ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ
ᠥᠪᠥᠷ ᠵᠠᠰᠠᠭ ᠲᠠᠷᠬᠠᠭᠠᠭᠰᠠᠨ ︹2025︺ 9 ᠳ᠋ᠦ᠋ᠭᠡᠷ ᠲᠣᠭᠠᠲᠤ
ᠥᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠬᠤ ᠠᠵᠢᠯᠯᠠᠭᠠᠨ ᠤ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠤ ᠦᠢᠯᠡᠰ ᠤᠨ ᠨᠢᠭᠡᠴᠢ ᠳᠤ᠄
ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠬᠤ ᠠᠵᠢᠯᠯᠠᠭᠠᠨ ᠤ ᠬᠡᠷᠡᠭᠵᠢᠭᠦᠯᠬᠦ ᠲᠥᠰᠥᠯ︾ ᠢ ᠲᠠ ᠨᠠᠷ ᠲᠤ ᠳᠠᠷᠤᠮᠠᠯᠯᠠ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃
2025 ᠣᠨ ᠤ 2 ᠳ᠋ᠤᠭᠠᠷ ᠰᠠᠷ᠎ᠠ ᠶᠢᠨ15 ᠤ ᠡᠳᠦᠷ
︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠬᠤ ᠠᠵᠢᠯᠯᠠᠭᠠᠨ ᠤ ᠬᠡᠷᠡᠭᠵᠢᠭᠦᠯᠬᠦ ᠲᠥᠰᠥᠯ
ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠢ ᠶᠢ ᠲᠡᠩᠴᠡᠭᠦᠷᠢ ᠲᠠᠢ ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠤᠰᠤ ᠵᠠᠰᠠᠬᠤ ᠰᠡᠳᠬᠢᠮᠵᠢ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠬᠦᠳᠠ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠰᠢᠵᠢᠮ ᠤᠨ ᠲᠣᠭᠤᠷᠢᠨ ᠳᠤ ᠴᠢᠩᠭ᠎ᠠ ᠨᠢᠭᠲᠠᠷᠠᠨ᠂ ᠤᠰᠤ ᠠᠷᠪᠢᠯᠠᠬᠤ ᠠᠵᠢᠯᠯᠠᠭᠠᠨ ᠢ ᠶᠡᠭᠡ ᠪᠠᠷ ᠬᠡᠷᠡᠭᠵᠢᠭᠦᠯᠬᠦ ᠶᠢᠨ ᠲᠤᠰᠠᠳᠠ᠂ ᠲᠤᠰ ᠲᠥᠰᠥᠯ ᠢ ᠲᠣᠭᠲᠠᠭᠠᠪᠠ᠃
ᠨᠢᠭᠡ᠂ ᠭᠤᠣᠯ ᠬᠠᠷᠠᠯᠲᠠ
2025 ᠣᠨ ᠳᠤ᠂ ᠪᠦᠬᠦ ᠣᠷᠣᠨ ᠤ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ 196.3 ᠳ᠋ᠦᠩᠰᠢᠭᠤᠷ ᠺᠦᠪ ᠮᠧᠲᠷ ᠤᠨ ᠳᠣᠲᠣᠷ᠎ᠠ ᠬᠢᠵᠠᠭᠠᠷᠯᠠᠵᠤ᠂ ᠲᠦᠮᠡᠨ ᠲᠥᠭᠦᠷᠢᠭ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠪᠦᠷᠢ ᠳᠤ ᠬᠡᠷᠡᠭᠯᠡᠬᠦ ᠣᠰᠤᠨ ᠤ ᠬᠡᠮᠵᠢᠶ᠎ᠡ ᠶᠢ 2020 ᠣᠨ ᠤ ᠬᠢ ᠠᠴᠠ 12% ᠠᠴᠠ ᠳᠡᠭᠡᠭᠰᠢ ᠪᠠᠭᠤᠷᠠᠭᠤᠯᠤᠨ᠎ᠠ᠃ ᠲᠠᠷᠢᠶᠠᠯᠠᠩ ᠤᠨ ᠤᠰᠤ ᠠᠷᠪᠢᠯᠠᠬᠤ ᠴᠢᠳᠠᠪᠤᠷᠢ ᠶᠢ 2.7 ᠳ᠋ᠦᠩᠰᠢᠭᠤᠷ ᠺᠦᠪ ᠮᠧᠲᠷ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠲᠠᠷᠢᠶᠠᠨ ᠭᠠᠵᠠᠷ ᠢ ᠤᠰᠤᠯᠠᠬᠤ ᠳᠤ ᠤᠰᠤ ᠶᠢ ᠪᠦᠲᠦᠮᠵᠢᠲᠡᠶ ᠠᠰᠢᠭᠯᠠᠭᠰᠠᠨ ᠢᠯᠡᠳᠬᠡᠮᠵᠢ ᠶᠢ 0.59 ᠠᠴᠠ ᠳᠡᠭᠡᠭᠰᠢ ᠳᠤ ᠬᠦᠷᠦᠭᠦᠯᠦᠨ᠎ᠡ︔ ᠲᠦᠮᠡᠨ ᠲᠥᠭᠦᠷᠢᠭ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠪᠦᠷᠢ ᠳᠤ ᠬᠡᠷᠡᠭᠯᠡᠬᠦ ᠤᠰᠤᠨ ᠤ ᠬᠡᠮᠵᠢᠶ᠎ᠡ ᠶᠢ 2020 ᠣᠨ ᠤ ᠬᠢ ᠠᠴᠠ 13% ᠠᠴᠠ ᠳᠡᠭᠡᠭᠰᠢ ᠪᠠᠭᠤᠷᠠᠭᠤᠯᠤᠨ᠎ᠠ︔ ᠬᠤᠲᠠ ᠶᠢᠨ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠢ ᠭᠤᠤᠷᠰᠤ ᠶᠢᠨ ᠲᠣᠣᠷ ᠤᠨ ᠯᠡᠪᠡᠷᠡᠵᠦ ᠡᠪᠳᠡᠷᠡᠬᠦ ᠨᠣᠷᠮ᠎ᠠ ᠶᠢ 9% ᠶᠢᠨ ᠳᠣᠲᠣᠷ᠎ᠠ ᠬᠢᠵᠠᠭᠠᠷᠯᠠᠵᠤ᠂ ᠳᠠᠬᠢᠯᠲᠠ ᠤᠰᠤᠨ ᠤ ᠠᠰᠢᠭᠯᠠᠮᠵᠢ ᠶᠢ 48% ᠠᠴᠠ ᠳᠡᠭᠡᠭᠰᠢ ᠳᠤ ᠬᠦᠷᠦᠭᠦᠯᠦᠨ᠎ᠡ︔ ᠪᠠᠶᠢᠩᠭᠤ ᠶᠢᠨ ᠪᠤᠰᠤ ᠤᠰᠤ ᠶᠢ ᠠᠰᠢᠭᠯᠠᠬᠤ ᠬᠡᠮᠵᠢᠶ᠎ᠡ ᠶᠢ 7.68 ᠳ᠋ᠦᠩᠰᠢᠭᠤᠷ ᠺᠦᠪ ᠮᠧᠲᠷ ᠠᠴᠠ ᠳᠡᠭᠡᠭᠰᠢ ᠳᠤ ᠬᠦᠷᠦᠭᠦᠯᠦᠨ᠎ᠡ᠃ ᠪᠦᠬᠦ ᠣᠷᠣᠨ ᠤ ᠤᠰᠤᠨ ᠤ ᠡᠬᠢ ᠪᠠᠶᠠᠯᠢᠭ ᠢ ᠠᠷᠪᠢᠯᠠᠨ ᠠᠰᠢᠭᠯᠠᠬᠤ ᠠᠵᠢᠯ ᠢᠯᠡᠷᠬᠡᠢ ᠦᠷ᠎ᠡ ᠪᠦᠲᠦᠭᠡᠮᠵᠢ ᠲᠠᠢ ᠪᠣᠯᠵᠤ᠂ ᠤᠰᠤᠨ ᠤ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠪᠠ ᠦᠷ᠎ᠡ ᠠᠰᠢᠭ ᠢᠯᠡᠳᠲᠡ ᠳᠡᠭᠡᠭᠰᠢᠯᠡᠵᠦ᠂ ᠨᠡᠶᠢᠭᠡᠮ ᠳᠠᠶᠠᠭᠠᠷ ᠤᠨ ᠤᠰᠤ ᠠᠷᠪᠢᠯᠠᠬᠤ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠤᠨ᠎ᠠ᠃
ᠬᠤᠶᠠᠷ᠂ ᠣᠰᠤᠨ ᠤ ᠡᠬᠢ ᠰᠤᠷᠪᠤᠯᠵᠢ ᠶᠢᠨ ᠬᠠᠲᠠᠭᠤ ᠬᠢᠵᠠᠭᠠᠷᠯᠠᠯ ᠢ ᠴᠢᠩᠭᠠᠷᠠᠭᠤᠯᠤᠨ᠎ᠠ
︵ᠨᠢᠭᠡ︶ ᠤᠰᠤ ᠠᠷᠪᠢᠯᠠᠬᠤ ᠬᠢᠵᠠᠭᠠᠷᠯᠠᠯ ᠤᠨ ᠴᠢᠨᠠᠷᠲᠠᠢ ᠭᠦᠢᠴᠡᠳᠬᠡᠯ ᠲᠣᠭᠠᠨ ᠤ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠠᠵᠢᠯ ᠲᠥᠷᠥᠯ ᠬᠤᠪᠢᠶᠠᠨ ᠤᠰᠤ ᠠᠷᠪᠢᠯᠠᠬᠤ ᠭᠦᠢᠴᠡᠳᠬᠡᠯ ᠲᠤᠭ᠎ᠠ ᠶᠢ ᠲᠣᠭᠲᠠᠭᠠᠵᠤ᠂ ᠠᠶᠢᠮᠠᠭ ᠬᠤᠲᠠ ᠬᠤᠪᠢᠶᠠᠨ ᠤᠰᠤ ᠠᠷᠪᠢᠯᠠᠬᠤ ᠬᠠᠷᠠᠯᠲᠠ ︵ᠳᠠᠭᠠᠯᠳᠤᠭᠤᠯᠤᠯ ᠳᠤ ᠨᠠᠷᠢᠨ ᠦᠵᠡᠭᠡᠷᠡᠢ︶ ᠶᠢ ᠲᠣᠭᠲᠠᠭᠠᠵᠤ᠂ ᠡᠯ᠎ᠡ ᠠᠶᠢᠮᠠᠭ ᠬᠤᠲᠠ ᠨᠢ ᠤᠰᠤ ᠠᠷᠪᠢᠯᠠᠬᠤ ᠬᠠᠷᠠᠯᠲᠠᠲᠤ ᠡᠭᠦᠷᠭᠡ ᠪᠠᠨ ᠬᠤᠰᠢᠭᠤ ᠰᠢᠶᠠᠨ ︵ᠬᠤᠲᠠ᠂ ᠲᠣᠭᠤᠷᠢᠭ︶ ᠤᠷᠤᠭᠤ ᠢᠯᠭᠠᠨ ᠬᠤᠪᠢᠶᠠᠷᠢᠯᠠᠵᠤ᠂ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠵᠤ ᠪᠠᠶᠢᠭᠠᠳ ᠵᠦᠷᠢᠶᠡᠴᠢᠯᠡᠭᠰᠡᠨ ᠬᠠᠮᠢᠶᠠᠷᠴᠤ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠂ ᠪᠣᠳᠠᠲᠠᠢ ᠠᠵᠢᠯ ᠲᠥᠷᠥᠯ ᠪᠠ ᠤᠰᠤ ᠬᠡᠷᠡᠭᠯᠡᠬᠦ ᠨᠢᠭᠡᠴᠢ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠬᠢᠨᠠᠨ ᠬᠡᠮᠵᠢᠵᠦ ᠬᠢᠨᠠᠨ ᠬᠠᠮᠢᠶᠠᠷᠬᠤ ᠪᠠᠨ ᠴᠢᠩᠭᠠᠳᠬᠠᠨ᠂ ᠬᠠᠷᠠᠯᠲᠠ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠣᠰᠬᠤᠨ ᠮᠠᠯᠵᠢᠬᠤ ᠣᠷᠣᠨ ᠤ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠡᠨᠧᠷᠭᠢ ᠶᠢᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ︔ ᠳᠣᠷᠣᠭᠰᠢ ᠡᠯ᠎ᠡ ᠵᠦᠢᠯ ᠤᠨ ᠠᠵᠢᠯ ᠢ ᠴᠥᠮ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠠᠶᠢᠳᠠᠪᠤᠷᠢᠵᠢᠭᠤᠯᠬᠤ ᠴᠢᠬᠤᠯᠠᠲᠠᠢ ᠪᠣᠯᠬᠤᠷ ᠳᠠᠬᠢᠵᠦ ᠠᠰᠲᠠᠭᠠᠨ ᠵᠢᠭᠰᠠᠭᠠᠬᠤ ᠦᠭᠡᠢ︶
︵ᠬᠤᠶᠠᠷ︶ ᠤᠰᠤ ᠬᠡᠷᠡᠭᠯᠡᠬᠦ ᠬᠡᠮᠵᠢᠯᠲᠡ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ︽ᠤᠭᠰᠠᠷᠠᠪᠠᠰᠤ ᠵᠣᠬᠢᠬᠤ ᠪᠦᠭᠦᠨ ᠳᠤ ᠨᠢ ᠪᠦᠷ ᠤᠭᠰᠠᠷᠠᠬᠤ᠂ ᠬᠡᠮᠵᠢᠪᠡᠰᠦ ᠵᠣᠬᠢᠬᠤ ᠪᠦᠭᠦᠨ ᠢ ᠨᠢ ᠪᠦᠷ ᠬᠡᠮᠵᠢᠬᠦ︾ ᠱᠠᠭᠠᠷᠳᠠᠯᠭ᠎ᠠ ᠶᠣᠰᠣᠭᠠᠷ᠂ ᠭᠠᠵᠠᠷ ᠳᠡᠭᠡᠷᠡᠬᠢ ᠤᠰᠤ ᠪᠠᠷ ᠤᠰᠤᠯᠠᠬᠤ ᠣᠷᠣᠨ ᠤ ᠲᠦᠮᠡᠨ ᠮᠦ ᠠᠴᠠ ᠳᠡᠭᠡᠭᠰᠢᠬᠢ ᠪᠦᠭᠦᠨ ᠳᠤ ᠰᠤᠪᠠᠭ ᠤᠨ ᠡᠬᠢᠨ ᠤ ᠤᠰᠤ ᠲᠠᠲᠠᠬᠤ ᠬᠡᠮᠵᠢᠯᠲᠡ ᠶᠢ ᠪᠦᠷᠬᠦᠭᠦᠯᠵᠦ᠂ 5 ᠲᠦᠮᠡᠨ ᠮᠦ ᠠᠴᠠ ᠳᠡᠭᠡᠭᠰᠢᠬᠢ ᠪᠦᠭᠦᠨ ᠳᠤ ᠰᠤᠪᠠᠭ ᠤᠨ ᠡᠬᠢᠨ ᠤ ᠤᠰᠤ ᠲᠠᠲᠠᠬᠤ ᠬᠡᠮᠵᠢᠶ᠎ᠡ ᠶᠢ ᠰᠦᠯᠵᠢᠶ᠎ᠡ ᠪᠠᠷ ᠬᠡᠮᠵᠢᠬᠦ ᠶᠢ ᠪᠡᠶᠡᠯᠡᠭᠦᠯᠦᠨ᠂ ᠬᠤᠳᠳᠤᠭ ᠤᠨ ᠤᠰᠤ ᠪᠠᠷ ᠤᠰᠤᠯᠠᠬᠤ ᠣᠷᠣᠨ ᠳᠤ ︽ᠴᠠᠬᠢᠯᠭᠠᠨ ᠢᠶᠠᠷ ᠤᠰᠤ ᠶᠢ ᠨᠤᠭᠤᠯᠤᠨ ᠪᠣᠳᠣᠬᠤ︾ ᠬᠡᠮᠵᠢᠯᠲᠡ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ︔ ᠲᠠᠷᠢᠶᠠᠯᠠᠩ ᠤᠨ ᠪᠤᠰᠤ ᠬᠡᠷᠡᠭᠯᠡᠭᠴᠢ ᠶᠢᠨ ᠣᠨ ᠤ ᠵᠥᠪᠰᠢᠶᠡᠷᠡᠬᠦ ᠤᠰᠤᠨ ᠤ ᠬᠡᠮᠵᠢᠶ᠎ᠡ ᠨᠢ 50 ᠲᠦᠮᠡᠨ ᠺᠦᠪ ᠮᠧᠲᠷ ᠠᠴᠠ ᠳᠡᠭᠡᠭᠰᠢᠬᠢ ᠭᠠᠵᠠᠷ ᠳᠡᠭᠡᠷᠡᠬᠢ ᠤᠰᠤ ᠲᠠᠲᠠᠬᠤ᠂ 5 ᠲᠦᠮᠡᠨ ᠺᠦᠪ ᠮᠧᠲᠷ ᠠᠴᠠ ᠳᠡᠭᠡᠭᠰᠢᠬᠢ ᠭᠠᠵᠠᠷ ᠳᠣᠣᠷᠠᠬᠢ ᠤᠰᠤ ᠲᠠᠲᠠᠬᠤ ᠪᠦᠬᠦᠨ ᠳᠤ ᠰᠦᠯᠵᠢᠶ᠎ᠡ ᠪᠠᠷ ᠬᠡᠮᠵᠢᠬᠦ ᠶᠢ ᠪᠡᠶᠡᠯᠡᠭᠦᠯᠦᠨ᠎ᠡ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠨᠧᠷᠭᠢ ᠶᠢᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ︶
︵ᠭᠤᠷᠪᠠ︶ ᠬᠢᠨᠠᠬᠤ ᠪᠠ ᠵᠥᠪᠰᠢᠶᠡᠷᠡᠬᠦ ᠶᠢ ᠬᠢᠵᠠᠭᠠᠷᠯᠠᠬᠤ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠤᠰᠤ ᠲᠠᠲᠠᠵᠤ ᠬᠡᠷᠡᠭᠯᠡᠭᠰᠡᠨ ᠶᠡᠷᠦᠩᠬᠡᠢ ᠬᠡᠮᠵᠢᠶ᠎ᠡ ᠨᠢ ᠨᠢᠭᠡᠨᠲᠡ ᠤᠰᠤ ᠬᠡᠷᠡᠭᠯᠡᠬᠦ ᠶᠡᠷᠦᠩᠬᠡᠢ ᠬᠡᠮᠵᠢᠶᠡᠨ ᠤ ᠬᠠᠮᠢᠶᠠᠷᠤᠨ ᠡᠵᠡᠮᠳᠡᠬᠦ ᠭᠦᠢᠴᠡᠳᠬᠡᠯ ᠲᠤᠭ᠎ᠠ ᠳᠤ ᠬᠦᠷᠦᠭᠰᠡᠨ ᠪᠤᠶᠤ ᠬᠡᠲᠦᠷᠡᠭᠰᠡᠨ᠂ ᠭᠠᠵᠠᠷ ᠳᠣᠣᠷᠠᠬᠢ ᠤᠰᠤᠨ ᠤ ᠬᠠᠮᠢᠶᠠᠷᠤᠯᠲᠠ ᠶᠢᠨ ᠨᠢᠭᠡᠴᠢ ᠶᠢᠨ ᠭᠦᠢᠴᠡᠳᠬᠡᠯ ᠲᠤᠭ᠎ᠠ ᠨᠢ ᠬᠢᠷᠢ ᠲᠡᠩᠴᠡᠬᠦ ᠦᠭᠡᠢ ᠭᠠᠵᠠᠷ ᠣᠷᠣᠨ ᠳᠤ ᠪᠣᠯ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ ᠤᠰᠤ ᠪᠤᠶᠤ ᠢᠯᠴᠢ ᠬᠠᠩᠭᠠᠬᠤ ᠬᠤᠭᠤᠯᠠᠢ ᠭᠤᠤᠷᠰᠤ ᠶᠢᠨ ᠲᠣᠣᠷ ᠲᠤ ᠤᠰᠤ ᠨᠥᠬᠦᠪᠦᠷᠢᠯᠡᠬᠦ ᠵᠡᠷᠭᠡ ᠣᠨᠴᠠᠭᠠᠢ ᠪᠠᠶᠢᠳᠠᠯ ᠠᠴᠠ ᠭᠠᠳᠠᠨ᠎ᠠ᠂ ᠲᠤᠰ ᠭᠠᠵᠠᠷ ᠣᠷᠣᠨ ᠤ ᠰᠢᠨ᠎ᠡ ᠪᠠᠷ ᠨᠡᠮᠡᠭᠳᠡᠬᠦ ᠤᠰᠤ ᠲᠠᠲᠠᠵᠤ ᠬᠡᠷᠡᠭᠯᠡᠬᠦ ᠶᠢᠨ ᠬᠢᠨᠠᠨ ᠵᠥᠪᠰᠢᠶᠡᠷᠡᠯ ᠢ ᠲᠦᠷ ᠵᠣᠭᠰᠣᠭᠠᠨ᠎ᠠ᠃ ᠡᠯ᠎ᠡ ᠠᠶᠢᠮᠠᠭ ᠬᠤᠲᠠ ᠨᠢ ᠢᠳᠡᠪᠬᠢᠲᠡᠢ ᠪᠠᠷ ᠤᠰᠤ ᠠᠷᠪᠢᠯᠠᠵᠤ ᠤᠰᠤ ᠬᠡᠷᠡᠭᠯᠡᠬᠦ ᠶᠢ ᠬᠢᠵᠠᠭᠠᠷᠯᠠᠬᠤ᠂ ᠤᠰᠤᠨ ᠤ ᠡᠬᠢ ᠰᠤᠷᠪᠤᠯᠵᠢ ᠶᠢ ᠰᠣᠯᠢᠵᠤ ᠬᠡᠷᠡᠭᠯᠡᠬᠦ ᠵᠡᠷᠭᠡ ᠠᠷᠭ᠎ᠠ ᠬᠡᠮᠵᠢᠶ᠎ᠡ ᠠᠪᠴᠤ ᠪᠠᠶᠢᠭᠠᠳ ᠤᠰᠤ ᠬᠡᠷᠡᠭᠯᠡᠬᠦ ᠬᠡᠮᠵᠢᠶ᠎ᠡ ᠪᠠᠨ ᠪᠠᠭᠠᠰᠬᠠᠭᠠᠳ ᠬᠠᠮᠢᠶᠠᠷᠤᠨ ᠡᠵᠡᠮᠳᠡᠬᠦ ᠭᠦᠢᠴᠡᠳᠬᠡᠯ ᠲᠣᠭᠠᠨ ᠤ ᠬᠡᠪᠴᠢᠶᠡᠨ ᠳᠤ ᠬᠦᠷᠭᠡᠬᠦ ᠬᠡᠷᠡᠭᠲᠡᠢ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ︶
ᠭᠤᠷᠪᠠ᠂ ᠲᠠᠷᠢᠶᠠᠯᠠᠩ ᠤᠨ ᠤᠰᠤ ᠠᠷᠪᠢᠯᠠᠬᠤ ᠠᠵᠢᠯ ᠢ ᠲᠣᠪᠤᠶᠢᠯᠭᠠᠨ ᠰᠠᠶᠢᠲᠤᠷ ᠠᠳᠬᠤᠨ᠎ᠠ
︵ᠨᠢᠭᠡ︶ ᠲᠠᠷᠢᠶᠠᠯᠠᠩ ᠤᠨ ᠤᠰᠤ ᠠᠷᠪᠢᠯᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠲᠦᠰᠢᠭᠯᠡᠨ᠂ ᠤᠰᠤᠨ ᠰᠤᠪᠠᠭ ᠢ ᠳᠣᠲᠣᠷᠯᠠᠵᠤ ᠬᠠᠮᠠᠭᠠᠯᠠᠭᠰᠠᠨ ᠤᠰᠤᠯᠠᠯᠲᠠ ᠶᠢᠨ ᠢᠨᠵᠧᠨᠧᠷᠢᠩ ᠢ 37 ᠲᠦᠮᠡᠨ ᠮᠦ ᠰᠢᠨ᠎ᠡ ᠪᠠᠷ ᠨᠡᠮᠡᠭᠳᠡᠭᠦᠯᠵᠦ᠂ ᠥᠨᠳᠥᠷ ᠪᠦᠲᠦᠮᠵᠢᠲᠦ ᠤᠰᠤ ᠠᠷᠪᠢᠯᠠᠬᠤ ᠤᠰᠤᠯᠠᠯᠲᠠ ᠶᠢᠨ ᠲᠠᠯᠠᠪᠠᠶ ᠶᠢ 350 ᠲᠦᠮᠡᠨ ᠮᠦ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠂ ᠡᠭᠦᠨ ᠳᠤ᠂ ᠥᠨᠳᠥᠷ ᠪᠦᠲᠦᠮᠵᠢᠲᠦ ᠤᠰᠤ ᠠᠷᠪᠢᠯᠠᠬᠤ ᠤᠰᠤᠯᠠᠯᠲᠠ ᠶᠢᠨ ᠢᠨᠵᠧᠨᠧᠷᠢᠩ ᠢ 200 ᠲᠦᠮᠡᠨ ᠮᠦ ᠠᠴᠠ ᠳᠡᠭᠡᠭᠰᠢ ᠰᠢᠨ᠎ᠡ ᠪᠠᠷ ᠪᠠᠶᠢᠭᠤᠯᠵᠤ᠂ ᠳᠠᠮᠵᠢᠭᠤᠯᠬᠤ ᠬᠤᠭᠤᠯᠠᠢ ᠪᠠᠷ ᠤᠰᠤᠯᠠᠬᠤ ᠶᠢ ᠳᠤᠰᠤᠯᠭᠠᠨ ᠤᠰᠤᠯᠠᠬᠤ ᠪᠣᠯᠭᠠᠨ ᠬᠤᠪᠢᠷᠠᠭᠤᠯᠬᠤ ᠵᠡᠷᠭᠡ ᠥᠭᠡᠷᠡᠴᠢᠯᠡᠵᠦ ᠰᠠᠶᠢᠵᠢᠷᠠᠭᠤᠯᠬᠤ ᠢᠨᠵᠧᠨᠧᠷᠢᠩ ᠢ 150 ᠲᠦᠮᠡᠨ ᠮᠦ ᠬᠡᠷᠡᠭᠵᠢᠭᠦᠯᠦᠨ᠎ᠡ︔ ᠪᠣᠷᠣᠳᠣᠬᠤᠢ᠂ ᠳ᠋ᠧᠩᠺᠧᠦ ᠵᠡᠷᠭᠡ ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠢ ᠦᠷᠭᠦᠯᠵᠢᠯᠡᠨ ᠪᠠᠶᠢᠭᠤᠯᠵᠤ ᠢᠵᠢ ᠪᠦᠷᠢᠳᠦᠭᠦᠯᠬᠦ ᠪᠠ ᠣᠳᠣᠬᠢᠴᠢᠯᠠᠭᠰᠠᠨ ᠪᠣᠯᠭᠠᠨ ᠥᠭᠡᠷᠡᠴᠢᠯᠡᠨ ᠰᠢᠨᠡᠳᠬᠡᠬᠦ ᠶᠢ ᠲᠦᠷᠭᠡᠳᠬᠡᠨ ᠠᠬᠢᠭᠤᠯᠵᠤ᠂ 35 ᠲᠦᠮᠡᠨ ᠮᠦ ᠠᠴᠠ ᠳᠡᠭᠡᠭᠰᠢᠬᠢ ᠤᠰᠤᠯᠠᠯᠲᠠ ᠶᠢᠨ ᠲᠠᠯᠠᠪᠠᠶ ᠶᠢ ᠥᠭᠡᠷᠡᠴᠢᠯᠡᠨ ᠰᠠᠶᠢᠵᠢᠷᠠᠭᠤᠯᠤᠨ᠎ᠠ᠃ ᠲᠠᠷᠢᠶᠠᠯᠠᠩ ᠤᠨ ᠤᠰᠤ ᠠᠷᠪᠢᠯᠠᠬᠤ ᠴᠢᠳᠠᠪᠤᠷᠢ ᠶᠢ 2.5 ᠳ᠋ᠦᠩᠰᠢᠭᠤᠷ ᠺᠦᠪ ᠮᠧᠲᠷ ᠰᠢᠨ᠎ᠡ ᠪᠠᠷ ᠨᠡᠮᠡᠭᠳᠡᠭᠦᠯᠦᠨ᠎ᠡ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ︶
︵ᠬᠤᠶᠠᠷ︶ ᠲᠠᠷᠢᠶᠠᠯᠠᠩ ᠤᠨ ᠮᠡᠷᠭᠡᠰᠢᠯ ᠤᠨ ᠤᠰᠤ ᠠᠷᠪᠢᠯᠠᠬᠤ ᠮᠡᠷᠭᠡᠵᠢᠯ ᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠲᠠᠷᠢᠮᠠᠯ ᠤᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂ ᠤᠰᠤ ᠶᠡᠭᠡ ᠬᠤᠷᠣᠭᠳᠠᠭᠤᠯᠬᠤ ᠲᠠᠷᠢᠮᠠᠯ ᠢ 37.6 ᠲᠦᠮᠡᠨ ᠮᠦ ᠪᠠᠭᠠᠰᠬᠠᠵᠤ᠂ ᠭᠠᠩ ᠢ ᠳᠠᠭᠠᠭᠠᠬᠤ ᠦᠷ᠎ᠡ ᠡᠭᠦᠯᠳᠡᠷ᠂ ᠪᠦᠷᠬᠦᠭᠦᠯᠵᠦ ᠴᠢᠭᠢᠭ ᠬᠠᠮᠠᠭᠠᠯᠠᠬᠤ᠂ ᠭᠠᠩ ᠢ ᠳᠠᠭᠠᠭᠠᠵᠤ ᠤᠰᠤ ᠪᠠᠲᠤᠯᠠᠬᠤ ᠰᠢᠨ᠎ᠡ ᠮᠠᠲ᠋ᠧᠷᠢᠶᠠᠯ ᠵᠡᠷᠭᠡ ᠢᠵᠢ ᠪᠦᠷᠢᠳᠦᠭᠦᠯᠦᠭᠰᠡᠨ ᠭᠠᠩ ᠲᠠᠢ ᠲᠡᠮᠡᠴᠡᠬᠦ ᠮᠡᠷᠭᠡᠵᠢᠯ ᠢ 93.5 ᠲᠦᠮᠡᠨ ᠮᠦ ᠳᠡᠯᠭᠡᠷᠡᠭᠦᠯᠵᠦ᠂ ᠤᠰᠤ ᠠᠷᠪᠢᠯᠠᠵᠤ ᠠᠮᠤ ᠪᠤᠳᠠᠭᠠᠨ ᠤ ᠤᠨᠠᠯᠲᠠ ᠪᠠᠨ ᠨᠡᠮᠡᠭᠳᠡᠭᠦᠯᠬᠦ ᠶᠢ ᠠᠬᠢᠭᠤᠯᠬᠤ ᠬᠤᠰᠢᠭᠤ ᠰᠢᠶᠠᠨ ︵ᠬᠤᠲᠠ᠂ ᠲᠣᠭᠤᠷᠢᠭ︶ ᠢ 20 ᠡᠭᠦᠳᠦᠨ ᠪᠠᠶᠢᠭᠤᠯᠵᠤ᠂ ᠤᠰᠤ ᠠᠷᠪᠢᠯᠠᠬᠤ ᠴᠢᠳᠠᠪᠤᠷᠢ ᠶᠢ 0.2 ᠳ᠋ᠦᠩᠰᠢᠭᠤᠷ ᠺᠦᠪ ᠮᠧᠲᠷ ᠰᠢᠨ᠎ᠡ ᠪᠠᠷ ᠨᠡᠮᠡᠭᠳᠡᠭᠦᠯᠦᠨ᠎ᠡ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ︶
︵ᠭᠤᠷᠪᠠ︶ ︽ᠶᠡᠭᠡ ᠤᠰᠤ ᠪᠠᠷ ᠨᠡᠯᠦᠶᠢᠲᠡᠯ᠎ᠡ ᠤᠰᠤᠯᠠᠬᠤ︾ ᠠᠰᠠᠭᠤᠳᠠᠯ ᠢ ᠭᠦᠨᠵᠡᠭᠡᠢ ᠰᠢᠢᠳᠪᠦᠷᠢᠯᠡᠨ᠎ᠡ᠃ ᠨᠠᠮᠤᠷ ᠤᠨ ᠤᠰᠤᠯᠠᠯᠲᠠ ᠪᠠ ᠬᠠᠪᠤᠷ ᠤᠨ ᠤᠰᠤᠵᠢᠭᠤᠯᠤᠯᠲᠠ ᠶᠢᠨ ᠭᠦᠪᠦᠷᠡᠯ ᠤᠨ ᠪᠤᠰᠤ ᠬᠤᠭᠤᠴᠠᠭᠠᠨ ᠤ ᠤᠰᠤᠯᠠᠯᠲᠠ ᠳᠤ ᠬᠡᠷᠡᠭᠯᠡᠬᠦ ᠤᠰᠤᠨ ᠤ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠦᠨᠡᠯᠡᠨ ᠵᠢᠱᠢᠵᠦ᠂ ᠨᠢᠭᠡᠳᠦᠯᠲᠡᠢ ᠲᠥᠯᠥᠪᠯᠡᠵᠦ ᠲᠣᠬᠢᠷᠠᠭᠤᠯᠤᠨ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠨᠠᠮᠤᠷ ᠤᠨ ᠤᠰᠤᠯᠠᠯᠲᠠ ᠶᠢᠨ ᠤᠰᠤᠨ ᠤ ᠬᠤᠷᠣᠭᠳᠠᠯ ᠤᠨ ᠬᠡᠮᠵᠢᠶ᠎ᠡ ᠶᠢ 10 ᠳ᠋ᠦᠩᠰᠢᠭᠤᠷ ᠺᠦᠪ ᠮᠧᠲᠷ ᠣᠷᠴᠢᠮ ᠳᠤ ᠬᠢᠵᠠᠭᠠᠷᠯᠠᠵᠤ᠂ ᠬᠠᠲᠤᠨ ᠭᠤᠣᠯ ᠤᠨ ᠤᠰᠤ ᠶᠢ ᠲᠠᠲᠠᠵᠤ ᠤᠰᠤᠯᠠᠬᠤ ᠪᠤᠰᠤᠳ ᠤᠰᠤᠯᠠᠯᠲᠠ ᠶᠢᠨ ᠣᠷᠣᠨ ᠤ ᠭᠦᠪᠦᠷᠡᠯ ᠤᠨ ᠪᠤᠰᠤ ᠬᠤᠭᠤᠴᠠᠭᠠᠨ ᠤ ᠤᠰᠤᠯᠠᠯᠲᠠ ᠳᠤ ᠬᠡᠷᠡᠭᠯᠡᠬᠦ ᠤᠰᠤᠨ ᠤ ᠬᠡᠮᠵᠢᠶ᠎ᠡ ᠶᠢ 20% ᠠᠴᠠ ᠳᠡᠭᠡᠭᠰᠢ ᠪᠠᠭᠠᠰᠬᠠᠨ᠎ᠠ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ︶
︵ᠳᠥᠷᠪᠡ︶ ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠨᠢᠭᠡᠨᠲᠡ ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠦᠭᠰᠡᠨ 4969 ᠲᠦᠮᠡᠨ ᠮᠦ ᠳᠤ ︽ᠪᠤᠴᠠᠵᠤ ᠪᠠᠶᠢᠴᠠᠭᠠᠨ ᠦᠵᠡᠬᠦ︾ ᠠᠵᠢᠯ ᠢ ᠥᠷᠨᠢᠭᠦᠯᠵᠦ᠂ ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠠᠯᠠᠪᠠᠢ ᠶᠢ ᠳᠠᠬᠢᠭᠠᠳ 1000 ᠲᠦᠮᠡᠨ ᠮᠦ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠺᠦᠪ ᠮᠧᠲᠷ ᠢᠶᠠᠷ ᠰᠦᠢᠳᠬᠡᠯ ᠬᠤᠷᠢᠶᠠᠬᠤ᠂ ᠬᠡᠲᠦᠷᠡᠲᠡᠯ᠎ᠡ ᠬᠡᠷᠡᠭᠯᠡᠭᠰᠡᠨ ᠪᠣᠯ ᠦᠨ᠎ᠡ ᠥᠰᠬᠡᠬᠦ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠦᠨ᠎ᠡ ᠥᠰᠬᠡᠵᠦ ᠬᠤᠷᠢᠶᠠᠭᠰᠠᠨ ᠰᠦᠢᠳᠬᠡᠯ ᠢ ᠭᠤᠣᠯᠳᠠᠭᠤ ᠲᠠᠷᠢᠶᠠᠯᠠᠩ ᠤᠨ ᠤᠰᠤ ᠠᠷᠪᠢᠯᠠᠬᠤ ᠪᠠᠷᠢᠯᠭ᠎ᠠ ᠶᠢ ᠥᠭᠡᠷᠡᠴᠢᠯᠡᠨ ᠰᠢᠨᠡᠳᠬᠡᠬᠦ ᠪᠠ ᠤᠰᠤ ᠠᠷᠪᠢᠯᠠᠭᠰᠠᠨ ᠢ ᠱᠠᠩᠨᠠᠵᠤ ᠨᠥᠬᠦᠪᠦᠷᠢᠯᠡᠬᠦ ᠳᠤ ᠬᠡᠷᠡᠭᠯᠡᠨ᠎ᠡ᠃ ᠤᠰᠤᠯᠠᠯᠲᠠ ᠶᠢᠨ ᠣᠷᠣᠨ ᠳᠠᠬᠢ ᠲᠠᠷᠢᠶᠠᠯᠠᠬᠤ ᠡᠷᠦᠬᠡ ᠶᠢᠨ ᠬᠤᠭᠤᠷᠣᠨᠳᠤ ᠤᠰᠤᠨ ᠤ ᠡᠷᠬᠡ ᠶᠢ ᠠᠷᠠᠯᠵᠢᠶᠠᠯᠠᠬᠤ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠤᠨ᠎ᠠ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ︶
ᠳᠥᠷᠪᠡ᠂ ᠠᠵᠤ ᠦᠢᠯᠡᠳᠪᠦᠷᠢ ᠶᠢᠨ ᠤᠰᠤ ᠠᠷᠪᠢᠯᠠᠬᠤ ᠠᠵᠢᠯ ᠢ ᠲᠦᠷᠭᠡᠳᠬᠡᠨ ᠠᠬᠢᠭᠤᠯᠤᠨ᠎ᠠ
︵ᠨᠢᠭᠡ︶ ᠡᠨᠧᠷᠭᠢ ᠶᠢᠨ ᠬᠦᠷᠢᠶ᠎ᠡ ᠴᠠᠷᠠᠭᠠᠨ ᠳᠠᠬᠢ ᠤᠰᠤ ᠠᠷᠪᠢᠯᠠᠬᠤ ᠪᠣᠯᠭᠠᠨ ᠥᠭᠡᠷᠡᠴᠢᠯᠡᠨ ᠰᠢᠨᠡᠳᠬᠡᠬᠦ ᠠᠵᠢᠯ ᠢ ᠠᠬᠢᠭᠤᠯᠤᠨ᠎ᠠ᠃ ᠢᠯᠴᠢ ᠶᠢᠨ ᠴᠠᠬᠢᠯᠭᠠᠨ ᠤ ᠮᠠᠰᠢᠨ ᠪᠦᠯᠦᠭ ᠢ ᠡᠬᠢ ᠢᠷᠡᠯᠲᠡ ᠠᠴᠠ ᠨᠢ ᠬᠠᠮᠢᠶᠠᠷᠬᠤ ᠪᠠᠨ ᠴᠢᠩᠭᠠᠳᠬᠠᠵᠤ᠂ ᠰᠢᠨ᠎ᠡ ᠪᠠᠷ ᠪᠠᠶᠢᠭᠤᠯᠤᠭᠰᠠᠨ ᠨᠡᠭᠦᠷᠡᠰᠦ ᠴᠠᠬᠢᠯᠭᠠᠨ ᠤ ᠲᠥᠷᠥᠯ ᠵᠦᠢᠯ ᠤᠨ ᠤᠰᠤ ᠠᠷᠪᠢᠯᠠᠬᠤ ᠲᠠᠯ᠎ᠠ ᠳᠤ ᠲᠥᠯᠥᠪᠵᠢᠭᠦᠯᠦᠨ ᠬᠢᠵᠠᠭᠠᠷᠯᠠᠬᠤ ᠪᠠᠨ ᠴᠢᠩᠭᠠᠷᠠᠭᠤᠯᠤᠨ᠎ᠠ᠃ ᠨᠢᠭᠡᠨᠲᠡ ᠪᠠᠶᠢᠭ᠎ᠠ ᠢᠯᠴᠢ ᠶᠢᠨ ᠴᠠᠬᠢᠯᠭᠠᠨ ᠤ ᠠᠵᠤ ᠠᠬᠤᠶᠢᠯᠠᠯ ᠢ ᠤᠰᠤ ᠠᠷᠪᠢᠯᠠᠬᠤ ᠪᠣᠯᠭᠠᠨ ᠥᠭᠡᠷᠡᠴᠢᠯᠡᠨ ᠰᠢᠨᠡᠳᠬᠡᠵᠦ ᠳᠡᠰ ᠳᠡᠪᠰᠢᠭᠦᠯᠬᠦ ᠶᠢ ᠠᠬᠢᠭᠤᠯᠵᠤ᠂ ᠬᠥᠯᠥᠨ ᠪᠤᠶᠢᠷ ᠬᠤᠲᠠ᠂ ᠤᠯᠠᠭᠠᠨᠬᠠᠳᠠ ᠬᠤᠲᠠ᠂ ᠣᠷᠳᠣᠰ ᠬᠤᠲᠠ ᠵᠡᠷᠭᠡ ᠶᠢᠨ ᠬᠡᠷᠡᠭᠯᠡᠭᠡᠨ ᠳᠤ ᠪᠠᠶᠢᠭ᠎ᠠ ᠢᠯᠴᠢ ᠶᠢᠨ ᠴᠠᠬᠢᠯᠭᠠᠨ ᠤ ᠮᠠᠰᠢᠨ ᠪᠦᠯᠦᠭ ᠤᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠨᠡᠯᠢᠶᠡᠳ ᠶᠡᠭᠡ᠂ ᠬᠠᠭᠤᠴᠢᠨ ᠮᠠᠰᠢᠨ ᠪᠦᠯᠦᠭ ᠨᠡᠯᠢᠶᠡᠳ ᠣᠯᠠᠨ ᠣᠷᠣᠨ ᠪᠦᠰᠡ ᠳᠤ ᠨᠢᠭᠡ ᠪᠦᠯᠦᠭ ᠤᠰᠤ ᠠᠷᠪᠢᠯᠠᠬᠤ ᠪᠣᠯᠭᠠᠨ ᠥᠭᠡᠷᠡᠴᠢᠯᠡᠨ ᠰᠢᠨᠡᠳᠬᠡᠬᠦ ᠲᠥᠷᠥᠯ ᠵᠦᠢᠯ ᠢ ᠭᠤᠣᠯᠳᠠᠯᠭ᠎ᠠ ᠲᠠᠢ ᠬᠡᠷᠡᠭᠵᠢᠭᠦᠯᠦᠨ᠎ᠡ︔ ᠨᠡᠭᠦᠷᠡᠰᠦ ᠪᠠᠷ ᠴᠢᠯᠠᠭᠤᠨ ᠲᠣᠰᠣ ᠰᠢᠲᠠᠮᠠᠬᠠᠢ ᠬᠡᠢ ᠦᠢᠯᠡᠳᠬᠦ᠂ ᠴᠢᠯᠠᠭᠤᠨ ᠲᠣᠰᠣ ᠨᠡᠭᠡᠭᠡᠨ ᠮᠠᠯᠲᠠᠬᠤ ᠪᠠ ᠪᠣᠯᠪᠠᠰᠤᠷᠠᠭᠤᠯᠤᠨ ᠦᠢᠯᠡᠳᠬᠦ ᠠᠵᠢᠯ ᠲᠦᠷᠦᠯ ᠳᠤ ᠳᠠᠬᠢᠯᠲᠠ ᠤᠰᠤ ᠪᠠᠷ ᠰᠣᠯᠢᠵᠤ ᠬᠡᠷᠡᠭᠯᠡᠬᠦ ᠪᠠ ᠬᠠᠶᠠᠭᠳᠠᠮᠠᠯ ᠤᠰᠤ ᠶᠢ ᠤᠷᠴᠢᠯᠳᠤᠭᠤᠯᠤᠨ ᠠᠰᠢᠭᠯᠠᠬᠤ ᠪᠣᠯᠭᠠᠨ ᠥᠭᠡᠷᠡᠴᠢᠯᠡᠬᠦ ᠠᠵᠢᠯ ᠢ ᠠᠬᠢᠭᠤᠯᠤᠨ ᠬᠡᠷᠡᠭᠵᠢᠭᠦᠯᠵᠦ᠂ ᠠᠵᠢᠯ ᠲᠦᠷᠦᠯ ᠤᠨ ᠬᠢᠨ ᠤ ᠤᠰᠤ ᠠᠷᠪᠢᠯᠠᠬᠤ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠴᠢᠳᠠᠪᠤᠷᠢ ᠶᠢ ᠨᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠤᠰᠤ ᠠᠷᠪᠢᠯᠠᠬᠤ ᠴᠢᠳᠠᠪᠤᠷᠢ ᠶᠢ 200 ᠲᠦᠮᠡᠨ ᠺᠦᠪ ᠮᠧᠲᠷ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ︶
︵ᠬᠤᠶᠠᠷ︶ ᠪᠤᠰᠤᠳ ᠭᠤᠣᠯᠳᠠᠯᠭ᠎ᠠ ᠲᠠᠢ ᠠᠵᠢᠯ ᠲᠥᠷᠥᠯ ᠤᠨ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠨ ᠰᠢᠨᠡᠴᠢᠯᠡᠯᠲᠡ ᠶᠢ ᠠᠬᠢᠭᠤᠯᠤᠨ᠎ᠠ᠃ ᠲᠡᠷᠢᠭᠦᠨ ᠤ ᠪᠣᠯᠪᠠᠰᠤᠷᠠᠩᠭᠤᠢ ᠬᠡᠷᠡᠭᠯᠡᠬᠦ ᠳᠤ ᠲᠣᠬᠢᠷᠠᠮᠵᠢᠲᠠᠢ ᠤᠰᠤ ᠠᠷᠪᠢᠯᠠᠬᠤ ᠮᠡᠷᠭᠡᠵᠢᠯ᠂ ᠲᠣᠨᠤᠭ ᠲᠥᠬᠦᠭᠡᠷᠦᠮᠵᠢ ᠪᠠ ᠦᠢᠯᠡᠳᠬᠦᠨ ᠢ ᠴᠤᠭᠯᠠᠭᠤᠯᠤᠨ ᠳᠡᠯᠭᠡᠷᠡᠭᠦᠯᠵᠦ᠂ ᠠᠵᠤ ᠦᠢᠯᠡᠳᠪᠦᠷᠢ ᠶᠢᠨ ᠬᠦᠷᠢᠶ᠎ᠡ ᠴᠠᠷᠠᠭᠠᠨ ᠳᠠᠬᠢ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠲᠡᠷᠢᠭᠦᠨ ᠤ ᠮᠡᠷᠭᠡᠵᠢᠯ ᠤᠨ ᠳᠡᠯᠭᠡᠷᠡᠭᠦᠯᠬᠦ ᠭᠠᠷᠴᠠᠭ ᠢ ᠨᠡᠶᠢᠲᠡᠯᠡᠨ᠎ᠡ᠃ ᠪᠣᠯᠣᠳ ᠲᠡᠮᠦᠷ᠂ ᠥᠩᠭᠡᠲᠦ ᠲᠡᠮᠦᠷᠯᠢᠭ᠂ ᠬᠢᠮᠢ ᠶᠢᠨ ᠠᠵᠤ ᠦᠢᠯᠡᠳᠪᠦᠷᠢ ᠵᠡᠷᠭᠡ ᠬᠦᠷᠢᠶ᠎ᠡ ᠴᠠᠷᠠᠭᠠᠨ ᠳᠤ ᠬᠤᠭᠤᠯᠠᠢ ᠭᠤᠤᠷᠰᠤ ᠶᠢᠨ ᠲᠣᠣᠷ ᠢ ᠥᠭᠡᠷᠡᠴᠢᠯᠡᠨ ᠰᠢᠨᠡᠳᠬᠡᠬᠦ᠂ ᠭᠠᠷ ᠤᠷᠠᠯᠠᠯ ᠢ ᠳᠡᠰ ᠳᠡᠪᠰᠢᠭᠦᠯᠬᠦ᠂ ᠲᠥᠬᠦᠭᠡᠷᠦᠮᠵᠢ ᠶᠢ ᠰᠢᠨᠡᠳᠬᠡᠬᠦ ᠵᠡᠷᠭᠡ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠨ ᠰᠢᠨᠡᠳᠬᠡᠬᠦ ᠲᠥᠷᠥᠯ ᠵᠦᠢᠯ ᠢ 22 ᠠᠬᠢᠭᠤᠯᠤᠨ ᠪᠡᠶᠡᠯᠡᠭᠦᠯᠵᠦ᠂ ᠤᠰᠤ ᠠᠷᠪᠢᠯᠠᠭᠰᠠᠨ ᠬᠡᠮᠵᠢᠶ᠎ᠡ ᠶᠢ 213 ᠲᠦᠮᠡᠨ ᠺᠦᠪ ᠮᠧᠲᠷ ᠰᠢᠨ᠎ᠡ ᠪᠠᠷ ᠨᠡᠮᠡᠭᠳᠡᠭᠦᠯᠦᠨ᠎ᠡ᠃ ᠠᠵᠤ ᠦᠢᠯᠡᠳᠪᠦᠷᠢ ᠶᠢᠨ ᠬᠠᠶᠠᠭᠳᠠᠮᠠᠯ ᠤᠰᠤ ᠶᠢ ᠤᠷᠴᠢᠯᠳᠤᠭᠤᠯᠤᠨ ᠠᠰᠢᠭᠯᠠᠬᠤ ᠪᠠᠨ ᠴᠢᠩᠭᠠᠳᠬᠠᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷ ᠤᠰᠤ ᠶᠢ ᠬᠤᠷᠢᠶᠠᠨ ᠴᠤᠭᠯᠠᠭᠤᠯᠵᠤ᠂ ᠰᠠᠯᠭᠠᠨ ᠶᠠᠪᠤᠭᠤᠯᠬᠤ ᠬᠤᠭᠤᠯᠠᠢ ᠭᠤᠤᠷᠰᠤ ᠶᠢᠨ ᠲᠣᠣᠷ᠂ ᠪᠣᠬᠢᠷ ᠤᠰᠤ ᠶᠢ ᠲᠥᠪᠯᠡᠷᠡᠭᠦᠯᠦᠨ ᠰᠢᠢᠳᠪᠦᠷᠢᠯᠡᠬᠦ᠂ ᠳᠠᠬᠢᠯᠲᠠ ᠤᠰᠤ ᠶᠢ ᠡᠭᠡᠭᠦᠯᠦᠨ ᠬᠡᠷᠡᠭᠯᠡᠬᠦ ᠵᠡᠷᠭᠡ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠳᠠᠮᠵᠢᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠬᠡᠷᠡᠭᠯᠡᠬᠦ ᠤᠰᠤᠨ ᠤ ᠳᠠᠬᠢᠨ ᠠᠰᠢᠭᠯᠠᠬᠤ ᠨᠣᠷᠮ᠎ᠠ ᠶᠢ 95% ᠠᠴᠠ ᠳᠡᠭᠡᠭᠰᠢ ᠳᠤ ᠬᠦᠷᠦᠭᠦᠯᠦᠨ᠎ᠡ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠨᠧᠷᠭᠢ ᠶᠢᠨ ᠲᠣᠪᠴᠢᠶ᠎ᠠ︶
︵ᠭᠤᠷᠪᠠ︶ ᠠᠵᠤ ᠦᠢᠯᠡᠳᠪᠦᠷᠢ ᠶᠢᠨ ᠤᠰᠤ ᠠᠷᠪᠢᠯᠠᠬᠤ ᠲᠤᠷᠰᠢᠯᠲᠠ ᠶᠢᠨ ᠴᠡᠭ ᠢᠶᠠᠷ ᠵᠢᠱᠢᠶ᠎ᠡ ᠦᠵᠡᠬᠦᠯᠬᠦ ᠪᠠᠨ ᠠᠬᠢᠭᠤᠯᠤᠨ᠎ᠠ᠃ ᠦᠬᠠᠢ ᠬᠤᠲᠠ ᠶᠢᠨ ᠤᠯᠤᠰ ᠤᠨ ᠲᠠᠰ ᠤᠨ ᠤᠰᠤᠨ ᠤ ᠲᠥᠰᠥᠪ ᠤᠨ ᠬᠠᠮᠢᠶᠠᠷᠤᠯᠲᠠ ᠶᠢᠨ ᠲᠤᠷᠰᠢᠯᠲᠠ ᠶᠢ ᠭᠦᠨᠵᠡᠭᠡᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠦᠢᠯᠡᠳᠪᠦᠷᠢ ᠶᠢᠨ ᠤᠰᠤᠨ ᠤ ᠲᠥᠰᠥᠪ ᠤᠨ ᠬᠠᠮᠢᠶᠠᠷᠤᠯᠲᠠ ᠶᠢᠨ ᠲᠤᠷᠰᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠪᠣᠯᠣᠳ ᠲᠡᠮᠦᠷ᠂ ᠥᠩᠭᠡᠲᠦ ᠲᠡᠮᠦᠷᠯᠢᠭ᠂ ᠬᠢᠮᠢ ᠶᠢᠨ ᠠᠵᠤ ᠦᠢᠯᠡᠳᠪᠦᠷᠢ᠂ ᠪᠠᠷᠢᠯᠭ᠎ᠠ ᠶᠢᠨ ᠮᠠᠲ᠋ᠧᠷᠢᠶᠠᠯ᠂ ᠢᠳᠡᠭᠡᠨ ᠤ ᠵᠦᠢᠯ ᠪᠠ ᠢᠰᠬᠡᠯᠲᠡ ᠵᠡᠷᠭᠡ ᠭᠤᠣᠯᠳᠠᠯᠭ᠎ᠠ ᠲᠠᠢ ᠤᠰᠤ ᠬᠡᠷᠡᠭᠯᠡᠬᠦ ᠬᠦᠷᠢᠶ᠎ᠡ ᠴᠠᠷᠠᠭᠠᠨ ᠳᠤ ᠠᠩᠬᠠᠷᠤᠯ ᠢᠶᠠᠨ ᠬᠠᠨᠳᠤᠭᠤᠯᠵᠤ᠂ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠢ 80᠂ ᠤᠰᠤ ᠠᠷᠪᠢᠯᠠᠬᠤ ᠬᠡᠪ ᠳᠠᠭᠤᠷᠢᠶᠠᠯᠲᠤ ᠠᠵᠤ ᠠᠬᠤᠶᠢᠯᠠᠯ ᠢ 7᠂ ᠤᠰᠤ ᠠᠷᠪᠢᠯᠠᠬᠤ ᠬᠡᠯᠪᠡᠷᠢ ᠶᠢᠨ ᠬᠦᠷᠢᠶᠡᠯᠡᠩ ᠲᠣᠭᠤᠷᠢᠭ ᠢ 3 ᠡᠭᠦᠳᠦᠨ ᠪᠠᠶᠢᠭᠤᠯᠤᠨ᠎ᠠ᠃ ᠠᠵᠤ ᠦᠢᠯᠡᠳᠪᠦᠷᠢ ᠶᠢᠨ ᠤᠰᠤ ᠠᠷᠪᠢᠯᠠᠬᠤ ᠪᠠᠷᠢᠮᠵᠢᠶᠠᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠢ ᠦᠨᠡᠯᠡᠬᠦ 5 ᠵᠦᠢᠯ ᠤᠨ ᠬᠠᠮᠢᠶ᠎ᠠ ᠪᠦᠬᠦᠢ ᠪᠠᠷᠢᠮᠵᠢᠶ᠎ᠠ ᠶᠢ ᠨᠡᠶᠢᠲᠡᠯᠡᠨ᠎ᠡ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ︶
ᠲᠠᠪᠤ᠂ ᠬᠤᠲᠠ ᠬᠥᠳᠡᠭᠡ ᠶᠢᠨ ᠤᠰᠤ ᠠᠷᠪᠢᠯᠠᠨ ᠭᠠᠮᠨᠠᠬᠤ ᠶᠢ ᠠᠬᠢᠭᠤᠯᠤᠨ᠎ᠠ
︵ᠨᠢᠭᠡ︶ ᠬᠤᠲᠠ ᠶᠢᠨ ᠤᠰᠤ ᠬᠠᠩᠭᠠᠬᠤ ᠬᠤᠭᠤᠯᠠᠢ ᠭᠤᠤᠷᠰᠤ ᠶᠢᠨ ᠲᠣᠣᠷ ᠤᠨ ᠯᠡᠪᠡᠷᠡᠵᠦ ᠡᠪᠳᠡᠷᠡᠬᠦ ᠶᠢ ᠪᠠᠭᠠᠰᠬᠠᠨ᠎ᠠ᠃ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠢ ᠭᠤᠤᠷᠰᠤ ᠶᠢᠨ ᠲᠣᠣᠷ ᠤᠨ ᠯᠡᠪᠡᠷᠡᠵᠦ ᠡᠪᠳᠡᠷᠡᠬᠦ ᠶᠢ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠯᠡᠪᠡᠷᠡᠵᠦ ᠡᠪᠳᠡᠷᠡᠭᠰᠡᠨ ᠪᠠᠶᠢᠳᠠᠯ ᠶᠡᠬᠡᠲᠡᠢ ᠭᠠᠵᠠᠷ ᠣᠷᠣᠨ ᠳᠤ ᠠᠩᠬᠠᠷᠤᠯ ᠢᠶᠠᠨ ᠬᠠᠨᠳᠤᠭᠤᠯᠵᠤ ᠬᠠᠭᠤᠴᠢᠷᠠᠵᠤ ᠡᠪᠳᠡᠷᠡᠭᠰᠡᠨ ᠤᠰᠤ ᠬᠠᠩᠭᠠᠬᠤ ᠬᠤᠭᠤᠯᠠᠢ ᠭᠤᠤᠷᠰᠤ ᠶᠢᠨ ᠲᠣᠣᠷ ᠢ 400 ᠺᠢᠯᠣᠮᠧᠲᠷ ᠠᠴᠠ ᠳᠡᠭᠡᠭᠰᠢ ᠥᠭᠡᠷᠡᠴᠢᠯᠡᠨ ᠰᠢᠨᠡᠳᠬᠡᠨ᠎ᠡ︔ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠤᠰᠤ ᠬᠠᠩᠭᠠᠬᠤ ᠬᠡᠮᠵᠢᠯᠲᠡ ᠶᠢᠨ ᠪᠡᠯᠡᠳᠬᠡᠮᠵᠢ ᠶᠢ ᠰᠢᠨᠡᠳᠬᠡᠨ ᠲᠡᠭᠦᠯᠳᠡᠷᠵᠢᠭᠦᠯᠵᠦ᠂ ᠤᠰᠤ ᠬᠠᠩᠭᠠᠬᠤ ᠬᠤᠭᠤᠯᠠᠢ ᠭᠤᠤᠷᠰᠤ ᠶᠢᠨ ᠲᠣᠣᠷ ᠤᠨ ᠲᠣᠭᠤᠷᠢᠭ ᠬᠤᠪᠢᠶᠠᠨ ᠬᠡᠮᠵᠢᠬᠦ ᠬᠠᠮᠢᠶᠠᠷᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠲᠠᠪᠴᠠᠩ ᠪᠠ ᠯᠡᠪᠡᠷᠡᠵᠦ ᠡᠪᠳᠡᠷᠡᠬᠦ ᠶᠢ ᠬᠠᠮᠢᠶᠠᠷᠤᠨ ᠡᠵᠡᠮᠳᠡᠬᠦ ᠲᠣᠭᠲᠠᠯᠴᠠᠭ᠎ᠠ ᠶᠢ ᠪᠠᠶᠢᠭᠤᠯᠤᠨ᠎ᠠ᠃ ᠬᠤᠲᠠ ᠶᠢᠨ ᠰᠢᠨᠡᠴᠢᠯᠡᠯᠲᠡ ᠪᠠ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ ᠠᠵᠢᠯ ᠲᠠᠢ ᠤᠶᠠᠯᠳᠤᠭᠤᠯᠤᠨ᠂ ᠬᠦᠷᠢᠶ᠎ᠡ ᠬᠠᠰᠢᠶᠠᠨ ᠤ ᠬᠤᠭᠤᠯᠠᠢ ᠭᠤᠤᠷᠰᠤ ᠪᠠ ᠬᠤᠶᠠᠳᠠᠭᠢ ᠤᠳᠠᠭᠠᠨ ᠤ ᠤᠰᠤ ᠬᠠᠩᠭᠠᠬᠤ ᠪᠡᠯᠡᠳᠬᠡᠮᠵᠢ ᠶᠢ ᠰᠢᠨᠡᠳᠬᠡᠨ᠎ᠡ᠃ ᠪᠤᠭᠤᠲᠤ ᠬᠤᠲᠠ᠂ ᠤᠯᠠᠭᠠᠨᠬᠠᠳᠠ ᠬᠤᠲᠠ ᠶᠢ ᠤᠯᠤᠰ ᠤᠨ ᠣᠯᠠᠨ ᠨᠡᠶᠢᠲᠡ ᠶᠢᠨ ᠤᠰᠤ ᠬᠠᠩᠭᠠᠬᠤ ᠬᠤᠭᠤᠯᠠᠢ ᠭᠤᠤᠷᠰᠤ ᠶᠢᠨ ᠲᠣᠣᠷ ᠤᠨ ᠯᠡᠪᠡᠷᠡᠵᠦ ᠡᠪᠳᠡᠷᠡᠬᠦ ᠶᠢ ᠵᠠᠰᠠᠬᠤ ᠭᠤᠣᠯᠳᠠᠯᠭ᠎ᠠ ᠲᠠᠢ ᠬᠤᠲᠠ ᠪᠣᠯᠭᠠᠨ ᠪᠦᠲᠦᠭᠡᠨ ᠪᠠᠶᠢᠭᠤᠯᠬᠤ ᠪᠠᠨ ᠠᠬᠢᠭᠤᠯᠤᠨ᠎ᠠ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ︶
︵ᠬᠤᠶᠠᠷ︶ ᠤᠰᠤ ᠠᠷᠪᠢᠯᠠᠬᠤ ᠬᠡᠯᠪᠡᠷᠢ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠤᠰᠤ ᠠᠷᠪᠢᠯᠠᠬᠤ ᠬᠡᠯᠪᠡᠷᠢ ᠶᠢᠨ ᠬᠤᠲᠠ ᠶᠢᠨ ᠦᠨᠡᠯᠡᠯᠲᠡ ᠶᠢᠨ ᠠᠵᠢᠯ ᠢ ᠥᠷᠨᠢᠭᠦᠯᠵᠦ᠂ ᠪᠤᠭᠤᠲᠤ ᠬᠤᠲᠠ ᠶᠢᠨ ᠤᠯᠤᠰ ᠤᠨ ᠤᠰᠤ ᠠᠷᠪᠢᠯᠠᠬᠤ ᠬᠡᠯᠪᠡᠷᠢ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠵᠦ᠂ ᠬᠥᠬᠡᠬᠤᠲᠠ᠂ ᠤᠯᠠᠭᠠᠨᠴᠠᠪ ᠬᠤᠲᠠ᠂ ᠣᠷᠳᠣᠰ ᠬᠤᠲᠠ᠂ ᠪᠠᠶᠠᠨᠨᠠᠭᠤᠷ ᠬᠤᠲᠠ ᠪᠠ ᠦᠬᠠᠢ ᠬᠤᠲᠠ ᠵᠡᠷᠭᠡ 5 ᠬᠤᠲᠠ ᠶᠢ ᠴᠥᠮ ᠤᠯᠤᠰ ᠤᠨ ᠤᠰᠤ ᠠᠷᠪᠢᠯᠠᠬᠤ ᠬᠡᠯᠪᠡᠷᠢ ᠶᠢᠨ ᠬᠤᠲᠠ ᠶᠢᠨ ᠦᠨᠡᠯᠡᠯᠲᠡ ᠶᠢᠨ ᠪᠠᠷᠢᠮᠵᠢᠶ᠎ᠠ ᠳᠤ ᠬᠦᠷᠭᠡᠬᠦ ᠪᠠᠷ ᠠᠬᠢᠭᠤᠯᠤᠨ᠎ᠠ᠃ ᠬᠠᠶᠢᠮᠢᠶᠠᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠠᠬᠢᠭᠤᠯᠵᠤ᠂ ᠤᠰᠤ ᠲᠣᠭᠲᠠᠭᠠᠬᠤ ᠤᠰᠤ ᠨᠡᠪᠴᠢᠭᠦᠯᠬᠦ ᠪᠡᠯᠡᠳᠬᠡᠮᠵᠢ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠂ ᠬᠤᠷ᠎ᠠ ᠤᠰᠤᠨ ᠤ ᠡᠬᠢ ᠪᠠᠶᠠᠯᠢᠭ ᠢ ᠲᠤᠬᠠᠢ ᠶᠢᠨ ᠭᠠᠵᠠᠷ ᠲᠤ ᠨᠢ ᠰᠢᠩᠭᠡᠬᠡᠨ ᠠᠪᠴᠤ ᠠᠰᠢᠭᠯᠠᠬᠤ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ᠃ ᠬᠥᠬᠡᠬᠤᠲᠠ ᠨᠢ ᠤᠯᠤᠰ ᠤᠨ ᠬᠠᠶᠢᠮᠢᠶᠠᠨ ᠬᠤᠲᠠ ᠶᠢᠨ ᠵᠢᠱᠢᠶ᠎ᠡ ᠦᠵᠡᠬᠦᠯᠬᠦ ᠬᠤᠲᠠ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠤᠰᠤᠨ ᠠᠰᠢᠭᠯᠠᠯᠲᠠ ᠶᠢᠨ ᠲᠢᠩᠬᠢᠮ︶
︵ᠭᠤᠷᠪᠠ︶ ᠤᠰᠤᠨ ᠤ ᠬᠤᠷᠣᠭᠳᠠᠯ ᠶᠡᠭᠡ ᠦᠢᠯᠡᠴᠢᠯᠡᠭᠡᠨ ᠤ ᠦᠢᠯᠡᠰ ᠪᠠ ᠣᠨᠴᠠ ᠲᠥᠷᠥᠯ ᠤᠨ ᠠᠵᠢᠯ ᠲᠥᠷᠥᠯ ᠤᠨ ᠬᠡᠷᠡᠭᠯᠡᠬᠦ ᠤᠰᠤ ᠶᠢ ᠴᠢᠩᠭ᠎ᠠ ᠬᠢᠵᠠᠭᠠᠷᠯᠠᠨ᠎ᠠ᠃ ᠪᠡᠶ᠎ᠡ ᠤᠬᠢᠶᠠᠬᠤ᠂ ᠲᠡᠷᠭᠡ ᠤᠬᠢᠶᠠᠬᠤ᠂ ᠬᠢᠮᠡᠯ ᠴᠠᠰᠤᠨ ᠴᠡᠨᠡᠯᠡᠯᠲᠡ ᠶᠢᠨ ᠲᠠᠯᠠᠪᠠᠢ ᠵᠡᠷᠭᠡ ᠠᠵᠢᠯ ᠲᠦᠷᠦᠯ ᠤᠨ ᠲᠥᠯᠥᠪᠯᠡᠭᠡ ᠲᠠᠢ ᠪᠠᠷ ᠤᠰᠤ ᠬᠡᠷᠡᠭᠯᠡᠵᠦ ᠬᠠᠮᠢᠶᠠᠷᠤᠯᠲᠠ ᠬᠢᠬᠦ ᠶᠢ ᠴᠢᠩᠭ᠎ᠠ ᠡᠵᠡᠮᠳᠡᠵᠦ᠂ ᠲᠣᠭᠲᠠᠭᠰᠠᠨ ᠬᠡᠮᠵᠢᠶ᠎ᠡ ︵ᠲᠥᠯᠥᠪᠯᠡᠭᠡ ᠠᠴᠠ ᠬᠡᠲᠦᠷᠡᠭᠰᠡᠨ︶ ᠠᠴᠠ ᠬᠡᠲᠦᠷᠡᠪᠡᠯ ᠠᠬᠢᠭᠤᠯᠤᠨ ᠪᠣᠳᠣᠵᠤ ᠦᠨ᠎ᠡ ᠥᠰᠬᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠤᠰᠤᠨ ᠤ ᠬᠤᠷᠣᠭᠳᠠᠯ ᠶᠡᠭᠡ ᠦᠢᠯᠡᠴᠢᠯᠡᠭᠡᠨ ᠤ ᠦᠢᠯᠡᠰ ᠤᠨ ᠳᠠᠬᠢᠯᠲᠠ ᠤᠰᠤ ᠶᠢ ᠠᠰᠢᠭᠯᠠᠬᠤ ᠬᠠᠷᠢᠴᠠᠯ ᠢ ᠨᠢ ᠨᠡᠮᠡᠭᠳᠡᠭᠦᠯᠦᠨ᠎ᠡ᠃ ᠬᠤᠲᠠ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠬᠠᠮᠠᠭᠠᠯᠠᠯᠲᠠ᠂ ᠪᠠᠷᠢᠯᠭ᠎ᠠ ᠶᠢᠨ ᠠᠵᠢᠯ ᠵᠡᠷᠭᠡ ᠠᠵᠢᠯ ᠲᠥᠷᠥᠯ ᠤᠨ ᠤᠰᠤ ᠬᠡᠷᠡᠭᠯᠡᠬᠦ ᠶᠢ ᠴᠢᠩᠭ᠎ᠠ ᠬᠠᠮᠢᠶᠠᠷᠤᠨ ᠡᠵᠡᠮᠳᠡᠵᠦ᠂ ᠵᠠᠮ ᠭᠤᠳᠤᠰ ᠪᠠ ᠪᠠᠷᠢᠯᠭ᠎ᠠ ᠶᠢᠨ ᠭᠠᠵᠠᠷ ᠲᠦᠭᠡᠭᠡᠯ ᠤᠰᠤ ᠶᠢ ᠰᠠᠴᠤᠵᠤ ᠲᠣᠭᠤᠰᠣ ᠳᠠᠷᠤᠬᠤ ᠶᠢ ᠴᠠᠭᠠᠵᠠᠯᠠᠨ᠎ᠠ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ︶
︵ᠳᠥᠷᠪᠡ︶ ᠲᠠᠷᠢᠶᠠᠯᠠᠬᠤ ᠮᠠᠯᠵᠢᠬᠤ ᠣᠷᠣᠨ ᠤ ᠤᠰᠤ ᠬᠡᠷᠡᠭᠯᠡᠬᠦ ᠶᠢ ᠬᠠᠮᠢᠶᠠᠷᠤᠨ ᠡᠵᠡᠮᠳᠡᠬᠦ ᠪᠠᠨ ᠴᠢᠩᠭᠠᠳᠬᠠᠨ᠎ᠠ᠃ ᠲᠠᠷᠢᠶᠠᠯᠠᠬᠤ ᠮᠠᠯᠵᠢᠬᠤ ᠣᠷᠣᠨ ᠳᠤ ᠲᠥᠪᠯᠡᠷᠡᠭᠦᠯᠦᠨ ᠤᠰᠤ ᠬᠠᠩᠭᠠᠬᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠲᠦᠭᠡᠭᠡᠯ ᠤᠰᠤᠨ ᠤ ᠲᠦᠭᠡᠮᠡᠯᠵᠢᠭᠦᠯᠦᠭᠰᠡᠨ ᠨᠣᠷᠮ᠎ᠠ ᠶᠢ 85% ᠬᠦᠷᠲᠡᠯ᠎ᠡ ᠳᠡᠭᠡᠭᠰᠢᠯᠡᠭᠦᠯᠦᠨ᠎ᠡ᠃ ᠲᠠᠷᠢᠶᠠᠯᠠᠬᠤ ᠮᠠᠯᠵᠢᠬᠤ ᠣᠷᠣᠨ ᠳᠤ ᠲᠥᠪᠯᠡᠷᠡᠭᠦᠯᠦᠨ ᠤᠰᠤ ᠬᠠᠩᠭᠠᠬᠤ ᠳᠤ ᠺᠦᠪ ᠮᠧᠲᠷ ᠢᠶᠠᠷ ᠬᠡᠮᠵᠢᠨ ᠪᠣᠳᠣᠵᠤ ᠰᠦᠢᠳᠬᠡᠯ ᠬᠤᠷᠢᠶᠠᠬᠤ ᠶᠢ ᠪᠦᠬᠦ ᠲᠠᠯ᠎ᠠ ᠪᠠᠷ ᠠᠬᠢᠭᠤᠯᠵᠤ᠂ ᠬᠡᠮᠵᠢᠯᠲᠡ ᠶᠢᠨ ᠪᠡᠯᠡᠳᠬᠡᠮᠵᠢ ᠶᠢ ᠤᠭᠰᠠᠷᠠᠬᠤ ᠪᠠᠨ ᠲᠦᠷᠭᠡᠳᠬᠡᠨ᠂ ︽ᠮᠢᠩᠭᠠᠨ ᠬᠥᠮᠥᠨ ᠠᠴᠠ ᠳᠡᠭᠡᠭᠰᠢᠬᠢ︾ ᠵᠢᠴᠢ ᠤᠰᠤ ᠬᠠᠩᠭᠠᠬᠤ ᠲᠠᠯ᠎ᠠ ᠪᠠᠷ ᠬᠦᠷᠦᠯᠴᠡᠬᠦ ᠦᠭᠡᠢ ᠠᠰᠠᠭᠤᠳᠠᠯ ᠢ ᠨᠠᠮᠳᠠᠭᠠᠨ ᠰᠢᠢᠳᠪᠦᠷᠢᠯᠡᠬᠦ ᠢᠨᠵᠧᠨᠧᠷᠢᠩ ᠳᠤ ᠪᠣᠯ ᠲᠣᠰᠬᠤᠨ ᠤ ᠵᠠᠬ᠎ᠠ ᠪᠠ ᠡᠷᠦᠬᠡ ᠳᠤ ᠬᠡᠮᠵᠢᠬᠦ ᠶᠢ ᠪᠦᠷᠢᠨ ᠪᠦᠷᠬᠦᠭᠦᠯᠵᠦ᠂ ᠪᠦᠬᠦ ᠣᠷᠣᠨ ᠤ ᠲᠠᠷᠢᠶᠠᠯᠠᠬᠤ ᠮᠠᠯᠵᠢᠬᠤ ᠣᠷᠣᠨ ᠤ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠤᠨ ᠡᠷᠦᠬᠡ ᠳᠤ ᠬᠡᠮᠵᠢᠬᠦ ᠨᠣᠷᠮ᠎ᠠ ᠶᠢ 65% ᠠᠴᠠ ᠳᠡᠭᠡᠭᠰᠢ ᠳᠤ ᠬᠦᠷᠦᠭᠦᠯᠦᠨ᠎ᠡ᠃ ᠲᠠᠷᠢᠶᠠᠯᠠᠬᠤ ᠮᠠᠯᠵᠢᠬᠤ ᠣᠷᠣᠨ ᠤ ᠬᠦᠷᠢᠶ᠎ᠡ ᠬᠠᠰᠢᠶᠠᠨ ᠤ ᠤᠰᠤᠯᠠᠯᠲᠠ ᠪᠠ ᠲᠡᠵᠢᠭᠡᠨ ᠦᠷᠡᠵᠢᠭᠦᠯᠬᠦ ᠳᠤ ᠤᠰᠤ ᠬᠡᠷᠡᠭᠯᠡᠭᠰᠡᠨ ᠠᠴᠠ ᠪᠣᠯᠵᠤ ᠲᠠᠷᠢᠶᠠᠴᠢᠨ ᠮᠠᠯᠴᠢᠳ ᠤᠰᠤ ᠤᠤᠭᠤᠬᠤ ᠳᠤ ᠬᠦᠴᠢᠷᠲᠡᠢ ᠪᠣᠯᠤᠭᠰᠠᠨ ᠪᠠᠶᠢᠪᠠᠯ᠂ ᠬᠠᠮᠢᠶ᠎ᠠ ᠪᠦᠬᠦᠢ ᠭᠠᠵᠠᠷ ᠣᠷᠣᠨ ᠠᠴᠠ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠬᠠᠷᠢᠭᠤᠴᠠᠵᠤ᠂ ᠤᠷᠢᠳ ᠢᠶᠠᠷ ᠲᠠᠷᠢᠶᠠᠴᠢᠨ ᠮᠠᠯᠴᠢᠳ ᠤᠨ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ︶
︵ᠲᠠᠪᠤ︶ ᠬᠤᠲᠠ ᠬᠥᠳᠡᠭᠡ ᠶᠢᠨ ᠤᠰᠤ ᠬᠠᠩᠭᠠᠬᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠤᠰᠤᠨ ᠤ ᠰᠤᠷᠪᠤᠯᠵᠢ ᠶᠢᠨ ᠭᠠᠵᠠᠷ ᠤᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠤᠰᠤᠨ ᠤ ᠬᠡᠮᠵᠢᠶ᠎ᠡ ᠪᠠ ᠤᠰᠤᠨ ᠤ ᠴᠢᠨᠠᠷ ᠢ ᠦᠨᠡᠯᠡᠨ ᠵᠢᠱᠢᠬᠦ ᠠᠵᠢᠯ ᠢ ᠥᠷᠨᠢᠭᠦᠯᠵᠦ᠂ ᠤᠰᠤᠨ ᠤ ᠰᠤᠷᠪᠤᠯᠵᠢ ᠶᠢᠨ ᠭᠠᠵᠠᠷ ᠤᠨ ᠤᠰᠤᠨ ᠤ ᠬᠡᠮᠵᠢᠶ᠎ᠡ ᠭᠦᠢᠴᠡᠳ᠂ ᠤᠰᠤᠨ ᠤ ᠴᠢᠨᠠᠷ ᠪᠠᠷᠢᠮᠵᠢᠶ᠎ᠠ ᠳᠤ ᠬᠦᠷᠬᠦ ᠶᠢ ᠦᠨᠡᠨ ᠬᠦ ᠪᠠᠲᠤᠯᠠᠨ᠎ᠠ᠃ ᠬᠤᠲᠠ ᠬᠥᠳᠡᠭᠡ ᠶᠢᠨ ᠤᠰᠤ ᠬᠠᠩᠭᠠᠬᠤ ᠪᠡᠯᠡᠳᠬᠡᠮᠵᠢ ᠶᠢ ᠲᠠᠰ ᠳᠡᠪᠰᠢᠭᠦᠯᠦᠨ ᠥᠭᠡᠷᠡᠴᠢᠯᠡᠨ ᠰᠢᠨᠡᠳᠬᠡᠬᠦ ᠠᠵᠢᠯ ᠢ ᠬᠡᠷᠡᠭᠵᠢᠭᠦᠯᠦᠨ᠂ ᠰᠢᠢᠳᠪᠦᠷᠢᠯᠡᠬᠦ ᠤᠷ᠎ᠠ ᠮᠡᠷᠭᠡᠰᠢᠯ ᠲᠡᠭᠦᠯᠳᠡᠷ ᠪᠤᠰᠤ᠂ ᠠᠷᠢᠭᠤᠳᠬᠠᠬᠤ ᠪᠡᠯᠡᠳᠬᠡᠮᠵᠢ ᠪᠦᠷᠢᠨ ᠪᠤᠰᠤ᠂ ᠦᠢᠯᠡᠳᠪᠦᠷᠢ ᠠᠴᠠ ᠭᠠᠷᠬᠤ ᠤᠰᠤᠨ ᠤ ᠴᠢᠨᠠᠷ ᠪᠠᠷᠢᠮᠵᠢᠶ᠎ᠠ ᠳᠤ ᠬᠦᠷᠬᠦ ᠦᠭᠡᠢ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠤᠰᠤ ᠬᠠᠩᠭᠠᠬᠤ ᠤᠰᠤᠨ ᠤ ᠴᠢᠨᠠᠷ ᠢ ᠪᠠᠶᠢᠴᠠᠭᠠᠨ ᠰᠢᠨᠵᠢᠬᠦ ᠪᠠᠨ ᠴᠢᠩᠭᠠᠳᠬᠠᠨ᠂ ᠦᠵᠦᠭᠦᠷ ᠤᠨ ᠬᠡᠷᠡᠭᠯᠡᠭᠴᠢᠳ ᠤᠨ ᠬᠤᠶᠠᠳᠠᠭᠢ ᠤᠳᠠᠭ᠎ᠠ ᠤᠰᠤ ᠴᠡᠪᠡᠷᠰᠢᠭᠦᠯᠬᠦ ᠦᠵᠡᠭᠳᠡᠯ ᠢ ᠪᠠᠭᠠᠰᠬᠠᠨ᠎ᠠ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ︶
︵ᠵᠢᠷᠭᠤᠭ᠎ᠠ︶ ᠬᠤᠲᠠ ᠬᠥᠳᠡᠭᠡ ᠶᠢᠨ ᠤᠰᠤ ᠬᠡᠷᠡᠭᠯᠡᠬᠦ ᠦᠨ᠎ᠡ ᠬᠠᠩᠰᠢ ᠶᠢᠨ ᠲᠣᠭᠲᠠᠴᠠ ᠶᠢ ᠪᠦᠷᠢᠨᠰᠢᠭᠦᠯᠦᠨ᠎ᠡ᠃ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠤᠰᠤᠨ ᠤ ᠱᠠᠲᠤᠯᠢᠭ ᠦᠨ᠎ᠡ ᠬᠠᠩᠰᠢ ᠶᠢᠨ ᠳᠦᠷᠢᠮ ᠢ ᠲᠡᠭᠦᠯᠳᠡᠷᠵᠢᠭᠦᠯᠵᠦ᠂ ᠱᠠᠲᠤᠯᠢᠭ ᠤᠰᠤᠨ ᠤ ᠬᠡᠮᠵᠢᠶ᠎ᠡ ᠶᠢ ᠵᠦᠢ ᠵᠣᠬᠢᠰᠲᠠᠢ ᠲᠣᠭᠲᠠᠭᠠᠨ᠂ ᠤᠰᠤ ᠳᠤᠲᠠᠭᠳᠠᠵᠤ ᠪᠠᠶᠢᠭ᠎ᠠ ᠭᠠᠵᠠᠷ ᠣᠷᠣᠨ ᠤ ᠤᠰᠤᠨ ᠤ ᠦᠨ᠎ᠡ ᠬᠠᠩᠰᠢ ᠶᠢᠨ ᠵᠥᠷᠢᠶ᠎ᠡ ᠶᠢ ᠵᠣᠬᠢᠰᠲᠠᠢ ᠨᠡᠮᠡᠭᠳᠡᠭᠦᠯᠵᠦ᠂ ᠰᠠᠭᠤᠭᠠᠯᠢ ᠠᠷᠠᠳ ᠤᠨ ᠤᠰᠤ ᠬᠡᠷᠡᠭᠯᠡᠭᠰᠡᠨ ᠱᠠᠲᠤᠯᠢᠭ ᠦᠨ᠎ᠡ ᠬᠠᠩᠰᠢ ᠶᠢᠨ ᠠᠵᠢᠯᠯᠠᠭᠠᠨ ᠤ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ ᠵᠢᠱᠢᠬᠦ ᠶᠢᠨ ᠬᠠᠮᠲᠤ ᠲᠡᠭᠦᠨ ᠳᠤ ᠬᠥᠳᠡᠯᠦᠩᠭᠦᠢ ᠲᠣᠬᠢᠷᠠᠭᠤᠯᠤᠯᠲᠠ ᠬᠢᠨ᠎ᠡ᠃ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠪᠤᠰᠤ ᠤᠰᠤ ᠬᠡᠷᠡᠭᠯᠡᠭᠰᠡᠨ ᠨᠢ ᠲᠣᠭᠲᠠᠭᠰᠠᠨ ᠬᠡᠮᠵᠢᠶ᠎ᠡ ︵ᠲᠥᠯᠥᠪᠯᠡᠭᠡ ᠠᠴᠠ ᠬᠡᠲᠦᠷᠡᠭᠰᠡᠨ︶ ᠠᠴᠠ ᠬᠡᠲᠦᠷᠡᠪᠡᠯ ᠠᠬᠢᠭᠤᠯᠤᠨ ᠪᠣᠳᠣᠵᠤ ᠦᠨ᠎ᠡ ᠥᠰᠬᠡᠬᠦ ᠳᠦᠷᠢᠮ ᠢ ᠪᠦᠷᠢᠨᠰᠢᠭᠦᠯᠵᠦ᠂ ᠤᠰᠤ ᠬᠡᠷᠡᠭᠯᠡᠬᠦ ᠬᠡᠮ ᠬᠡᠮᠵᠢᠶ᠎ᠡ ᠶᠢ ᠱᠠᠲᠤ ᠳᠡᠰ ᠬᠤᠪᠢᠶᠠᠬᠤ ᠪᠠᠨ ᠤᠯᠠᠮ ᠨᠢᠭᠡ ᠠᠯᠬᠤᠮ ᠲᠣᠬᠢᠷᠠᠭᠤᠯᠵᠤ ᠪᠠᠶᠢᠭᠠᠳ ᠦᠨ᠎ᠡ ᠥᠰᠬᠡᠬᠦ ᠪᠠᠷᠢᠮᠵᠢᠶ᠎ᠠ ᠪᠠᠨ ᠲᠣᠭᠲᠠᠭᠠᠨ᠎ᠠ᠃ ᠲᠠᠷᠢᠶᠠᠯᠠᠬᠤ ᠮᠠᠯᠵᠢᠬᠤ ᠣᠷᠣᠨ ᠳᠤ ᠲᠣᠰᠬᠤᠨ ᠤ ᠵᠠᠬ᠎ᠠ ᠳᠤ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ᠂ ᠡᠷᠦᠬᠡ ᠪᠠᠷ ᠬᠡᠮᠵᠢᠶ᠎ᠡ ᠲᠣᠭᠲᠠᠭᠠᠨ ᠬᠠᠮᠢᠶᠠᠷᠬᠤ᠂ ᠬᠡᠮᠵᠢᠶ᠎ᠡ ᠠᠴᠠ ᠬᠡᠲᠦᠷᠡᠪᠡᠯ ᠠᠬᠢᠭᠤᠯᠤᠨ ᠪᠣᠳᠣᠵᠤ ᠦᠨ᠎ᠡ ᠥᠰᠬᠡᠬᠦ ᠳᠦᠷᠢᠮ ᠢ ᠰᠦᠪᠡᠭᠴᠢᠯᠡᠨ ᠬᠡᠷᠡᠭᠵᠢᠭᠦᠯᠵᠦ᠂ ᠲᠠᠷᠢᠶᠠᠴᠢᠨ ᠮᠠᠯᠴᠢᠳ ᠢ ᠬᠥᠲᠥᠯᠥᠨ ᠵᠢᠯᠤᠭᠤᠳᠴᠤ ᠪᠠᠶᠢᠭᠠᠳ ᠦᠪᠡᠰᠦᠪᠡᠨ ᠤᠰᠤ ᠠᠷᠪᠢᠯᠠᠬᠤ ᠪᠣᠯᠭᠠᠨ᠎ᠠ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ︶
ᠵᠢᠷᠭᠤᠭ᠎ᠠ᠂ ᠠᠮᠢ ᠠᠬᠤᠢ ᠶᠢᠨ ᠤᠰᠤ ᠠᠷᠪᠢᠯᠠᠬᠤ ᠠᠵᠢᠯ ᠢ ᠢᠳᠡᠪᠬᠢᠲᠡᠢ ᠪᠠᠷ ᠠᠬᠢᠭᠤᠯᠤᠨ᠎ᠠ
︵ᠨᠢᠭᠡ︶ ᠤᠰᠤᠨ ᠤ ᠬᠡᠮᠵᠢᠶ᠎ᠡ ᠪᠠᠷ ᠨᠣᠭᠤᠭᠠᠷᠠᠭᠤᠯᠤᠯᠲᠠ ᠶᠢ ᠲᠣᠭᠲᠠᠭᠠᠬᠤ ᠶᠢ ᠪᠠᠷᠢᠮᠲᠠᠯᠠᠨ᠎ᠠ᠃ ᠤᠰᠤᠨ ᠰᠤᠷᠪᠤᠯᠵᠢ ᠶᠢ ᠬᠠᠮᠠᠭᠠᠯᠠᠬᠤ᠂ ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ᠂ ᠨᠤᠭᠤ ᠭᠠᠵᠠᠷ ᠢ ᠵᠠᠰᠠᠨ ᠰᠡᠷᠭᠦᠭᠡᠬᠦ ᠵᠡᠷᠭᠡ ᠨᠣᠭᠤᠭᠠᠷᠠᠭᠤᠯᠤᠯᠲᠠ ᠶᠢᠨ ᠠᠷᠭ᠎ᠠ ᠬᠡᠮᠵᠢᠶ᠎ᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠣᠶᠢᠵᠢᠭᠤᠯᠬᠤ ᠳᠤ ᠲᠣᠬᠢᠷᠠᠪᠠᠯ ᠣᠶᠢᠵᠢᠭᠤᠯᠤᠨ᠂ ᠡᠪᠡᠰᠦ ᠲᠠᠷᠢᠬᠤ ᠳᠤ ᠲᠣᠬᠢᠷᠠᠪᠠᠯ ᠡᠪᠡᠰᠦ ᠲᠠᠷᠢᠵᠤ᠂ ᠣᠶ ᠰᠢᠭᠤᠢ ᠨᠤᠲᠤᠭ ᠪᠡᠯᠴᠢᠭᠡᠷ ᠤᠨ ᠤᠷᠭᠤᠮᠠᠯ ᠬᠤᠴᠢᠯᠭ᠎ᠠ ᠶᠢ ᠰᠢᠨᠵᠢᠯᠡᠬᠦ ᠤᠬᠠᠭᠠᠨᠴᠢ ᠪᠠᠷ ᠰᠡᠷᠭᠦᠭᠡᠨ᠎ᠡ᠃ ᠵᠢᠯ ᠤᠨ ᠬᠤᠷ᠎ᠠ ᠲᠤᠨᠳᠠᠰᠤᠨ ᠤ ᠬᠡᠮᠵᠢᠶ᠎ᠡ 400 ᠮᠢᠯᠢᠮᠧᠲᠷ ᠠᠴᠠ ᠳᠣᠷᠣᠭᠰᠢᠬᠢ ᠭᠠᠵᠠᠷ ᠣᠷᠣᠨ ᠨᠤᠭᠤᠳ ᠠᠶᠠᠨᠳᠠᠭᠠᠨ ᠰᠡᠷᠭᠦᠭᠡᠬᠦ ᠪᠠ ᠬᠥᠮᠥᠨ ᠤ ᠬᠦᠴᠦ ᠪᠠᠷ ᠰᠡᠷᠭᠦᠭᠡᠬᠦ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠂ ᠬᠤᠷ᠎ᠠ ᠤᠰᠤ ᠪᠠᠷ ᠤᠮᠳᠠᠯᠠᠬᠤ᠂ ᠤᠰᠤ ᠠᠷᠪᠢᠯᠠᠬᠤ ᠪᠠᠷ ᠤᠳᠤᠷᠢᠳᠤᠮᠵᠢ ᠪᠣᠯᠭᠠᠵᠤ᠂ ᠤᠰᠤ ᠠᠷᠪᠢᠯᠠᠬᠤ ᠣᠶ ᠰᠢᠭᠤᠢ ᠨᠤᠲᠤᠭ ᠪᠡᠯᠴᠢᠭᠡᠷ ᠤᠨ ᠤᠷᠭᠤᠮᠠᠯ ᠬᠤᠴᠢᠯᠭ᠎ᠠ ᠶᠢᠨ ᠲᠠᠷᠢᠮᠠᠯ ᠢ ᠶᠡᠭᠡ ᠪᠠᠷ ᠬᠥᠭᠵᠢᠭᠦᠯᠦᠨ᠎ᠡ᠃ ᠤᠰᠤ ᠬᠠᠩᠭᠠᠬᠤ ᠪᠠᠲᠤᠯᠠᠭ᠎ᠠ ᠶᠢᠨ ᠨᠥᠬᠦᠴᠡᠯ ᠢ ᠪᠦᠷᠢᠳᠦᠭᠦᠯᠦᠭᠰᠡᠨ ᠭᠠᠵᠠᠷ ᠣᠷᠣᠨ ᠨᠤᠭᠤᠳ ᠤᠰᠤᠨ ᠤ ᠡᠬᠢ ᠰᠤᠷᠪᠤᠯᠵᠢ ᠶᠢᠨ ᠨᠤᠲᠠᠯᠠᠯ ᠢ ᠥᠷᠨᠢᠭᠦᠯᠦᠭᠰᠡᠨ ᠤᠷᠢᠲᠠᠯ ᠳᠣᠣᠷ᠎ᠠ ᠨᠤᠲᠤᠭ ᠣᠷᠣᠨ ᠤ ᠮᠣᠳᠣᠨ ᠤ ᠲᠥᠷᠥᠯ ᠢᠶᠠᠷ ᠭᠤᠣᠯ ᠪᠣᠯᠭᠠᠭᠰᠠᠨ ᠲᠤᠷᠤᠭ ᠮᠣᠳᠣ ᠶᠢ ᠵᠣᠬᠢᠰᠲᠠᠢ ᠲᠠᠷᠢᠵᠤ ᠪᠣᠯᠣᠨ᠎ᠠ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ︶
︵ᠬᠤᠶᠠᠷ︶ ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠳᠤ ᠤᠰᠤ ᠠᠷᠪᠢᠯᠠᠬᠤ ᠶᠢ ᠠᠬᠢᠭᠤᠯᠤᠨ᠎ᠠ᠃ ᠤᠰᠤ ᠠᠷᠪᠢᠯᠠᠬᠤ ᠭᠠᠩ ᠳᠤ ᠲᠡᠰᠪᠦᠷᠢᠲᠡᠢ ᠮᠣᠳᠣᠨ ᠤ ᠲᠥᠷᠥᠯ ᠡᠪᠡᠰᠦᠨ ᠤ ᠲᠥᠷᠥᠯ ᠢ ᠤᠷᠢᠳ ᠢᠶᠠᠷ ᠰᠣᠩᠭᠤᠨ ᠬᠡᠷᠡᠭᠯᠡᠵᠦ᠂ ᠣᠢ ᠰᠢᠭᠤᠢ ᠨᠤᠲᠤᠭ ᠪᠡᠯᠴᠢᠭᠡᠷ ᠤᠨ ᠤᠷᠭᠤᠮᠠᠯ ᠬᠤᠴᠢᠯᠭ᠎ᠠ ᠶᠢᠨ ᠬᠡᠯᠪᠡᠷᠢ ᠪᠠ ᠨᠢᠭᠲᠠᠴᠠ ᠶᠢ ᠵᠦᠢ ᠵᠣᠬᠢᠰᠲᠠᠢ ᠲᠣᠬᠢᠷᠠᠭᠤᠯᠤᠨ᠎ᠠ᠃ ᠣᠶ ᠰᠢᠭᠤᠢ ᠨᠤᠲᠤᠭ ᠪᠡᠯᠴᠢᠭᠡᠷ ᠤᠨ ᠤᠰᠤ ᠠᠷᠪᠢᠯᠠᠬᠤ ᠤᠰᠤᠯᠠᠯᠲᠠ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠠ ᠣᠶ ᠰᠢᠭᠤᠢ ᠨᠤᠲᠤᠭ ᠪᠡᠯᠴᠢᠭᠡᠷ ᠤᠨ ᠤᠰᠤ ᠠᠷᠪᠢᠯᠠᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠲᠦᠭᠡᠭᠳᠡᠬᠦᠨ ᠢ ᠳᠡᠯᠭᠡᠷᠡᠭᠦᠯᠦᠨ ᠬᠡᠷᠡᠭᠯᠡᠬᠦ ᠪᠠᠨ ᠴᠢᠩᠭᠠᠳᠬᠠᠵᠤ᠂ ᠪᠠᠶᠢᠭᠠᠯᠢ ᠶᠢᠨ ᠬᠤᠷ᠎ᠠ ᠲᠤᠨᠳᠠᠰᠤ ᠪᠠ ᠳᠠᠬᠢᠯᠲᠠ ᠤᠰᠤ ᠶᠢ ᠵᠦᠢ ᠵᠣᠬᠢᠰᠲᠠᠢ ᠠᠰᠢᠭᠯᠠᠨ᠎ᠠ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ︶
︵ᠭᠤᠷᠪᠠ︶ ᠬᠤᠲᠠ ᠶᠢᠨ ᠨᠣᠭᠤᠭᠠᠷᠠᠭᠤᠯᠤᠯᠲᠠ ᠶᠢᠨ ᠤᠰᠤ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠨ᠎ᠠ᠃ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠳᠤ ᠡᠩ ᠲᠡᠷᠢᠭᠦᠨ ᠳᠤ ᠳᠠᠬᠢᠯᠲᠠ ᠤᠰᠤ ᠶᠢ ᠬᠡᠷᠡᠭᠯᠡᠵᠦ᠂ ᠥᠨᠳᠥᠷ ᠦᠷ᠎ᠡ ᠪᠦᠲᠦᠮᠵᠢᠲᠡᠶ ᠪᠠᠷ ᠤᠰᠤ ᠠᠷᠪᠢᠯᠠᠬᠤ ᠤᠰᠤᠯᠠᠯᠲᠠ ᠶᠢᠨ ᠠᠷᠭ᠎ᠠ ᠮᠠᠶ᠋ᠢᠭ ᠢ ᠳᠡᠯᠭᠡᠷᠡᠭᠦᠯᠦᠨ᠂ ᠲᠤᠰ ᠭᠠᠵᠠᠷ ᠣᠷᠣᠨ ᠳᠤ ᠨᠢ ᠲᠣᠬᠢᠷᠠᠭᠰᠠᠨ ᠤᠰᠤ ᠠᠷᠪᠢᠯᠠᠬᠤ ᠭᠠᠩ ᠳᠤ ᠲᠡᠰᠪᠦᠷᠢᠲᠡᠢ ᠤᠷᠭᠤᠮᠠᠯ ᠬᠤᠴᠢᠯᠭ᠎ᠠ ᠶᠢ ᠰᠣᠩᠭᠤᠨ ᠬᠡᠷᠡᠭᠯᠡᠵᠦ᠂ ᠤᠰᠤᠯᠠᠯᠲᠠ ᠶᠢᠨ ᠳᠠᠪᠲᠠᠮᠵᠢ ᠤᠳᠠᠭ᠎ᠠ ᠪᠠᠨ ᠵᠦᠢ ᠵᠣᠬᠢᠰᠲᠠᠢ ᠲᠣᠬᠢᠷᠠᠭᠤᠯᠤᠨ᠂ ᠤᠰᠤᠨ ᠭᠠᠳᠠᠷᠭᠤ ᠶᠢᠨ ᠦᠵᠡᠮᠵᠢ ᠳᠤ ᠬᠡᠷᠡᠭᠯᠡᠬᠦ ᠤᠰᠤ ᠶᠢ ᠴᠢᠩᠭ᠎ᠠ ᠡᠵᠡᠮᠳᠡᠵᠦ᠂ ᠭᠠᠵᠠᠷ ᠳᠣᠣᠷᠠᠬᠢ ᠤᠰᠤ ᠶᠢ ᠲᠠᠲᠠᠵᠤ ᠬᠤᠲᠠ ᠶᠢᠨ ᠤᠰᠤᠨ ᠦᠵᠡᠮᠵᠢ᠂ ᠤᠰᠤᠨ ᠳᠡᠭᠡᠷᠡᠬᠢ ᠵᠤᠭ᠎ᠠ ᠲᠣᠭᠯᠠᠭᠠᠮ ᠤᠨ ᠲᠥᠷᠥᠯ ᠵᠦᠢᠯ ᠳᠤ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ ᠳᠠᠬᠢᠯᠲᠠ ᠤᠰᠤᠨ ᠤ ᠬᠤᠭᠤᠯᠠᠢ ᠭᠤᠤᠷᠰᠤ ᠶᠢᠨ ᠲᠣᠣᠷ ᠤᠨ ᠪᠦᠷᠬᠦᠴᠡ ᠶᠢᠨ ᠬᠡᠪᠴᠢᠶᠡᠨ ᠳᠠᠬᠢ ᠨᠣᠭᠤᠭᠠᠷᠠᠭᠤᠯᠤᠯᠲᠠ ᠶᠢᠨ ᠤᠰᠤᠨ ᠰᠤᠷᠪᠤᠯᠵᠢ ᠶᠢᠨ ᠬᠤᠳᠳᠤᠭ ᠢ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠨ᠎ᠡ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ︶
ᠳᠣᠯᠤᠭ᠎ᠠ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠳᠤ ᠵᠠᠰᠠᠯᠲᠠ ᠬᠢᠬᠦ ᠪᠠᠨ ᠴᠢᠩᠭᠠᠳᠬᠠᠨ᠎ᠠ
︵ᠨᠢᠭᠡ︶ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠢ ᠪᠠᠬᠢᠵᠢᠭᠦᠯᠦᠨ ᠵᠠᠰᠠᠬᠤ ᠠᠵᠢᠯ ᠢᠶᠠᠨ ᠦᠷᠭᠦᠯᠵᠢᠯᠡᠨ ᠰᠠᠶᠢᠲᠤᠷ ᠬᠢᠨ᠎ᠡ᠃ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ᠂ ᠤᠰᠤᠨ ᠰᠤᠷᠪᠤᠯᠵᠢ ᠶᠢ ᠰᠣᠯᠢᠵᠤ ᠬᠡᠷᠡᠭᠯᠡᠬᠦ᠂ ᠲᠠᠷᠢᠮᠠᠯ ᠤᠨ ᠪᠦᠲᠦᠴᠡ ᠶᠢ ᠲᠣᠬᠢᠷᠠᠭᠤᠯᠬᠤ᠂ ᠭᠠᠩᠰᠠᠭ ᠤᠷᠭᠤᠮᠠᠯ ᠬᠠᠭᠤᠷᠠᠢ ᠲᠠᠷᠢᠮᠠᠯ ᠢ ᠬᠤᠷ᠎ᠠ ᠪᠠᠷ ᠤᠮᠳᠠᠯᠠᠬᠤ ᠵᠡᠷᠭᠡ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠬᠤᠶᠠᠳᠤᠭᠠᠷ ᠡᠭᠡᠯᠵᠢ ᠶᠢᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠳᠤ ᠬᠠᠷᠢᠭᠤ ᠲᠤᠰᠬᠠᠭᠰᠠᠨ ᠬᠡᠲᠦᠷᠡᠲᠡᠯ᠎ᠡ ᠲᠠᠲᠠᠭᠰᠠᠨ 11ᠣᠷᠣᠨ ︵ᠣᠲᠤᠭ ᠬᠤᠰᠢᠭᠤᠨ ᠤ ᠦᠵᠦᠭᠦᠷ ᠪᠠᠯᠭᠠᠰᠤ᠂ ᠣᠲᠤᠭ ᠤᠨ ᠡᠮᠦᠨᠡᠲᠦ ᠬᠤᠰᠢᠭᠤᠨ ᠤ ᠣᠯᠵᠠᠴᠢ ᠪᠠᠯᠭᠠᠰᠤ ᠪᠠ ᠳᠠᠬᠢᠯᠲᠤ ᠰᠢᠶᠠᠩ᠂ ᠦᠦᠰᠢᠨ ᠬᠤᠰᠢᠭᠤ᠂ ᠤᠷᠠᠳ ᠤᠨ ᠡᠮᠦᠨᠡᠲᠦ ᠬᠤᠰᠢᠭᠤ᠂ ᠤᠷᠠᠳ ᠤᠨ ᠳᠤᠮᠳᠠᠳᠤ ᠬᠤᠰᠢᠭᠤ᠂ ᠶᠤᠸᠠᠨ ᠪᠦᠦ ᠱᠠᠨ ᠲᠣᠭᠤᠷᠢᠭ᠂ ᠬᠤᠸᠠᠳᠧ ᠰᠢᠶᠠᠨ᠂ ᠠᠯᠠᠱᠠ ᠪᠠᠷᠠᠭᠤᠨ ᠬᠤᠰᠢᠭᠤᠨ ᠤ ᠴᠧᠨ ᠵᠢᠶᠠ ᠵᠢᠩ᠂ ᠬᠠᠶᠢᠷᠤᠪ ᠤᠨ ᠲᠣᠬᠤᠢ ᠲᠣᠭᠤᠷᠢᠭ᠂ ᠲᠦᠮᠡᠳ ᠪᠠᠷᠠᠭᠤᠨ ᠬᠤᠰᠢᠭᠤ︶ ᠢ ᠪᠠᠬᠢᠵᠢᠭᠦᠯᠦᠨ ᠵᠠᠰᠠᠬᠤ ᠪᠠᠨ ᠲᠦᠷᠭᠡᠳᠬᠡᠨ ᠠᠬᠢᠭᠤᠯᠵᠤ᠂ ᠬᠦᠬᠡᠬᠤᠲᠠ ᠪᠠ ᠤᠷᠠᠳ ᠤᠨ ᠡᠮᠦᠨᠡᠲᠦ ᠬᠤᠰᠢᠭᠤ᠂ ᠬᠤᠷᠴᠢᠨ ᠲᠣᠭᠤᠷᠢᠭ ᠵᠡᠷᠭᠡ ᠲᠣᠮᠣ ᠬᠡᠯᠪᠡᠷᠢ ᠶᠢᠨ ᠬᠡᠲᠦᠷᠡᠲᠡᠯ᠎ᠡ ᠲᠠᠲᠠᠭᠰᠠᠨ 3 ᠭᠠᠵᠠᠷ ᠣᠷᠣᠨ ᠤ ᠤᠰᠤ ᠲᠠᠲᠠᠬᠤ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠵᠤ᠂ ᠤᠰᠤᠨ ᠲᠦᠪᠰᠢᠨ ᠢ ᠡᠵᠡᠮᠳᠡᠬᠦ ᠲᠦᠪᠰᠢᠨ ᠠᠴᠠ ᠳᠡᠭᠡᠭᠰᠢ ᠪᠣᠯᠭᠠᠬᠤ ᠶᠢᠨ ᠬᠠᠮᠲᠤ ᠲᠣᠭᠲᠠᠭᠤᠨ ᠪᠠᠶᠢᠯᠭᠠᠬᠤ ᠶᠢ ᠦᠨᠡᠨ ᠬᠦ ᠪᠠᠲᠤᠯᠠᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠬᠠᠭᠤᠳᠠᠰᠤᠨ ᠠᠴᠠ ᠭᠠᠷᠭᠠᠬᠤ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ︵ ᠬᠠᠷᠢᠭᠤᠴᠠᠯᠭᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ︶
︵ᠬᠤᠶᠠᠷ︶ ᠭᠤᠣᠯᠳᠠᠯᠭ᠎ᠠ ᠪᠣᠯᠬᠤ ᠣᠷᠣᠨ ᠪᠦᠰᠡ ᠶᠢᠨ ᠳᠠᠭᠠᠭᠠᠴᠠ ᠠᠴᠠ ᠬᠡᠲᠦᠷᠡᠲᠡᠯ᠎ᠡ ᠲᠠᠲᠠᠭᠰᠠᠨ ᠢ ᠵᠠᠰᠠᠬᠤ ᠠᠵᠢᠯ ᠢ ᠲᠦᠷᠭᠡᠳᠬᠡᠨ ᠠᠬᠢᠭᠤᠯᠤᠨ᠎ᠠ᠃ ᠪᠠᠷᠠᠭᠤᠨ ᠯᠢᠶᠣᠤ ᠾᠧ ᠭᠤᠣᠯ ᠤᠨ ᠰᠠᠪᠠ ᠭᠠᠵᠠᠷ ᠪᠠ ᠣᠷᠳᠣᠰ ᠤᠨ ᠲᠠᠯᠪᠢᠭᠤᠷ ᠭᠠᠵᠠᠷ ᠵᠡᠷᠭᠡ ᠭᠤᠣᠯᠳᠠᠯᠭ᠎ᠠ ᠪᠣᠯᠬᠤ ᠣᠷᠣᠨ ᠪᠦᠰᠡ ᠶᠢᠨ ᠳᠠᠭᠠᠭᠠᠴᠠ ᠠᠴᠠ ᠬᠡᠲᠦᠷᠡᠲᠡᠯ᠎ᠡ ᠲᠠᠲᠠᠭᠰᠠᠨ ᠢ ᠶᠡᠷᠦᠩᠬᠡᠶᠢᠯᠡᠨ ᠵᠠᠰᠠᠬᠤ ᠠᠵᠢᠯ ᠢᠶᠠᠨ ᠯᠠᠪᠳᠠᠭᠤᠨ ᠪᠠᠲᠤᠲᠠᠢ ᠠᠬᠢᠭᠤᠯᠵᠤ᠂ ᠬᠠᠤᠯᠢ ᠠᠴᠠ ᠵᠥᠷᠢᠴᠡᠨ ᠤᠰᠤ ᠲᠠᠲᠠᠨ ᠠᠪᠬᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠵᠥᠪᠰᠢᠶᠡᠷᠡᠯ ᠣᠯᠣᠭᠰᠠᠨ ᠦᠭᠡᠢ ᠪᠠᠷ ᠳᠤᠷ᠎ᠠ ᠪᠠᠷ ᠢᠶᠠᠨ᠂ ᠬᠡᠮᠵᠢᠶ᠎ᠡ ᠠᠴᠠ ᠬᠡᠲᠦᠷᠡᠭᠦᠯᠬᠦ ᠪᠠ ᠬᠡᠮᠵᠢᠶ᠎ᠡ ᠬᠤᠲᠤᠭ ᠦᠭᠡᠢ ᠪᠠᠷ ᠤᠰᠤ ᠲᠠᠲᠠᠨ ᠠᠪᠬᠤ ᠵᠡᠷᠭᠡ ᠤᠰᠤ ᠲᠠᠲᠠᠨ ᠠᠪᠬᠤ ᠵᠥᠪᠰᠢᠶᠡᠷᠡᠯ ᠤᠨ ᠱᠠᠭᠠᠷᠳᠠᠯᠭ᠎ᠠ ᠳᠤ ᠨᠡᠶᠢᠴᠡᠬᠦ ᠦᠭᠡᠢ ᠦᠢᠯᠡ ᠠᠵᠢᠯᠯᠠᠭ᠎ᠠ ᠶᠢ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠪᠠᠷ ᠵᠠᠷᠯᠢᠭᠳᠠᠵᠤ᠂ ᠬᠤᠭᠤᠴᠠᠭ᠎ᠠ ᠥᠩᠭᠡᠷᠡᠭᠡᠳ ᠵᠠᠯᠠᠷᠠᠭᠤᠯᠤᠭᠰᠠᠨ ᠦᠭᠡᠢ ᠪᠣᠯ ᠬᠠᠤᠯᠢ ᠶᠣᠰᠣᠭᠠᠷ ᠤᠰᠤ ᠲᠠᠲᠠᠨ ᠠᠪᠬᠤ ᠪᠡᠯᠡᠳᠬᠡᠮᠵᠢ ᠶᠢ ᠵᠠᠳᠠᠯᠵᠤ ᠰᠠᠯᠭᠠᠬᠤ ᠪᠤᠶᠤ ᠪᠢᠲᠡᠭᠦᠮᠵᠢᠯᠡᠬᠦ ᠵᠡᠷᠭᠡ ᠰᠢᠢᠳᠬᠡᠨ ᠲᠣᠷᠭᠠᠬᠤ ᠠᠷᠭ᠎ᠠ ᠬᠡᠮᠵᠢᠶ᠎ᠡ ᠠᠪᠴᠤ᠂ 2025 ᠣᠨ ᠤ ᠰᠡᠭᠦᠯᠴᠢ ᠪᠤᠯᠲᠠᠯ᠎ᠠ ᠬᠡᠲᠦᠷᠡᠲᠡᠯ᠎ᠡ ᠲᠠᠲᠠᠬᠤ ᠤᠰᠤᠨ ᠤ ᠬᠡᠮᠵᠢᠶ᠎ᠡ ᠶᠢ ᠨᠡᠶᠢᠲᠡ 3.3 ᠳ᠋ᠦᠩᠰᠢᠭᠤᠷ ᠺᠦᠪ ᠮᠧᠲᠷ ᠠᠴᠠ ᠳᠡᠭᠡᠭᠰᠢ ᠪᠠᠭᠠᠰᠬᠠᠨ᠎ᠠ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ︶
ᠨᠠᠢᠮᠠ᠂ ᠪᠠᠶᠢᠩᠭᠤ ᠶᠢᠨ ᠪᠤᠰᠤ ᠤᠰᠤ ᠶᠢ ᠬᠦᠴᠦᠯᠡᠨ ᠰᠠᠶᠢᠲᠤᠷ ᠬᠡᠷᠡᠭᠯᠡᠨ᠎ᠡ
︵ᠨᠢᠭᠡ︶ ᠳᠠᠬᠢᠯᠲᠠ ᠤᠰᠤ ᠶᠢ ᠶᠡᠷᠦᠩᠬᠡᠶᠢᠯᠡᠨ ᠠᠰᠢᠭᠯᠠᠬᠤ ᠪᠠᠨ ᠠᠬᠢᠭᠤᠯᠤᠨ᠎ᠠ᠃ ᠳᠠᠬᠢᠯᠲᠠ ᠤᠰᠤ ᠶᠢ ᠶᠡᠷᠦᠩᠬᠡᠶᠢᠯᠡᠨ ᠠᠰᠢᠭᠯᠠᠬᠤ ᠠᠷᠭ᠎ᠠ ᠬᠡᠮᠵᠢᠶ᠎ᠡ ᠨᠦᠭᠦᠳ ᠢ ᠲᠣᠭᠲᠠᠭᠠᠨ ᠨᠡᠶᠢᠲᠡᠯᠡᠵᠦ᠂ ᠬᠤᠲᠠ ᠪᠠᠯᠭᠠᠰᠤ ᠪᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠤᠰᠤᠨ ᠤ ᠴᠢᠨᠠᠷ ᠢ ᠪᠠᠷᠢᠮᠵᠢᠶ᠎ᠠ ᠳᠤ ᠬᠦᠷᠦᠭᠦᠯᠬᠦ ᠪᠠᠷ ᠥᠭᠡᠷᠡᠴᠢᠯᠡᠨ ᠰᠢᠨᠡᠳᠬᠡᠬᠦ ᠠᠵᠢᠯ ᠢ ᠲᠦᠷᠭᠡᠳᠬᠡᠨ ᠠᠬᠢᠭᠤᠯᠵᠤ᠂ ᠳᠠᠬᠢᠯᠲᠠ ᠤᠰᠤᠨ ᠤ ᠬᠡᠷᠡᠭᠯᠡᠭᠴᠢᠳ ᠤᠨ ᠤᠰᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠᠷ ᠬᠦᠴᠦᠯᠡᠨ ᠴᠢᠷᠮᠠᠶᠢᠵᠤ᠂ ᠬᠤᠲᠠ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠳᠤ ᠲᠦᠰᠢᠭᠯᠡᠨ ᠠᠵᠤ ᠦᠢᠯᠡᠳᠪᠦᠷᠢ ᠶᠢᠨ ᠬᠠᠶᠠᠭᠳᠠᠮᠠᠯ ᠤᠰᠤ ᠶᠢ ᠰᠢᠢᠳᠪᠦᠷᠢᠯᠡᠵᠦ ᠪᠠᠶᠢᠭ᠎ᠠ ᠪᠠᠶᠢᠳᠠᠯ ᠳᠤ᠂ ᠠᠵᠤ ᠦᠢᠯᠡᠳᠪᠦᠷᠢ ᠶᠢᠨ ᠬᠠᠶᠠᠭᠳᠠᠮᠠᠯ ᠤᠰᠤ ᠰᠢᠢᠳᠪᠦᠷᠢᠯᠡᠬᠦ ᠲᠤᠰᠠᠭᠠᠷ ᠦᠢᠯᠡᠳᠪᠦᠷᠢ ᠪᠤᠶᠤ ᠰᠡᠭᠦᠯ ᠤᠨ ᠤᠰᠤ ᠶᠢ ᠭᠦᠨᠵᠡᠭᠡᠢ ᠴᠡᠪᠡᠷᠰᠢᠭᠦᠯᠬᠦ ᠲᠤᠰᠠᠭᠠᠷ ᠢᠨᠵᠧᠨᠧᠷᠢᠩ ᠪᠠᠶᠢᠭᠤᠯᠬᠤ ᠶᠢ ᠢᠳᠡᠪᠬᠢᠲᠡᠢ ᠠᠬᠢᠭᠤᠯᠤᠨ᠎ᠠ︔ ᠳᠠᠬᠢᠯᠲᠠ ᠤᠰᠤ ᠶᠢ ᠲᠣᠬᠢᠷᠠᠭᠤᠯᠬᠤ ᠬᠤᠭᠤᠯᠠᠢ ᠭᠤᠤᠷᠰᠤ ᠶᠢᠨ ᠲᠣᠣᠷ ᠤᠨ ᠪᠦᠲᠦᠭᠡᠨ ᠪᠠᠶᠢᠭᠤᠯᠬᠤ ᠡᠷᠴᠢᠮ ᠢᠶᠠᠨ ᠴᠢᠩᠭᠠᠷᠠᠭᠤᠯᠵᠤ᠂ ᠳᠠᠬᠢᠯᠲᠠ ᠤᠰᠤᠨ ᠤ ᠦᠢᠯᠡᠳᠪᠦᠷᠢ ᠬᠢᠭᠡᠳ ᠤᠰᠤ ᠬᠡᠷᠡᠭᠯᠡᠬᠦ ᠡᠷᠦᠬᠡ ᠶᠢᠨ ᠬᠤᠭᠤᠷᠣᠨᠳᠣᠬᠢ ᠤᠰᠤ ᠳᠠᠮᠵᠢᠭᠤᠯᠬᠤ ᠨᠡᠪᠳᠡᠷᠡᠯ ᠵᠠᠮ ᠢ ᠰᠢᠯᠤᠭᠤᠳᠬᠠᠨ᠎ᠠ︔ ᠳᠠᠬᠢᠯᠲᠠ ᠤᠰᠤ ᠶᠢ ᠣᠶᠢᠷ᠎ᠠ ᠬᠠᠪᠢ ᠳᠤ ᠨᠢ ᠠᠰᠢᠭᠯᠠᠬᠤ ᠶᠢ ᠢᠳᠡᠪᠬᠢᠲᠡᠢ ᠠᠬᠢᠭᠤᠯᠵᠤ᠂ ᠠᠵᠤ ᠦᠢᠯᠡᠳᠪᠦᠷᠢ᠂ ᠦᠵᠡᠮᠵᠢ ᠶᠢᠨ ᠣᠷᠴᠢᠨ᠂ ᠬᠤᠲᠠ ᠶᠢᠨ ᠡᠯᠳᠡᠪ ᠬᠡᠷᠡᠭᠯᠡᠯᠲᠡ᠂ ᠬᠤᠲᠠ ᠶᠢᠨ ᠨᠣᠭᠤᠭᠠᠷᠠᠭᠤᠯᠤᠯᠲᠠ ᠵᠡᠷᠭᠡ ᠬᠦᠷᠢᠶ᠎ᠡ ᠴᠠᠷᠠᠭᠠᠨ ᠳᠤ ᠤᠷᠢᠳ ᠢᠶᠠᠷ ᠳᠠᠬᠢᠯᠲᠠ ᠤᠰᠤ ᠶᠢ ᠲᠣᠬᠢᠷᠠᠭᠤᠯᠤᠨ ᠬᠡᠷᠡᠭᠯᠡᠨ᠎ᠡ︔ ᠬᠠᠲᠤᠨ ᠭᠤᠣᠯ ᠤᠨ ᠰᠠᠪᠠ ᠭᠠᠵᠠᠷ ᠤᠨ ᠳᠠᠬᠢᠯᠲᠠ ᠤᠰᠤᠨ ᠤ ᠠᠰᠢᠭᠯᠠᠯᠲᠠ ᠶᠢᠨ ᠨᠤᠷᠮ᠎ᠠ ᠶᠢ 60% ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃ ᠬᠥᠬᠡᠬᠤᠲᠠ᠂ ᠪᠤᠭᠤᠲᠤ ᠬᠤᠲᠠ᠂ ᠤᠯᠠᠭᠠᠨᠬᠠᠳᠠ ᠬᠤᠲᠠ᠂ ᠲᠦᠩᠯᠢᠶᠣᠣ ᠬᠤᠲᠠ᠂ ᠣᠷᠳᠣᠰ ᠬᠤᠳᠠ᠂ ᠪᠠᠶᠠᠨᠨᠠᠭᠤᠷ ᠬᠤᠲᠠ ᠵᠡᠷᠭᠡ ᠳᠠᠬᠢᠯᠲᠠ ᠤᠰᠤ ᠶᠢ ᠠᠰᠢᠭᠯᠠᠬᠤ 6 ᠭᠤᠣᠯᠳᠠᠯᠭ᠎ᠠ ᠲᠠᠢ ᠬᠤᠲᠠ ᠶᠢ ᠲᠦᠷᠭᠡᠳᠬᠡᠨ ᠪᠦᠲᠦᠭᠡᠨ ᠪᠠᠶᠢᠭᠤᠯᠤᠨ᠎ᠠ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ︶
︵ᠬᠤᠶᠠᠷ︶ ᠠᠭᠤᠷᠬᠠᠢ ᠶᠢᠨ ᠬᠤᠳᠳᠤᠭ ᠤᠨ ᠤᠰᠤ ᠶᠢ ᠶᠡᠷᠦᠩᠬᠡᠶᠢᠯᠡᠨ ᠠᠰᠢᠭᠯᠠᠬᠤ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ᠃ ᠬᠠᠲᠤᠨ ᠭᠤᠣᠯ ᠤᠨ ᠰᠠᠪᠠ ᠭᠠᠵᠠᠷ ᠵᠢᠴᠢ ᠬᠥᠯᠥᠨ ᠪᠤᠶᠢᠷ ᠬᠤᠲᠠ᠂ ᠰᠢᠯᠢ ᠶᠢᠨ ᠭᠤᠣᠯ ᠠᠶᠢᠮᠠᠭ ᠵᠡᠷᠭᠡ ᠠᠭᠤᠷᠬᠠᠢ ᠶᠢᠨ ᠬᠤᠳᠳᠤᠭ ᠠᠴᠠ ᠣᠷᠬᠢᠯᠠᠬᠤ ᠤᠰᠤᠨ ᠤ ᠬᠡᠮᠵᠢᠶ᠎ᠡ ᠨᠡᠯᠢᠶᠡᠳ ᠶᠡᠭᠡ ᠭᠠᠵᠠᠷ ᠣᠷᠣᠨ ᠳᠤ᠂ ᠤᠰᠤ ᠬᠠᠮᠠᠭᠠᠯᠠᠨ ᠨᠡᠭᠦᠷᠡᠰᠦ ᠮᠠᠯᠲᠠᠬᠤ ᠤᠷ᠎ᠠ ᠮᠡᠷᠭᠡᠰᠢᠯ ᠢ ᠳᠡᠯᠭᠡᠷᠡᠭᠦᠯᠦᠨ ᠬᠡᠷᠡᠭᠯᠡᠵᠦ᠂ ᠨᠡᠭᠦᠷᠡᠰᠦ ᠪᠠ ᠠᠭᠤᠷᠬᠠᠢ ᠶᠢᠨ ᠬᠤᠳᠳᠤᠭ ᠤᠨ ᠤᠰᠤᠨ ᠤ ᠬᠤᠣᠰ ᠡᠬᠢ ᠪᠠᠶᠠᠯᠢᠭ ᠤᠨ ᠬᠡᠯᠪᠡᠷᠢ ᠪᠦᠬᠦᠢ ᠠᠭᠤᠷᠬᠠᠢ ᠶᠢᠨ ᠬᠤᠳᠳᠤᠭ ᠢ ᠪᠦᠲᠦᠭᠡᠨ ᠪᠠᠶᠢᠭᠤᠯᠤᠨ᠎ᠠ︔ ᠨᠡᠭᠦᠷᠡᠰᠦᠨ ᠠᠭᠤᠷᠬᠠᠢ ᠶᠢᠨ ᠪᠠᠶᠢᠭ᠎ᠠ ᠠᠶᠢᠮᠠᠭ ᠬᠤᠲᠠ ᠨᠢ ᠠᠭᠤᠷᠬᠠᠢ ᠶᠢᠨ ᠬᠤᠳᠳᠤᠭ ᠤᠨ ᠤᠰᠤ ᠶᠢ ᠰᠢᠢᠳᠪᠦᠷᠢᠯᠡᠬᠦ ᠵᠢᠴᠢ ᠶᠡᠷᠦᠩᠬᠡᠶᠢᠯᠡᠨ ᠠᠰᠢᠭᠯᠠᠬᠤ ᠲᠥᠰᠥᠯ ᠢ ᠲᠣᠭᠲᠠᠭᠠᠵᠤ᠂ ᠠᠭᠤᠷᠬᠠᠢ ᠶᠢᠨ ᠬᠤᠳᠳᠤᠭ ᠤᠨ ᠤᠰᠤ ᠶᠢ ᠲᠣᠬᠢᠷᠠᠭᠤᠯᠤᠨ ᠠᠰᠢᠭᠯᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ︔ ᠰᠢᠨ᠎ᠡ ᠪᠠᠷ ᠨᠡᠮᠡᠭᠳᠡᠬᠦ ᠤᠰᠤᠨ ᠤ ᠬᠡᠷᠡᠭᠡᠯᠡᠭᠡ ᠳᠤ ᠠᠭᠤᠷᠬᠠᠢ ᠶᠢᠨ ᠬᠤᠳᠳᠤᠭ ᠤᠨ ᠤᠰᠤ ᠶᠢ ᠤᠷᠢᠳ ᠢᠶᠠᠷ ᠲᠣᠬᠢᠷᠠᠭᠤᠯᠤᠨ᠂ ᠨᠥᠬᠦᠴᠡᠯ ᠪᠦᠷᠢᠳᠦᠭᠰᠡᠨ ᠭᠠᠵᠠᠷ ᠣᠷᠣᠨ ᠨᠢ ᠠᠭᠤᠷᠬᠠᠢ ᠶᠢᠨ ᠬᠤᠳᠳᠤᠭ ᠤᠨ ᠤᠰᠤ ᠪᠠᠷ ᠭᠠᠵᠠᠷ ᠳᠡᠭᠡᠷᠡᠬᠢ ᠤᠰᠤ᠂ ᠭᠠᠵᠠᠷ ᠳᠣᠣᠷᠠᠬᠢ ᠤᠰᠤ ᠶᠢ ᠰᠣᠯᠢᠵᠤ ᠬᠡᠷᠡᠭᠯᠡᠬᠦ ᠠᠵᠢᠯ ᠢᠶᠠᠨ ᠲᠦᠷᠭᠡᠳᠬᠡᠨ ᠠᠬᠢᠭᠤᠯᠤᠨ᠎ᠠ᠃ 2025 ᠣᠨ ᠤ ᠰᠡᠭᠦᠯᠴᠢ ᠪᠤᠯᠲᠠᠯ᠎ᠠ ᠪᠥᠬᠦ ᠣᠷᠣᠨ ᠤ ᠠᠭᠤᠷᠬᠠᠢ ᠶᠢᠨ ᠬᠤᠳᠳᠤᠭ ᠤᠨ ᠤᠰᠤᠨ ᠤ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 60% ᠠᠴᠠ ᠳᠡᠭᠡᠭᠰᠢ ᠳᠤ ᠬᠦᠷᠦᠭᠦᠯᠬᠦ ᠪᠠᠷ ᠬᠦᠴᠦᠯᠡᠨ ᠴᠢᠷᠮᠠᠶᠢᠨ᠎ᠠ᠂ ᠡᠭᠦᠨ ᠳᠤ ᠬᠠᠲᠤᠨ ᠭᠤᠣᠯ ᠤᠨ ᠰᠠᠪᠠ ᠭᠠᠵᠠᠷ ᠤᠨ ᠬᠢ 70% ᠠᠴᠠ ᠳᠡᠭᠡᠭᠰᠢ ᠳᠤ ᠬᠦᠷᠦᠭᠦᠯᠦᠨ᠎ᠡ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠢᠩᠬᠢᠮ︶
ᠶᠢᠰᠦ᠂ ᠤᠰᠤ ᠠᠷᠪᠢᠯᠠᠬᠤ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠪᠠᠳᠠᠷᠠᠭᠠᠨ᠎ᠠ
︵ᠨᠢᠭᠡ︶ ᠤᠰᠤ ᠬᠡᠷᠡᠭᠯᠡᠬᠦ ᠡᠷᠬᠡ ᠶᠢ ᠵᠠᠬ᠎ᠠ ᠳᠡᠯᠭᠡᠭᠦᠷᠴᠢᠯᠡᠨ ᠠᠷᠠᠯᠵᠢᠶᠠᠯᠠᠬᠤ ᠶᠢ ᠠᠬᠢᠭᠤᠯᠤᠨ᠎ᠠ᠃ ᠥᠪᠥᠷ ᠮᠣᠩᠭᠤᠯ ᠤᠨ ᠬᠠᠲᠤᠨ ᠭᠤᠣᠯ ᠤᠨ ᠭᠤᠣᠯ ᠤᠷᠤᠰᠬᠠᠯ ᠤᠨ ᠤᠰᠤᠨ ᠤ ᠡᠷᠬᠡ ᠶᠢ ᠠᠶᠢᠮᠠᠭ ᠬᠤᠲᠠ ᠶᠢᠨ ᠬᠤᠭᠤᠷᠣᠨᠳᠤ ᠰᠢᠯᠵᠢᠭᠦᠯᠦᠨ ᠥᠭᠬᠦ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠤᠰᠤ ᠠᠷᠪᠢᠯᠠᠬᠤ ᠢᠨᠵᠧᠨᠧᠷᠢᠩ ᠢ ᠦᠨᠳᠦᠰᠦᠨ ᠳᠤ ᠪᠠᠨ ᠪᠡᠶᠡᠯᠡᠭᠦᠯᠵᠦ᠂ 1.2 ᠳ᠋ᠦᠩᠰᠢᠭᠤᠷ ᠺᠦᠪ ᠮᠧᠲᠷ ᠤᠨ ᠤᠰᠤᠨ ᠤ ᠬᠡᠮᠵᠢᠶ᠎ᠡ ᠶᠢ ᠰᠢᠯᠵᠢᠭᠦᠯᠦᠨ ᠥᠭᠬᠦ ᠴᠢᠳᠠᠪᠤᠷᠢ ᠶᠢ ᠪᠦᠷᠢᠳᠦᠭᠦᠯᠦᠨ᠎ᠡ᠃ ᠬᠠᠤᠯᠢ ᠶᠣᠰᠣᠨ ᠤ ᠤᠰᠤ ᠬᠡᠷᠡᠭᠯᠡᠬᠦ ᠡᠷᠦᠬᠡ ᠶᠢᠨ ᠥᠪᠡᠷ ᠥᠪᠡᠰᠦᠳ ᠤᠨ ᠤᠰᠤ ᠠᠷᠪᠢᠯᠠᠭᠰᠠᠨ ᠬᠡᠮᠵᠢᠶ᠎ᠡ ᠪᠠᠷ ᠢᠶᠠᠨ ᠤᠰᠤᠨ ᠤ ᠡᠷᠬᠡ ᠶᠢᠨ ᠠᠷᠠᠯᠵᠢᠶ᠎ᠠ ᠬᠢᠬᠦ ᠶᠢ ᠨᠢ ᠳᠡᠮᠵᠢᠨ᠎ᠡ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ︶
︵ᠬᠤᠶᠠᠷ︶ ᠤᠰᠤᠨ ᠤ ᠡᠬᠢ ᠰᠤᠷᠪᠤᠯᠵᠢ ᠶᠢᠨ ᠭᠠᠶᠢᠯᠢ ᠶᠢᠨ ᠬᠥᠰᠢᠭᠦᠷᠭᠡ ᠶᠢᠨ ᠲᠣᠬᠢᠷᠠᠭᠤᠯᠬᠤ ᠦᠢᠯᠡᠳᠦᠯ ᠢ ᠪᠠᠳᠠᠷᠠᠭᠤᠯᠤᠨ᠎ᠠ᠃ ᠤᠰᠤᠨ ᠤ ᠡᠬᠢ ᠰᠤᠷᠪᠤᠯᠵᠢ ᠶᠢᠨ ᠭᠠᠶᠢᠯᠢ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠠᠳᠠᠯᠢ ᠨᠢᠭᠡᠨ ᠬᠡᠷᠡᠭᠴᠡᠭᠡ ᠠᠴᠠ ᠤᠰᠤ ᠲᠠᠲᠠᠵᠤ ᠬᠡᠷᠡᠭᠯᠡᠬᠦ ᠳᠤ ᠭᠠᠵᠠᠷ ᠳᠣᠣᠷᠠᠬᠢ ᠤᠰᠤᠨ ᠤ ᠭᠠᠶᠢᠯᠢ ᠶᠢᠨ ᠲᠤᠭ᠎ᠠ ᠶᠢ ᠭᠠᠵᠠᠷ ᠳᠡᠭᠡᠷᠡᠬᠢ ᠤᠰᠤᠨ ᠤ ᠬᠢ ᠠᠴᠠ ᠥᠨᠳᠥᠷ ᠪᠠᠶᠢᠯᠭᠠᠨ᠎ᠠ︔ ᠳᠠᠬᠢᠯᠲᠠ ᠤᠰᠤ ᠶᠢ ᠲᠠᠲᠠᠵᠤ ᠬᠡᠷᠡᠭᠯᠡᠬᠦ ᠳᠤ ᠤᠰᠤᠨ ᠤ ᠡᠬᠢ ᠰᠤᠷᠪᠤᠯᠵᠢ ᠶᠢᠨ ᠭᠠᠶᠢᠯᠢ ᠲᠠᠲᠠᠪᠤᠷᠢᠯᠠᠬᠤ ᠦᠭᠡᠢ︔ ᠴᠡᠪᠡᠷᠯᠡᠨ ᠬᠠᠲᠠᠭᠠᠵᠦ ᠵᠠᠯᠠᠭᠰᠠᠨ ᠤᠰᠤᠨ ᠤ ᠡᠭᠡᠭᠦᠯᠦᠨ ᠬᠤᠷᠢᠶᠠᠵᠤ ᠠᠰᠢᠭᠯᠠᠬᠤ ᠬᠡᠰᠡᠭ ᠲᠤ ᠳᠣᠣᠷ᠎ᠠ ᠵᠠᠬ᠎ᠠ ᠪᠠᠷ ᠭᠠᠶᠢᠯᠢ ᠶᠢᠨ ᠲᠤᠭ᠎ᠠ ᠲᠣᠭᠲᠠᠭᠠᠵᠤ᠂ ᠭᠠᠳᠠᠭᠰᠢ ᠵᠠᠯᠠᠬᠤ ᠬᠡᠰᠡᠭ ᠲᠤ ᠳᠡᠭᠡᠷ᠎ᠡ ᠵᠠᠬ᠎ᠠ ᠪᠠᠷ ᠭᠠᠶᠢᠯᠢ ᠶᠢᠨ ᠲᠤᠭ᠎ᠠ ᠲᠣᠭᠲᠠᠭᠠᠨ᠎ᠠ︔ ᠤᠰᠤᠨ ᠤ ᠡᠬᠢ ᠰᠤᠷᠪᠤᠯᠵᠢ ᠬᠦᠨᠳᠦ ᠨᠣᠴᠢᠲᠠᠢ ᠳᠤᠲᠠᠭᠳᠠᠵᠤ ᠪᠠᠶᠢᠭ᠎ᠠ ᠪᠠ ᠳᠠᠭᠠᠭᠠᠴᠠ ᠠᠴᠠ ᠬᠡᠲᠦᠷᠡᠲᠡᠯ᠎ᠡ ᠲᠠᠲᠠᠭᠰᠠᠨ ᠣᠷᠣᠨ ᠠᠴᠠ ᠤᠰᠤ ᠲᠠᠲᠠᠵᠤ ᠬᠡᠷᠡᠭᠯᠡᠭᠰᠡᠨ ᠪᠠᠶᠢᠪᠠᠯ᠂ ᠭᠠᠶᠢᠯᠢ ᠶᠢᠨ ᠲᠣᠭᠠᠨ ᠤ ᠪᠠᠷᠢᠮᠵᠢᠶ᠎ᠠ ᠶᠢ ᠠᠳᠠᠯᠢ ᠲᠥᠷᠥᠯ ᠤᠨ ᠤᠰᠤ ᠲᠠᠲᠠᠵᠤ ᠬᠡᠷᠡᠭᠯᠡᠬᠦ ᠪᠠᠷᠢᠮᠵᠢᠶᠠᠨ ᠤ 2 ᠳᠠᠬᠢᠨ ᠢᠶᠠᠷ ᠲᠠᠲᠠᠪᠤᠷᠢᠯᠠᠨ᠎ᠠ︔ ᠲᠥᠯᠥᠪᠯᠡᠭᠡ ᠠᠴᠠ ᠪᠠᠨ ᠬᠡᠲᠦᠷᠡᠲᠡᠯ᠎ᠡ ᠤᠰᠤ ᠲᠠᠲᠠᠵᠤ ᠬᠡᠷᠡᠭᠯᠡᠭᠰᠡᠨ ᠪᠠᠶᠢᠪᠠᠯ᠂ ᠲᠥᠯᠥᠪᠯᠡᠭᠡ ᠠᠴᠠ ᠬᠡᠲᠦᠷᠡᠭᠰᠡᠨ ᠬᠡᠰᠡᠭ ᠤᠨ ᠬᠠᠷᠢᠴᠠᠯ ᠢᠶᠠᠷ ᠠᠬᠢᠭᠤᠯᠤᠨ ᠪᠤᠳᠤᠵᠤ ᠤᠰᠤᠨ ᠤ ᠡᠬᠢ ᠰᠤᠷᠪᠤᠯᠵᠢ ᠶᠢᠨ ᠭᠠᠶᠢᠯᠢ ᠲᠠᠲᠠᠪᠤᠷᠢᠯᠠᠨ᠎ᠠ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ︶
︵ᠭᠤᠷᠪᠠ︶ ᠤᠰᠤ ᠠᠷᠪᠢᠯᠠᠬᠤ ᠠᠵᠤ ᠦᠢᠯᠡᠰ ᠤᠨ ᠵᠣᠬᠢᠴᠠᠩᠭᠤᠢ ᠬᠥᠭᠵᠢᠯᠲᠡ ᠶᠢ ᠠᠬᠢᠭᠤᠯᠤᠨ᠎ᠠ᠃ ︽ᠤᠰᠤ ᠠᠷᠪᠢᠯᠠᠬᠤ ᠠᠵᠤ ᠦᠢᠯᠡᠰ ᠢ ᠲᠦᠷᠭᠡᠳᠬᠡᠨ ᠬᠥᠭᠵᠢᠭᠦᠯᠬᠦ ᠪᠣᠳᠠᠲᠠᠢ ᠠᠷᠭ᠎ᠠ ᠬᠡᠮᠵᠢᠶ᠎ᠡ︾ ᠶᠢ ᠨᠡᠶᠢᠲᠡᠯᠡᠵᠦ᠂ ᠲᠠᠷᠢᠶᠠᠯᠠᠩ ᠮᠠᠯ ᠠᠵᠤ ᠠᠬᠤᠢ᠂ ᠠᠵᠤ ᠦᠢᠯᠡᠳᠪᠦᠷᠢ᠂ ᠬᠤᠲᠠ ᠪᠠᠯᠭᠠᠰᠤᠨ ᠤ ᠠᠮᠢᠳᠤᠷᠠᠯ ᠤᠨ ᠤᠰᠤ ᠠᠷᠪᠢᠯᠠᠬᠤ ᠵᠢᠴᠢ ᠤᠰᠤ ᠠᠷᠪᠢᠯᠠᠬᠤ ᠦᠢᠯᠡᠴᠢᠯᠡᠭᠡ ᠵᠡᠷᠭᠡ ᠬᠦᠷᠢᠶ᠎ᠡ ᠴᠠᠷᠠᠭᠠᠨ ᠳᠤ ᠠᠩᠬᠠᠷᠤᠯ ᠢᠶᠠᠨ ᠬᠠᠨᠳᠤᠭᠤᠯᠤᠨ᠂ ᠲᠥᠬᠦᠭᠡᠷᠦᠮᠵᠢ ᠶᠢᠨ ᠦᠢᠯᠡᠳᠪᠦᠷᠢᠯᠡᠯ ᠪᠠ ᠮᠡᠷᠭᠡᠵᠢᠯ ᠤᠨ ᠦᠢᠯᠡᠴᠢᠯᠡᠭᠡᠨ ᠤ ᠲᠠᠯ᠎ᠠ ᠪᠠᠷ ᠨᠢᠭᠡ ᠪᠦᠯᠦᠭ ᠮᠡᠷᠭᠡᠵᠢᠯ ᠤᠨ ᠬᠢᠷᠢ ᠬᠡᠮᠵᠢᠶ᠎ᠡ ᠥᠨᠳᠥᠷ᠂ ᠳᠠᠶᠢᠴᠢᠯᠠᠬᠤ ᠴᠢᠳᠠᠪᠤᠷᠢ ᠴᠢᠩᠭ᠎ᠠ ᠬᠥᠲᠥᠴᠢ ᠠᠵᠤ ᠠᠬᠤᠶᠢᠯᠠᠯ ᠢ ᠪᠣᠶᠢᠵᠢᠭᠤᠯᠤᠨ᠎ᠠ᠃ ᠶᠡᠭᠡ ᠬᠡᠪᠴᠢᠶ᠎ᠡ ᠪᠠᠷ ᠤᠰᠤ ᠠᠷᠪᠢᠯᠠᠬᠤ ᠲᠥᠬᠦᠭᠡᠷᠦᠮᠵᠢ ᠪᠠᠨ ᠰᠢᠨᠡᠳᠬᠡᠬᠦ ᠶᠢ ᠠᠬᠢᠭᠤᠯᠤᠨ᠂ ᠤᠰᠤ ᠬᠡᠷᠡᠭᠯᠡᠬᠦ ᠬᠤᠴᠤᠷᠤᠩᠭᠤᠢ ᠲᠥᠬᠦᠭᠡᠷᠦᠮᠵᠢ ᠶᠢ ᠲᠦᠷᠭᠡᠳᠬᠡᠨ ᠰᠢᠭᠰᠢᠭᠳᠡᠭᠦᠯᠵᠦ᠂ ᠤᠰᠤ ᠠᠷᠪᠢᠯᠠᠬᠤ ᠲᠣᠨᠤᠭ ᠲᠥᠬᠦᠭᠡᠷᠦᠮᠵᠢ ᠶᠢ ᠰᠢᠨᠡᠳᠬᠡᠵᠦ ᠬᠠᠯᠠᠬᠤ ᠪᠠᠨ ᠠᠬᠢᠭᠤᠯᠤᠨ᠂ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠤᠨ ᠤᠰᠤ ᠬᠡᠷᠡᠭᠯᠡᠬᠦ ᠪᠠᠭᠠᠵᠢ ᠬᠡᠷᠡᠭᠰᠡᠯ ᠢᠶᠠᠨ ᠥᠭᠡᠷᠡᠴᠢᠯᠡᠨ ᠰᠢᠨᠡᠳᠬᠡᠬᠦ ᠠᠵᠢᠯ ᠥᠷᠨᠢᠭᠦᠯᠬᠦ ᠶᠢ ᠨᠢ ᠵᠣᠷᠢᠭᠵᠢᠭᠤᠯᠵᠤ᠂ ᠠᠮᠢᠳᠤᠷᠠᠯ ᠤᠨ ᠴᠢᠨᠠᠷ ᠴᠢᠨᠰᠠᠭ᠎ᠠ ᠪᠠ ᠤᠰᠤ ᠠᠷᠪᠢᠯᠠᠬᠤ ᠦᠷ᠎ᠡ ᠪᠦᠲᠦᠮᠵᠢ ᠶᠢᠨ ᠬᠤᠣᠰ ᠳᠡᠭᠡᠭᠰᠢᠯᠡᠯᠲᠡ ᠶᠢ ᠪᠡᠶᠡᠯᠡᠭᠦᠯᠦᠨ᠎ᠡ᠃ ᠭᠡᠷ᠎ᠡ ᠲᠣᠭᠲᠠᠵᠤ ᠤᠰᠤ ᠠᠷᠪᠢᠯᠠᠬᠤ ᠬᠠᠮᠢᠶᠠᠷᠤᠯᠲᠠ ᠶᠢᠨ ᠵᠠᠭᠪᠤᠷ ᠢ ᠢᠳᠡᠪᠬᠢᠲᠡᠢ ᠳᠡᠯᠭᠡᠷᠡᠭᠦᠯᠵᠦ᠂ ᠭᠡᠷ᠎ᠡ ᠲᠣᠭᠲᠠᠵᠤ ᠤᠰᠤ ᠠᠷᠪᠢᠯᠠᠬᠤ ᠲᠥᠷᠥᠯ ᠵᠦᠢᠯ ᠢ 20 ᠠᠴᠠ ᠳᠡᠭᠡᠭᠰᠢ ᠬᠡᠷᠡᠭᠵᠢᠭᠦᠯᠦᠨ᠎ᠡ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠤᠰᠤᠨ ᠠᠰᠢᠭᠯᠠᠯᠲᠠ ᠶᠢᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ︶
︵ᠳᠥᠷᠪᠡ︶ ᠤᠰᠤ ᠠᠷᠪᠢᠯᠠᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠤ ᠰᠤᠳᠤᠯᠤᠨ ᠨᠡᠭᠡᠭᠡᠯᠲᠡ ᠬᠢᠵᠦ ᠰᠢᠨ᠎ᠡ ᠡᠭᠦᠳᠦᠯᠲᠡ ᠭᠠᠷᠭᠠᠬᠤ ᠪᠠᠨ ᠴᠢᠩᠭᠠᠳᠬᠠᠨ᠎ᠠ᠃ ᠠᠵᠢᠯ ᠲᠥᠷᠥᠯ ᠤᠨ ᠤᠰᠤ ᠠᠷᠪᠢᠯᠠᠬᠤ ᠮᠡᠷᠭᠡᠵᠢᠯ ᠤᠨ ᠬᠦᠴᠢᠷ ᠠᠰᠠᠭᠤᠳᠠᠯ ᠤᠨ ᠲᠣᠭᠤᠷᠢᠨ ᠳᠤ᠂ ᠵᠠᠩᠭᠢᠯᠠᠭ᠎ᠠ ᠶᠢᠨ ᠮᠡᠷᠭᠡᠵᠢᠯ ᠪᠠ ᠴᠢᠬᠤᠯᠠ ᠶᠡᠭᠡ ᠲᠣᠨᠤᠭ ᠲᠥᠬᠦᠭᠡᠷᠦᠮᠵᠢ ᠳᠤ ᠰᠢᠨ᠎ᠡ ᠶᠢ ᠡᠭᠦᠳᠴᠦ ᠰᠢᠪᠲᠤᠯᠤᠯᠲᠠ ᠭᠠᠷᠭᠠᠬᠤ ᠪᠠᠨ ᠲᠦᠷᠭᠡᠳᠬᠡᠵᠦ᠂ ᠤᠰᠤ ᠠᠷᠪᠢᠯᠠᠬᠤ᠂ ᠬᠥᠮᠥᠨ ᠤ ᠬᠦᠴᠦ ᠪᠠᠷ ᠪᠣᠷᠣᠭᠠᠨ ᠨᠡᠮᠡᠭᠳᠡᠭᠦᠯᠬᠦ ᠵᠡᠷᠭᠡ ᠲᠠᠯ᠎ᠠ ᠶᠢᠨ ᠰᠢᠨ᠎ᠡ ᠮᠡᠷᠭᠡᠵᠢᠯ᠂ ᠰᠢᠨ᠎ᠡ ᠦᠢᠯᠡᠳᠬᠦᠨ᠂ ᠰᠢᠨ᠎ᠡ ᠤᠷ᠎ᠠ ᠮᠡᠷᠭᠡᠰᠢᠯ ᠢ ᠰᠤᠳᠤᠯᠤᠨ ᠨᠡᠭᠡᠭᠡᠵᠦ ᠬᠡᠷᠡᠭᠯᠡᠬᠦ ᠶᠢ ᠢᠳᠡᠪᠬᠢᠲᠡᠢ ᠠᠬᠢᠭᠤᠯᠵᠤ᠂ ᠤᠰᠤ ᠠᠷᠪᠢᠯᠠᠬᠤ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠵᠢᠴᠢ ᠰᠠᠭᠤᠷᠢ ᠪᠣᠯᠬᠤ ᠨᠡᠶᠢᠲᠡᠯᠢᠭ ᠴᠢᠨᠠᠷᠲᠠᠢ ᠮᠡᠷᠭᠡᠵᠢᠯ ᠤᠨ ᠲᠠᠯ᠎ᠠ ᠳᠤ ᠮᠡᠳᠡᠯᠭᠡ ᠥᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ ᠶᠢᠨ ᠨᠦᠬᠡᠴᠡᠯᠡᠯᠲᠡ ᠶᠢ ᠰᠠᠶᠢᠲᠤᠷ ᠬᠢᠨ᠎ᠡ᠃ ᠣᠭᠲᠠᠷᠭᠤᠢ ᠳᠠᠬᠢ ᠡᠭᠦᠯᠡᠨ ᠤᠰᠤᠨ ᠤ ᠡᠬᠢ ᠰᠤᠷᠪᠤᠯᠵᠢ ᠶᠢ ᠨᠡᠭᠡᠭᠡᠨ ᠠᠰᠢᠭᠯᠠᠬᠤ ᠪᠠ ᠴᠠᠭ ᠠᠭᠤᠷ ᠢ ᠰᠢᠨᠵᠢᠵᠦ ᠤᠰᠤ ᠠᠷᠪᠢᠯᠠᠵᠤ ᠤᠰᠤᠯᠠᠬᠤ ᠣᠶᠤᠨᠴᠢ ᠮᠡᠷᠭᠡᠵᠢᠯ ᠢ ᠳᠡᠯᠭᠡᠷᠡᠭᠦᠯᠬᠦ ᠪᠠᠨ ᠴᠢᠩᠭᠠᠳᠬᠠᠵᠤ᠂ ᠣᠷᠣᠨ ᠪᠦᠰᠡ ᠠᠯᠤᠰᠯᠠᠭᠰᠠᠨ᠂ ᠠᠭᠠᠷ ᠪᠠ ᠭᠠᠵᠠᠷ ᠢ ᠬᠠᠮᠲᠤᠷᠠᠭᠤᠯᠵᠤ ᠪᠣᠷᠣᠭᠠᠨ ᠨᠡᠮᠡᠭᠳᠡᠭᠦᠯᠬᠦ ᠠᠵᠢᠯ ᠢ ᠢᠳᠡᠪᠬᠢᠲᠡᠢ ᠥᠷᠨᠢᠭᠦᠯᠦᠨ᠎ᠡ᠃ ᠪᠣᠷᠣᠭᠠᠨ ᠤ ᠦᠶᠡᠷ ᠤᠨ ᠡᠬᠢ ᠰᠤᠷᠪᠤᠯᠵᠢ ᠶᠢ ᠠᠰᠢᠭᠯᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠢᠨᠵᠧᠨᠧᠷᠢᠩ ᠤᠨ ᠴᠢᠨᠠᠷᠲᠠᠢ ᠪᠠᠷ ᠤᠰᠤ ᠨᠥᠭᠡᠴᠡᠯᠡᠬᠦ ᠪᠠ ᠪᠣᠷᠣᠭᠠᠨ ᠤ ᠦᠶᠡᠷ ᠤᠨ ᠡᠬᠢ ᠰᠤᠷᠪᠤᠯᠵᠢ ᠶᠢ ᠠᠰᠢᠭᠯᠠᠬᠤ ᠴᠢᠳᠠᠪᠤᠷᠢ ᠪᠠᠨ ᠳᠡᠭᠡᠭᠰᠢᠯᠡᠭᠦᠯᠦᠨ᠂ ᠲᠠᠷᠢᠶᠠᠯᠠᠩ ᠮᠠᠯ ᠠᠵᠤ ᠠᠬᠤᠢ ᠶᠢᠨ ᠭᠠᠩ ᠲᠠᠢ ᠲᠡᠮᠡᠴᠡᠬᠦ ᠪᠠ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠥᠪᠥᠷ ᠮᠣᠩᠭᠤᠯ ᠤᠨ ᠴᠠᠭ ᠠᠭᠤᠷ ᠤᠨ ᠲᠣᠪᠴᠢᠶ᠎ᠠ︶
ᠠᠷᠪᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠪᠠᠨ ᠴᠢᠩᠭᠠᠳᠬᠠᠨ᠎ᠠ
︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠳᠠᠶᠢᠴᠢᠨ ᠨᠥᠬᠦᠷ ᠪᠥᠬᠦ ᠣᠷᠣᠨ ᠤ ᠤᠰᠤ ᠠᠷᠪᠢᠯᠠᠬᠤ ᠠᠵᠢᠯᠯᠠᠭᠠᠨ ᠢ ᠨᠢᠭᠡᠳᠦᠯᠲᠡᠢ ᠲᠥᠯᠥᠪᠯᠡᠵᠦ ᠵᠣᠬᠢᠴᠠᠭᠤᠯᠤᠨ ᠠᠬᠢᠭᠤᠯᠬᠤ ᠶᠢ ᠬᠠᠷᠢᠭᠤᠴᠠᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ︽ᠦᠢᠯᠡᠳᠪᠦᠷᠢᠯᠡᠯ ᠢ ᠬᠠᠮᠢᠶᠠᠷᠬᠤ ᠳᠤ ᠡᠷᠬᠡᠪᠰᠢ ᠤᠰᠤ ᠠᠷᠪᠢᠯᠠᠬᠤ ᠶᠢ ᠬᠠᠮᠢᠶᠠᠷᠬᠤ᠂ ᠠᠵᠢᠯ ᠲᠦᠷᠦᠯ ᠢ ᠬᠠᠮᠢᠶᠠᠷᠬᠤ ᠳᠤ ᠡᠷᠬᠡᠪᠰᠢ ᠤᠰᠤ ᠠᠷᠪᠢᠯᠠᠬᠤ ᠶᠢ ᠬᠠᠮᠢᠶᠠᠷᠬᠤ᠂ ᠬᠤᠳᠠ ᠬᠥᠳᠡᠭᠡ ᠶᠢ ᠬᠠᠮᠢᠶᠠᠷᠬᠤ ᠳᠤ ᠡᠷᠬᠡᠪᠰᠢ ᠤᠰᠤ ᠠᠷᠪᠢᠯᠠᠬᠤ ᠶᠢ ᠬᠠᠮᠢᠶᠠᠷᠬᠤ︾ ᠱᠠᠭᠠᠷᠳᠠᠯᠭ᠎ᠠ ᠶᠢ ᠪᠠᠷᠢᠮᠲᠠᠯᠠᠵᠤ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠤᠨ᠂ ᠵᠣᠬᠢᠴᠠᠯᠳᠤᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠤᠰᠤ ᠠᠷᠪᠢᠯᠠᠬᠤ ᠠᠵᠢᠯᠯᠠᠭᠠᠨ ᠤ ᠡᠯ᠎ᠡ ᠵᠦᠢᠯ ᠤᠨ ᠡᠭᠦᠷᠭᠡ ᠶᠢ ᠠᠵᠢᠯᠯᠠᠭ᠎ᠠ ᠳᠡᠭᠡᠷ᠎ᠡ ᠪᠠᠨ ᠢᠯᠡᠷᠡᠭᠦᠯᠵᠦ ᠦᠷ᠎ᠡ ᠪᠦᠲᠦᠮᠵᠢ ᠭᠠᠷᠭᠠᠬᠤ ᠪᠠᠷ ᠬᠦᠴᠦ ᠪᠠᠨ ᠬᠠᠮᠲᠤᠳᠬᠠᠨ ᠠᠬᠢᠭᠤᠯᠤᠨ᠎ᠠ᠃ ᠮᠦᠷᠳᠡᠨ ᠳᠠᠭᠠᠬᠤ᠂ ᠲᠣᠬᠢᠷᠠᠭᠤᠯᠤᠯᠲᠠ ᠬᠢᠬᠦ᠂ ᠨᠡᠪᠲᠡᠷᠡᠭᠦᠯᠦᠨ ᠮᠡᠳᠡᠭᠡᠯᠡᠬᠦ᠂ ᠪᠣᠯᠵᠣᠨ ᠶᠠᠷᠢᠯᠴᠠᠬᠤ ᠲᠣᠭᠲᠠᠴᠠ ᠶᠢ ᠪᠠᠶᠢᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠠᠵᠢᠯ ᠤᠨ ᠠᠬᠢᠴᠠ ᠪᠠᠷ ᠤᠳᠠᠭᠠᠪᠲᠤᠷ ᠪᠠᠶᠢᠪᠠᠯ ᠨᠡᠪᠲᠡᠷᠡᠭᠦᠯᠦᠨ ᠮᠡᠳᠡᠭᠡᠯᠡᠵᠦ᠂ ᠠᠰᠠᠭᠤᠳᠠᠯ ᠨᠢ ᠬᠦᠨᠳᠦ ᠨᠣᠴᠢᠲᠠᠢ ᠪᠠᠶᠢᠪᠠᠯ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠨ᠎ᠠ᠃
︵ᠬᠤᠶᠠᠷ︶ ᠡᠳ᠋ ᠤᠨ ᠵᠠᠰᠠᠭ ᠮᠥᠩᠭᠦᠨ ᠭᠦᠢᠯᠭᠡᠭᠡᠨ ᠤ ᠳᠡᠮᠵᠢᠯᠭᠡ ᠪᠠᠨ ᠴᠢᠩᠭᠠᠳᠬᠠᠨ᠎ᠠ᠃ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠤᠰᠬᠠᠢ ᠪᠡᠯᠡ ᠮᠥᠩᠭᠦ᠂ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠬᠦ ᠪᠠᠷ ᠳᠠᠮᠵᠢᠨ ᠤᠰᠤᠨ ᠤ ᠡᠬᠢ ᠰᠤᠷᠪᠤᠯᠵᠢ ᠶᠢ ᠠᠷᠪᠢᠲᠠᠢ ᠡᠷᠴᠢᠮᠲᠡᠢ ᠠᠰᠢᠭᠯᠠᠬᠤ ᠲᠥᠷᠥᠯ ᠵᠦᠢᠯ ᠢ ᠳᠡᠮᠵᠢᠵᠦ᠂ ᠤᠰᠤᠨ ᠤ ᠡᠬᠢ ᠰᠤᠷᠪᠤᠯᠵᠢ ᠶᠢ ᠠᠷᠪᠢᠲᠠᠢ ᠥᠨᠳᠥᠷ ᠪᠦᠲᠦᠮᠵᠢᠲᠡᠶ ᠠᠰᠢᠭᠯᠠᠬᠤ ᠲᠠᠯ᠎ᠠ ᠳᠤ ᠪᠡᠯᠡ ᠣᠷᠣᠭᠤᠯᠤᠯᠲᠠ ᠬᠢᠬᠦ ᠡᠷᠴᠢᠮ ᠢᠶᠠᠨ ᠴᠢᠩᠭᠠᠷᠠᠭᠤᠯᠤᠨ᠂ ᠲᠠᠷᠢᠶᠠᠯᠠᠩ ᠤᠨ ᠤᠰᠤ ᠠᠷᠪᠢᠯᠠᠬᠤ ᠪᠠᠷ ᠥᠭᠡᠷᠡᠴᠢᠯᠡᠨ ᠰᠢᠨᠡᠳᠬᠡᠬᠦ᠂ ᠳᠠᠬᠢᠯᠲᠠ ᠤᠰᠤ ᠶᠢ ᠠᠰᠢᠭᠯᠠᠬᠤ ᠪᠠᠷ ᠲᠣᠬᠢᠷᠠᠭᠤᠯᠤᠨ ᠳᠦᠬᠦᠷᠵᠢᠭᠦᠯᠬᠦ᠂ ᠤᠰᠤ ᠠᠷᠪᠢᠯᠠᠬᠤ ᠠᠴᠢᠶᠠᠯᠠᠪᠤᠷᠢ ᠶᠢᠨ ᠪᠦᠲᠦᠭᠡᠨ ᠪᠠᠶᠢᠭᠤᠯᠬᠤ ᠵᠡᠷᠭᠡ ᠲᠠᠯ᠎ᠠ ᠪᠠᠷ ᠬᠢ ᠣᠷᠣᠭᠤᠯᠤᠯᠲᠠ ᠪᠠᠨ ᠭᠤᠣᠯᠳᠠᠯᠭ᠎ᠠ ᠲᠠᠢ ᠨᠡᠮᠡᠭᠳᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ︽ᠤᠰᠤ ᠠᠷᠪᠢᠯᠠᠬᠤ ᠵᠢᠭᠡᠯᠡᠯᠭᠡ︾ ᠶᠢᠨ ᠪᠡᠯᠡ ᠲᠣᠬᠢᠷᠠᠭᠤᠯᠬᠤ ᠦᠢᠯᠡᠴᠢᠯᠡᠭᠡᠨ ᠤ ᠲᠠᠪᠴᠠᠩ ᠢ ᠰᠠᠶᠢᠲᠤᠷ ᠬᠡᠷᠡᠭᠯᠡᠵᠦ᠂ ᠣᠷᠣᠨ ᠨᠤᠲᠤᠭ ᠤᠨ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ ᠰᠢᠨ᠎ᠡ ᠪᠠᠷ ᠨᠡᠮᠡᠭᠳᠡᠭᠦᠯᠬᠦ ᠦᠭᠡᠢ ᠤᠷᠢᠲᠠᠯ ᠳᠣᠣᠷ᠎ᠠ᠂ ᠤᠰᠤ ᠠᠷᠪᠢᠯᠠᠬᠤ ᠲᠠᠯ᠎ᠠ ᠶᠢᠨ ᠪᠡᠯᠡ ᠣᠷᠣᠭᠤᠯᠵᠤ ᠪᠡᠯᠡ ᠲᠣᠬᠢᠷᠠᠭᠤᠯᠬᠤ ᠵᠠᠭᠪᠤᠷ ᠢ ᠥᠷᠭᠡᠵᠢᠭᠦᠯᠦᠨ᠂ ᠨᠡᠶᠢᠭᠡᠮ ᠤᠨ ᠬᠥᠷᠥᠩᠭᠡ ᠶᠢ ᠵᠣᠷᠢᠭᠵᠢᠭᠤᠯᠬᠤ ᠪᠠ ᠬᠥᠲᠥᠯᠥᠨ ᠵᠢᠯᠤᠭᠤᠳᠴᠤ ᠪᠠᠶᠢᠭᠠᠳ ᠤᠰᠤ ᠠᠷᠪᠢᠯᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠡᠵᠡᠩᠨᠡᠯᠲᠡ ᠳᠤ ᠢᠳᠡᠪᠬᠢᠲᠡᠢ ᠣᠷᠣᠯᠴᠠᠭᠤᠯᠵᠤ᠂ ᠤᠰᠤ ᠠᠷᠪᠢᠯᠠᠵᠤ ᠬᠥᠭᠵᠢᠭᠦᠯᠬᠦ ᠶᠢᠨ ᠰᠢᠨ᠎ᠡ ᠬᠥᠳᠡᠯᠭᠡᠭᠴᠢ ᠴᠢᠳᠠᠪᠤᠷᠢ ᠶᠢ ᠨᠡᠮᠡᠭᠳᠡᠭᠦᠯᠦᠨ᠎ᠡ᠃
︵ᠭᠤᠷᠪᠠ︶ ᠤᠰᠤ ᠠᠷᠪᠢᠯᠠᠬᠤ ᠤᠬᠠᠭᠤᠯᠭ᠎ᠠ ᠬᠥᠮᠦᠵᠢᠯ ᠢᠶᠠᠨ ᠴᠢᠩᠭᠠᠳᠬᠠᠨ᠎ᠠ᠃ ᠡᠯ᠎ᠡ ᠭᠠᠵᠠᠷ ᠣᠷᠣᠨ ᠨᠢ ᠳᠡᠯᠡᠬᠡᠢ ᠶᠢᠨ ᠤᠰᠤᠨ ᠤ ᠡᠳᠦᠷ᠂ ᠳᠤᠮᠳᠠᠳᠤ ᠤᠯᠤᠰ ᠤᠨ ᠤᠰᠤᠨ ᠤ ᠭᠠᠷᠠᠭ᠂ ᠬᠤᠲᠠ ᠶᠢᠨ ᠤᠰᠤ ᠠᠷᠪᠢᠯᠠᠬᠤ ᠤᠬᠠᠭᠤᠯᠭ᠎ᠠ ᠶᠢᠨ ᠭᠠᠷᠠᠭ ᠵᠡᠷᠭᠡ ᠴᠢᠬᠤᠯᠠ ᠵᠠᠩᠭᠢᠯᠠᠭ᠎ᠠ ᠶᠢᠨ ᠴᠡᠭ ᠢ ᠠᠰᠢᠭᠯᠠᠨ᠂ ᠣᠯᠠᠨ ᠶᠠᠩᠵᠤ ᠬᠡᠯᠪᠡᠷᠢ ᠶᠢᠨ᠂ ᠣᠷᠣᠨ ᠨᠤᠲᠤᠭ ᠤᠨ ᠪᠠ ᠠᠵᠢᠯ ᠲᠥᠷᠥᠯ ᠤᠨ ᠣᠨᠴᠠᠯᠢᠭ ᠪᠦᠬᠦᠢ ᠤᠰᠤ ᠠᠷᠪᠢᠯᠠᠬᠤ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠢ ᠲᠥᠰᠥᠪᠯᠡᠨ ᠥᠷᠨᠢᠭᠦᠯᠦᠨ᠎ᠡ᠃ ᠤᠰᠤ ᠠᠷᠪᠢᠯᠠᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠦᠵᠡᠰᠬᠦᠯᠡᠩ ᠤᠨ ᠣᠷᠳᠣᠨ ᠢ ᠴᠣᠭᠴᠠᠯᠠᠵᠤ᠂ ᠤᠰᠤ ᠠᠷᠪᠢᠯᠠᠬᠤ ᠬᠥᠮᠦᠵᠢᠯ ᠤᠨ ᠰᠠᠭᠤᠷᠢᠨ ᠭᠠᠵᠠᠷ ᠢ ᠪᠠᠶᠢᠭᠤᠯᠤᠨ᠂ ᠡᠯ᠎ᠡ ᠲᠥᠷᠥᠯ ᠤᠨ ᠤᠬᠠᠭᠤᠯᠭ᠎ᠠ ᠬᠥᠮᠦᠵᠢᠯ ᠤᠨ ᠠᠴᠢᠶᠠᠯᠠᠪᠤᠷᠢ ᠪᠠ ᠳᠠᠮᠵᠢᠭᠤᠯᠵᠤ᠂ ᠤᠰᠤ ᠠᠷᠪᠢᠯᠠᠬᠤ ᠬᠠᠤᠯᠢ ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠦᠨ᠂ ᠤᠰᠤ ᠠᠷᠪᠢᠯᠠᠬᠤ ᠣᠨᠣᠯᠵᠢᠬᠤᠨ ᠮᠡᠳᠡᠯᠭᠡ ᠶᠢ ᠤᠯᠠᠮᠵᠢᠯᠠᠵᠤ᠂ ᠣᠯᠠᠨ ᠨᠡᠶᠢᠲᠡ ᠶᠢ ᠬᠥᠲᠥᠯᠥᠨ ᠵᠢᠯᠤᠭᠤᠳᠴᠤ ᠪᠠᠶᠢᠭᠠᠳ ︽ᠠᠷᠠᠳ ᠢᠷᠭᠡᠳ ᠤᠨ ᠤᠰᠤ ᠠᠷᠪᠢᠯᠠᠨ ᠭᠠᠮᠨᠠᠬᠤ ᠠᠵᠢᠯᠯᠠᠭᠠᠨ ᠤ ᠵᠢᠷᠤᠮᠵᠢᠯ︾ ᠢ ᠬᠠᠮᠲᠤ ᠪᠠᠷ ᠦᠢᠯᠡᠳᠦᠯᠭᠡᠵᠢᠭᠦᠯᠦᠨ᠎ᠡ᠃ ᠤᠰᠤ ᠠᠷᠪᠢᠯᠠᠬᠤ ᠤᠬᠠᠭᠤᠯᠭ᠎ᠠ ᠶᠢ ᠰᠤᠷᠭᠠᠭᠤᠯᠢ ᠶᠢᠨ ᠬᠦᠷᠢᠶ᠎ᠡ᠂ ᠪᠠᠶᠢᠭᠤᠯᠭ᠎ᠠ᠂ ᠠᠵᠤ ᠠᠬᠤᠶᠢᠯᠠᠯ᠂ ᠨᠡᠶᠢᠭᠡᠮ ᠲᠣᠭᠤᠷᠢᠭ᠂ ᠬᠥᠳᠡᠭᠡ ᠲᠣᠰᠬᠤᠨ ᠳᠤ ᠣᠷᠣᠭᠤᠯᠬᠤ ︽ᠲᠠᠪᠤ ᠳᠤ ᠣᠷᠣᠭᠤᠯᠬᠤ︾ ᠠᠵᠢᠯᠯᠠᠭ᠎ᠠ ᠶᠢ ᠥᠷᠨᠢᠭᠦᠯᠵᠦ᠂ ᠬᠡᠦᠬᠡᠳ ᠠᠴᠠ ᠡᠬᠢᠯᠡᠨ ᠠᠳᠬᠤᠵᠤ᠂ ᠨᠠᠷᠢᠨ ᠵᠦᠢᠯᠡᠰ ᠠᠴᠠ ᠭᠠᠷᠳᠠᠵᠤ᠂ ᠨᠡᠶᠢᠭᠡᠮ ᠳᠠᠶᠠᠭᠠᠷ ᠤᠨ ᠤᠰᠤ ᠠᠷᠪᠢᠯᠠᠨ ᠭᠠᠮᠨᠠᠬᠤ ᠳᠠᠳᠬᠠᠯ ᠪᠣᠶ ᠪᠣᠯᠭᠠᠬᠤ ᠶᠢ ᠠᠬᠢᠭᠤᠯᠤᠨ᠎ᠠ᠃
ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2025 ᠣᠨ ᠤ ᠤᠰᠤ ᠠᠷᠪᠢᠯᠠᠬᠤ ᠠᠵᠢᠯᠯᠠᠭᠠᠨ ᠤ ᠬᠠᠷᠠᠯᠲᠠ ᠶᠢᠨ ᠵᠠᠳᠠᠯᠤᠯᠲᠠ ᠶᠢᠨ ᠬᠦᠰᠦᠨᠦᠭᠲᠦ



ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ
2025 ᠣᠨ ᠤ 2 ᠳ᠋ᠤᠭᠠᠷ ᠰᠠᠷ᠎ᠠ ᠶᠢᠨ 17 ᠤ ᠡᠳᠦᠷ ᠳᠠᠷᠤᠮᠠᠯᠯᠠᠨ ᠲᠠᠷᠬᠠᠭᠠᠪᠠ