ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠨᠠᠮ ᠤᠨ ᠲᠥᠪ ᠬᠤᠷᠢᠶ᠎ᠠ ᠶᠢᠨ ᠨᠢᠭᠡᠳᠦᠯᠲᠡᠢ ᠪᠠᠶᠢᠷᠢᠯᠠᠭᠤᠯᠤᠯᠲᠠ ᠶᠢ ᠦᠨᠳᠦᠰᠦᠯᠡᠨ ᠣᠶᠢᠷ᠎ᠠ ᠳᠤ ᠲᠥᠪ ᠤᠨ ᠠᠷᠪᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠣᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠶᠢᠨ ᠬᠤᠷᠠᠯ ᠬᠤᠷᠠᠯᠳᠤᠪᠠ᠃ ᠲᠥᠪ ᠤᠨ ᠠᠷᠪᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠴᠧᠨ ᠵᠠᠩ ᠶᠦᠩ ᠳᠠᠶᠢᠴᠢᠯᠠᠯᠲᠠ ᠶᠢᠨ ᠶᠠᠷᠢᠶ᠎ᠠ ᠲᠠᠯᠪᠢᠵᠤ᠂ ᠶᠡᠷᠦᠩᠬᠡᠢ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠂ ᠲᠣᠭᠤᠷᠢᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠲᠤᠬᠠᠢ ᠱᠠᠭᠠᠷᠳᠠᠯᠭ᠎ᠠ ᠳᠤᠷᠠᠳᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃

ᠲᠥᠪ ᠤᠨ ᠠᠷᠪᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠣᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠶᠢᠨ ᠬᠤᠷᠠᠯ ᠬᠤᠷᠠᠯᠳᠤᠪᠠ᠃
ᠳᠤᠰ ᠰᠣᠨᠢᠨ ᠤ ᠰᠤᠷᠪᠤᠯᠵᠢᠯᠠᠬᠴᠢ ᠮᠠ ᠵᠢᠶᠠᠨ ᠪᠢᠩ ᠰᠡᠭᠦᠳᠡᠷᠯᠡᠪᠡ
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠪᠣᠯᠣᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠤᠨ ᠪᠦᠷᠢᠯᠳᠦᠭᠦᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠥᠪ ᠤᠨ ᠠᠷᠪᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ᠂ ᠲᠥᠪ ᠤᠨ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠬᠤᠯᠪᠣᠭᠳᠠᠯ ᠪᠦᠬᠦᠢ ᠨᠥᠬᠦᠳ ᠬᠤᠷᠠᠯ ᠳᠤ ᠣᠷᠣᠯᠴᠠᠵᠠᠢ︔ ᠥᠪᠡᠷᠲᠡᠭᠡᠨ ᠵᠠᠰᠠᠬᠤ ᠣᠷᠣᠨ ᠤ ᠲᠤᠰᠢᠶᠠᠯ ᠳᠤ ᠪᠠᠶᠢᠭ᠎ᠠ ᠪᠤᠰᠤᠳ ᠳᠡᠳ᠋ ᠮᠤᠵᠢ ᠶᠢᠨ ᠲᠡᠰ ᠤᠨ ᠤᠳᠤᠷᠢᠳᠬᠤ ᠺᠠᠳ᠋ᠷ᠂ ᠮᠤᠵᠢ ᠶᠢᠨ ᠲᠡᠰ ᠤᠨ ᠠᠵᠢᠯ ᠠᠴᠠ ᠪᠠᠨ ᠠᠮᠠᠷᠠᠭᠰᠠᠨ ᠬᠡᠰᠡᠭ ᠠᠬᠠᠮᠠᠳ ᠨᠥᠬᠦᠳ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠪᠣᠯᠣᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠤᠳᠤᠷᠢᠳᠬᠤ ᠪᠠᠭ ᠤᠨ ᠪᠦᠷᠢᠯᠳᠦᠭᠦᠨ᠂ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠡᠷᠭᠢᠯᠡᠭᠴᠢ ᠪᠣᠯᠣᠨ ᠡᠯ᠎ᠡ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠪᠣᠯᠣᠨ ᠮᠠᠨ ᠤ ᠣᠷᠣᠨ ᠳᠤ ᠰᠠᠭᠤᠭ᠎ᠠ ᠲᠥᠪ ᠤᠨ ᠬᠤᠯᠪᠣᠭᠳᠠᠯ ᠪᠦᠬᠦᠢ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠢ︔ ᠡᠯ᠎ᠡ ᠠᠶᠢᠮᠠᠭ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ︵ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ︶ ᠪᠣᠯᠣᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ︵ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠢᠶ᠎ᠠ︶᠂ ᠵᠠᠰᠠᠭ ᠤᠨ ᠣᠷᠳᠣᠨ ︵ᠵᠠᠬᠢᠷᠭ᠎ᠠ︶᠂ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠤᠨ ᠪᠦᠷᠢᠯᠳᠦᠭᠦᠨ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠢᠳᠢᠤ᠋ ᠬᠤᠷᠠᠯ ᠤᠨ ᠭᠡᠯᠪᠡᠷᠢ ᠪᠠᠷ ᠬᠤᠷᠠᠯ ᠳᠤ ᠰᠤᠯᠠ ᠣᠷᠣᠯᠴᠠᠪᠠ᠃
ᠴᠧᠨ ᠵᠠᠩ ᠶᠦᠩ᠂ ᠲᠣᠭᠤᠷᠢᠨ ᠪᠠᠶᠢᠴᠠᠭᠠᠬᠤ ᠪᠣᠯ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠳᠦᠷᠢᠮ ᠤᠨ ᠲᠣᠬᠢᠷᠠᠭᠤᠯᠤᠯᠲᠠ ᠮᠥᠨ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠢᠯᠠᠩᠭᠤᠶ᠎ᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠲᠣᠭᠤᠷᠢᠨ ᠪᠠᠶᠢᠴᠠᠭᠠᠬᠤ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠬᠢᠨᠠᠯᠲᠠ ᠲᠠᠯᠪᠢᠬᠤ ᠶᠢ ᠵᠥᠪ ᠲᠠᠨᠢᠵᠤ᠂ ᠤᠬᠠᠮᠰᠠᠷ ᠠᠴᠠ ᠪᠠᠨ ᠬᠢᠨᠠᠯᠲᠠ ᠶᠢ ᠬᠦᠯᠢᠶᠡᠵᠦ᠂ ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠠᠵᠢᠯ ᠢ ᠢᠳᠡᠪᠬᠢᠲᠡᠢ ᠳᠡᠮᠵᠢᠨ ᠬᠠᠮᠵᠢᠯᠴᠠᠵᠤ᠂ ᠨᠠᠮ ᠤᠨ ᠲᠥᠪ ᠬᠤᠷᠢᠶ᠎ᠠ ᠠᠴᠠ ᠲᠤᠰᠢᠶᠠᠭᠰᠠᠨ ᠲᠣᠭᠤᠷᠢᠨ ᠪᠠᠶᠢᠴᠠᠭᠠᠬᠤ ᠡᠭᠦᠷᠭᠡ ᠶᠢ ᠡᠷᠡᠰ ᠰᠠᠶᠢᠲᠤᠷ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠴᠧᠨ ᠵᠠᠩ ᠶᠦᠩ᠂ ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠪᠦᠭᠦᠳᠡ ᠬᠤᠷᠠᠯ ᠤᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠲᠣᠭᠤᠷᠢᠨ ᠪᠠᠶᠢᠴᠠᠭᠠᠬᠤ ᠪᠠᠶᠢᠷᠢ ᠲᠣᠭᠲᠠᠭᠠᠯᠲᠠ ᠶᠢ ᠲᠣᠪᠤᠶᠢᠯᠭᠠᠵᠤ᠂ ᠲᠣᠭᠤᠷᠢᠨ ᠪᠠᠶᠢᠴᠠᠭᠠᠬᠤ ᠠᠵᠢᠯ ᠤᠨ ᠴᠢᠭᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠲᠤᠭ ᠲᠡᠮᠳᠡᠭ ᠲᠣᠳᠣᠷᠬᠠᠢ ᠪᠠᠷ ︽ᠬᠤᠶᠠᠷ ᠢ ᠬᠠᠮᠠᠭᠠᠯᠠᠬᠤ︾ ᠶᠢ ᠦᠨᠳᠦᠰᠦᠨ ᠡᠭᠦᠷᠭᠡ ᠪᠠᠨ ᠪᠣᠯᠭᠠᠨ᠎ᠠ᠃ ᠭᠤᠣᠯ ᠠᠵᠢᠯ ᠤᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ᠂ ᠴᠢᠩᠭ᠎ᠠ ᠪᠠᠶᠢᠬᠤ ᠦᠨᠳᠦᠰᠦᠨ ᠭᠦᠭ ᠠᠶᠠᠰ ᠢ ᠪᠠᠷᠢᠮᠲᠠᠯᠠᠵᠤ᠂ ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ᠂ ᠶᠡᠷᠦᠩᠬᠡᠶᠢᠯᠡᠨ ᠬᠢᠨᠠᠯᠲᠠ ᠲᠠᠯᠪᠢᠬᠤ ᠦᠢᠯᠡᠳᠦᠯ ᠢ ᠪᠠᠳᠠᠷᠠᠭᠤᠯᠵᠤ᠂ ᠦᠨᠡᠨ ᠠᠴᠠ ᠵᠥᠪ ᠢ ᠡᠷᠢᠬᠦ᠂ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠢ ᠵᠢᠷᠤᠮᠯᠠᠬᠤ ᠶᠢ ᠪᠠᠷᠢᠮᠲᠠᠯᠠᠵᠤ᠂ ᠤᠯᠤᠰ ᠲᠦᠷᠦ ᠶᠢᠨ ᠬᠢᠨᠠᠯᠲᠠ ᠲᠠᠯᠪᠢᠬᠤ ᠶᠢ ᠣᠨᠣᠪᠴᠢᠲᠠᠢ ᠪᠥᠭᠡᠳ ᠪᠦᠲᠦᠮᠵᠢᠲᠡᠢ ᠥᠷᠨᠢᠭᠦᠯᠦᠨ᠎ᠡ᠃ ᠨᠠᠮ ᠤᠨ ᠲᠥᠪ ᠬᠤᠷᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠬᠠᠢ ᠴᠢᠳᠠᠮᠵᠢ ᠶᠢᠨ ᠪᠠᠶᠢᠷᠢ ᠲᠣᠭᠲᠠᠭᠠᠯᠲᠠ ᠪᠠ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠲᠣᠭᠤᠷᠢᠨ ᠳᠤ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠠᠬᠢᠭᠤᠯᠤᠭᠰᠠᠨ᠂ ᠤᠳᠤᠷᠢᠳᠬᠤ ᠪᠠᠭ᠂ ᠺᠠᠳ᠋ᠷ ᠴᠢᠳᠠᠪᠤᠷᠢᠲᠠᠨ ᠤ ᠡᠩᠨᠡᠭᠡ ᠪᠣᠯᠣᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠭᠰᠠᠨ ᠵᠢᠴᠢ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠭᠦᠨᠵᠡᠭᠡᠢ ᠣᠶᠢᠯᠠᠭᠠᠵᠤ᠂ ᠡᠷᠬᠡ ᠪᠣᠯᠣᠨ ᠬᠠᠷᠢᠭᠤᠴᠠᠯᠭ᠎ᠠ ᠶᠢ ᠴᠢᠩᠭ᠎ᠠ ᠠᠩᠬᠠᠷᠴᠤ᠂ ︽ᠨᠢᠭᠡᠳᠦᠭᠡᠷ ᠬᠠᠷᠢᠭᠤᠴᠠᠯᠭᠠᠲᠠᠨ︾ ᠪᠣᠯᠣᠨ ᠤᠳᠤᠷᠢᠳᠬᠤ ᠪᠠᠭ ᠢ ᠴᠢᠩᠭ᠎ᠠ ᠠᠩᠬᠠᠷᠴᠤ᠂ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠠᠰᠠᠭᠤᠳᠠᠯ ᠢ ᠴᠢᠩᠭ᠎ᠠ ᠠᠩᠬᠠᠷᠴᠤ᠂ ᠤᠯᠤᠰ ᠲᠦᠷᠦ ᠶᠢᠨ ᠵᠥᠷᠢᠶ᠎ᠡ ᠶᠢ ᠬᠦᠴᠦᠯᠡᠨ ᠡᠷᠢᠵᠦ᠂ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠬᠦᠴᠦᠲᠡᠢ ᠪᠠᠲᠤᠯᠠᠭ᠎ᠠ ᠬᠠᠩᠭᠠᠨ᠎ᠠ ᠭᠡᠵᠦ ᠵᠢᠭᠠᠵᠤ ᠭᠠᠷᠭᠠᠪᠠ᠃
ᠰᠦᠨ ᠱᠤᠤ ᠴᠧᠩ᠂ ᠡᠨᠡ ᠤᠳᠠᠭ᠎ᠠ ᠶᠢᠨ ᠲᠣᠭᠤᠷᠢᠨ ᠪᠠᠶᠢᠴᠠᠭᠠᠯᠲᠠ ᠪᠣᠯ ᠥᠪᠥᠷ ᠮᠣᠩᠭᠤᠯ ᠳᠤ ᠬᠢᠭᠰᠡᠨ ᠨᠢᠭᠡ ᠤᠳᠠᠭ᠎ᠠ ᠶᠢᠨ ᠪᠦᠭᠦ ᠲᠠᠯ᠎ᠠ ᠶᠢᠨ ᠤᠯᠤᠰ ᠲᠦᠷᠦ ᠶᠢᠨ ᠪᠠᠶᠢᠴᠠᠭᠠᠯᠲᠠ ᠪᠠ ᠬᠦᠴᠦᠲᠡᠢ ᠠᠵᠢᠯ ᠤᠨ ᠵᠢᠯᠣᠭᠤᠳᠤᠯᠭ᠎ᠠ ᠪᠠᠶᠢᠵᠤ᠂ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠪᠠᠶᠢᠬᠤ ᠪᠠ ᠭᠦᠨ ᠬᠠᠯᠠᠮᠵᠢᠯᠠᠵᠤ ᠪᠠᠶᠢᠬᠤ ᠶᠢ ᠭᠦᠢᠴᠡᠳ ᠬᠠᠷᠠᠭᠤᠯᠵᠤ ᠪᠠᠶᠢᠨ᠎ᠠ᠃ ᠪᠦᠭᠦ ᠣᠷᠣᠨ ᠤ ᠡᠯ᠎ᠡ ᠱᠠᠲᠤᠨ ᠤ ᠬᠢᠨ ᠤᠬᠠᠮᠰᠠᠷ ᠠᠴᠠ ᠪᠠᠨ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠶᠢ ᠬᠦᠯᠢᠶᠡᠬᠦ ᠶᠢ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠶᠢᠨ ᠬᠦᠴᠦᠲᠡᠢ ᠠᠬᠢᠭᠤᠯᠤᠯ ᠪᠤᠯᠭᠠᠵᠤ᠂ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠲᠤᠰᠢᠶᠠᠭᠰᠠᠨ ᠡᠭᠦᠷᠭᠡ ᠬᠠᠷᠢᠭᠤᠴᠠᠯᠭ᠎ᠠ ᠶᠢ ᠨᠡᠩ ᠰᠠᠶᠢᠲᠤᠷ ᠪᠡᠶᠡᠯᠡᠭᠦᠯᠬᠦ ᠬᠡᠷᠡᠭᠲᠡᠢ᠃ ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠠᠵᠢᠯ ᠢᠶᠠᠨ ᠥᠷᠨᠢᠭᠦᠯᠬᠦ ᠶᠢ ᠪᠦᠭᠦ ᠬᠦᠴᠦᠨ ᠢᠶᠠᠷ ᠢᠶᠠᠨ ᠳᠡᠮᠵᠢᠵᠦ᠂ ᠰᠠᠨᠠᠭᠠᠴᠢᠯᠠᠭ᠎ᠠ ᠠᠴᠠ ᠪᠠᠨ ᠬᠢᠨᠠᠯᠲᠠ ᠲᠠᠯᠪᠢᠬᠤ ᠳᠤ ᠬᠠᠮᠵᠢᠯᠴᠠᠵᠤ᠂ ᠪᠠᠶᠢᠳᠠᠯ ᠢ ᠦᠨᠡᠨ ᠮᠥᠨ ᠢᠶᠠᠷ ᠨᠢ ᠲᠤᠰᠬᠠᠵᠤ᠂ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠭ᠎ᠠ ᠰᠠᠬᠢᠬᠤ ᠬᠡᠷᠡᠭᠲᠡᠢ᠃ ᠲᠣᠭᠤᠷᠢᠨ ᠪᠠᠶᠢᠴᠠᠭᠠᠯᠲᠠ ᠳᠤ ᠵᠢᠭᠠᠵᠤ ᠭᠠᠷᠭᠠᠭᠰᠠᠨ ᠠᠰᠠᠭᠤᠳᠠᠯ ᠢ ᠲᠦᠷᠭᠡᠨ ᠰᠠᠶᠢᠵᠢᠷᠠᠭᠤᠯᠬᠤ᠂ ᠦᠨᠡᠨ ᠬᠦ ᠰᠠᠶᠢᠵᠢᠷᠠᠭᠤᠯᠵᠤ ᠪᠣᠳᠠᠲᠠᠢ ᠰᠠᠶᠢᠵᠢᠷᠠᠭᠤᠯᠬᠤ ᠶᠢ ᠴᠢᠩᠭ᠎ᠠ ᠠᠳᠬᠤᠬᠤ ᠬᠡᠷᠡᠭᠲᠡᠢ᠃ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠶᠢ ᠬᠦᠯᠢᠶᠡᠬᠦ ᠪᠠᠷ ᠠᠵᠠ ᠲᠣᠭᠢᠶᠠᠯ ᠪᠣᠯᠭᠠᠨ ᠥᠭᠡᠷᠡᠴᠢᠯᠡᠯᠲᠡ ᠬᠥᠭᠵᠢᠯᠲᠡ ᠶᠢ ᠨᠡᠩ ᠰᠠᠶᠢᠲᠤᠷ ᠠᠬᠢᠭᠤᠯᠵᠤ᠂ ︽ᠨᠢᠭᠡ ᠭᠤᠣᠯ ᠰᠢᠵᠢᠮ︾᠂ ︽ᠬᠤᠶᠠᠷ ᠶᠡᠭᠡ ᠶᠠᠪᠤᠳᠠᠯ︾᠂ ︽ᠵᠢᠷᠭᠤᠭᠠᠨ ᠢᠨᠵᠧᠨᠧᠷᠢᠩ︾᠂ ︽ᠵᠢᠷᠭᠤᠭᠠᠨ ᠠᠵᠢᠯᠯᠠᠭ᠎ᠠ︾ ᠵᠡᠷᠭᠡ ᠭᠤᠣᠯᠳᠠᠯᠭ᠎ᠠ ᠲᠠᠢ ᠡᠭᠦᠷᠭᠡ ᠶᠢ ᠬᠦᠴᠦᠯᠡᠨ ᠰᠠᠶᠢᠲᠤᠷ ᠠᠳᠬᠤᠵᠤ᠂ ᠪᠦᠭᠦ ᠣᠷᠣᠨ ᠤ ᠳᠡᠭᠡᠷ᠎ᠡ ᠳᠣᠣᠷ᠎ᠠ ᠱᠠᠲᠤ ᠶᠢ ᠬᠥᠲᠥᠯᠥᠨ ᠵᠢᠯᠤᠭᠤᠳᠴᠤ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠬᠠᠲᠠᠭᠤᠵᠢᠯᠲᠠᠢ ᠠᠵᠢᠯᠯᠠᠨ ᠪᠣᠳᠠᠲᠠᠢ ᠠᠵᠢᠯᠯᠠᠵᠤ᠂ ᠡᠴᠦᠰ ᠲᠤᠨᠢ ᠲᠤᠯᠲᠠᠯ᠎ᠠ ᠠᠵᠢᠯᠯᠠᠬᠤ ᠬᠡᠷᠡᠭᠲᠡᠢ ᠭᠡᠵᠦ ᠢᠯᠡᠳᠬᠡᠪᠡ᠃
ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ 2 ᠰᠠᠷ᠎ᠠ ᠬᠠᠭᠠᠰ ᠰᠢᠬᠠᠮ ᠠᠵᠢᠯᠯᠠᠬᠤ ᠪᠣᠯᠣᠨ᠎ᠠ᠃ ᠲᠣᠭᠤᠷᠢᠨ ᠪᠠᠶᠢᠴᠠᠭᠠᠬᠤ ᠬᠤᠭᠤᠴᠠᠭᠠᠨ ᠳᠤ ᠲᠤᠰᠬᠠᠢ ᠵᠢᠵᠢᠭᠦᠷᠯᠡᠬᠦ ᠤᠲᠠᠰᠤ ᠶᠢ ᠲᠣᠬᠢᠷᠠᠭᠤᠯᠪᠠ᠄ 0471 - 4860211᠂ ᠡᠳᠦᠷ ᠪᠦᠷᠢ ᠶᠢᠨ ᠤᠲᠠᠰᠤ ᠶᠢ ᠭᠥᠯᠢᠶᠡᠨ ᠠᠪᠴᠤ ᠰᠢᠢᠳᠪᠦᠷᠢᠯᠡᠬᠦ ᠴᠠᠭ ᠨᠢ 8᠄ 00 ᠠᠴᠠ 18᠄ 00︔ ᠲᠤᠰᠬᠠᠢ ᠰᠢᠤᠳᠠᠨ ᠤ ᠵᠠᠬᠢᠳᠠᠯ ᠤᠨ ᠬᠠᠶᠢᠷᠴᠠᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠦᠭᠡᠬᠤᠲᠠ ᠶᠢᠨ A880 ᠳ᠋ᠤᠭᠠᠷ ᠵᠠᠬᠢᠳᠠᠯ ᠤᠨ ᠬᠠᠶᠢᠷᠴᠠᠭ᠃ ᠲᠣᠭᠤᠷᠢᠨ ᠪᠠᠶᠢᠴᠠᠭᠠᠬᠤ ᠳᠤᠭᠤᠶᠢᠯᠠᠩ 2025 ᠣᠨ ᠤ 6 ᠰᠠᠷ᠎ᠠ ᠶᠢᠨ 23 ᠪᠤᠯᠲᠠᠯ᠎ᠠ ᠵᠠᠬᠢᠳᠠᠯ ᠰᠤᠷᠪᠤᠯᠵᠢᠯᠠᠯ ᠢ ᠭᠥᠯᠢᠶᠡᠨ ᠠᠪᠴᠤ ᠰᠢᠢᠳᠪᠦᠷᠢᠯᠡᠨ᠎ᠡ᠃ ᠲᠣᠭᠤᠷᠢᠨ ᠪᠠᠶᠢᠴᠠᠭᠠᠬᠤ ᠠᠵᠢᠯ ᠤᠨ ᠳᠦᠷᠢᠮ ᠤᠨ ᠲᠣᠭᠲᠠᠭᠠᠯ ᠢ ᠦᠨᠳᠦᠰᠦᠯᠡᠪᠡᠯ ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠭᠤᠣᠯᠳᠠᠭᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠤᠵᠢ ᠶᠢᠨ ᠳᠡᠰ ᠤᠨ ᠤᠳᠤᠷᠢᠳᠬᠤ ᠪᠠᠭ ᠵᠢᠴᠢ ᠲᠡᠭᠦᠨ ᠤ ᠪᠦᠷᠢᠯᠳᠦᠭᠦᠨ᠂ ᠳᠣᠣᠷ᠎ᠠ ᠨᠢᠭᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠤᠨ ᠭᠤᠣᠯ ᠬᠠᠷᠢᠭᠤᠴᠠᠯᠭᠠᠲᠠᠨ ᠪᠣᠯᠣᠨ ᠭᠤᠣᠯᠳᠠᠯᠭ᠎ᠠ ᠲᠠᠢ ᠠᠵᠢᠯ ᠤᠨ ᠪᠠᠶᠢᠷᠢ ᠳᠠᠬᠢ ᠤᠳᠤᠷᠢᠳᠬᠤ ᠺᠠᠳ᠋ᠷ ᠤᠨ ᠠᠰᠠᠭᠤᠳᠠᠯ ᠢ ᠲᠤᠰᠬᠠᠭᠰᠠᠨ ᠵᠠᠬᠢᠳᠠᠯ ᠤᠲᠠᠰᠤ ᠰᠤᠷᠪᠤᠯᠵᠢᠯᠠᠯ ᠢ ᠭᠥᠯᠢᠶᠡᠨ ᠠᠪᠴᠤ ᠰᠢᠢᠳᠪᠦᠷᠢᠯᠡᠨ᠎ᠡ᠂ ᠭᠤᠣᠯᠳᠠᠯᠭ᠎ᠠ ᠨᠢ ᠤᠯᠤᠰ ᠲᠦᠷᠦ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠤᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ᠂ ᠠᠮᠢᠳᠤᠷᠠᠯ ᠤᠨ ᠰᠠᠬᠢᠯᠭ᠎ᠠ ᠪᠠᠲᠤ ᠶᠢ ᠵᠥᠷᠢᠴᠡᠭᠰᠡᠨ ᠵᠡᠷᠭᠡ ᠲᠠᠯ᠎ᠠ ᠪᠠᠷ ᠬᠢ ᠢᠯᠡᠴᠢᠯᠡᠨ ᠮᠡᠳᠡᠭᠦᠯᠦᠭᠰᠡᠨ ᠪᠠ ᠲᠤᠰᠬᠠᠭᠰᠠᠨ ᠶᠠᠪᠤᠳᠠᠯ ᠪᠣᠯᠣᠨ᠎ᠠ᠃ ᠲᠣᠭᠤᠷᠢᠨ ᠪᠠᠶᠢᠴᠠᠭᠠᠯᠲᠠ ᠶᠢᠨ ᠭᠥᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠪᠠᠭᠲᠠᠬᠤ ᠦᠭᠡᠢ ᠪᠤᠰᠤᠳ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠲᠣᠭᠲᠠᠭᠠᠯ ᠶᠣᠰᠣᠭᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠨᠠᠷᠢᠨ ᠬᠢᠨᠠᠮᠠᠭᠠᠢ ᠰᠢᠢᠳᠪᠦᠷᠢᠯᠡᠨ᠎ᠡ᠃