


4 ᠳ᠋ᠦ᠋ᠭᠡᠷ ᠰᠠᠷ᠎ᠠ ᠶᠢᠨ 21 ᠤ ᠡᠳᠦᠷ᠂ ︽ᠳᠤᠮᠳᠠᠳᠤ ᠤᠯᠤᠰ ᠤᠨ ᠡᠳᠦᠷ ᠤᠨ ᠰᠣᠨᠢᠨ︾ ᠤ ᠲᠡᠷᠢᠭᠦᠨ ᠨᠢᠭᠤᠷ ᠤᠨ ︽ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠣᠷᠣᠨ ᠨᠤᠲᠤᠭ ᠲᠠᠬᠢ ᠦᠢᠯᠡᠳᠦᠯᠭᠡ︾ ᠪᠤᠯᠤᠩ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠶᠢᠨ ᠲᠤᠰᠬᠠᠢ ᠰᠣᠷᠪᠤᠯᠵᠢᠯᠠᠭ᠎ᠠ ︽Inner Mongolia acts as green power bank︾ ︵ᠥᠪᠥᠷ ᠮᠣᠩᠭᠤᠯ ᠰᠢᠨ᠎ᠡ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠵᠤ ᠤᠯᠤᠰ ᠤᠨ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠴᠢᠬᠤᠯᠠ ᠰᠠᠭᠤᠷᠢᠨ ᠭᠠᠵᠠᠷ ᠢ ᠪᠦᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠤᠨ᠎ᠠ︶ ᠢ ᠨᠡᠶᠢᠲᠡᠯᠡᠪᠡ᠃
ᠰᠤᠷᠪᠤᠯᠵᠢᠯᠠᠭᠴᠢ᠄ ᠥᠪᠥᠷ ᠮᠣᠩᠭᠤᠯ ᠰᠢᠨ᠎ᠡ ᠡᠨᠧᠷᠭᠢ ᠶᠢ ᠬᠥᠭᠵᠢᠭᠦᠯᠬᠦ ᠲᠠᠯ᠎ᠠ ᠪᠠᠷ ᠶᠠᠮᠠᠷ ᠶᠠᠮᠠᠷ ᠥᠪᠡᠷᠮᠢᠴᠡ ᠳᠠᠪᠠᠭᠤᠯᠢᠭ ᠪᠠᠶᠢᠬᠤ ᠪᠣᠢ᠂ ᠨᠢᠳᠤᠨᠤᠨ ᠶᠠᠮᠠᠷ ᠶᠠᠮᠠᠷ ᠰᠢᠨ᠎ᠡ ᠰᠢᠪᠲᠤᠯᠤᠯᠲᠠ᠂ ᠰᠢᠨ᠎ᠡ ᠬᠢᠯᠠᠰ ᠴᠡᠭ ᠲᠠᠢ ᠪᠣᠯᠤᠭᠰᠠᠨ ᠪᠣᠶ︖
ᠸᠠᠩ ᠯᠢ ᠰᠢᠶᠠ᠄ ᠨᠢᠭᠡ ᠳᠤ ᠤᠯᠤᠰ ᠤᠨ ᠰᠠᠶᠢᠨ ᠲᠥᠷᠥ ᠶᠢᠨ ᠪᠣᠳᠣᠯᠭ᠎ᠠ᠃ ᠥᠪᠥᠷ ᠮᠣᠩᠭᠤᠯ ᠤᠷᠢᠳ ᠬᠤᠵᠢᠳ ᠤᠯᠤᠰ ᠤᠨ ᠨᠢᠭᠡᠳᠦᠭᠡᠷ ᠪᠦᠯᠦᠭ᠂ ᠬᠤᠶᠠᠳᠤᠭᠠᠷ ᠪᠦᠯᠦᠭ᠂ ᠭᠤᠷᠪᠠᠳᠤᠭᠠᠷ ᠪᠦᠯᠦᠭ ᠵᠢᠴᠢ ︽ᠡᠯᠡᠰᠦ ᠭᠤᠪᠢ ᠴᠥᠯ ︾ ᠭᠠᠵᠠᠷ ᠤᠨ ᠲᠣᠮᠣ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠤᠨ ᠰᠠᠭᠤᠷᠢᠨ ᠭᠠᠵᠠᠷ ᠤᠨ ᠲᠥᠷᠥᠯ ᠵᠦᠢᠯ ᠤᠨ ᠵᠥᠪᠰᠢᠶᠡᠷᠡᠯ ᠢ ᠣᠯᠵᠠᠢ᠃ 2023 ᠣᠨ ᠠᠴᠠ ᠨᠠᠭᠠᠰᠢ᠂ ᠲᠦᠷᠦ ᠶᠢᠨ ᠶᠠᠪᠤᠳᠠᠯ ᠤᠨ ᠬᠤᠷᠢᠶ᠎ᠠ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠰᠠᠨᠠᠯ︾ ᠢ ᠳᠠᠷᠤᠮᠠᠯᠯᠠᠨ ᠶᠠᠪᠤᠭᠤᠯᠵᠤ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ 6 ᠰᠠᠯᠠᠭ᠎ᠠ ᠮᠥᠴᠢᠷ ︽ᠥᠪᠥᠷ ᠮᠣᠩᠭᠤᠯ ᠤᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭᠠᠲᠠᠢ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ ᠤᠨ ᠲᠤᠬᠠᠢ ᠮᠡᠳᠡᠭᠳᠡᠯ︾ ᠵᠡᠷᠭᠡ ᠪᠢᠴᠢᠭ ᠮᠠᠲ᠋ᠧᠷᠢᠶᠠᠯ ᠢ ᠳᠠᠷᠤᠮᠠᠯᠯᠠᠨ ᠪᠠᠭᠤᠯᠭᠠᠭᠠᠳ ᠥᠪᠥᠷ ᠮᠣᠩᠭᠤᠯ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢ ᠬᠦᠴᠦᠲᠡᠢ ᠳᠡᠮᠵᠢᠪᠡ᠃
ᠬᠤᠶᠠᠷ ᠲᠤ ᠰᠠᠯᠬᠢᠨ ᠬᠦᠴᠦᠨ ᠤ ᠪᠠ ᠭᠡᠷᠡᠯᠴᠢ ᠡᠨᠧᠷᠭᠢ ᠶᠢᠨ ᠰᠢᠷᠭᠢᠰᠢ ᠦᠭᠡᠢ ᠡᠯᠪᠡᠭ ᠰᠠᠶᠢᠨ ᠡᠬᠢ ᠪᠠᠶᠠᠯᠢᠭ᠃ ᠰᠠᠯᠬᠢᠨ ᠬᠦᠴᠦᠨ ᠤ ᠡᠨᠧᠷᠭᠢ ᠶᠢᠨ ᠡᠬᠢ ᠪᠠᠶᠠᠯᠢᠭ ᠢ ᠣᠳᠣᠬᠠᠨ ᠤ ᠮᠡᠷᠭᠡᠵᠢᠯ ᠢᠶᠠᠷ ᠨᠡᠭᠡᠭᠡᠨ ᠠᠰᠢᠭᠯᠠᠵᠤ ᠪᠣᠯᠬᠤ ᠬᠡᠮᠵᠢᠶ᠎ᠡ 14.6 ᠳ᠋ᠦᠩᠰᠢᠭᠤᠷ ᠺᠢᠯᠣᠸᠠᠲ ᠪᠠᠶᠢᠵᠤ᠂ ᠪᠠᠷᠤᠭ ᠪᠦᠬᠦ ᠤᠯᠤᠰ ᠤᠨ 57% ᠶᠢ ᠡᠵᠡᠯᠡᠨ᠎ᠡ᠂ ᠨᠡᠷᠡᠨ ᠤ ᠡᠨᠧᠷᠭᠢ ᠶᠢᠨ ᠡᠬᠢ ᠪᠠᠶᠠᠯᠢᠭ ᠢ ᠣᠳᠣᠬᠠᠨ ᠤ ᠮᠡᠷᠭᠡᠵᠢᠯ ᠢᠶᠠᠷ ᠨᠡᠭᠡᠭᠡᠨ ᠠᠰᠢᠭᠯᠠᠵᠤ ᠪᠣᠯᠬᠤ ᠬᠡᠮᠵᠢᠶ᠎ᠡ 94 ᠳ᠋ᠦᠩᠰᠢᠭᠤᠷ ᠺᠢᠯᠣᠸᠠᠲ ᠪᠠᠶᠢᠵᠤ᠂ ᠪᠠᠷᠤᠭ ᠪᠦᠬᠦ ᠤᠯᠤᠰ ᠤᠨ 21% ᠶᠢ ᠡᠵᠡᠯᠡᠵᠦ ᠪᠠᠶᠢᠨ᠎ᠠ᠃
ᠭᠤᠷᠪᠠ ᠳᠤ ᠪᠡᠭᠡᠵᠢᠩ ᠲᠢᠶᠠᠨᠵᠢᠨ ᠾᠧᠪᠧᠢ ᠯᠦᠭᠡ ᠬᠥᠷᠰᠢᠯᠡᠵᠦ ᠪᠠᠶᠢᠭ᠎ᠠ ᠰᠠᠶᠢᠨ ᠵᠠᠬ᠎ᠠ ᠳᠡᠯᠭᠡᠭᠦᠷ᠃ ᠪᠢᠳᠡ ᠡᠨᠡ ᠬᠦ ᠣᠷᠣᠨ ᠪᠠᠶᠢᠷᠢ ᠶᠢᠨ ᠳᠠᠪᠠᠭᠤᠯᠢᠭ ᠢᠶᠠᠨ ᠭᠦᠢᠴᠡᠳ ᠠᠰᠢᠭᠯᠠᠵᠤ᠂ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠠᠵᠢᠯ ᠢᠶᠠᠨ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ ᠪᠠᠶᠢᠨ᠎ᠠ᠃ ᠥᠨᠥ ᠵᠢᠯ ᠤᠨ ᠲᠦᠷᠦᠭᠦᠦ ᠬᠤᠶᠠᠷ ᠰᠠᠷ᠎ᠠ ᠳᠤ᠂ 10 ᠳ᠋ᠦᠩᠰᠢᠭᠤᠷ ᠭᠠᠷᠤᠢ ᠭᠷᠡᠳᠦ᠋ᠰ ᠨᠣᠭᠤᠭᠠᠨ ᠴᠠᠬᠢᠯᠭᠠᠨ ᠢ ᠨᠡᠶᠢᠰᠯᠡᠯ ᠳᠤ ᠬᠦᠷᠭᠡᠪᠡ᠂ ᠡᠨᠡ ᠨᠢ 30 ᠲᠦᠮᠡᠨ ᠡᠷᠦᠬᠡ ᠶᠢᠨ ᠨᠢᠭᠡ ᠵᠢᠯ ᠤᠨ ᠴᠠᠬᠢᠯᠭᠠᠨ ᠬᠡᠷᠡᠭᠯᠡᠬᠦ ᠬᠡᠮᠵᠢᠶ᠎ᠡ ᠲᠠᠢ ᠲᠡᠩᠴᠡᠨ᠎ᠡ᠃
ᠳᠥᠷᠪᠡ ᠳᠤ ᠤᠷᠬᠢᠯ ᠬᠤᠭᠤᠴᠠᠭᠠᠨ ᠳᠤ ᠲᠣᠬᠢᠷᠠᠭᠤᠯᠵᠤ ᠭᠠᠳᠠᠭᠰᠢ ᠬᠦᠷᠭᠡᠬᠦ ᠪᠠᠲᠤ ᠰᠠᠭᠤᠷᠢ᠃ ᠥᠪᠥᠷ ᠮᠣᠩᠭᠤᠯ ᠤᠨ ᠨᠡᠭᠦᠷᠡᠰᠦᠨ ᠤ ᠡᠬᠢ ᠪᠠᠶᠠᠯᠢᠭ ᠢ ᠬᠠᠶᠢᠨ ᠲᠣᠳᠣᠯᠠᠭᠰᠠᠨ ᠨᠥᠭᠡᠴᠡ ᠪᠥᠬᠦ ᠤᠯᠤᠰ ᠲᠤ ᠨᠢᠭᠡᠳᠦᠭᠡᠷ ᠲᠤ ᠣᠷᠣᠵᠤ᠂ ᠠᠯᠤᠰ ᠤᠨ ᠬᠠᠳᠠᠭᠠᠯᠠᠭᠳᠠᠴᠠ ᠨᠢ ᠪᠥᠬᠦ ᠤᠯᠤᠰ ᠤᠨ 1/4 ᠶᠢ ᠡᠵᠡᠯᠡᠵᠦ ᠪᠣᠶ᠃ ᠥᠪᠥᠷ ᠮᠣᠩᠭᠤᠯ ᠳᠤ ᠪᠠᠰᠠ ᠥᠪᠥᠷ ᠮᠣᠩᠭᠤᠯ ᠤᠨ ᠪᠠᠷᠠᠭᠤᠨ ᠬᠡᠰᠡᠭ ᠤᠨ ᠴᠠᠬᠢᠯᠭᠠᠨ ᠬᠦᠴᠦᠨ ᠤ ᠲᠣᠣᠷ ᠲᠠᠢ ᠪᠠᠶᠢᠵᠤ᠂ ᠰᠢᠨ᠎ᠡ ᠡᠨᠧᠷᠭᠢ ᠶᠢ ᠴᠠᠬᠢᠯᠭᠠᠨ ᠬᠦᠴᠦᠨ ᠤ ᠲᠣᠣᠷ ᠲᠤ ᠨᠡᠶᠢᠯᠡᠭᠦᠯᠬᠦ᠂ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠬᠠᠶᠢᠨ ᠰᠦᠪᠡᠭᠴᠢᠯᠡᠬᠦ ᠳᠤ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠬᠤ ᠲᠣᠬᠢᠶᠠᠯ ᠬᠠᠩᠭᠠᠵᠠᠢ᠃
ᠰᠤᠷᠪᠤᠯᠵᠢᠯᠠᠭᠴᠢ᠄ ᠥᠪᠥᠷ ᠮᠣᠩᠭᠤᠯ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠳᠤ ᠪᠠᠨ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠶ︖
ᠸᠠᠩ ᠯᠢ ᠰᠢᠶᠠ᠄ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠳᠤᠮᠳᠠ᠂ ᠪᠢᠳᠡ ᠶᠡᠭᠡ ᠬᠡᠪᠴᠢᠶ᠎ᠡ ᠪᠠᠷ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠤᠭᠰᠠᠨ ᠰᠠᠭᠤᠷᠢᠨ ᠳᠡᠭᠡᠷ᠎ᠡ᠂ ᠨᠢᠭᠡ ᠲᠠᠯ᠎ᠠ ᠪᠠᠷ ᠰᠢᠨ᠎ᠡ ᠡᠨᠧᠷᠭᠢ ᠶᠢ ᠬᠤᠷᠠᠭᠤᠯᠤᠨ ᠠᠪᠴᠤ ᠠᠰᠢᠭᠯᠠᠬᠤ ᠶᠢ ᠠᠳᠬᠤᠵᠤ᠂ ᠨᠦᠬᠦᠭᠡ ᠲᠠᠯ᠎ᠠ ᠪᠠᠷ ᠰᠢᠨ᠎ᠡ ᠡᠨᠧᠷᠭᠢ ᠶᠢᠨ ᠲᠤᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠥᠭᠵᠢᠯᠲᠡ ᠶᠢ ᠠᠳᠬᠤᠪᠠ ᠃
ᠬᠤᠷᠠᠭᠤᠯᠤᠨ ᠠᠪᠴᠤ ᠠᠰᠢᠭᠯᠠᠬᠤ ᠲᠠᠯ᠎ᠠ ᠪᠠᠷ᠂ ᠨᠢᠭᠡ ᠳᠤ ᠬᠤᠷᠠᠭᠤᠯᠤᠨ ᠠᠪᠬᠤ ᠶᠢ ᠰᠠᠶᠢᠲᠤᠷ ᠠᠳᠬᠤᠪᠠ ᠂ ᠰᠢᠨ᠎ᠡ ᠡᠨᠧᠷᠭᠢ ᠶᠢ ᠵᠠᠬ᠎ᠠ ᠳᠡᠯᠭᠡᠭᠦᠷᠴᠢᠯᠡᠨ ᠬᠤᠷᠠᠭᠤᠯᠤᠨ ᠠᠪᠬᠤ 6 ᠲᠥᠷᠥᠯ ᠤᠨ ᠵᠠᠭᠪᠤᠷ ᠢ ᠪᠥᠬᠦ ᠤᠯᠤᠰ ᠲᠤ ᠬᠠᠮᠤᠭ ᠤᠨ ᠲᠦᠷᠦᠭᠦᠨ ᠳᠤ ᠳᠤᠷᠠᠳᠤᠨ ᠭᠠᠷᠭᠠᠵᠤ᠂ ᠰᠢᠨ᠎ᠡ ᠡᠨᠧᠷᠭᠢ ᠶᠢ ᠬᠤᠷᠠᠭᠤᠯᠤᠨ ᠠᠪᠬᠤ ᠶᠢ ᠠᠬᠢᠭᠤᠯᠬᠤ 23 ᠵᠤᠷᠪᠤᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠢᠨ᠎ᠡ ᠪᠠᠷ ᠡᠭᠦᠳᠦᠨ ᠨᠡᠶᠢᠲᠡᠯᠡᠪᠡ᠃ ᠬᠤᠶᠠᠷ ᠲᠤ ᠤᠯᠠᠷᠢᠭᠤᠯᠬᠤ ᠶᠢ ᠰᠠᠶᠢᠲᠤᠷ ᠠᠳᠬᠤᠪᠠ ᠂ ᠪᠢᠳᠡ ᠪᠣᠬᠢᠷᠲᠤᠯ ᠦᠭᠡᠢ ᠤᠰᠤᠲᠥ᠋ᠷᠥᠭᠴᠢ ᠰᠢᠪᠲᠦᠷᠲᠦ ᠠᠯᠺᠣᠣᠯ ᠤᠨ ᠠᠵᠤ ᠦᠢᠯᠡᠰ ᠢ ᠢᠳᠡᠪᠬᠢᠲᠡᠢ ᠪᠠᠶᠢᠷᠢᠰᠢᠭᠤᠯᠵᠤ᠂ ︽ᠨᠢᠭᠡ ᠴᠠᠬᠢᠯᠭᠠᠨ ᠪᠠᠶᠢᠭᠰᠠᠨ ᠢ ᠭᠤᠷᠪᠠᠨ ᠪᠣᠬᠢᠷᠳᠤᠯ ᠦᠭᠡᠢ ᠲᠡᠶᠢᠰᠢ ᠬᠤᠪᠢᠷᠠᠭᠤᠯᠬᠤ ︾ ᠶᠢ ᠪᠡᠶᠡᠯᠡᠭᠦᠯᠪᠡ᠃ ᠭᠤᠷᠪᠠ ᠳᠤ᠂ ᠡᠨᠧᠷᠭᠢ ᠨᠥᠭᠡᠴᠡᠯᠡᠬᠦ ᠶᠢ ᠰᠠᠶᠢᠲᠤᠷ ᠠᠳᠬᠤᠪᠠ ᠂ ᠰᠢᠨ᠎ᠡ ᠬᠡᠯᠪᠡᠷᠢ ᠪᠦᠬᠦᠢ ᠨᠥᠭᠡᠴᠡ ᠡᠨᠧᠷᠭᠢ ᠶᠢᠨ ᠵᠢᠱᠢᠶ᠎ᠡ ᠦᠵᠡᠭᠦᠯᠬᠦ ᠲᠦᠷᠦᠯ ᠵᠦᠢᠯ ᠢ ᠬᠡᠷᠡᠭᠵᠢᠭᠦᠯᠵᠦ᠂ ᠰᠢᠨ᠎ᠡ ᠬᠡᠯᠪᠡᠷᠢ ᠪᠦᠬᠦᠢ ᠨᠥᠭᠡᠴᠡ ᠡᠨᠧᠷᠭᠢ ᠶᠢᠨ ᠬᠥᠭᠵᠢᠯᠲᠡ ᠶᠢᠨ ᠲᠤᠰᠬᠠᠢ ᠠᠵᠢᠯᠯᠠᠭᠠᠨ ᠢ ᠥᠷᠨᠢᠭᠦᠯᠪᠡ ᠃
ᠲᠤᠨᠤᠭ ᠲᠥᠬᠦᠭᠡᠷᠦᠮᠵᠢ ᠦᠢᠯᠡᠳᠬᠦ ᠲᠠᠯ᠎ᠠ ᠪᠠᠷ᠂ ᠪᠢᠳᠠ ᠬᠥᠬᠡᠬᠤᠲᠠ᠂ ᠪᠤᠭᠤᠲᠤ᠂ ᠣᠷᠳᠣᠰ᠂ ᠲᠦᠩᠯᠢᠶᠣᠣ ᠵᠡᠷᠭᠡ 4 ᠰᠠᠭᠤᠷᠢᠨ ᠭᠠᠵᠠᠷ ᠢᠶᠠᠷ ᠰᠠᠭᠤᠷᠢ ᠪᠣᠯᠭᠠᠵᠤ᠂ ᠰᠠᠯᠬᠢᠨ ᠬᠦᠴᠦᠨ ᠤ ᠴᠠᠬᠢᠯᠭᠠᠨ᠂ ᠭᠡᠷᠡᠯᠴᠢ ᠴᠡᠨᠡᠭ᠂ ᠤᠰᠤᠲᠥ᠋ᠷᠥᠭᠴᠢ ᠡᠨᠧᠷᠭᠢ᠂ ᠨᠥᠭᠡᠴᠡ ᠡᠨᠧᠷᠭᠢ ᠵᠡᠷᠭᠡ 4 ᠠᠵᠤ ᠦᠢᠯᠡᠰ ᠤᠨ ᠬᠡᠯᠬᠢᠶ᠎ᠡ ᠪᠠᠷ ᠭᠤᠣᠯᠳᠠᠯᠭ᠎ᠠ ᠪᠣᠯᠭᠠᠨ᠂ ᠰᠢᠨ᠎ᠡ ᠡᠨᠧᠷᠭᠢ ᠶᠢᠨ ᠲᠤᠨᠤᠭ ᠲᠥᠬᠦᠭᠡᠷᠦᠮᠵᠢ ᠦᠢᠯᠡᠳᠬᠦ ᠪᠦᠬᠦ ᠠᠵᠤ ᠦᠢᠯᠡᠰ ᠤᠨ ᠬᠡᠯᠬᠢᠶ᠎ᠡ ᠶᠢ ᠴᠣᠭᠴᠠᠯᠠᠪᠠ᠃
ᠰᠤᠷᠪᠤᠯᠵᠢᠯᠠᠭᠴᠢ᠄ ᠰᠢᠨ᠎ᠡ ᠡᠨᠧᠷᠭᠢ ᠶᠢᠨ ᠠᠵᠤ ᠦᠢᠯᠡᠰ ᠨᠢ ᠪᠣᠳᠠᠲᠠᠢ ᠪᠠᠷ ᠶᠠᠮᠠᠷ ᠶᠠᠮᠠᠷ ᠢᠳᠡᠪᠬᠢᠲᠡᠢ ᠦᠢᠯᠡᠳᠦᠯ ᠪᠠᠳᠠᠷᠠᠭᠤᠯᠤᠭᠰᠠᠨ ᠪᠣᠶ︖
ᠸᠠᠩ ᠯᠢ ᠰᠢᠶᠠ᠄ ᠪᠣᠳᠠᠲᠠᠢ ᠪᠠᠷ ᠬᠡᠯᠡᠪᠡᠯ᠂ ᠥᠪᠥᠷ ᠮᠣᠩᠭᠤᠯ ᠤᠨ 3 ᠲᠠᠯ᠎ᠠ ᠶᠢᠨ ᠬᠥᠭᠵᠢᠯᠲᠡ ᠶᠢ ᠠᠬᠢᠭᠤᠯᠬᠤ ᠳᠤ ᠲᠤᠰᠠᠯᠠᠪᠠ᠃
ᠨᠢᠭᠡ ᠳᠤ ᠬᠦᠳᠡᠯᠭᠡᠭᠴᠢ ᠬᠦᠴᠦᠨ ᠢᠶᠠᠷ ᠨᠡᠩ ᠲᠡᠭᠦᠯᠳᠡᠷ ᠪᠣᠯᠣᠭᠰᠠᠨ ᠬᠥᠭᠵᠢᠯᠲᠡ᠃ ᠨᠢᠳᠤᠨᠤᠨ ᠵᠢᠯ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠳᠠᠬᠢ ᠥᠪᠥᠷ ᠮᠣᠩᠭᠤᠯ ᠤᠨ ᠡᠨᠧᠷᠭᠢ ᠶᠢᠨ ᠠᠵᠤ ᠦᠢᠯᠡᠰ ᠤᠨ ᠡᠵᠡᠯᠡᠬᠦ ᠬᠤᠪᠢ ᠶᠢᠨ ᠵᠢᠩ 1/3 ᠰᠢᠬᠠᠮ ᠳᠤ ᠬᠦᠷᠴᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠳᠤ 60% ᠭᠠᠷᠤᠢ ᠪᠠᠷ ᠨᠡᠮᠡᠷᠢᠯᠡᠪᠡ᠃ ᠨᠢᠳᠤᠨᠤᠨ ᠥᠪᠥᠷ ᠮᠣᠩᠭᠤᠯ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ 5.8% ᠪᠠᠷ ᠨᠡᠮᠡᠭᠳᠡᠨ᠂ ᠪᠦᠬᠦ ᠤᠯᠤᠰ ᠲᠤ ᠭᠤᠷᠪᠠᠳᠤᠭᠠᠷ ᠲᠤ ᠣᠷᠣᠪᠠ᠂ ᠠᠵᠤ ᠠᠬᠤᠢ ᠶᠢᠨ ᠶᠡᠷᠦᠩᠬᠡᠢ ᠬᠡᠮᠵᠢᠶ᠎ᠡ 2.6 ᠲᠦᠮᠡᠨ ᠳ᠋ᠦᠩᠰᠢᠭᠤᠷ ᠲᠥᠭᠦᠷᠢᠭ ᠢ ᠳᠠᠪᠠᠨ᠂ ᠲᠡᠰ ᠳᠠᠷᠠᠭᠠᠯᠠᠯ ᠨᠢ ᠳᠠᠪᠰᠢᠭᠠᠳ ᠪᠦᠬᠦ ᠤᠯᠤᠰ ᠤᠨ 20 ᠳ᠋ᠤᠭᠠᠷ ᠲᠤ ᠵᠢᠭᠰᠠᠭᠠᠭᠳᠠᠵᠤ᠂ ᠪᠦᠬᠦ ᠤᠯᠤᠰ ᠤᠨ ᠳᠤᠮᠳᠠ ᠲᠦᠪᠰᠢᠨ ᠳᠤ ᠳᠠᠪᠰᠢᠨ ᠣᠷᠣᠪᠠ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ 13.6% ᠳᠤ ᠬᠦᠷᠴᠦ᠂ ᠪᠦᠬᠦ ᠤᠯᠤᠰ ᠲᠤ ᠬᠤᠶᠠᠳᠤᠭᠠᠷ ᠲᠤ ᠣᠷᠣᠪᠠ᠂ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠣᠭᠠᠨ ᠤ ᠨᠡᠮᠡᠭᠳᠡᠯ ᠤᠨ ᠬᠤᠷᠳᠤᠴᠠ 3 ᠵᠢᠯ ᠳᠠᠷᠠᠭᠠᠯᠠᠨ ᠪᠦᠬᠦ ᠤᠯᠤᠰ ᠲᠠᠬᠢ ᠨᠢᠭᠡᠳᠦᠭᠡᠷ ᠡᠩᠨᠡᠭᠡ ᠪᠠᠨ ᠪᠠᠲᠤᠯᠠᠪᠠ᠃
ᠬᠤᠶᠠᠷ ᠲᠤ ᠪᠦᠲᠦᠴᠡ ᠨᠢ ᠨᠡᠩ ᠰᠢᠯᠢᠳᠡᠭ ᠪᠣᠯᠣᠭᠰᠠᠨ ᠬᠥᠭᠵᠢᠯᠲᠡ᠃ ᠨᠢᠳᠤᠨᠤᠨ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠰᠢᠨ᠎ᠡ ᠡᠨᠧᠷᠭᠢ ᠵᠢᠴᠢ ᠬᠠᠮᠢᠶ᠎ᠠ ᠪᠦᠬᠦᠢ ᠠᠵᠤ ᠦᠢᠯᠡᠰ ᠤᠨ ᠨᠡᠮᠡᠭᠳᠡᠯ ᠥᠷᠲᠡᠭ ᠤᠨ ᠨᠡᠮᠡᠭᠳᠡᠯ 20% ᠶᠢ ᠳᠠᠪᠠᠪᠠ᠃ ᠢᠯᠠᠩᠭᠤᠶ᠎ᠠ ᠰᠢᠨ᠎ᠡ ᠡᠨᠧᠷᠭᠢ ᠶᠢ ᠰᠢᠨ᠎ᠡ ᠠᠵᠤ ᠦᠢᠯᠡᠰ ᠪᠠ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠯᠦᠭᠡ ᠡᠪᠴᠡᠯᠳᠦᠭᠦᠯᠦᠨ ᠬᠥᠭᠵᠢᠭᠦᠯᠬᠦ ᠶᠢ ᠠᠬᠢᠭᠤᠯᠪᠠ᠃
ᠭᠤᠷᠪᠠ ᠳᠤ ᠰᠠᠭᠤᠷᠢ ᠥᠩᠭᠡ ᠨᠢ ᠨᠠᠩ ᠲᠣᠳᠣ ᠪᠣᠯᠣᠭᠰᠠᠨ ᠬᠥᠭᠵᠢᠯᠲᠡ᠃ ᠪᠦᠬᠦ ᠪᠥᠮᠪᠥᠷᠴᠡᠭ ᠲᠠᠬᠢ ᠠᠩᠬᠠᠳᠠᠭᠴᠢ 100% ᠶᠢᠨ ᠨᠣᠭᠤᠭᠠᠨ ᠴᠠᠬᠢᠯᠭᠠᠨ ᠤ ᠬᠠᠩᠭᠠᠯᠭ᠎ᠠ ᠶᠢᠨ ︽ᠨᠡᠭᠦᠷᠡᠰᠦᠳᠦ᠋ᠷᠦᠭᠴᠢ ᠦᠯᠦ ᠭᠠᠳᠠᠭᠰᠢᠯᠠᠭᠤᠯᠬᠤ ᠠᠵᠤ ᠦᠢᠯᠡᠰ ᠤᠨ ᠬᠦᠷᠢᠶᠡᠯᠡᠩ︾ ᠢ ᠣᠷᠳᠣᠰ ᠲᠤ ᠪᠠᠶᠢᠭᠤᠯᠤᠭᠰᠠᠨ ᠪᠥᠭᠡᠳ ᠪᠤᠭᠤᠲᠤ᠂ ᠲᠦᠩᠯᠢᠶᠣᠣ᠂ ᠤᠯᠠᠭᠠᠨᠬᠠᠳᠠ ᠵᠡᠷᠭᠡ ᠭᠠᠵᠠᠷ ᠲᠤ ᠨᠡᠭᠦᠷᠡᠰᠦᠳᠦ᠋ᠷᠦᠭᠴᠢ ᠦᠯᠦ ᠭᠠᠳᠠᠭᠰᠢᠯᠠᠭᠤᠯᠬᠤ᠂ ᠨᠡᠭᠦᠷᠡᠰᠦᠲᠥ᠋ᠷᠥᠭᠴᠢ ᠪᠠᠭᠠᠲᠠᠢ ᠨᠢᠭᠡ ᠪᠦᠯᠦᠭ ᠬᠦᠷᠢᠶᠡᠯᠡᠩ ᠲᠣᠭᠤᠷᠢᠭ ᠢ ᠪᠠᠶᠢᠭᠤᠯᠤᠭᠰᠠᠨ ᠪᠠᠶᠢᠨ᠎ᠠ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠠᠷᠠᠯᠲᠠ ᠪᠠᠨ ᠨᠢᠭᠡ ᠵᠢᠯ ᠤᠷᠢᠳᠴᠢᠯᠠᠨ ᠪᠡᠶᠡᠯᠡᠭᠦᠯᠵᠦ᠂ ᠪᠣᠬᠢᠷᠲᠤᠯ ᠦᠭᠡᠢ ᠨᠡᠮᠡᠭᠳᠡᠯ ᠬᠢᠭᠡᠳ ᠦᠷ᠎ᠡ ᠠᠰᠢᠭ ᠤᠨ ᠳᠡᠭᠡᠭᠰᠢᠯᠡᠯᠲᠡ ᠶᠢᠨ ︽ᠬᠤᠣᠰ ᠰᠢᠪᠲᠤᠯᠤᠯᠲᠠ︾ ᠶᠢ ᠪᠡᠶᠡᠯᠡᠭᠦᠯᠪᠡ᠃
ᠰᠤᠷᠪᠤᠯᠵᠢᠯᠠᠭᠴᠢ᠄ ᠥᠪᠥᠷ ᠮᠣᠩᠭᠤᠯ ︽ᠭᠡᠷᠡᠯᠴᠢ ᠴᠡᠨᠡᠭ ᠢᠶᠠᠷ ᠴᠠᠬᠢᠯᠭᠠᠨ ᠭᠠᠷᠭᠠᠬᠤ + ᠠᠮᠢ ᠠᠬᠤᠢ ᠶᠢᠨ ᠵᠠᠰᠠᠯᠲᠠ + ᠬᠠᠪᠲᠠᠰᠤ ᠶᠢᠨ ᠳᠣᠣᠷᠠᠬᠢ ᠠᠵᠤ ᠠᠬᠤᠢ︾ ᠶᠢᠨ ᠪᠡᠶᠡᠲᠦ ᠵᠠᠭᠪᠤᠷ ᠢ ᠬᠡᠷᠬᠢᠨ ᠬᠠᠶᠢᠨ ᠰᠦᠪᠡᠭᠴᠢᠯᠡᠵᠦ ᠭᠠᠷᠭᠠᠭᠰᠠᠨ ᠪᠣᠶ︖ ᠡᠨᠡ ᠬᠦ ᠵᠠᠭᠪᠤᠷ ᠨᠢ ᠠᠮᠢ ᠠᠬᠤᠢ ᠶᠢᠨ ᠬᠠᠮᠠᠭᠠᠯᠠᠯᠲᠠ ᠬᠢᠭᠡᠳ ᠠᠵᠤ ᠠᠬᠤᠢ ᠶᠢᠨ ᠬᠥᠭᠵᠢᠯᠲᠡ ᠳᠤ ᠶᠠᠮᠠᠷ ᠶᠠᠮᠠᠷ ᠪᠣᠳᠠᠲᠠᠢ ᠦᠷ᠎ᠡ ᠠᠰᠢᠭ ᠠᠪᠴᠢᠷᠠᠭᠰᠠᠨ ᠪᠤᠢ︖
ᠸᠠᠩ ᠯᠢ ᠰᠢᠶᠠ᠄ 2023 ᠣᠨ ᠤ 6 ᠳ᠋ᠤᠭᠠᠷ ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠤ ᠪᠠᠨ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠶᠡᠷᠦᠩᠬᠡᠢ ᠵᠠᠷᠯᠢᠭ ᠢ ᠳᠤᠷᠠᠳᠴᠠᠢ᠃ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠶᠢᠨ ᠲᠥᠯᠥᠭᠡ᠂ ᠨᠢᠳᠤᠨᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠤᠨ ᠨᠢᠭᠡ ᠴᠣᠭᠴᠠᠵᠢᠭᠤᠯᠬᠤ ᠢᠨᠵᠧᠨᠧᠷᠢᠩ ᠢ ᠬᠡᠷᠡᠭᠵᠢᠭᠦᠯᠬᠦ ᠪᠠᠷ ᠳᠤᠷᠠᠳᠤᠭᠰᠠᠨ ᠪᠠᠶᠢᠪᠠ᠃ 2024 ᠣᠨ ᠤ ᠰᠡᠭᠦᠯᠴᠢ ᠪᠣᠯᠬᠤ ᠳᠤ ᠂ ᠪᠢᠳᠡ ᠨᠢᠭᠡ ᠴᠣᠭᠴᠠᠵᠢᠭᠤᠯᠬᠤ ᠢᠨᠵᠧᠨᠧᠷᠢᠩ ᠢᠶᠠᠷ ᠳᠠᠮᠵᠢᠨ 238 ᠲᠦᠮᠡᠨ ᠮᠦ ᠡᠯᠡᠰᠦᠵᠢᠭᠰᠡᠨ ᠭᠠᠵᠠᠷ ᠰᠢᠷᠣᠢ ᠶᠢ ᠵᠠᠰᠠᠵᠤ᠂ 2727 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢ ᠢᠵᠢ ᠲᠦᠬᠦᠷᠵᠢᠭᠦᠯᠵᠡᠢ᠃ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠳᠤ ᠪᠠᠨ ᠪᠢᠳᠡ ᠬᠦᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ ᠠᠵᠢᠯ ᠢ ᠢᠳᠡᠪᠬᠢᠲᠡᠢ ᠥᠷᠨᠢᠭᠦᠯᠦᠨ᠂ ᠨᠢᠳᠤᠨᠤᠨ ᠤᠯᠠᠨ ᠲᠦᠮᠡᠨ ᠢ ᠳᠠᠶᠢᠴᠢᠯᠠᠭᠠᠳ ᠣᠷᠣᠯᠭ᠎ᠠ ᠶᠢ ᠨᠢ 8.5 ᠳ᠋ᠦᠩᠰᠢᠭᠤᠷ ᠲᠥᠭᠦᠷᠢᠭ ᠨᠡᠮᠡᠭᠳᠡᠭᠦᠯᠪᠡ᠃