᠷ ᠰᠠᠷ᠎ᠠ ᠪᠣᠯᠲᠠᠯ᠎ᠠ ᠱᠠᠨᠠᠭ᠎ᠠ ᠪᠣᠭᠤᠮᠲᠠ ᠠᠴᠠ ᠷᠠᠰᠢᠶᠠᠨ ᠬᠦᠷᠬᠦ ᠵᠢᠭᠤᠯᠴᠢᠯᠠᠯ ᠤᠨ 15 ᠲᠤᠰᠬᠠᠢ ᠭᠠᠯᠲᠤ ᠲᠡᠷᠭᠡ ᠠᠶᠠᠯᠠᠭᠤᠯᠵᠤ᠂ 5000 ᠬᠥᠮᠥᠨ ᠵᠢᠭᠤᠯᠴᠢᠯᠠᠭᠤᠯᠬᠤ ᠬᠠᠮᠲᠤᠷᠠᠯᠴᠠᠭᠠᠨ ᠤ ᠵᠦᠪᠯᠡᠯᠴᠡᠭᠡᠷ ᠲᠣᠬᠢᠷᠠᠯᠴᠠᠪᠠ᠃ 3 ᠳ᠋ᠤᠭᠠᠷ ᠰᠠᠷ᠎ᠠ ᠶᠢᠨ 22 ᠤᠨ ᠡᠳᠦᠷ ᠲᠠᠩᠱᠠᠨ ᠬᠤᠲᠠ ᠳᠤ ︽ᠷᠠᠰᠢᠶᠠᠨ ᠨᠡᠷᠡᠮᠵᠢᠲᠦ︾ ᠵᠢᠭᠤᠯᠴᠢᠯᠠᠯ ᠤᠨ ᠲᠤᠰᠬᠠᠢ ᠭᠠᠯᠲᠤ ᠲᠡᠷᠭᠡᠨ ᠤ ᠨᠡᠷᠡᠳᠬᠦᠨ ᠢ ᠨᠡᠶᠢᠲᠡᠯᠡᠵᠦ᠂ 6 ᠳ᠋ᠤᠭᠠᠷ ᠰᠠᠷ᠎ᠠ ᠠᠴᠠ 7 ᠳ᠋ᠤᠭᠠᠷ ᠰᠠᠷ᠎ᠠ ᠪᠣᠯᠲᠠᠯ᠎ᠠ ᠲᠠᠩᠱᠠᠨ ᠠᠴᠠ ᠷᠠᠰᠢᠶᠠᠨ ᠬᠦᠷᠬᠦ 3 ᠲᠤᠰᠬᠠᠢ ᠭᠠᠯᠲᠤ ᠲᠡᠷᠭᠡ ᠠᠶᠠᠯᠠᠭᠤᠯᠤᠨ᠂ 600 ᠬᠥᠮᠥᠨ ᠤᠳᠠᠭ᠎ᠠ ᠵᠢᠭᠤᠯᠴᠢᠯᠠᠭᠤᠯᠬᠤ ᠪᠠᠷ ᠲᠥᠯᠥᠪᠯᠡᠵᠦ ᠪᠣᠶ᠃ 3 ᠳ᠋ᠤᠭᠠᠷ ᠰᠠᠷ᠎ᠠ ᠶᠢᠨ 26 ᠤ ᠡᠳᠦᠷ᠂ ᠮᠦᠭᠳᠡᠨ ᠤ ᠲᠡᠮᠦᠷ ᠵᠠᠮ ᠤᠨ ᠰᠣᠶᠣᠯ ᠵᠢᠭᠤᠯᠴᠢᠯᠠᠯ ᠤᠨ ᠪᠦᠯᠦᠭᠯᠡᠯ ᠯᠦᠭᠡ ᠬᠤᠯᠪᠤᠭᠠᠯᠠᠨ ︽ᠷᠠᠰᠢᠶᠠᠨ ᠨᠡᠷᠡᠮᠵᠢᠲᠦ︾ ᠵᠢᠭᠤᠯᠴᠢᠯᠠᠯ ᠤᠨ ᠲᠤᠰᠬᠠᠢ ᠭᠠᠯᠲᠤ ᠲᠡᠷᠭᠡ ᠠᠶᠠᠯᠠᠭᠤᠯᠬᠤ ᠲᠥᠯᠥᠪᠯᠡᠭᠡ ᠶᠢ ᠪᠡᠭᠡᠵᠢᠩ ᠳᠤ ᠨᠡᠶᠢᠲᠡᠯᠡᠨ᠂ ᠱᠠᠨᠠᠭ᠎ᠠ ᠪᠣᠭᠤᠮᠲᠠ᠂ ᠳ᠋ᠠᠯᠢᠶᠠᠨ᠂ ᠮᠦᠭᠳᠡᠨ᠂ ᠴᠠᠩᠴᠦ᠋ᠨ ᠵᠡᠷᠭᠡ 4 ᠡᠬᠢᠯᠡᠵᠦ ᠠᠶᠠᠯᠠᠬᠤ ᠥᠷᠲᠡᠭᠡ ᠴᠡᠭ ᠢ ᠬᠠᠮᠤᠷᠴᠤ᠂ 6 ᠳ᠋ᠤᠭᠠᠷ ᠰᠠᠷ᠎ᠠ ᠠᠴᠠ 10 ᠳ᠋ᠤᠭᠠᠷ ᠰᠠᠷ᠎ᠠ ᠪᠣᠯᠲᠠᠯ᠎ᠠ ᠵᠠᠯᠭᠠᠭ᠎ᠠ ᠪᠠᠷ ᠠᠶᠠᠯᠠᠭᠤᠯᠬᠤ ᠲᠦᠯᠦᠪᠯᠡᠭᠡ ᠵᠣᠬᠢᠶᠠᠪᠠ᠃ ︵ᠬᠢᠩᠭᠠᠨ ᠠᠶᠢᠮᠠᠭ ᠤᠨ ᠵᠠᠬᠢᠷᠭ᠎ᠠ︶

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ