ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠣᠯᠪᠠᠰᠤᠷᠠᠭᠤᠯᠬᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠬᠤ ᠠᠵᠢᠯᠯᠠᠭᠠᠨ ᠤ ᠲᠥᠰᠥᠯ ︵2025-2027 ᠣᠨ︶ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2025/4/15

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ

ᠥᠪᠥᠷ ᠵᠠᠰᠠᠭ ᠠᠯᠪᠠᠨ ᠲᠠᠷᠬᠠᠭᠠᠭᠰᠠᠨ ﹇2025﹈ 9 ᠳ᠋ᠦ᠋ᠭᠡᠷ ᠲᠣᠭᠠᠲᠤ

ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠣᠯᠪᠠᠰᠤᠷᠠᠭᠤᠯᠬᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠬᠤ ᠠᠵᠢᠯᠯᠠᠭᠠᠨ ᠤ ᠲᠥᠰᠥᠯ ︵2025-2027 ᠣᠨ ︶ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ

 

ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ ᠂ ᠠᠯᠪᠠᠨ ᠭᠡᠷ ᠂ ᠲᠢᠩᠬᠢᠮ ᠂ ᠲᠣᠪᠴᠢᠶ᠎ᠠ ᠂ ᠡᠯ᠎ᠡ ᠲᠣᠮᠣ ᠠᠵᠤ ᠠᠬᠤᠶᠢᠯᠠᠯ ᠂ ᠠᠵᠢᠯ ᠦᠢᠯᠡᠰ ᠤᠨ ᠨᠢᠭᠡᠴᠢ ᠳᠤ ᠄

    ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠣᠯᠪᠠᠰᠤᠷᠠᠭᠤᠯᠬᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠬᠤ ᠠᠵᠢᠯᠯᠠᠭᠠᠨ ᠤ ᠲᠥᠰᠥᠯ ︵2025-2027 ᠣᠨ ︶︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠂ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ ᠂ ᠪᠣᠳᠠᠲᠠᠢ ᠲᠠᠢ ᠪᠠᠨ ᠤᠶᠠᠯᠳᠤᠭᠤᠯᠤᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ ᠃

    2025 ᠣᠨ ᠤ 2 ᠳ᠋ᠤᠭᠠᠷ ᠰᠠᠷ᠎ᠠ ᠶᠢᠨ 12 ᠤᠨ ᠡᠳᠦᠷ

    ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ ︶

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠣᠯᠪᠠᠰᠤᠷᠠᠭᠤᠯᠬᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠬᠤ ᠠᠵᠢᠯᠯᠠᠭᠠᠨ ᠤ ᠲᠥᠰᠥᠯ ︵ 2025-2027 ᠣᠨ︶

    ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠭᠦᠳᠡ ᠬᠤᠷᠠᠯ ᠂ ᠶᠢᠰᠦᠳᠦᠭᠡᠷ ᠤᠳᠠᠭᠠᠨ ᠤ ᠪᠦᠭᠦᠳᠡ ᠬᠤᠷᠠᠯ ᠬᠢᠭᠡᠳ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ ᠂ ᠳᠤᠮᠳᠠᠲᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠰᠢᠵᠢᠮ ᠤᠨ ᠲᠣᠭᠤᠷᠢᠨ ᠳᠤ ᠴᠢᠩᠭ᠎ᠠ ᠨᠢᠭᠲᠠᠷᠠᠨ ᠂ ᠲᠠᠷᠢᠶᠠᠯᠠᠩ ᠮᠠᠯ ᠠᠵᠤ ᠠᠬᠤᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ ᠂ ᠬᠠᠷ᠎ᠠ ᠪᠤᠳᠠᠭ᠎ᠠ ᠠᠮᠢᠳᠤ ᠮᠠᠯ ᠤᠨ ᠭᠠᠳᠠᠭᠰᠢ ᠠᠷᠠᠯᠵᠢᠶᠠᠯᠠᠬᠤ ᠂ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠲᠠᠯ᠎ᠠ ᠪᠠᠷ ᠬᠦᠷᠦᠯᠴᠡᠬᠦ ᠦᠭᠡᠢ ᠪᠠᠶᠢᠬᠤ ᠵᠡᠷᠭᠡ ᠲᠣᠪᠣᠶᠢᠮ᠎ᠠ ᠠᠰᠠᠭᠤᠳᠠᠯ ᠳᠤ ᠴᠢᠭᠯᠡᠭᠦᠯᠦᠨ ᠂ ︽ᠠᠮᠤ ᠪᠤᠳᠠᠭ᠎ᠠ ᠶᠢᠨ ᠦᠢᠯᠡᠳᠪᠦᠷᠢᠯᠡᠯ ᠢᠶᠠᠷ ᠲᠦᠷᠦᠭᠦᠯᠡᠭᠦᠯᠵᠦ ᠲᠠᠷᠢᠶᠠᠯᠠᠩ ᠤᠨ ᠪᠦᠲᠦᠭᠡᠭᠳᠡᠬᠦᠨ ᠡᠳ᠋ᠰᠢᠭᠦᠯᠦᠨ ᠪᠤᠯᠪᠠᠰᠤᠷᠠᠭᠤᠯᠬᠤ ᠶᠢ ᠬᠠᠪᠰᠤᠷᠠᠭᠠᠬᠤ ︾᠂ ︽ᠮᠠᠯ ᠠᠵᠤ ᠠᠬᠤᠢ ᠶᠢᠨ ᠦᠢᠯᠡᠳᠪᠦᠷᠢᠯᠡᠯ ᠢᠶᠠᠷ ᠲᠦᠷᠦᠭᠦᠯᠡᠭᠦᠯᠵᠦ ᠤᠯᠠᠭᠠᠨ ᠢᠳᠡᠭᠡᠨ ᠡᠳ᠋ᠰᠢᠭᠦᠯᠦᠨ ᠪᠤᠯᠪᠠᠰᠤᠷᠠᠭᠤᠯᠬᠤ ᠶᠢ ᠬᠠᠪᠰᠤᠷᠠᠭᠠᠬᠤ ︾᠂ ︽ᠲᠠᠷᠢᠶᠠᠯᠠᠩ ᠢᠶᠠᠷ ᠲᠦᠷᠦᠭᠦᠯᠡᠭᠦᠯᠵᠦ ᠠᠵᠤ ᠦᠢᠯᠡᠳᠪᠦᠷᠢ ᠶᠢ ᠬᠠᠪᠰᠤᠷᠠᠭᠠᠬᠤ ︾ ᠳᠡᠭᠡᠷ᠎ᠡ ᠬᠦᠴᠦ ᠲᠠᠯᠪᠢᠵᠤ ᠂ ᠮᠠᠨ ᠤ ᠣᠷᠣᠨ ᠤ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠣᠯᠪᠠᠰᠤᠷᠠᠭᠤᠯᠬᠤ ᠦᠢᠯᠡᠰ ᠢ ᠲᠦᠷᠭᠡᠨ ᠪᠣᠶᠢᠵᠢᠭᠤᠯᠤᠨ ᠪᠤᠵᠠᠭᠠᠶᠢᠷᠠᠭᠤᠯᠵᠤ ᠂ ᠲᠠᠷᠢᠶᠠᠯᠠᠩ ᠮᠠᠯ ᠠᠵᠤ ᠠᠬᠤᠢ ᠶᠢᠨ ᠬᠡᠪᠴᠢᠶᠡᠵᠢᠯᠲᠡ ᠂ ᠠᠵᠤ ᠦᠢᠯᠡᠰᠵᠢᠯᠲᠡ ᠂ ᠨᠡᠷᠡᠲᠦ ᠲᠡᠮᠲᠡᠭᠵᠢᠯᠲᠡ ᠪᠠ ᠰᠢᠶᠠᠨ ᠤ ᠬᠡᠪᠴᠢᠶᠡᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠤᠰᠠᠳᠠ ᠂ ᠲᠤᠰ ᠠᠵᠢᠯᠯᠠᠭᠠᠨ ᠤ ᠲᠥᠰᠥᠯ ᠢ ᠲᠣᠭᠲᠠᠭᠠᠪᠠ ᠃

    ᠨᠢᠭᠡ᠂ ᠭᠤᠣᠯ ᠬᠠᠷᠠᠯᠲᠠ

    2027 ᠣᠨ ᠪᠣᠯᠬᠤ ᠳᠤ ᠂ ᠪᠦᠬᠦ ᠣᠷᠣᠨ ᠤ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠣᠯᠪᠠᠰᠤᠷᠠᠭᠤᠯᠬᠤ ᠦᠢᠯᠡᠰ ᠤᠨ ᠬᠡᠪᠴᠢᠶᠡᠵᠢᠯ ᠢ ᠤᠯᠠᠮ ᠨᠢᠭᠡ ᠠᠯᠬᠤᠮ ᠪᠤᠵᠠᠭᠠᠶᠢᠷᠠᠭᠤᠯᠵᠤ ᠂ ᠠᠵᠤ ᠦᠢᠯᠡᠰ ᠤᠨ ᠪᠠᠶᠢᠷᠢᠰᠢᠭᠤᠯᠤᠯᠲᠠ ᠪᠠ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ ᠂ ᠵᠢᠯ ᠤᠨ ᠪᠣᠷᠤᠯᠠᠭᠤᠯᠭ᠎ᠠ ᠶᠢᠨ ᠣᠷᠤᠯᠭ᠎ᠠ ᠨᠢ10 ᠳ᠋ᠦᠩᠰᠢᠭᠤᠷ ᠲᠥᠭᠦᠷᠢᠭ ᠢ ᠳᠠᠪᠠᠭᠰᠠᠨ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠢ 5 ᠠᠴᠠ ᠳᠡᠭᠡᠭᠰᠢ ᠂ ᠳ᠋ᠦᠩᠰᠢᠭᠤᠷ ᠲᠥᠭᠦᠷᠢᠭ ᠢ ᠳᠠᠪᠠᠭᠰᠠᠨ ᠠᠵᠤ ᠠᠬᠤᠶᠢᠯᠠᠯ ᠢ 20 ᠠᠴᠠ ᠳᠡᠭᠡᠭᠰᠢ ᠰᠢᠨ᠎ᠡ ᠪᠠᠷ ᠪᠣᠶᠢᠵᠢᠭᠤᠯᠵᠤ ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠤᠨ ᠨᠡᠷᠡᠲᠦ ᠲᠡᠮᠳᠡᠭ ᠤᠨ ᠨᠥᠯᠥᠭᠡᠯᠡᠬᠦ ᠬᠦᠴᠦᠨ ᠢ ᠮᠡᠳᠡᠭᠳᠡᠬᠦᠶᠢᠴᠡ ᠴᠢᠩᠭᠠᠷᠠᠭᠤᠯᠵᠤ ᠂ ᠵᠠᠬ᠎ᠠ ᠳᠡᠯᠭᠡᠭᠦᠷ ᠤᠨ ᠡᠵᠡᠯᠡᠬᠦ ᠨᠣᠷᠮ᠎ᠠ ᠶᠢ ᠶᠡᠭᠡ ᠪᠠᠷ ᠳᠡᠭᠡᠭᠰᠢᠯᠡᠭᠦᠯᠵᠦ ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠤᠨ ᠪᠣᠷᠤᠯᠠᠭᠤᠯᠭ᠎ᠠ ᠶᠢᠨ ᠣᠷᠤᠯᠭ᠎ᠠ ᠶᠢ 700 ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠭᠦᠯᠵᠦ ᠂ ᠵᠢᠯ ᠤᠨ ᠪᠣᠷᠤᠯᠠᠭᠤᠯᠭ᠎ᠠ ᠶᠢᠨ ᠣᠷᠤᠯᠭ᠎ᠠ ᠶᠢ 4800 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠦᠯᠬᠦ ᠪᠠᠷ ᠬᠦᠴᠦᠯᠡᠨ ᠴᠢᠷᠮᠠᠶᠢᠨ᠎ᠠ ᠃

    ᠬᠤᠶᠠᠷ᠂ ᠣᠷᠣᠨ ᠪᠦᠰᠡ ᠶᠢᠨ ᠪᠠᠶᠢᠷᠢᠰᠢᠭᠤᠯᠤᠯᠲᠠ ᠵᠢᠴᠢ ᠰᠢᠪᠲᠤᠯᠤᠯᠲᠠ ᠶᠢᠨ ᠭᠤᠣᠯ ᠲᠦᠷᠦᠯ ᠢᠯᠭᠠᠯ

    ᠳᠠᠪᠠᠭᠤᠯᠢᠭ ᠢᠶᠠᠨ ᠪᠠᠳᠠᠷᠠᠭᠤᠯᠬᠤ ᠪᠠ ᠳᠤᠲᠠᠭᠤᠳᠠᠯ ᠢᠶᠠᠨ ᠨᠥᠬᠦᠪᠦᠷᠢᠯᠡᠬᠦ ᠶᠢ ᠨᠢᠭᠡᠳᠦᠯᠲᠡᠢ ᠲᠥᠯᠥᠪᠯᠡᠵᠦ ᠂ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠪᠠ ᠵᠠᠬ᠎ᠠ ᠳᠡᠯᠭᠡᠭᠦᠷ ᠤᠨ ᠬᠡᠷᠡᠭᠯᠡᠭᠡ ᠶᠢᠨ ᠬᠠᠨᠳᠤᠰᠢ ᠳᠤ ᠲᠦᠰᠢᠭᠯᠡᠨ ᠂ ᠡᠬᠢ ᠪᠠᠶᠠᠯᠢᠭ ᠤᠨ ᠬᠦᠴᠦᠨ ᠢᠶᠠᠨ ᠲᠥᠪᠯᠡᠷᠡᠭᠦᠯᠦᠨ ᠭᠤᠣᠯᠳᠠᠯᠭ᠎ᠠ ᠲᠠᠢ ᠬᠦᠷᠢᠶᠡᠯᠡᠩ ᠲᠣᠭᠤᠷᠢᠭ ᠪᠠ ᠠᠵᠤ ᠠᠬᠤᠶᠢᠯᠠᠯ ᠢ ᠳᠠᠮᠵᠢᠵᠤ ᠂ ᠣᠷᠣᠨ ᠪᠦᠰᠡ ᠶᠢᠨ ᠪᠠᠶᠢᠷᠢᠰᠢᠭᠤᠯᠤᠯᠲᠠ ᠪᠠᠨ ᠤᠯᠠᠮ ᠨᠢᠭᠡ ᠠᠯᠬᠤᠮ ᠰᠢᠯᠢᠳᠡᠭᠵᠢᠭᠦᠯᠵᠦ ᠂ ᠭᠤᠣᠯᠳᠠᠭᠤ ᠰᠦ ᠴᠠᠭᠠᠨ ᠢᠳᠡᠭᠡᠨ ᠤ ᠪᠦᠲᠦᠭᠡᠭᠳᠡᠬᠦᠨ ᠂ ᠦᠬᠡᠷ ᠬᠤᠨᠢ ᠢᠮᠠᠭᠠᠨ ᠮᠢᠬᠠᠨ ᠤ ᠪᠦᠲᠦᠭᠡᠭᠳᠡᠬᠦᠨ ᠂ ᠡᠷᠳᠡᠨᠢ ᠰᠢᠰᠢ ᠶᠢᠨ ᠪᠦᠲᠦᠭᠡᠭᠳᠡᠬᠦᠨ ᠂ ᠲᠥᠮᠥᠰᠥᠨ ᠤ ᠪᠦᠲᠦᠭᠡᠭᠳᠡᠬᠦᠨ ᠂ ᠰᠢᠷ᠎ᠠ ᠪᠤᠷᠴᠠᠭ ᠤᠨ ᠪᠦᠲᠦᠭᠡᠭᠳᠡᠬᠦᠨ ᠂ ᠠᠮᠤ ᠭᠤᠯᠢᠷ ᠲᠣᠰᠣ ᠰᠢᠬᠢᠷ ᠵᠢᠴᠢ ᠡᠯᠳᠡᠪ ᠠᠮᠤ ᠶᠢᠨ ᠪᠦᠲᠦᠭᠡᠭᠳᠡᠬᠦᠨ ᠂ ᠨᠠᠷᠠᠨ ᠬᠤᠸᠠᠷ ᠤᠨ ᠦᠷ᠎ᠡ ᠵᠡᠷᠭᠡ ᠰᠡᠯᠡᠭᠦᠴᠡᠯ ᠤᠨ ᠳᠦᠭᠦᠮ ᠢᠳᠡᠭᠡᠨ ᠤ ᠵᠦᠢᠯ ᠂ ᠠᠮᠲᠠ ᠣᠷᠤᠭᠤᠯᠬᠤ ᠪᠦᠲᠦᠭᠡᠭᠳᠡᠬᠦᠨ ᠂ ᠣᠨᠴᠠᠯᠢᠭᠲᠤ ᠡᠷᠡᠭᠦᠯᠵᠢᠯ ᠤᠨ ᠪᠦᠲᠦᠭᠡᠭᠳᠡᠬᠦᠨ ᠂ ᠠᠷᠢᠬᠢᠨ ᠤ ᠵᠦᠢᠯ ᠤᠨ ᠪᠦᠲᠦᠭᠡᠭᠳᠡᠬᠦᠨ ᠵᠡᠷᠭᠡ10 ᠲᠦᠷᠦᠯ ᠢᠯᠭᠠᠯ ᠤᠨ ᠲᠠᠯ᠎ᠠ ᠳᠤ ᠰᠢᠪᠲᠤᠯᠤᠯᠲᠠ ᠭᠠᠷᠭᠠᠵᠤ ᠬᠥᠭᠵᠢᠭᠦᠯᠦᠨ᠎ᠡ ᠃

     ︵ᠨᠢᠭᠡ ︶ ᠰᠦ ᠴᠠᠭᠠᠨ ᠢᠳᠡᠭᠡᠨ ᠤ ᠪᠦᠲᠦᠭᠡᠭᠳᠡᠬᠦᠨ ᠃ ᠬᠠᠲᠤᠨ ᠭᠤᠣᠯ ᠂ ᠨᠤᠨ ᠮᠥᠷᠡᠨ ᠂ ᠪᠠᠷᠠᠭᠤᠨ ᠯᠢᠶᠣᠣ ᠾᠧ ᠭᠤᠣᠯ ᠤᠨ ᠰᠠᠪᠠ ᠭᠠᠵᠠᠷ ᠪᠠ ᠬᠥᠯᠥᠨ ᠪᠣᠶᠢᠷ ᠂ ᠰᠢᠯᠢ ᠶᠢᠨ ᠭᠤᠣᠯ ᠤᠨ ᠲᠠᠯ᠎ᠠ ᠨᠤᠲᠤᠭ ᠵᠡᠷᠭᠡ 5 ᠲᠣᠮᠣ ᠰᠦ ᠶᠢᠨ ᠭᠠᠷᠤᠯᠲᠠ ᠶᠢᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠪᠠᠨ ᠴᠢᠩᠭᠠᠳᠬᠠᠵᠤ ᠂ ᠰᠦ ᠶᠢᠨ ᠭᠠᠷᠤᠯᠲᠠ ᠶᠢᠨ ᠳᠠᠪᠠᠭᠤᠯᠢᠭ ᠲᠤ ᠲᠦᠰᠢᠭᠯᠡᠨ ᠂ ᠰᠢᠩᠭᠡᠨ ᠲᠥᠯᠥᠪᠲᠦ ᠰᠦ ᠶᠢᠨ ᠠᠵᠤ ᠦᠢᠯᠡᠰ ᠢ ᠦᠷᠭᠦᠯᠵᠢᠯᠡᠨ ᠪᠤᠵᠠᠭᠠᠶᠢᠷᠠᠭᠤᠯᠤᠨ ᠬᠦᠴᠦᠷᠬᠡᠭᠵᠢᠭᠦᠯᠦᠨ᠎ᠡ ᠃ ᠪᠦᠲᠦᠭᠡᠭᠳᠡᠬᠦᠨ ᠤ ᠪᠦᠲᠦᠴᠡ ᠨᠢ ᠰᠢᠯᠢᠳᠡᠭ ᠪᠤᠰᠤ ᠂ ᠵᠠᠬ᠎ᠠ ᠳᠡᠯᠭᠡᠭᠦᠷ ᠢ ᠥᠷᠭᠡᠵᠢᠭᠦᠯᠬᠦ ᠲᠠᠯ᠎ᠠ ᠪᠠᠷ ᠨᠡᠯᠢᠶᠡᠳ ᠤᠳᠠᠭᠠᠯᠢᠭ ᠪᠠᠶᠢᠭ᠎ᠠ ᠠᠰᠠᠭᠤᠳᠠᠯ ᠳᠤ ᠴᠢᠭᠯᠡᠭᠦᠯᠦᠨ ᠂ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠤᠨ ᠬᠢᠨ ᠤ ᠪᠦᠲᠦᠭᠡᠭᠳᠡᠬᠦᠨ ᠤ ᠪᠦᠲᠦᠴᠡ ᠳᠤ ᠪᠠᠨ ᠲᠣᠬᠢᠷᠠᠭᠤᠯᠤᠯᠲᠠ ᠬᠢᠬᠦ ᠪᠠ ᠠᠵᠤ ᠦᠢᠯᠡᠰ ᠤᠨ ᠳᠡᠰ ᠳᠡᠪᠰᠢᠬᠦ ᠳᠤ  ᠨᠢ ᠳᠡᠮᠵᠢᠯᠭᠡ ᠦᠵᠡᠭᠦᠯᠵᠦ ᠂ ᠪᠢᠰᠢᠯᠠᠭ ᠂ ᠰᠢᠷᠠᠰᠤ ᠂ ᠰᠦᠨ ᠲᠡᠮᠦᠷᠳᠦ ᠤᠭᠤᠷᠠᠭ ᠂ ᠠᠨᠠᠭᠠᠬᠤ ᠤᠬᠠᠭᠠᠨ ᠤ ᠣᠨᠴᠠ ᠬᠡᠷᠡᠭᠴᠡᠭᠡᠨ ᠳᠤ ᠬᠡᠷᠡᠭᠯᠡᠬᠦ ᠨᠠᠶᠢᠷᠠᠯᠭ᠎ᠠ ᠲᠠᠢ ᠢᠳᠡᠭᠡᠨ ᠤ ᠵᠦᠢᠯ ᠵᠡᠷᠭᠡ ᠰᠦ ᠴᠠᠭᠠᠨ ᠢᠳᠡᠭᠡᠨ ᠤ ᠪᠦᠲᠦᠭᠡᠭᠳᠡᠬᠦᠨ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠂ ᠰᠦ ᠴᠠᠭᠠᠨ ᠢᠳᠡᠭᠡᠨ ᠤ ᠪᠦᠲᠦᠭᠡᠭᠳᠡᠬᠦᠨ ᠡᠳ᠋ᠰᠢᠭᠦᠯᠦᠨ ᠪᠣᠯᠪᠠᠰᠤᠷᠠᠭᠤᠯᠬᠤ ᠳᠤᠮᠳᠠ ᠵᠢᠵᠢᠭ ᠠᠵᠤ ᠠᠬᠤᠶᠢᠯᠠᠯ ᠤᠨ ︽ᠲᠤᠰᠬᠠᠢ ᠨᠠᠷᠢᠯᠢᠭ ᠥᠪᠡᠷᠮᠢᠴᠡ ᠰᠢᠨ᠎ᠡ ︾ ᠵᠠᠮ ᠢᠶᠠᠷ ᠵᠠᠮᠨᠠᠬᠤ ᠶᠢ ᠳᠠᠮᠵᠢᠵᠤ ᠂ ᠣᠷᠣᠨ ᠨᠤᠲᠤᠭ ᠤᠨ ᠣᠨᠴᠠᠯᠢᠭᠲᠤ ᠰᠦ ᠴᠠᠭᠠᠨ ᠢᠳᠡᠭᠡᠨ ᠤ ᠪᠦᠲᠦᠭᠡᠭᠳᠡᠬᠦᠨ ᠤ ᠠᠵᠤ ᠠᠬᠤᠶᠢᠯᠠᠯ ᠂ ᠵᠢᠵᠢᠭ ᠬᠡᠯᠪᠡᠷᠢ ᠶᠢᠨ ᠦᠢᠯᠡᠳᠪᠦᠷᠢᠯᠡᠯ ᠤᠨ ᠦᠢᠯᠡᠳᠬᠡᠯ ᠤᠨ ᠭᠠᠵᠠᠷ ᠤᠨ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠣᠯᠪᠠᠰᠤᠷᠠᠭᠤᠯᠬᠤ ᠬᠦᠷᠢᠶᠡᠯᠡᠩ ᠲᠣᠭᠤᠷᠢᠭ ᠲᠤ ᠰᠠᠭᠤᠷᠢᠰᠢᠬᠤ ᠶᠢ ᠠᠬᠢᠭᠤᠯᠵᠤ ᠂ ᠨᠥᠬᠦᠴᠡᠯ ᠲᠠᠢ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠢ ᠶᠢᠨ ᠲᠤᠬᠠᠢ ᠶᠢᠨ ᠭᠠᠵᠠᠷ ᠲᠤ ᠪᠠᠨ ᠡᠳ᠋ᠰᠢᠭᠦᠯᠦᠨ ᠪᠣᠯᠪᠠᠰᠤᠷᠠᠭᠤᠯᠬᠤ ᠂ ᠣᠶᠢᠷ᠎ᠠ ᠬᠠᠪᠢ ᠳᠤ ᠪᠠᠨ ᠲᠣᠬᠢᠷᠠᠭᠤᠯᠤᠨ ᠬᠦᠷᠭᠡᠬᠦ ᠶᠢ ᠵᠣᠷᠢᠭᠵᠢᠭᠤᠯᠵᠤ ᠂ ᠲᠡᠵᠢᠭᠡᠨ ᠦᠷᠡᠵᠢᠭᠦᠯᠵᠦ ᠡᠳ᠋ᠰᠢᠭᠦᠯᠦᠨ ᠪᠣᠯᠪᠠᠰᠤᠷᠠᠭᠤᠯᠬᠤ ᠶᠢᠨ ᠨᠢᠭᠡ ᠴᠣᠭᠴᠠᠵᠢᠨ ᠬᠥᠭᠵᠢᠬᠦ ᠶᠢ ᠨᠢ ᠠᠬᠢᠭᠤᠯᠤᠨ᠎ᠠ ᠃ ᠭᠡᠭᠦᠦ ᠶᠢᠨ ᠰᠦ ᠂ ᠬᠤᠨᠢ ᠢᠮᠠᠭᠠᠨ ᠰᠦ ᠂ ᠢᠩᠭᠡᠨ ᠰᠦ ᠵᠡᠷᠭᠡ ᠰᠦᠨ ᠤ ᠪᠦᠲᠦᠭᠡᠭᠳᠡᠬᠦᠨ ᠢ ᠢᠳᠡᠪᠬᠢᠲᠡᠢ ᠬᠥᠭᠵᠢᠭᠦᠯᠦᠨ᠎ᠡ ᠃

     ︵ᠬᠤᠶᠠᠷ ︶ ᠦᠬᠡᠷ ᠬᠤᠨᠢ ᠢᠮᠠᠭᠠᠨ ᠮᠢᠬᠠᠨ ᠤ ᠪᠦᠲᠦᠭᠡᠭᠳᠡᠬᠦᠨ ᠃ ᠬᠥᠯᠥᠨ ᠪᠣᠶᠢᠷ ᠬᠤᠲᠠ ᠂ ᠬᠢᠩᠭᠠᠨ ᠠᠶᠢᠮᠠᠭ ᠂ ᠲᠦᠩᠯᠢᠶᠣᠣ ᠬᠤᠲᠠ ᠂ ᠤᠯᠠᠭᠠᠨᠬᠠᠳᠠ ᠬᠤᠲᠠ ᠂ ᠰᠢᠯᠢ ᠶᠢᠨ ᠭᠤᠣᠯ ᠠᠶᠢᠮᠠᠭ ᠂ ᠪᠠᠶᠠᠨᠨᠠᠭᠤᠷ ᠬᠤᠲᠠ ᠵᠡᠷᠭᠡ ᠠᠶᠢᠮᠠᠭ ᠬᠤᠲᠠ ᠪᠠᠷ ᠭᠤᠣᠯᠳᠠᠯᠭ᠎ᠠ ᠪᠣᠯᠭᠠᠨ ᠂ ᠲᠦᠭᠦᠬᠡᠢ ᠮᠠᠲ᠋ᠧᠷᠢᠶᠠᠯ ᠤᠨ ᠳᠠᠪᠠᠭᠤᠯᠢᠭ ᠲᠤ ᠲᠦᠰᠢᠭᠯᠡᠵᠦ ᠂ ᠠᠮᠢᠳᠤ ᠮᠠᠯ ᠢ ᠭᠠᠳᠠᠭᠰᠢ ᠭᠠᠷᠭᠠᠬᠤ ᠂ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠳᠣᠣᠷᠠᠳᠤ ᠳᠡᠰ ᠤᠨ ᠢᠵᠢᠯᠢ ᠴᠢᠨᠠᠷ ᠤᠨ ᠥᠷᠢᠰᠦᠯᠳᠦᠭᠡᠨ ᠬᠢᠬᠦ ᠂ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠪᠠᠷ ᠬᠦᠷᠦᠯᠴᠡᠬᠦ ᠦᠭᠡᠢ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠢᠶᠠᠷ ᠠᠨᠠᠶᠢᠬᠠᠨ ᠪᠠᠶᠢᠭ᠎ᠠ ᠠᠰᠠᠭᠤᠳᠠᠯ ᠳᠤ ᠴᠢᠭᠯᠡᠭᠦᠯᠦᠨ ᠂ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠤᠨ ᠪᠡᠯᠡ ᠭᠠᠷᠭᠠᠵᠤ ᠬᠤᠳᠠᠯᠳᠤᠨ ᠠᠪᠬᠤ ᠂ ᠬᠤᠪᠢᠴᠠᠭ᠎ᠠ ᠡᠵᠡᠮᠳᠡᠬᠦ ᠂ ᠨᠡᠶᠢᠯᠡᠭᠦᠯᠦᠨ ᠡᠵᠡᠩᠨᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ ᠶᠢ ᠨᠢ ᠳᠠᠮᠵᠢᠵᠤ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠪᠠ ᠪᠦᠲᠦᠭᠡᠭᠳᠡᠬᠦᠨ ᠳᠤ ᠰᠢᠨ᠎ᠡ ᠶᠢ ᠡᠭᠦᠳᠬᠦ ᠠᠵᠢᠯ ᠢ ᠢᠳᠡᠪᠬᠢᠲᠡᠢ ᠥᠷᠨᠢᠭᠦᠯᠦᠨ ᠂ ᠬᠡᠯᠬᠢᠶ᠎ᠡ ᠶᠢ ᠤᠷᠲᠤᠳᠬᠠᠬᠤ ᠨᠥᠬᠦᠪᠦᠷᠢᠯᠡᠬᠦ ᠴᠢᠩᠳᠠᠯᠠᠬᠤ ᠪᠠᠨ ᠲᠦᠷᠭᠡᠳᠬᠡᠵᠦ ᠂ ᠦᠬᠡᠷ ᠂ ᠬᠤᠨᠢ ᠢᠮᠠᠭ᠎ᠠ ᠶᠢ ᠨᠠᠷᠢᠯᠢᠭ ᠮᠥᠴᠢᠯᠡᠵᠦ ᠰᠠᠯᠭᠠᠭᠰᠠᠨ ᠮᠢᠬᠠᠨ ᠤ ᠪᠦᠲᠦᠭᠡᠭᠳᠡᠬᠦᠨ ᠪᠠ ᠵᠢᠶᠠᠩᠯᠠᠭᠰᠠᠨ ᠰᠢᠭᠦᠰᠦᠯᠡᠭᠰᠡᠨ ᠤᠲᠤᠭᠰᠠᠨ ᠰᠢᠷᠠᠭᠰᠠᠨ ᠮᠢᠬ᠎ᠠ ᠵᠡᠷᠭᠡ ᠪᠣᠯᠭᠤᠭᠰᠠᠨ ᠢᠳᠡᠭᠡᠨ ᠤ ᠪᠦᠲᠦᠭᠡᠭᠳᠡᠬᠦᠨ ᠂ ᠤᠷᠢᠳᠴᠢᠯᠠᠨ ᠬᠢᠭᠰᠡᠨ ᠵᠠᠭᠤᠰᠢ ᠶᠢ ᠭᠤᠣᠯᠳᠠᠯᠭ᠎ᠠ ᠲᠠᠢ ᠬᠥᠭᠵᠢᠭᠦᠯᠵᠦ ᠂ ᠬᠤᠨᠢᠨ ᠠᠷᠠᠰᠤᠨ ᠰᠢᠷᠪᠦᠰᠦ ᠂ ᠬᠤᠨᠢᠨ ᠠᠷᠠᠰᠤᠨ ᠴᠠᠪᠠᠤᠯᠢᠭ ᠤᠭᠤᠷᠠᠭ ᠂ ᠶᠠᠰᠤᠨ ᠡᠳ᠋ ᠤᠨ ᠲᠤᠩᠭᠠᠯᠠᠭ ᠴᠠᠪᠠᠤ ᠂ ᠴᠢᠰᠤᠨ ᠤ ᠤᠯᠠᠭᠠᠨ ᠡᠳ᠋ ᠂ ᠠᠮᠢᠳᠤ ᠪᠣᠳᠠᠰ ᠤᠨ ᠢᠳᠡᠪᠬᠢᠲᠦ ᠫᠧᠫᠲ᠋ᠢᠳ᠋ ᠵᠡᠷᠭᠡ ᠠᠷᠠᠰᠤ ᠂ ᠶᠠᠰᠤ ᠂ ᠴᠢᠰᠤ ᠂ ᠳᠣᠲᠣᠷ᠎ᠠ ᠡᠷᠬᠡᠲᠡᠨ ᠵᠡᠷᠭᠡ ᠳᠠᠭᠠᠯᠲᠠ ᠪᠦᠲᠦᠭᠡᠭᠳᠡᠬᠦᠨ ᠢ ᠥᠨᠳᠥᠷ ᠦᠷᠳᠡᠭᠵᠢᠬᠦᠯᠦᠭᠰᠡᠨ ᠰᠢᠷᠢᠰ ᠢᠳᠡᠭᠡᠨ ᠤ ᠵᠦᠢᠯ ᠢ ᠨᠡᠭᠡᠭᠡᠨ ᠬᠥᠭᠵᠢᠭᠦᠯᠦᠨ᠎ᠡ ᠃

     ︵ᠭᠤᠷᠪᠠ ︶ ᠡᠷᠳᠡᠨᠢ ᠰᠢᠰᠢ ᠶᠢᠨ ᠪᠦᠲᠦᠭᠡᠭᠳᠡᠬᠦᠨ ᠃ ᠬᠥᠯᠥᠨ ᠪᠣᠶᠢᠷ ᠬᠤᠲᠠ ᠂ ᠲᠦᠩᠯᠢᠶᠣᠣ ᠬᠤᠲᠠ ᠂ ᠤᠯᠠᠭᠠᠨᠬᠠᠳᠠ ᠬᠤᠲᠠ ᠂ ᠬᠦᠬᠡᠬᠤᠲᠠ ᠂ ᠪᠠᠶᠠᠨᠨᠠᠭᠤᠷ ᠬᠤᠲᠠ ᠵᠡᠷᠭᠡ ᠠᠶᠢᠮᠠᠭ ᠬᠤᠲᠠ ᠪᠠᠷ ᠭᠤᠣᠯᠳᠠᠯᠭ᠎ᠠ ᠪᠣᠯᠭᠠᠨ ᠂ ᠲᠦᠭᠦᠬᠡᠢ ᠮᠠᠲ᠋ᠧᠷᠢᠶᠠᠯ ᠤᠨ ᠳᠠᠪᠠᠭᠤᠯᠢᠭ ᠲᠤ ᠲᠦᠰᠢᠭᠯᠡᠨ ᠂ ᠠᠮᠲᠠᠨ ᠤ ᠣᠬᠢ ᠂ ᠴᠠᠷᠳᠠᠭᠤᠯ ᠂ ᠡᠷᠳᠡᠨᠢ ᠰᠢᠰᠢ ᠶᠢᠨ ᠬᠦᠪᠦᠷᠡᠯ ᠤᠨ ᠰᠣᠶᠣᠭᠠᠨ ᠲᠣᠰᠣ ᠂ ᠰᠣᠷᠭᠤᠭ ᠡᠷᠳᠡᠨᠢ ᠰᠢᠰᠢ ᠂ ᠲᠡᠵᠢᠭᠡᠯ ᠪᠣᠷᠳᠤᠭ᠎ᠠ ᠵᠡᠷᠭᠡ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠬᠤᠪᠢᠳᠠᠴᠠ ᠶᠢ ᠦᠷᠭᠦᠯᠵᠢᠯᠡᠨ ᠶᠡᠬᠡᠰᠬᠡᠨ᠎ᠡ ᠃ ᠳᠡᠭᠡᠳᠦ ᠳᠡᠰ ᠤᠨ ᠪᠦᠲᠦᠭᠡᠭᠳᠡᠬᠦᠨ ᠴᠥᠭᠡᠨ ᠂ ᠨᠠᠷᠢᠯᠢᠭ ᠭᠦᠨ ᠡᠳ᠋ᠰᠢᠭᠦᠯᠦᠨ ᠪᠤᠯᠪᠠᠰᠤᠷᠠᠭᠤᠯᠬᠤ ᠴᠢᠳᠠᠮᠵᠢ ᠬᠦᠷᠦᠯᠴᠡᠬᠦ ᠦᠭᠡᠢ ᠪᠠᠶᠢᠭ᠎ᠠ ᠠᠰᠠᠭᠤᠳᠠᠯ ᠳᠤ ᠴᠢᠭᠯᠡᠭᠦᠯᠦᠨ ᠂ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ ᠪᠠ ᠪᠦᠲᠦᠭᠡᠭᠳᠡᠬᠦᠨ ᠳᠤ ᠪᠠᠨ ᠰᠢᠨ᠎ᠡ ᠡᠭᠦᠳᠦᠯᠲᠡ ᠭᠠᠷᠭᠠᠬᠤ ᠪᠠᠨ ᠲᠦᠷᠭᠡᠳᠬᠡᠬᠦ ᠶᠢ ᠨᠢ ᠳᠠᠮᠵᠢᠵᠦ ᠂ ᠰᠢᠷ᠎ᠠ ᠤᠭ ᠴᠠᠪᠠᠤᠯᠢᠭ ᠰᠢᠬᠢᠷ ᠂ ᠬᠤᠪᠣᠷ ᠲᠣᠬᠢᠶᠠᠯᠳᠤᠬᠤ ᠠᠮᠢᠨᠤ᠋ ᠬᠦᠴᠢᠯ ᠂ ᠲᠦᠭᠦᠬᠡᠢ ᠮᠠᠲ᠋ᠧᠷᠢᠶᠠᠯ ᠤᠨ ᠡᠮ ᠂ ᠠᠮᠢᠳᠤ ᠪᠣᠳᠠᠰ ᠬᠢᠮᠢ ᠶᠢᠨ ᠠᠵᠤ ᠦᠢᠯᠡᠳᠪᠦᠷᠢ ᠵᠡᠷᠭᠡ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠭᠤᠯᠤᠭᠳᠠᠴᠠ ᠲᠠᠢ ᠪᠦᠲᠦᠭᠡᠭᠳᠡᠬᠦᠨ ᠢ ᠭᠤᠣᠯᠳᠠᠯᠭ᠎ᠠ ᠲᠠᠢ ᠪᠠᠷ ᠬᠥᠭᠵᠢᠭᠦᠯᠦᠨ᠎ᠡ ᠃

     ︵ᠳᠥᠷᠪᠡ ︶ ᠲᠥᠮᠥᠰᠥ ᠶᠢᠨ ᠪᠦᠲᠦᠭᠡᠭᠳᠡᠬᠦᠨ ᠃ ᠤᠯᠠᠭᠠᠨᠴᠠᠪ ᠬᠤᠲᠠ ᠂ ᠰᠢᠯᠢ ᠶᠢᠨ ᠭᠤᠣᠯ ᠠᠶᠢᠮᠠᠭ ᠂ ᠬᠥᠯᠥᠨ ᠪᠣᠶᠢᠷ ᠬᠤᠲᠠ ᠵᠡᠷᠭᠡ ᠠᠶᠢᠮᠠᠭ ᠬᠤᠲᠠ ᠪᠠᠷ ᠭᠤᠣᠯᠳᠠᠯᠭ᠎ᠠ ᠪᠣᠯᠭᠠᠨ ᠂ ᠥᠨᠳᠥᠷ ᠨᠡᠮᠡᠯᠲᠡ ᠦᠷᠳᠡᠭ ᠪᠦᠬᠦᠢ ᠪᠦᠲᠦᠭᠡᠭᠳᠡᠬᠦᠨ ᠤ ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠴᠢᠳᠠᠪᠤᠷᠢ ᠬᠦᠷᠦᠯᠴᠡᠬᠦ ᠦᠭᠡᠢ ᠂ ᠠᠵᠤ ᠦᠢᠯᠡᠰ ᠤᠨ ᠦᠷᠲᠡᠭ ᠨᠡᠮᠡᠭᠳᠡᠯ ᠤᠨ ᠦᠷ᠎ᠡ ᠠᠰᠢᠭ ᠢ ᠭᠦᠢᠴᠡᠳ ᠪᠠᠳᠠᠷᠠᠭᠤᠯᠤᠭᠰᠠᠨ ᠦᠭᠡᠢ ᠠᠰᠠᠭᠤᠳᠠᠯ ᠳᠤ ᠴᠢᠭᠯᠡᠭᠦᠯᠦᠨ ᠂ ᠭᠤᠣᠯ ᠭᠠᠷᠤᠯᠲᠠ ᠶᠢᠨ ᠣᠷᠣᠨ ᠤ ᠨᠠᠷᠢᠯᠢᠭ ᠴᠠᠷᠳᠠᠭᠤᠯ ᠂ ᠪᠦᠷᠢᠨ ᠨᠤᠨᠳᠠᠭ ᠵᠡᠷᠭᠡ ᠶᠢᠨ ᠨᠠᠷᠢᠯᠢᠭ ᠭᠦᠨ ᠡᠳ᠋ᠰᠢᠭᠦᠯᠦᠨ ᠪᠤᠯᠪᠠᠰᠤᠷᠠᠭᠤᠯᠬᠤ ᠳᠠᠪᠠᠭᠤᠯᠢᠭ ᠢ ᠨᠢ ᠪᠠᠬᠢᠵᠢᠭᠦᠯᠦᠨ ᠳᠡᠭᠡᠭᠰᠢᠯᠡᠭᠦᠯᠵᠦ ᠂ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠤᠨ ᠬᠤᠪᠢᠷᠠᠮᠠᠯ ᠴᠠᠷᠳᠠᠭᠤᠯ ᠵᠡᠷᠭᠡ ᠨᠠᠷᠢᠯᠢᠭ ᠭᠦᠨ ᠡᠳ᠋ᠰᠢᠭᠦᠯᠦᠨ ᠪᠤᠯᠪᠠᠰᠤᠷᠠᠭᠤᠯᠬᠤ ᠦᠢᠯᠡᠳᠪᠦᠷᠢᠯᠡᠯ ᠤᠨ ᠱᠤᠭᠤᠮ ᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠵᠦ ᠥᠷᠭᠡᠳᠬᠡᠨ ᠪᠠᠶᠢᠭᠤᠯᠬᠤ ᠶᠢ  ᠨᠢ ᠵᠣᠷᠢᠭᠵᠢᠭᠤᠯᠤᠨ ᠂ ᠲᠥᠮᠥᠰᠥᠨ ᠬᠡᠷᠴᠢᠮ ᠂ ᠲᠥᠮᠥᠰᠥᠨ ᠵᠦᠰᠦᠮ ᠂ ᠲᠥᠮᠥᠰᠥᠨ ᠪᠣᠣᠪᠤ ᠂ ᠳᠦᠭᠦᠮ ᠨᠠᠷᠢᠨ ᠹᠧᠨᠲ᠋ᠢᠶᠣᠤᠷ ᠂ ᠤᠷᠢᠳᠴᠢᠯᠠᠨ ᠬᠢᠭᠰᠡᠨ ᠵᠠᠭᠤᠰᠢ ᠂ ᠨᠤᠲᠤᠭ ᠪᠦᠰᠡ ᠶᠢᠨ ᠣᠨᠴᠠᠯᠢᠭᠲᠤ ᠭᠤᠣᠯ ᠢᠳᠡᠭᠡᠨ ᠤ ᠪᠦᠲᠦᠭᠡᠭᠳᠡᠬᠦᠨ ᠂ ᠬᠠᠭᠰᠠᠭᠠᠮᠠᠯ ᠪᠣᠣᠪᠤ ᠪᠣᠭᠤᠷᠰᠤᠭ ᠵᠡᠷᠭᠡ ᠪᠦᠲᠦᠭᠡᠭᠳᠡᠬᠦᠨ ᠢ ᠭᠤᠣᠯᠳᠠᠯᠭ᠎ᠠ ᠲᠠᠢ ᠬᠥᠭᠵᠢᠭᠦᠯᠵᠦ ᠂ ᠢᠳᠡᠭᠡᠨ ᠤ ᠰᠢᠷᠬᠡᠭᠯᠢᠭ ᠡᠳ᠋ ᠂ ᠵᠢᠮᠢᠰ ᠤᠨ ᠴᠠᠪᠠᠤᠯᠢᠭ ᠂ ᠲᠥᠮᠥᠰᠥ ᠶᠢᠨ ᠤᠭᠤᠷᠠᠭ ᠵᠡᠷᠭᠡ ᠥᠨᠳᠥᠷ ᠨᠡᠮᠡᠯᠲᠡ ᠦᠷᠲᠡᠭ ᠪᠦᠬᠦᠢ ᠪᠦᠲᠦᠭᠡᠭᠳᠡᠬᠦᠨ ᠢ ᠨᠡᠭᠡᠭᠡᠨ ᠬᠥᠭᠵᠢᠭᠦᠯᠦᠨ᠎ᠡ ᠃

     ︵ᠲᠠᠪᠤ ︶ ᠰᠢᠷ᠎ᠠ ᠪᠤᠷᠴᠠᠭ ᠤᠨ ᠪᠦᠲᠦᠭᠡᠭᠳᠡᠬᠦᠨ ᠃ ᠬᠥᠯᠥᠨ ᠪᠣᠶᠢᠷ ᠬᠤᠲᠠ ᠂ ᠬᠢᠩᠭᠠᠨ ᠠᠶᠢᠮᠠᠭ ᠂ ᠤᠯᠠᠭᠠᠨᠬᠠᠳᠠ ᠬᠤᠲᠠ ᠵᠡᠷᠭᠡ ᠠᠶᠢᠮᠠᠭ ᠬᠤᠲᠠ ᠪᠠᠷ ᠭᠤᠣᠯᠳᠠᠯᠭ᠎ᠠ ᠪᠣᠯᠭᠠᠨ ᠂ ᠲᠦᠭᠦᠬᠡᠢ ᠮᠠᠲ᠋ᠧᠷᠢᠶᠠᠯ ᠤᠨ ᠳᠠᠪᠠᠭᠤᠯᠢᠭ ᠪᠠ ᠲᠦᠷᠦᠯ ᠵᠦᠢᠯ ᠤᠨ ᠣᠨᠴᠠᠯᠢᠭ ᠲᠤ ᠲᠦᠰᠢᠭᠯᠡᠵᠦ ᠂ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠤᠨ ᠬᠡᠪᠴᠢᠶ᠎ᠡ ᠪᠠᠷ ᠵᠢᠵᠢᠭ ᠂ ᠨᠠᠷᠢᠯᠢᠭ ᠭᠦᠨ ᠡᠳ᠋ᠰᠢᠭᠦᠯᠦᠨ ᠪᠤᠯᠪᠠᠰᠤᠷᠠᠭᠤᠯᠬᠤ ᠪᠠᠷ ᠬᠦᠷᠦᠯᠴᠡᠬᠦ ᠦᠭᠡᠢ ᠪᠠᠶᠢᠭ᠎ᠠ ᠠᠰᠠᠭᠤᠳᠠᠯ ᠳᠤ ᠴᠢᠭᠯᠡᠭᠦᠯᠦᠨ ᠂ ᠣᠳᠣ ᠶᠢᠨ ᠪᠠᠶᠢᠭ᠎ᠠ ᠰᠢᠷ᠎ᠠ ᠪᠤᠷᠴᠠᠭ ᠤᠨ ᠲᠣᠰᠣ ᠡᠳ᠋ᠰᠢᠭᠦᠯᠦᠨ ᠪᠤᠯᠪᠠᠰᠤᠷᠠᠭᠤᠯᠬᠤ ᠴᠢᠳᠠᠮᠵᠢ ᠶᠢ ᠭᠦᠢᠴᠡᠳ ᠬᠥᠭᠵᠢᠭᠡᠵᠦ ᠂ ᠬᠠᠷᠠᠰᠣ ᠮᠢᠬ᠎ᠠ ᠂ ᠤᠭᠤᠷᠠᠭ ᠤᠨ ᠲᠦᠷᠦᠯ ᠤᠨ ᠪᠦᠲᠦᠭᠡᠭᠳᠡᠬᠦᠨ ᠡᠳ᠋ᠰᠢᠭᠦᠯᠦᠨ ᠪᠤᠯᠪᠠᠰᠤᠷᠠᠭᠤᠯᠬᠤ ᠶᠢ ᠨᠢ ᠭᠤᠣᠯᠳᠠᠯᠭ᠎ᠠ ᠲᠠᠢ ᠳᠠᠮᠵᠢᠵᠦ ᠂ ᠰᠢᠷ᠎ᠠ ᠪᠤᠷᠴᠠᠭ ᠤᠨ ᠫᠧᠫᠲ᠋ᠢᠳ᠋ ᠨᠤᠨᠳᠠᠭ ᠂ ᠰᠢᠷ᠎ᠠ ᠪᠤᠷᠴᠠᠭ ᠤᠨ ᠣᠯᠠᠨ ᠰᠢᠬᠢᠷ ᠂ ᠰᠡᠯᠡᠭᠦᠴᠡᠯ ᠤᠨ ᠬᠠᠲᠠᠭᠠᠮᠠᠯ ᠨᠢᠲᠠᠷᠬᠠᠢ ᠂ ᠭᠠᠰᠢᠯᠭᠠᠭᠰᠠᠨ ᠨᠢᠲᠠᠷᠬᠠᠢ ᠂ ᠪᠤᠷᠴᠠᠭ ᠤᠨ ᠥᠷᠥᠮ᠎ᠡ ᠂ ᠪᠤᠷᠴᠠᠭ ᠤᠨ ᠨᠤᠨᠳᠠᠭ ᠵᠡᠷᠭᠡ ᠪᠦᠲᠦᠭᠡᠭᠳᠡᠬᠦᠨ ᠢ ᠬᠥᠭᠵᠢᠭᠦᠯᠵᠦ ᠂ ᠬᠥᠯᠥᠨ ᠪᠤᠶᠢᠷ ᠤᠨ ᠰᠢᠷ᠎ᠠ ᠪᠤᠷᠴᠠᠭ ᠵᠡᠷᠭᠡ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠢ ᠪᠣᠶᠢᠵᠢᠭᠤᠯᠤᠨ᠎ᠠ ᠃

     ︵ᠵᠢᠷᠭᠤᠭ᠎ᠠ ︶ ᠠᠮᠤ ᠭᠤᠯᠢᠷ ᠲᠣᠰᠣ ᠰᠢᠬᠢᠷ ᠵᠢᠴᠢ ᠡᠯᠳᠡᠪ ᠠᠮᠤ ᠶᠢᠨ ᠪᠦᠲᠦᠭᠡᠭᠳᠡᠬᠦᠨ ᠃ ᠤᠯᠠᠭᠠᠨᠬᠠᠳᠠ ᠬᠤᠲᠠ ᠂ ᠪᠠᠶᠠᠨᠨᠠᠭᠤᠷ ᠬᠤᠲᠠ ᠂ ᠬᠢᠩᠭᠠᠨ ᠠᠶᠢᠮᠠᠭ ᠂ ᠲᠦᠩᠯᠢᠶᠣᠣ ᠬᠤᠲᠠ ᠂ ᠬᠦᠬᠡᠬᠤᠲᠠ ᠂ ᠤᠯᠠᠭᠠᠨᠴᠠᠪ ᠬᠤᠲᠠ ᠂ ᠬᠥᠯᠥᠨ ᠪᠣᠶᠢᠷ ᠬᠤᠲᠠ ᠂ ᠪᠤᠭᠤᠲᠤ ᠬᠤᠲᠠ ᠵᠡᠷᠭᠡ ᠠᠶᠢᠮᠠᠭ ᠬᠤᠲᠠ ᠪᠠᠷ ᠭᠤᠣᠯᠳᠠᠯᠭ᠎ᠠ ᠪᠣᠯᠭᠠᠨ ᠂ ᠭᠠᠷᠤᠯᠲᠠ ᠶᠢᠨ ᠣᠷᠣᠨ ᠤ ᠳᠠᠪᠠᠭᠤᠯᠢᠭ ᠲᠤ ᠲᠦᠰᠢᠭᠯᠡᠵᠦ ᠂ ᠡᠳ᠋ᠰᠢᠭᠦᠯᠦᠨ ᠪᠤᠯᠪᠠᠰᠤᠷᠠᠭᠤᠯᠬᠤ ᠠᠷᠭ᠎ᠠ ᠮᠠᠶ᠋ᠢᠭ ᠢᠶᠠᠷ ᠬᠤᠴᠤᠷᠤᠩᠭᠤᠢ ᠂ ᠪᠦᠲᠦᠭᠡᠭᠳᠡᠬᠦᠨ ᠨᠢ ᠳᠠᠩ ᠴᠤᠯᠭᠤᠢ ᠂ ᠮᠡᠷᠭᠡᠵᠢᠯ ᠲᠥᠬᠦᠭᠡᠷᠦᠮᠵᠢ ᠶᠢᠨ ᠬᠢᠷᠢ ᠲᠦᠪᠰᠢᠨ ᠨᠢ ᠳᠣᠣᠷ᠎ᠠ ᠪᠠᠶᠢᠬᠤ ᠠᠰᠠᠭᠤᠳᠠᠯ ᠳᠤ ᠴᠢᠭᠯᠡᠭᠦᠯᠦᠨ ᠂ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠤᠨ ᠮᠡᠷᠭᠡᠵᠢᠯ ᠤᠨ ᠲᠠᠯ᠎ᠠ ᠳᠤ ᠰᠢᠨ᠎ᠡ ᠶᠢ ᠡᠭᠦᠳᠬᠦ ᠪᠠ ᠲᠥᠬᠦᠭᠡᠷᠦᠮᠵᠢ ᠪᠠᠨ ᠰᠢᠨᠡᠳᠬᠡᠨ ᠥᠭᠡᠷᠡᠴᠢᠯᠡᠬᠦ ᠶᠢ ᠨᠢ ᠳᠠᠮᠵᠢᠵᠤ ᠂ ᠲᠤᠲᠤᠷᠭ᠎ᠠ ᠂ ᠨᠠᠷᠢᠮᠤ ᠂ ᠭᠤᠯᠢᠷ ᠂ ᠨᠠᠷᠠᠨ ᠬᠤᠸᠠᠷ ᠤᠨ ᠲᠣᠰᠣ ᠂ ᠶᠠᠮᠠ ᠶᠢᠨ ᠦᠷ᠎ᠡ ᠶᠢᠨ ᠲᠣᠰᠣ ᠂ ᠳᠥᠷᠪᠡᠯᠵᠢᠨ ᠰᠢᠬᠢᠷ ᠂ ᠴᠠᠰᠤᠨ ᠰᠢᠬᠢᠷ ᠂ ᠴᠠᠭᠠᠨ ᠬᠠᠶᠢᠷᠮᠠᠭ ᠰᠢᠬᠢᠷ ᠪᠠ ᠨᠣᠬᠠᠢ ᠶᠢᠨ ᠬᠤᠰᠢᠭᠤ ᠶᠢᠨ ᠠᠮᠤ ᠂ ᠨᠣᠬᠠᠢ ᠶᠢᠨ ᠬᠤᠰᠢᠭᠤ ᠶᠢᠨ ᠬᠡᠯᠲᠡᠷᠬᠡᠢ ᠂ ᠰᠠᠭᠠᠭ ᠂ ᠨᠣᠶᠢᠯ ᠪᠤᠭᠤᠳᠠᠢ ᠵᠡᠷᠭᠡ ᠡᠯᠳᠡᠪ ᠠᠮᠤ ᠶᠢᠨ ᠪᠦᠲᠦᠭᠡᠭᠳᠡᠬᠦᠨ ᠢ ᠭᠤᠣᠯᠳᠠᠯᠭ᠎ᠠ ᠲᠠᠢ ᠬᠥᠭᠵᠢᠭᠦᠯᠵᠦ ᠂ ᠬᠢᠩᠭᠠᠨ ᠠᠶᠢᠮᠠᠭ ᠤᠨ ᠲᠤᠲᠤᠷᠭ᠎ᠠ ᠂ ᠪᠠᠶᠠᠨᠨᠠᠭᠤᠷ ᠤᠨ ᠪᠤᠭᠤᠳᠠᠢ ᠂ ᠪᠣᠷᠣᠳᠣᠬᠤᠢ ᠶᠢᠨ ᠨᠠᠷᠠᠨ ᠬᠤᠸᠠᠷ ᠂ ᠠᠤᠬᠠᠨ ᠤ ᠨᠠᠷᠢᠮᠤ ᠂ ᠤᠯᠠᠭᠠᠨᠴᠠᠪ ᠤᠨ ᠨᠣᠬᠠᠢ ᠶᠢᠨ ᠬᠤᠰᠢᠭᠤ ᠂ ᠬᠦᠷᠢᠶ᠎ᠡ ᠶᠢᠨ ᠰᠠᠭᠠᠭ ᠵᠡᠷᠭᠡ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠢ ᠲᠣᠪᠤᠶᠢᠯᠭᠠᠨ ᠪᠣᠶᠢᠵᠢᠭᠤᠯᠤᠨ᠎ᠠ ᠃

     ︵ᠳᠣᠯᠤᠭ᠎ᠠ ︶ ᠨᠠᠷᠠᠨ ᠬᠤᠸᠠᠷ ᠤᠨ ᠦᠷ᠎ᠡ ᠵᠡᠷᠭᠡ ᠰᠡᠯᠡᠭᠦᠴᠡᠯ ᠤᠨ ᠳᠦᠭᠦᠮ ᠢᠳᠡᠭᠡᠨ ᠤ ᠵᠦᠢᠯ ᠃ ᠪᠠᠶᠠᠨᠨᠠᠭᠤᠷ ᠬᠤᠲᠠ ᠂ ᠲᠦᠩᠯᠢᠶᠣᠣ ᠬᠤᠲᠠ ᠂ ᠤᠯᠠᠭᠠᠨᠴᠠᠪ ᠬᠤᠲᠠ ᠂ ᠪᠤᠭᠤᠲᠤ ᠬᠤᠲᠠ ᠂ ᠰᠢᠯᠢ ᠶᠢᠨ ᠭᠤᠣᠯ ᠠᠶᠢᠮᠠᠭ ᠂ ᠬᠥᠯᠥᠨ ᠪᠣᠶᠢᠷ ᠬᠤᠲᠠ ᠂ ᠤᠯᠠᠭᠠᠨᠬᠠᠳᠠ ᠬᠤᠲᠠ ᠵᠡᠷᠭᠡ ᠠᠶᠢᠮᠠᠭ ᠬᠤᠲᠠ ᠪᠠᠷ ᠭᠤᠣᠯᠳᠠᠯᠭ᠎ᠠ ᠪᠣᠯᠭᠠᠨ ᠂ ᠨᠠᠷᠠᠨ ᠬᠤᠸᠠᠷ ᠂ ᠦᠬᠡᠷ ᠤᠨ ᠮᠢᠬ᠎ᠠ ᠂ ᠵᠢᠮᠢᠰ ᠪᠠ ᠢᠳᠡᠰᠢᠨ ᠨᠣᠭᠤᠭ᠎ᠠ ᠵᠡᠷᠭᠡ ᠡᠬᠢ ᠪᠠᠶᠠᠯᠢᠭ ᠤᠨ ᠳᠠᠪᠠᠭᠤᠯᠢᠭ ᠢ ᠪᠠᠳᠠᠷᠠᠭᠤᠯᠵᠤ ᠂ ᠮᠡᠷᠭᠡᠵᠢᠯ ᠲᠣᠨᠣᠭᠯᠠᠯ ᠤᠨ ᠬᠢᠷᠢ ᠲᠦᠪᠰᠢᠨ ᠢᠶᠠᠷ ᠳᠣᠣᠷ᠎ᠠ ᠂ ᠪᠦᠲᠦᠭᠡᠭᠳᠡᠬᠦᠨ ᠤ ᠲᠦᠷᠦᠯ ᠢᠯᠭᠠᠯ ᠢᠶᠠᠷ ᠴᠥᠭᠡᠨ ᠪᠠᠶᠢᠬᠤ ᠠᠰᠠᠭᠤᠳᠠᠯ ᠳᠤ ᠴᠢᠭᠯᠡᠭᠦᠯᠦᠨ ᠂ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠤᠨ ᠪᠦᠲᠦᠭᠡᠭᠳᠡᠬᠦᠨ ᠰᠤᠳᠤᠯᠤᠨ ᠨᠡᠭᠡᠭᠡᠬᠦ ᠂ ᠮᠡᠷᠭᠡᠵᠢᠯ ᠤᠨ ᠰᠢᠨ᠎ᠡ ᠶᠢ ᠡᠭᠦᠳᠬᠦ ᠂ ᠲᠥᠬᠦᠭᠡᠷᠦᠮᠵᠢ ᠪᠠᠨ ᠰᠢᠨᠡᠳᠬᠡᠬᠦ ᠶᠢ ᠨᠢ ᠳᠠᠮᠵᠢᠵᠤ ᠂ ᠭᠤᠸᠠ ᠶᠢᠨ ᠦᠷ᠎ᠡ ︵ᠨᠠᠷᠠᠨ ᠬᠤᠸᠠᠷ ᠤᠨ ᠦᠷ᠎ᠡ ᠂ ᠯᠠᠩᠭᠤᠸᠠ ᠶᠢᠨ ᠦᠷ᠎ᠡ ᠂ ᠬᠤᠯᠤ ᠶᠢᠨ ᠦᠷ᠎ᠡ ᠵᠡᠷᠭᠡ ︶᠂ ᠦᠬᠡᠷ ᠤᠨ ᠪᠣᠷᠴᠠ ᠂ ᠵᠢᠮᠢᠰ ᠪᠠ ᠢᠳᠡᠰᠢᠨ ᠨᠣᠭᠤᠭᠠᠨ ᠤ ᠬᠡᠦᠷᠡᠭ ᠢᠯᠲᠠᠰᠤ ᠂ ᠵᠢᠮᠢᠰ ᠤᠨ ᠬᠠᠲᠠᠭᠠᠮᠠᠯ ᠂ ᠲᠦᠷᠭᠡᠨ ᠬᠥᠯᠳᠡᠭᠡᠭᠰᠡᠨ ᠱᠣᠣᠮᠠᠢ ᠵᠡᠷᠭᠡ ᠪᠦᠲᠦᠭᠡᠭᠳᠡᠬᠦᠨ ᠢ ᠭᠤᠣᠯᠳᠠᠯᠭ᠎ᠠ ᠲᠠᠢ ᠬᠥᠭᠵᠢᠭᠦᠯᠵᠦ ᠂ ᠨᠢᠭᠡ ᠪᠦᠯᠦᠭ ᠰᠡᠯᠡᠭᠦᠴᠡᠯ ᠤᠨ ᠳᠥᠭᠦᠮ ᠢᠳᠡᠭᠡᠨ ᠤ ᠵᠦᠢᠯ ᠪᠠ ᠨᠡᠷᠡᠲᠦ ᠲᠡᠮᠳᠡᠭ ᠢ ᠰᠢᠨ᠎ᠡ ᠪᠠᠷ ᠪᠣᠶᠢᠵᠢᠭᠤᠯᠤᠨ᠎ᠠ ᠃

     ︵ᠨᠠᠢᠮᠠ ︶ ᠠᠮᠲᠠ ᠣᠷᠤᠭᠤᠯᠬᠤ ᠪᠦᠲᠦᠭᠡᠭᠳᠡᠬᠦᠨ ᠃ ᠬᠦᠬᠡᠬᠤᠲᠠ ᠂ ᠪᠠᠶᠠᠨᠨᠠᠭᠤᠷ ᠬᠤᠲᠠ ᠂ ᠪᠤᠭᠤᠲᠤ ᠬᠤᠲᠠ ᠂ ᠬᠢᠩᠭᠠᠨ ᠠᠶᠢᠮᠠᠭ ᠵᠡᠷᠭᠡ ᠠᠶᠢᠮᠠᠭ ᠬᠤᠲᠠ ᠪᠠᠷ ᠭᠤᠣᠯᠳᠠᠯᠭ᠎ᠠ ᠪᠣᠯᠭᠠᠨ ᠂ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠳᠤ ᠲᠦᠰᠢᠭᠯᠡᠵᠦ ᠂ ᠮᠡᠷᠭᠡᠵᠢᠯ ᠤᠨ ᠰᠢᠨ᠎ᠡ ᠡᠭᠦᠳᠦᠯᠲᠡ ᠬᠦᠷᠦᠯᠴᠡᠬᠦ ᠦᠭᠡᠢ ᠂ ᠨᠡᠷᠡᠲᠦ ᠲᠡᠮᠳᠡᠭ ᠤᠨ ᠲᠠᠨᠢᠨ ᠮᠡᠳᠡᠬᠦ ᠬᠡᠮᠵᠢᠶ᠎ᠡ ᠳᠣᠣᠷ᠎ᠠ ᠪᠠᠶᠢᠬᠤ ᠠᠰᠠᠭᠤᠳᠠᠯ ᠳᠤ ᠴᠢᠭᠯᠡᠭᠦᠯᠦᠨ ᠂ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ ᠢᠶᠠᠨ ᠤᠯᠠᠷᠢᠭᠤᠯᠬᠤ ᠶᠢ ᠨᠢ ᠳᠠᠮᠵᠢᠵᠤ ᠂ ᠭᠠᠷᠭᠠᠨ ᠠᠪᠬᠤ ᠂ ᠢᠰᠬᠡᠭᠦᠷ ᠤᠨ ᠵᠠᠳᠠᠷᠠᠯ ᠂ ᠢᠰᠬᠡᠬᠦ ᠵᠡᠷᠭᠡ ᠮᠡᠷᠭᠡᠵᠢᠯ ᠢᠶᠠᠷ ᠳᠠᠮᠵᠢᠭᠤᠯᠤᠨ ᠂ ᠲᠡᠵᠢᠭᠡᠯᠲᠦ ᠴᠢᠨᠠᠷᠲᠠᠢ ᠱᠥᠯᠥᠨ ᠨᠠᠶᠢᠷᠠᠯᠭ᠎ᠠ ᠵᠡᠷᠭᠡ ᠰᠢᠨ᠎ᠡ ᠪᠦᠲᠦᠭᠡᠭᠳᠡᠬᠦᠨ ᠢ ᠨᠡᠭᠡᠭᠡᠨ ᠬᠥᠭᠵᠢᠭᠦᠯᠵᠦ ᠂ ᠬᠠᠯᠠᠭᠤᠨ ᠲᠣᠭᠤᠭᠠᠨ ᠤ ᠨᠠᠶᠢᠷᠠᠯᠭ᠎ᠠ ᠶᠢᠨ ᠮᠠᠲ᠋ᠧᠷᠢᠶᠠᠯ ᠪᠠ ᠪᠠᠭᠰᠤᠷᠭ᠎ᠠ ᠂ ᠮᠠᠭᠠᠵᠢ ᠶᠢᠨ ᠡᠭᠡᠳᠡᠩ ᠂ ᠲᠥᠪᠡᠳ ᠬᠠᠰᠢ ᠶᠢᠨ ᠡᠭᠡᠳᠡᠩ ᠂ ᠯᠠᠵᠤᠤ ᠵᠢᠶᠠᠩ ᠂ ᠵᠢᠶᠠᠩᠶ᠋ᠢᠦ ᠂ ᠢᠳᠡᠭᠡᠨ ᠤ ᠼᠤᠤ ᠂ ᠮᠠᠭᠠᠯᠢᠩᠭᠤ ᠶᠢᠨ ᠲᠣᠰᠣ ᠵᠡᠷᠭᠡ ᠪᠦᠲᠦᠭᠡᠭᠳᠡᠬᠦᠨ ᠢ ᠭᠤᠣᠯᠳᠠᠯᠭ᠎ᠠ ᠲᠠᠢ ᠬᠥᠭᠵᠢᠭᠦᠯᠵᠦ ᠂ ᠰᠢᠨ᠎ᠡ ᠵᠠᠭᠤᠴᠢᠯᠠᠭᠤᠷ ᠢ ᠠᠰᠢᠭᠯᠠᠨ ᠠᠵᠤ ᠠᠬᠤᠶᠢᠯᠠᠯ ᠤᠨ ᠨᠡᠷᠡᠲᠦ ᠲᠡᠮᠳᠡᠭ ᠤᠨ IP ᠢ ᠪᠣᠢ ᠪᠣᠯᠭᠠᠨ᠎ᠠ ᠃

     ︵ᠶᠢᠰᠦ ︶ ᠣᠨᠴᠠᠯᠢᠭᠲᠤ ᠡᠷᠡᠭᠦᠯᠵᠢᠯ ᠤᠨ ᠪᠦᠲᠦᠭᠡᠭᠳᠡᠬᠦᠨ ᠃ ᠣᠷᠳᠣᠰ ᠬᠤᠲᠠ ᠂ ᠤᠯᠠᠭᠠᠨᠬᠠᠳᠠ ᠬᠤᠲᠠ ᠂ ᠬᠦᠬᠡᠬᠤᠲᠠ ᠂ ᠠᠯᠠᠱᠠ ᠠᠶᠢᠮᠠᠭ ᠂ ᠪᠠᠶᠠᠨᠨᠠᠭᠤᠷ ᠬᠤᠲᠠ ᠂ ᠪᠤᠭᠤᠲᠤ ᠬᠤᠲᠠ ᠵᠡᠷᠭᠡ ᠠᠶᠢᠮᠠᠭ ᠬᠤᠲᠠ ᠪᠠᠷ ᠭᠤᠣᠯᠳᠠᠯᠭ᠎ᠠ ᠪᠣᠯᠭᠠᠨ ᠂ ᠠᠵᠤ ᠦᠢᠯᠡᠰ ᠤᠨ ᠡᠭᠦᠰᠦᠯᠲᠡ ᠬᠤᠵᠢᠭᠤ ᠂ ᠰᠠᠭᠤᠷᠢ ᠨᠢᠮᠭᠡᠨ ᠂ ᠰᠤᠳᠤᠯᠤᠨ ᠨᠡᠭᠡᠭᠡᠬᠦ ᠴᠢᠳᠠᠪᠤᠷᠢ ᠬᠦᠷᠦᠯᠴᠡᠬᠦ ᠦᠭᠡᠢ ᠪᠠᠶᠢᠬᠤ ᠠᠰᠠᠭᠤᠳᠠᠯ ᠳᠤ ᠴᠢᠭᠯᠡᠭᠦᠯᠵᠦ ᠂ ᠬᠤᠳᠠᠯᠳᠤᠭᠠᠴᠢᠨ ᠤᠷᠢᠵᠤ ᠪᠡᠯᠡ ᠣᠷᠤᠭᠤᠯᠬᠤ ᠭᠤᠣᠯᠳᠠᠯᠭ᠎ᠠ ᠲᠠᠢ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠨᠢ ᠳᠡᠮᠵᠢᠵᠦ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ ᠤᠨ ᠤᠯᠠᠷᠢᠭᠤᠯᠬᠤ ᠠᠵᠢᠯ ᠢ ᠥᠷᠨᠢᠭᠦᠯᠦᠨ ᠂ ᠡᠷᠭᠢᠭᠦᠯᠭᠡᠲᠦ ᠵᠠᠮᠠᠭ ᠂ ᠴᠠᠭᠠᠨ ᠭᠤᠶᠣᠣ ᠂ ᠬᠤᠨᠴᠢᠷ ᠂ ᠴᠢᠨ᠋ᠸ᠎ᠠ ᠶᠢᠨ ᠬᠠᠷᠮᠠᠭ ᠂ ᠬᠤᠷᠳᠤᠨ ᠴᠠᠭᠠᠨ ᠤ ᠡᠷᠡᠭᠦᠯᠵᠢᠯ ᠤᠨ ᠪᠠᠷᠠᠭ᠎ᠠ ᠪᠠ ᠤᠭᠤᠷᠠᠭ ᠤᠨ ᠫᠧᠫᠲ᠋ᠢᠳ᠋ ᠂ ᠴᠠᠪᠠᠤᠯᠢᠭ ᠤᠭᠤᠷᠠᠭ ᠂ ᠴᠢᠴᠠᠷᠭᠠᠨ᠎ᠠ ᠶᠢᠨ ᠲᠣᠰᠣ ᠵᠡᠷᠭᠡ ᠪᠦᠲᠦᠭᠡᠭᠳᠡᠬᠦᠨ ᠢ ᠭᠤᠣᠯᠳᠠᠯᠭ᠎ᠠ ᠲᠠᠢ ᠬᠥᠭᠵᠢᠭᠦᠯᠵᠦ ᠂ ᠣᠲᠤᠭ ᠤᠨ ᠡᠷᠭᠢᠭᠦᠯᠭᠡᠲᠦ ᠵᠠᠮᠠᠭ ᠂ ᠠᠯᠠᠱᠠ ᠶᠢᠨ ᠴᠠᠭᠠᠨ ᠭᠤᠶᠣᠣ ᠵᠡᠷᠭᠡ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠢ ᠪᠣᠶᠢᠵᠢᠭᠤᠯᠤᠨ᠎ᠠ ᠃

     ︵ᠠᠷᠪᠠ ︶ ᠠᠷᠢᠬᠢᠨ ᠤ ᠵᠦᠢᠯ ᠤᠨ ᠪᠦᠲᠦᠭᠡᠭᠳᠡᠬᠦᠨ ᠃ ᠪᠠᠶᠠᠨᠨᠠᠭᠤᠷ ᠬᠤᠳᠠ ᠂ ᠲᠦᠩᠯᠢᠶᠣᠣ ᠬᠤᠳᠠ ᠂ ᠰᠢᠯᠢ ᠶᠢᠨ ᠭᠤᠣᠯ ᠠᠶᠢᠮᠠᠭ ᠂ ᠤᠯᠠᠭᠠᠨᠬᠠᠳᠠ ᠬᠤᠳᠠ ᠂ ᠦᠬᠠᠢ ᠬᠤᠳᠠ ᠵᠡᠷᠭᠡ ᠠᠶᠢᠮᠠᠭ ᠬᠤᠳᠠ ᠪᠠᠷ ᠭᠤᠣᠯᠳᠠᠯᠭ᠎ᠠ ᠪᠣᠯᠭᠠᠨ ᠂ ᠨᠡᠷᠡᠲᠦ ᠠᠷᠢᠬᠢᠨ ᠤ ᠠᠵᠤ ᠠᠬᠤᠶᠢᠯᠠᠯ ᠪᠠ ᠨᠡᠷᠡᠲᠦ ᠲᠡᠮᠳᠡᠭ ᠴᠥᠭᠡᠨ ᠂ ᠵᠠᠬ᠎ᠠ ᠳᠡᠯᠭᠡᠭᠦᠷ ᠢᠶᠠᠨ ᠥᠷᠭᠡᠵᠢᠭᠦᠯᠬᠦ ᠲᠠᠯ᠎ᠠ ᠪᠠᠷ ᠬᠦᠷᠦᠯᠴᠡᠬᠦ ᠦᠭᠡᠢ ᠪᠠᠶᠢᠭ᠎ᠠ ᠠᠰᠠᠭᠤᠳᠠᠯ ᠳᠤ ᠴᠢᠭᠯᠡᠭᠦᠯᠵᠦ ᠂ ᠬᠠᠷ᠎ᠠ ᠠᠷᠢᠬᠢ ᠂ ᠫᠢᠸᠤ᠋ ᠂ ᠦᠵᠦᠮ ᠤᠨ ᠠᠷᠢᠬᠢ ᠂ ᠴᠡᠭᠡ ᠂ ᠰᠠᠭᠠᠯᠢ ᠶᠢᠨ ᠠᠷᠢᠬᠢ ᠵᠡᠷᠭᠡ ᠪᠦᠲᠦᠭᠡᠭᠳᠡᠬᠦᠨ ᠤ ᠲᠣᠭᠤᠷᠢᠨ ᠳᠤ ᠂ ᠠᠵᠤ ᠠᠬᠤᠶᠢᠯᠠᠯ ᠤᠨ ᠪᠦᠲᠦᠭᠡᠭᠳᠡᠬᠦᠨ ᠤ ᠶᠠᠰᠤ ᠴᠢᠨᠠᠷ ᠢᠶᠠᠨ ᠳᠡᠭᠡᠭᠰᠢᠯᠡᠭᠦᠯᠬᠦ ᠶᠢ ᠨᠢ ᠳᠡᠮᠵᠢᠵᠦ ᠂ ᠨᠡᠷᠡᠲᠦ ᠲᠡᠮᠳᠡᠭ ᠤᠨ ᠤᠬᠠᠭᠤᠯᠭ᠎ᠠ ᠪᠠ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠬᠤ ᠡᠷᠴᠢᠮ ᠢᠶᠠᠨ ᠴᠢᠩᠭᠠᠷᠠᠭᠤᠯᠵᠤ ᠂ ᠳᠠᠭᠤᠷᠢᠰᠬᠠᠯ ᠲᠠᠢ ᠂ ᠠᠷᠠᠯᠵᠢᠶ᠎ᠠ ᠮᠠᠶᠢᠮᠠᠢ ᠰᠠᠶᠢᠨ ᠬᠡᠳᠦᠨ ᠨᠡᠷᠡᠲᠦ ᠠᠵᠤ ᠠᠬᠤᠶᠢᠯᠠᠯ ᠢ ᠪᠣᠶᠢᠵᠢᠭᠤᠯᠤᠨ᠎ᠠ ᠃

    ᠭᠤᠷᠪᠠ᠂ ᠭᠤᠣᠯᠳᠠᠯᠭ᠎ᠠ ᠲᠠᠢ ᠡᠭᠦᠷᠭᠡ

     ︵ᠨᠢᠭᠡ ︶ ᠡᠵᠡᠩᠨᠡᠯᠲᠡ ᠶᠢᠨ ᠭᠤᠣᠯ ᠴᠣᠭᠴᠠ ᠶᠢ ᠳᠠᠲᠠᠨ ᠣᠷᠣᠭᠤᠯᠵᠤ ᠪᠣᠶᠢᠵᠢᠭᠤᠯᠬᠤ ᠪᠠ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠎ᠠ

    1. ᠬᠤᠳᠠᠯᠳᠤᠭᠠᠴᠢᠨ ᠤᠷᠢᠵᠤ ᠪᠡᠯᠡ ᠣᠷᠤᠭᠤᠯᠬᠤ ᠶᠢ ᠴᠢᠩᠭᠠᠷᠠᠭᠤᠯᠤᠨ᠎ᠠ ᠃ ᠭᠠᠳᠠᠭᠰᠢ ᠠᠷᠠᠯᠵᠢᠶᠠᠯᠠᠭᠰᠠᠨ ᠬᠠᠷ᠎ᠠ ᠪᠤᠳᠠᠭ᠎ᠠ ᠠᠮᠢᠳᠤ ᠮᠠᠯ ᠤᠨ ᠭᠤᠣᠯ ᠲᠦᠷᠦᠯ ᠵᠦᠢᠯ ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠢ ᠡᠳ᠋ᠰᠢᠭᠦᠯᠦᠨ ᠪᠤᠯᠪᠠᠰᠤᠷᠠᠭᠤᠯᠬᠤ ᠭᠤᠣᠯᠳᠠᠭ᠎ᠠ ᠲᠠᠢ ᠬᠦᠷᠢᠶ᠎ᠡ ᠴᠠᠷᠠᠭ᠎ᠠ ᠪᠠ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶᠡᠨ ᠤ ᠳᠡᠭᠡᠳᠦ ᠳᠣᠣᠷᠠᠳᠤ ᠬᠡᠯᠬᠢᠶ᠎ᠡ ᠶᠢᠨ ᠳᠤᠲᠠᠭᠤᠳᠠᠯ ᠤᠨ ᠲᠣᠭᠤᠷᠢᠨ ᠳᠤ ᠂ ᠭᠠᠵᠠᠷ ᠣᠷᠣᠨ ᠤ ᠬᠠᠮᠵᠢᠯᠴᠠᠭ᠎ᠠ ᠪᠠᠨ ᠴᠢᠩᠭᠠᠷᠠᠭᠤᠯᠵᠤ ᠂ ᠬᠤᠳᠠᠯᠳᠤᠭᠠᠴᠢᠨ ᠤᠷᠢᠬᠤ ᠬᠠᠷᠠᠯᠲᠠ ᠪᠠᠨ ᠵᠣᠬᠢᠰᠲᠠᠢ ᠲᠣᠭᠲᠠᠭᠠᠨ ᠂ ᠤᠯᠤᠰ ᠤᠨ ᠳᠣᠲᠣᠭᠠᠳᠤ ᠭᠠᠳᠠᠭᠠᠳᠤ ᠶᠢᠨ ᠳᠠᠪᠠᠭᠤᠯᠢᠭ ᠠᠵᠤ ᠠᠬᠤᠶᠢᠯᠠᠯ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ ᠂ ᠨᠢᠭᠡ ᠪᠦᠯᠦᠭ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠢ ᠨᠠᠷᠢᠯᠢᠭ ᠭᠦᠨ ᠡᠳ᠋ᠰᠢᠭᠦᠯᠦᠨ ᠪᠤᠯᠪᠠᠰᠤᠷᠠᠭᠤᠯᠬᠤ ᠂ ᠪᠣᠭᠤᠳᠠᠯ ᠪᠠᠭᠯᠠᠭ᠎ᠠ ᠵᠢᠷᠤᠭᠯᠠᠨ ᠲᠥᠯᠥᠪᠯᠡᠬᠦ ᠂ ᠨᠡᠷᠡᠲᠦ ᠲᠡᠮᠳᠡᠭ ᠤᠨ ᠪᠦᠲᠦᠭᠡᠨ ᠪᠠᠶᠢᠭᠤᠯᠤᠯᠲᠠ ᠂ ᠡᠵᠡᠩᠨᠡᠨ ᠪᠣᠷᠣᠯᠠᠭᠤᠯᠬᠤ ᠠᠷᠠᠯᠵᠢᠶ᠎ᠠ ᠵᠡᠷᠭᠡ ᠰᠠᠶᠢᠨ ᠲᠦᠷᠦᠯ ᠵᠦᠢᠯ ᠢ ᠰᠠᠭᠤᠷᠢᠰᠢᠭᠤᠯᠬᠤ ᠪᠠᠷ ᠬᠦᠴᠦᠯᠡᠨ ᠴᠢᠷᠮᠠᠶᠢᠵᠤ ᠂ ᠢᠵᠢᠯᠢ ᠴᠢᠨᠠᠷ ᠤᠨ ᠥᠷᠢᠰᠦᠯᠳᠦᠭᠡᠨ ᠬᠢᠬᠦ ᠠᠴᠠ ᠵᠠᠶᠢᠯᠠᠰᠬᠢᠬᠦ ᠬᠡᠷᠡᠭᠲᠡᠢ ᠃ ︵ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠂ ᠬᠤᠳᠠᠯᠳᠤᠭᠠᠨ ᠤ ᠶᠠᠪᠤᠳᠠᠯ ᠤᠨ ᠲᠢᠩᠬᠢᠮ ︶

    2. ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠢ ᠪᠣᠶᠢᠵᠢᠭᠤᠯᠤᠨ ᠪᠤᠵᠠᠭᠠᠶᠢᠷᠠᠭᠤᠯᠤᠨ᠎ᠠ ᠃ ︽ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠦᠨ ᠪᠤᠯᠪᠠᠰᠤᠷᠠᠭᠤᠯᠬᠤ ᠶᠢ ᠳᠡᠮᠵᠢᠬᠦ ᠲᠤᠬᠠᠢ ᠠᠷᠭ᠎ᠠ ᠬᠡᠮᠵᠢᠶ᠎ᠡ ᠨᠦᠭᠦᠳ ︾ ︵ᠥᠪᠥᠷ ᠵᠠᠰᠠᠭ ᠠᠯᠪᠠᠨ ᠲᠠᠷᠬᠠᠭᠠᠭᠰᠠᠨ ﹇2024 ﹈ 61 ᠳ᠋ᠦ᠋ᠭᠡᠷ ᠲᠣᠭᠠᠲᠤ ︶ ᠢ ᠰᠠᠶᠢᠲᠤᠷ ᠨᠠᠶᠢᠳᠠᠪᠤᠷᠢᠵᠢᠭᠤᠯᠵᠤ ᠂ ᠵᠢᠭᠡᠯᠡᠯᠭᠡ ᠶᠢᠨ ᠳᠠᠮ ᠬᠦᠦ ᠥᠭᠬᠦ ᠂ ᠱᠠᠩᠨᠠᠨ ᠬᠥᠬᠢᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠳᠠᠮᠵᠢᠨ᠎ᠠ ᠃ ᠵᠠᠰᠠᠭ ᠤᠨ ᠣᠷᠳᠣᠨ ᠤ ᠪᠡᠯᠡ ᠣᠷᠤᠭᠤᠯᠤᠯᠲᠠ ᠶᠢᠨ ᠰᠠᠭᠤᠷᠢ ᠮᠥᠩᠭᠦᠨ ᠤ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ ᠂ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠨᠡᠶᠢᠯᠡᠭᠦᠯᠬᠦ ᠂ ᠳᠠᠬᠢᠨ ᠵᠣᠬᠢᠶᠠᠨ ᠪᠠᠶᠢᠭᠤᠯᠬᠤ ᠂ ᠬᠤᠳᠠᠯᠳᠤᠨ ᠠᠪᠬᠤ ᠂ ᠬᠤᠪᠢᠴᠠᠭ᠎ᠠ ᠡᠵᠡᠮᠳᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠂ ᠡᠵᠡᠩᠨᠡᠯᠲᠡ ᠶᠢᠨ ᠬᠡᠪᠴᠢᠶᠡᠵᠢᠯ ᠢᠶᠠᠨ ᠥᠷᠭᠡᠳᠬᠡᠵᠦ ᠂ ᠲᠥᠪ ᠲᠣᠭᠤᠭᠠᠨ ᠭᠡᠷ ᠂ ᠰᠢᠭᠤᠳ ᠬᠠᠩᠭᠠᠵᠤ ᠰᠢᠭᠤᠳ ᠪᠣᠷᠣᠯᠠᠭᠤᠯᠬᠤ ᠵᠡᠷᠭᠡ ᠡᠵᠡᠩᠨᠡᠯᠲᠡ ᠶᠢᠨ ᠪᠠᠶᠢᠳᠠᠯ ᠢ ᠬᠥᠭᠵᠢᠭᠦᠯᠦᠨ᠎ᠡ ᠃ ᠬᠥᠲᠥᠴᠢ ᠠᠵᠤ ᠠᠬᠤᠶᠢᠯᠠᠯ ᠤᠨ ᠡᠩᠨᠡᠭᠡ ᠶᠢ ᠪᠣᠶᠢᠵᠢᠭᠤᠯᠤᠨ ᠪᠤᠵᠠᠭᠠᠶᠢᠷᠠᠭᠤᠯᠵᠤ ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠤᠯᠪᠠᠰᠤᠷᠠᠭᠤᠯᠬᠤ ᠪᠠᠷ ᠭᠤᠣᠯ ᠪᠣᠯᠭᠠᠭᠰᠠᠨ ᠲᠠᠷᠢᠶᠠᠯᠠᠩ ᠤᠨ ᠠᠵᠤ ᠦᠢᠯᠡᠰᠵᠢᠭᠰᠡᠨ ᠤᠯᠤᠰ ᠤᠨ ᠭᠤᠣᠯᠳᠠᠯᠭ᠎ᠠ ᠲᠠᠢ ᠬᠥᠲᠥᠴᠢ ᠠᠵᠤ ᠠᠬᠤᠶᠢᠯᠠᠯ ᠢ 10 ᠠᠴᠠ ᠳᠡᠭᠡᠭᠰᠢ ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠬᠥᠲᠥᠴᠢ ᠠᠵᠤ ᠠᠬᠤᠶᠢᠯᠠᠯ ᠢ 20 ᠠᠴᠠ ᠳᠡᠭᠡᠭᠰᠢ ᠰᠢᠨ᠎ᠡ ᠪᠠᠷ ᠮᠠᠭᠠᠳᠯᠠᠨ ᠲᠣᠭᠲᠠᠭᠠᠬᠤ ᠪᠠᠷ ᠬᠦᠴᠦᠯᠡᠨ ᠴᠢᠷᠮᠠᠶᠢᠵᠤ ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠤᠨ ᠬᠦᠷᠢᠶ᠎ᠡ ᠴᠠᠷᠠᠭᠠᠨ ᠳᠠᠬᠢ ︽ᠲᠤᠰᠬᠠᠢ ᠨᠠᠷᠢᠯᠢᠭ ᠥᠪᠡᠷᠮᠢᠴᠡ ᠰᠢᠨ᠎ᠡ ︾ ᠳᠤᠮᠳᠠ ᠵᠢᠵᠢᠭ ᠠᠵᠤ ᠠᠬᠤᠶᠢᠯᠠᠯ ᠢ 20 ᠠᠴᠠ ᠳᠡᠭᠡᠭᠰᠢ ᠰᠢᠨ᠎ᠡ ᠪᠠᠷ ᠪᠣᠶᠢᠵᠢᠭᠤᠯᠤᠨ᠎ᠠ ᠃ ︵ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠣᠰᠬᠤᠨ ᠮᠠᠯᠵᠢᠬᠤ ᠣᠷᠣᠨ ᠤ ᠲᠢᠩᠬᠢᠮ ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ︶

    3. ᠬᠡᠯᠬᠢᠶ᠎ᠡ ᠶᠢᠨ ᠭᠤᠣᠯ ᠪᠣᠯᠬᠤ ᠠᠵᠤ ᠠᠬᠤᠶᠢᠯᠠᠯ ᠤᠨ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠎ᠠ ᠃ ᠲᠦᠷᠦᠯ ᠢᠯᠭᠠᠯ ᠪᠦᠷᠢ ᠳᠤ ᠬᠡᠯᠬᠢᠶ᠎ᠡ ᠶᠢᠨ ᠭᠤᠣᠯ ᠪᠣᠯᠬᠤ ᠠᠵᠤ ᠠᠬᠤᠶᠢᠯᠠᠯ ᠢ 5 ᠣᠷᠴᠢᠮ ᠰᠢᠯᠢᠨ ᠰᠣᠩᠭᠤᠵᠤ ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠣᠰᠬᠤᠨ ᠮᠠᠯᠵᠢᠬᠤ ᠣᠷᠣᠨ ᠤ ᠲᠢᠩᠬᠢᠮ ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠵᠡᠷᠭᠡ ᠰᠠᠯᠠᠭ᠎ᠠ ᠮᠥᠴᠢᠷ  ᠨᠢ ᠠᠶᠢᠮᠠᠭ ᠬᠤᠲᠠ ᠲᠠᠢ ᠬᠤᠯᠪᠣᠭᠠᠯᠠᠵᠤ ᠪᠠᠶᠢᠭᠠᠳ ᠳᠠᠭᠠᠭᠠᠴᠢᠯᠠᠨ ᠬᠠᠷᠢᠯᠴᠠᠬᠤ ᠲᠣᠭᠲᠠᠴᠠ ᠶᠢ ᠪᠠᠶᠢᠭᠤᠯᠵᠤ ᠂ ᠲᠢᠩᠬᠢᠮ ᠤᠨ ᠳᠡᠰ ᠤᠨ ᠺᠠᠳ᠋ᠷ ᠤᠨ ︽ᠨᠢᠭᠡ ᠶᠢ ᠨᠢᠭᠡ ᠳᠤ ᠴᠢᠭᠯᠡᠭᠦᠯᠦᠭᠰᠡᠨ ︾ ᠬᠠᠷᠢᠯᠴᠠᠬᠤ ᠦᠢᠯᠡᠴᠢᠯᠡᠭᠡ ᠶᠢ ᠬᠡᠷᠡᠭᠵᠢᠭᠦᠯᠦᠨ ᠂ ᠬᠡᠯᠬᠢᠶ᠎ᠡ ᠶᠢᠨ ᠭᠤᠣᠯ ᠪᠣᠯᠬᠤ ᠠᠵᠤ ᠠᠬᠤᠶᠢᠯᠠᠯ ᠢ ᠢᠳᠡᠪᠬᠢᠲᠡᠢ ᠬᠠᠪᠰᠤᠷᠤᠨ ᠬᠦᠴᠢᠷ ᠠᠰᠠᠭᠤᠳᠠᠯ ᠢ ᠨᠢ ᠰᠢᠢᠳᠪᠦᠷᠢᠯᠡᠵᠦ ᠂ ᠵᠠᠬ᠎ᠠ ᠳᠡᠯᠭᠡᠭᠦᠷ ᠢ ᠨᠢ ᠥᠷᠭᠡᠵᠢᠭᠦᠯᠦᠨ ᠂ ᠵᠠᠬᠢᠶᠠᠯᠠᠭ᠎ᠠ ᠶᠢᠨ ᠬᠠᠭᠤᠳᠠᠰᠤ ᠣᠯᠵᠤ ᠥᠭᠭᠦᠨ᠎ᠡ ᠃ ᠬᠡᠯᠬᠢᠶ᠎ᠡ ᠶᠢᠨ ᠭᠤᠣᠯ ᠪᠣᠯᠬᠤ ᠠᠵᠤ ᠠᠬᠤᠶᠢᠯᠠᠯ ᠬᠢᠭᠡᠳ ᠲᠠᠷᠢᠶᠠᠯᠠᠩ ᠮᠠᠯ ᠠᠵᠤ ᠠᠬᠤᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠵᠣᠬᠢᠴᠠᠯᠳᠤᠨ ᠬᠥᠭᠵᠢᠬᠦ ᠶᠢ ᠴᠢᠩᠭᠠᠷᠠᠭᠤᠯᠵᠤ ᠂ ᠳ᠋ᠢᠭᠢᠲᠴᠢᠯᠡᠭᠰᠡᠨ ᠲᠡᠶᠢᠰᠢ ᠬᠡᠯᠪᠡᠷᠢ ᠪᠠᠨ ᠬᠤᠪᠢᠷᠠᠭᠤᠯᠬᠤ ᠪᠠ ᠨᠡᠷᠡᠲᠦ ᠲᠡᠮᠳᠡᠭ ᠱᠤᠭᠤᠬᠤ ᠠᠵᠢᠯᠯᠠᠭ᠎ᠠ ᠶᠢ ᠳᠠᠮᠵᠢᠵᠤ ᠂ ᠳᠠᠭᠠᠭᠤᠯᠤᠭᠴᠢ ᠠᠵᠤ ᠠᠬᠤᠶᠢᠯᠠᠯ ᠢ ᠲᠦᠷᠭᠡᠳᠬᠡᠨ ᠪᠣᠶᠢᠵᠢᠭᠤᠯᠵᠤ ᠂ ᠠᠵᠤ ᠦᠢᠯᠡᠰ ᠤᠨ ᠬᠡᠯᠬᠢᠶ᠎ᠡ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠪᠠᠷ ᠳᠠᠶᠢᠴᠢᠯᠠᠨ᠎ᠠ ᠃ ︵ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠣᠰᠬᠤᠨ ᠮᠠᠯᠵᠢᠬᠤ ᠣᠷᠣᠨ ᠤ ᠲᠢᠩᠬᠢᠮ ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︶

     ︵ᠬᠤᠶᠠᠷ ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠠ ᠬᠦᠷᠢᠶᠡᠯᠡᠩ ᠲᠣᠭᠤᠷᠢᠭ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ

    1. ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠤᠯᠪᠠᠰᠤᠷᠠᠭᠤᠯᠬᠤ ᠲᠠᠯ᠎ᠠ ᠳᠤ ᠰᠤᠳᠤᠯᠤᠨ ᠨᠡᠭᠡᠭᠡᠵᠦ ᠰᠢᠨ᠋᠎ᠡ ᠡᠭᠦᠳᠦᠯᠲᠡ ᠭᠠᠷᠭᠠᠬᠤ ᠪᠠᠨ ᠲᠦ᠋ᠷᠭᠡᠳᠬᠡᠨ᠋᠎ᠡ ᠃ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠤᠯᠪᠠᠰᠤᠷᠠᠭᠤᠯᠬᠤ ᠮᠡᠷᠭᠡᠵᠢᠯ ᠤᠨ ᠰᠤᠳᠤᠯᠤᠨ ᠨᠡᠭᠡᠭᠡᠬᠦ ᠲᠣᠭᠲᠠᠯᠴᠠᠭ᠎ᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ ᠂ ᠰᠢᠨᠵᠢᠯᠡᠬᠦ ᠤᠬᠠᠭᠠᠨ ᠤ ᠰᠤᠳᠤᠯᠤᠯ ᠳᠤ ᠣᠷᠣᠭᠤᠯᠤᠯᠲᠠ ᠬᠢᠬᠦ ᠡᠷᠴᠢᠮ ᠢᠶᠠᠨ ᠨᠡᠮᠡᠭᠳᠡᠭᠦᠯᠦᠨ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠢᠶᠠᠷ ᠳᠠᠮᠵᠢᠭᠤᠯᠤᠨ ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠤᠯᠪᠠᠰᠤᠷᠠᠭᠤᠯᠬᠤ ᠭᠠᠷ ᠤᠷᠠᠯᠠᠯ ᠂ ᠪᠦᠲᠦᠭᠡᠭᠳᠡᠬᠦᠨ ᠢ ᠰᠤᠳᠤᠯᠤᠨ ᠨᠡᠭᠡᠭᠡᠬᠦ ᠂ ᠪᠣᠭᠤᠳᠠᠯ ᠪᠠᠭᠯᠠᠭ᠎ᠠ ᠵᠢᠷᠤᠭᠯᠠᠨ ᠲᠥᠯᠥᠪᠯᠡᠬᠦ ᠵᠡᠷᠭᠡ ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠤᠯ ᠢ ᠪᠠᠶᠢᠷᠢᠰᠢᠭᠤᠯᠤᠨ ᠥᠷᠨᠢᠭᠦᠯᠵᠦ ᠂ ᠮᠡᠷᠭᠡᠵᠢᠯ ᠤᠨ ᠰᠢᠨ᠎ᠡ ᠡᠭᠦᠳᠦᠯᠲᠡ ᠪᠠ ᠪᠦᠲᠦᠭᠡᠭᠳᠡᠬᠦᠨ ᠤ ᠰᠢᠨ᠎ᠡ ᠡᠭᠦᠳᠦᠯᠲᠡ ᠶᠢ ᠠᠬᠢᠭᠤᠯᠤᠨ ᠂ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠠᠵᠤ ᠦᠢᠯᠡᠰᠵᠢᠭᠦᠯᠦᠨ ᠬᠡᠷᠡᠭᠯᠡᠬᠦ ᠶᠢ ᠳᠡᠮᠵᠢᠨ᠎ᠡ ᠃ ᠳ᠋ᠢᠭᠢᠲ ᠪᠠ ᠣᠶᠤᠨᠴᠢ ᠮᠡᠷᠭᠡᠵᠢᠯ ᠂ ᠪᠣᠬᠢᠷᠲᠤᠯ ᠦᠭᠡᠢ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠪᠠᠨ ᠴᠢᠩᠭᠠᠳᠬᠠᠵᠤ ᠂ ᠲᠥᠬᠦᠭᠡᠷᠦᠮᠵᠢ ᠶᠢ ᠰᠢᠨᠡᠳᠬᠡᠬᠦ ᠂ ᠭᠠᠷ ᠤᠷᠠᠯᠠᠯ ᠢ ᠲᠠᠰ ᠳᠡᠪᠰᠢᠭᠦᠯᠬᠦ ᠂ ᠳ᠋ᠢᠭᠢᠲ ᠪᠠᠷ ᠬᠦᠴᠦᠨ ᠴᠢᠳᠠᠮᠵᠢ ᠶᠢ ᠨᠢ ᠡᠷᠴᠢᠮᠯᠡᠬᠦ ᠂ ᠬᠠᠮᠢᠶᠠᠷᠤᠯᠲᠠ ᠶᠢᠨ ᠲᠠᠯ᠎ᠠ ᠳᠤ ᠰᠢᠨ᠎ᠡ ᠡᠭᠦᠳᠦᠯᠲᠡ ᠭᠠᠷᠭᠠᠬᠤ ᠶᠢ ᠠᠬᠢᠭᠤᠯᠤᠨ᠎ᠠ ᠃ ᠴᠢᠳᠠᠪᠤᠷᠢᠲᠠᠨ ᠤ ᠡᠬᠢ ᠪᠠᠶᠠᠯᠢᠭ ᠤᠨ ᠬᠥᠮᠥᠷᠭᠡ ᠂ ᠠᠵᠤ ᠠᠬᠤᠶᠢᠯᠠᠯ ᠤᠨ ᠮᠡᠷᠭᠡᠵᠢᠯ ᠤᠨ ᠬᠦᠴᠢᠷ ᠠᠰᠠᠭᠤᠳᠠᠯ ᠤᠨ ᠬᠥᠮᠥᠷᠭᠡ ᠪᠠ ᠮᠡᠷᠭᠡᠵᠢᠯ ᠤᠨ ᠬᠡᠷᠡᠭᠴᠡᠭᠡ ᠱᠠᠭᠠᠷᠳᠠᠯᠭ᠎ᠠ ᠶᠢᠨ ᠲᠣᠳᠣᠷᠬᠠᠢ ᠬᠠᠭᠤᠳᠠᠰᠤ ᠶᠢ ᠪᠠᠶᠢᠭᠤᠯᠵᠤ ᠂ ᠰᠤᠳᠤᠯᠤᠨ ᠨᠡᠭᠡᠭᠡᠬᠦ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢᠶᠠᠨ ᠬᠠᠨᠳᠤᠯᠭᠠᠲᠤ ᠴᠢᠨᠠᠷᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠦᠨ᠎ᠡ ᠃ ᠮᠠᠨ ᠤ ᠣᠷᠣᠨ ᠤ ᠭᠤᠣᠯᠳᠠᠯᠭ᠎ᠠ ᠲᠠᠢ ᠲᠥᠷᠥᠯ ᠢᠯᠭᠠᠯ ᠂ ᠭᠤᠣᠯ ᠦᠢᠯᠡᠳᠬᠦᠨ ᠤ ᠲᠣᠭᠤᠷᠢᠨ ᠳᠤ ᠂ ︽ᠮᠧᠩ ᠺᠧ ᠵᠢᠦᠢ ︾ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠨᠨᠰᠠᠨ ᠲᠠᠪᠴᠠᠩ ᠢᠶᠠᠷ ᠳᠠᠮᠵᠢᠭᠤᠯᠤᠨ ᠂ ᠪᠥᠬᠦ ᠤᠯᠤᠰ ᠤᠨ ᠬᠡᠪᠴᠢᠶᠡᠨ ᠳᠤ ᠮᠡᠷᠭᠡᠵᠢᠯ ᠤᠨ ᠦᠷ᠎ᠡ ᠪᠦᠲᠦᠭᠡᠯ ᠪᠠ ᠦᠢᠯᠡᠳᠬᠦᠨ ᠤ ᠵᠢᠷᠤᠭ ᠲᠥᠯᠥᠪᠯᠡᠭᠡ ᠶᠢ ᠡᠯᠰᠡᠨ ᠴᠤᠭᠯᠠᠭᠤᠯᠬᠤ ᠶᠢᠨ ᠬᠠᠮᠲᠤ ᠨᠡᠶᠢᠲᠡᠯᠡᠵᠦ ᠲᠠᠨᠢᠯᠴᠠᠭᠤᠯᠬᠤ ᠠᠵᠢᠯ ᠢ ᠵᠣᠬᠢᠶᠠᠨ ᠪᠠᠶᠢᠭᠤᠯᠤᠨ ᠂ ᠨᠠᠩ ᠣᠯᠠᠨ ᠰᠢᠨ᠎ᠡ ᠦᠢᠯᠡᠳᠬᠦᠨ ᠂ ᠰᠢᠨ᠎ᠡ ᠮᠡᠷᠭᠡᠵᠢᠯ ᠢ ᠮᠠᠨ ᠤ ᠣᠷᠣᠨ ᠳᠤ ᠪᠠᠨ ᠤᠯᠠᠷᠢᠭᠤᠯᠤᠨ ᠬᠡᠷᠡᠭᠯᠡᠨ᠎ᠡ ᠃ ︵ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ︶

    2. ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ ᠃ ᠲᠠᠷᠢᠶᠠᠯᠠᠩ ᠤᠨ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠵᠡᠷᠭᠡ ᠲᠥᠷᠥᠯ ᠵᠦᠢᠯ ᠳᠤ ᠲᠦᠰᠢᠭᠯᠡᠨ ᠂ ᠠᠮᠤ ᠪᠤᠳᠠᠭᠠᠨ ᠤ ᠭᠠᠷᠤᠯᠲᠠ ᠶᠢᠨ ᠲᠣᠮᠣ ᠰᠢᠶᠠᠨ ᠂ ᠮᠠᠯ ᠠᠵᠤ ᠠᠬᠤᠢ ᠶᠢᠨ ᠲᠣᠮᠣ ᠰᠢᠶᠠᠨ ᠤ ᠳᠠᠪᠠᠭᠤᠯᠢᠭ ᠢ ᠪᠠᠳᠠᠷᠠᠭᠤᠯᠵᠤ ᠂ ᠬᠤᠰᠢᠭᠤ ᠰᠢᠶᠠᠨ ︵ᠬᠤᠲᠠ ᠂ ᠲᠣᠭᠤᠷᠢᠭ ︶ ᠤ ᠲᠦᠭᠦᠬᠡᠢ ᠮᠠᠲ᠋ᠧᠷᠢᠶᠠᠯ ᠂ ᠡᠳ᠋ᠰᠢᠭᠦᠯᠦᠨ ᠪᠣᠯᠪᠠᠰᠤᠷᠠᠭᠤᠯᠬᠤ ᠂ ᠪᠠᠷᠠᠭᠠᠨ ᠤ ᠭᠦᠢᠯᠭᠡᠭᠡ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠂ ᠨᠡᠷᠡᠲᠦ ᠲᠡᠮᠳᠡᠭ ᠢ ᠨᠢᠭᠡ ᠴᠣᠭᠴᠠᠵᠢᠭᠤᠯᠤᠭᠰᠠᠨ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠢ ᠡᠳ᠋ᠰᠢᠭᠦᠯᠦᠨ ᠪᠤᠯᠪᠠᠰᠤᠷᠠᠭᠤᠯᠬᠤ ᠬᠦᠷᠢᠶᠡᠯᠡᠩ ᠲᠣᠭᠤᠷᠢᠭ ᠪᠦᠲᠦᠭᠡᠨ ᠪᠠᠶᠢᠭᠤᠯᠬᠤ ᠶᠢ ᠨᠢ ᠳᠡᠮᠵᠢᠵᠦ ᠂ ᠭᠤᠣᠯ ᠢᠳᠡᠭᠡᠨ ᠡᠳ᠋ᠰᠢᠭᠦᠯᠦᠨ ᠪᠣᠯᠪᠠᠰᠤᠷᠠᠭᠤᠯᠬᠤ ᠂ ᠲᠥᠪ ᠲᠣᠭᠤᠭᠠᠨ ᠭᠡᠷ ᠂ ᠴᠡᠪᠡᠷ ᠨᠣᠭᠤᠭ᠎ᠠ ᠲᠣᠬᠢᠷᠠᠭᠤᠯᠤᠨ ᠬᠦᠷᠭᠡᠬᠦ ᠂ ᠦᠵᠡᠭᠦᠯᠭᠡ ᠶᠢᠨ ᠦᠢᠯᠡᠳᠪᠦᠷᠢ ᠵᠡᠷᠭᠡ ᠡᠵᠡᠩᠨᠡᠯᠲᠡ ᠶᠢᠨ ᠪᠠᠶᠢᠳᠠᠯ ᠢ ᠬᠥᠭᠵᠢᠭᠦᠯᠵᠦ ᠂ ᠡᠳ᠋ᠰᠢᠭᠦᠯᠦᠨ ᠪᠤᠯᠪᠠᠰᠤᠷᠠᠭᠤᠯᠬᠤ ᠲᠠᠯ᠎ᠠ ᠳᠤ ᠬᠤᠬᠢᠷᠠᠯ ᠢ ᠪᠠᠭᠠᠰᠬᠠᠵᠤ ᠦᠷ᠎ᠡ ᠠᠰᠢᠭ ᠢ ᠨᠡᠮᠡᠭᠳᠡᠭᠦᠯᠬᠦ ᠮᠡᠷᠭᠡᠵᠢᠯ ᠤᠨ ᠲᠣᠨᠤᠭ ᠲᠥᠬᠦᠭᠡᠷᠦᠮᠵᠢ ᠶᠢ ᠬᠤᠷᠠᠭᠤᠯᠤᠨ ᠳᠡᠯᠭᠡᠷᠡᠭᠦᠯᠦᠨ᠎ᠡ ᠃ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠤᠰᠬᠠᠢ ᠪᠡᠯᠡ ᠮᠥᠩᠭᠦ ᠶᠢ ᠠᠰᠢᠭᠯᠠᠨ ᠂ ᠨᠥᠬᠦᠴᠡᠯ ᠳᠤ ᠨᠡᠶᠢᠴᠡᠬᠦ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠤᠯᠪᠠᠰᠤᠷᠠᠭᠤᠯᠬᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠳᠡᠮᠵᠢᠵᠦ ᠂ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠂ ᠪᠠᠶᠢᠴᠠᠭᠠᠨ ᠰᠢᠨᠵᠢᠬᠦ ᠪᠠᠶᠢᠭᠤᠯᠤᠮᠵᠢ ᠪᠠ ᠲᠥᠬᠦᠷ ᠡᠬᠢ ᠪᠠᠶᠠᠯᠢᠭ ᠢ ᠬᠦᠷᠢᠶᠡᠯᠡᠩ ᠲᠣᠭᠤᠷᠢᠭ ᠲᠡᠶᠢᠰᠢ ᠪᠥᠭᠡᠮᠨᠡᠷᠡᠭᠦᠯᠬᠦ ᠪᠠᠷ ᠬᠥᠲᠥᠯᠥᠨ ᠵᠢᠯᠣᠭᠤᠳᠤᠨ᠎ᠠ ᠃ ᠪᠣᠭᠤᠳᠠᠯ ᠪᠠᠭᠯᠠᠭ᠎ᠠ ᠶᠢᠨ ᠵᠢᠷᠤᠭ ᠲᠥᠯᠥᠪᠯᠡᠭᠡ ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠂ ᠮᠡᠳᠡᠭᠡ ᠵᠠᠩᠭᠢ ᠶᠢᠨ ᠰᠢᠰᠲ᠋ᠧᠮ ᠂ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠂ ᠪᠠᠺᠲ᠋ᠧᠷᠢ ᠠᠯᠠᠵᠤ ᠰᠣᠷᠭᠤᠭ ᠪᠠᠶᠢᠯᠭᠠᠬᠤ ᠵᠡᠷᠭᠡ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠲᠥᠬᠦᠷ ᠵᠦᠢᠯ ᠢ ᠲᠦᠷᠭᠡᠳᠬᠡᠨ ᠲᠡᠭᠦᠯᠳᠡᠷᠵᠢᠭᠦᠯᠵᠦ ᠂ ᠦᠢᠯᠡᠳᠬᠦᠨ ᠤ ᠥᠷᠲᠡᠭ ᠨᠢ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠤᠯᠪᠠᠰᠤᠷᠠᠭᠤᠯᠬᠤ ᠬᠦᠷᠢᠶᠡᠯᠡᠩ ᠲᠣᠭᠤᠷᠢᠭ ᠢ ᠭᠤᠣᠯᠳᠠᠯᠭ᠎ᠠ ᠲᠠᠢ ᠴᠣᠭᠴᠠᠯᠠᠵᠤ ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠤᠯᠪᠠᠰᠤᠷᠠᠭᠤᠯᠬᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠨᠢ ᠠᠬᠢᠭᠤᠯᠤᠨ᠎ᠠ ᠃ ︵ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︶

    3. ᠲᠦᠭᠦᠬᠡᠢ ᠡᠳ᠋ ᠤᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠋᠎ᠡ ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠳᠠᠪᠠᠭᠤᠯᠢᠭ ᠭᠠᠷᠤᠯᠲᠠ ᠶᠢᠨ ᠣᠷᠣᠨ ᠳᠤ ᠠᠩᠬᠠᠷᠤᠯ ᠢᠶᠠᠨ ᠲᠥᠪᠯᠡᠷᠡᠭᠦᠯᠵᠦ ᠂ ᠬᠡᠪᠴᠢᠶᠡᠵᠢᠭᠦᠯᠦᠨ ᠳᠠᠷᠢᠵᠤ ᠲᠡᠵᠢᠭᠡᠬᠦ ᠦᠢᠯᠡᠰ ᠢ ᠬᠥᠭᠵᠢᠭᠦᠯᠦᠨ ᠂ ᠡᠳ᠋ᠰᠢᠭᠦᠯᠦᠨ ᠪᠤᠯᠪᠠᠰᠤᠷᠠᠭᠤᠯᠬᠤ ᠲᠠᠯ᠎ᠠ ᠶᠢᠨ ᠦᠢᠯᠡᠳᠪᠦᠷᠢᠯᠡᠬᠦ ᠴᠢᠳᠠᠮᠵᠢ ᠶᠢ ᠵᠦᠢ ᠵᠣᠬᠢᠰᠲᠠᠢ ᠪᠠᠶᠢᠷᠢᠰᠢᠭᠤᠯᠵᠤ ᠂ ᠱᠠᠲᠤ ᠲᠡᠰ ᠬᠤᠪᠢᠶᠠᠨ ᠪᠣᠭᠤᠳᠠᠯᠯᠠᠵᠤ ᠪᠠᠭᠯᠠᠬᠤ ᠂ ᠬᠠᠳᠠᠭᠠᠯᠠᠵᠤ ᠰᠣᠷᠭᠤᠭ ᠪᠠᠶᠢᠯᠭᠠᠬᠤ ᠂ ᠤᠷᠢᠳᠴᠢᠯᠠᠨ ᠬᠥᠷᠥᠭᠡᠵᠦ ᠬᠥᠯᠳᠡᠭᠡᠵᠦ ᠬᠠᠭᠰᠠᠭᠠᠨ ᠬᠠᠲᠠᠭᠠᠬᠤ ᠵᠡᠷᠭᠡ ᠬᠢᠷᠢ ᠲᠦᠪᠰᠢᠨ ᠢᠶᠠᠨ ᠳᠡᠭᠡᠭᠰᠢᠯᠡᠭᠦᠯᠦᠨ ᠂ ᠲᠦᠭᠦᠬᠡᠢ ᠡᠳ᠋ ᠢ ᠲᠤᠬᠠᠢ ᠶᠢᠨ ᠭᠠᠵᠠᠷ ᠲᠤ ᠨᠢ ᠡᠳ᠋ᠰᠢᠭᠦᠯᠦᠨ ᠪᠤᠯᠪᠠᠰᠤᠷᠠᠭᠤᠯᠵᠦ ᠤᠯᠠᠷᠢᠭᠤᠯᠤᠨ ᠬᠤᠪᠢᠷᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ ᠃ ᠡᠳ᠋ᠰᠢᠭᠦᠯᠦᠨ ᠪᠣᠯᠪᠠᠰᠤᠷᠠᠭᠤᠯᠬᠤ ᠬᠡᠯᠪᠡᠷᠢ ᠶᠢᠨ ᠲᠤᠰᠬᠠᠢ ᠬᠡᠷᠡᠭᠯᠡᠭᠡᠨ ᠤ ᠲᠠᠷᠢᠮᠠᠯ ᠤᠨ ᠲᠥᠷᠥᠯ ᠵᠦᠢᠯ ᠪᠠ ᠲᠤᠰᠬᠠᠢ ᠬᠡᠷᠡᠭᠯᠡᠭᠡᠨ ᠤ ᠮᠠᠯ ᠤᠨ ᠡᠭᠦᠯᠳᠡᠷ ᠢ ᠳᠡᠯᠭᠡᠷᠡᠭᠦᠯᠦᠨ ᠬᠡᠷᠡᠭᠯᠡᠬᠦ ᠳᠤ  ᠨᠢ ᠳᠡᠮᠵᠢᠯᠭᠡ ᠦᠵᠡᠭᠦᠯᠵᠦ ᠂ ᠪᠠᠷᠢᠮᠵᠢᠶᠠᠵᠢᠭᠤᠯᠤᠨ ᠦᠢᠯᠡᠳᠪᠦᠷᠢᠯᠡᠬᠦ ᠪᠠ ᠡᠳ᠋ᠰᠢᠭᠦᠯᠦᠨ ᠪᠤᠯᠪᠠᠰᠤᠷᠠᠭᠤᠯᠬᠤ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ ᠃ ᠲᠦᠭᠦᠬᠡᠢ ᠡᠳ᠋ ᠤᠨ ᠭᠠᠷᠤᠯᠲᠠ ᠶᠢᠨ ᠣᠷᠣᠨ ᠂ ᠠᠵᠤ ᠠᠬᠤᠶᠢᠯᠠᠯ ᠤᠨ ᠭᠤᠣᠯ ᠴᠣᠭᠴᠠ ᠪᠠ ᠬᠡᠷᠡᠭᠯᠡᠭᠡ ᠶᠢᠨ ᠵᠠᠬ᠎ᠠ ᠳᠡᠯᠭᠡᠭᠦᠷ ᠢ ᠤᠯᠠᠮ ᠨᠢᠭᠡ ᠠᠯᠬᠤᠮ ᠵᠣᠯᠭᠠᠯᠳᠤᠭᠤᠯᠬᠤ ᠶᠢ ᠨᠢ ᠠᠬᠢᠭᠤᠯᠵᠤ ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠤᠳ ᠤᠨ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠦᠪᠡᠰᠦᠪᠡᠨ ᠪᠠᠶᠢᠭᠤᠯᠬᠤ ᠶᠢ ᠨᠢ ᠵᠣᠷᠢᠭᠵᠢᠭᠤᠯᠤᠨ ᠂ ᠵᠠᠬᠢᠶᠠᠯᠠᠭ᠎ᠠ ᠶᠢᠨ ᠬᠠᠭᠤᠳᠠᠰᠤ ᠪᠠᠷ ᠦᠢᠯᠡᠳᠪᠦᠷᠢᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠂ ᠬᠤᠷᠰᠢᠶ᠎ᠠ ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠂ ᠲᠠᠷᠢᠶᠠᠴᠢᠨ ᠮᠠᠯᠴᠢᠨ ᠵᠡᠷᠭᠡ ᠯᠦᠭᠡ ᠲᠣᠭᠲᠠᠪᠤᠷᠢᠲᠠᠢ ᠬᠠᠮᠵᠢᠯᠴᠠᠬᠤ ᠬᠠᠷᠢᠴᠠᠭ᠎ᠠ ᠪᠣᠶ ᠪᠣᠯᠭᠠᠨ᠎ᠠ ᠃ ︵ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︶

     ︵ᠭᠤᠷᠪᠠ ︶ ᠨᠡᠷᠡᠲᠦ ᠲᠡᠮᠳᠡᠭ ᠢ ᠪᠣᠶᠢᠵᠢᠭᠤᠯᠬᠤ ᠪᠠ ᠡᠵᠡᠩᠨᠡᠨ ᠳᠡᠯᠭᠡᠷᠡᠭᠦᠯᠬᠦ ᠪᠠᠨ ᠴᠢᠩᠭᠠᠷᠠᠭᠤᠯᠤᠨ᠎ᠠ

    1. ᠪᠦᠲᠦᠭᠡᠭᠳᠡᠬᠦᠨ ᠢ ᠡᠵᠡᠩᠨᠡᠨ ᠪᠣᠷᠣᠯᠠᠭᠤᠯᠬᠤ ᠪᠠᠨ ᠴᠢᠩᠭᠠᠷᠠᠭᠤᠯᠤᠨ᠎ᠠ ᠃ ᠮᠠᠨ ᠤ ᠣᠷᠣᠨ ᠤ ᠴᠢᠨᠠᠷ ᠰᠠᠶᠢᠲᠠᠢ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠤᠨ ᠲᠣᠮᠣ ᠬᠡᠯᠪᠡᠷᠢ ᠶᠢᠨ ᠬᠡᠯᠬᠢᠶᠡᠵᠢᠭᠰᠡᠨ ᠨᠡᠷᠡᠲᠦ ᠲᠡᠮᠳᠡᠭ ᠪᠦᠬᠦᠢ ᠬᠡᠲᠦ ᠳᠡᠯᠭᠡᠭᠦᠷ ᠲᠤ ᠣᠷᠣᠭᠤᠯᠬᠤ ᠶᠢ ᠠᠬᠢᠭᠤᠯᠵᠤ ᠂ ᠰᠦᠯᠵᠢᠶ᠎ᠡ ᠪᠠᠷ ᠪᠠ ᠰᠦᠯᠵᠢᠶᠡᠨ ᠠᠴᠠ ᠭᠠᠳᠠᠭᠤᠷᠬᠢ ᠡᠵᠡᠩᠨᠡᠨ ᠪᠣᠷᠣᠯᠠᠭᠤᠯᠬᠤ ᠲᠣᠣᠷ ᠴᠡᠭ ᠪᠠ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠳᠠᠮᠵᠢᠵᠤ ᠂ ᠪᠦᠬᠦ ᠤᠯᠤᠰ ᠤᠨ ᠭᠤᠣᠯᠳᠠᠯᠭ᠎ᠠ ᠲᠠᠢ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠢ ᠪᠥᠭᠡᠮ ᠢᠶᠠᠷ ᠪᠣᠷᠣᠯᠠᠭᠤᠯᠬᠤ ᠵᠠᠬ᠎ᠠ ᠳᠡᠯᠭᠡᠭᠦᠷ ᠪᠠ ᠭᠤᠣᠯ ᠪᠣᠯᠬᠤ ᠵᠠᠮ ᠬᠠᠷᠢᠯᠴᠠᠭᠠᠨ ᠤ ᠬᠦᠢᠰᠦ ᠵᠠᠩᠭᠢᠯᠠᠭ᠎ᠠ ᠳᠤ ᠨᠡᠷᠡᠲᠦ ᠲᠡᠮᠳᠡᠭ ᠤᠨ ᠬᠤᠰᠢᠭᠤᠴᠢ ᠳᠡᠯᠭᠡᠭᠦᠷ ᠪᠦᠲᠦᠭᠡᠨ ᠪᠠᠶᠢᠭᠤᠯᠤᠨ᠎ᠠ ᠃ ᠪᠠᠷᠠᠭ᠎ᠠ ᠶᠠᠪᠤᠭᠤᠯᠬᠤ ᠲᠥᠪᠯᠡᠷᠡᠩᠭᠦᠢ ᠰᠠᠩ ᠬᠥᠮᠥᠷᠭᠡ ᠂ ᠤᠷᠢᠳᠠᠴᠢ ᠶᠡᠷᠦᠩᠬᠡᠶᠢᠯᠡᠭᠰᠡᠨ ᠰᠠᠩ ᠬᠥᠮᠥᠷᠭᠡ ᠪᠠᠶᠢᠭᠤᠯᠬᠤ ᠶᠢ ᠳᠠᠮᠵᠢᠵᠤ ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠤᠳ ᠢ ᠬᠥᠬᠡᠮᠥ᠋ᠷᠡᠨ ᠤ ᠭᠤᠷᠪᠠᠯᠵᠢᠨ ᠬᠤᠶᠢᠭ ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠵᠡᠷᠭᠡ ᠭᠤᠣᠯ ᠪᠣᠯᠬᠤ ᠬᠡᠷᠡᠭᠯᠡᠭᠡ ᠶᠢᠨ ᠭᠠᠵᠠᠷ ᠣᠷᠣᠨ ᠳᠤ ᠵᠠᠬ᠎ᠠ ᠳᠡᠯᠭᠡᠭᠦᠷ ᠲᠤ ᠭᠠᠷᠭᠠᠵᠤ ᠪᠣᠷᠣᠯᠠᠭᠤᠯᠬᠤ ᠶᠢ ᠠᠬᠢᠭᠤᠯᠤᠨ᠎ᠠ ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠠᠪᠴᠠᠩ ᠢ ᠰᠠᠶᠢᠲᠤᠷ ᠬᠡᠷᠡᠭᠯᠡᠵᠦ ᠂ ᠲᠤᠰᠬᠠᠢ ᠮᠡᠷᠭᠡᠵᠢᠯ ᠤᠨ ᠴᠢᠨᠠᠷᠲᠠᠢ ᠦᠵᠡᠰᠭᠦᠯᠡᠩ ᠂ ᠦᠵᠡᠰᠭᠦᠯᠡᠩ ᠤᠨ ᠴᠤᠭᠯᠠᠭᠠᠨ ᠂ ᠠᠷᠠᠯᠵᠢᠶ᠎ᠠ ᠴᠤᠭᠯᠠᠭᠠᠨ ᠂ ᠰᠢᠯᠭᠠᠨ ᠲᠣᠭᠲᠠᠭᠠᠬᠤ ᠴᠤᠭᠯᠠᠭᠠᠨ ᠂ ᠪᠣᠭᠤᠳᠠᠯ ᠪᠠᠭᠯᠠᠭ᠎ᠠ ᠵᠢᠷᠤᠵᠤ ᠲᠥᠯᠥᠪᠯᠡᠬᠦ ᠤᠷᠤᠯᠳᠤᠭᠠᠨ ᠵᠡᠷᠭᠡ ᠪᠠᠷ ᠳᠠᠮᠵᠢᠭᠤᠯᠤᠨ ᠂ ᠮᠠᠨ ᠤ ᠣᠷᠣᠨ ᠤ ᠣᠨᠴᠠᠯᠢᠭᠲᠤ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠢ ᠳᠡᠯᠭᠡᠷᠡᠭᠦᠯᠵᠦ ᠂ ᠵᠠᠬ᠎ᠠ ᠳᠡᠯᠭᠡᠭᠦᠷ ᠤᠨ ᠡᠵᠡᠯᠡᠬᠦ ᠨᠣᠷᠮ᠎ᠠ ᠶᠢ ᠳᠡᠭᠡᠭᠰᠢᠯᠡᠭᠦᠯᠦᠨ᠎ᠡ ᠃ ᠬᠡᠷᠡᠭᠯᠡᠭᠴᠢᠳ ᠤᠨ ᠦᠢᠯᠡ ᠠᠵᠢᠯᠯᠠᠭ᠎ᠠ ᠪᠠ ᠵᠠᠬ᠎ᠠ ᠳᠡᠯᠭᠡᠭᠦᠷ ᠤᠨ ᠬᠤᠪᠢᠷᠠᠯᠲᠠ ᠶᠢᠨ ᠬᠠᠨᠳᠤᠰᠢ ᠶᠢ ᠭᠦᠨᠵᠡᠭᠡᠢ ᠰᠤᠳᠤᠯᠵᠤ ᠂ ᠪᠦᠲᠦᠭᠡᠭᠳᠡᠬᠦᠨ ᠢ ᠰᠤᠳᠤᠯᠤᠨ ᠨᠡᠭᠡᠭᠡᠵᠦ ᠵᠢᠷᠤᠵᠤ ᠲᠥᠯᠥᠪᠯᠡᠬᠦ ᠪᠠᠨ ᠴᠢᠩᠭᠠᠳᠬᠠᠨ ᠂ ᠥᠷᠢᠰᠦᠯᠳᠦᠨ ᠮᠥᠷᠥᠶᠢᠴᠡᠬᠦ ᠵᠠᠮ ᠴᠢᠭᠯᠡᠯ ᠢᠶᠠᠨ ᠨᠠᠷᠢᠨ ᠬᠤᠪᠢᠶᠠᠵᠤ ᠂ ᠵᠢᠵᠢᠭ ᠭᠠᠷᠳᠠᠴᠠ ᠶᠢ ᠣᠨᠣᠴᠠᠲᠠᠢ ᠣᠯᠵᠤ ᠂ ᠨᠢᠭᠡ ᠪᠦᠯᠦᠭ ︽ᠥᠷᠨᠢᠯ ᠬᠦᠷᠢᠶᠡᠯᠡᠯ ᠲᠠᠢ ᠲᠠᠸᠠᠷ ︾᠂ ︽ᠬᠠᠯᠠᠮᠰᠢᠯ ᠶᠡᠬᠡᠲᠡᠢ ᠪᠦᠲᠦᠭᠡᠭᠳᠡᠬᠦᠨ ︾᠂ ︽ᠠᠩᠬᠠᠷᠤᠯ ᠢ ᠲᠠᠲᠠᠭᠰᠠᠨ ᠴᠡᠭ ︾ ᠢ ᠪᠣᠢ ᠪᠣᠯᠭᠠᠨ᠎ᠠ ᠃ ᠠᠵᠤ ᠠᠬᠤᠶᠢᠯᠠᠯ ᠤᠨ ᠵᠦᠵᠢᠶᠠᠩ ᠮᠥᠷᠡᠨ ᠤ ᠭᠤᠷᠪᠠᠯᠵᠢᠨ ᠬᠤᠶᠢᠭ ᠲᠤ ᠠᠯᠠᠰᠢᠨ ᠦᠬᠡᠷ ᠨᠢᠲᠤᠯᠵᠤ ᠡᠳ᠋ᠰᠢᠭᠦᠯᠦᠨ ᠪᠣᠯᠪᠠᠰᠤᠷᠠᠭᠤᠯᠬᠤ ᠦᠢᠯᠡᠳᠪᠦᠷᠢᠯᠡᠯ ᠤᠨ ᠱᠤᠭᠤᠮ ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠢ ᠲᠦᠷᠢᠶᠡᠰᠦᠯᠡᠬᠦ ᠪᠤᠶᠤ ᠪᠠᠶᠢᠭᠤᠯᠬᠤ ᠪᠠᠷ ᠳᠠᠮᠵᠢᠭᠤᠯᠤᠨ ᠂ ᠰᠣᠷᠭᠤᠭ ᠮᠢᠬᠠᠨ ᠤ ᠵᠠᠬ᠎ᠠ ᠳᠡᠯᠭᠡᠭᠦᠷ ᠤᠨ ᠡᠵᠡᠯᠡᠬᠦ ᠨᠣᠷᠮ᠎ᠠ ᠪᠠᠨ ᠳᠡᠭᠡᠭᠰᠢᠯᠡᠭᠦᠯᠬᠦ ᠶᠢ ᠨᠢ ᠵᠣᠷᠢᠭᠵᠢᠭᠤᠯᠤᠨ᠎ᠠ ᠃ ︵ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠣᠰᠬᠤᠨ ᠮᠠᠯᠵᠢᠬᠤ ᠣᠷᠣᠨ ᠤ ᠲᠢᠩᠬᠢᠮ ᠂ ᠬᠤᠳᠠᠯᠳᠤᠭᠠᠨ ᠤ ᠶᠠᠪᠤᠳᠠᠯ ᠤᠨ ᠲᠢᠩᠬᠢᠮ ︶

    2. ᠨᠡᠷᠡᠲᠦ ᠲᠡᠮᠳᠡᠭ ᠤᠨ ᠨᠥᠯᠥᠭᠡᠯᠡᠬᠦ ᠬᠦᠴᠦᠨ ᠢ ᠶᠡᠬᠡᠰᠬᠡᠨ᠎ᠡ ᠃ ᠲᠠᠷᠢᠶᠠᠯᠠᠩ ᠮᠠᠯ ᠠᠵᠤ ᠠᠬᠤᠢ ᠶᠢᠨ ᠨᠠᠷᠠᠲᠤ ᠲᠡᠮᠳᠡᠭ ᠤᠨ ᠰᠣᠳᠣᠨ ᠪᠦᠲᠦᠭᠡᠭᠳᠡᠬᠦᠨ ᠢ ᠪᠣᠶᠢᠵᠢᠭᠤᠯᠬᠤ ᠲᠥᠯᠥᠪᠯᠡᠭᠡ ᠶᠢ ᠦᠷᠭᠦᠯᠵᠢᠯᠡᠨ ᠠᠬᠢᠭᠤᠯᠵᠤ ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠨᠠᠷᠠᠲᠤ ᠲᠡᠮᠳᠡᠭ ᠢ ᠰᠢᠯᠢᠳᠡᠭᠵᠢᠭᠦᠯᠦᠨ ᠬᠦᠴᠦᠷᠬᠡᠭᠵᠢᠭᠦᠯᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠤᠨ ᠂ ︽ᠠᠮᠢ ᠠᠬᠤᠢ ᠶᠢᠨ ᠥᠪᠥᠷ ᠮᠣᠩᠭᠤᠯ ᠪᠣᠬᠢᠷᠲᠤᠯ ᠦᠭᠡᠢ ᠰᠠᠶᠢᠬᠠᠨ ᠦᠨᠦᠷ ᠠᠮᠲᠠ ︾ ᠳᠤ ᠠᠩᠬᠠᠷᠤᠯ ᠢᠶᠠᠨ ᠲᠥᠪᠯᠡᠷᠡᠭᠦᠯᠵᠦ ᠂ ᠡᠷᠬᠡ ᠰᠦᠷᠲᠦ ᠵᠠᠭᠤᠴᠢᠯᠠᠭᠤᠷ ᠪᠠ ᠲᠠᠷᠢᠶᠠᠯᠠᠩ ᠤᠨ ᠪᠦᠲᠦᠭᠡᠭᠳᠡᠬᠦᠨ ᠤ ᠳᠡᠯᠭᠡᠷᠡᠭᠦᠯᠦᠨ ᠲᠠᠨᠢᠯᠴᠠᠭᠤᠯᠤᠭᠴᠢ ᠶᠢᠨ ᠡᠩᠨᠡᠭᠡ ᠳᠤ ᠲᠦᠰᠢᠭᠯᠡᠨ ᠂ ᠨᠠᠷᠠᠲᠤ ᠲᠡᠮᠳᠡᠭ ᠤᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠎ᠠ ᠃ ᠠᠵᠤ ᠠᠬᠤᠶᠢᠯᠠᠯ ᠤᠨ ︽ᠥᠪᠥᠷ ᠮᠣᠩᠭᠤᠯ ︾ ᠨᠡᠷᠡᠮᠵᠢᠲᠦ ᠲᠡᠮᠳᠡᠭ ᠤᠨ ᠭᠡᠷᠡᠴᠢᠯᠡᠯ ᠢ ᠢᠳᠡᠪᠬᠢᠲᠡᠢ ᠥᠷᠨᠢᠭᠦᠯᠬᠦ ᠶᠢ ᠨᠢ ᠳᠡᠮᠵᠢᠵᠦ ᠂ ᠠᠵᠤ ᠠᠬᠤᠶᠢᠯᠠᠯ ᠤᠨ ᠪᠣᠬᠢᠷᠲᠤᠯ ᠦᠭᠡᠢ ᠂ ᠣᠷᠭᠠᠨᠢᠭ ᠭᠡᠷᠡᠴᠢᠯᠡᠯ ᠭᠤᠶᠤᠴᠢᠯᠠᠬᠤ ᠶᠢ ᠨᠢ ᠳᠡᠮᠵᠢᠨ᠎ᠡ ᠃ ᠪᠢᠰᠢᠯᠠᠭ ᠂ ᠱᠣᠣᠮᠠᠢ ᠂ ᠦᠬᠡᠷ ᠤᠨ ᠪᠣᠷᠴᠠ ᠂ ᠦᠬᠡᠷ ᠬᠤᠨᠢᠨ ᠤ ᠬᠤᠯᠢᠴᠠ ᠂ ᠲᠥᠮᠥᠰᠥᠨ ᠬᠡᠷᠴᠢᠮ ᠲᠥᠮᠥᠰᠥᠨ ᠵᠦᠰᠦᠮ ᠂ ᠲᠥᠪᠡᠳ ᠬᠠᠰᠢ ᠶᠢᠨ ᠰᠢᠭᠦᠰᠦ ᠵᠡᠷᠭᠡ ︽ᠥᠪᠥᠷ ᠮᠣᠩᠭᠤᠯ ︾ ᠨᠡᠷᠡᠮᠵᠢᠲᠦ ᠲᠡᠮᠳᠡᠭ ᠤᠨ ᠲᠠᠯ᠎ᠠ ᠪᠠᠷ ᠥᠷᠨᠢᠯ ᠬᠦᠷᠢᠶᠡᠯᠡᠯ ᠲᠠᠢ ᠲᠠᠸᠠᠷ ᠢ ᠪᠣᠢ ᠪᠣᠯᠭᠠᠵᠤ ᠂ ᠰᠣᠩᠭᠤᠳᠠᠭ ︽ᠭᠠᠷ ᠪᠡᠯᠡᠭ ︾ ᠤᠨ ᠪᠦᠲᠦᠭᠡᠭᠳᠡᠬᠦᠨ ᠡᠭᠦᠳᠦᠨ ᠵᠣᠬᠢᠶᠠᠨ᠎ᠠ ᠃ ︽ᠥᠪᠥᠷ ᠮᠣᠩᠭᠤᠯ ︾ ᠨᠡᠷᠡᠮᠵᠢᠲᠦ ᠲᠡᠮᠳᠡᠭ ᠲᠠᠢ ᠢᠳᠡᠭᠡᠨ ᠤ ᠵᠦᠢᠯ ᠢ ᠬᠤᠳᠠᠯᠳᠤᠭᠠᠨ ᠤ ᠲᠠᠯᠠᠪᠠᠢ ᠬᠡᠲᠦ ᠳᠡᠯᠭᠡᠭᠦᠷ ᠂ ᠲᠦᠷᠭᠡᠨ ᠤ ᠲᠡᠮᠦᠷ ᠵᠠᠮ ᠂ ᠨᠢᠰᠬᠡᠯ ᠤᠨ ᠪᠠᠭᠤᠳᠠᠯ ᠳᠤ ᠣᠷᠣᠭᠤᠯᠬᠤ ᠶᠢ ᠠᠬᠢᠭᠤᠯᠤᠨ᠎ᠠ ᠃ ︵ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠂ ᠬᠤᠳᠠᠯᠳᠤᠭᠠᠨ ᠤ ᠶᠠᠪᠤᠳᠠᠯ ᠤᠨ ᠲᠢᠩᠬᠢᠮ ︶

    3. ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠢ ᠭᠠᠳᠠᠭᠠᠳᠤ ᠳᠤ ᠭᠠᠷᠭᠠᠬᠤ ᠶᠢ ᠳᠡᠮᠵᠢᠨ᠎ᠡ ᠃ ᠰᠠᠯᠠᠭ᠎ᠠ ᠮᠥᠴᠢᠷ ᠤᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠷᠠᠭᠤᠯᠵᠤ ᠂ ᠲᠠᠷᠢᠶᠠᠯᠠᠩ ᠲᠤᠰᠠᠯᠠᠬᠤ ᠠᠵᠤ ᠠᠬᠤᠢ  ᠶᠢᠨ ᠢᠳᠡᠭᠡᠨ ᠤ ᠵᠦᠢᠯ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠰᠠᠨᠠᠭᠠᠴᠢᠯᠠᠭ᠎ᠠ ᠠᠴᠠ ᠪᠠᠨ ᠣᠶᠢᠯᠠᠭᠠᠨ ᠵᠣᠯᠭᠠᠭᠤᠯᠵᠤ ᠂ ᠬᠦᠴᠦᠨ ᠴᠢᠳᠠᠯ  ᠢᠶᠠᠨ ᠡᠮᠬᠢᠯᠡᠨ ᠨᠡᠶᠢᠯᠡᠭᠦᠯᠵᠦ ᠪᠠᠶᠢᠭᠠᠳ ᠰᠠᠶᠢᠲᠤᠷ ᠦᠢᠯᠡᠴᠢᠯᠡᠬᠦ ᠬᠡᠷᠡᠭᠲᠡᠢ ᠃ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠢ ᠭᠠᠳᠠᠭᠠᠳᠤ ᠳᠤ ᠭᠠᠷᠭᠠᠬᠤ ᠭᠠᠷᠳᠠᠮ ᠢ ᠲᠦᠷᠭᠡᠳᠬᠡᠨ ᠭᠦᠢᠴᠡᠳᠬᠡᠵᠦ ᠂ ᠭᠡᠷᠡᠴᠢ ᠦᠨᠡᠮᠯᠡᠯ ᠭᠦᠢᠴᠡᠳᠬᠡᠬᠦ ᠴᠠᠭ ᠬᠤᠭᠤᠴᠠᠭ᠎ᠠ ᠶᠢ ᠨᠢ ᠪᠣᠭᠤᠨᠢᠰᠬᠠᠵᠤ ᠂ ᠵᠠᠬᠢᠶᠠᠯᠠᠭ᠎ᠠ ᠶᠢᠨ ᠬᠠᠭᠤᠳᠠᠰᠤ ᠶᠢ ᠲᠦᠷᠭᠡᠬᠡᠨ ᠪᠦᠷᠢᠯᠳᠦᠭᠦᠯᠬᠦ ᠶᠢᠨ ᠬᠠᠮᠲᠤ ᠭᠠᠳᠠᠭᠠᠳᠤ ᠳᠤ ᠭᠠᠷᠭᠠᠬᠤ ᠬᠡᠪᠴᠢᠶᠡᠵᠢᠯ ᠢ ᠨᠢ ᠥᠷᠭᠡᠳᠬᠡᠨ᠎ᠡ ᠃ ᠣᠯᠠᠨ ᠤᠯᠤᠰ ᠤᠨ ᠴᠢᠨᠠᠷᠲᠠᠢ ᠳᠡᠯᠭᠡᠨ ᠪᠣᠷᠣᠯᠠᠭᠤᠯᠬᠤ ᠴᠤᠭᠯᠠᠭᠠᠨ ᠂ ᠦᠵᠡᠰᠬᠦᠯᠡᠩ ᠵᠡᠷᠭᠡ ᠶᠢ ᠠᠰᠢᠭᠯᠠᠨ ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠤᠨ ᠭᠠᠳᠠᠭᠠᠳᠤ ᠭᠠᠷᠭᠠᠯᠲᠠ ᠶᠢᠨ ᠠᠵᠤ ᠠᠬᠤᠶᠢᠯᠠᠯ ᠢ ᠬᠠᠪᠰᠤᠷᠤᠨ ᠲᠡᠳᠬᠦᠵᠦ ᠪᠠᠶᠢᠭᠠᠳ ᠠᠷᠠᠯᠵᠢᠶᠠᠨ ᠤ ᠡᠬᠢ ᠪᠠᠶᠠᠯᠢᠭ ᠲᠠᠢ ᠵᠣᠯᠭᠠᠭᠤᠯᠵᠤ ᠂ ᠠᠵᠤ ᠠᠬᠤᠶᠢᠯᠠᠯ ᠤᠳ ᠤᠨ ᠬᠠᠷᠢᠴᠠᠭᠠᠨ ᠤ ᠡᠷᠦᠭᠡ ᠲᠠᠢ ᠶᠠᠷᠢᠯᠴᠠᠵᠤ ᠨᠡᠪᠲᠡᠷᠡᠯᠴᠡᠬᠦ ᠂ ᠵᠠᠬᠢᠶᠠᠯᠠᠭ᠎ᠠ ᠶᠢᠨ ᠬᠠᠭᠤᠳᠠᠰᠤ ᠶᠢ ᠰᠢᠢᠳᠪᠦᠷᠢᠯᠡᠵᠦ ᠠᠳᠬᠤᠬᠤ ᠂ ᠵᠠᠬ᠎ᠠ ᠳᠡᠯᠭᠡᠭᠦᠷ ᠢᠶᠠᠨ ᠥᠷᠭᠡᠵᠢᠭᠦᠯᠬᠦ ᠶᠢ ᠳᠡᠮᠵᠢᠨ᠎ᠡ ᠃ ︵ ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠂ ᠭᠠᠳᠠᠭᠠᠳᠤ ᠶᠠᠪᠤᠳᠠᠯ ᠤᠨ ᠠᠯᠪᠠᠨ ᠭᠡᠷ ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠂ ᠠᠷᠠᠯᠵᠢᠶ᠎ᠠ ᠠᠬᠢᠭᠤᠯᠬᠤ ᠵᠥᠪᠯᠡᠯ ᠂ ᠬᠥᠬᠡᠬᠤᠲᠠ ᠪᠣᠭᠤᠮᠲᠠ ᠂ ᠮᠠᠨᠵᠤᠤᠷ ᠪᠣᠭᠤᠮᠲᠠ ︶

     ︵ᠳᠥᠷᠪᠡ ︶ ᠢᠳᠡᠭᠡᠨ ᠤ ᠠᠮᠤᠷ ᠲᠦᠪᠰᠢᠨ ᠳᠠᠬᠢ ᠬᠢᠨᠠᠯᠲᠠ ᠬᠠᠮᠢᠶᠠᠷᠤᠯᠲᠠ ᠶᠢ ᠴᠢᠩᠳᠠᠯᠠᠨ᠎ᠠ

    1. ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠤᠯᠪᠠᠰᠤᠷᠠᠭᠤᠯᠬᠤ ᠲᠠᠯ᠎ᠠ ᠳᠤ ᠪᠠᠷᠢᠮᠵᠢᠶᠠᠵᠢᠭᠤᠯᠬᠤ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ ᠃ ᠬᠡᠷᠡᠭᠯᠡᠭᠡᠨ ᠤ ᠤᠳᠤᠷᠢᠳᠤᠮᠵᠢ ᠶᠢ ᠳᠣᠪᠤᠶᠢᠯᠭᠠᠵᠤ ᠂ ᠡᠳ᠋ᠰᠢᠭᠦᠯᠦᠨ ᠪᠣᠯᠪᠠᠰᠤᠷᠠᠭᠤᠯᠬᠤ ᠲᠦᠭᠦᠬᠡᠢ ᠡᠳ᠋ ᠂ ᠮᠡᠷᠭᠡᠵᠢᠯ ᠤᠨ ᠲᠣᠨᠤᠭ ᠲᠥᠬᠦᠭᠡᠷᠦᠮᠵᠢ ᠂ ᠠᠵᠢᠯᠯᠠᠬᠤ ᠳᠦᠷᠢᠮᠯᠡᠯ ᠂ ᠪᠦᠲᠦᠭᠡᠭᠳᠡᠬᠦᠨ ᠤ ᠭᠦᠢᠯᠭᠡᠭᠡ ᠵᠡᠷᠭᠡ ᠪᠥᠬᠦ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠤᠳ ᠤᠨ ᠤᠯᠤᠰ ᠂ ᠠᠵᠢᠯ ᠲᠥᠷᠥᠯ ᠂ ᠣᠷᠣᠨ ᠨᠤᠲᠤᠭ ᠤᠨ ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ ᠣᠷᠣᠭᠤᠯᠬᠤ ᠳᠤ ᠢᠳᠡᠪᠬᠢᠲᠡᠢ ᠣᠷᠣᠯᠴᠠᠬᠤ ᠶᠢ ᠨᠢ ᠵᠣᠷᠢᠭᠵᠢᠭᠤᠯᠤᠨ᠎ᠠ ᠃ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠪᠠᠷᠢᠮᠵᠢᠶ᠎ᠠ ᠶᠣᠰᠣᠭᠠᠷ ᠦᠢᠯᠡᠳᠪᠦᠷᠢᠯᠡᠭᠦᠯᠵᠦ ᠂ ᠡᠳ᠋ᠰᠢᠭᠦᠯᠦᠨ ᠪᠤᠯᠪᠠᠰᠤᠷᠠᠭᠤᠯᠬᠤ ᠮᠡᠷᠭᠡᠵᠢᠯ ᠤᠨ ᠪᠠᠷᠢᠮᠵᠢᠶᠠᠵᠢᠯᠲᠠ ᠂ ᠲᠣᠨᠤᠭ ᠲᠥᠬᠦᠭᠡᠷᠦᠮᠵᠢ ᠶᠢᠨ ᠣᠶᠤᠨᠴᠢᠯᠠᠯᠲᠠ ᠂ ᠶᠠᠪᠤᠴᠠ ᠶᠢᠨ ᠪᠣᠬᠢᠷᠲᠤᠯ ᠦᠬᠡᠶᠢᠵᠢᠯᠲᠡ ᠂ ᠪᠦᠲᠦᠭᠡᠭᠳᠡᠬᠦᠨ ᠤ ᠰᠢᠮ᠎ᠡ ᠲᠡᠵᠢᠭᠡᠯᠵᠢᠯᠲᠡ ᠶᠢ ᠠᠬᠢᠭᠤᠯᠤᠨ᠎ᠠ ᠃ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠤᠨ ᠠᠵᠤ ᠠᠬᠤᠶᠢᠯᠠᠯ ᠤᠨ ᠪᠠᠷᠢᠮᠵᠢᠶ᠎ᠠ ᠶᠢᠨ ᠲᠤᠬᠠᠢ ᠥᠪᠡᠷ ᠤᠨ ᠢᠯᠡᠷᠬᠡᠶᠢᠯᠡᠯᠲᠡ ᠪᠠᠨ ᠢᠯᠡ ᠪᠤᠯᠭᠠᠬᠤ ᠳᠦᠷᠢᠮ ᠢ ᠬᠡᠷᠡᠭᠵᠢᠭᠦᠯᠵᠦ ᠂ ᠠᠵᠤ ᠠᠬᠤᠶᠢᠯᠠᠯ ᠤᠨ ᠰᠢᠭᠤᠳ ︽ᠠᠵᠤ ᠠᠬᠤᠶᠢᠯᠠᠯ ᠤᠨ ᠪᠠᠷᠢᠮᠵᠢᠶᠠᠨ ᠤ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ︾ ᠳᠤ ᠭᠠᠷᠴᠤ ᠥᠪᠡᠷ ᠤᠨ ᠢᠯᠡᠷᠬᠡᠶᠢᠯᠡᠯᠲᠡ ᠪᠠᠨ ᠢᠯᠡ ᠪᠠᠷ ᠠᠮᠠᠯᠠᠯᠲᠠ ᠬᠢᠬᠦ ᠶᠢ ᠵᠣᠷᠢᠭᠵᠢᠭᠤᠯᠵᠤ ᠂ ᠢᠳᠡᠭᠡᠨ ᠤ ᠵᠦᠢᠯ ᠤᠨ ᠪᠠᠷᠢᠮᠵᠢᠶᠠᠨ ᠤ ᠠᠵᠢᠯ ᠶᠠᠪᠤᠳᠠᠯ ᠤᠨ ᠳᠠᠷᠠᠭᠠᠬᠢ ᠬᠠᠮᠢᠶᠠᠷᠤᠯᠲᠠ ᠪᠠᠨ ᠴᠢᠩᠭᠠᠷᠠᠭᠤᠯᠤᠨ᠎ᠠ ᠃ ︵ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︶

    2. ᠪᠥᠬᠦ ᠬᠡᠯᠬᠢᠶᠡᠨ ᠤ ᠠᠮᠤᠷ ᠲᠦᠪᠰᠢᠨ ᠤ ᠲᠠᠯ᠎ᠠ ᠳᠤ ᠬᠠᠮᠢᠶᠠᠷᠤᠨ ᠡᠵᠡᠮᠳᠡᠬᠦ ᠪᠠᠨ ᠴᠢᠩᠭᠠᠳᠬᠠᠨ᠎ᠠ ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠠᠷᠢᠮᠵᠢᠶ᠎ᠠ ᠳᠤ ᠭᠦᠷᠦᠭᠰᠡᠨ ᠠᠮᠠᠯᠠᠯᠲᠠ ᠶᠢᠨ ᠬᠢᠷᠢ ᠲᠡᠩᠴᠡᠭᠰᠡᠨ ᠦᠨᠡᠮᠯᠡᠯ ᠤᠨ ᠳᠦᠷᠢᠮ ᠪᠠ ᠮᠥᠷᠳᠡᠨ ᠤᠬᠤᠴᠢᠯᠠᠬᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠵᠤ ᠂ ᠦᠢᠯᠡᠳᠪᠦᠷᠢᠯᠡᠯ ᠤᠨ ᠲᠡᠮᠳᠡᠭᠯᠡᠯ ᠢ ᠪᠠᠶᠢᠴᠠᠭᠠᠨ ᠯᠠᠪᠯᠠᠵᠤ ᠪᠣᠯᠬᠤ ᠂ ᠪᠦᠲᠦᠭᠡᠭᠳᠡᠬᠦᠨ ᠤ ᠭᠦᠢᠯᠭᠡᠭᠡᠨ ᠤ ᠬᠠᠨᠳᠤᠰᠢ ᠶᠢ ᠮᠥᠷᠳᠡᠵᠦ ᠪᠣᠯᠬᠤ ᠂ ᠬᠠᠷᠢᠭᠤᠴᠠᠯᠭ᠎ᠠ ᠶᠢ ᠲᠣᠳᠣᠷᠬᠠᠢ ᠪᠣᠯᠭᠠᠬᠤ ᠶᠢ ᠪᠡᠶᠡᠯᠡᠭᠦᠯᠦᠨ᠎ᠡ ᠃ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠢᠳᠡᠭᠡᠨ ᠤ ᠵᠦᠢᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ ᠂ ᠦᠢᠯᠡᠳᠪᠦᠷᠢ ᠠᠴᠠ ᠭᠠᠷᠬᠤ ᠪᠦᠲᠦᠭᠡᠭᠳᠡᠬᠦᠨ ᠤ ᠬᠢᠷᠢ ᠲᠡᠩᠴᠡᠬᠦ ᠶᠢ ᠦᠨᠡᠨ ᠬᠦ ᠪᠠᠲᠤᠯᠠᠨ᠎ᠠ ᠃ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠨᠡᠨᠴᠢ ᠢᠲᠡᠭᠡᠮᠵᠢ ᠶᠢᠨ ᠬᠠᠮᠢᠶᠠᠷᠤᠯᠲᠠ ᠂ ᠶᠠᠰᠤ ᠴᠢᠨᠠᠷ ᠤᠨ ᠬᠠᠮᠢᠶᠠᠷᠤᠯᠲᠠ ᠂ ᠢᠳᠡᠭᠡᠨ ᠤ ᠵᠦᠢᠯ ᠤᠨ ᠠᠮᠤᠷ ᠲᠦᠪᠰᠢᠨ ᠤ ᠬᠠᠮᠢᠶᠠᠷᠤᠯᠲᠠ ᠂ ᠬᠤᠣᠷ ᠬᠥᠨᠥᠭᠡᠯ ᠤᠨ ᠵᠠᠳᠠᠯᠤᠯᠲᠠ ᠬᠢᠭᠡᠳ ᠵᠠᠩᠭᠢᠯᠠᠭ᠎ᠠ ᠶᠢᠨ ᠡᠵᠡᠮᠳᠡᠯ ᠤᠨ ᠴᠡᠭ ︵HACCP ︶ ᠵᠡᠷᠭᠡ ᠲᠣᠭᠲᠠᠯᠴᠠᠭ᠎ᠠ ᠶᠢᠨ ᠭᠡᠷᠡᠴᠢᠯᠡᠯ ᠢ ᠥᠷᠨᠢᠭᠦᠯᠦᠨ᠎ᠡ ᠃ ᠢᠳᠡᠭᠡᠨ ᠤ ᠵᠦᠢᠯ ᠢ ᠬᠢᠨᠠᠨ ᠬᠠᠮᠢᠶᠠᠷᠬᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠷᠴᠢᠮ ᠢᠶᠠᠨ ᠴᠢᠩᠭᠠᠷᠠᠭᠤᠯᠵᠤ ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠤᠨ ᠲᠠᠯ᠎ᠠ ᠪᠠᠷ  ᠬᠢ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠦᠨ ᠂ ᠪᠦᠲᠦᠭᠡᠭᠳᠡᠬᠦᠨ ᠤ ᠶᠠᠰᠤ ᠴᠢᠨᠠᠷ ᠪᠠ ᠢᠳᠡᠭᠡᠨ ᠤ ᠵᠦᠢᠯ ᠤᠨ ᠠᠮᠤᠷ ᠲᠦᠪᠰᠢᠨ ᠤ ᠮᠡᠳᠡᠭᠡ ᠵᠠᠩᠭᠢ ᠨᠡᠶᠢᠲᠡᠯᠡᠬᠦ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ ᠃ ︵ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ︶

     ︵ᠲᠠᠪᠤ ︶ ᠮᠥᠩᠭᠦᠨ ᠭᠦᠢᠯᠭᠡᠭᠡ ᠡᠳ᠋ ᠤᠨ ᠵᠠᠰᠠᠭ ᠭᠠᠶᠢᠯᠢ ᠲᠠᠲᠠᠪᠤᠷᠢ ᠶᠢᠨ ᠦᠢᠯᠡᠴᠢᠯᠡᠭᠡ ᠪᠠᠨ ᠰᠢᠯᠢᠳᠡᠭᠵᠢᠭᠦᠯᠦᠨ᠎ᠡ

    1. ᠵᠢᠭᠡᠯᠡᠯᠭᠡ ᠶᠢᠨ ᠪᠡᠯᠡ ᠲᠣᠬᠢᠷᠠᠭᠤᠯᠭ᠎ᠠ  ᠳᠠᠬᠢ ᠳᠡᠮᠵᠢᠯᠭᠡ ᠪᠠᠨ ᠴᠢᠩᠭᠠᠷᠠᠭᠤᠯᠤᠨ᠎ᠠ ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠲᠦᠭᠰᠢᠭᠦᠷᠢ ᠶᠢ ᠡᠵᠡᠮᠳᠡᠵᠦ ᠪᠣᠯᠬᠤ ᠨᠥᠬᠦᠴᠡᠯ ᠳᠣᠣᠷ᠎ᠠ ᠂ ᠮᠥᠩᠭᠦᠨ ᠭᠦᠢᠯᠭᠡᠭᠡᠨ ᠤ ᠨᠡᠷᠡᠳᠬᠦᠨ ᠳᠤ ᠪᠠᠨ ᠰᠢᠨ᠎ᠡ ᠶᠢ ᠡᠭᠦᠳᠴᠦ ᠂ ᠵᠢᠭᠡᠯᠡᠯᠭᠡ ᠶᠢᠨ ᠬᠤᠭᠤᠴᠠᠭ᠎ᠠ ᠬᠢᠵᠠᠭᠠᠷ ᠢᠶᠠᠨ ᠤᠷᠲᠤᠳᠬᠠᠨ ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠣᠨᠣᠪᠴᠢ ᠶᠢᠨ ᠬᠡᠮᠵᠢᠶ᠎ᠡ ᠪᠠᠨ ᠳᠡᠭᠡᠭᠰᠢᠯᠡᠭᠦᠯᠵᠦ ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠤᠨ ᠤᠯᠠᠷᠢᠯ ᠤᠨ ᠴᠢᠨᠠᠷᠲᠠᠢ ᠂ ᠲᠥᠪᠯᠡᠷᠡᠩᠭᠦᠢ ᠴᠢᠨᠠᠷᠲᠠᠢ ᠪᠠᠷ ᠲᠦᠭᠦᠬᠡᠢ ᠡᠳ᠋ ᠬᠤᠳᠠᠯᠳᠤᠨ ᠠᠪᠬᠤ ᠶᠢ ᠳᠡᠮᠵᠢᠨ᠎ᠠ ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠤᠨ ᠵᠠᠬᠢᠶᠠᠯᠠᠭ᠎ᠠ ᠶᠢᠨ ᠬᠠᠭᠤᠳᠠᠰᠤ ᠂ ᠰᠠᠩ ᠬᠥᠮᠥᠷᠭᠡ ᠶᠢᠨ ᠬᠠᠭᠤᠳᠠᠰᠤ ᠂ ᠠᠪᠴᠠᠭᠠᠨ ᠤ ᠵᠣᠭᠤᠰ ᠂ ᠮᠡᠳᠡᠯᠭᠡ ᠶᠢᠨ ᠥᠮᠴᠢᠯᠡᠯ ᠤᠨ ᠡᠷᠬᠡ ᠵᠡᠷᠭᠡ ᠳᠠᠨᠵᠢᠯᠠᠭ᠎ᠠ ᠲᠠᠢ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠦᠷᠨᠢᠭᠦᠯᠦᠬᠦᠯᠦᠨ᠎ᠡ ᠃ ᠲᠥᠷᠥ ᠶᠢᠨ ᠪᠣᠳᠣᠯᠭ᠎ᠠ ᠶᠢᠨ ᠴᠢᠨᠠᠷᠲᠠᠢ ᠲᠠᠷᠢᠶᠠᠯᠠᠩ ᠮᠠᠯ ᠠᠵᠤ ᠠᠬᠤᠢ ᠶᠢᠨ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ ᠶᠢᠨ ᠴᠢᠳᠠᠮᠵᠢ ᠶᠢ ᠴᠢᠩᠭᠠᠷᠠᠭᠤᠯᠵᠤ ᠂ ᠣᠨ ᠤ ᠳᠠᠭᠠᠭᠠᠯᠲᠠ ᠬᠢᠭᠰᠡᠨ ᠵᠠᠷᠤᠳᠠᠯ ᠤᠨ ᠨᠣᠷᠮ᠎ᠠ ᠶᠢ 0.6% ᠠᠴᠠ ᠥᠨᠳᠥᠷ ᠪᠠᠶᠢᠯᠭᠠᠬᠤ ᠦᠭᠡᠢ ᠪᠠ ᠳᠠᠭᠠᠭᠠᠯᠲᠠ ᠬᠢᠬᠦ ᠬᠡᠪᠴᠢᠶ᠎ᠡ ᠶᠢ ᠶᠡᠬᠡᠰᠬᠡᠭᠰᠡᠨ ᠳᠠᠬᠢᠨ ᠲᠣᠭᠠᠨ ᠤ ᠬᠤᠣᠰ ᠰᠢᠯᠭᠠᠨ ᠬᠢᠨᠠᠬᠤ ᠭᠦᠢᠴᠡᠳᠬᠡᠯ ᠲᠣᠭᠠᠨ ᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠤᠯᠪᠠᠰᠤᠷᠠᠭᠤᠯᠬᠤ ᠠᠵᠢᠯ ᠡᠷᠬᠢᠯᠡᠵᠦ ᠪᠠᠶᠢᠭ᠎ᠠ ᠵᠣᠬᠢᠮᠵᠢᠲᠠᠢ ᠬᠡᠪᠴᠢᠶᠡᠲᠦ ᠡᠵᠡᠩᠨᠡᠯᠲᠡ ᠶᠢᠨ ᠭᠤᠣᠯ ᠴᠣᠭᠴᠠ ᠳᠤ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠳᠡᠮᠵᠢᠯᠭᠡ ᠬᠠᠩᠭᠠᠨ᠎ᠠ ᠃ ᠠᠵᠤ ᠠᠬᠤᠶᠢᠯᠠᠯ ᠢ ᠰᠲ᠋ᠣᠺ ᠤᠨ ᠵᠠᠬ᠎ᠠ ᠳᠡᠯᠭᠡᠭᠦᠷ ᠲᠤ ᠭᠠᠷᠭᠠᠬᠤ ︽ᠲᠢᠶᠠᠨ ᠵᠢᠶᠦ᠋ᠨ ᠲᠥᠯᠥᠪᠯᠡᠭᠡ ︾ ᠶᠢ ᠬᠡᠷᠡᠭᠵᠢᠭᠦᠯᠵᠦ ᠂ ᠨᠥᠬᠦᠴᠡᠯ ᠳᠤ ᠨᠡᠶᠢᠴᠡᠬᠦ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠤᠨ ᠪᠠᠶᠢᠭᠤᠯᠤᠯ ᠢᠶᠠᠨ ᠥᠭᠡᠷᠡᠴᠢᠯᠡᠵᠦ ᠰᠲ᠋ᠣᠺ ᠤᠨ ᠵᠠᠬ᠎ᠠ ᠳᠡᠯᠭᠡᠭᠦᠷ ᠲᠤ ᠭᠠᠷᠬᠤ ᠶᠢ ᠨᠢ ᠪᠣᠶᠢᠵᠢᠭᠤᠯᠤᠨ ᠠᠬᠢᠭᠤᠯᠵᠤ ᠂ ᠬᠥᠷᠥᠩᠭᠡ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠠᠰᠢᠭᠯᠠᠨ᠎ᠠ ᠃ ︵ᠬᠠᠷᠢᠭᠤᠴᠠᠯᠭᠠᠲᠤ ᠨᠢᠭᠡᠴᠢ ᠄ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ ᠂ ᠥᠪᠥᠷ ᠮᠣᠩᠭᠤᠯ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠲᠣᠪᠴᠢᠶ᠎ᠠ ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠬᠢᠵᠠᠭᠠᠷᠲᠤ ᠺᠣᠮᠫᠠᠨᠢ ︶

    2. ᠳᠠᠭᠠᠳᠬᠠᠯ ᠤᠨ ᠲᠦᠷᠦ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ ᠃ ᠲᠤᠬᠠᠢ ᠶᠢᠨ ᠭᠠᠵᠠᠷ ᠤᠨ ᠪᠠᠶᠢᠳᠠᠯ ᠳᠤ  ᠨᠢ ᠲᠣᠬᠢᠷᠠᠭᠤᠯᠤᠨ ᠳᠠᠪᠠᠭᠤᠯᠢᠭ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠳᠠᠭᠠᠳᠬᠠᠯ ᠢ ᠥᠷᠨᠢᠭᠦᠯᠦᠨ᠎ᠡ ᠃ ᠣᠷᠣᠨ ᠨᠤᠲᠤᠭ ᠤᠨ ᠳᠠᠪᠠᠭᠤᠯᠢᠭ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠳᠠᠭᠠᠳᠬᠠᠯ ᠤᠨ ᠵᠠᠷᠤᠳᠠᠯ ᠳᠤ ᠨᠡᠮᠡᠭᠦᠷᠢ ᠥᠭᠬᠦ ᠪᠡᠯᠡ ᠮᠥᠩᠭᠦᠨ ᠤ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ ᠂ ᠠᠶᠢᠮᠠᠭ ᠬᠤᠲᠠ ᠂ ᠬᠤᠰᠢᠭᠤ ᠰᠢᠶᠠᠨ ︵ᠬᠤᠲᠠ ᠂ ᠲᠣᠭᠤᠷᠢᠭ ︶ ᠪᠠ ᠥᠪᠡᠷᠲᠡᠭᠡᠨ ᠵᠠᠰᠠᠬᠤ ᠣᠷᠣᠨ ᠤ ᠱᠠᠲᠤᠨ ᠤ ᠨᠢᠭᠡᠴᠢ ᠶᠢᠨ ᠬᠢᠨ ᠤ ᠣᠷᠣᠨ ᠨᠤᠲᠤᠭ ᠤᠨ ᠳᠠᠪᠠᠭᠤᠯᠢᠭ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠳᠠᠭᠠᠳᠬᠠᠯ ᠥᠷᠨᠢᠭᠦᠯᠬᠦ ᠶᠢ ᠵᠣᠷᠢᠭᠵᠢᠭᠤᠯᠵᠤ ᠂ ᠡᠳ᠋ ᠤᠨ ᠵᠠᠰᠠᠭ ᠤᠨ ᠳᠠᠭᠠᠭᠠᠵᠤ ᠳᠡᠶᠢᠯᠬᠦ ᠴᠢᠳᠠᠪᠤᠷᠢ ᠂ ᠠᠮᠵᠢᠯᠲᠠ ᠪᠦᠲᠦᠮᠵᠢ ᠶᠢ ᠦᠨᠡᠯᠡᠭᠰᠡᠨ ᠦᠷ᠎ᠡ ᠳ᠋ᠦᠩ ᠂ ᠲᠤᠷᠰᠢᠯᠲᠠ ᠬᠢᠵᠦ ᠥᠷᠨᠢᠭᠦᠯᠦᠭᠰᠡᠨ ᠦᠷ᠎ᠡ ᠪᠦᠲᠦᠮᠵᠢ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠭᠰᠠᠨ ᠰᠠᠭᠤᠷᠢᠨ ᠳᠡᠭᠡᠷ᠎ᠡ ᠂ ᠠᠵᠤ ᠦᠢᠯᠡᠰ ᠤᠨ ᠲᠤᠯᠭᠠᠭᠤᠷᠢᠯᠠᠯ ᠤᠨ ᠦᠷ᠎ᠡ ᠪᠦᠲᠦᠮᠵᠢ ᠪᠠᠷ ᠨᠡᠯᠢᠶᠡᠳ ᠰᠠᠶᠢᠨ ᠪᠣᠯᠬᠤ ᠳᠠᠭᠠᠳᠬᠠᠯ ᠤᠨ ᠵᠦᠢᠯ ᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠨᠡᠮᠡᠭᠦᠷᠢ ᠶᠢᠨ ᠬᠡᠪᠴᠢᠶᠡᠨ ᠳᠤ ᠴᠠᠭ ᠲᠤ ᠨᠢ ᠲᠣᠬᠢᠷᠠᠭᠤᠯᠤᠨ ᠣᠷᠣᠭᠤᠯᠤᠨ᠎ᠠ ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠤᠯᠪᠠᠰᠤᠷᠭᠤᠯᠬᠤ ᠦᠢᠯᠡᠰ ᠲᠤ ᠨᠡᠶᠢᠴᠡᠭᠰᠡᠨ ᠬᠤᠳᠠᠯᠳᠤᠭᠠᠨ ᠤ ᠳᠠᠭᠠᠳᠬᠠᠯ ᠤᠨ ᠲᠦᠷᠦᠯ ᠵᠦᠢᠯ ᠢ ᠰᠦᠪᠡᠭᠴᠢᠯᠡᠨ ᠭᠠᠷᠭᠠᠭᠤᠯᠵᠤ ᠂ ᠥᠪᠡᠷ ᠤᠨ ᠦᠷᠲᠡᠭ ᠤᠨ ᠳᠠᠭᠠᠳᠬᠠᠯ ᠂ ᠶᠠᠰᠤ ᠴᠢᠨᠠᠷ ᠤᠨ ᠳᠠᠭᠠᠳᠬᠠᠯ ᠂ ᠪᠠᠷᠠᠭ᠎ᠠ ᠲᠡᠭᠡᠭᠡᠪᠦᠷᠢ ᠶᠢᠨ ᠳᠠᠭᠠᠳᠬᠠᠯ ᠂ ᠳᠠᠭᠠᠳᠬᠠᠯ + ᠬᠤᠭᠤᠴᠠᠭᠠᠲᠤ ᠪᠠᠷᠠᠭ᠎ᠠ ᠵᠡᠷᠭᠡ ᠰᠢᠷᠢᠰ ᠦᠢᠯᠡᠴᠢᠯᠡᠭᠡ ᠪᠠ ᠨᠡᠶᠢᠯᠡᠯ ᠨᠡᠷᠡᠳᠬᠦᠨ ᠳᠤ ᠰᠢᠨ᠎ᠡ ᠡᠭᠦᠳᠦᠯᠲᠡ ᠭᠠᠷᠭᠠᠨ ᠳᠡᠯᠭᠡᠷᠡᠭᠦᠯᠵᠦ ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠳᠤ ᠲᠦᠭᠰᠢᠭᠦᠷᠢ ᠶᠢᠨ ᠪᠠᠲᠤᠯᠠᠭ᠎ᠠ ᠬᠠᠩᠭᠠᠨ᠎ᠠ ᠃ ︵ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠣᠰᠬᠤᠨ ᠮᠠᠯᠵᠢᠬᠤ ᠣᠷᠣᠨ ᠤ ᠲᠢᠩᠬᠢᠮ ᠂ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠂ ᠥᠪᠥᠷ ᠮᠣᠩᠭᠤᠯ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︶

    3. ᠡᠳ᠋ ᠤᠨ ᠵᠠᠰᠠᠭ ᠭᠠᠶᠢᠯᠢ ᠲᠠᠲᠠᠪᠤᠷᠢ ᠶᠢᠨ ᠳᠡᠮᠵᠢᠯᠭᠡ ᠶᠢᠨ ᠠᠷᠭ᠎ᠠ ᠬᠡᠮᠵᠢᠶ᠎ᠡ ᠪᠠᠨ ᠰᠢᠯᠢᠳᠡᠭᠵᠢᠭᠦᠯᠦᠨ᠎ᠡ ᠃ ᠬᠥᠳᠡᠭᠡ ᠳᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠮᠥᠩᠭᠦ ᠵᠡᠷᠭᠡ ᠵᠠᠰᠠᠭ ᠤᠨ ᠣᠷᠳᠣᠨ ᠤ ᠪᠡᠯᠡ ᠣᠷᠤᠭᠤᠯᠤᠯᠲᠠ ᠶᠢᠨ ᠰᠠᠭᠤᠷᠢ ᠮᠥᠩᠭᠦ ᠶᠢ ᠨᠢᠭᠡᠳᠦᠯᠲᠡᠢ ᠲᠥᠯᠥᠪᠯᠡᠨ ᠬᠡᠷᠡᠭᠯᠡᠵᠦ ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠤᠯᠪᠠᠰᠤᠷᠠᠭᠤᠯᠬᠤ ᠦᠢᠯᠡᠰ ᠤᠨ ᠬᠥᠭᠵᠢᠨ ᠪᠤᠵᠠᠭᠠᠶᠢᠷᠠᠬᠤ ᠶᠢ ᠲᠡᠮᠵᠢᠨ᠎ᠡ ᠃ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠤᠨ ᠬᠠᠮᠢᠶ᠎ᠠ ᠪᠦᠬᠦᠢ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠤᠳ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠬᠤᠳᠠᠯᠳᠤᠨ ᠣᠷᠤᠭᠤᠯᠬᠤ ᠳᠤ ᠲᠣᠭᠲᠠᠭᠠᠯ ᠶᠣᠰᠣᠭᠠᠷ ᠦᠷᠲᠡᠭ ᠨᠡᠮᠡᠭᠳᠡᠯ ᠤᠨ ᠭᠠᠶᠢᠯᠢ ᠶᠢᠨ ᠣᠷᠤᠭᠤᠯᠤᠯᠲᠠ ᠶᠢᠨ ᠭᠠᠶᠢᠯᠢ ᠶᠢ ᠲᠤᠯᠭᠠᠨ ᠰᠠᠭᠤᠯᠭᠠᠵᠤ ᠪᠣᠯᠣᠨ᠎ᠠ ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢ ᠪᠣᠯ ᠭᠠᠶᠢᠯᠢ ᠲᠤᠰᠢᠶᠠᠬᠤ ᠶᠣᠰᠣᠲᠠᠢ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠪᠠᠷ ᠲᠣᠭᠠᠴᠠᠭ᠎ᠠ ᠬᠢᠨ᠎ᠡ ᠃ ᠦᠨᠡᠨ ᠬᠦ ᠬᠦᠴᠢᠷᠳᠡᠯᠲᠡᠢ ᠲᠠᠷᠢᠶᠠᠯᠠᠩ ᠲᠤᠰᠠᠯᠠᠬᠤ ᠠᠬᠤᠢ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠢ ᠬᠤᠲᠠ ᠪᠠᠯᠭᠠᠰᠤᠨ ᠤ ᠭᠠᠵᠠᠷ ᠰᠢᠷᠣᠢ ᠬᠡᠷᠡᠭᠯᠡᠬᠦ ᠭᠠᠶᠢᠯᠢ ᠠᠴᠠ ᠬᠠᠤᠯᠢ ᠶᠣᠰᠣᠭᠠᠷ ᠬᠠᠰᠤᠵᠤ ᠬᠡᠯᠲᠦᠷᠢᠭᠦᠯᠦᠨ᠎ᠡ ᠃ ︵ᠬᠠᠷᠢᠭᠤᠴᠠᠯᠭᠠᠲᠤ ᠨᠢᠭᠡᠴᠢ ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠂ ᠠᠮᠢ ᠠᠬᠤᠢ ᠣᠷᠴᠢᠨ ᠲᠣᠭᠤᠷᠢᠨ ᠤ ᠲᠢᠩᠬᠢᠮ ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠣᠰᠬᠤᠨ ᠮᠠᠯᠵᠢᠬᠤ ᠣᠷᠣᠨ ᠤ ᠲᠢᠩᠬᠢᠮ ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ︶

    ᠳᠥᠷᠪᠡ᠂ ᠠᠵᠢᠯ ᠤᠨ ᠠᠬᠢᠭᠤᠯᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ

    ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠲᠤᠰᠬᠠᠢ ᠰᠡᠳᠦᠪ ᠢᠶᠠᠷ ᠰᠤᠳᠤᠯᠤᠨ ᠪᠠᠶᠢᠷᠢᠯᠠᠭᠤᠯᠵᠤ ᠂ ᠬᠠᠮᠢᠶ᠎ᠠ ᠪᠦᠬᠦᠢ ᠬᠤᠰᠢᠭᠤ ᠰᠢᠶᠠᠨ ︵ᠬᠤᠲᠠ ᠂ ᠲᠣᠭᠤᠷᠢᠭ ︶  ᠨᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠭᠤᠣᠯᠳᠠᠯᠭ᠎ᠠ ᠲᠠᠢ ᠬᠥᠭᠵᠢᠭᠦᠯᠬᠦ ᠲᠦᠷᠦᠯ ᠢᠯᠭᠠᠯ ᠪᠠ ᠪᠦᠲᠦᠭᠡᠭᠳᠡᠬᠦᠨ ᠢᠶᠠᠨ ᠲᠣᠳᠣᠷᠬᠠᠢ ᠪᠤᠯᠭᠠᠬᠤ ᠶᠢᠨ ᠬᠠᠮᠲᠤ ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠎ᠠ ᠃ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢᠶᠠᠨ ᠦᠷᠭᠦᠯᠵᠢᠯᠡᠨ ᠰᠢᠯᠢᠳᠡᠭᠵᠢᠭᠦᠯᠵᠦ ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠳᠤ ᠬᠢᠨᠠᠨ ᠵᠥᠪᠰᠢᠶᠡᠷᠡᠬᠦ ᠪᠠ ᠦᠨᠡᠮᠯᠡᠯ ᠭᠦᠢᠴᠡᠳᠬᠡᠬᠦ ᠦᠢᠯᠡᠴᠢᠯᠡᠭᠡ ᠪᠠᠨ ᠴᠢᠩᠭᠠᠷᠠᠭᠤᠯᠵᠤ ᠂ ᠭᠦᠢᠴᠡᠳᠬᠡᠬᠦ ᠴᠠᠭ ᠬᠤᠭᠤᠴᠠᠭ᠎ᠠ ᠶᠢ ᠨᠢ ᠪᠣᠭᠤᠨᠢᠰᠬᠠᠨ᠎ᠠ ᠃ ᠲᠦᠷᠦ ᠶᠢᠨ ᠪᠣᠳᠣᠯᠭ᠎ᠠ ᠶᠢ ᠪᠣᠳᠠᠲᠠᠶᠢᠵᠢᠭᠤᠯᠬᠤ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ ᠂ ᠣᠳᠣᠬᠢ ᠲᠦᠷᠦ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯ ᠢᠶᠠᠨ ᠰᠠᠶᠢᠲᠤᠷ ᠬᠢᠵᠦ ᠂ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠣᠯᠬᠤ ᠪᠠᠨ ᠦᠨᠡᠨ ᠬᠦ ᠪᠠᠲᠤᠯᠠᠨ᠎ᠠ ᠃ ᠠᠵᠤ ᠠᠬᠤᠶᠢᠯᠠᠯ ᠢ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠵᠤ ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠥᠭᠦᠮ ᠦᠵᠡᠭᠦᠯᠬᠦ ᠬᠠᠯᠠᠮᠰᠢᠯ ᠤᠲᠠᠰᠤ 12345 ᠶᠢ ᠰᠠᠶᠢᠲᠤᠷ ᠬᠡᠷᠡᠭᠯᠡᠵᠦ ᠂ ᠠᠵᠤ ᠠᠬᠤᠶᠢᠯᠠᠯ ᠤᠨ ᠵᠦᠢ ᠵᠣᠬᠢᠰᠲᠠᠢ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠨ ᠂ ᠬᠥᠭᠵᠢᠯᠲᠡ ᠶᠢᠨ ᠢᠲᠡᠭᠡᠯ ᠵᠣᠷᠢᠭ ᠪᠠ ᠥᠷᠢᠰᠦᠯᠳᠦᠬᠦ ᠬᠦᠴᠦᠨ ᠢ ᠨᠢ ᠴᠢᠩᠭᠠᠷᠠᠭᠤᠯᠤᠨ᠎ᠠ ᠃ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ  ᠨᠢ ᠨᠠᠷᠢᠯᠢᠭ ᠣᠨᠣᠴᠠᠲᠠᠢ ᠪᠠᠷ ᠵᠢᠯᠤᠭᠤᠳᠬᠤ ᠂ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠂ ᠮᠥᠷᠳᠡᠵᠦ ᠦᠷ᠎ᠡ ᠪᠦᠲᠦᠮᠵᠢ  ᠶᠢ ᠨᠢ ᠲᠤᠯᠭᠠᠨ ᠠᠰᠠᠭᠤᠬᠤ ᠪᠠᠨ ᠴᠢᠩᠭᠠᠳᠬᠠᠵᠤ ᠂ ᠳᠡᠭᠡᠳᠦ ᠳᠣᠣᠷᠠᠳᠤ ᠱᠠᠲᠤ ᠪᠠᠷ ᠢᠶᠠᠨ ᠬᠠᠮᠵᠢᠯᠴᠠᠨ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠤᠯᠪᠠᠰᠤᠷᠠᠭᠤᠯᠬᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ ᠃ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠤᠯᠪᠠᠰᠤᠷᠠᠭᠤᠯᠬᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠤᠭᠰᠠᠨ ᠪᠠᠶᠢᠳᠠᠯ ᠳᠤ ᠣᠨ ᠤ ᠦᠨᠡᠯᠡᠯᠲᠡ ᠬᠢᠵᠦ ᠂ ᠦᠨᠳᠦᠰᠦᠨ ᠱᠠᠲᠤᠨ ᠤ ᠪᠦᠬᠦ ᠠᠵᠤ ᠦᠢᠯᠡᠰ ᠤᠨ ᠬᠡᠯᠬᠢᠶᠡᠨ ᠤ ᠬᠥᠭᠵᠢᠯᠲᠡ ᠶᠢᠨ ᠦᠵᠡᠯ ᠤᠬᠠᠮᠰᠠᠷ ᠢ ᠪᠣᠢ ᠪᠣᠯᠭᠠᠭᠰᠠᠨ ᠂ ᠪᠣᠳᠠᠲᠠᠢ ᠲᠠᠢ ᠪᠠᠨ ᠤᠶᠠᠯᠳᠤᠭᠤᠯᠤᠨ ᠬᠦᠴᠦᠲᠡᠢ ᠠᠷᠭ᠎ᠠ ᠬᠡᠮᠵᠢᠶ᠎ᠡ ᠠᠪᠤᠭᠰᠠᠨ ᠂ ᠡᠳ᠋ᠰᠢᠭᠦᠯᠦᠨ ᠪᠤᠯᠪᠠᠰᠤᠷᠠᠭᠤᠯᠵᠦ ᠡᠵᠡᠩᠨᠡᠨ ᠪᠣᠷᠣᠯᠠᠭᠤᠯᠬᠤ ᠶᠢ ᠠᠬᠢᠭᠤᠯᠵᠤ ᠦᠷ᠎ᠡ ᠪᠦᠲᠦᠮᠵᠢ ᠭᠠᠷᠭᠠᠭᠰᠠᠨ ᠵᠡᠷᠭᠡ ᠪᠠᠶᠢᠳᠠᠯ ᠢ ᠭᠤᠣᠯᠳᠠᠯᠭ᠎ᠠ ᠲᠠᠢ ᠦᠨᠡᠯᠡᠬᠦ ᠶᠢᠨ ᠬᠠᠮᠲᠤ ᠂ ᠦᠨᠡᠯᠡᠭᠰᠡᠨ ᠦᠷ᠎ᠡ ᠳ᠋ᠦᠩ ᠤᠨ ᠬᠡᠷᠡᠭᠯᠡᠯᠲᠡ ᠪᠠᠨ ᠴᠢᠩᠭᠠᠷᠠᠭᠤᠯᠵᠤ ᠂ ᠲᠠᠷᠢᠶᠠᠯᠠᠩ ᠮᠠᠯ ᠠᠵᠤ ᠠᠬᠤᠢ ᠶᠢᠨ ᠬᠦᠷᠢᠶ᠎ᠡ ᠴᠠᠷᠠᠭᠠᠨ ᠤ ᠲᠦᠷᠦᠯ ᠵᠦᠢᠯ ᠤᠨ ᠪᠡᠯᠡ ᠮᠥᠩᠭᠦ ᠶᠢ ᠲᠣᠬᠢᠷᠠᠭᠤᠯᠬᠤ ᠳᠤ ᠪᠠᠨ ᠦᠨᠡᠯᠡᠯᠲᠡ ᠬᠢᠭᠡᠳ ᠤᠷᠢᠳᠠᠭᠤᠷ ᠪᠠᠶᠢᠷᠢᠯᠠᠵᠤ ᠪᠠᠶᠢᠭ᠎ᠠ ᠭᠠᠵᠠᠷ ᠣᠷᠣᠨ ᠲᠡᠶᠢᠰᠢ ᠬᠡᠯᠪᠡᠶᠢᠯᠭᠡᠨ᠎ᠡ ᠃

    

    ᠳᠠᠭᠠᠯᠳᠤᠭᠤᠯᠤᠯ

    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠢᠭᠡᠨᠲᠡ ᠬᠡᠷᠡᠭᠵᠢᠭᠦᠯᠦᠭᠰᠡᠨ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠤᠯᠪᠠᠰᠤᠷᠠᠭᠤᠯᠬᠤ ᠶᠢ ᠳᠡᠮᠵᠢᠬᠦ ᠲᠦᠷᠦ ᠶᠢᠨ ᠪᠣᠳᠣᠯᠭ᠎ᠠ ᠶᠢᠨ ᠲᠣᠳᠣᠷᠬᠠᠢ ᠬᠠᠭᠤᠳᠠᠰᠤ

    ᠨᠢᠭᠡ᠂ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠳᠡᠮᠵᠢᠬᠦ ᠲᠦᠷᠦ ᠶᠢᠨ ᠪᠣᠳᠣᠯᠭ᠎ᠠ

    1. ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠳᠡᠮᠵᠢᠨ᠎ᠡ ᠃ ᠤᠯᠤᠰ ᠤᠨ ᠲᠠᠷᠢᠶᠠᠯᠠᠩ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠲᠥᠷᠥᠯ ᠵᠦᠢᠯ ᠳᠤ ᠲᠦᠰᠢᠭᠯᠡᠨ ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠢ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠤᠳ ᠤᠨ ᠰᠢᠶᠠᠨ ᠤ ᠬᠡᠪᠴᠢᠶᠡᠨ ᠳᠤ ᠭᠦᠨᠵᠡᠭᠡᠶᠢᠷᠡᠬᠦ ᠶᠢ ᠳᠡᠮᠵᠢᠵᠦ ᠂ ᠭᠤᠣᠯ ᠭᠠᠷᠤᠯᠲᠠ ᠶᠢᠨ ᠣᠷᠣᠨ ᠳᠤ ᠡᠳ᠋ᠰᠢᠭᠦᠯᠦᠨ ᠪᠤᠯᠪᠠᠰᠤᠷᠠᠭᠤᠯᠬᠤ ᠲᠠᠯ᠎ᠠ ᠶᠢᠨ ᠦᠢᠯᠡᠳᠪᠦᠷᠢᠯᠡᠬᠦ ᠴᠢᠳᠠᠮᠵᠢ ᠶᠢ ᠪᠠᠶᠢᠷᠢᠰᠢᠭᠤᠯᠵᠤ ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠲᠤᠬᠠᠢ ᠶᠢᠨ ᠭᠠᠵᠠᠷ ᠲᠤ ᠨᠢ ᠡᠳ᠋ᠰᠢᠭᠦᠯᠦᠨ ᠪᠤᠯᠪᠠᠰᠤᠷᠠᠭᠤᠯᠵᠦ ᠤᠯᠠᠷᠢᠭᠤᠯᠬᠤ ᠴᠢᠳᠠᠪᠤᠷᠢ ᠶᠢ ᠨᠢ ᠳᠡᠭᠡᠭᠰᠢᠯᠡᠭᠦᠯᠦᠨ᠎ᠡ ᠃ ︵ᠲᠠᠷᠢᠶᠠᠯᠠᠩ ᠬᠥᠳᠡᠭᠡ ᠲᠣᠰᠬᠤᠨ ᠤ ᠶᠠᠮᠤᠨ ᠂ ᠡᠳ᠋ ᠤᠨ ᠵᠠᠰᠠᠭ ᠤᠨ ᠶᠠᠮᠤᠨ ᠠᠴᠠ ᠳᠡᠮᠵᠢᠬᠦ ᠲᠥᠷᠥ ᠶᠢᠨ ᠪᠣᠳᠣᠯᠭ᠎ᠠ ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠂ ᠡᠳ᠋ ᠤᠨ ᠵᠠᠰᠠᠭ ᠤᠨ ᠲᠢᠩᠬᠢᠮ ᠬᠠᠷᠢᠭᠤᠴᠠᠨ᠎ᠠ ︶

    ᠬᠤᠶᠠᠷ ᠂ ᠬᠦᠷᠢᠶᠡᠯᠡᠩ ᠲᠣᠭᠤᠷᠢᠭ ᠤᠨ ᠬᠥᠭᠵᠢᠯᠲᠡ ᠶᠢ ᠳᠡᠮᠵᠢᠬᠦ ᠲᠦᠷᠦ ᠶᠢᠨ ᠪᠣᠳᠣᠯᠭ᠎ᠠ

    2. ᠢᠳᠡᠭᠡᠨ ᠤ ᠵᠦᠢᠯ ᠡᠳ᠋ᠰᠢᠭᠦᠯᠦᠨ ᠪᠣᠯᠪᠠᠰᠤᠷᠠᠭᠤᠯᠬᠤ ᠬᠦᠷᠢᠶ᠎ᠡ ᠴᠠᠷᠠᠭᠠᠨ ᠳᠤ ᠪᠣᠬᠢᠷᠳᠤᠯ ᠦᠭᠡᠢ ᠬᠦᠷᠢᠶᠡᠯᠡᠩ ᠲᠣᠭᠤᠷᠢᠭ ᠡᠭᠦᠳᠦᠨ ᠪᠠᠶᠢᠭᠤᠯᠬᠤ ᠶᠢ ᠳᠠᠮᠵᠢᠨ᠎ᠠ ᠃ ᠰᠢᠨ᠎ᠡ ᠪᠠᠷ ᠤᠯᠤᠰ ᠤᠨ ᠳᠡᠰ ᠤᠨ ᠪᠣᠬᠢᠷᠳᠤᠯ ᠦᠭᠡᠢ ᠬᠦᠷᠢᠶᠡᠯᠡᠩ ᠲᠣᠭᠤᠷᠢᠭ ᠂ ᠪᠣᠬᠢᠷᠳᠤᠯ ᠦᠭᠡᠢ ᠦᠢᠯᠡᠳᠪᠦᠷᠢ ᠂ ᠪᠣᠬᠢᠷᠳᠤᠯ ᠦᠭᠡᠢ ᠬᠠᠩᠭᠠᠯᠭ᠎ᠠ ᠶᠢᠨ ᠬᠡᠯᠬᠢᠶ᠎ᠡ ᠪᠠᠷ ᠮᠠᠭᠠᠳᠯᠠᠨ ᠲᠣᠭᠲᠠᠭᠠᠭᠳᠠᠭᠰᠠᠨ ᠪᠠᠶᠢᠪᠠᠯ ᠨᠢᠭᠡ ᠯᠡ ᠤᠳᠠᠭ᠎ᠠ ᠳᠤ 100 ᠲᠦᠮᠡᠨ ᠲᠥᠭᠦᠷᠢᠭ  ᠢᠶᠠᠷ ᠱᠠᠩᠨᠠᠨ ᠬᠥᠬᠢᠭᠦᠯᠵᠦ ᠂ ᠰᠢᠨ᠎ᠡ ᠪᠠᠷ ᠥᠪᠡᠷᠲᠡᠭᠡᠨ ᠵᠠᠰᠠᠬᠤ ᠣᠷᠣᠨ ᠤ ᠳᠡᠰ ᠤᠨ ᠪᠣᠬᠢᠷᠳᠤᠯ ᠦᠭᠡᠢ ᠬᠦᠷᠢᠶᠡᠯᠡᠩ ᠲᠣᠭᠤᠷᠢᠭ ᠂ ᠪᠣᠬᠢᠷᠳᠤᠯ ᠦᠭᠡᠢ ᠦᠢᠯᠡᠳᠪᠦᠷᠢ ᠂ ᠪᠣᠬᠢᠷᠳᠤᠯ ᠦᠭᠡᠢ ᠬᠠᠩᠭᠠᠯᠭ᠎ᠠ ᠶᠢᠨ ᠬᠡᠯᠬᠢᠶ᠎ᠡ ᠪᠠᠷ ᠮᠠᠭᠠᠳᠯᠠᠨ ᠲᠣᠭᠲᠠᠭᠠᠭᠳᠠᠭᠰᠠᠨ ᠪᠠᠶᠢᠪᠠᠯ ᠨᠢᠭᠡ ᠯᠡ ᠤᠳᠠᠭ᠎ᠠ ᠳᠤ 50 ᠲᠦᠮᠡᠨ ᠲᠥᠭᠦᠷᠢᠭ  ᠢᠶᠠᠷ ᠱᠠᠩᠨᠠᠨ ᠬᠥᠬᠢᠭᠦᠯᠦᠨ᠎ᠡ ᠃ ︵ᠥᠪᠥᠷ ᠵᠠᠰᠠᠭ ᠲᠠᠷᠬᠠᠭᠠᠭᠰᠠᠨ ﹇2024 ﹈ 6 ᠳ᠋ᠤᠭᠠᠷ ᠲᠣᠭᠠᠲᠤ ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠬᠠᠷᠢᠭᠤᠴᠠᠨ᠎ᠠ ︶

    ᠭᠤᠷᠪᠠ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠲᠦᠷᠦ ᠶᠢᠨ ᠪᠣᠳᠣᠯᠭ᠎ᠠ

    3. ᠣᠳᠣ  ᠶᠢᠨ ᠪᠠᠶᠢᠭ᠎ᠠ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠲᠡᠳᠬᠦᠨ᠎ᠡ ᠃ 2024 ᠣᠨ ︵ᠪᠠᠭᠲᠠᠨ᠎ᠠ ︶ ᠠᠴᠠ ᠰᠡᠭᠦᠯᠡᠷ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ ᠂ ᠬᠡᠪᠴᠢᠶᠡᠵᠢᠯ ᠢᠶᠠᠨ ᠥᠷᠭᠡᠳᠬᠡᠨ ᠦᠢᠯᠡᠳᠪᠦᠷᠢᠯᠡᠯ ᠤᠨ ᠴᠢᠳᠠᠪᠤᠷᠢ ᠪᠠᠨ ᠳᠡᠭᠡᠭᠰᠢᠯᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠵᠢᠯ ᠤᠨ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ  ᠨᠢ 2 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠰᠡᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠳᠤ ᠪᠣᠯ ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠨ ᠪᠠᠶᠢᠭᠤᠯᠤᠭᠰᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠡᠷᠭᠢᠯᠲᠡᠲᠦ ᠪᠡᠯᠡ ᠮᠥᠩᠭᠦ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ ᠪᠡᠯᠡ ᠮᠥᠩᠭᠦ ᠵᠢᠭᠡᠯᠡᠵᠦ ᠣᠷᠣᠭᠤᠯᠤᠨ᠎ᠠ ᠂ ᠨᠢᠭᠡ ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠦ ᠶᠢᠨ ᠨᠣᠷᠮ᠎ᠠ ︵LPR ︶ ᠶᠢᠨ 70% ᠪᠠᠷ ᠮᠥᠷᠲᠡᠭᠡᠨ 2% ᠠᠴᠠ ᠦᠯᠦ ᠳᠠᠪᠠᠭᠤᠯᠬᠤ ᠬᠦᠦ ᠶᠢᠨ ᠨᠤᠷᠮ᠎ᠠ ᠶᠣᠰᠣᠭᠠᠷ ᠂ ᠵᠢᠯ ᠪᠦᠷᠢ 200 ᠲᠦᠮᠡᠨ ᠲᠥᠭᠦᠷᠢᠭ ᠠᠴᠠ ᠦᠯᠦ ᠳᠠᠪᠠᠭᠰᠠᠨ ᠲᠠᠮ ᠬᠦᠦ  ᠶᠢᠨ ᠳᠡᠮᠵᠢᠯᠭᠡ ᠦᠵᠡᠭᠦᠯᠵᠦ ᠂ ᠲᠡᠳᠡᠨᠡᠷ ᠤᠨ ᠲᠠᠷᠢᠶᠠᠯᠠᠩ ᠤᠨ ᠠᠵᠤ ᠦᠶᠢᠯᠡᠰᠵᠢᠭᠰᠡᠨ ᠤᠯᠤᠰ ᠤᠨ ᠭᠤᠣᠯᠳᠠᠯᠭ᠎ᠠ ᠲᠠᠢ ᠬᠥᠲᠥᠴᠢ ᠠᠵᠤ ᠠᠬᠤᠶᠢᠯᠠᠯ ᠪᠠ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠢᠯᠡᠰᠵᠢᠭᠰᠡᠨ ᠵᠢᠱᠢᠶ᠎ᠡ ᠦᠵᠡᠭᠦᠯᠬᠦ ᠬᠤᠯᠪᠣᠭᠠᠲᠤ ᠴᠣᠭᠴᠠ ᠪᠠᠷ ᠮᠠᠭᠠᠳᠯᠠᠨ ᠲᠣᠭᠲᠠᠭᠠᠭᠳᠠᠬᠤ ᠶᠢ ᠵᠣᠷᠢᠭᠵᠢᠭᠤᠯᠤᠨ᠎ᠠ ᠃ ᠰᠢᠨ᠎ᠡ ᠪᠠᠷ ᠮᠠᠭᠠᠳᠯᠠᠨ ᠲᠣᠭᠲᠠᠭᠠᠭᠳᠠᠭᠰᠠᠨ ᠲᠠᠷᠢᠶᠠᠯᠠᠩ ᠤᠨ ᠠᠵᠤ ᠦᠢᠯᠡᠰᠵᠢᠭᠰᠡᠨ ᠤᠯᠤᠰ ᠤᠨ ᠭᠤᠣᠯᠳᠠᠯᠭ᠎ᠠ ᠲᠠᠢ ᠬᠥᠲᠥᠴᠢ ᠠᠵᠤ ᠠᠬᠤᠶᠢᠯᠠᠯ ᠳᠤ ᠨᠢᠭᠡ ᠯᠡ ᠤᠳᠠᠭ᠎ᠠ ᠳᠤ 50 ᠲᠦᠮᠡᠨ ᠲᠥᠭᠦᠷᠢᠭ  ᠢᠶᠠᠷ ᠱᠠᠩᠨᠠᠨ ᠬᠥᠬᠢᠭᠦᠯᠦᠨ᠎ᠡ ᠃ ︵ᠥᠪᠥᠷ ᠵᠠᠰᠠᠭ ᠠᠯᠪᠠᠨ ᠲᠠᠷᠬᠠᠭᠠᠭᠰᠠᠨ ﹇2024 ﹈  61 ᠳ᠋ᠦ᠋ᠭᠡᠷ ᠲᠣᠭᠠᠲᠤ ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠬᠠᠷᠢᠭᠤᠴᠠᠨ᠎ᠠ ︶

    4. ᠨᠠᠷᠢᠯᠢᠭ ᠭᠦᠨ ᠡᠳ᠋ᠰᠢᠭᠦᠯᠦᠨ ᠪᠤᠯᠪᠠᠰᠤᠷᠭᠠᠤᠯᠬᠤ ᠠᠵᠤ ᠠᠬᠤᠶᠢᠯᠠᠯ ᠢ ᠶᠡᠭᠡ ᠪᠠᠷ ᠪᠣᠶᠢᠵᠢᠭᠤᠯᠤᠨ᠎ᠠ ᠃ ᠣᠷᠣᠨ ᠨᠤᠲᠤᠭ ᠤᠨ ᠬᠢᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠮᠢᠶ᠎ᠠ ᠪᠦᠬᠦᠢ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠬᠦ ᠶᠢ ᠵᠣᠷᠢᠭᠵᠢᠭᠤᠯᠵᠤ ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠦᠨ ᠪᠤᠯᠪᠠᠰᠤᠷᠭᠠᠤᠯᠬᠤ  ᠶᠢ ᠳᠡᠮᠵᠢᠬᠦ ᠶᠢᠨ ᠬᠠᠮᠲᠤ ᠂ ᠲᠠᠷᠢᠶᠠᠴᠢᠳ ᠲᠠᠢ ᠬᠠᠷᠢᠯᠴᠠᠬᠤ ᠲᠠᠷᠢᠶᠠᠴᠢᠳ ᠢ ᠳᠠᠶᠢᠴᠢᠯᠠᠬᠤ ᠲᠣᠭᠲᠠᠴᠠ ᠪᠠᠨ ᠲᠡᠭᠦᠯᠳᠡᠷᠵᠢᠭᠦᠯᠦᠨ᠎ᠡ ᠃ ᠰᠢᠨ᠎ᠡ ᠪᠠᠷ ᠳᠠᠩᠰᠠᠯᠠᠭᠤᠯᠤᠭᠰᠠᠨ ᠪᠥᠭᠡᠳ ᠣᠨ ᠤ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠨᠢ 2 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠰᠡᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠳᠤ ᠪᠣᠯ ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠨ ᠪᠠᠶᠢᠭᠤᠯᠤᠭᠰᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠡᠷᠭᠢᠯᠲᠡᠲᠦ ᠪᠡᠯᠡ ᠮᠥᠩᠭᠦ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ ᠪᠡᠯᠡ ᠮᠥᠩᠭᠦ ᠵᠢᠭᠡᠯᠡᠵᠦ ᠣᠷᠣᠭᠤᠯᠤᠨ᠎ᠠ ᠂ ᠨᠢᠭᠡ ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠦ ᠶᠢᠨ ᠨᠣᠷᠮ᠎ᠠ ︵LPR ︶ ᠶᠢᠨ 70% ᠪᠠᠷ ᠮᠥᠷᠲᠡᠭᠡᠨ 2% ᠠᠴᠠ ᠦᠯᠦ ᠳᠠᠪᠠᠭᠤᠯᠬᠤ ᠬᠦᠦ ᠶᠢᠨ ᠨᠤᠷᠮ᠎ᠠ ᠶᠣᠰᠣᠭᠠᠷ ᠂ ᠵᠢᠯ ᠪᠦᠷᠢ 200 ᠲᠦᠮᠡᠨ ᠲᠥᠭᠦᠷᠢᠭ ᠠᠴᠠ ᠦᠯᠦ ᠳᠠᠪᠠᠭᠰᠠᠨ ᠲᠠᠮ ᠬᠦᠦ  ᠶᠢᠨ ᠳᠡᠮᠵᠢᠯᠭᠡ ᠦᠵᠡᠭᠦᠯᠦᠨ᠎ᠡ ᠃ ︵ᠥᠪᠥᠷ ᠵᠠᠰᠠᠭ ᠠᠯᠪᠠᠨ ᠲᠠᠷᠬᠠᠭᠠᠭᠰᠠᠨ ﹇2024 ﹈  61 ᠳ᠋ᠦ᠋ᠭᠡᠷ ᠲᠣᠭᠠᠲᠤ ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠬᠠᠷᠢᠭᠤᠴᠠᠨ᠎ᠠ ︶

    5. ᠨᠠᠷᠢᠯᠢᠭ ᠭᠦᠨ ᠡᠳ᠋ᠰᠢᠭᠦᠯᠦᠨ ᠪᠣᠯᠪᠠᠰᠤᠷᠠᠭᠤᠯᠬᠤ ᠲᠠᠯ᠎ᠠ ᠪᠠᠷ ᠰᠢᠯᠢᠳᠡᠭᠵᠢᠨ ᠳᠡᠰ ᠳᠡᠪᠰᠢᠬᠦ ᠶᠢ ᠠᠬᠢᠭᠤᠯᠤᠨ᠎ᠠ ᠃ 2024 ᠣᠨ ᠠᠴᠠ ᠰᠡᠭᠦᠯᠡᠷ ᠵᠢᠯ ᠤᠨ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠨᠢ 1. 6 ᠳ᠋ᠦᠩᠰᠢᠭᠤᠷ ᠲᠥᠭᠦᠷᠢᠭ ᠲᠤ ᠬᠦᠷᠴᠦ ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠨ ᠪᠠᠶᠢᠭᠤᠯᠤᠭᠰᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠰᠢᠨ᠎ᠡ ᠪᠠᠷ ᠪᠠᠶᠢᠭᠤᠯᠤᠭᠰᠠᠨ ᠪᠠ ᠲᠠᠰ ᠳᠡᠪᠰᠢᠭᠦᠯᠦᠨ ᠥᠭᠡᠷᠡᠴᠢᠯᠡᠭᠰᠡᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨ ᠡᠳ᠋ᠰᠢᠭᠦᠯᠦᠨ ᠪᠤᠯᠪᠠᠰᠤᠷᠠᠭᠤᠯᠬᠤ ᠲᠥᠷᠥᠯ ᠵᠦᠢᠯ ᠤᠨ ᠵᠢᠭᠡᠯᠡᠯᠭᠡ ᠵᠢᠭᠡᠯᠡᠭᠰᠡᠨ ᠠᠵᠤ ᠠᠬᠤᠶᠢᠯᠠᠯ ᠳᠤ ᠪᠣᠯ ᠂ ᠨᠢᠭᠡ ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠵᠠᠬ᠎ᠠ ᠳᠡᠯᠭᠡᠭᠦᠷ ᠤᠨ ᠮᠡᠳᠡᠭᠦᠯᠦᠭᠰᠡᠨ ᠦᠨ᠎ᠡ ᠶᠢᠨ ᠬᠦᠦ ᠶᠢᠨ ᠨᠣᠷᠮ᠎ᠠ ︵LPR ︶ ᠶᠢᠨ 70% ᠪᠠᠷ ᠮᠥᠷᠲᠡᠭᠡᠨ 2% ᠠᠴᠠ ᠦᠯᠦ ᠳᠠᠪᠠᠭᠤᠯᠬᠤ ᠬᠦᠦ ᠶᠢᠨ ᠨᠤᠷᠮ᠎ᠠ ᠶᠣᠰᠣᠭᠠᠷ ᠂ ᠵᠢᠯ ᠪᠦᠷᠢ 300 ᠲᠦᠮᠡᠨ ᠲᠥᠭᠦᠷᠢᠭ ᠠᠴᠠ ᠦᠯᠦ ᠳᠠᠪᠠᠭᠰᠠᠨ ᠲᠠᠮ ᠬᠦᠦ  ᠶᠢᠨ ᠳᠡᠮᠵᠢᠯᠭᠡ ᠦᠵᠡᠭᠦᠯᠦᠨ᠎ᠡ ᠃ ︵ᠥᠪᠥᠷ ᠵᠠᠰᠠᠭ ᠠᠯᠪᠠᠨ ᠲᠠᠷᠬᠠᠭᠠᠭᠰᠠᠨ ﹇2024 ﹈ 61 ᠳ᠋ᠦ᠋ᠭᠡᠷ ᠲᠣᠭᠠᠲᠤ ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠬᠠᠷᠢᠭᠤᠴᠠᠨ᠎ᠠ ︶

    6. ᠤᠷᠢᠳᠴᠢᠯᠠᠨ ᠬᠢᠭᠰᠡᠨ ᠵᠠᠭᠤᠰᠢ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ ᠃ ᠵᠢᠯ ᠪᠦᠷᠢ ᠥᠪᠡᠷᠲᠡᠭᠡᠨ ᠵᠠᠰᠠᠬᠤ ᠣᠷᠣᠨ ᠤ ᠤᠷᠢᠳᠴᠢᠯᠠᠨ ᠬᠢᠭᠰᠡᠨ ᠵᠠᠭᠤᠰᠢ ᠶᠢᠨ ᠵᠠᠮᠴᠢ ᠠᠵᠤ ᠠᠬᠤᠶᠢᠯᠠᠯ ᠂ ᠰᠦᠯᠵᠢᠶᠡᠨ ᠤ ᠪᠣᠷᠤᠯᠠᠭᠤᠯᠭ᠎ᠠ ᠂ ᠣᠨᠴᠠᠯᠢᠭᠲᠤ ᠨᠠᠷᠠᠲᠤ ᠲᠡᠮᠳᠡᠭ ᠤᠨ ᠲᠠᠯ᠎ᠠ ᠳᠤ ᠲᠣᠰ ᠪᠦᠷᠢ ᠠᠷᠪᠠᠨ ᠬᠦᠴᠦᠷᠬᠡᠭ ᠢᠶᠠᠷ ᠰᠢᠯᠭᠠᠷᠠᠭᠤᠯᠤᠭᠰᠠᠨ ᠠᠵᠤ ᠠᠬᠤᠶᠢᠯᠠᠯ ᠳᠤ ᠂ ᠪᠣᠷᠤᠯᠠᠭᠤᠯᠭ᠎ᠠ ᠶᠢᠨ ᠬᠡᠮᠵᠢᠶ᠎ᠡ ᠨᠢ ᠳᠡᠭᠡᠷ᠎ᠡ ᠨᠢᠭᠡ ᠵᠢᠯ ᠲᠠᠢ ᠪᠠᠨ ᠬᠠᠷᠢᠴᠠᠭᠤᠯᠪᠠᠯ 100 ᠲᠦᠮᠡᠨ ᠲᠥᠭᠦᠷᠢᠭ ᠨᠡᠮᠡᠭᠳᠡᠬᠦ ᠪᠦᠷᠢ 2 ᠲᠦᠮᠡᠨ ᠲᠥᠭᠦᠷᠢᠭ ᠢᠶᠠᠷ ᠱᠠᠩᠨᠠᠨ ᠬᠥᠬᠢᠭᠦᠯᠵᠦ ᠂ ᠬᠠᠮᠤᠭ ᠤᠨ ᠥᠨᠳᠥᠷ ᠲᠤ ᠪᠠᠨ 30 ᠲᠦᠮᠡᠨ ᠲᠥᠭᠦᠷᠢᠭ ᠠᠴᠠ ᠳᠠᠪᠠᠭᠤᠯᠬᠤ ᠦᠭᠡᠢ ᠂ ᠠᠳᠠᠯᠢ ᠨᠢᠭᠡ ᠠᠵᠤ ᠠᠬᠤᠶᠢᠯᠠᠯ ᠢ ᠠᠳᠠᠯᠢ ᠨᠢᠭᠡ ᠣᠨ ᠵᠢᠯ ᠳᠤ ᠳᠠᠪᠬᠤᠷᠳᠠᠭᠤᠯᠤᠨ ᠱᠠᠩᠨᠠᠬᠤ ᠦᠭᠡᠢ ᠃ ︵ᠥᠪᠥᠷ ᠵᠠᠰᠠᠭ ᠠᠯᠪᠠᠨ ᠲᠠᠷᠬᠠᠭᠠᠭᠰᠠᠨ ﹇2024 ﹈ 61 ᠳ᠋ᠦ᠋ᠭᠡᠷ ᠲᠣᠭᠠᠲᠤ ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

    7. ᠵᠠᠬ᠎ᠠ ᠳᠡᠯᠭᠡᠭᠦᠷ ᠤᠨ ᠪᠣᠷᠤᠯᠠᠭᠤᠯᠭ᠎ᠠ ᠶᠢᠨ ᠬᠡᠪ ᠵᠠᠭᠪᠤᠷ ᠲᠤ ᠪᠠᠨ ᠰᠢᠨ᠎ᠡ ᠶᠢ ᠡᠭᠦᠳᠦᠨ᠎ᠡ ᠃ ︽ᠥᠪᠥᠷ ᠮᠣᠩᠭᠤᠯ ︾ ᠨᠡᠷᠡᠮᠵᠢᠲᠦ ᠲᠡᠮᠳᠡᠭ ᠤᠨ ᠭᠡᠷᠡᠴᠢᠯᠡᠯ ᠲᠠᠢ ᠠᠵᠤ ᠠᠬᠤᠶᠢᠯᠠᠯ ᠳᠤ ᠭᠡᠷᠡᠴᠢᠯᠡᠯ ᠬᠢᠭᠰᠡᠨ ᠪᠠ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠭᠰᠡᠨ ᠵᠠᠷᠤᠳᠠᠯ ᠤᠨ ᠱᠠᠩᠨᠠᠯ ᠨᠥᠬᠦᠪᠦᠷᠢ ᠣᠯᠭᠤᠨ᠎ᠠ ᠃ 2024 ᠣᠨ ᠳᠤ ᠪᠣᠬᠢᠷᠲᠤᠯ ᠦᠭᠡᠢ ᠢᠳᠡᠭᠡᠨ ᠂ ᠣᠷᠭᠠᠨᠢᠭ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠭᠡᠷᠡᠴᠢᠯᠡᠯ ᠤᠨ ᠭᠠᠷᠤᠯᠲᠠ ᠨᠢ 1000 ᠲᠣᠨ ᠠᠴᠠ ᠳᠡᠭᠡᠭᠰᠢ ᠳᠤ ᠬᠦᠷᠦᠭᠰᠡᠨ ᠠᠵᠤ ᠠᠬᠤᠶᠢᠯᠠᠯ ᠤᠨ ᠭᠡᠷᠡᠴᠢᠯᠡᠯ ᠤᠨ ᠵᠠᠷᠤᠳᠠᠯ ᠢ ᠪᠦᠭᠦ ᠲᠤᠭ᠎ᠠ ᠪᠠᠷ ᠱᠠᠩᠨᠠᠵᠤ ᠨᠥᠬᠦᠪᠦᠷᠢᠯᠡᠨ ᠂ ᠪᠣᠳᠠᠲᠠᠢ ᠪᠠᠷᠢᠮᠵᠢᠶ᠎ᠠ ᠶᠢ ᠳᠡᠭᠡᠷ᠎ᠡ ᠨᠢᠭᠡ ᠵᠢᠯ ᠤᠨ ᠭᠡᠷᠡᠴᠢᠯᠡᠯ ᠤᠨ ᠭᠠᠷᠤᠯᠲᠠ ᠶᠢᠨ ᠬᠡᠮᠵᠢᠶ᠎ᠡ ᠶᠢ ᠦᠨᠳᠦᠰᠦᠯᠡᠨ ᠲᠣᠭᠲᠠᠭᠠᠨ᠎ᠠ ᠃ ︵ᠥᠪᠥᠷ ᠵᠠᠰᠠᠭ ᠠᠯᠪᠠᠨ ᠲᠠᠷᠬᠠᠭᠠᠭᠰᠠᠨ ﹇2024 ﹈ 61 ᠳ᠋ᠦ᠋ᠭᠡᠷ ᠲᠣᠭᠠᠲᠤ ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

    8. ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠤᠨ ᠮᠡᠷᠭᠡᠵᠢᠯ ᠢᠶᠠᠨ ᠥᠭᠡᠷᠡᠴᠢᠯᠡᠨ ᠰᠢᠨᠡᠳᠬᠡᠬᠦ ᠶᠢ ᠳᠡᠮᠵᠢᠨ᠎ᠡ ᠃ 1000 ᠲᠦᠮᠡᠨ ᠲᠥᠭᠦᠷᠢᠭ ᠵᠢᠴᠢ ᠲᠡᠭᠦᠨ ᠠᠴᠠ ᠳᠡᠭᠡᠭᠰᠢ ᠪᠡᠯᠡ ᠣᠷᠣᠭᠤᠯᠤᠭᠰᠠᠨ ᠮᠥᠷᠲᠡᠭᠡᠨ ᠨᠢᠭᠡᠨᠲᠡ ᠠᠵᠢᠯ ᠳᠠᠭᠤᠰᠬᠠᠭᠰᠠᠨ ᠦᠢᠯᠡᠳᠬᠦ ᠦᠢᠯᠡᠰ ᠤᠨ ᠮᠡᠷᠭᠡᠵᠢᠯ ᠢᠶᠠᠨ ᠥᠭᠡᠷᠡᠴᠢᠯᠡᠨ ᠰᠢᠨᠡᠳᠬᠡᠭᠰᠡᠨ ᠪᠠ ᠲᠥᠬᠦᠭᠡᠷᠦᠮᠵᠢ ᠪᠠᠨ ᠰᠢᠨᠡᠳᠬᠡᠭᠰᠡᠨ ᠳᠦᠷᠦᠯ ᠵᠦᠢᠯ ᠳᠤ ᠪᠣᠯ ᠂ ᠰᠢᠨᠡᠳᠬᠡᠨ ᠥᠭᠡᠷᠡᠴᠢᠯᠡᠭᠰᠡᠨ ᠲᠥᠬᠦᠭᠡᠷᠦᠮᠵᠢ ᠪᠠ ᠵᠥᠭᠡᠯᠡᠨ ᠬᠡᠷᠡᠭᠰᠡᠯ ᠤᠨ ᠪᠡᠯᠡ ᠣᠷᠣᠭᠤᠯᠥᠯᠳᠡ ᠶᠢᠨ 20% ᠶᠣᠰᠣᠭᠠᠷ ᠂ ᠳᠠᠩ ᠭᠠᠭᠴᠠ ᠳᠦᠷᠦᠯ ᠵᠦᠢᠯ ᠳᠤ 500 ᠲᠦᠮᠡᠨ ᠲᠥᠭᠦᠷᠢᠭ ᠠᠴᠠ ᠦᠯᠦ ᠳᠠᠪᠠᠭᠤᠯᠬᠤ ᠪᠠᠷᠢᠮᠵᠢᠶ᠎ᠠ ᠪᠠᠷ ᠨᠥᠬᠦᠪᠦᠷᠢ ᠣᠯᠭᠤᠨ᠎ᠠ ᠃ ︵ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠬᠠᠷᠢᠭᠤᠴᠠᠨ᠎ᠠ ︶

    9. ᠳᠤᠮᠳᠠ ᠵᠢᠵᠢᠭ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠨ᠎ᠡ ᠃ ᠥᠪᠡᠷᠲᠡᠭᠡᠨ ᠵᠠᠰᠠᠬᠤ ᠣᠷᠣᠨ ᠤ ᠠᠩᠬ᠎ᠠ ᠤᠳᠠᠭ᠎ᠠ ᠮᠠᠭᠠᠳᠯᠠᠨ ᠲᠣᠭᠲᠠᠭᠠᠭᠰᠠᠨ ᠲᠤᠰᠬᠠᠢ ᠨᠠᠷᠢᠯᠢᠭ ᠥᠪᠡᠷᠮᠢᠴᠡ ᠰᠢᠨ᠎ᠡ ᠳᠤᠮᠳᠠ ᠵᠢᠵᠢᠭ ᠠᠵᠤ ᠠᠬᠤᠶᠢᠯᠠᠯ ᠢ ᠨᠢᠭᠡ ᠯᠡ ᠤᠳᠠᠭ᠎ᠠ ᠳᠤ 100 ᠲᠦᠮᠡᠨ ᠲᠥᠭᠦᠷᠢᠭ ᠢᠶᠠᠷ ᠱᠠᠩᠨᠠᠵᠤ ᠨᠥᠬᠦᠪᠦᠷᠢᠯᠡᠨ᠎ᠡ ᠃ ︵ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠬᠠᠷᠢᠭᠤᠴᠠᠨ᠎ᠠ ︶

    10. ᠰᠦ ᠴᠠᠭᠠᠨ ᠢᠳᠡᠭᠡᠨ ᠤ ᠪᠦᠲᠦᠭᠡᠭᠳᠡᠬᠦᠨ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠤᠨ ᠨᠠᠷᠢᠯᠢᠭ ᠭᠦᠨ ᠡᠳ᠋ᠰᠢᠭᠦᠯᠦᠨ ᠪᠤᠯᠪᠠᠰᠤᠷᠠᠭᠤᠯᠬᠤ ᠶᠢ ᠳᠡᠮᠵᠢᠵᠦ ᠂ ᠰᠢᠨ᠎ᠡ ᠪᠠᠷ ᠪᠠᠶᠢᠭᠤᠯᠤᠭᠰᠠᠨ ᠪᠤᠶᠤ ᠥᠭᠡᠷᠡᠴᠢᠯᠡᠵᠦ ᠥᠷᠭᠡᠳᠬᠡᠨ ᠪᠠᠶᠢᠭᠤᠯᠤᠭᠰᠠᠨ ᠪᠠᠶᠢᠭᠠᠯᠢᠯᠢᠭ ᠪᠢᠰᠢᠯᠠᠭ ᠂ ᠰᠢᠷᠠᠰᠤ ᠂ ᠰᠦᠨ ᠲᠡᠮᠦᠷᠲᠥ ᠤᠭᠤᠷᠠᠭ ᠵᠡᠷᠭᠡ ᠶᠢᠨ ᠨᠠᠷᠢᠯᠢᠭ ᠭᠦᠨ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠳᠤ ᠪᠣᠯ ᠂ ᠲᠥᠬᠦᠭᠡᠷᠦᠮᠵᠢ ᠶᠢᠨ ᠪᠡᠯᠡ ᠣᠷᠣᠭᠤᠯᠤᠭᠰᠠᠨ ᠶᠡᠷᠦᠩᠬᠡᠢ ᠲᠣᠭᠠᠨ ᠤ 10% ᠪᠠᠷ ᠬᠠᠮᠤᠭ ᠤᠨ ᠥᠨᠳᠥᠷ ᠲᠤ ᠪᠠᠨ 5000 ᠲᠦᠮᠡᠨ ᠲᠥᠭᠦᠷᠢᠭ ᠤᠨ ᠨᠥᠬᠦᠪᠦᠷᠢ ᠣᠯᠭᠤᠨ᠎ᠠ ᠃ ︵ᠥᠪᠥᠷ ᠵᠠᠰᠠᠭ ᠠᠯᠪᠠᠨ ᠲᠠᠷᠬᠠᠭᠠᠭᠰᠠᠨ ﹇2023 ﹈ 58 ᠳ᠋ᠤᠭᠠᠷ ᠲᠣᠭᠠᠲᠤ ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠬᠠᠷᠢᠭᠤᠴᠠᠨ᠎ᠠ ︶

    11. ᠣᠷᠣᠨ ᠨᠤᠲᠤᠭ ᠤᠨ ᠣᠨᠴᠠᠯᠢᠭᠲᠤ ᠰᠦ ᠴᠠᠭᠠᠨ ᠢᠳᠡᠭᠡᠨ ᠤ ᠪᠦᠲᠦᠭᠡᠭᠳᠡᠬᠦᠨ ᠤ ᠠᠵᠤ ᠦᠢᠯᠡᠰ ᠤᠨ ᠳᠡᠰ ᠳᠡᠪᠰᠢᠬᠦ ᠶᠢ ᠵᠣᠷᠢᠭᠵᠢᠭᠤᠯᠵᠤ ᠂ ᠵᠢᠵᠢᠭ ᠬᠡᠯᠪᠡᠷᠢ ᠶᠢᠨ ᠦᠢᠯᠡᠳᠪᠦᠷᠢᠯᠡᠯ ᠤᠨ ᠦᠢᠯᠡᠳᠬᠡᠯ ᠤᠨ ᠭᠠᠵᠠᠷ ᠪᠠᠶᠢᠭᠰᠠᠨ ᠠᠴᠠ ᠪᠠᠨ ᠰᠦ ᠴᠠᠭᠠᠨ ᠢᠳᠡᠭᠡᠨ ᠤ ᠪᠦᠲᠦᠭᠡᠭᠳᠡᠬᠦᠨ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠪᠣᠯᠵᠤ ᠳᠡᠰ ᠳᠡᠪᠰᠢᠭᠰᠡᠨ ᠪᠠᠶᠢᠪᠠᠯ ᠂ ᠨᠢᠭᠡ ᠯᠡ ᠤᠳᠠᠭ᠎ᠠ ᠳᠤ 50 ᠲᠦᠮᠡᠨ ᠲᠥᠭᠦᠷᠢᠭ ᠢᠶᠠᠷ ᠱᠠᠩᠨᠠᠨ ᠬᠥᠬᠢᠭᠦᠯᠦᠨ᠎ᠡ ᠃ ᠣᠷᠣᠨ ᠨᠤᠲᠤᠭ ᠤᠨ ᠣᠨᠴᠠᠯᠢᠭᠲᠤ ᠰᠦ ᠴᠠᠭᠠᠨ ᠢᠳᠡᠭᠡᠨ ᠤ ᠪᠦᠲᠦᠭᠡᠭᠳᠡᠬᠦᠨ ᠤ ᠵᠢᠵᠢᠭ ᠬᠡᠯᠪᠡᠷᠢ ᠶᠢᠨ ᠦᠢᠯᠡᠳᠪᠦᠷᠢᠯᠡᠯ ᠤᠨ ᠦᠢᠯᠡᠳᠬᠡᠯ ᠤᠨ ᠭᠠᠵᠠᠷ ᠪᠠ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠢ ᠳᠡᠮᠵᠢᠵᠦ ᠪᠠᠶᠢᠭᠠᠳ ᠢᠳᠡᠭᠡᠨ ᠤ ᠵᠦᠢᠯ ᠤᠨ ᠬᠦᠷᠢᠶᠡᠯᠡᠩ ᠲᠣᠭᠤᠷᠢᠭ ᠲᠡᠶᠢᠰᠢ ᠲᠥᠪᠯᠡᠷᠡᠭᠦᠯᠦᠨ ᠂ ᠬᠡᠪᠴᠢᠶᠡᠵᠢᠭᠦᠯᠦᠨ ᠡᠵᠡᠩᠨᠡᠬᠦ ᠂ ᠨᠢᠭᠡᠳᠦᠯᠲᠡᠢ ᠬᠠᠮᠢᠶᠠᠷᠬᠤ ᠶᠢ ᠪᠡᠶᠡᠯᠡᠭᠦᠯᠦᠨ᠎ᠡ ᠃ ᠣᠷᠣᠨ ᠨᠤᠲᠤᠭ ᠤᠨ ᠣᠨᠴᠠᠯᠢᠭᠲᠤ ᠰᠦ ᠴᠠᠭᠠᠨ ᠢᠳᠡᠭᠡᠨ ᠤ ᠪᠦᠲᠦᠭᠡᠭᠳᠡᠬᠦᠨ ᠤ ᠵᠢᠵᠢᠭ ᠬᠡᠯᠪᠡᠷᠢ ᠶᠢᠨ ᠦᠢᠯᠡᠳᠪᠦᠷᠢᠯᠡᠯ ᠤᠨ ᠦᠢᠯᠡᠳᠬᠡᠯ ᠤᠨ ᠭᠠᠵᠠᠷ ᠤᠨ ᠬᠢᠨ ᠤ ᠬᠦᠷᠢᠶᠡᠯᠡᠩ ᠲᠣᠭᠤᠷᠢᠭ ᠲᠤ ᠰᠠᠭᠤᠷᠢᠰᠢᠬᠤ ᠳᠤ ᠨᠢᠭᠡ ᠯᠡ ᠤᠳᠠᠭ᠎ᠠ ᠳᠤ 10 ᠲᠦᠮᠡᠨ ᠲᠥᠭᠦᠷᠢᠭ ᠢᠶᠠᠷ ᠱᠠᠩᠨᠠᠨ ᠬᠥᠬᠢᠭᠦᠯᠵᠦ ᠂ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠤᠨ ᠬᠦᠷᠢᠶᠡᠯᠡᠩ ᠲᠣᠭᠤᠷᠢᠭ ᠲᠤ ᠰᠠᠭᠤᠷᠢᠰᠢᠬᠤ ᠳᠤ ᠨᠢᠭᠡ ᠯᠡ ᠤᠳᠠᠭ᠎ᠠ ᠳᠤ 50 ᠲᠦᠮᠡᠨ ᠲᠥᠭᠦᠷᠢᠭ ᠢᠶᠠᠷ ᠱᠠᠩᠨᠠᠨ ᠬᠥᠬᠢᠭᠦᠯᠦᠨ᠎ᠡ ᠃ ︵ᠥᠪᠥᠷ ᠵᠠᠰᠠᠭ ᠠᠯᠪᠠᠨ ᠲᠠᠷᠬᠠᠭᠠᠭᠰᠠᠨ ﹇2023 ﹈ 58 ᠳ᠋ᠤᠭᠠᠷ ᠲᠣᠭᠠᠲᠤ ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ︶

    12. ᠰᠦ ᠴᠠᠭᠠᠨ ᠢᠳᠡᠭᠡᠨ ᠤ ᠪᠦᠲᠦᠭᠡᠭᠳᠡᠬᠦᠨ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠤᠨ ᠪᠢᠰᠢᠯᠠᠭ ᠦᠢᠯᠡᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠶᠢ ᠳᠡᠮᠵᠢᠵᠦ ᠂ ᠰᠦ ᠴᠠᠭᠠᠨ ᠢᠳᠡᠭᠡᠨ ᠤ ᠪᠦᠲᠦᠭᠡᠭᠳᠡᠬᠦᠨ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠤᠨ ᠲᠦᠭᠦᠬᠡᠢ ᠰᠦ ᠬᠡᠷᠡᠭᠯᠡᠵᠦ ᠪᠠᠶᠢᠭᠠᠳ ᠪᠠᠶᠢᠭᠠᠯᠢᠯᠢᠭ ᠪᠢᠰᠢᠯᠠᠭ ᠡᠳ᠋ᠰᠢᠭᠦᠯᠦᠨ ᠪᠣᠯᠪᠠᠰᠤᠷᠠᠭᠤᠯᠤᠭᠰᠠᠨ ᠪᠠᠶᠢᠪᠠᠯ ᠂ ᠳᠡᠭᠡᠷ᠎ᠡ ᠨᠢᠭᠡ ᠵᠢᠯ ᠤᠨ ᠲᠦᠭᠦᠬᠡᠢ ᠰᠦ ᠬᠡᠷᠡᠭᠯᠡᠵᠦ ᠪᠠᠶᠢᠭᠠᠯᠢᠯᠢᠭ ᠪᠢᠰᠢᠯᠠᠭ ᠡᠳ᠋ᠰᠢᠭᠦᠯᠦᠨ ᠪᠣᠯᠪᠠᠰᠤᠷᠠᠭᠤᠯᠤᠭᠰᠠᠨ ᠬᠡᠮᠵᠢᠶ᠎ᠡ ᠪᠠᠷ ᠰᠠᠭᠤᠷᠢ ᠲᠤᠭ᠎ᠠ ᠪᠣᠯᠭᠠᠵᠤ ᠂ 1 ᠲᠣᠨ ᠨᠡᠮᠡᠭᠳᠡᠬᠦ ᠪᠦᠷᠢ 2000 ᠲᠥᠭᠦᠷᠢᠭ ᠤᠨ ᠨᠡᠮᠡᠭᠦᠷᠢ ᠣᠯᠭᠤᠨ᠎ᠠ ᠃ ︵ᠥᠪᠥᠷ ᠵᠠᠰᠠᠭ ᠠᠯᠪᠠᠨ ᠲᠠᠷᠬᠠᠭᠠᠭᠰᠠᠨ ﹇2023 ﹈ 58 ᠳ᠋ᠤᠭᠠᠷ ᠲᠣᠭᠠᠲᠤ ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠬᠠᠷᠢᠭᠤᠴᠠᠨ᠎ᠠ ︶

    13. ᠰᠦ ᠴᠠᠭᠠᠨ ᠢᠳᠡᠭᠡᠨ ᠤ ᠪᠦᠲᠦᠭᠡᠭᠳᠡᠬᠦᠨ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠤᠨ ᠡᠳ᠋ᠰᠢᠭᠦᠯᠦᠨ ᠪᠤᠯᠪᠠᠰᠤᠷᠠᠭᠤᠯᠬᠤ ᠬᠡᠮᠵᠢᠶ᠎ᠡ ᠪᠠᠨ ᠨᠡᠮᠡᠭᠳᠡᠭᠦᠯᠬᠦ ᠶᠢ ᠳᠡᠮᠵᠢᠵᠦ ᠂ ᠳᠡᠭᠡᠷ᠎ᠡ ᠨᠢᠭᠡ ᠵᠢᠯ ᠤᠨ ᠲᠦᠭᠦᠬᠡᠢ ᠰᠦ ᠬᠡᠷᠡᠭᠯᠡᠵᠦ ᠡᠳ᠋ᠰᠢᠭᠦᠯᠦᠨ ᠪᠣᠯᠪᠠᠰᠤᠷᠠᠭᠤᠯᠤᠭᠰᠠᠨ ᠬᠡᠮᠵᠢᠶ᠎ᠡ ᠪᠠᠷ ᠰᠠᠭᠤᠷᠢ ᠲᠤᠭ᠎ᠠ ᠪᠣᠯᠭᠠᠵᠤ ᠂ 1 ᠲᠣᠨ ᠨᠡᠮᠡᠭᠳᠡᠬᠦ ᠪᠦᠷᠢ 200 ᠲᠥᠭᠦᠷᠢᠭ ᠤᠨ ᠨᠡᠮᠡᠭᠦᠷᠢ ᠣᠯᠭᠤᠵᠤ ᠂ ᠥᠪᠡᠷᠲᠡᠭᠡᠨ ᠵᠠᠰᠠᠬᠤ ᠣᠷᠣᠨ ᠂ ᠠᠶᠢᠮᠠᠭ ᠬᠤᠲᠠ ᠲᠤᠰ ᠪᠦᠷᠢ 50% ᠪᠠᠷ ᠳᠠᠭᠠᠭᠠᠨ ᠡᠭᠦᠷᠭᠡᠯᠡᠨ᠎ᠡ ᠃ ︵ᠥᠪᠥᠷ ᠵᠠᠰᠠᠭ ᠠᠯᠪᠠᠨ ᠲᠠᠷᠬᠠᠭᠠᠭᠰᠠᠨ ﹇2023 ﹈ 58 ᠳ᠋ᠤᠭᠠᠷ ᠲᠣᠭᠠᠲᠤ ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠬᠠᠷᠢᠭᠤᠴᠠᠨ᠎ᠠ ︶

    14. ᠲᠥᠮᠥᠰᠥ ᠡᠳ᠋ᠰᠢᠭᠦᠯᠦᠨ ᠪᠣᠯᠪᠠᠰᠤᠷᠠᠭᠤᠯᠬᠤ ᠵᠠᠬᠢᠶᠠᠯᠠᠭ᠎ᠠ ᠶᠢᠨ ᠬᠠᠭᠤᠳᠠᠰᠤᠨ ᠳᠤ ᠨᠡᠮᠡᠭᠦᠷᠢ ᠣᠯᠭᠤᠬᠤ ᠶᠢ ᠳᠡᠮᠵᠢᠨ᠎ᠡ ᠃ ᠥᠪᠡᠷᠲᠡᠭᠡᠨ ᠵᠠᠰᠠᠬᠤ ᠣᠷᠣᠨ ᠤ ᠲᠥᠮᠥᠰᠥᠨ ᠤ ᠠᠵᠤ ᠠᠬᠤᠶᠢᠯᠠᠯ ᠬᠢᠭᠡᠳ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠲᠠᠷᠢᠮᠠᠯ ᠤᠨ ᠡᠷᠦᠬᠡ ᠲᠠᠢ ᠲᠣᠭᠲᠠᠪᠤᠷᠢᠲᠠᠢ ᠠᠰᠢᠭ ᠲᠤᠰᠠ ᠬᠤᠯᠪᠣᠭᠳᠠᠭᠤᠯᠬᠤ ᠲᠣᠭᠲᠠᠴᠠ ᠪᠠᠶᠢᠭᠤᠯᠵᠤ ᠂ ᠪᠠᠷᠢᠮᠵᠢᠶᠠᠵᠢᠭᠤᠯᠤᠨ ᠳᠠᠷᠢᠭᠰᠠᠨ ᠮᠥᠷᠲᠡᠭᠡᠨ ᠬᠦᠴᠦᠨ ᠪᠦᠬᠦᠢ ᠵᠠᠬᠢᠶᠠᠯᠠᠭ᠎ᠠ ᠶᠢᠨ ᠬᠠᠭᠤᠳᠠᠰᠤ ᠶᠢ ᠪᠦᠷᠢᠯᠳᠦᠭᠦᠯᠦᠭᠰᠡᠨ ᠪᠠᠶᠢᠪᠠᠯ ᠂ ᠬᠤᠳᠠᠯᠳᠤᠨ ᠠᠪᠬᠤ ᠭᠤᠣᠯ ᠴᠣᠭᠴᠠ ᠳᠤ 20 ᠲᠥᠭᠦᠷᠢᠭ / ᠲᠤᠨ ᠤ ᠨᠡᠮᠡᠭᠦᠷᠢ ᠣᠯᠭᠤᠨ᠎ᠠ ᠃ ︵ᠥᠪᠥᠷ ᠵᠠᠰᠠᠭ ᠠᠯᠪᠠᠨ ᠲᠠᠷᠬᠠᠭᠠᠭᠰᠠᠨ ﹇2023 ﹈ 55 ᠳ᠋ᠤᠭᠠᠷ ᠲᠣᠭᠠᠲᠤ ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠬᠠᠷᠢᠭᠤᠴᠠᠨ᠎ᠠ ︶

    ᠳᠥᠷᠪᠡ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ ᠶᠢ ᠳᠡᠮᠵᠢᠬᠦ ᠲᠦᠷᠦ ᠶᠢᠨ ᠪᠣᠳᠣᠯᠭ᠎ᠠ

    15. ᠲᠠᠷᠢᠶ᠋ᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠵᠢᠷᠤᠭ ᠲᠥᠯᠥᠪᠯᠡᠭᠡ ᠬᠥᠭᠵᠢᠭᠦᠯᠬᠦ ᠶᠢ ᠳᠡᠮᠵᠢᠨ᠎ᠡ ᠃ ᠰᠢᠨ᠎ᠡ ᠪᠠᠷ ᠤᠯᠤᠰ ᠤᠨ ᠲᠠᠰ ᠂ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠦᠢᠯᠡᠳᠪᠦᠷᠢ ᠶᠢᠨ ᠵᠢᠷᠤᠭ ᠲᠥᠯᠥᠪᠯᠡᠭᠡ ᠶᠢᠨ ᠲᠥᠪ ᠢᠶᠠᠷ ᠮᠠᠭᠠᠳᠯᠠᠨ ᠲᠣᠭᠲᠠᠭᠠᠭᠳᠠᠭᠰᠠᠨ ᠪᠠᠶᠢᠪᠠᠯ ᠂ ᠨᠢᠭᠡ ᠯᠡ ᠤᠳᠠᠭ᠎ᠠ ᠳᠤ ᠲᠣᠰ ᠪᠦᠷᠢ 100 ᠲᠦᠮᠡᠨ ᠲᠥᠭᠦᠷᠢᠭ ᠂ 50 ᠲᠦᠮᠡᠨ ᠲᠥᠭᠦᠷᠢᠭ ᠤᠨ ᠰᠤᠳᠤᠯᠤᠨ ᠨᠡᠭᠡᠭᠡᠬᠦ ᠵᠠᠷᠤᠳᠠᠯ ᠤᠨ ᠱᠠᠩᠨᠠᠯ ᠨᠥᠬᠦᠪᠦᠷᠢ ᠣᠯᠭᠤᠨ᠎ᠠ ᠃ ︵ᠥᠪᠥᠷ ᠵᠠᠰᠠᠭ ᠲᠠᠷᠬᠠᠭᠠᠭᠰᠠᠨ ﹇2024 ﹈ 6 ᠳ᠋ᠤᠭᠠᠷ ᠲᠣᠭᠠᠲᠤ ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠬᠠᠷᠢᠭᠤᠴᠠᠨ᠎ᠠ ︶

    16. ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠪᠦᠬᠦᠢ ᠳᠤᠮᠳᠠ ᠵᠢᠵᠢᠭ ᠠᠵᠤ ᠠᠬᠤᠶᠢᠯᠠᠯ ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠪᠣᠶᠢᠵᠢᠭᠤᠯᠬᠤ ᠲᠣᠭᠲᠠᠴᠠ ᠪᠠᠨ ᠪᠦᠷᠢᠨᠰᠢᠭᠦᠯᠵᠦ ᠂ ᠰᠢᠨ᠎ᠡ ᠪᠠᠷ ᠮᠠᠭᠠᠳᠯᠠᠨ ᠲᠣᠭᠲᠠᠭᠠᠭᠳᠠᠭᠰᠠᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠳᠤ 15 ᠲᠦᠮᠡᠨ ᠲᠥᠭᠦᠷᠢᠭ ᠤᠨ ᠰᠤᠳᠤᠯᠤᠨ ᠨᠡᠭᠡᠭᠡᠬᠦ ᠵᠠᠷᠤᠳᠠᠯ ᠤᠨ ᠱᠠᠩᠨᠠᠨ ᠨᠥᠬᠦᠪᠦᠷᠢᠯᠡᠬᠦ ᠳᠡᠮᠵᠢᠯᠭᠡ ᠦᠵᠡᠭᠦᠯᠦᠨ᠎ᠡ ᠃ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠠᠵᠢᠯᠯᠠᠭᠠᠨ ᠢ ᠬᠡᠷᠡᠭᠵᠢᠭᠦᠯᠵᠦ ᠂ ᠦᠢᠯᠡᠴᠢᠯᠡᠭᠡᠨ ᠤ ᠠᠵᠢᠯ ᠤᠨ ᠠᠮᠵᠢᠯᠲᠠ ᠪᠦᠲᠦᠮᠵᠢ ᠪᠠᠷ ᠲᠣᠪᠣᠶᠢᠮ᠎ᠠ ᠣᠨᠴᠠ ᠲᠣᠮᠢᠯᠠᠭᠳᠠᠭᠰᠠᠳ ᠢ ᠱᠠᠩᠨᠠᠨ ᠬᠥᠬᠢᠭᠦᠯᠦᠨ᠎ᠡ ᠃ ︵ᠥᠪᠥᠷ ᠰᠢᠨᠵᠢᠯᠡᠬᠦ ᠲᠠᠷᠬᠠᠭᠠᠭᠰᠠᠨ ﹇2024 ﹈ 80 ᠳ᠋ᠤᠭᠠᠷ ᠲᠣᠭᠠᠲᠤ ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠬᠠᠷᠢᠭᠤᠴᠠᠨ᠎ᠠ ︶

    ᠲᠠᠪᠤ ᠂ ᠠᠵᠤ ᠠᠬᠤᠶᠢᠯᠠᠯ ᠢ ᠳᠡᠮᠵᠢᠬᠦ ᠭᠠᠶᠢᠯᠢ ᠲᠠᠲᠠᠪᠤᠷᠢ ᠶᠢᠨ ᠲᠦᠷᠦ ᠶᠢᠨ ᠪᠣᠳᠣᠯᠭ᠎ᠠ

    17. ᠨᠥᠬᠦᠴᠡᠯ ᠳᠤ ᠨᠡᠶᠢᠴᠡᠬᠦ ᠵᠢᠵᠢᠭ ᠬᠡᠯᠪᠡᠷᠢ ᠪᠦᠬᠦᠢ ᠪᠠᠭ᠎ᠠ ᠠᠰᠢᠭ ᠣᠯᠵᠠᠪᠤᠷᠢ ᠲᠠᠢ ᠠᠵᠤ ᠠᠬᠤᠶᠢᠯᠠᠯ ᠠᠴᠠ ᠠᠰᠢᠭ ᠣᠷᠤᠯᠭ᠎ᠠ ᠶᠢᠨ ᠭᠠᠶᠢᠯᠢ ᠶᠢᠨ ᠣᠷᠣᠨ ᠨᠤᠲᠤᠭ ᠤᠨ ᠬᠤᠪᠢᠳᠠᠨ ᠭᠦᠷᠲᠡᠬᠦ ᠬᠡᠰᠡᠭ ᠢ ᠨᠢ ᠬᠠᠰᠤᠵᠤ ᠬᠡᠯᠲᠦᠷᠢᠭᠦᠯᠬᠦ ᠶᠢ ᠳᠡᠮᠵᠢᠨ᠎ᠡ ᠃ 2025 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠂ ᠣᠨ ᠤ ᠭᠠᠶᠢᠯᠢ ᠲᠤᠰᠢᠶᠠᠬᠤ ᠶᠣᠰᠣᠲᠠᠢ ᠠᠰᠢᠭ ᠣᠷᠤᠯᠭ᠎ᠠ ᠶᠢᠨ ᠲᠤᠭ᠎ᠠ ᠨᠢ 100 ᠲᠦᠮᠡᠨ ᠲᠥᠭᠦᠷᠢᠭ ᠠᠴᠠ ᠳᠣᠣᠷ᠎ᠠ ︵100 ᠲᠦᠮᠡᠨ ᠲᠥᠭᠦᠷᠢᠭ ᠢ ᠪᠠᠭᠲᠠᠭᠠᠨ᠎ᠠ ︶ ᠵᠢᠵᠢᠭ ᠬᠡᠯᠪᠡᠷᠢ ᠪᠦᠬᠦᠢ ᠪᠠᠭ᠎ᠠ ᠠᠰᠢᠭ ᠣᠯᠵᠠᠪᠤᠷᠢ ᠲᠠᠢ ᠠᠵᠤ ᠠᠬᠤᠶᠢᠯᠠᠯ ᠠᠴᠠ ᠠᠵᠤ ᠠᠬᠤᠶᠢᠯᠠᠯ ᠤᠨ ᠠᠰᠢᠭ ᠣᠷᠤᠯᠭ᠎ᠠ ᠶᠢᠨ ᠭᠠᠶᠢᠯᠢ ᠶᠢᠨ ᠣᠷᠣᠨ ᠨᠤᠲᠤᠭ ᠤᠨ ᠬᠤᠪᠢᠳᠠᠨ ᠭᠦᠷᠲᠡᠬᠦ ᠬᠡᠰᠡᠭ ᠢ ᠨᠢ ᠬᠠᠰᠤᠵᠤ ᠬᠡᠯᠲᠦᠷᠢᠭᠦᠯᠦᠨ᠎ᠡ ᠃ ︵ᠥᠪᠥᠷ ᠨᠠᠮ ᠲᠠᠷᠬᠠᠭᠠᠭᠰᠠᠨ ﹇2022 ﹈ 24 ᠳ᠋ᠦ᠋ᠭᠡᠷ ᠲᠣᠭᠠᠲᠤ ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠬᠠᠷᠢᠭᠤᠴᠠᠨ᠎ᠠ ︶

    18. ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠵᠠᠷᠤᠳᠠᠯ ᠤᠨ ᠭᠠᠶᠢᠯᠢ ᠠᠴᠠ ᠡᠮᠦᠨᠡᠬᠢ ᠨᠡᠮᠡᠯᠲᠡ ᠪᠣᠳᠣᠯᠲᠠ ᠶᠢ ᠰᠠᠭᠤᠯᠭᠠᠨ ᠠᠪᠬᠤ ᠶᠢ ᠳᠡᠮᠵᠢᠨ᠎ᠡ ᠃ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠠᠵᠢᠯᠯᠠᠭ᠎ᠠ ᠥᠷᠨᠢᠭᠦᠯᠬᠦ ᠶᠠᠪᠤᠴᠠ ᠳᠤ ᠪᠣᠳᠠᠲᠠᠢ ᠡᠭᠦᠰᠦᠭᠰᠡᠨ ᠰᠤᠳᠤᠯᠤᠨ ᠨᠡᠭᠡᠭᠡᠬᠦ ᠵᠠᠷᠤᠳᠠᠯ ᠢ ᠪᠣᠯ ᠪᠣᠳᠠᠰᠯᠢᠭ ᠪᠤᠰᠤ ᠬᠥᠷᠥᠩᠭᠡ ᠪᠣᠯᠵᠤ ᠪᠦᠷᠢᠯᠳᠦᠭᠰᠡᠨ ᠦᠭᠡᠢ ᠪᠠᠷ ᠲᠣᠰ ᠬᠤᠭᠤᠴᠠᠭᠠᠨ ᠤ ᠬᠤᠷᠣᠭᠳᠠᠯ ᠪᠠ ᠣᠯᠵᠠᠪᠤᠷᠢ ᠳᠤ ᠪᠤᠳᠤᠵᠤ ᠣᠷᠣᠭᠤᠯᠤᠭᠰᠠᠨ ᠪᠠᠶᠢᠪᠠᠯ ᠂ ᠲᠣᠭᠲᠠᠭᠠᠯ ᠶᠣᠰᠣᠭᠠᠷ ᠦᠨᠡᠨ ᠢᠶᠠᠷ ᠨᠢ ᠰᠠᠭᠤᠯᠭᠠᠨ ᠠᠪᠤᠭᠰᠠᠨ ᠰᠠᠭᠤᠷᠢᠨ ᠳᠡᠭᠡᠷ᠎ᠡ ᠂ 2023 ᠣᠨ ᠤ 1 ᠳ᠋ᠦ᠋ᠭᠡᠷ ᠰᠠᠷ᠎ᠠ ᠶᠢᠨ1 ᠤ ᠡᠳᠦᠷ ᠠᠴᠠ ᠡᠬᠢᠯᠡᠨ ᠂ ᠳᠠᠬᠢᠵᠦ ᠪᠣᠳᠠᠲᠠᠢ ᠡᠭᠦᠰᠦᠭᠰᠡᠨ ᠲᠣᠭᠠᠨ ᠤ 100% ᠪᠠᠷ ᠭᠠᠶᠢᠯᠢ ᠠᠴᠠ ᠡᠮᠦᠨᠡᠬᠢ ᠨᠡᠮᠡᠯᠲᠡ ᠪᠣᠳᠣᠯᠲᠠ ᠶᠢ ᠰᠠᠭᠤᠯᠭᠠᠨ ᠠᠪᠤᠨ᠎ᠠ︔ ᠪᠣᠳᠠᠰᠯᠢᠭ ᠪᠤᠰᠤ ᠬᠥᠷᠥᠩᠭᠡ ᠪᠣᠯᠵᠤ ᠪᠦᠷᠢᠯᠳᠦᠭᠰᠡᠨ ᠪᠠᠶᠢᠪᠠᠯ ᠂ 2023 ᠣᠨ ᠤ 1 ᠳ᠋ᠦ᠋ᠭᠡᠷ ᠰᠠᠷ᠎ᠠ ᠶᠢᠨ1 ᠤ ᠡᠳᠦᠷ ᠠᠴᠠ ᠡᠬᠢᠯᠡᠨ ᠂ ᠪᠣᠳᠠᠰᠯᠢᠭ ᠪᠤᠰᠤ ᠬᠥᠷᠥᠩᠭᠡ ᠶᠢᠨ ᠥᠪᠡᠷ ᠤᠨ ᠥᠷᠲᠡᠭ ᠤᠨ 200% ᠪᠠᠷ ᠭᠠᠶᠢᠯᠢ ᠲᠤᠰᠢᠶᠠᠬᠤ ᠠᠴᠠ ᠡᠮᠦᠨ᠎ᠡ ᠲᠡᠰᠬᠡᠨ ᠪᠣᠷᠣᠯᠠᠭᠤᠯᠤᠨ᠎ᠠ ᠃ ﹇︽ᠰᠤᠳᠤᠯᠤᠨ ᠨᠡᠭᠡᠭᠡᠬᠦ ᠵᠠᠷᠤᠳᠠᠯ ᠤᠨ ᠭᠠᠶᠢᠯᠢ ᠠᠴᠠ ᠡᠮᠦᠨᠡᠬᠢ ᠨᠡᠮᠡᠯᠲᠡ ᠪᠣᠳᠣᠯᠲᠠ ᠶᠢ ᠰᠠᠭᠤᠯᠭᠠᠨ ᠠᠪᠬᠤ ᠲᠦᠷᠦ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠢ ᠡᠳ᠋ ᠤᠨ ᠵᠠᠰᠠᠭ ᠤᠨ ᠶᠠᠮᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶᠠᠨ ᠤ ᠠᠯᠪᠠᠨ ᠵᠠᠷ ︾ ︵ᠡᠳ᠋ ᠤᠨ ᠵᠠᠰᠠᠭ ᠤᠨ ᠶᠠᠮᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶᠠᠨ ᠤ ᠠᠯᠪᠠᠨ ᠵᠠᠷ 2023 ᠣᠨ ᠤ 7 ᠳ᠋ᠤᠭᠠᠷ ᠲᠣᠭᠠᠲᠤ ︶᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠬᠠᠷᠢᠭᠤᠴᠠᠨ᠎ᠠ ﹈

    19. ᠤᠯᠤᠰ ᠠᠴᠠ ᠭᠤᠣᠯᠳᠠᠯᠭ᠎ᠠ ᠲᠠᠢ ᠲᠡᠳᠬᠦᠬᠦ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠠᠴᠠ 15% ᠶᠢᠨ ᠭᠠᠶᠢᠯᠢ ᠶᠢᠨ ᠨᠣᠷᠮ᠎ᠠ ᠪᠠᠷ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠶᠢ ᠬᠥᠩᠭᠡᠯᠡᠨ ᠲᠠᠲᠠᠪᠤᠷᠢᠯᠠᠨ᠎ᠠ ᠃ ︵︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠤ ᠠᠬᠤᠶᠢᠯᠠᠯ ᠤᠨ ᠠᠰᠢᠭ ᠣᠷᠤᠯᠭ᠎ᠠ ᠶᠢᠨ ᠭᠠᠶᠢᠯᠢ ᠶᠢᠨ ᠬᠠᠤᠯᠢ ︾ ᠶᠢᠨ ᠬᠤᠷᠢᠨ ᠨᠠᠢᠮᠠᠳᠤᠭᠠᠷ ᠵᠦᠢᠯ ᠤᠨ ᠬᠤᠶᠠᠳᠤᠭᠠᠷ ᠵᠤᠷᠪᠤᠰ ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠬᠠᠷᠢᠭᠤᠴᠠᠨ᠎ᠠ ︶

    20. ᠡᠯ᠎ᠡ ᠭᠠᠵᠠᠷ ᠤᠨ ᠬᠢᠨ ᠬᠠᠤᠯᠢ ᠶᠣᠰᠣᠭᠠᠷ ᠦᠨᠡᠨ ᠬᠦ ᠬᠦᠴᠢᠷᠳᠡᠯᠲᠡᠢ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠤ ᠵᠦᠢᠯ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠠᠴᠠ ᠬᠤᠲᠠ ᠪᠠᠯᠭᠠᠰᠤᠨ ᠤ ᠭᠠᠵᠠᠷ ᠰᠢᠷᠣᠢ ᠬᠡᠷᠡᠭᠯᠡᠬᠦ ᠭᠠᠶᠢᠯᠢ ᠶᠢ ᠬᠠᠰᠤᠵᠤ ᠬᠡᠯᠲᠦᠷᠢᠭᠦᠯᠦᠨ᠎ᠡ ᠃ ᠬᠤᠲᠠ ᠪᠠᠯᠭᠠᠰᠤᠨ ᠤ ᠭᠠᠵᠠᠷ ᠰᠢᠷᠣᠢ ᠬᠡᠷᠡᠭᠯᠡᠬᠦ ᠭᠠᠶᠢᠯᠢ ᠶᠢ ᠬᠠᠰᠤᠵᠤ ᠬᠡᠯᠲᠦᠷᠢᠭᠦᠯᠬᠦ ᠪᠠᠷ ᠭᠤᠶᠤᠴᠢᠯᠠᠬᠤ ᠳᠤ ᠂ ᠡᠷᠬᠡᠪᠰᠢ ᠳᠣᠣᠷᠠᠬᠢ ᠪᠠᠶᠢᠳᠠᠯ ᠤᠨ ᠨᠢᠭᠡ ᠳᠤ  ᠨᠢ ᠨᠡᠶᠢᠴᠡᠬᠦ ᠬᠡᠷᠡᠭᠲᠡᠢ ᠄ ᠪᠠᠶᠢᠭᠠᠯᠢ ᠶᠢᠨ ᠭᠠᠮᠰᠢᠭ ᠪᠤᠶᠤ ᠰᠠᠨᠠᠭᠠᠨ ᠳᠤ ᠦᠭᠡᠢ ᠭᠡᠨᠡᠳᠡᠯ ᠵᠡᠷᠭᠡ ᠰᠢᠯᠲᠠᠭᠠᠨ ᠠᠴᠠ ᠪᠣᠯᠵᠤ ᠬᠦᠨᠳᠦ ᠶᠡᠭᠡ ᠠᠵᠤ ᠠᠬᠤᠢ ᠶᠢᠨ ᠬᠤᠬᠢᠷᠠᠯ ᠳᠤ ᠤᠴᠠᠷᠠᠵᠤ ᠂ ᠬᠤᠲᠠ ᠪᠠᠯᠭᠠᠰᠤᠨ ᠤ ᠭᠠᠵᠠᠷ ᠰᠢᠷᠣᠢ ᠬᠡᠷᠡᠭᠯᠡᠬᠦ ᠭᠠᠶᠢᠯᠢ ᠶᠢ ᠲᠤᠰᠢᠶᠠᠬᠤ ᠳᠤ ᠦᠨᠡᠨ ᠬᠦ ᠬᠦᠴᠢᠷᠳᠡᠯᠲᠡᠢ ᠲᠠᠢ ᠪᠠᠶᠢᠬᠤ︔ ᠭᠤᠣᠯ ᠡᠵᠡᠩᠨᠡᠯᠲᠡ ᠶᠢᠨ ᠲᠥᠷᠥᠯ ᠵᠦᠢᠯ ᠨᠢ ︽ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠵᠢᠯᠤᠭᠤᠳᠬᠤ ᠭᠠᠷᠴᠠᠭ ︾ ᠲᠤ ᠵᠢᠭᠰᠠᠭᠠᠵᠤ ᠲᠣᠳᠣᠷᠬᠠᠶᠢᠯᠠᠭᠰᠠᠨ ᠵᠣᠷᠢᠭᠵᠢᠭᠤᠯᠬᠤ ᠲᠥᠷᠥᠯ ᠤᠨ ᠠᠵᠢᠯ ᠲᠥᠷᠥᠯ ᠳᠤ ᠬᠠᠷᠢᠶᠠᠯᠠᠭᠳᠠᠵᠤ ᠂ ᠲᠡᠷᠡ ᠮᠥᠷᠲᠡᠭᠡᠨ ᠭᠠᠶᠢᠯᠢ ᠲᠤᠰᠢᠶᠠᠭᠴᠢ ᠨᠢ ᠳᠠᠷᠠᠭᠠᠯᠠᠨ ᠭᠤᠷᠪᠠᠨ ᠵᠢᠯ ︵ ᠪᠠᠭᠲᠠᠨ᠎ᠠ  ︶ ᠠᠴᠠ ᠳᠡᠭᠡᠭᠰᠢ ᠠᠯᠳᠠᠭᠳᠠᠯ ᠲᠠᠢ ᠪᠠᠶᠢᠬᠤ︔ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠠᠵᠢᠯ ᠦᠢᠯᠡᠰ ᠡᠷᠭᠢᠯᠡᠬᠦ ᠪᠤᠶᠤ ᠵᠠᠰᠠᠭ ᠤᠨ ᠣᠷᠳᠣᠨ ᠤ ᠡᠭᠦᠷᠭᠡ ᠶᠢ ᠳᠠᠭᠠᠭᠠᠨ ᠡᠭᠦᠷᠭᠡᠯᠡᠭᠰᠡᠨ ᠠᠴᠠ ᠪᠣᠯᠵᠤ ᠂ ᠭᠠᠶᠢᠯᠢ ᠲᠤᠰᠢᠶᠠᠭᠴᠢ ᠨᠢ ᠳᠠᠷᠠᠭᠠᠯᠠᠨ ᠭᠤᠷᠪᠠᠨ ᠵᠢᠯ ︵ᠪᠠᠭᠲᠠᠨ᠎ᠠ ︶ ᠠᠴᠠ ᠳᠡᠭᠡᠭᠰᠢ ᠠᠯᠳᠠᠭᠳᠠᠯ ᠲᠠᠢ ᠪᠠᠶᠢᠬᠤ︔ ᠵᠠᠰᠠᠭ ᠤᠨ ᠣᠷᠳᠣᠨ ᠤ ᠡᠭᠦᠷᠭᠡ ᠶᠢ ᠳᠠᠭᠠᠭᠠᠨ ᠡᠭᠦᠬᠡᠯᠡᠬᠦ ᠭᠡᠳᠡᠭ ᠨᠢ ᠭᠠᠶᠢᠯᠢ ᠲᠤᠰᠢᠶᠠᠭᠴᠢ ᠵᠠᠰᠠᠭ ᠤᠨ ᠣᠷᠳᠣᠨ ᠤ ᠵᠢᠭᠠᠪᠤᠷᠢ ᠶᠢᠨ ᠴᠢᠨᠠᠷᠲᠠᠢ ᠱᠠᠭᠠᠷᠳᠠᠯᠭ᠎ᠠ ᠶᠢ ᠦᠨᠳᠦᠰᠦᠯᠡᠨ ᠂ ᠵᠠᠰᠠᠭ ᠤᠨ ᠣᠷᠳᠣᠨ ᠪᠤᠶᠤ ᠨᠡᠶᠢᠭᠡᠮ ᠨᠡᠶᠢᠲᠡ ᠳᠤ ᠦᠢᠯᠡᠴᠢᠯᠡᠭᠡ ᠬᠠᠩᠭᠠᠬᠤ ᠶᠢ ᠵᠢᠭᠠᠵᠤ ᠪᠣᠢ ᠂ ᠭᠡᠪᠡᠴᠦ ᠣᠯᠣᠭᠰᠠᠨ ᠡᠳ᠋ ᠤᠨ ᠵᠠᠰᠠᠭ ᠤᠨ ᠰᠠᠯᠭᠠᠵᠤ ᠥᠭᠭᠦᠭᠰᠡᠨ ᠵᠣᠭᠤᠰ ᠂ ᠵᠠᠰᠠᠭ ᠤᠨ ᠣᠷᠳᠣᠨ ᠤ ᠨᠥᠬᠦᠪᠦᠷᠢ ᠵᠡᠷᠭᠡ ᠡᠯ᠎ᠡ ᠵᠦᠢᠯ ᠤᠨ ᠣᠷᠣᠯᠭ᠎ᠠ ᠨᠢ ᠲᠡᠭᠦᠨ ᠤ ᠭᠠᠷᠭᠠᠭᠰᠠᠨ ᠥᠪᠡᠷ ᠤᠨ ᠥᠷᠲᠡᠭ ᠠᠴᠠ ᠨᠢ ᠳᠣᠣᠷ᠎ᠠ ᠪᠠᠶᠢᠬᠤ︔ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠲᠣᠳᠣᠷᠬᠠᠢ ᠲᠣᠭᠲᠠᠭᠠᠭᠠᠳ ᠲᠡᠳᠬᠦᠵᠦ ᠪᠠᠶᠢᠭ᠎ᠠ ᠬᠦᠴᠢᠷᠳᠡᠯᠲᠡᠢ ᠠᠵᠢᠯ ᠲᠥᠷᠥᠯ ᠳᠤ ᠬᠠᠷᠢᠶᠠᠯᠠᠭᠳᠠᠬᠤ ᠮᠥᠷᠲᠡᠭᠡᠨ ᠭᠠᠶᠢᠯᠢ ᠲᠤᠰᠢᠶᠠᠭᠴᠢ ᠨᠢ ᠳᠠᠷᠠᠭᠠᠯᠠᠨ ᠭᠤᠷᠪᠠᠨ ᠵᠢᠯ ︵ ᠪᠠᠭᠲᠠᠨ᠎ᠠ  ︶ ᠠᠴᠠ ᠳᠡᠭᠡᠭᠰᠢᠬᠢ ᠠᠯᠳᠠᠭᠳᠠᠯ ᠲᠠᠢ ᠠᠵᠤ ᠠᠬᠤᠶᠢᠯᠠᠯ ᠃ ﹇︽2021 ᠣᠨ ᠤ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢᠨ ᠶᠡᠷᠦᠩᠬᠡᠶᠢᠯᠡᠭᠰᠡᠨ ᠠᠰᠢᠭ ᠣᠷᠣᠯᠭ᠎ᠠ ᠶᠢ ᠬᠤᠷᠢᠶᠠᠩᠭᠤᠶᠢᠯᠠᠨ ᠪᠤᠳᠤᠵᠤ ᠢᠯᠭᠠᠷᠠᠭᠤᠯᠤᠨ ᠲᠤᠰᠢᠶᠠᠬᠤ ᠵᠦᠢᠯᠡᠰ ᠢ ᠭᠦᠢᠴᠡᠳᠬᠡᠬᠦ ᠲᠤᠬᠠᠢ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶᠠᠨ ᠤ ᠠᠯᠪᠠᠨ ᠵᠠᠷ ︾ ︵ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶᠠᠨ ᠤ ᠠᠯᠪᠠᠨ ᠵᠠᠷ 2022 ᠣᠨ ᠤ 1 ᠳ᠋ᠦ᠋ᠭᠡᠷ ᠲᠣᠭᠠᠲᠤ ︶᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠬᠠᠷᠢᠭᠤᠴᠠᠨ᠎ᠠ ﹈

    ᠳᠡᠭᠡᠷᠡᠬᠢ ᠲᠥᠷᠥ ᠶᠢᠨ ᠪᠣᠳᠣᠯᠭ᠎ᠠ ᠶᠢᠨ ᠲᠣᠳᠣᠷᠬᠠᠢ ᠬᠠᠭᠤᠳᠠᠰᠤ ᠶᠢ ᠴᠥᠮ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢᠶᠠᠷ ᠳᠡᠮᠵᠢᠨ ᠲᠣᠳᠣᠷᠬᠠᠢ ᠲᠣᠭᠲᠠᠭᠠᠵᠤ ᠂ ᠬᠡᠷᠪᠡ ᠬᠠᠷᠠᠭᠠᠯᠵᠠᠭᠰᠠᠨ ᠪᠢᠴᠢᠭ ᠮᠠᠲ᠋ᠧᠷᠢᠶᠠᠯ ᠳᠤ ᠲᠣᠬᠢᠷᠠᠭᠤᠯᠤᠯᠲᠠ ᠬᠢᠭᠰᠡᠨ ᠪᠠᠶᠢᠪᠠᠯ ᠂ ᠬᠠᠮᠤᠭ ᠤᠨ ᠰᠢᠨ᠎ᠡ ᠲᠣᠬᠢᠷᠠᠭᠤᠯᠤᠯᠲᠠ ᠬᠢᠭᠰᠡᠨ ᠪᠠᠶᠢᠳᠠᠯ ᠢᠶᠠᠷ ᠪᠠᠷᠢᠮᠵᠢᠶ᠎ᠠ ᠪᠣᠯᠭᠠᠨ᠎ᠠ ᠃

    

    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ

    2025 ᠣᠨ ᠤ 2 ᠳ᠋ᠤᠭᠠᠷ ᠰᠠᠷ᠎ᠠ ᠶᠢᠨ 14 ᠤ ᠡᠳᠦᠷ ᠳᠠᠷᠤᠮᠠᠯᠯᠠᠨ ᠲᠠᠷᠬᠠᠭᠠᠪᠠ


ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ ᠤ ᠠᠯᠪᠠᠨ ᠲᠢᠩᠬᠢᠮ