ᠨᠢᠭᠡᠳᠦᠭᠡᠷ ᠤᠯᠠᠷᠢᠯ ᠳᠠᠬᠢ ᠪᠥᠬᠦ ᠣᠷᠣᠨ ᠤ ᠡᠵᠡᠩᠨᠡᠯᠲᠡ ᠶᠢᠨ ᠭᠤᠤᠯ ᠴᠣᠭᠴᠠ ᠶᠢᠨ ᠬᠡᠮᠵᠢᠶ᠎ᠡ 293.24 ᠲᠦᠮᠡᠨ ᠡᠷᠦᠬᠡ ᠳᠤ ᠬᠦᠷᠴᠦ  ᠠᠳᠠᠯᠢ ᠬᠤᠭᠤᠴᠠᠭᠠᠨ ᠤ ᠬᠢ ᠠᠴᠠ 5.41% ᠪᠠᠷ ᠨᠡᠮᠡᠭᠳᠡᠪᠡ
ᠨᠡᠶᠢᠲᠡᠯᠡᠭᠰᠡᠨ ᠴᠠᠭ᠄
2025/4/11

      ᠨᠢᠭᠡᠳᠦᠭᠡᠷ ᠤᠯᠠᠷᠢᠯ ᠳᠠᠬᠢ ᠪᠥᠬᠦ ᠣᠷᠣᠨ ᠤ ᠡᠵᠡᠩᠨᠡᠯᠲᠡ ᠶᠢᠨ ᠭᠤᠤᠯ ᠴᠣᠭᠴᠠ ᠶᠢᠨ ᠬᠡᠮᠵᠢᠶ᠎ᠡ 293.24 ᠲᠦᠮᠡᠨ ᠡᠷᠦᠬᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.41% ᠪᠠᠷ ᠨᠡᠮᠡᠭᠳᠡᠪᠡ᠃ ᠡᠭᠦᠨ ᠳᠤ᠂ ᠠᠵᠤ ᠠᠬᠤᠶᠢᠯᠠᠯ 72.2 ᠲᠦᠮᠡᠨ ᠡᠷᠦᠬᠡ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ 214.11 ᠲᠦᠮᠡᠨ ᠡᠷᠦᠬᠡ᠂ ᠲᠠᠷᠢᠶᠠᠴᠢᠳ ᠤᠨ ᠲᠤᠰᠬᠠᠶ ᠬᠤᠷᠰᠢᠶᠠᠵᠢᠯ 6.92 ᠲᠦᠮᠡᠨ ᠡᠷᠦᠬᠡ ᠪᠠᠶᠢᠵᠤ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 7.22%᠂ 5.15% ᠪᠠᠷ ᠨᠡᠮᠡᠭᠳᠡᠨ᠂ 4.2% ᠢᠶᠠᠷ ᠪᠠᠭᠤᠷᠠᠪᠠ᠃ ᠪᠥᠬᠦ ᠣᠷᠣᠨ ᠤ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠭᠤᠤᠯ ᠴᠣᠭᠴᠠ ᠶᠢᠨ ᠶᠡᠷᠦᠩᠬᠡᠶ ᠬᠡᠮᠵᠢᠶ᠎ᠡ 278.38 ᠲᠦᠮᠡᠨ ᠡᠷᠦᠬᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.6% ᠪᠠᠷ ᠨᠡᠮᠡᠭᠳᠡᠨ᠂ ᠪᠥᠬᠦ ᠡᠵᠡᠩᠨᠡᠯᠲᠡ ᠶᠢᠨ ᠭᠤᠤᠯ ᠴᠣᠭᠴᠠ ᠶᠢᠨ 94.93% ᠶᠢ ᠡᠵᠡᠯᠡᠪᠡ᠃ ᠨᠢᠭᠡᠳᠦᠭᠡᠷ ᠤᠯᠠᠷᠢᠯ ᠳᠠᠬᠢ ᠰᠢᠨ᠎ᠡ ᠪᠠᠷ ᠪᠠᠶᠢᠭᠤᠯᠤᠭᠳᠠᠭᠰᠠᠨ ᠠᠵᠤ ᠠᠬᠤᠶᠢᠯᠠᠯ 2.66 ᠲᠦᠮᠡᠨ ᠡᠷᠦᠬᠡ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 12.65% ᠪᠠᠷ ᠨᠡᠮᠡᠭᠳᠡᠪᠡ᠂ ᠨᠢᠭᠡᠳᠦᠭᠡᠷ ᠤᠯᠠᠷᠢᠯ ᠯᠤᠭ᠎ᠠ ᠬᠠᠷᠠᠭᠠᠯᠵᠠᠭᠰᠠᠨ ᠪᠤᠴᠠᠨ ᠭᠠᠷᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 7.65% ᠪᠠᠷ ᠪᠠᠭᠤᠷᠠᠵᠤ᠂ ᠪᠦᠬᠦᠯᠢ ᠴᠣᠭᠴᠠ ᠠᠴᠠ ᠨᠢ ᠠᠵᠢᠪᠠᠯ ᠣᠨᠳᠤᠷᠤᠯᠲᠠ ᠶᠢᠨ ᠴᠢᠨᠠᠷ ᠴᠢᠨᠰᠠᠭ᠎ᠠ ᠨᠢ ᠢᠯᠡᠳᠲᠡ ᠰᠠᠶᠢᠵᠢᠷᠠᠭᠰᠠᠨ ᠪᠠᠶᠢᠨ᠎ᠠ᠃ ︵ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ