ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ
ᠦᠪᠦᠷ ᠵᠠᠰᠠᠭ ᠦᠰᠦᠭ ﹇2025﹈ 48 ᠳ᠋ᠤᠭᠠᠷ ᠲᠤᠭᠠᠲᠤ
︽ᠪᠠᠶᠠᠨᠨᠠᠭᠤᠷ ᠬᠤᠲᠠ ᠶᠢᠨ ᠯᠢᠨᠾᠧ ᠲᠤᠭᠤᠷᠢᠭ ᠤᠨ ᠭᠠᠵᠠᠷ ᠰᠢᠷᠦᠢ ᠶᠢ ᠲᠠᠳᠠᠪᠤᠷᠢᠯᠠᠨ ᠬᠤᠷᠢᠶᠠᠵᠦ ᠬᠡᠰᠡᠭ ᠢᠶᠠᠷ ᠨᠡᠭᠡᠭᠡᠨ ᠭᠦᠭᠵᠢᠬᠦᠯᠬᠦ ᠲᠣᠬᠢᠷᠠᠭᠤᠯᠤᠯᠲᠠ ᠶᠢᠨ
ᠲᠥᠰᠦᠯ︾ ᠤᠨ ᠲᠤᠬᠠᠢ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠤ ᠴᠤᠬᠤᠯᠠᠪᠤᠷᠢ
ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ᠄
ᠲᠠᠨ ᠤ ᠬᠤᠲᠠ ᠶᠢᠨ ︽ᠯᠢᠨᠾᠧ ᠲᠤᠭᠤᠷᠢᠭ ᠤᠨ ᠭᠠᠵᠠᠷ ᠰᠢᠷᠦᠢ ᠶᠢ ᠲᠠᠳᠠᠪᠤᠷᠢᠯᠠᠨ ᠬᠤᠷᠢᠶᠠᠵᠦ ᠬᠡᠰᠡᠭ ᠢᠶᠠᠷ ᠨᠡᠭᠡᠭᠡᠨ ᠭᠦᠭᠵᠢᠬᠦᠯᠬᠦ ᠲᠣᠬᠢᠷᠠᠭᠤᠯᠤᠯᠲᠠ ᠶᠢᠨ ᠲᠥᠰᠦᠯ ᠤᠨ ᠲᠤᠬᠠᠢ ᠡᠰᠢᠯᠡᠯᠲᠡ︾ ︵ᠪᠠᠶᠠᠨᠨᠠᠭᠤᠷ ᠵᠠᠰᠠᠭ ᠮᠡᠳᠡᠭᠦᠯᠦᠯᠲᠡ ﹇2025﹈ 22 ᠳ᠋ᠤᠭᠠᠷ ᠲᠤᠭᠠᠲᠤ︶ ᠶᠢ ᠭᠦᠯᠢᠶᠡᠨ ᠠᠪᠴᠤ ᠤᠶᠢᠯᠠᠭᠠᠯ᠎ᠠ᠃ ᠡᠳᠦᠬᠡ ᠲᠤᠤᠷᠠᠬᠢ ᠮᠡᠲᠦ ᠴᠤᠬᠤᠯᠠᠪᠤᠷᠢᠯᠠᠪᠠ᠄
ᠦᠪᠡᠷᠳᠡᠬᠡᠨ ᠵᠠᠰᠠᠬᠤ ᠤᠷᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠲᠤᠰᠬᠠᠢ ᠮᠡᠷᠬᠡᠵᠢᠯᠳᠡᠨ ᠢ ᠵᠤᠬᠢᠶᠠᠨ ᠪᠠᠶᠢᠭᠤᠯᠵᠦ ᠨᠣᠳᠠᠯᠠᠭᠤᠯᠬᠤ ᠪᠠ ᠬᠢᠨᠠᠨ ᠪᠠᠶᠢᠴᠠᠭᠠᠯᠭᠠᠭᠠᠳ᠂ ︽ᠪᠠᠶᠠᠨᠨᠠᠭᠤᠷ ᠬᠤᠲᠠ ᠶᠢᠨ ᠯᠢᠨᠾᠧ ᠲᠤᠭᠤᠷᠢᠭ ᠤᠨ ᠭᠠᠵᠠᠷ ᠰᠢᠷᠦᠢ ᠶᠢ ᠲᠠᠳᠠᠪᠤᠷᠢᠯᠠᠨ ᠬᠤᠷᠢᠶᠠᠵᠦ ᠬᠡᠰᠡᠭ ᠢᠶᠠᠷ ᠨᠡᠭᠡᠭᠡᠨ ᠭᠦᠭᠵᠢᠬᠦᠯᠬᠦ ᠲᠣᠬᠢᠷᠠᠭᠤᠯᠤᠯᠲᠠ ᠶᠢᠨ ᠲᠥᠰᠦᠯ︾ ᠨᠢ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠭᠠᠵᠠᠷ ᠰᠢᠷᠦᠢ ᠶᠢᠨ ᠬᠠᠮᠢᠶᠠᠷᠤᠯᠲᠠ ᠶᠢᠨ ᠬᠠᠤᠯᠢ︾᠂ ︽︿ᠭᠠᠵᠠᠷ ᠰᠢᠷᠦᠢ ᠶᠢ ᠳᠠᠳᠠᠪᠤᠷᠢᠯᠠᠨ ᠬᠤᠷᠢᠶᠠᠵᠦ ᠬᠡᠰᠡᠭ ᠢᠶᠠᠷ ᠨᠡᠬᠡᠬᠡᠨ ᠭᠦᠭᠵᠢᠬᠦᠯᠬᠦ ᠪᠠᠷᠢᠮᠵᠢᠶ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠮᠡᠳᠡᠭᠳᠡᠯ︾ ︵ᠪᠠᠶᠢᠭᠠᠯᠢ ᠡᠬᠢ ᠲᠤᠨᠨᠳᠠᠭᠠᠯ ﹇2023﹈ 7 ᠳ᠋ᠤᠭᠠᠷ ᠲᠤᠭᠠᠲᠤ︶ ᠪᠠ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠭᠠᠵᠠᠷ ᠰᠢᠷᠦᠢ ᠶᠢ ᠳᠠᠳᠠᠪᠤᠷᠢᠯᠠᠨ ᠬᠤᠷᠢᠶᠠᠵᠦ ᠬᠡᠰᠡᠭ ᠢᠶᠠᠷ ᠨᠡᠬᠡᠬᠡᠨ ᠭᠦᠭᠵᠢᠬᠦᠯᠬᠦ ᠶᠢ ᠬᠡᠷᠡᠭᠵᠢᠬᠦᠯᠬᠦ ᠨᠠᠷᠢᠨ ᠲᠦᠷᠢᠮ ︵ᠲᠤᠷᠰᠢᠨ ᠬᠡᠷᠡᠭᠵᠢᠬᠦᠯᠬᠦ︶︾᠂ ︽ᠭᠠᠵᠠᠷ ᠰᠢᠷᠦᠢ ᠶᠢ ᠳᠠᠳᠠᠪᠤᠷᠢᠯᠠᠨ ᠬᠤᠷᠢᠶᠠᠵᠦ ᠬᠡᠰᠡᠭ ᠢᠶᠠᠷ ᠨᠡᠬᠡᠬᠡᠨ ᠭᠦᠭᠵᠢᠬᠦᠯᠬᠦ ᠲᠦᠰᠦᠯ ᠤᠨ ᠬᠤᠯᠪᠤᠨᠨᠳᠠᠯ ᠪᠦᠭᠦᠢ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠢ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠮᠡᠳᠡᠭᠳᠡᠯ︾ ︵ᠦᠪᠦᠷ ᠪᠠᠶᠢᠭᠠᠯᠢ ᠡᠬᠢ ᠦᠰᠦᠭ ﹇2024﹈ 15 ᠳ᠋ᠤᠭᠠᠷ ᠲᠤᠭᠠᠲᠤ︶ ᠤᠨ ᠱᠠᠭᠠᠷᠳᠠᠯᠭ᠎ᠠ ᠳᠤ ᠨᠡᠶᠢᠴᠡᠵᠦ᠂ ᠤᠯᠤᠰ ᠤᠨ ᠨᠣᠳᠤᠭ ᠲᠡᠪᠢᠰᠬᠡᠷ ᠤᠨ ᠤᠷᠤᠨ ᠵᠠᠢ ᠶᠢᠨ ᠶᠡᠷᠦᠩᠬᠡᠢ ᠲᠦᠯᠦᠪᠵᠢᠬᠦᠯᠬᠡ ᠶᠢᠨ ᠬᠠᠮᠢᠶᠠᠷᠤᠨ ᠡᠵᠡᠮᠳᠡᠬᠦ ᠲᠦᠷᠢᠮ ᠳᠤ ᠨᠡᠶᠢᠴᠡᠵᠦ ᠪᠠᠶᠢᠨ᠎ᠠ᠂ ᠡᠶᠢᠨ ᠬᠦ ︽ᠪᠠᠶᠠᠨᠨᠠᠭᠤᠷ ᠬᠤᠲᠠ ᠶᠢᠨ ᠯᠢᠨᠾᠧ ᠲᠤᠭᠤᠷᠢᠭ ᠤᠨ ᠭᠠᠵᠠᠷ ᠰᠢᠷᠦᠢ ᠶᠢ ᠲᠠᠳᠠᠪᠤᠷᠢᠯᠠᠨ ᠬᠤᠷᠢᠶᠠᠵᠦ ᠬᠡᠰᠡᠭ ᠢᠶᠠᠷ ᠨᠡᠭᠡᠭᠡᠨ ᠭᠦᠭᠵᠢᠬᠦᠯᠬᠦ ᠲᠣᠬᠢᠷᠠᠭᠤᠯᠤᠯᠲᠠ ᠶᠢᠨ ᠲᠥᠰᠦᠯ︾ ᠢ ᠵᠠᠷᠴᠢᠮ ᠳᠡᠭᠡᠷ᠎ᠡ ᠪᠠᠨ ᠵᠦᠪᠰᠢᠶᠡᠷᠡᠪᠡ᠂ ᠡᠯ᠎ᠡ ᠵᠦᠢᠯ ᠤᠨ ᠠᠵᠢᠯ ᠢᠶᠠᠨ ᠬᠠᠤᠯᠢ ᠲᠤᠨᠨᠳᠠᠭᠠᠯ ᠶᠤᠰᠤᠭᠠᠷ ᠰᠠᠶᠢᠳᠤᠷ ᠬᠢᠳᠦᠬᠡᠢ᠃
2025 ᠤᠨ ᠤ 3 ᠳ᠋ᠤᠭᠠᠷ ᠰᠠᠷ᠎ᠠ ᠶᠢᠨ 17 ᠤ ᠡᠳᠦᠷ
︵ᠲᠤᠰ ᠪᠢᠴᠢᠭ ᠮᠠᠲ᠋ᠧᠷᠢᠶᠠᠯ ᠢ ᠢᠯᠡ ᠨᠡᠶᠢᠳᠡᠯᠡᠨ᠎ᠡ︶