ᠰᠤᠷᠭᠠᠨ ᠬᠥᠮᠦᠵᠢᠯ ᠤᠨ ᠶᠠᠮᠤᠨ 4 ᠳ᠋ᠦ᠋ᠭᠡᠷ ᠰᠠᠷ᠎ᠠ ᠶᠢᠨ 22 ᠤᠨ ᠡᠳᠦᠷ 2024 ᠣᠨ ᠤ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠦᠨᠳᠦᠰᠦᠨ ᠠᠩᠭᠢ ᠶᠢᠨ ᠲᠤᠰᠬᠠᠢ ᠮᠡᠷᠭᠡᠵᠢᠯ ᠤᠨ ᠳᠠᠩᠰᠠᠯᠠᠯᠲᠠ ᠪᠠ ᠬᠢᠨᠠᠨ ᠵᠥᠪᠰᠢᠶᠡᠷᠡᠯ ᠤᠨ ᠳ᠋ᠦᠩ ᠢ ᠨᠡᠶᠢᠲᠡᠯᠡᠬᠦ ᠳᠤ᠂ ᠪᠥᠬᠦ ᠤᠯᠤᠰ ᠤᠨ ᠶᠡᠭᠡ ᠳᠡᠭᠡᠳᠦ ᠰᠤᠷᠭᠠᠭᠤᠯᠢ ᠳᠤ ᠨᠡᠶᠢᠲᠡ 1839 ᠲᠤᠰᠬᠠᠢ ᠮᠡᠷᠭᠡᠵᠢᠯ ᠤᠨ ᠴᠡᠭ ᠨᠡᠮᠡᠭᠳᠡᠵᠦ᠂ 2220 ᠲᠤᠰᠬᠠᠢ ᠮᠡᠷᠭᠡᠵᠢᠯ ᠤᠨ ᠴᠡᠭ ᠲᠤ ᠰᠣᠷᠣᠭᠴᠢ ᠡᠯᠰᠡᠬᠦ ᠶᠢ ᠨᠢ ᠵᠣᠭᠰᠣᠭᠠᠵᠤ᠂ 1428 ᠲᠤᠰᠬᠠᠢ ᠮᠡᠷᠭᠡᠵᠢᠯ ᠤᠨ ᠴᠡᠭ ᠢ ᠬᠠᠰᠤᠪᠠ᠃
ᠰᠤᠷᠭᠠᠨ ᠬᠥᠮᠦᠵᠢᠯ ᠤᠨ ᠶᠠᠮᠤᠨ ︽ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠦᠨᠳᠦᠰᠦᠨ ᠠᠩᠭᠢ ᠶᠢᠨ ᠲᠤᠰᠬᠠᠢ ᠮᠡᠷᠭᠡᠵᠢᠯ ᠤᠨ ᠭᠠᠷᠴᠠᠭ ︵2025 ᠣᠨ︶︾ ᠢ ᠵᠡᠷᠭᠡ ᠳᠤ ᠨᠢ ᠰᠢᠨᠡᠳᠬᠡᠨ ᠨᠡᠶᠢᠲᠡᠯᠡᠵᠦ᠂ 29 ᠵᠦᠢᠯ ᠤᠨ ᠰᠢᠨ᠎ᠡ ᠲᠤᠰᠬᠠᠢ ᠮᠡᠷᠭᠡᠵᠢᠯ ᠢ ᠨᠡᠮᠡᠨ ᠵᠢᠭᠰᠠᠭᠠᠵᠤ᠂ 2025 ᠣᠨ ᠤ ᠶᠡᠭᠡ ᠳᠡᠭᠡᠳᠦ ᠰᠤᠷᠭᠠᠭᠤᠯᠢ ᠶᠢᠨ ᠰᠢᠯᠭᠠᠯᠲᠠ ᠪᠠᠷ ᠰᠣᠷᠣᠭᠴᠢ ᠡᠯᠰᠡᠬᠦ ᠪᠣᠯᠪᠠ᠃ ᠰᠢᠨ᠎ᠡ ᠭᠠᠷᠴᠠᠭ ᠲᠤ 93 ᠲᠤᠰᠬᠠᠢ ᠮᠡᠷᠭᠡᠵᠢᠯ ᠤᠨ ᠲᠥᠷᠥᠯ᠂ 845 ᠵᠦᠢᠯ ᠤᠨ ᠲᠤᠰᠬᠠᠢ ᠮᠡᠷᠭᠡᠵᠢᠯ ᠢ ᠪᠠᠭᠲᠠᠭᠠᠵᠤ᠂ ᠲᠤᠰᠬᠠᠢ ᠮᠡᠷᠭᠡᠵᠢᠯ ᠤᠨ ᠲᠣᠬᠢᠷᠠᠭᠤᠯᠤᠯᠲᠠ ᠶᠢ ᠤᠯᠤᠰ ᠤᠨ ᠪᠠᠶᠢᠯᠳᠤᠬᠤ ᠪᠣᠳᠣᠯᠭ᠎ᠠ ᠶᠢᠨ ᠪᠠᠴᠢᠮ ᠬᠡᠷᠡᠭᠴᠡᠭᠡ ᠪᠠ ᠴᠢᠨᠠᠷ ᠰᠠᠶᠢᠲᠠᠢ ᠬᠥᠭᠵᠢᠯᠲᠡ ᠳᠤ ᠲᠦᠷᠭᠡᠨ ᠨᠡᠶᠢᠴᠡᠭᠦᠯᠦᠨ ᠲᠣᠬᠢᠷᠠᠭᠤᠯᠬᠤ ᠪᠠᠨ ᠤᠯᠠᠮ ᠨᠢᠭᠡ ᠠᠯᠬᠤᠮ ᠴᠢᠩᠭᠠᠳᠬᠠᠪᠠ᠃
ᠤᠯᠤᠰ ᠤᠨ ᠪᠠᠶᠢᠯᠳᠤᠬᠤ ᠪᠣᠳᠣᠯᠭ᠎ᠠ ᠳᠤ ᠦᠢᠯᠡᠴᠢᠯᠡᠬᠦ ᠲᠠᠯ᠎ᠠ ᠪᠠᠷ᠂ ᠣᠷᠣᠨ ᠪᠦᠰᠡ ᠪᠠ ᠤᠯᠤᠰ ᠤᠳ ᠤᠨ ᠢᠯᠭᠠᠯ ᠤᠨ ᠤᠬᠠᠭᠠᠨ᠂ ᠨᠡᠭᠦᠷᠡᠰᠦᠲᠥ᠋ᠷᠥᠭᠴᠢ ᠶᠢᠨ ᠰᠠᠭᠠᠷᠮᠠᠭᠵᠢᠯ ᠤᠨ ᠰᠢᠨᠵᠢᠯᠡᠬᠦ ᠤᠬᠠᠭᠠᠨ ᠬᠢᠭᠡᠳ ᠢᠨᠵᠧᠨᠧᠷᠢᠩ᠂ ᠲᠡᠯᠡᠶ ᠲᠠᠩᠭᠢᠰ ᠤᠨ ᠰᠢᠨᠵᠢᠯᠡᠬᠦ ᠤᠬᠠᠭᠠᠨ ᠬᠢᠭᠡᠳ ᠲᠧᠭᠨᠢᠭ ᠮᠡᠷᠭᠡᠵᠢᠯ᠂ ᠡᠷᠡᠭᠦᠯ ᠮᠡᠨᠳᠦ ᠬᠢᠭᠡᠳ ᠡᠮᠴᠢᠯᠡᠭᠡᠨ ᠤ ᠪᠠᠲᠤᠯᠠᠭ᠎ᠠ ᠵᠡᠷᠭᠡ ᠲᠤᠰᠬᠠᠢ ᠮᠡᠷᠭᠡᠵᠢᠯ ᠢ ᠨᠡᠮᠡᠵᠦ ᠲᠣᠬᠢᠷᠠᠭᠤᠯᠪᠠ᠃
ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢᠨ ᠬᠤᠰᠢᠭᠤᠷᠠᠯ ᠳᠤ ᠬᠠᠨᠳᠤᠭᠤᠯᠤᠨ᠂ ᠣᠶᠤᠨᠴᠢ ᠮᠣᠯᠧᠺᠦ᠋ᠯ ᠤᠨ ᠢᠨᠵᠧᠨᠧᠷᠢᠩ᠂ ᠡᠮᠴᠢᠯᠡᠭᠡᠨ ᠤ ᠪᠠᠭᠠᠵᠢ ᠬᠡᠷᠡᠭᠰᠡᠯ ᠬᠢᠭᠡᠳ ᠲᠣᠨᠤᠭ ᠲᠥᠬᠦᠭᠡᠷᠦᠮᠵᠢ ᠶᠢᠨ ᠢᠨᠵᠧᠨᠧᠷᠢᠩ᠂ ᠴᠠᠭ ᠣᠷᠣᠨ ᠵᠠᠢ ᠶᠢᠨ ᠮᠡᠳᠡᠭᠡ ᠵᠠᠩᠭᠢ ᠶᠢᠨ ᠢᠨᠵᠧᠨᠧᠷᠢᠩ ᠵᠡᠷᠭᠡ ᠲᠤᠰᠬᠠᠢ ᠮᠡᠷᠭᠡᠵᠢᠯ ᠢ ᠨᠡᠮᠡᠵᠦ ᠲᠣᠬᠢᠷᠠᠭᠤᠯᠪᠠ᠃
ᠵᠠᠬ᠎ᠠ ᠳᠡᠯᠭᠡᠭᠦᠷ ᠤᠨ ᠬᠡᠷᠡᠭᠴᠡᠭᠡ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠤᠯᠠᠨ ᠤᠯᠤᠰ ᠤᠨ ᠰᠢᠤᠳᠠᠨ ᠤ ᠬᠥᠯᠭᠡ ᠣᠩᠭᠤᠴᠠᠨ ᠤ ᠬᠠᠮᠢᠶᠠᠷᠤᠯᠲᠠ᠂ ᠠᠭᠠᠷ ᠠᠶᠠᠯᠠᠯ ᠤᠨ ᠬᠥᠳᠡᠯᠭᠡᠭᠡᠨ ᠵᠡᠷᠭᠡ ᠲᠤᠰᠬᠠᠢ ᠮᠡᠷᠭᠡᠵᠢᠯ ᠢ ᠨᠡᠮᠡᠵᠦ ᠲᠣᠬᠢᠷᠠᠭᠤᠯᠪᠠ᠃
ᠠᠵᠤ ᠠᠬᠤᠢ ᠨᠡᠶᠢᠭᠡᠮ ᠤᠨ ᠬᠥᠭᠵᠢᠯᠲᠡ ᠶᠢ ᠵᠣᠬᠢᠶᠠᠮᠠᠯ ᠣᠶᠣᠨ ᠢᠶᠠᠷ ᠡᠷᠴᠢᠮᠯᠡᠬᠦ ᠳᠤ ᠠᠩᠬᠠᠷᠤᠯ ᠲᠥᠪᠯᠡᠷᠡᠭᠦᠯᠵᠦ᠂ ᠵᠣᠬᠢᠶᠠᠮᠠᠯ ᠣᠶᠣᠨ ᠤ ᠰᠤᠷᠭᠠᠨ ᠬᠥᠮᠦᠵᠢᠯ᠂ ᠣᠶᠤᠨᠴᠢ ᠠᠦ᠋ᠳᠢᠣ᠋ ᠸᠢᠳᠢᠣ᠋ ᠶᠢᠨ ᠢᠨᠵᠧᠨᠧᠷᠢᠩ᠂ ᠳ᠋ᠢᠭᠢᠲ ᠰᠢ ᠵᠦᠴᠦᠭᠡ ᠵᠡᠷᠭᠡ ᠲᠤᠰᠬᠠᠢ ᠮᠡᠷᠭᠡᠵᠢᠯ ᠢ ᠨᠡᠮᠡᠵᠦ ᠲᠣᠬᠢᠷᠠᠭᠤᠯᠪᠠ᠃
ᠣᠳᠣᠬᠠᠨ ᠳᠤ᠂ ᠪᠥᠬᠦ ᠤᠯᠤᠰ ᠤᠨ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠦᠨᠳᠦᠰᠦᠨ ᠠᠩᠭᠢ ᠶᠢᠨ ᠲᠤᠰᠬᠠᠢ ᠮᠡᠷᠭᠡᠵᠢᠯ ᠤᠨ ᠪᠠᠶᠢᠷᠢᠯᠠᠭᠤᠯᠤᠯᠲᠠ ᠨᠡᠶᠢᠲᠡ 6.28 ᠲᠦᠮᠡ ᠪᠠᠶᠢᠨ᠎ᠠ᠃ ᠰᠤᠷᠭᠠᠨ ᠬᠥᠮᠦᠵᠢᠯ ᠤᠨ ᠶᠠᠮᠤᠨ ᠲᠤᠰᠬᠠᠢ ᠮᠡᠷᠭᠡᠵᠢᠯ ᠤᠨ ᠲᠣᠬᠢᠷᠠᠭᠤᠯᠤᠯᠲᠠ ᠪᠠ ᠠᠵᠢᠯ ᠣᠯᠭᠤᠯᠲᠠ ᠶᠢᠨ ᠠᠵᠢᠯ ᠤᠨ ᠬᠤᠯᠪᠣᠯᠳᠤᠯ ᠢ ᠤᠯᠠᠮ ᠨᠢᠭᠡ ᠠᠯᠬᠤᠮ ᠴᠢᠩᠭᠠᠳᠬᠠᠵᠤ᠂ ᠶᠡᠭᠡ ᠳᠡᠭᠡᠳᠦ ᠰᠤᠷᠭᠠᠭᠤᠯᠢ ᠶᠢ ᠵᠢᠭᠠᠨ ᠵᠢᠯᠤᠭᠤᠳᠴᠤ ᠪᠠᠶᠢᠭᠠᠳ ᠦᠯᠡᠳᠡᠭᠡᠯ ᠲᠤᠰᠬᠠᠢ ᠮᠡᠷᠭᠡᠵᠢᠯ ᠢ ᠨᠢ ᠦᠷᠭᠦᠯᠵᠢᠯᠡᠨ ᠲᠣᠬᠢᠷᠠᠭᠤᠯᠤᠨ ᠰᠢᠯᠢᠳᠡᠭᠵᠢᠭᠦᠯᠬᠦ᠂ ᠡᠯ᠎ᠡ ᠬᠦᠷᠢᠶᠡᠨ ᠳᠠᠬᠢ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠪᠠᠨ ᠲᠥᠰᠥᠭᠡᠯᠡᠵᠦ ᠵᠠᠳᠠᠯᠬᠤ ᠶᠢ ᠴᠢᠩᠭᠠᠳᠬᠠᠨ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠬᠢᠭᠡᠳ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠵᠣᠬᠢᠴᠠᠯᠳᠤᠯ ᠢ ᠲᠠᠰᠤᠷᠠᠯᠲᠠ ᠦᠭᠡᠢ ᠴᠢᠩᠭᠠᠷᠠᠭᠤᠯᠬᠤ ᠪᠣᠯᠣᠨ᠎ᠠ᠃
