ᠪᠦᠬᠦ ᠤᠯᠤᠰ ᠤᠨ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠨᠠᠷ ᠤᠨ ᠬᠤᠷᠠᠯᠳᠤᠭᠠᠨ ᠪᠡᠭᠡᠵᠢᠩ ᠳᠤ ᠬᠤᠷᠠᠯᠳᠤᠪᠠ  ᠼᠠᠢ ᠴᠢ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2025/4/25

      ᠰᠢᠨᠬᠤᠸᠠ ᠬᠤᠷᠢᠶᠠᠨ ᠤ ᠪᠡᠭᠡᠵᠢᠩ ᠤᠨ 4 ᠳ᠋ᠦ᠋ᠭᠡᠷ ᠰᠠᠷ᠎ᠠ ᠶᠢᠨ 24 ᠤ ᠡᠳᠦᠷ ᠤᠨ ᠴᠠᠭᠢᠯᠭᠠᠨ ᠮᠡᠳᠡᠭᠡ 4 ᠳ᠋ᠦ᠋ᠭᠡᠷ ᠰᠠᠷ᠎ᠠ ᠶᠢᠨ 24 ᠤ ᠡᠳᠦᠷ ᠪᠦᠭᠦ ᠤᠯᠤᠰ ᠤᠨ ᠨᠠᠮ ᠤᠨ ᠬᠤᠷᠢᠶ᠎ᠡ ᠪᠤᠯᠣᠠ ᠵᠠᠰᠠᠭ ᠤᠨ ᠣᠷᠲᠣᠠ ᠤ ᠨᠠᠷᠢᠨ ᠪᠢᠴᠢᠭ ᠤᠨ ᠲᠠᠷᠤᠭ᠎ᠠ ᠨᠠᠷ ᠤᠨ ᠬᠤᠷᠠᠯᠳᠤᠭᠠᠨ ᠪᠡᠭᠡᠵᠢᠩ ᠳᠤ ᠬᠤᠷᠠᠯᠲᠣᠪᠠ᠃ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠠᠯᠪᠠᠨ ᠲᠢᠩᠬᠢᠮ᠋ ᠤᠨ ᠡᠷᠬᠢᠯᠡᠭᠴᠢ ᠼᠠᠢ ᠴᠢ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃

全国党委和政府秘书长会议在京召开 蔡奇出席并讲话.jpg

4 ᠳ᠋ᠦ᠋ᠭᠡᠷ ᠰᠠᠷ᠎ᠠ ᠶᠢᠨ 24 ᠤ ᠡᠳᠦᠷ᠂ ᠪᠦᠭᠦ ᠤᠯᠤᠰ ᠤᠨ ᠨᠠᠮ ᠤᠨ ᠬᠤᠷᠢᠶ᠎ᠡ ᠪᠤᠯᠣᠠ ᠵᠠᠰᠠᠭ ᠤᠨ ᠣᠷᠲᠣᠠ ᠤ ᠨᠠᠷᠢᠨ ᠪᠢᠴᠢᠭ ᠤᠨ ᠲᠠᠷᠤᠭ᠎ᠠ ᠨᠠᠷ ᠤᠨ ᠬᠤᠷᠠᠯᠳᠤᠭᠠᠨ ᠪᠡᠭᠡᠵᠢᠩ ᠳᠤ ᠬᠤᠷᠠᠯᠲᠣᠪᠠ᠃ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠠᠯᠪᠠᠨ ᠲᠢᠩᠬᠢᠮ ᠤᠨ ᠡᠷᠬᠢᠯᠡᠭᠴᠢ ᠼᠠᠢ ᠴᠢ ᠬᠤᠷᠠᠯᠳᠤᠭᠠᠨ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠶᠢᠨ ᠪᠦᠸᠧ ᠭᠦ᠋ ᠰᠡᠭᠦᠳᠡᠷᠯᠡᠪᠡ

      ᠬᠤᠷᠠᠯᠳᠤᠭᠠᠨ ᠢᠶᠠᠷ ᠴᠢᠬᠤᠯᠠᠴᠢᠯᠠᠬᠤ ᠳᠤ ᠪᠠᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠠᠯᠪᠠᠨ ᠲᠢᠩᠬᠢᠮ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢᠨ ᠬᠤᠰᠢᠭᠤᠴᠢ ᠪᠣᠯᠬᠤ ᠬᠡᠷᠡᠭᠲᠡᠢ᠃ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠲᠥᠪ ᠤᠨ ᠨᠠᠢᠮᠠᠨ ᠵᠣᠷᠪᠣᠰ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠲᠦᠷᠦᠭᠦᠯᠡᠨ ᠨᠠᠶᠢᠳᠠᠪᠤᠷᠢᠵᠢᠭᠤᠯᠵᠤ᠂ ᠬᠡᠯᠪᠡᠷᠢᠴᠢ ᠦᠵᠡᠯ ᠢ ᠦᠷᠭᠦᠯᠵᠢᠯᠡᠨ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠬᠡᠷᠡᠭᠲᠡᠶ᠃ ᠡᠯ᠎ᠡ ᠱᠠᠲᠤᠨ ᠤ ᠠᠯᠪᠠᠨ ᠲᠢᠩᠬᠢᠮ ︽ᠲᠠᠪᠤ ᠶᠢ ᠪᠠᠷᠢᠮᠲᠠᠯᠠᠬᠤ︾ ᠶᠢ ᠭᠦᠨᠵᠡᠭᠡᠶ ᠦᠢᠯᠡᠳᠦᠯᠭᠡᠵᠢᠭᠦᠯᠵᠦ᠂ ᠲᠣᠰ ᠪᠡᠶ᠎ᠡ ᠶᠢᠨ ᠪᠠᠶᠢᠭᠤᠯᠤᠯᠲᠠ ᠪᠠᠨ ᠲᠦᠷᠦᠭᠦᠯᠡᠨ ᠴᠢᠩᠭᠠᠳᠬᠠᠵᠤ᠂ ᠠᠯᠪᠠᠨ ᠲᠢᠩᠬᠢᠮ ᠤᠨ ᠤᠯᠤᠰ ᠲᠥᠷᠥ ᠶᠢᠨ ᠴᠢᠳᠠᠪᠤᠷᠢ᠂ ᠲᠤᠬᠠᠶᠢᠯᠠᠭᠰᠠᠨ ᠠᠵᠢᠯ ᠤᠨ ᠬᠡᠪ ᠴᠢᠨᠠᠷ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠭᠤᠷᠪᠠ ᠳᠤ ᠦᠢᠯᠡᠴᠢᠯᠡᠬᠦ︾ ᠠᠵᠢᠯ ᠤᠨ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠨᠠᠮ ᠢᠶᠠᠨ ᠰᠠᠨᠠᠭ᠎ᠠ ᠠᠮᠤᠷ᠂ ᠠᠷᠠᠳ ᠲᠦᠮᠡᠨ ᠢᠶᠠᠨ ᠰᠡᠳᠬᠢᠯ ᠬᠠᠨᠤᠮᠵᠢᠲᠠᠶ ᠪᠠᠶᠢᠯᠭᠠᠬᠤ ᠵᠢᠱᠢᠶᠡᠴᠢ ᠪᠠᠶᠢᠭᠤᠯᠭ᠎ᠠ ᠶᠢ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠥᠲᠥᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠥᠬᠦ ᠲᠠᠯ᠎ᠠ ᠪᠠᠷ ᠠᠬᠢᠭᠤᠯᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠶ᠃ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ᠂ ᠠᠯᠪᠠᠨ ᠲᠢᠩᠬᠢᠮ ᠤᠨ ᠡᠷᠬᠢᠯᠡᠭᠴᠢ ᠨᠠᠷ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠴᠠᠭᠠᠷᠠᠭᠰᠠᠨ ᠰᠤᠷᠲᠠᠯ ᠢᠶᠠᠨ ᠳᠠᠪᠲᠠᠨ ᠪᠣᠯᠪᠠᠰᠤᠷᠠᠭᠤᠯᠵᠤ᠂ ᠰᠠᠶᠢᠨ ᠵᠥᠪᠯᠡᠭᠴᠢ ᠲᠤᠰᠠᠯᠠᠭᠴᠢ ᠪᠣᠯᠬᠤ ᠬᠡᠷᠡᠭᠲᠡᠶ ᠭᠡᠵᠡᠢ᠃

      ᠲᠥᠷᠥ ᠶᠢᠨ ᠶᠠᠪᠤᠳᠠᠯ ᠤᠨ ᠬᠤᠷᠢᠶᠠᠨ ᠤ ᠭᠡᠰᠢᠭᠦᠨ ᠪᠥᠭᠡᠳ ᠲᠥᠷᠥ ᠶᠢᠨ ᠶᠠᠪᠤᠳᠠᠯ ᠤᠨ ᠬᠤᠷᠢᠶᠠᠨ ᠤ ᠨᠠᠷᠢᠨ ᠪᠢᠴᠢᠭ ᠤᠨ ᠳᠠᠷᠤᠭ᠎ᠠ ᠡᠦ ᠵᠧᠩ ᠯᠦᠩ ᠳ᠋ᠦᠩᠨᠡᠯᠲᠡ ᠶᠢᠨ ᠶᠠᠷᠢᠶ᠎ᠠ ᠲᠠᠯᠪᠢᠪᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ