︽ᠥᠪᠥᠷ ᠮᠣᠩᠭᠤᠯ ᠤᠨ ᠨᠢᠭᠡ ᠭᠠᠷᠠᠭ ᠤᠨ ᠵᠠᠰᠠᠭ ᠤᠨ ᠶᠠᠪᠤᠳᠠᠯ︾ ᠭᠡᠬᠦ ᠪᠤᠯᠤᠩ ᠨᠢ ᠲᠠᠨ ᠳᠤ ᠭᠠᠷᠠᠭ ᠪᠦᠷᠢ ᠶᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠵᠠᠰᠠᠭ ᠤᠨ ᠶᠠᠪᠤᠳᠠᠯ ᠤᠨ ᠠᠵᠢᠯᠯᠠᠭ᠎ᠠ᠂ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠲᠥᠷᠥ ᠶᠢᠨ ᠪᠣᠳᠣᠯᠭ᠎ᠠ ᠬᠢᠭᠡᠳ ᠲᠡᠭᠦᠨ ᠤ ᠲᠠᠶᠢᠯᠤᠮᠵᠢ ᠶᠢ ᠡᠮᠬᠢᠯᠡᠨ ᠲᠢᠭᠯᠡᠵᠦ᠂ ᠭᠠᠷᠠᠭ ᠪᠦᠷᠢ ᠶᠢᠨ ᠵᠠᠰᠠᠭ ᠤᠨ ᠰᠢᠨ᠎ᠡ ᠶᠠᠪᠤᠳᠠᠯ ᠢ ᠲᠦᠷᠭᠡᠨ ᠣᠶᠢᠯᠠᠭᠠᠭᠤᠯᠬᠤ ᠪᠣᠯᠣᠨ᠎ᠠ᠃
ᠤᠳᠤᠷᠢᠳᠤᠯᠭ᠎ᠠ ᠶᠢᠨ ᠠᠵᠢᠯᠯᠠᠭ᠎ᠠ
ᠰᠦᠨ ᠱᠤᠤ ᠴᠧᠩ
ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠣᠷᠣᠯᠴᠠᠪᠠ
4 ᠳ᠋ᠦ᠋ᠭᠡᠷ ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠰᠦᠨ ᠱᠣᠸ ᠴᠧᠩ᠂ ᠸᠠᠩ ᠯᠢ ᠰᠢᠶᠠ᠂ ᠵᠠᠩ ᠶᠠᠨ ᠺᠦᠨ ᠨᠠᠷ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠵᠢᠢ ᠱᠠ ᠴᠡᠴᠡᠷᠯᠢᠭ ᠲᠤ ᠬᠦᠷᠴᠦ᠂ ᠺᠠᠳ᠋ᠷ ᠣᠯᠠᠨ ᠲᠦᠮᠡᠨ ᠲᠠᠢ ᠬᠠᠮᠲᠤ ᠪᠠᠷ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠪᠠ᠃
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ 2024 ᠣᠨ ᠤ ︽ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠭᠰᠠᠨ ᠰᠠᠶᠢᠨ ᠺᠠᠳ᠋ᠷ︾ ᠢ ᠨᠡᠷᠡᠶᠢᠳᠬᠦ ᠬᠤᠷᠠᠯ ᠳᠡᠭᠡᠷ᠎ᠡ ᠶᠠᠷᠢᠶ᠎ᠠ ᠲᠠᠯᠪᠢᠵᠠᠢ
4 ᠳ᠋ᠦ᠋ᠭᠡᠷ ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ 2024 ᠣᠨ ᠤ ︽ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠭᠰᠠᠨ ᠰᠠᠶᠢᠨ ᠺᠠᠳ᠋ᠷ︾ ᠢ ᠨᠡᠷᠡᠶᠢᠳᠬᠦ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠬᠤᠷᠠᠯ ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠵᠠᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠢ ᠡᠷᠬᠢᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠬᠠᠮᠢᠶ᠎ᠠ ᠪᠦᠬᠦᠢ ᠤᠳᠤᠷᠢᠳᠬᠤ ᠨᠥᠬᠦᠳ ᠲᠤᠰ ᠬᠤᠷᠠᠯ ᠳᠤ ᠣᠷᠣᠯᠴᠠᠪᠠ᠃
ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠢ
4 ᠳ᠋ᠦ᠋ᠭᠡᠷ ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠥᠬᠡᠬᠤᠲᠠ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠬᠤᠷᠠᠯ ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠵᠠᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠶᠠᠩ ᠰᠢᠶᠣᠣ ᠺᠠᠩ᠂ ᠯᠢ ᠢᠦᠢ ᠭᠠᠩ᠂ ᠪᠦᠦ ᠰᠢᠶᠠᠨ ᠬᠤᠸᠠ᠂ ᠯᠢᠨ ᠱᠤᠤ ᠴᠦᠨ᠂ ᠵᠠᠩ ᠱᠤᠤ ᠴᠦᠨ᠂ ᠴᠢ᠊ ᠪᠠᠲᠤ ᠨᠠᠷ ᠲᠤᠰ ᠬᠤᠷᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠱᠢ ᠭᠤᠸᠠᠩ ᠬᠤᠢ ᠬᠥᠬᠢᠭᠦᠯᠦᠨ ᠰᠠᠶᠢᠰᠢᠶᠠᠬᠤ ᠲᠣᠭᠲᠠᠭᠠᠯ ᠢ ᠤᠩᠰᠢᠨ ᠨᠡᠶᠢᠲᠡᠯᠡᠪᠡ᠃
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠢ ᠡᠷᠬᠢᠯᠡᠪᠡ
4 ᠳ᠋ᠦ᠋ᠭᠡᠷ ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠬᠤᠶᠠᠷ ᠢ ᠬᠦᠷᠢᠶᠡᠯᠡᠬᠦ ᠠᠵᠢᠯ ᠤᠨ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠣᠷᠣᠨ ᠤ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠬᠤᠷᠠᠯ ᠢ ᠡᠷᠬᠢᠯᠡᠪᠡ᠃
ᠸᠠᠩ ᠯᠢ ᠰᠢᠶᠠ
ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
4 ᠳ᠋ᠦ᠋ᠭᠡᠷ ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃
ᠵᠧᠩ ᠭᠤᠸᠠᠩ ᠵᠣᠣ
ᠪᠥᠬᠦ ᠣᠷᠣᠨ ᠤ ᠣᠶ ᠰᠢᠭᠤᠢ ᠨᠤᠲᠤᠭ ᠪᠡᠯᠴᠢᠭᠡᠷ ᠢ ᠡᠪᠳᠡᠨ ᠰᠦᠢᠳᠬᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠠᠬᠢᠭᠤᠯᠬᠤ ᠸᠢᠳᠢᠣ᠋ ᠬᠤᠷᠠᠯ ᠳᠤ ᠣᠷᠣᠯᠴᠠᠪᠠ
4 ᠳ᠋ᠦ᠋ᠭᠡᠷ ᠰᠠᠷ᠎ᠠ ᠶᠢᠨ 23 ᠤ ᠡᠳᠦᠷ᠂ ᠪᠥᠬᠦ ᠣᠷᠣᠨ ᠤ ᠣᠶ ᠰᠢᠭᠤᠢ ᠨᠤᠲᠤᠭ ᠪᠡᠯᠴᠢᠭᠡᠷ ᠢ ᠡᠪᠳᠡᠨ ᠰᠦᠢᠳᠬᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠠᠬᠢᠭᠤᠯᠬᠤ ᠸᠢᠳᠢᠣ᠋ ᠬᠤᠷᠠᠯ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠱᠢ ᠭᠤᠸᠠᠩ ᠬᠤᠢ ᠶᠠᠷᠢᠶ᠎ᠠ ᠲᠠᠯᠪᠢᠵᠠᠢ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠯᠢᠦ ᠱᠤᠸᠠᠩ᠂ ᠵᠧᠩ ᠭᠤᠸᠠᠩ ᠵᠣᠣ᠂ ᠶᠣᠣ ᠶᠦᠩ ᠪᠥᠸᠧ ᠪᠠ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ︽ᠬᠤᠶᠠᠷ ᠳᠠᠷᠤᠭ᠎ᠠ︾ ᠶᠠᠩ ᠽᠥᠩ ᠷᠧᠨ᠂ ᠯᠢ ᠶᠦᠩ ᠵᠢᠶᠦ᠋ᠨ ᠲᠤᠰ ᠬᠤᠷᠠᠯ ᠳᠤ ᠣᠷᠣᠯᠴᠠᠵᠠᠢ᠃
ᠲᠦᠷᠦ ᠶᠢᠨ ᠪᠣᠳᠣᠯᠭ᠎ᠠ ᠶᠢᠨ ᠨᠡᠶᠢᠲᠡᠯᠡᠯ
︽ᠬᠥᠬᠡᠬᠤᠲᠠ ᠶᠢᠨ ᠰᠠᠶᠢᠬᠠᠨ ᠲᠣᠭᠤᠷᠢᠭ ᠤᠨ ᠭᠠᠵᠠᠷ ᠰᠢᠷᠣᠢ ᠶᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠥᠰᠥᠯ ︵2025 ᠣᠨ︶︾ ᠤᠨ ᠲᠤᠬᠠᠢ ᠴᠣᠬᠤᠯᠠᠪᠤᠷᠢ
ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ᠬᠥᠬᠡᠬᠤᠲᠠ ᠶᠢᠨ ᠰᠠᠶᠢᠬᠠᠨ ᠲᠣᠭᠤᠷᠢᠭ ᠤᠨ ᠭᠠᠵᠠᠷ ᠰᠢᠷᠣᠢ ᠶᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠥᠰᠥᠯ ︵2025 ᠣᠨ︶︾ ᠤᠨ ᠲᠤᠬᠠᠢ ᠴᠣᠬᠤᠯᠠᠪᠤᠷᠢ ︵ᠥᠪᠥᠷ ᠵᠠᠰᠠᠭ ᠥᠰᠥᠭ ﹇2025﹈ 55 ᠳ᠋ᠤᠭᠠᠷ ᠲᠣᠭᠠᠲᠤ︶ ᠶᠢ ᠳᠠᠷᠤᠮᠠᠯᠯᠠᠨ ᠶᠠᠪᠤᠭᠤᠯᠪᠠ᠃