|
ᠬᠤᠪᠢᠯᠭᠠᠨ ᠣᠩᠭᠤᠴᠠ ᠬᠤᠷᠢᠳᠤᠭᠠᠷ ᠢ 4 ᠳ᠋ᠦ᠋ᠭᠡᠷ ᠰᠠᠷ᠎ᠠ ᠶᠢᠨ 24 ᠤ ᠡᠳᠦᠷ ᠤᠨ 17 ᠴᠠᠭ 17 ᠮᠢᠨᠦ᠋ᠲ ᠲᠤ ᠬᠠᠷᠪᠤᠬᠤ ᠪᠠᠷ ᠲᠣᠭᠲᠠᠪᠠ︕ ᠡᠳᠡᠭᠡᠷ | ᠰᠠᠨᠰᠠᠷᠴᠢᠳ ᠪᠣᠢ |
|
|
ᠨᠡᠶᠢᠲᠡᠯᠡᠭᠰᠡᠨ ᠴᠠᠭ᠄
2025/4/24
|
|
4 ᠳ᠋ᠦ᠋ᠭᠡᠷ ᠰᠠᠷ᠎ᠠ ᠶᠢᠨ 23 ᠤ ᠡᠳᠦᠷ᠂ ᠬᠤᠪᠢᠯᠭᠠᠨ ᠣᠩᠭᠤᠴᠠ ᠬᠤᠷᠢᠳᠤᠭᠠᠷ ᠬᠥᠮᠥᠨ ᠰᠠᠭᠤᠯᠭᠠᠭᠰᠠᠨ ᠨᠢᠰᠬᠦ ᠣᠩᠭᠤᠴᠠ ᠶᠢᠨ ᠨᠢᠰᠦᠯᠲᠡ ᠶᠢᠨ ᠡᠭᠦᠷᠭᠡ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠬᠤᠪᠢᠯᠭᠠᠨ ᠣᠩᠭᠤᠴᠠ ᠬᠤᠷᠢᠳᠤᠭᠠᠷ ᠢ 4 ᠳ᠋ᠦ᠋ᠭᠡᠷ ᠰᠠᠷ᠎ᠠ ᠶᠢᠨ 24 ᠤ ᠡᠳᠦᠷ ᠤᠨ 17 ᠴᠠᠭ 17 ᠮᠢᠨᠦ᠋ᠲ ᠲᠤ ᠬᠠᠷᠪᠤᠬᠤ ᠪᠠᠷ ᠲᠣᠭᠲᠠᠪᠠ᠃ ᠬᠤᠪᠢᠯᠭᠠᠨ ᠣᠩᠭᠤᠴᠠ ᠬᠤᠷᠢᠳᠤᠭᠠᠷ ᠬᠥᠮᠥᠨ ᠰᠠᠭᠤᠯᠭᠠᠭᠰᠠᠨ ᠨᠢᠰᠦᠯᠲᠡ ᠶᠢᠨ ᠡᠭᠦᠷᠭᠡ ᠶᠢᠨ ᠰᠠᠨᠰᠠᠷᠴᠢᠳ ᠤᠨ ᠳᠤᠭᠤᠶᠢᠯᠠᠩ ᠨᠢ ᠴᠧᠨ ᠳ᠋ᠦᠩ᠂ ᠴᠧᠨ ᠵᠥᠩ ᠷᠦᠢ᠂ ᠸᠠᠩ ᠵᠢᠶᠧ ᠪᠠᠷ ᠪᠦᠷᠢᠯᠳᠦᠵᠦ᠂ ᠴᠧᠨ ᠳ᠋ᠦᠩ ᠵᠢᠯᠣᠭᠤᠳᠤᠭᠴᠢ ᠳᠠᠷᠤᠭ᠎ᠠ ᠶᠢᠨ ᠲᠤᠰᠢᠶᠠᠯ ᠢ ᠡᠭᠦᠷᠭᠡᠯᠡᠨ᠎ᠡ᠃ ᠳᠤᠭᠤᠶᠢᠯᠠᠩ ᠳᠤ ᠰᠠᠨᠰᠠᠷ ᠠᠶᠠᠯᠠᠯ ᠤᠨ ᠵᠢᠯᠣᠭᠤᠳᠤᠭᠴᠢ 2 ᠂ ᠨᠢᠰᠦᠯᠲᠡ ᠶᠢᠨ ᠢᠨᠵᠧᠨᠧᠷ 1 ᠪᠠᠶᠢᠵᠤ᠂ ᠴᠧᠨ ᠳ᠋ᠦᠩ ᠤᠳᠠᠯ ᠦᠭᠡᠢ ᠬᠤᠶᠠᠳᠠᠭᠴᠢ ᠪᠦᠯᠦᠭ ᠤᠨ ᠰᠠᠨᠰᠠᠷᠴᠢᠨ ᠳᠣᠲᠣᠷᠠᠬᠢ 3 ᠤᠳᠠᠭ᠎ᠠ ᠰᠠᠨᠰᠠᠷ ᠢᠶᠠᠷ ᠠᠶᠠᠯᠠᠭᠰᠠᠨ ᠠᠩᠬᠠᠳᠠᠭᠴᠢ ᠰᠠᠨᠰᠠᠷᠴᠢᠨ ᠪᠣᠯᠬᠤ ᠭᠡᠵᠦ ᠪᠠᠶᠢᠨ᠎ᠠ᠂ ᠴᠧᠨ ᠵᠥᠩ ᠷᠦᠢ᠂ ᠸᠠᠩ ᠵᠢᠶᠧ ᠨᠢ ᠴᠥᠮ ᠭᠤᠷᠪᠠᠳᠠᠭᠴᠢ ᠪᠦᠯᠦᠭ ᠤᠨ ᠰᠠᠨᠰᠠᠷᠴᠢᠨ ᠪᠠᠶᠢᠵᠤ᠂ ᠬᠤᠪᠢ ᠬᠥᠮᠥᠨ ᠤ ᠠᠩᠬᠠᠳᠠᠭᠴᠢ ᠰᠠᠨᠰᠠᠷ ᠠᠶᠠᠯᠠᠯ ᠢᠶᠠᠨ ᠡᠬᠢᠯᠡᠭᠦᠯᠬᠦ ᠭᠡᠵᠦ ᠪᠠᠶᠢᠨ᠎ᠠ᠃



|
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ ᠤ ᠠᠯᠪᠠᠨ ᠨᠡᠶᠢᠲᠡᠯᠡᠯ
|