ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ
274 ᠳ᠋ᠣᠭᠡᠷ ᠲᠣᠭᠠᠲᠤ
︽ᠵᠠᠰᠠᠭ ᠤᠨ ᠣᠷᠳᠣᠨ ᠤ ᠬᠡᠰᠡᠭ ᠲᠣᠭᠲᠠᠭᠠᠯ ᠲᠦᠷᠢᠮ ᠳᠤ ᠵᠠᠰᠠᠪᠤᠷᠢ ᠣᠷᠣᠭᠤᠯᠬᠤ ᠪᠠ ᠬᠦᠴᠦᠨ ᠦᠭᠡᠢ ᠪᠣᠯᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ︾ ᠢ ᠨᠢᠭᠡᠨᠲᠡ 2025 ᠣᠨ ᠤ 2 ᠳ᠋ᠤᠭᠠᠷ ᠰᠠᠷ᠎ᠠ ᠶᠢᠨ 24 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 6 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠨᠡᠶᠢᠲᠡᠯᠡᠪᠡ᠂ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠣᠨ ᠤ ᠲᠡᠷᠢᠭᠦᠯᠡᠭᠴᠢ ᠸᠠᠩ ᠯᠢ ᠰᠢᠶᠠ
2025 ᠣᠨ ᠤ 2 ᠳ᠋ᠤᠭᠠᠷ ᠰᠠᠷ᠎ᠠ ᠶᠢᠨ 27 ᠤ ᠡᠳᠦᠷ
ᠵᠠᠰᠠᠭ ᠤᠨ ᠣᠷᠳᠣᠨ ᠤ ᠬᠡᠰᠡᠭ ᠲᠣᠭᠲᠠᠭᠠᠯ ᠲᠦᠷᠢᠮ ᠳᠤ ᠵᠠᠰᠠᠪᠤᠷᠢ ᠣᠷᠣᠭᠤᠯᠬᠤ ᠪᠠ ᠬᠦᠴᠦᠨ ᠥᠬᠡᠶ ᠪᠣᠯᠭᠠᠬᠤ
ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ
ᠨᠡᠶᠢᠭᠡᠮ ᠵᠢᠷᠤᠮ ᠤᠨ ᠬᠠᠤᠯᠢ ᠳᠦᠷᠢᠮ ᠤᠨ ᠨᠢᠭᠡᠲᠦᠯ᠂ ᠨᠡᠷ᠎ᠡ ᠬᠦᠨᠳᠦ ᠪᠠ ᠡᠷᠬᠡ ᠰᠦᠷ ᠢ ᠬᠠᠮᠠᠭᠠᠯᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠲᠣᠨᠨᠲᠠᠭᠠᠨᠨᠰᠠᠨ ᠨᠢ᠄
ᠨᠢᠭᠡ᠂ 1 ᠢᠵᠢ ᠵᠠᠰᠠᠭ ᠤᠨ ᠣᠷᠳᠣᠨ ᠤ ᠲᠣᠭᠲᠠᠭᠠᠯ ᠲᠦᠷᠢᠮ ᠤᠨ ᠬᠡᠰᠡᠭ ᠵᠦᠢᠯ ᠵᠤᠷᠪᠤᠰ ᠲᠤ ᠵᠠᠰᠠᠪᠤᠷᠢ ᠣᠷᠣᠭᠤᠯᠤᠨ᠎ᠠ᠃ ︵ᠳᠠᠭᠠᠯᠳᠤᠭᠤᠯᠤᠯ 1︶
ᠬᠤᠶᠠᠷ᠂ 4 ᠢᠵᠢ ᠵᠠᠰᠠᠭ ᠤᠨ ᠣᠷᠳᠣᠨ ᠤ ᠲᠣᠭᠲᠠᠭᠠᠯ ᠲᠦᠷᠢᠮ ᠢ ᠬᠦᠴᠦᠨ ᠥᠬᠡᠶ ᠪᠣᠯᠭᠠᠨ᠎ᠠ᠃ ︵ᠳᠠᠭᠠᠯᠳᠤᠭᠤᠯᠤᠯ 2︶
ᠲᠤᠰ ᠲᠣᠭᠲᠠᠭᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
ᠲᠣᠰ ᠲᠣᠭᠲᠠᠭᠠᠯ ᠢ ᠦᠨᠳᠦᠰᠦᠯᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠱᠠᠩᠨᠠᠨ ᠭᠦᠬᠢᠬᠦᠯᠬᠦ ᠠᠷᠭ᠎ᠠ︾ ᠳᠤ ᠵᠤᠬᠢᠬᠤ ᠵᠠᠰᠠᠪᠤᠷᠢ ᠣᠷᠣᠭᠤᠯᠵᠤ᠂ ᠳᠠᠬᠢᠨ ᠨᠡᠶᠢᠲᠡᠯᠡᠨ᠎ᠡ᠃
ᠳᠠᠭᠠᠯᠳᠤᠭᠤᠯᠤᠯ᠄ 1. ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠰᠠᠪᠤᠷᠢ ᠣᠷᠣᠭᠤᠯᠬᠤ ᠪᠠᠷ ᠲᠣᠭᠲᠠᠭᠠᠭᠰᠠᠨ ᠵᠠᠰᠠᠭ ᠤᠨ ᠣᠷᠳᠣᠨ ᠤ ᠲᠤᠨᠨᠲᠠᠭᠠᠯ ᠲᠦᠷᠢᠮ
2. ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠦᠴᠦᠨ ᠦᠭᠡᠢ ᠪᠣᠯᠭᠠᠬᠤ ᠪᠠᠷ ᠲᠣᠭᠲᠠᠭᠠᠭᠰᠠᠨ ᠵᠠᠰᠠᠭ ᠤᠨ ᠣᠷᠳᠣᠨ ᠤ ᠲᠤᠨᠨᠲᠠᠭᠠᠯ ᠲᠦᠷᠢᠮ
ᠳᠠᠭᠠᠯᠳᠤᠭᠤᠯᠤᠯ 1
ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠰᠠᠪᠤᠷᠢ
ᠣᠷᠣᠭᠤᠯᠬᠤ ᠪᠠᠷ ᠲᠣᠭᠲᠠᠭᠠᠭᠰᠠᠨ ᠵᠠᠰᠠᠭ ᠤᠨ ᠣᠷᠳᠣᠨ ᠤ ᠲᠤᠨᠨᠲᠠᠭᠠᠯ ᠲᠦᠷᠢᠮ
︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠱᠠᠩᠨᠠᠨ ᠭᠦᠬᠢᠬᠦᠯᠬᠦ ᠠᠷᠭ᠎ᠠ︾ ᠶᠢᠨ ᠬᠤᠶᠠᠳᠤᠭᠠᠷ ᠵᠦᠢᠯ ᠳᠤ ᠡᠶᠢᠨ ᠬᠦ ᠵᠠᠰᠠᠪᠤᠷᠢ ᠤᠷᠤᠭᠤᠯᠪᠠ᠄ ︽ᠦᠪᠡᠷᠳᠡᠬᠡᠨ ᠵᠠᠰᠠᠬᠤ ᠤᠷᠤᠨ ᠲᠤᠤᠷ᠎ᠠ ᠵᠢᠨᠨᠰᠠᠭᠠᠨᠨᠰᠠᠨ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠱᠠᠩᠨᠠᠯ ᠪᠠᠶᠢᠭᠤᠯᠤᠨ ᠲᠣᠬᠢᠷᠠᠭᠤᠯᠤᠨ᠎ᠠ᠄
︽︵ᠨᠢᠭᠡ︶ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠤᠨᠴᠠᠭᠠᠢ ᠬᠤᠪᠢ ᠨᠡᠮᠡᠷᠢ ᠶᠢᠨ ᠱᠠᠩᠨᠠᠯ︔
︽︵ᠬᠤᠶᠠᠷ︶ ᠪᠠᠶᠢᠭᠠᠯᠢ ᠶᠢᠨ ᠰᠢᠨᠵᠢᠯᠡᠬᠦ ᠤᠬᠠᠭᠠᠨ ᠤ ᠱᠠᠩᠨᠠᠯ︔
︽︵ᠭᠤᠷᠪᠠ︶ ᠮᠡᠷᠬᠡᠵᠢᠯ ᠤᠨ ᠡᠭᠦᠳᠦᠯᠲᠡ ᠶᠢᠨ ᠱᠠᠩᠨᠠᠯ︔
︽︵ᠳᠥᠷᠪᠡ︶ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠳᠠᠪᠰᠢᠯᠲᠠ ᠶᠢᠨ ᠱᠠᠩᠨᠠᠯ︔
︽︵ᠲᠠᠪᠤ︶ ᠵᠠᠯᠠᠭᠤᠴᠤᠳ ᠤᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠰᠢᠨ᠎ᠡ ᠡᠭᠦᠳᠦᠯᠲᠡ ᠶᠢᠨ ᠱᠠᠩᠨᠠᠯ︔
︽︵ᠵᠢᠷᠭᠤᠭ᠎ᠠ︶ ᠤᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠬᠠᠮᠳᠤᠷᠠᠯᠴᠠᠭᠠᠨ ᠤ ᠱᠠᠩᠨᠠᠯ᠃︾
ᠭᠤᠷᠪᠠᠳᠤᠭᠠᠷ ᠵᠦᠢᠯ ᠳᠤ ᠡᠶᠢᠨ ᠬᠦ ᠵᠠᠰᠠᠪᠤᠷᠢ ᠤᠷᠤᠭᠤᠯᠪᠠ᠄ ︽ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠨᠢᠤᠯᠤᠰ ᠤᠨ ᠪᠠᠶᠢᠯᠳᠤᠬᠤ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠳᠤ ᠦᠢᠯᠡᠴᠢᠯᠡᠬᠦ ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠯᠥᠪᠵᠢᠭᠦᠯᠭᠡ ᠲᠠᠢ ᠨᠢᠭᠲᠠ ᠤᠶᠠᠯᠳᠤᠬᠤ ᠬᠡᠷᠡᠭᠲᠡᠶ᠃ ᠪᠠᠶᠢᠭᠠᠯᠢ ᠶᠢᠨ ᠰᠢᠨᠵᠢᠯᠡᠬᠦ ᠤᠬᠠᠭᠠᠨ ᠤ ᠱᠠᠩᠨᠠᠯ ᠳᠤ ᠪᠠᠷᠠᠯᠠᠯᠲᠠ ᠴᠢᠨᠠᠷ᠂ ᠤᠨᠤᠯ ᠤᠨ ᠴᠢᠨᠠᠷ ᠢ ᠴᠢᠬᠤᠯᠠᠴᠢᠯᠠᠵᠤ᠂ ᠮᠡᠷᠭᠡᠵᠢᠯ ᠤᠨ ᠡᠭᠦᠳᠦᠯᠲᠡ ᠶᠢᠨ ᠱᠠᠩᠨᠠᠯ ᠳᠤ ᠤᠤᠭᠠᠯ ᠡᠭᠦᠳᠦᠯᠲᠡ ᠶᠢᠨ ᠴᠢᠨᠠᠷ᠂ ᠬᠡᠷᠡᠭᠯᠡᠭᠡᠨ ᠤ ᠴᠢᠨᠠᠷ ᠢ ᠴᠢᠬᠤᠯᠠᠴᠢᠯᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠶᠢᠨ ᠱᠠᠩᠨᠠᠯ ᠳᠤ ᠰᠢᠨ᠎ᠡ ᠶᠢ ᠡᠭᠦᠳᠬᠦ ᠴᠢᠨᠠᠷ᠂ ᠦᠷ᠎ᠡ ᠠᠰᠢᠭᠲᠤ ᠴᠢᠨᠠᠷ ᠢ ᠴᠢᠬᠤᠯᠠᠴᠢᠯᠠᠬᠤ ᠬᠡᠷᠡᠭᠲᠡᠢ᠃︾
ᠲᠦᠷᠪᠡᠳᠦᠬᠡᠷ ᠵᠦᠢᠯ ᠳᠤ ᠡᠶᠢᠨ ᠬᠦ ᠵᠠᠰᠠᠪᠤᠷᠢ ᠤᠷᠤᠭᠤᠯᠪᠠ᠄ ︽ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠨ ᠭᠦᠬᠢᠬᠦᠯᠬᠦ ᠠᠵᠢᠯ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠨ᠂ ᠬᠥᠳᠡᠯᠮᠦᠷᠢ ᠶᠢ ᠬᠦᠨᠳᠦᠳᠬᠡᠬᠦ᠂ ᠮᠡᠳᠡᠯᠭᠡ ᠶᠢ ᠬᠦᠨᠳᠦᠳᠬᠡᠬᠦ᠂ ᠴᠢᠳᠠᠪᠤᠷᠢᠲᠠᠨ ᠢ ᠬᠦᠨᠳᠦᠳᠬᠡᠬᠦ᠂ ᠡᠭᠦᠳᠦᠨ ᠪᠦᠳᠦᠬᠡᠯᠲᠡ ᠶᠢ ᠬᠦᠨᠳᠦᠳᠬᠡᠬᠦ ᠴᠢᠭᠯᠡᠯᠲᠡ ᠶᠢ ᠵᠢᠷᠤᠮᠯᠠᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠣᠶᠢᠵᠢᠭᠤᠯᠤᠨ ᠦᠢᠯᠡᠳᠦᠯᠬᠡᠵᠢᠬᠦᠯᠬᠦ ᠬᠡᠷᠡᠭᠳᠡᠢ᠃
︽ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠨ ᠭᠦᠬᠢᠬᠦᠯᠬᠦ ᠠᠵᠢᠯ ᠤᠨ ᠴᠢᠬᠤᠯᠠ ᠶᠡᠭᠡ ᠵᠦᠢᠯᠡᠰ ᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠳᠤ ᠮᠡᠳᠡᠭᠦᠯᠬᠦ ᠬᠡᠷᠡᠭᠲᠡᠶ᠃︾
ᠲᠤᠯᠤᠳᠤᠭᠠᠷ ᠵᠦᠢᠯ ᠳᠤ ᠡᠶᠢᠨ ᠬᠦ ᠵᠠᠰᠠᠪᠤᠷᠢ ᠤᠷᠤᠭᠤᠯᠪᠠ᠄ ︽ᠥᠪᠡᠷᠲᠡᠭᠡᠨ ᠵᠠᠰᠠᠬᠤ ᠣᠷᠣᠨ ᠠᠴᠠ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠨ ᠭᠦᠬᠢᠬᠦᠯᠬᠦ ᠺᠤᠮᠢᠰ ︵ᠳᠣᠷᠣᠭᠰᠢ ᠱᠠᠩᠨᠠᠨ ᠭᠦᠬᠢᠬᠦᠯᠬᠦ ᠺᠤᠮᠢᠰ ᠭᠡᠵᠦ ᠲᠣᠪᠴᠢᠯᠠᠨ᠎ᠠ︶ ᠪᠠᠶᠢᠭᠤᠯᠤᠨ ᠲᠤᠬᠢᠷᠠᠭᠤᠯᠣᠨ᠎ᠠ᠃ ᠱᠠᠩᠨᠠᠨ ᠭᠦᠬᠢᠬᠦᠯᠬᠦ ᠺᠣᠮᠢᠰ ᠲᠤ ᠬᠤᠯᠪᠣᠭᠳᠠᠯ ᠪᠦᠬᠦᠢ ᠲᠠᠯ᠎ᠠ ᠶᠢᠨ ᠲᠤᠰᠬᠠᠶ ᠮᠡᠷᠭᠡᠵᠢᠯᠲᠡᠨ᠂ ᠡᠷᠳᠡᠮᠲᠡᠨ ᠵᠡᠷᠭᠡ ᠶᠢ ᠤᠷᠢᠵᠤ ᠰᠢᠯᠭᠠᠷᠠᠭᠤᠯᠬᠤ ᠺᠣᠮᠢᠰ ᠪᠠ ᠬᠢᠨᠠᠯᠲᠠ ᠲᠠᠯᠪᠢᠬᠤ ᠺᠣᠮᠢᠰ ᠢ ᠪᠦᠷᠢᠯᠳᠦᠬᠦᠯᠵᠦ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠰᠢᠯᠭᠠᠷᠠᠭᠤᠯᠬᠤ ᠪᠠ ᠲᠡᠭᠦᠨ ᠳᠤ ᠬᠢᠨᠠᠯᠲᠠ ᠲᠠᠯᠪᠢᠬᠤ ᠠᠵᠢᠯ ᠢ ᠬᠠᠷᠢᠭᠤᠴᠠᠭᠤᠯᠤᠨ᠎ᠠ᠃
︽ᠱᠠᠩᠨᠠᠨ ᠭᠦᠬᠢᠬᠦᠯᠬᠦ ᠺᠣᠮᠢᠰ ᠤᠨ ᠪᠦᠷᠢᠯᠳᠦᠬᠦᠨ ᠪᠣᠯᠬᠤ ᠭᠦᠮᠦᠰ ᠢᠶᠠᠷ ᠵᠢᠱᠢᠭᠳᠡᠭᠰᠡᠳ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠳᠤᠷᠠᠳᠴᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠨ᠎ᠡ᠃
︽ᠱᠠᠩᠨᠠᠨ ᠭᠦᠬᠢᠬᠦᠯᠬᠦ ᠺᠣᠮᠢᠰ ᠤᠨ ᠬᠤᠭᠤᠴᠠᠭ᠎ᠠ ᠪᠦᠷᠢ ᠶᠢᠨ ᠲᠤᠰᠢᠶᠠᠯ ᠤᠨ ᠬᠤᠭᠤᠴᠠᠭ᠎ᠠ ᠨᠢ ᠲᠠᠪᠤᠨ ᠵᠢᠯ᠃︾
ᠠᠷᠪᠠᠨ ᠵᠢᠷᠭᠤᠳᠤᠭᠠᠷ ᠵᠦᠢᠯ ᠳᠤ ᠡᠶᠢᠨ ᠬᠦ ᠵᠠᠰᠠᠪᠤᠷᠢ ᠤᠷᠤᠭᠤᠯᠪᠠ᠄ ︽ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠤᠨ ᠰᠢᠯᠭᠠᠷᠠᠭᠤᠯᠬᠤ ᠠᠵᠢᠯ ᠢ ᠡᠬᠢᠯᠡᠬᠦᠯᠬᠦ ᠠᠴᠠ ᠠᠷᠪᠠᠨ ᠲᠠᠪᠤᠨ ᠡᠳᠦᠷ ᠤᠨ ᠡᠮᠦᠨ᠎ᠡ᠂ ᠲᠣᠰ ᠰᠠᠯᠠᠭ᠎ᠠ ᠮᠥᠴᠢᠷ ᠤᠨ ᠰᠦᠯᠵᠢᠶᠡᠨ ᠦᠷᠲᠡᠬᠡᠨ ᠳᠤ ᠪᠠᠨ ᠨᠡᠷ᠎ᠡ ᠲᠤᠷᠠᠳᠤᠨᠨᠳ᠋ᠬᠠᠰᠠᠨ ᠮᠠᠲ᠋ᠧᠷᠢᠶᠠᠯ ᠤᠨ ᠮᠡᠳᠡᠭᠦᠯᠦᠨ ᠬᠦᠷᠭᠡᠬᠦ ᠴᠠᠭ᠂ ᠠᠷᠭ᠎ᠠ ᠮᠠᠶᠢᠭ ᠵᠡᠷᠭᠡ ᠬᠤᠯᠪᠣᠭᠳᠠᠯ ᠪᠥᠬᠦᠶ ᠵᠦᠢᠯᠡᠰ ᠢᠶᠠᠨ ᠨᠡᠶᠢᠬᠡᠮ ᠨᠡᠶᠢᠳᠡ ᠳᠤ ᠵᠠᠷᠯᠠᠨ ᠨᠡᠶᠢᠲᠡᠯᠡᠬᠦ ᠶᠢᠨ ᠬᠠᠮᠲᠤ᠂ ᠠᠰᠠᠭᠤᠨ ᠯᠠᠪᠯᠠᠬᠤ ᠤᠲᠠᠰᠤ ᠲᠣᠬᠢᠷᠠᠭᠤᠯᠵᠦ᠂ ᠠᠰᠠᠭᠤᠨ ᠯᠠᠪᠯᠠᠬᠤ ᠦᠢᠯᠡᠴᠢᠯᠡᠭᠡ ᠬᠠᠩᠭᠠᠬᠤ ᠬᠡᠷᠡᠭᠲᠡᠶ᠃︾
ᠠᠷᠪᠠ ᠶᠢᠰᠦᠳᠦᠭᠡᠷ ᠵᠦᠢᠯ ᠳᠤ ᠡᠶᠢᠨ ᠬᠦ ᠵᠠᠰᠠᠪᠤᠷᠢ ᠤᠷᠤᠭᠤᠯᠪᠠ᠄ ︽ᠦᠪᠡᠷᠳᠡᠭᠡᠨ ᠵᠠᠰᠠᠬᠤ ᠣᠷᠣᠨ ᠤ ᠠᠷᠡᠳ ᠤᠨ ᠵᠠᠰᠠᠭ ᠤᠨ ᠣᠷᠳᠣᠨ ᠤ ᠰᠢᠨᠵᠢᠯᠡᠬᠦ ᠣᠬᠠᠭᠠᠨ ᠲᠧᠭᠨᠢᠭ ᠮᠡᠷᠭᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠨᠢ ᠨᠡᠷ᠎ᠡ ᠲᠤᠷᠠᠳᠤᠨᠨᠳ᠋ᠬᠠᠰᠠᠨ ᠮᠠᠲ᠋ᠧᠷᠢᠶᠡᠯ ᠳᠤ ᠭᠡᠯᠪᠡᠷᠢ ᠶᠢᠨ ᠬᠢᠨᠡᠨ ᠪᠠᠶᠢᠴᠠᠭᠠᠯᠳᠡ ᠬᠢᠬᠦ ᠠᠵᠢᠯ ᠢ ᠬᠠᠷᠢᠭᠤᠴᠠᠵᠦ᠂ ᠬᠦᠯᠢᠶᠡᠨ ᠠᠪᠴᠥ ᠰᠶᠢᠳᠪᠦᠷᠢᠯᠡᠬᠦ ᠨᠦᠬᠦᠴᠡᠯ ᠳᠤ ᠨᠡᠶᠢᠴᠡᠬᠦ ᠨᠡᠷ᠎ᠡ ᠵᠢᠱᠢᠭᠳᠡᠭᠴᠢ᠂ ᠳᠦᠷᠦᠯ ᠵᠦᠢᠯ ᠤᠨ ᠨᠡᠷᠡᠶᠢᠳᠦᠯ ᠵᠡᠷᠭᠡ ᠵᠦᠢᠯᠡᠰ ᠢ ᠲᠣᠰ ᠰᠠᠯᠠᠭ᠎ᠠ ᠮᠦᠴᠢᠷ ᠤᠨ ᠰᠦᠯᠵᠢᠶᠡᠨ ᠦᠷᠲᠡᠬᠡᠨ ᠳᠤ ᠪᠠᠨ ᠨᠡᠶᠢᠭᠡᠮ ᠨᠡᠶᠢᠳᠡ ᠳᠤ ᠲᠠᠪᠤᠨ ᠠᠵᠢᠯᠯᠠᠬᠤ ᠡᠳᠣᠷ ᠤᠨ ᠬᠤᠭᠤᠴᠠᠭ᠎ᠠ ᠲᠠᠢ ᠵᠠᠷᠯᠠᠨ ᠨᠡᠶᠢᠳᠡᠯᠡᠨ᠎ᠡ︔ ᠬᠦᠯᠢᠶᠡᠨ ᠠᠪᠴᠤ ᠰᠶᠢᠳᠪᠦᠷᠢᠯᠡᠬᠦ ᠨᠦᠬᠦᠴᠡᠯ ᠳᠤ ᠨᠡᠶᠢᠴᠡᠬᠦ ᠦᠭᠡᠢ ᠪᠠᠶᠢᠪᠠᠯ᠂ ᠬᠦᠯᠢᠶᠡᠨ ᠠᠪᠴᠤ ᠰᠶᠢᠳᠪᠦᠷᠢᠯᠡᠬᠦ ᠦᠭᠡᠢ ᠪᠦᠭᠡᠳ ᠤᠴᠢᠷ ᠰᠢᠯᠲᠠᠭᠠᠨ ᠢᠶᠠᠨ ᠲᠤᠳᠤᠷᠬᠠᠶᠢᠯᠠᠬᠤ ᠬᠡᠷᠡᠭᠳᠡᠢ᠃︾
ᠬᠤᠷᠢᠨ ᠵᠢᠷᠭᠤᠳᠤᠭᠠᠷ ᠵᠦᠢᠯ ᠳᠤ ᠡᠶᠢᠨ ᠬᠦ ᠵᠠᠰᠠᠪᠤᠷᠢ ᠤᠷᠤᠭᠤᠯᠪᠠ᠄ ︽ᠦᠪᠡᠷᠳᠡᠭᠡᠨ ᠵᠠᠰᠠᠬᠤ ᠣᠷᠣᠨ ᠤ ᠠᠷᠡᠳ ᠤᠨ ᠵᠠᠰᠠᠭ ᠤᠨ ᠣᠷᠳᠣᠨ ᠤ ᠰᠢᠨᠵᠢᠯᠡᠬᠦ ᠣᠬᠠᠭᠠᠨ ᠲᠧᠭᠨᠢᠭ ᠮᠡᠷᠭᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠨᠢ ᠱᠠᠩᠨᠠᠯ ᠬᠦᠷᠳᠡᠭᠴᠢ ᠪᠠ ᠱᠠᠩᠨᠠᠨ ᠭᠦᠬᠢᠬᠦᠯᠬᠦ ᠳᠡᠰ ᠵᠡᠷᠭᠡ ᠶᠢᠨ ᠰᠶᠢᠳᠪᠦᠷᠢ ᠶᠢ ᠦᠪᠡᠷᠳᠡᠭᠡᠨ ᠵᠠᠰᠠᠬᠤ ᠣᠷᠣᠨ ᠤ ᠠᠷᠡᠳ ᠤᠨ ᠵᠠᠰᠠᠭ ᠤᠨ ᠣᠷᠳᠣᠨ ᠤ ᠫᠣᠷᠲ᠋ᠧᠯ ᠰᠦᠯᠵᠢᠶᠡᠨ ᠦᠷᠲᠡᠭᠡ ᠪᠠ ᠲᠣᠰ ᠰᠠᠯᠠᠭ᠎ᠠ ᠮᠦᠴᠢᠷ ᠤᠨ ᠰᠦᠯᠵᠢᠶᠡᠨ ᠦᠷᠲᠡᠭᠡᠨ ᠳᠤ ᠪᠠᠨ ᠨᠡᠶᠢᠭᠡᠮ ᠨᠡᠶᠢᠳᠡ ᠳᠤ ᠵᠠᠷᠯᠠᠨ ᠨᠡᠶᠢᠳᠡᠯᠡᠵᠦ᠂ ᠵᠠᠷᠯᠠᠨ ᠨᠡᠶᠢᠳᠡᠯᠡᠬᠦ ᠬᠤᠭᠤᠴᠠᠭ᠎ᠠ ᠨᠢ ᠲᠠᠪᠤᠨ ᠠᠵᠢᠯᠯᠠᠬᠤ ᠡᠳᠦᠷ ᠪᠣᠯᠣᠨ᠎ᠠ᠃︾
ᠬᠤᠷᠢᠨ ᠨᠠᠢᠮᠠᠳᠤᠭᠠᠷ ᠵᠦᠢᠯ ᠳᠤ ᠡᠶᠢᠨ ᠬᠦ ᠵᠠᠰᠠᠪᠤᠷᠢ ᠤᠷᠤᠭᠤᠯᠪᠠ᠄ ︽ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠨᠵᠢᠯᠡᠬᠦ ᠣᠬᠠᠭᠠᠨ ᠲᠧᠭᠨᠢᠭ ᠮᠡᠷᠭᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠨᠢ ᠱᠠᠩᠨᠠᠨ ᠭᠦᠬᠢᠬᠦᠯᠬᠦ ᠺᠤᠮᠢᠰ ᠤᠨ ᠭᠠᠷᠭᠠᠨᠨᠰᠠᠨ ᠡᠯ᠎ᠡ ᠱᠠᠩᠨᠠᠯ ᠤᠨ ᠲᠦᠷᠦᠯ ᠤᠨ ᠱᠠᠩᠨᠠᠯ ᠬᠦᠷᠳᠡᠭᠴᠢ ᠪᠠ ᠱᠠᠩᠨᠠᠨ ᠭᠦᠬᠢᠬᠦᠯᠬᠦ ᠳᠡᠰ ᠵᠡᠷᠭᠡ ᠶᠢᠨ ᠰᠶᠢᠳᠪᠦᠷᠢ ᠶᠢ ᠬᠢᠨᠠᠨ ᠬᠠᠷᠭᠤᠭᠤᠯᠵᠦ᠂ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠬᠦᠯᠦᠨ ᠵᠦᠪᠰᠢᠶᠡᠷᠡᠬᠦᠯᠬᠦ ᠬᠡᠷᠡᠭᠲᠡᠢ᠃︾
ᠬᠤᠷᠢ ᠶᠢᠰᠦᠳᠦᠭᠡᠷ ᠵᠦᠢᠯ ᠳᠤ ᠡᠶᠢᠨ ᠬᠦ ᠵᠠᠰᠠᠪᠤᠷᠢ ᠤᠷᠤᠭᠤᠯᠪᠠ᠄ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠤᠨᠴᠠᠭᠠᠢ ᠬᠤᠪᠢ ᠨᠡᠮᠡᠷᠢ ᠶᠢᠨ ᠱᠠᠩᠨᠠᠯ ᠳᠤ ᠱᠠᠩᠨᠠᠯ ᠤᠨ ᠮᠧᠲᠠᠯ᠂ ᠦᠨᠡᠮᠯᠡᠯ ᠪᠠ ᠱᠠᠩᠨᠠᠯ ᠤᠨ ᠮᠥᠩᠭᠦ ᠤᠯᠭᠤᠨ᠎ᠠ᠃
︽ᠪᠠᠶᠢᠭᠠᠯᠢ ᠶᠢᠨ ᠰᠢᠨᠵᠢᠯᠡᠬᠦ ᠤᠬᠠᠭᠠᠨ ᠤ ᠱᠠᠩᠨᠠᠯ᠂ ᠮᠡᠷᠭᠡᠵᠢᠯ ᠤᠨ ᠡᠭᠦᠳᠦᠯᠲᠡ ᠶᠢᠨ ᠱᠠᠩᠨᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠡᠪᠰᠢᠯᠲᠡ ᠶᠢᠨ ᠱᠠᠩᠨᠠᠯ᠂ ᠵᠠᠯᠠᠭᠤᠴᠤᠳ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢᠨ ᠱᠠᠩᠨᠠᠯ᠂ ᠣᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭᠠᠨ ᠤ ᠱᠠᠩᠨᠠᠯ ᠳᠤ ᠦᠨᠡᠮᠯᠡᠯ ᠪᠠ ᠱᠠᠩᠨᠠᠯ ᠤᠨ ᠮᠦᠩᠬᠦ ᠤᠯᠭᠤᠨ᠎ᠠ᠃︾
ᠭᠤᠴᠢ ᠶᠢᠰᠦᠳᠦᠭᠡᠷ ᠵᠦᠢᠯ ᠳᠤ ᠡᠶᠢᠨ ᠬᠦ ᠵᠠᠰᠠᠪᠤᠷᠢ ᠤᠷᠤᠭᠤᠯᠪᠠ᠄ ︽ᠱᠠᠩᠨᠠᠯ ᠬᠦᠷᠳᠡᠭᠴᠢ ᠪᠤᠰᠤᠳ ᠤᠨ ᠢᠯᠡᠷᠡᠭᠦᠯᠦᠭᠰᠡᠨ᠂ ᠡᠭᠦᠳᠦᠨ ᠪᠦᠳᠦᠭᠡᠭᠰᠡᠨ ᠪᠤᠶᠤ ᠪᠤᠰᠤᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠳᠦᠭᠡᠯ ᠢ ᠬᠤᠯᠠᠭᠠᠶᠢᠯᠬᠠᠰᠠᠨ᠂ ᠦᠪᠡᠷᠴᠢᠯᠡᠭᠰᠡᠨ᠂ ᠡᠰᠡᠭᠦᠯ᠎ᠡ ᠪᠤᠰᠤᠳ ᠵᠦᠢ ᠪᠤᠰᠤ ᠠᠷᠭ᠎ᠠ ᠪᠠᠷᠢᠯ ᠢᠶᠠᠷ ᠦᠪᠡᠷᠳᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠢ ᠮᠡᠭᠡᠯᠡᠨ ᠤᠯᠤᠨᠨᠰᠠᠨ ᠪᠠᠶᠢᠪᠠᠯ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠬᠦᠯᠦᠨ ᠵᠦᠪᠰᠢᠶᠡᠷᠡᠬᠦᠯᠦᠭᠰᠡᠨ ᠤ ᠳᠠᠷᠠᠭ᠎ᠠ ᠱᠠᠩᠨᠠᠯ ᠭᠦᠬᠢᠬᠦᠯᠦᠯ ᠢ ᠨᠢ ᠬᠦᠴᠦᠨ ᠦᠭᠡᠢ ᠪᠤᠯᠭᠠᠵᠤ᠂ ᠱᠠᠩᠨᠠᠯ ᠤᠨ ᠮᠧᠲᠠᠯ᠂ ᠱᠠᠩᠨᠠᠨ ᠭᠦᠬᠢᠭᠦᠯᠦᠭᠰᠡᠨ ᠦᠨᠡᠮᠯᠡᠯ ᠪᠠ ᠱᠠᠩᠨᠠᠯ ᠤᠨ ᠮᠦᠩᠬᠦ ᠪᠠᠨ ᠨᠡᠬᠡᠮᠵᠢᠯᠡᠨ ᠬᠤᠷᠢᠶᠠᠬᠤ ᠶᠢᠨ ᠬᠠᠮᠳᠤ᠂ ᠪᠠᠶᠢᠭ᠎ᠠ ᠨᠢᠭᠡᠴᠢ ᠪᠤᠶᠤ ᠬᠤᠯᠪᠤᠭᠳᠠᠯ ᠪᠦᠬᠦᠢ ᠰᠠᠯᠠᠭ᠎ᠠ ᠮᠦᠴᠢᠷ ᠬᠠᠤᠯᠢ ᠶᠤᠰᠤᠭᠠᠷ ᠰᠶᠢᠳᠬᠡᠯ ᠦᠭᠬᠦ ᠭᠡᠷᠡᠭᠳᠡᠢ᠃︾
ᠳᠠᠭᠠᠯᠳᠤᠭᠤᠯᠤᠯ 2
ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠦᠴᠦᠨ
ᠥᠬᠡᠶ ᠪᠣᠯᠭᠠᠬᠤ ᠪᠠᠷ ᠲᠣᠭᠲᠠᠭᠠᠭᠰᠠᠨ ᠵᠠᠰᠠᠭ ᠤᠨ ᠣᠷᠳᠣᠨ ᠤ ᠲᠤᠨᠨᠲᠠᠭᠠᠯ ᠲᠦᠷᠢᠮ
ᠨᠢᠭᠡ᠂ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠡᠨᠧᠷᠭᠢ ᠠᠷᠪᠢᠯᠠᠬᠤ ᠶᠢᠨ ᠬᠢᠨᠠᠨ ᠪᠠᠶᠢᠴᠠᠭᠠᠬᠤ ᠠᠷᠭ᠎ᠠ︾ ︵2015 ᠣᠨ ᠤ 3 ᠳ᠋ᠤᠭᠠᠷ ᠰᠠᠷ᠎ᠠ ᠶᠢᠨ 27 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 211 ᠳ᠋ᠣᠭᠡᠷ ᠲᠣᠭᠠᠲᠤ ᠪᠠᠷ ᠨᠡᠶᠢᠲᠡᠯᠡᠪᠡ︶
ᠬᠤᠶᠠᠷ᠂ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠴᠡᠷᠢᠭ ᠬᠦᠮᠦᠨ ᠤ ᠠᠰᠠᠷᠠᠮᠵᠢ ᠬᠠᠷᠠᠭᠠᠯᠵᠠᠯ ᠤᠨ ᠠᠷᠭ᠎ᠠ︾ ︵2015 ᠤᠨ ᠤ 7 ᠳ᠋ᠤᠭᠠᠷ ᠰᠠᠷ᠎ᠠ ᠶᠢᠨ 1 ᠤ ᠡᠳᠦᠷ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 215 ᠳ᠋ᠤᠭᠠᠷ ᠲᠤᠭᠠᠲᠤ ᠪᠠᠷ ᠨᠡᠶᠢᠳᠡᠯᠡᠪᠡ︶
ᠭᠤᠷᠪᠠ᠂ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠤᠢ ᠰᠢᠭᠤᠢ ᠶᠢᠨ ᠴᠡᠴᠡᠷᠯᠢᠭ ᠤᠨ ᠬᠠᠮᠢᠶᠠᠷᠤᠯᠲᠠ ᠶᠢᠨ ᠠᠷᠭ᠎ᠠ︾ ︵2012 ᠤᠨ ᠤ 7 ᠳ᠋ᠤᠭᠠᠷ ᠰᠠᠷ᠎ᠠ ᠶᠢᠨ 9 ᠤ ᠡᠳᠦᠷ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 188 ᠳ᠋ᠤᠭᠠᠷ ᠲᠤᠭᠠᠲᠤ ᠪᠠᠷ ᠨᠡᠶᠢᠳᠡᠯᠡᠪᠡ︶
ᠳᠦᠷᠪᠠ᠂ ︽ᠦᠪᠤᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠬᠦᠮᠦᠨ ᠤ ᠬᠦᠴᠥ ᠪᠠᠷ ᠴᠠᠭ ᠠᠭᠤᠷ ᠢ ᠨᠦᠯᠥᠭᠡᠯᠡᠬᠦ ᠬᠠᠮᠢᠶᠡᠷᠦᠯᠳᠡ ᠶᠢᠨ ᠠᠷᠭ᠎ᠠ︾ ︵2010 ᠣᠨ ᠤ 12 ᠳ᠋ᠤᠭᠠᠷ ᠰᠠᠷ᠎ᠠ ᠶᠢᠨ 2 ᠤᠨ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 179 ᠳ᠋ᠣᠭᠡᠷ ᠲᠣᠭᠠᠲᠤ ᠪᠠᠷ ᠨᠡᠶᠢᠲᠡᠯᠡᠵᠦ᠂ 2018 ᠣᠨ ᠤ 1 ᠳ᠋ᠣᠭᠡᠷ ᠰᠠᠷ᠎ᠠ ᠶᠢᠨ 16 ᠤ ᠡᠳᠦᠷ ᠲᠤ ᠨᠡᠶᠢᠲᠡᠯᠡᠭᠰᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 230 ᠳ᠋ᠤᠭᠠᠷ ᠲᠣᠭᠠᠲᠤ ᠶᠢ ᠦᠨᠳᠦᠰᠦᠯᠡᠨ ᠵᠠᠰᠠᠪᠤᠷᠢ ᠣᠷᠣᠭᠤᠯᠪᠠ︶
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ
2025 ᠣᠨ ᠤ 2 ᠳ᠋ᠤᠭᠠᠷ ᠰᠠᠷ᠎ᠠ ᠶᠢᠨ 28 ᠤ ᠡᠳᠦᠷ ᠳᠠᠷᠤᠮᠠᠯᠯᠠᠨ ᠲᠠᠷᠬᠠᠭᠠᠪᠠ