4 ᠰᠠᠷ᠎ᠠ ᠶᠢᠨ 19 ᠤ ᠡᠳᠦᠷ᠂ ᠰᠦᠨ ᠱᠤᠤ ᠴᠧᠩ᠂ ᠸᠠᠩ ᠯᠢ ᠰᠢᠶᠠ᠂ ᠵᠠᠩ ᠶᠠᠨ ᠺᠦᠨ ᠵᠡᠷᠭᠡ ᠥᠪᠡᠷᠲᠡᠭᠡᠨ ᠵᠠᠰᠠᠬᠤ ᠣᠷᠣᠨ ᠤ ᠮᠤᠵᠢ ᠠᠷᠮᠢ ᠶᠢᠨ ᠲᠠᠰ ᠤᠨ ᠤᠳᠤᠷᠢᠳᠬᠤ ᠨᠥᠬᠦᠳ ᠭᠦᠭᠡᠬᠤᠲᠠ ᠶᠢᠨ ᠰᠢᠨ᠎ᠡ ᠬᠤᠲᠠ ᠲᠣᠭᠤᠷᠢᠭ ᠤᠨ ᠵᠢᠢ ᠱᠠ ᠴᠡᠴᠡᠷᠯᠢᠭ ᠲᠤ ᠬᠦᠷᠴᠦ᠂ ᠺᠠᠳ᠋ᠷ ᠣᠯᠠᠨ ᠲᠦᠮᠡᠨ ᠲᠠᠢ ᠬᠠᠮᠲᠤ ᠪᠠᠷ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠪᠠ᠃
ᠮᠣᠳᠣ ᠲᠠᠷᠢᠬᠤ ᠭᠠᠵᠠᠷ ᠲᠤ ᠭᠦᠷᠦᠮᠡᠭᠴᠡ᠂ ᠰᠦᠨ ᠱᠤᠤ ᠴᠧᠩ ᠨᠠᠷ ᠺᠠᠳ᠋ᠷ ᠤᠯᠠᠨ ᠲᠦᠮᠡᠨ ᠲᠠᠢ ᠬᠠᠮᠲᠤ ᠶᠠᠭᠠᠷᠠᠯᠲᠠᠢ ᠠᠵᠢᠯᠯᠠᠵᠤ᠂ ᠬᠠᠶᠢᠲᠠᠩ᠂ ᠡᠯᠪᠡᠭᠡᠳᠤ ᠴᠡᠴᠡᠭ᠂ ᠵᠡᠷᠯᠢᠭ ᠲᠤᠭᠤᠷ ᠵᠡᠷᠭᠡ ᠴᠢᠬᠢ ᠮᠣᠳᠣ ᠶᠢ ᠲᠠᠷᠢᠪᠠ᠃

4 ᠰᠠᠷ᠎ᠠ ᠶᠢᠨ 19 ᠤ ᠡᠳᠦᠷ᠂ ᠰᠦᠨ ᠱᠤᠤ ᠴᠧᠩ᠂ ᠸᠠᠩ ᠯᠢ ᠰᠢᠶᠠ᠂ ᠵᠠᠩ ᠶᠠᠨ ᠺᠦᠨ ᠵᠡᠷᠭᠡ ᠥᠪᠡᠷᠲᠡᠭᠡᠨ ᠵᠠᠰᠠᠬᠤ ᠣᠷᠣᠨ ᠤ ᠮᠤᠵᠢ ᠠᠷᠮᠢ ᠶᠢᠨ ᠲᠠᠰ ᠤᠨ ᠤᠳᠤᠷᠢᠳᠬᠤ ᠨᠥᠬᠦᠳ ᠭᠦᠭᠡᠬᠤᠲᠠ ᠶᠢᠨ ᠰᠢᠨ᠎ᠡ ᠬᠤᠲᠠ ᠲᠣᠭᠤᠷᠢᠭ ᠤᠨ ᠵᠢᠢ ᠱᠠ ᠴᠡᠴᠡᠷᠯᠢᠭ ᠲᠤ ᠬᠦᠷᠴᠦ᠂ ᠺᠠᠳ᠋ᠷ ᠣᠯᠠᠨ ᠲᠦᠮᠡᠨ ᠲᠠᠢ ᠬᠠᠮᠲᠤ ᠪᠠᠷ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠪᠠ᠃
ᠲᠤᠰ ᠰᠣᠨᠢᠨ ᠤ ᠰᠤᠷᠪᠤᠯᠵᠢᠯᠠᠬᠴᠢ ᠮᠠ ᠵᠢᠶᠠᠨ ᠪᠢᠩ ᠰᠡᠭᠦᠳᠡᠷᠯᠡᠪᠡ
ᠰᠦᠨ ᠱᠤᠤ ᠴᠧᠩ ᠬᠦᠷᠵᠡ ᠠᠳᠬᠤᠨ ᠰᠢᠷᠣᠢ ᠨᠡᠮᠡᠬᠦ ᠶᠢᠨ ᠬᠠᠮᠲᠤ ᠠᠬᠤᠢ ᠲᠠᠯᠠᠪᠠᠢ ᠳᠤ ᠪᠠᠶᠢᠭᠰᠠᠨ ᠨᠥᠬᠦᠳ ᠲᠠᠢ ᠰᠠᠨᠠᠯ ᠢᠶᠠᠨ ᠰᠣᠯᠢᠯᠴᠠᠪᠠ᠃ ᠲᠡᠷᠡ᠂ ᠨᠣᠭᠤᠭᠠᠨ ᠪᠣᠯ ᠥᠪᠥᠷ ᠮᠣᠩᠭᠤᠯ ᠤᠨ ᠳᠡᠪᠢᠰᠬᠡᠷ ᠥᠩᠭᠡ ᠮᠥᠨ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢᠨ ᠲᠡᠷᠢᠭᠦᠨ ᠴᠢᠬᠤᠯᠠ ᠡᠭᠦᠷᠭᠡ ᠪᠣᠯ ᠳᠠᠷᠤᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠶᠠᠪᠤᠳᠠᠯ ᠪᠣᠯᠣᠨ᠎ᠠ᠃ ︽ᠤᠮᠠᠷᠠᠲᠤ ᠶᠢᠨ ᠭᠤᠷᠪᠠᠨ ᠣᠷᠣᠨ ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠪᠠᠷ ᠭᠤᠣᠯᠳᠠᠯᠭ᠎ᠠ ᠪᠤᠯᠭᠠᠵᠤ᠂ ᠴᠠᠭ ᠢ ᠠᠮᠵᠢᠨ ᠨᠣᠭᠤᠭᠠᠷᠠᠭᠤᠯᠤᠯᠲᠠ ᠶᠢ ᠨᠡᠮᠡᠭᠳᠡᠭᠦᠯᠵᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠵᠤ᠂ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠢ ᠪᠠᠲᠤᠯᠠᠬᠤ ᠳᠤ ᠨᠡᠩ ᠶᠡᠭᠡ ᠬᠤᠪᠢ ᠨᠡᠮᠡᠷᠢ ᠦᠵᠡᠭᠦᠯᠭᠦ ᠬᠡᠷᠡᠭᠲᠡᠢ᠃ ᠮᠠᠨ ᠤ ᠣᠷᠣᠨ ᠤ ᠠᠭᠤᠷ ᠠᠮᠢᠰᠬᠤᠯ ᠤᠨ ᠣᠨᠴᠠᠯᠢᠭ ᠪᠣᠯᠣᠨ ᠬᠥᠷᠥᠰᠥ ᠰᠢᠷᠣᠢ ᠶᠢᠨ ᠨᠥᠬᠦᠴᠡᠯ ᠳᠤ ᠰᠠᠭᠤᠷᠢᠯᠠᠨ᠂ ᠲᠤᠰ ᠭᠠᠵᠠᠷ ᠣᠷᠣᠨ ᠳᠤ ᠲᠣᠬᠢᠷᠠᠬᠤ ᠣᠶ ᠮᠣᠳᠣᠨ ᠤ ᠡᠭᠦᠯᠳᠡᠷ ᠢ ᠰᠢᠨᠵᠢᠯᠡᠬᠦ ᠤᠬᠠᠭᠠᠨᠴᠢ ᠪᠠᠷ ᠰᠣᠩᠭᠤᠬᠤ ᠬᠡᠷᠡᠭᠲᠡᠢ᠃ ᠣᠶᠢᠵᠢᠭᠤᠯᠤᠯᠲᠠ ᠶᠢᠨ ᠲᠡᠷᠢᠭᠦᠨ ᠤ ᠮᠡᠷᠭᠡᠵᠢᠯ ᠢ ᠢᠳᠡᠪᠬᠢᠲᠡᠢ ᠳᠡᠯᠭᠡᠷᠡᠭᠦᠯᠵᠦ᠂ ᠮᠧᠬᠠᠨᠢᠭ ᠢᠶᠠᠷ ᠣᠶᠢᠵᠢᠭᠤᠯᠬᠤ ᠡᠷᠴᠢᠮ ᠢᠶᠠᠨ ᠴᠢᠩᠭᠠᠷᠠᠭᠤᠯᠤᠨ᠂ ᠬᠤᠶᠢᠲᠤᠬᠢ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠶᠢ ᠨᠠᠷᠢᠨ ᠨᠢᠮᠪᠠᠢ ᠰᠠᠶᠢᠲᠤᠷ ᠬᠢᠵᠦ᠂ ᠡᠪᠡᠳᠴᠢᠨ ᠬᠤᠷᠣᠬᠠᠢ ᠶᠢᠨ ᠬᠥᠨᠥᠭᠡᠯ ᠢ ᠪᠦᠲᠦᠮᠵᠢᠲᠡᠢ ᠰᠡᠷᠭᠡᠶᠢᠯᠡᠨ ᠵᠠᠰᠠᠵᠤ᠂ ᠲᠠᠷᠢᠪᠠᠯ ᠨᠣᠭᠤᠭᠠᠷᠠᠭᠤᠯᠵᠤ ᠴᠢᠳᠠᠬᠤ ᠶᠢ ᠪᠠᠲᠤᠯᠠᠬᠤ ᠬᠡᠷᠡᠭᠲᠡᠢ ᠭᠡᠪᠡ᠃ ᠡᠨᠡ ᠬᠦ ᠬᠤᠭᠤᠴᠠᠭᠠᠨ ᠳᠤ᠂ ᠰᠦᠨ ᠱᠤᠤ ᠴᠧᠩ ᠲᠠᠯᠠᠨ ᠬᠠᠷ᠎ᠠ ᠠᠭᠤᠯᠠ ᠶᠢᠨ ᠠᠮᠢ ᠠᠬᠤᠢ ᠶᠢᠨ ᠬᠠᠮᠠᠭᠠᠯᠠᠯᠲᠠ ᠶᠢᠨ ᠬᠠᠮᠢᠶ᠎ᠠ ᠪᠦᠬᠦᠢ ᠪᠠᠶᠢᠳᠠᠯ ᠢ ᠣᠶᠢᠯᠠᠭᠠᠵᠤ᠂ ᠬᠤᠯᠪᠣᠭᠳᠠᠯ ᠪᠦᠬᠦᠢ ᠲᠠᠯ᠎ᠠ ᠶᠢᠨ ᠬᠢᠨ ᠳᠤ ᠬᠠᠮᠵᠢᠯᠴᠠᠭ᠎ᠠ ᠪᠠᠨ ᠴᠢᠩᠭᠠᠳᠬᠠᠵᠤ᠂ ᠲᠠᠯᠠᠨ ᠬᠠᠷ᠎ᠠ ᠠᠭᠤᠯᠠ ᠶᠢ ᠬᠠᠮᠲᠤ ᠪᠠᠷ ᠰᠠᠶᠢᠲᠤᠷ ᠰᠠᠬᠢᠨ ᠬᠠᠮᠠᠭᠠᠯᠠᠵᠤ ᠰᠠᠶᠢᠲᠤᠷ ᠠᠰᠢᠭᠯᠠᠬᠤ ᠬᠡᠷᠡᠭᠲᠡᠢ ᠭᠡᠵᠦ ᠵᠠᠬᠢᠪᠠ᠃
ᠠᠵᠢᠯᠯᠠᠭ᠎ᠠ ᠳᠠᠭᠤᠰᠬᠤ ᠠᠴᠠ ᠡᠮᠦᠨ᠎ᠡ᠂ ᠰᠦᠨ ᠱᠤᠤ ᠴᠧᠩ ᠪᠠᠰᠠ ᠮᠣᠳᠣ ᠲᠠᠷᠢᠬᠤ ᠳᠤ ᠣᠷᠣᠯᠴᠠᠬᠰᠠᠨ ᠬᠡᠦᠬᠡᠳ ᠤᠳ ᠢ ᠰᠠᠶᠢᠲᠤᠷ ᠰᠤᠷᠤᠯᠴᠠᠵᠤ᠂ ᠪᠡᠶ᠎ᠡ ᠮᠠᠬᠠᠪᠤᠳ ᠢᠶᠠᠨ ᠳᠠᠪᠲᠠᠨ ᠪᠤᠯᠪᠠᠰᠤᠷᠠᠭᠤᠯᠵᠤ᠂ ᠮᠣᠳᠣ ᠲᠠᠷᠢᠵᠤ ᠣᠶᠢᠵᠢᠭᠤᠯᠬᠤ ᠮᠡᠲᠦ ᠶᠢᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠳᠤ ᠢᠯᠡᠭᠦᠬᠡᠨ ᠣᠷᠣᠯᠴᠠᠵᠤ᠂ ᠬᠥᠳᠡᠯᠮᠦᠷᠢᠯᠡᠬᠦ ᠪᠠᠷ ᠳᠠᠮᠵᠢᠨ ᠡᠷᠡᠭᠦᠯ ᠢᠶᠠᠷ ᠥᠭᠡᠳᠡᠯᠡᠨ ᠳᠠᠪᠰᠢᠬᠤ᠂ ᠡᠬᠡ ᠪᠠᠶᠢᠭᠠᠯᠢ ᠪᠠᠨ ᠬᠠᠶᠢᠷᠠᠯᠠᠬᠤ ᠰᠠᠶᠢᠨ ᠳᠠᠳᠬᠠᠯ ᠲᠠᠢ ᠪᠤᠯᠬᠤ ᠶᠢ ᠳᠣᠲᠣᠨᠣ ᠪᠠᠷ ᠵᠣᠷᠢᠭᠵᠢᠭᠤᠯᠪᠠ᠃
ᠭᠦᠭᠡᠬᠤᠲᠠ ᠳᠤ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠮᠤᠵᠢ ᠶᠢᠨ ᠳᠡᠰ ᠤᠨ ᠤᠳᠤᠷᠢᠳᠬᠤ ᠨᠥᠬᠦᠳ᠂ ᠰᠢᠭᠦᠬᠦ ᠬᠤᠷᠢᠶ᠎ᠠ ᠶᠢᠨ ᠳᠠᠷᠤᠭ᠎ᠠ᠂ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ᠂ ᠥᠪᠥᠷ ᠮᠣᠩᠭᠤᠯ ᠤᠨ ᠴᠡᠷᠢᠭ ᠤᠨ ᠲᠣᠭᠤᠷᠢᠭ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠭᠢ ᠶᠢᠨ ᠠᠷᠮᠢ ᠶᠢᠨ ᠳᠡᠰ ᠤᠨ ᠤᠳᠤᠷᠢᠳᠬᠤ ᠨᠥᠬᠦᠳ ᠠᠵᠢᠯᠯᠠᠭ᠎ᠠ ᠳᠤ ᠣᠷᠣᠯᠴᠠᠵᠠᠢ᠃
ᠣᠶᠢᠯᠠᠭᠠᠭᠰᠠᠨ ᠢᠶᠠᠷ᠂ ᠡᠨᠡ ᠵᠢᠯ ᠠᠴᠠ ᠨᠠᠭᠠᠰᠢ ᠪᠦᠭᠦ ᠣᠷᠣᠨ ᠳᠤ ᠨᠢᠭᠡᠨᠲᠡ 401.08 ᠲᠦᠮᠡᠨ ᠰᠠᠭᠤᠷᠢ ᠠᠯᠪᠠᠨ ᠵᠢᠷᠤᠮ ᠤᠨ ᠮᠣᠳᠣ ᠳᠠᠷᠢᠵᠤ᠂ ᠠᠯᠪᠠᠨ ᠵᠢᠷᠤᠮ ᠤᠨ ᠮᠣᠳᠣ ᠳᠠᠷᠢᠬᠤ ᠰᠠᠭᠤᠷᠢᠨ ᠢ ᠰᠢᠨ᠎ᠡ ᠪᠠᠷ 20 ᠪᠠᠶᠢᠭᠤᠯᠵᠤ᠂ 81.16 ᠲᠦᠮᠡᠨ ᠬᠥᠮᠥᠨ ᠤᠳᠠᠭ᠎ᠠ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠪᠠ᠃