|
ᠲᠦᠩᠯᠢᠶᠣᠤ ᠬᠤᠲᠠ ᠭᠤᠷᠪᠠᠨ ᠠᠷᠭ᠎ᠠ ᠬᠡᠮᠵᠢᠶ᠎ᠡ ᠪᠠᠷ ᠠᠵᠢᠯ ᠣᠯᠭᠤᠯᠲᠠ ᠶᠢ ᠠᠬᠢᠭᠤᠯᠬᠤ ᠠᠵᠢᠯᠯᠠᠭᠠᠨ ᠤ ᠶᠠᠰᠤ ᠴᠢᠨᠠᠷ ᠢ ᠨᠢ ᠳᠡᠭᠡᠭᠰᠢᠯᠡᠭᠦᠯᠦᠨ ᠦᠷ᠎ᠡ | ᠠᠰᠢᠭ ᠢᠶᠠᠨ ᠨᠡᠮᠡᠭᠳᠡᠭᠦᠯᠵᠦ ᠪᠣᠢ |
|
|
ᠨᠡᠶᠢᠲᠡᠯᠡᠭᠰᠡᠨ ᠴᠠᠭ᠄
2025/4/10
|
|
ᠲᠦᠩᠯᠢᠶᠣᠤ ᠬᠤᠲᠠ ᠭᠤᠷᠪᠠᠨ ᠠᠷᠭ᠎ᠠ ᠬᠡᠮᠵᠢᠶ᠎ᠡ ᠪᠠᠷ ᠠᠵᠢᠯ ᠣᠯᠭᠤᠯᠲᠠ ᠶᠢ ᠠᠬᠢᠭᠤᠯᠬᠤ ᠠᠵᠢᠯᠯᠠᠭᠠᠨ ᠤ ᠶᠠᠰᠤ ᠴᠢᠨᠠᠷ ᠢ ᠨᠢ ᠳᠡᠭᠡᠭᠰᠢᠯᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠵᠦ ᠪᠠᠶᠢᠨ᠎ᠠ᠃ ᠨᠢᠭᠡ ᠳᠤ᠂ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠪᠠᠳᠠᠷᠠᠭᠤᠯᠪᠠ᠃ ᠨᠢᠭᠡᠳᠦᠭᠡᠷ ᠤᠯᠠᠷᠢᠯ ᠳᠤ᠂ 73 ᠠᠵᠤ ᠠᠬᠤᠶᠢᠯᠠᠯ ᠤᠨ ᠠᠵᠢᠯ ᠤᠨ ᠪᠠᠶᠢᠷᠢ ᠲᠣᠭᠲᠠᠪᠤᠷᠢᠵᠢᠭᠤᠯᠤᠭᠰᠠᠨ ᠳᠤ ᠪᠤᠴᠠᠭᠠᠨ ᠥᠭᠬᠦ ᠨᠥᠬᠦᠪᠥᠷᠢ ᠶᠢ 470.12 ᠲᠦᠮᠡᠨ ᠲᠦᠭᠦᠷᠢᠭ ᠣᠯᠭᠤᠵᠣ᠂ 7493 ᠠᠵᠢᠯᠲᠠᠨ ᠠᠵᠢᠯᠴᠢᠨ ᠳᠤ ᠠᠰᠢᠭ ᠬᠦᠷᠲᠡᠭᠡᠪᠡ︔ ᠮᠡᠷᠭᠡᠵᠢᠯ ᠴᠢᠳᠠᠪᠤᠷᠢ ᠶᠢ ᠨᠢ ᠳᠡᠭᠡᠭᠰᠢᠯᠡᠭᠦᠯᠬᠦ ᠨᠡᠮᠡᠭᠦᠷᠢ ᠶᠢ 115.87 ᠲᠦᠮᠡᠨ ᠲᠥᠭᠦᠷᠢᠭ ᠣᠯᠭᠤᠵᠤ᠂ 934 ᠬᠥᠮᠦᠨ ᠳᠤ ᠠᠰᠢᠭ ᠬᠦᠷᠲᠡᠭᠡᠪᠡ︔ ᠠᠵᠢᠯ ᠠᠯᠳᠠᠭᠰᠠᠳ ᠤᠨ ᠳᠠᠭᠠᠳᠬᠠᠯ ᠤᠨ ᠮᠥᠩᠬᠦ ᠶᠢ 1725.26 ᠲᠦᠮᠡᠨ ᠲᠦᠭᠦᠷᠢᠭ ᠣᠯᠭᠤᠪᠠ᠃ ᠬᠤᠶᠠᠷ ᠲᠤ᠂ ᠣᠨᠣᠴᠠᠲᠠᠶ ᠪᠣᠯᠪᠠᠰᠤᠷᠠᠯ ᠢ ᠥᠷᠨᠢᠭᠦᠯᠪᠡ᠃ ︽ᠠᠵᠢᠯ ᠤᠨ ᠪᠠᠶᠢᠷᠢ ᠶᠢᠨ ᠱᠠᠭᠠᠷᠳᠠᠯᠭ᠎ᠠ + ᠮᠡᠷᠭᠡᠵᠢᠯ ᠴᠢᠳᠠᠪᠤᠷᠢ ᠶᠢᠨ ᠪᠣᠯᠪᠠᠰᠤᠷᠠᠯ + ᠮᠡᠷᠭᠡᠵᠢᠯ ᠴᠢᠳᠠᠪᠤᠷᠢ ᠶᠢᠨ ᠦᠨᠡᠯᠡᠯᠲᠡ + ᠠᠵᠢᠯ ᠣᠯᠭᠤᠯᠲᠠ ᠶᠢᠨ ᠦᠢᠯᠡᠴᠢᠯᠡᠭᠡ︾ ᠶᠢ ᠨᠢᠭᠡ ᠴᠣᠭᠴᠠᠵᠢᠭᠤᠯᠤᠭᠰᠠᠨ ᠪᠣᠯᠪᠠᠰᠤᠷᠠᠯ ᠤᠨ ᠬᠡᠪ ᠵᠠᠭᠪᠤᠷ ᠢ ᠬᠡᠷᠡᠭᠵᠢᠭᠦᠯᠵᠦ᠂ ᠪᠣᠯᠪᠠᠰᠤᠷᠠᠯ ᠬᠦᠷᠲᠡᠭᠰᠡᠳ ᠤᠨ ᠠᠵᠢᠯ ᠣᠯᠬᠤ ᠨᠣᠷᠮ᠎ᠠ ᠶᠢ ᠳᠡᠭᠡᠭᠰᠢᠯᠡᠭᠦᠯᠪᠡ᠃ ᠨᠢᠭᠡᠳᠦᠭᠡᠷ ᠤᠯᠠᠷᠢᠯ ᠳᠤ ᠭᠤᠣᠯᠳᠠᠯᠭ᠎ᠠ ᠪᠣᠯᠬᠤ 109 ᠠᠵᠤ ᠠᠬᠤᠶᠢᠯᠠᠯ ᠯᠤᠭ᠎ᠠ ᠰᠠᠨᠠᠭᠠᠴᠢᠯᠠᠭ᠎ᠠ ᠠᠴᠠ ᠪᠠᠨ ᠵᠣᠯᠭᠠᠯᠴᠠᠵᠤ᠂ ᠠᠵᠢᠯᠴᠢᠨ ᠬᠡᠷᠡᠭᠯᠡᠬᠦ ᠬᠡᠷᠡᠭᠴᠡᠭᠡ 4317 ᠪᠠᠶᠢᠬᠤ ᠶᠢ ᠡᠵᠡᠮᠰᠢᠵᠦ᠂ 1982 ᠬᠦᠮᠦᠨ ᠳᠤ ᠠᠵᠢᠯ ᠣᠯᠬᠤ ᠤᠷ᠎ᠠ ᠴᠢᠳᠠᠪᠤᠷᠢ ᠶᠢᠨ ᠪᠣᠯᠪᠠᠰᠤᠷᠠᠯ ᠥᠷᠨᠢᠭᠦᠯᠵᠦ᠂ ᠮᠡᠷᠭᠡᠵᠢᠯ ᠤᠨ ᠴᠢᠳᠠᠪᠤᠷᠢᠲᠠᠨ ᠢ 4062 ᠰᠢᠨ᠎ᠡ ᠪᠠᠷ ᠨᠡᠮᠡᠭᠳᠡᠭᠦᠯᠵᠦ᠂ ᠠᠵᠢᠯ ᠤᠯᠬᠤ ᠰᠠᠨᠠᠮᠵᠢ ᠲᠣᠭᠲᠠᠭᠰᠠᠨ ᠬᠦᠮᠦᠨ 2568 ᠬᠥᠮᠦᠨ ᠤᠳᠠᠭ᠎ᠠ ᠳᠤ ᠬᠦᠷᠪᠡ᠃ ᠭᠤᠷᠪᠠ ᠳᠤ᠂ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠵᠢᠷᠤᠮᠵᠢᠭᠰᠠᠨ ᠪᠥᠭᠡᠳ ᠨᠢᠭᠡᠳᠦᠯᠲᠡᠶ ᠦᠢᠯᠡᠴᠢᠯᠡᠭᠡᠨ ᠤ ᠪᠠᠷᠢᠮᠵᠢᠶ᠎ᠠ ᠶᠢ ᠬᠡᠷᠡᠭᠵᠢᠭᠦᠯᠵᠦ᠂ ᠠᠵᠢᠯ ᠣᠯᠭᠤᠬᠤ ᠣᠯᠠᠨ ᠨᠡᠶᠢᠲᠡ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠪᠡ᠃ ᠨᠢᠭᠡᠳᠦᠭᠡᠷ ᠤᠯᠠᠷᠢᠯ ᠳᠤ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠭᠤᠷᠬᠢ ᠠᠵᠢᠯᠲᠠᠨ ᠡᠯᠰᠡᠬᠦ ᠠᠵᠢᠯᠯᠠᠭ᠎ᠠ ᠶᠢ 189 ᠲᠠᠯᠠᠪᠤᠷ ᠥᠷᠨᠢᠭᠦᠯᠵᠦ᠂ ᠠᠵᠢᠯ ᠤᠨ ᠪᠠᠶᠢᠷᠢ ᠶᠢ 5 ᠲᠦᠮᠡ ᠭᠠᠷᠤᠶ ᠬᠠᠩᠭᠠᠵᠤ᠂ ᠠᠵᠢᠯ ᠣᠯᠬᠤ ᠰᠠᠨᠠᠮᠵᠢ ᠳᠣᠬᠢᠷᠠᠯᠴᠠᠭᠰᠠᠨ ᠬᠦᠮᠦᠨ ᠤ ᠲᠤᠭ᠎ᠠ ᠠᠩᠬ᠎ᠠ ᠠᠯᠬᠤᠮ 7000 ᠭᠠᠷᠤᠶ ᠬᠥᠮᠦᠨ ᠤᠳᠠᠭ᠎ᠠ ᠳᠤ ᠬᠦᠷᠪᠡ︔ ᠪᠥᠬᠦ ᠬᠤᠲᠠ ᠳᠤ ᠦᠢᠯᠡᠰ ᠪᠣᠰᠬᠠᠬᠤ ᠬᠦᠷᠢᠶᠡᠯᠡᠩ ᠲᠣᠭᠤᠷᠢᠭ ᠢ 21 ᠪᠠᠶᠢᠭᠤᠯᠵᠤ᠂ ᠦᠢᠯᠡᠰ ᠪᠣᠰᠬᠠᠬᠤ ᠬᠦᠮᠦᠷᠭᠡ ᠳᠤ ᠣᠷᠤᠭᠤᠯᠤᠭᠰᠠᠨ ᠲᠦᠷᠦᠯ ᠵᠦᠢᠯ 1000 ᠣᠷᠴᠢᠮ ᠪᠠᠶᠢᠵᠤ᠂ ᠦᠢᠯᠡᠰ ᠪᠣᠰᠬᠠᠬᠤ ᠵᠢᠭᠡᠯᠡᠯᠭᠡ ᠶᠢ 1611.5 ᠲᠦᠮᠡᠨ ᠲᠦᠭᠦᠷᠢᠭ ᠲᠠᠯᠪᠢᠵᠤ᠂ 300 ᠭᠠᠷᠤᠶ ᠬᠥᠮᠦᠨ ᠤ ᠠᠵᠢᠯ ᠣᠯᠬᠤ ᠶᠢ ᠳᠠᠶᠢᠴᠢᠯᠠᠪᠠ᠃ ︵ᠲᠦᠩᠯᠢᠶᠣᠣ ᠬᠤᠲᠠ ᠶᠢᠨ ᠵᠠᠰᠠᠭ ᠤᠨ ᠣᠷᠳᠣᠨ︶ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|