4 ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠪᠦᠬᠦᠯᠢ ᠡᠳᠦᠷ ᠤᠨ ᠴᠠᠭ ᠢ ᠠᠰᠢᠭᠯᠠᠵᠤ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠥᠷᠨᠢᠭᠦᠯᠬᠦ᠂ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠳᠤ ᠬᠦᠴᠢᠷᠲᠡᠢ ᠪᠡᠯᠡ ᠬᠤᠷᠠᠮᠳᠤᠭᠤᠯᠬᠤ ᠳᠤ ᠦᠨᠡᠲᠡᠢ ᠪᠠᠶᠢᠬᠤ ᠠᠰᠠᠭᠤᠳᠠᠯ ᠢ ᠰᠢᠢᠳᠪᠦᠷᠢᠯᠡᠬᠦ᠂ ︽ᠬᠤᠶᠠᠷ ᠰᠢᠨ᠎ᠡ︾ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠪᠠ᠃

4 ᠰᠠᠷ᠎ᠠ ᠶᠢᠨ 8 ᠤ ᠡᠳᠦᠷ᠂ ᠸᠠᠩ ᠯᠢ ᠰᠢᠶᠠ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠭᠦᠭᠡᠬᠤᠲᠠ ᠶᠢᠨ ᠷᠦ᠋ ᠢ ᠰᠠᠯᠪᠤᠷᠢ ᠪᠠᠩᠬᠢ ᠶᠢᠨ ᠵᠡᠭᠦᠨ ᠲᠣᠭᠤᠷᠢᠯ ᠵᠠᠮ ᠤᠨ ᠡᠵᠡᠩᠨᠡᠯᠲᠡ ᠶᠢᠨ ᠶᠡᠭᠡ ᠲᠢᠩᠬᠢᠮ ᠳᠤ ᠬᠦᠷᠴᠦ᠂ ᠵᠢᠭᠡᠯᠡᠯᠭᠡ ᠠᠪᠬᠤ ᠪᠠᠷ ᠢᠷᠡᠭᠰᠡᠨ ᠠᠵᠤ ᠠᠬᠤᠶᠢᠯᠠᠯ ᠤᠨ ᠬᠢᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃
ᠰᠤᠷᠪᠤᠯᠵᠢᠯᠠᠭᠴᠢ ᠬᠠᠨ ᠴᠢᠩ ᠯᠢ ᠰᠡᠭᠦᠳᠡᠷᠯᠡᠪᠡ
ᠸᠠᠩ ᠯᠢ ᠰᠢᠶᠠ ᠡᠩ ᠲᠡᠷᠢᠭᠦᠨ ᠳᠤ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠭᠦᠭᠡᠬᠤᠲᠠ ᠶᠢᠨ ᠷᠦ᠋ ᠢ ᠰᠠᠯᠪᠤᠷᠢ ᠪᠠᠩᠬᠢ ᠶᠢᠨ ᠵᠡᠭᠦᠨ ᠲᠣᠭᠤᠷᠢᠯ ᠵᠠᠮ ᠤᠨ ᠡᠵᠡᠩᠨᠡᠯᠲᠡ ᠶᠢᠨ ᠶᠡᠭᠡ ᠲᠢᠩᠬᠢᠮ ᠳᠤ ᠬᠦᠷᠴᠦ᠂ ᠵᠢᠭᠡᠯᠡᠯᠭᠡ ᠠᠪᠬᠤ ᠪᠠᠷ ᠢᠷᠡᠭᠰᠡᠨ ᠠᠵᠤ ᠠᠬᠤᠶᠢᠯᠠᠯ ᠤᠨ ᠬᠢᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ ᠬᠡᠳᠦᠢ ᠵᠣᠭᠤᠰ ᠵᠢᠭᠡᠯᠡᠬᠦ ᠪᠠᠷ ᠲᠥᠯᠥᠪᠯᠡᠵᠦ ᠪᠠᠶᠢᠬᠤ ᠪᠤᠢ︖ ᠶᠡᠷᠦ ᠳᠡᠭᠡᠨ ᠭᠡᠲᠦ ᠤᠳᠠᠭ᠎ᠠ ᠭᠦᠶᠦᠳᠡᠭ ᠪᠤᠶ︖ ᠬᠢᠨᠠᠨ ᠵᠥᠪᠰᠢᠶᠡᠷᠡᠬᠦ ᠳᠤ ᠬᠡᠳᠦᠢ ᠴᠠᠭ ᠬᠡᠷᠡᠭᠰᠡᠬᠦ ᠪᠤᠢ︖ ᠬᠦᠦ ᠨᠣᠷᠮ᠎ᠠ ᠨᠢ ᠬᠡᠳᠦᠢ ᠪᠤᠢ︖ ᠦᠢᠯᠡᠳᠪᠦᠷᠢᠯᠡᠯ ᠡᠵᠡᠩᠨᠡᠯᠲᠡ ᠳᠤ ᠶᠠᠮᠠᠷ ᠬᠦᠴᠢᠷᠳᠡᠯ ᠲᠠᠢ ᠪᠤᠶ︖ ᠭᠡᠵᠦ ᠸᠠᠩ ᠯᠢ ᠰᠢᠶᠠ ᠮᠠᠰᠢ ᠨᠠᠷᠢᠯᠢᠭ ᠠᠰᠠᠭᠤᠪᠠ᠃

4 ᠰᠠᠷ᠎ᠠ ᠶᠢᠨ 8 ᠤ ᠡᠳᠦᠷ᠂ ᠸᠠᠩ ᠯᠢ ᠰᠢᠶᠠ ᠠᠵᠤ ᠠᠬᠤᠶᠢᠯᠠᠯ ᠪᠣᠯᠣᠨ ᠬᠤᠯᠪᠣᠭᠳᠠᠯ ᠪᠦᠬᠦᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠢᠨ ᠲᠠᠢ ᠶᠠᠷᠢᠯᠴᠠᠬᠤ ᠬᠤᠷᠠᠯ ᠬᠢᠵᠦ᠂ ᠠᠵᠤ ᠠᠬᠤᠶᠢᠯᠠᠯ ᠤᠨ ᠬᠢᠨ ᠤ ᠬᠦᠰᠡᠯ ᠱᠠᠭᠠᠷᠳᠠᠯᠭ᠎ᠠ ᠶᠢ ᠰᠣᠨᠣᠰᠴᠤ᠂ ᠲᠤᠬᠠᠢ ᠶᠢᠨ ᠲᠠᠯᠠᠪᠠᠢ ᠳᠤ ᠰᠤᠳᠤᠯᠤᠨ ᠰᠢᠢᠳᠪᠦᠷᠢᠯᠡᠪᠡ᠃
ᠰᠤᠷᠪᠤᠯᠵᠢᠯᠠᠭᠴᠢ ᠬᠠᠨ ᠴᠢᠩ ᠯᠢ ᠰᠡᠭᠦᠳᠡᠷᠯᠡᠪᠡ
ᠲᠠᠷᠠᠭ᠎ᠠ ᠨᠢ᠂ ᠸᠠᠩ ᠯᠢ ᠰᠢᠶᠠ ᠼᠤᠤ ᠳ᠋ᠦ᠋ ᠪᠡᠯᠴᠢᠭᠡᠷ ᠤᠨ ᠮᠠᠯ ᠠᠵᠤ ᠠᠬᠤᠢ ᠶᠢᠨ ᠺᠤᠮᠫᠠᠨᠢ᠂ ᠢ ᠹᠧᠢ ᠠᠭᠠᠷ ᠤᠨ ᠠᠶᠠᠯᠠᠯ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠺᠤᠮᠫᠠᠨᠢ᠂ ᠯᠢᠦᠢ ᡁᠢ ᠳ᠋ᠥᠸᠧ ᠠᠷᠠᠯᠵᠢᠶ᠎ᠠ ᠬᠤᠳᠠᠯᠳᠤᠭᠠᠨ ᠤ ᠺᠤᠮᠫᠠᠨᠢ ᠵᠡᠷᠭᠡ 8 ᠠᠵᠤ ᠠᠬᠤᠶᠢᠯᠠᠯ ᠪᠣᠯᠣᠨ ᠬᠤᠯᠪᠣᠭᠳᠠᠯ ᠪᠦᠬᠦᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠢᠨ ᠲᠠᠢ ᠶᠠᠷᠢᠯᠴᠠᠬᠤ ᠬᠤᠷᠠᠯ ᠬᠢᠵᠦ᠂ ᠠᠵᠤ ᠠᠬᠤᠶᠢᠯᠠᠯ ᠤᠨ ᠬᠢᠨ ᠤ ᠬᠦᠰᠡᠯ ᠱᠠᠭᠠᠷᠳᠠᠯᠭ᠎ᠠ ᠶᠢ ᠰᠣᠨᠣᠰᠴᠤ᠂ ᠲᠤᠬᠠᠢ ᠶᠢᠨ ᠲᠠᠯᠠᠪᠠᠢ ᠳᠤ ᠰᠤᠳᠤᠯᠤᠨ ᠰᠢᠢᠳᠪᠦᠷᠢᠯᠡᠪᠡ᠃ ᠲᠡᠷᠡ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠮᠥᠩᠭᠦᠨ ᠭᠦᠢᠯᠭᠡᠭᠡᠨ ᠤ ᠠᠵᠢᠯ ᠪᠠ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠲᠠᠢ ᠨᠢᠭᠡᠳᠬᠡᠵᠦ᠂ ᠲᠠᠪᠤᠨ ᠶᠡᠭᠡ ᠡᠭᠦᠷᠭᠡ ᠶᠢ ᠪᠡᠶᠡᠯᠡᠭᠦᠯᠬᠦ ᠪᠠ ᠵᠢᠷᠭᠤᠭᠠᠨ ᠢᠨᠵᠧᠨᠧᠷᠢᠩ ᠢ ᠰᠠᠶᠢᠲᠤᠷ ᠬᠡᠷᠡᠭᠵᠢᠭᠦᠯᠬᠦ᠂ ᠵᠢᠷᠭᠤᠭᠠᠨ ᠠᠵᠢᠯᠯᠠᠭ᠎ᠠ ᠶᠢ ᠰᠠᠶᠢᠲᠤᠷ ᠥᠷᠨᠢᠭᠦᠯᠬᠦ᠂ ᠠᠷᠪᠠᠨ ᠶᠡᠭᠡ ᠠᠵᠤ ᠦᠢᠯᠡᠰ ᠤᠨ ᠪᠦᠯᠦᠭᠵᠢᠯ ᠢ ᠰᠠᠶᠢᠲᠤᠷ ᠪᠦᠲᠦᠭᠡᠨ ᠪᠠᠶᠢᠭᠤᠯᠬᠤ ᠳᠤ ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠲᠡᠢ᠃ ᠠᠵᠤ ᠠᠬᠤᠶᠢᠯᠠᠯ ᠢ ᠲᠣᠭᠲᠠᠪᠤᠷᠢᠵᠢᠭᠤᠯᠬᠤ ᠪᠣᠯ ᠳᠠᠷᠤᠢ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠠᠷᠠᠳ ᠤᠨ ᠠᠮᠢᠳᠤᠷᠠᠯ ᠢ ᠲᠣᠭᠲᠠᠪᠤᠷᠢᠵᠢᠭᠤᠯᠬᠤ ᠶᠠᠪᠤᠳᠠᠯ ᠪᠣᠯᠣᠨ᠎ᠠ᠂ ᠠᠵᠤ ᠠᠬᠤᠶᠢᠯᠠᠯ ᠬᠦᠴᠢᠷᠳᠡᠯ ᠲᠠᠢ ᠦᠶ᠎ᠡ ᠳᠤ ᠵᠠᠰᠠᠭ ᠤᠨ ᠣᠷᠳᠣᠨ ᠪᠣᠯᠣᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠰᠠᠨᠠᠭᠠᠴᠢᠯᠠᠭ᠎ᠠ ᠠᠴᠠ ᠪᠠᠨ ᠬᠠᠪᠰᠤᠷᠴᠤ᠂ ᠵᠠᠰᠠᠭ ᠤᠨ ᠣᠷᠳᠣᠨ ᠪᠠᠩᠬᠢ ᠠᠵᠤ ᠠᠬᠤᠶᠢᠯᠠᠯ ᠭᠠᠷ ᠬᠤᠯᠪᠣᠯᠴᠠᠨ ᠮᠡᠳᠡᠭᠡ ᠵᠠᠩᠭᠢ ᠲᠡᠩᠴᠡᠭᠦᠷᠢ ᠦᠭᠡᠢ᠂ ᠢᠲᠡᠭᠡᠮᠵᠢᠲᠦ ᠵᠢᠭᠡᠯᠡᠯᠭᠡ ᠶᠢ ᠨᠠᠶᠢᠳᠠᠪᠤᠷᠢᠵᠢᠭᠤᠯᠬᠤ ᠳᠤ ᠬᠦᠴᠢᠷ᠂ ᠵᠢᠭᠡᠯᠡᠯᠭᠡ ᠶᠢᠨ ᠥᠪᠡᠷ ᠤᠨ ᠦᠷᠳᠡᠭ ᠥᠨᠳᠥᠷ ᠵᠡᠷᠭᠡ ᠠᠰᠠᠭᠤᠳᠠᠯ ᠢ ᠰᠢᠢᠳᠪᠦᠷᠢᠯᠡᠵᠦ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠬᠡᠯᠡᠪᠡ᠃ ᠲᠡᠷᠡ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠠᠵᠤ ᠠᠬᠤᠶᠢᠯᠠᠯ ᠢᠶᠠᠨ ᠨᠡᠩ ᠰᠠᠶᠢᠲᠤᠷ ᠡᠷᠭᠢᠯᠡᠭᠦ ᠪᠠᠷ ᠴᠢᠷᠮᠠᠶᠢᠬᠤ ᠬᠡᠷᠡᠭᠲᠡᠢ ᠭᠡᠵᠦ ᠵᠣᠷᠢᠭᠵᠢᠭᠤᠯᠪᠠ᠃ ᠠᠵᠤ ᠠᠬᠤᠶᠢᠯᠠᠯ ᠤᠨ ᠳᠤᠷᠠᠳᠤᠭᠰᠠᠨ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ ᠨᠡᠮᠡᠭᠳᠡᠭᠦᠯᠬᠦ᠂ ᠵᠢᠭᠡᠯᠡᠯᠭᠡ ᠪᠤᠴᠠᠭᠠᠬᠤ ᠬᠤᠭᠤᠴᠠᠭ᠎ᠠ ᠶᠢ ᠤᠷᠲᠤᠳᠬᠠᠬᠤ ᠵᠡᠷᠭᠡ ᠬᠦᠰᠡᠯ ᠱᠠᠭᠠᠷᠳᠠᠯᠭ᠎ᠠ ᠳᠤ ᠴᠢᠭᠯᠡᠭᠦᠯᠦᠨ᠂ ᠲᠡᠷᠡ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠰᠢᠢᠳᠪᠦᠷᠢᠯᠡᠬᠦ ᠠᠷᠭ᠎ᠠ ᠶᠢ ᠰᠤᠳᠤᠯᠤᠨ ᠳᠤᠷᠠᠳᠴᠤ᠂ ᠠᠯᠢ ᠲᠦᠷᠭᠡᠨ ᠢᠶᠠᠷ ᠰᠠᠶᠢᠲᠤᠷ ᠰᠢᠢᠳᠪᠦᠷᠢᠯᠡᠬᠦ ᠬᠡᠷᠡᠭᠲᠡᠢ ᠭᠡᠵᠦ ᠱᠠᠭᠠᠷᠳᠠᠪᠠ᠃


4 ᠰᠠᠷ᠎ᠠ ᠶᠢᠨ 8 ᠤ ᠡᠳᠦᠷ᠂ ᠸᠠᠩ ᠯᠢ ᠰᠢᠶᠠ ᠶᠢᠨ ᠱᠧᠩ ᠤᠯᠠᠨ ᠤᠯᠤᠰ ᠤᠨ ᠭᠡᠷ ᠤᠨ ᠡᠳ᠋ᠯᠡᠯ ᠬᠡᠷᠡᠭᠰᠡᠯ ᠤᠨ ᠬᠤᠳᠠᠯᠳᠤᠭᠠᠨ ᠤ ᠲᠠᠯᠠᠪᠠᠢ ᠳᠤ ᠬᠦᠷᠴᠦ᠂ ᠬᠤᠳᠠᠯᠳᠤᠭᠠᠴᠢᠳ ᠲᠠᠢ ᠰᠠᠨᠠᠯ ᠢᠶᠠᠨ ᠰᠣᠯᠢᠯᠴᠠᠵᠤ᠂ ᠭᠡᠷ ᠤᠨ ᠡᠳ᠋ᠯᠡᠯ ᠬᠡᠷᠡᠭᠰᠡᠯ᠂ ᠪᠠᠷᠢᠯᠭ᠎ᠠ ᠶᠢᠨ ᠮᠠᠲ᠋ᠧᠷᠢᠶᠠᠯ᠂ ᠭᠡᠷ ᠤᠨ ᠴᠠᠭᠢᠯᠭᠠᠨ ᠬᠡᠷᠡᠭᠰᠡᠯ ᠵᠡᠷᠭᠡ ᠠᠵᠢᠯ ᠲᠦᠷᠦᠯ ᠤᠨ ᠪᠣᠷᠤᠯᠠᠭᠤᠯᠭ᠎ᠠ ᠡᠵᠡᠩᠨᠡᠯᠲᠡ ᠵᠢᠴᠢ ᠬᠡᠷᠡᠭᠯᠡᠭᠡᠨ ᠤ ᠵᠦᠢᠯᠡᠰ ᠢ ᠬᠠᠭᠤᠴᠢᠨ ᠢᠶᠠᠷ ᠰᠢᠨ᠎ᠡ ᠶᠢ ᠰᠣᠯᠢᠬᠤ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠯᠢᠭ ᠣᠶᠢᠯᠠᠭᠠᠪᠠ᠃
ᠰᠤᠷᠪᠤᠯᠵᠢᠯᠠᠭᠴᠢ ᠬᠠᠨ ᠴᠢᠩ ᠯᠢ ᠰᠡᠭᠦᠳᠡᠷᠯᠡᠪᠡ

4 ᠰᠠᠷ᠎ᠠ ᠶᠢᠨ 8 ᠤ ᠡᠳᠦᠷ᠂ ᠸᠠᠩ ᠯᠢ ᠰᠢᠶᠠ ᠯᠢ ᠹᠧᠩ ᠮᠠᠰᠢᠨ ᠲᠡᠷᠭᠡᠨ ᠤ ᠮᠡᠷᠭᠡᠵᠢᠯ ᠤᠨ ᠦᠢᠯᠡᠴᠢᠯᠡᠭᠡᠨ ᠤ ᠬᠦᠷᠢᠶᠡᠯᠡᠩ ᠳᠤ ᠬᠦᠷᠴᠦ᠂ ᠮᠠᠰᠢᠨ ᠲᠡᠷᠭᠡᠨ ᠤ ᠠᠵᠢᠯ ᠲᠦᠷᠥᠯ ᠤᠨ ᠬᠡᠷᠡᠭᠯᠡᠭᠡᠨ ᠤ ᠵᠦᠢᠯᠡᠰ ᠢ ᠬᠠᠭᠤᠴᠢᠨ ᠢᠶᠠᠷ ᠰᠢᠨ᠎ᠡ ᠶᠢ ᠰᠣᠯᠢᠬᠤ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠯᠢᠭ ᠣᠶᠢᠯᠠᠭᠠᠪᠠ᠃
ᠰᠤᠷᠪᠤᠯᠵᠢᠯᠠᠭᠴᠢ ᠬᠠᠨ ᠴᠢᠩ ᠯᠢ ᠰᠡᠭᠦᠳᠡᠷᠯᠡᠪᠡ
ᠲᠤᠰ ᠦᠳᠡ ᠶᠢᠨ ᠬᠤᠶᠢᠨ᠎ᠠ᠂ ᠸᠠᠩ ᠯᠢ ᠰᠢᠶᠠ ᠶᠢᠨ ᠱᠧᠩ ᠤᠯᠠᠨ ᠤᠯᠤᠰ ᠤᠨ ᠭᠡᠷ ᠤᠨ ᠡᠳ᠋ᠯᠡᠯ ᠬᠡᠷᠡᠭᠰᠡᠯ ᠤᠨ ᠬᠤᠳᠠᠯᠳᠤᠭᠠᠨ ᠤ ᠲᠠᠯᠠᠪᠠᠢ ᠪᠠ ᠯᠢ ᠹᠧᠩ ᠮᠠᠰᠢᠨ ᠲᠡᠷᠭᠡᠨ ᠤ ᠮᠡᠷᠭᠡᠵᠢᠯ ᠤᠨ ᠦᠢᠯᠡᠴᠢᠯᠡᠭᠡᠨ ᠤ ᠬᠦᠷᠢᠶᠡᠯᠡᠩ ᠳᠤ ᠬᠦᠷᠴᠦ᠂ ᠬᠤᠳᠠᠯᠳᠤᠭᠠᠴᠢᠳ ᠲᠠᠢ ᠰᠠᠨᠠᠯ ᠢᠶᠠᠨ ᠰᠣᠯᠢᠯᠴᠠᠵᠤ᠂ ᠭᠡᠷ ᠤᠨ ᠡᠳ᠋ᠯᠡᠯ ᠬᠡᠷᠡᠭᠰᠡᠯ᠂ ᠪᠠᠷᠢᠯᠭ᠎ᠠ ᠶᠢᠨ ᠮᠠᠲ᠋ᠧᠷᠢᠶᠠᠯ᠂ ᠭᠡᠷ ᠤᠨ ᠴᠠᠭᠢᠯᠭᠠᠨ ᠬᠡᠷᠡᠭᠰᠡᠯ᠂ ᠮᠠᠰᠢᠨ ᠲᠡᠷᠭᠡ ᠵᠡᠷᠭᠡ ᠠᠵᠢᠯ ᠲᠦᠷᠦᠯ ᠤᠨ ᠪᠣᠷᠤᠯᠠᠭᠤᠯᠭ᠎ᠠ ᠡᠵᠡᠩᠨᠡᠯᠲᠡ ᠵᠢᠴᠢ ᠬᠡᠷᠡᠭᠯᠡᠭᠡᠨ ᠤ ᠵᠦᠢᠯᠡᠰ ᠢ ᠬᠠᠭᠤᠴᠢᠨ ᠢᠶᠠᠷ ᠰᠢᠨ᠎ᠡ ᠶᠢ ᠰᠣᠯᠢᠬᠤ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠯᠢᠭ ᠣᠶᠢᠯᠠᠭᠠᠪᠠ᠃ ᠳᠠᠷᠠᠭ᠎ᠠ ᠨᠢ ᠸᠠᠩ ᠯᠢ ᠰᠢᠶᠠ ᠲᠤᠰᠬᠠᠢ ᠰᠡᠳᠦᠪᠲᠦ ᠬᠤᠷᠠᠯ ᠡᠷᠭᠢᠯᠡᠨ ᠬᠤᠷᠠᠯᠳᠤᠭᠤᠯᠵᠤ᠂ ︽ᠬᠤᠶᠠᠷ ᠰᠢᠨ᠎ᠡ︾ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠰᠤᠳᠤᠯᠤᠨ ᠰᠢᠢᠳᠪᠦᠷᠢᠯᠡᠪᠡ᠃ ᠲᠡᠷᠡ᠂ ᠤᠯᠤᠰ ᠤᠨ ᠲᠥᠷᠥ ᠶᠢᠨ ᠪᠣᠳᠣᠯᠭ᠎ᠠ ᠶᠢᠨ ᠠᠵᠠ ᠲᠣᠭᠢᠶᠠᠯ ᠢ ᠰᠠᠶᠢᠲᠤᠷ ᠠᠰᠢᠭᠯᠠᠵᠤ᠂ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠡᠷᠴᠢᠮ ᠢᠶᠠᠨ ᠴᠢᠩᠭᠠᠷᠠᠭᠤᠯᠵᠤ᠂ ᠨᠠᠩ ᠣᠯᠠᠨ ᠣᠯᠠᠨ ᠲᠦᠮᠡᠨ ᠳᠤ ᠲᠥᠷᠥ ᠶᠢᠨ ᠪᠣᠳᠣᠯᠭ᠎ᠠ ᠶᠢ ᠮᠡᠳᠡᠭᠦᠯᠵᠦ᠂ ᠪᠣᠳᠠᠲᠤ ᠠᠰᠢᠭ ᠬᠦᠷᠲᠡᠭᠡᠬᠦ ᠬᠡᠷᠡᠭᠲᠡᠢ᠃ ᠬᠡᠷᠡᠭᠯᠡᠭᠴᠢᠳ ᠤᠨ ᠬᠡᠷᠡᠭᠴᠡᠭᠡ ᠠᠴᠠ ᠡᠭᠦᠰᠴᠦ᠂ ᠨᠥᠬᠦᠪᠦᠷᠢ ᠶᠢᠨ ᠲᠥᠷᠥᠯ ᠵᠦᠢᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠲᠣᠬᠢᠷᠠᠭᠤᠯᠵᠤ᠂ ᠨᠥᠬᠦᠪᠦᠷᠢ ᠣᠯᠭᠤᠬᠤ ᠠᠷᠭ᠎ᠠ ᠬᠡᠮᠵᠢᠶ᠎ᠡ ᠪᠠ ᠬᠢᠨᠠᠨ ᠬᠠᠷᠭᠤᠭᠤᠯᠬᠤ ᠲᠡᠰ ᠳᠠᠷᠠᠭᠠᠯᠠᠯ ᠢ ᠲᠡᠭᠦᠯᠳᠡᠷᠵᠢᠭᠦᠯᠦᠨ᠂ ᠪᠡᠯᠡ ᠮᠥᠩᠭᠦ ᠣᠯᠭᠤᠬᠤ ᠳᠤ ᠢᠯᠭᠤᠮ ᠪᠥᠭᠡᠳ ᠲᠦᠷᠭᠡᠨ ᠪᠠᠶᠢᠬᠤ ᠶᠢ ᠦᠨᠡᠨ ᠬᠦ ᠪᠠᠲᠤᠯᠠᠵᠤ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠣᠯᠠᠨ ᠲᠦᠮᠡᠨ ᠤ ᠬᠠᠵᠠᠭᠤ ᠳᠤ ᠰᠢᠭᠤᠳ ᠬᠦᠷᠭᠡᠬᠦ ᠬᠡᠷᠡᠭᠲᠡᠢ᠃ ᠤᠷᠢᠳ ᠢᠶᠠᠷ ᠦᠨ᠎ᠡ ᠶᠢ ᠥᠰᠬᠡᠵᠦ ᠳᠠᠷᠠᠭ᠎ᠠ ᠨᠢ ᠨᠥᠬᠦᠪᠦᠷᠢ ᠥᠭᠬᠦ᠂ ᠲᠣᠭᠲᠠᠭᠠᠯ ᠠᠴᠠ ᠵᠥᠷᠢᠴᠡᠨ ᠨᠥᠬᠦᠪᠦᠷᠢ ᠶᠢ ᠮᠡᠬᠡᠯᠡᠨ ᠠᠪᠬᠤ ᠵᠡᠷᠭᠡ ᠦᠢᠯᠡ ᠠᠵᠢᠯᠯᠠᠭ᠎ᠠ ᠶᠢ ᠡᠷᠡᠰ ᠬᠤᠷᠢᠭᠯᠠᠵᠤ᠂ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠣᠷᠴᠢᠨ ᠨᠥᠬᠦᠴᠡᠯ ᠢ ᠪᠤᠶ ᠪᠤᠯᠭᠠᠬᠤ ᠬᠡᠷᠡᠭᠲᠡᠢ᠃ ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋ ᠤᠨ ᠵᠠᠰᠠᠭ᠂ ᠬᠤᠳᠠᠯᠳᠤᠭᠠᠨ ᠤ ᠶᠠᠪᠤᠳᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠳ ᠨᠢᠭᠲᠠ ᠬᠠᠮᠵᠢᠯᠴᠠᠨ᠂ ᠠᠰᠠᠭᠤᠳᠠᠯ ᠢ ᠢᠯᠡᠷᠡᠭᠦᠯᠪᠡᠯ ᠴᠠᠭ ᠲᠤᠬᠠᠢ ᠳᠤᠨᠢ ᠰᠢᠢᠳᠪᠦᠷᠢᠯᠡᠵᠦ᠂ ᠲᠥᠷᠥ ᠶᠢᠨ ᠪᠣᠳᠣᠯᠭ᠎ᠠ ᠶᠢ ᠪᠦᠲᠦᠮᠵᠢᠲᠡᠶ ᠪᠣᠳᠠᠲᠠᠶᠢᠵᠢᠭᠤᠯᠬᠤ ᠶᠢ ᠠᠬᠢᠭᠤᠯᠤᠨ᠂ ᠬᠡᠷᠡᠭᠯᠡᠭᠡ ᠶᠢᠨ ᠳᠠᠯᠳᠠ ᠬᠦᠴᠦᠨ ᠢ ᠤᠯᠠᠮ ᠨᠢᠭᠡ ᠠᠯᠬᠤᠮ ᠬᠥᠭᠵᠢᠭᠡᠬᠦ ᠬᠡᠷᠡᠭᠲᠡᠢ ᠭᠡᠪᠡ᠃