4 ᠰᠠᠷ᠎ᠠ ᠶᠢᠨ 25 ᠤ ᠡᠳᠦᠷ᠂ ᠤᠯᠤᠰ ᠤᠨ ᠡᠨᠧᠷᠭᠢ ᠶᠢᠨ ᠱᠧᠨ ᠳ᠋ᠦᠩ ᠨᠡᠭᠦᠷᠡᠰᠦᠨ ᠤ ᠪᠦᠯᠦᠭᠯᠡᠯ ᠤᠨ ᠱᠠᠩ ᠸᠠᠨ ᠨᠡᠭᠦᠷᠡᠰᠦᠨ ᠠᠭᠤᠷᠬᠠᠶ ᠶᠢᠨ 100 ᠭᠠᠷᠤᠶ ᠮᠧᠲᠷ ᠭᠦᠨ ᠠᠭᠤᠷᠬᠠᠶ ᠶᠢᠨ ᠬᠤᠳᠳᠤᠭ ᠳᠣᠲᠣᠷ᠎ᠠ᠂ ᠤᠨᠴᠠ ᠶᠡᠭᠡ ᠨᠡᠭᠦᠷᠡᠰᠦ ᠮᠠᠯᠲᠠᠬᠤ ᠥᠨᠳᠥᠷ ᠤᠨ ᠬᠡᠮᠵᠢᠶ᠎ᠡ ᠲᠠᠢ ᠶᠡᠷᠦᠩᠬᠡᠶᠢᠯᠡᠭᠰᠡᠨ ᠨᠡᠭᠦᠷᠡᠰᠦ ᠮᠠᠯᠲᠠᠬᠤ ᠠᠵᠢᠯ ᠤᠨ ᠲᠠᠯᠠᠪᠤᠷ ᠤᠨ ᠨᠡᠭᠦᠷᠡᠰᠦ ᠮᠠᠯᠲᠠᠬᠤ ᠮᠠᠰᠢᠨ ᠶᠠᠭ ᠪᠦᠬᠦ ᠬᠦᠴᠦᠨ ᠢᠶᠠᠷ ᠢᠶᠠᠨ ᠠᠵᠢᠯᠯᠠᠵᠦ ᠪᠠᠶᠢᠪᠠ᠃ ᠱᠠᠩ ᠸᠠᠨ ᠨᠡᠭᠦᠷᠡᠰᠦᠨ ᠠᠭᠤᠷᠬᠠᠶ ᠶᠢᠨ ᠶᠡᠷᠦᠩᠬᠡᠶᠢᠯᠡᠭᠰᠡᠨ ᠨᠡᠭᠦᠷᠡᠰᠦ ᠮᠠᠯᠲᠠᠬᠤ ᠨᠢᠭᠡᠳᠦᠭᠡᠷ ᠠᠩᠭᠢ ᠶᠢᠨ ᠦᠢᠯᠡᠳᠪᠦᠷᠢᠯᠡᠯ ᠤᠨ ᠨᠢᠭᠡᠳᠦᠭᠡᠷ ᠲᠤᠭᠤᠶᠢᠯᠡᠩ ᠤᠨ ᠳᠠᠷᠤᠭ᠎ᠠ ᠪᠥᠭᠡᠳ ᠨᠡᠭᠦᠷᠡᠰᠦ ᠮᠠᠯᠲᠠᠬᠤ ᠮᠠᠰᠢᠨ ᠤ ᠵᠢᠯᠣᠭᠤᠴᠢ ᠬᠣ᠋ ᠶᠦᠩ ᠭᠠᠩ ᠬᠠᠮᠲᠤ ᠠᠵᠢᠯᠲᠠᠨ ᠲᠠᠢ ᠪᠠᠨ ᠮᠠᠯᠲᠠᠵᠤ ᠭᠠᠷᠭᠠᠭᠰᠠᠨ ᠨᠡᠭᠦᠷᠡᠰᠦ ᠶᠢ ᠲᠠᠮᠵᠢᠭᠤᠯᠬᠤ ᠮᠠᠰᠢᠨ ᠢᠶᠠᠷ ᠭᠠᠳᠠᠭᠰᠢ ᠬᠦᠷᠭᠡᠨ᠎ᠡ ᠁
ᠡᠨᠡ ᠵᠢᠯ 36 ᠨᠠᠰᠤᠲᠠᠢ ᠬᠣ᠋ ᠶᠦᠩ ᠭᠠᠩ ᠱᠠᠩ ᠸᠠᠨ ᠨᠡᠭᠦᠷᠡᠰᠦᠨ ᠠᠭᠤᠷᠬᠠᠢ ᠳᠤ ᠨᠢᠭᠡᠨᠲᠡ 15 ᠵᠢᠯ ᠠᠵᠢᠯᠯᠠᠵᠤ᠂ ᠤᠷᠢᠳ ᠬᠤᠵᠢᠳ ᠨᠡᠭᠦᠷᠡᠰᠦ ᠮᠠᠯᠲᠠᠬᠤ ᠮᠠᠰᠢᠨ ᠤ ᠪᠠᠶᠢᠴᠠᠭᠠᠨ ᠵᠠᠰᠠᠬᠤ ᠠᠵᠢᠯᠲᠠᠨ ᠵᠡᠷᠭᠡ ᠠᠵᠢᠯ ᠬᠢᠵᠦ᠂ ᠤᠳᠤ ᠬᠤᠳᠳᠤᠭ ᠲᠤᠳᠤᠷ᠎ᠠ ᠨᠡᠭᠦᠷᠡᠰᠦ ᠮᠠᠯᠲᠠᠬᠤ ᠮᠠᠰᠢᠨ ᠢ ᠡᠵᠡᠮᠳᠡᠨ ᠦᠢᠯᠡᠳᠪᠦᠷᠢᠯᠡᠯ ᠢᠶᠠᠨ ᠵᠣᠬᠢᠶᠠᠨ ᠪᠠᠶᠢᠭᠤᠯᠬᠤ ᠨᠢ ᠲᠡᠭᠦᠨ ᠤ ᠡᠳᠦᠷ ᠳᠤᠳᠤᠮ ᠤᠨ ᠠᠵᠢᠯ ᠪᠣᠯᠤᠨ᠎ᠠ᠃
ᠶᠡᠷᠦᠩᠬᠡᠶᠢᠯᠡᠭᠰᠡᠨ ᠨᠡᠭᠦᠷᠡᠰᠦ ᠮᠠᠯᠲᠠᠬᠤ ᠠᠩᠬᠢ ᠶᠢᠨ ︽ᠲᠡᠮᠦᠷ ᠴᠡᠷᠢᠭ︾ ᠤᠨ ᠨᠢᠭᠡ ᠭᠡᠰᠢᠭᠦᠨ ᠪᠣᠯᠤᠭᠰᠠᠨ ᠤ ᠬᠤᠪᠢ ᠳᠤ᠂ ᠲᠡᠷᠡ ᠨᠡᠭᠦᠷᠡᠰᠦᠨ ᠠᠭᠤᠷᠬᠠᠢ ᠶᠢᠨ ᠴᠢᠬᠤᠯᠠ ᠶᠡᠭᠡ ᠪᠣᠭᠤᠮᠲᠠ ᠰᠢᠪᠲᠤᠯᠬᠤ ᠡᠭᠦᠷᠭᠡ ᠶᠢ ᠤᠯᠠᠨ ᠤᠳᠠᠭ᠎ᠠ ᠡᠭᠦᠷᠭᠡᠯᠡᠭᠰᠡᠨ ᠪᠥᠭᠡᠳ ᠰᠢᠨ᠎ᠡ ᠶᠢ ᠡᠭᠦᠳᠬᠦ ᠰᠡᠳᠭᠢᠬᠦᠢ ᠪᠠᠷ ᠠᠵᠢᠯ ᠤᠨ ᠳᠤᠮᠳᠠᠬᠢ ᠬᠦᠴᠢᠷ ᠠᠰᠠᠭᠤᠳᠠᠯ ᠢ ᠰᠢᠢᠳᠪᠦᠷᠢᠯᠡᠵᠦ᠂ ᠰᠢᠨ᠎ᠡ ᠴᠠᠭ ᠦᠶ᠎ᠡ ᠶᠢᠨ ᠬᠥᠳᠡᠯᠮᠦᠷᠢᠴᠢᠳ ᠤᠨ ᠤᠶᠤᠨ ᠤᠬᠠᠭᠠᠨ ᠪᠠ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠪᠡ᠃
2018 ᠣᠨ ᠤ 3 ᠰᠠᠷ᠎ᠠ ᠳᠤ᠂ ᠤᠯᠤᠰ ᠤᠨ ᠡᠨᠧᠷᠭᠢ ᠶᠢᠨ ᠪᠡᠯᠨ ᠤᠷᠤᠭᠤᠯᠤᠯᠳᠠ ᠶᠢᠨ ᠪᠥᠯᠥᠭᠯᠡᠯ ᠤᠨ ᠱᠧᠨ ᠳ᠋ᠦᠩ ᠨᠡᠭᠦᠷᠡᠰᠦᠨ ᠤ ᠪᠦᠯᠦᠭᠯᠡᠯ ᠤᠨ ᠱᠠᠩ ᠸᠠᠨ ᠨᠡᠭᠦᠷᠡᠰᠦᠨ ᠠᠭᠤᠷᠬᠠᠢ ᠳᠤ ᠳᠡᠯᠡᠬᠡᠢ ᠶᠢᠨ ᠠᠩᠬᠠᠳᠠᠭᠴᠢ 8.8 ᠮᠧᠲᠷ ᠤᠨ ᠤᠨᠴᠠ ᠶᠡᠭᠡ ᠨᠡᠭᠦᠷᠡᠰᠦ ᠮᠠᠯᠲᠠᠬᠤ ᠥᠨᠳᠥᠷ ᠤᠨ ᠬᠡᠮᠵᠢᠶ᠎ᠡ ᠲᠠᠢ ᠣᠶᠤᠨᠴᠢ ᠶᠡᠷᠦᠩᠬᠡᠶᠢᠯᠡᠭᠰᠡᠨ ᠨᠡᠭᠦᠷᠡᠰᠦ ᠮᠠᠯᠲᠠᠬᠤ ᠠᠵᠢᠯ ᠤᠨ ᠲᠠᠯᠠᠪᠤᠷ ᠢ ᠪᠠᠶᠢᠭᠤᠯᠵᠤ᠂ ᠬᠣ᠋ ᠶᠦᠩ ᠭᠠᠩ ᠤᠨ ᠪᠠᠶᠢᠭ᠎ᠠ ᠶᠡᠷᠦᠩᠬᠡᠶᠢᠯᠡᠭᠰᠡᠨ ᠨᠡᠭᠦᠷᠡᠰᠦ ᠮᠠᠯᠲᠠᠬᠤ ᠨᠢᠭᠡᠳᠦᠭᠡᠷ ᠠᠩᠬᠢ ᠳᠤ ᠨᠡᠭᠦᠷᠡᠰᠦ ᠮᠠᠯᠲᠠᠬᠤ ᠡᠭᠦᠷᠭᠡ ᠶᠢ ᠲᠤᠰᠢᠶᠠᠨ ᠦᠭᠪᠠ᠃ ᠲᠣᠨᠤᠭ ᠲᠥᠬᠦᠭᠡᠷᠦᠮᠵᠢ ᠤᠭᠰᠠᠷᠠᠬᠤ ᠡᠬᠢᠨ ᠤ ᠬᠤᠭᠤᠴᠠᠭᠠᠨ ᠳᠤ ᠠᠯᠢ ᠣᠯᠠᠨ ᠬᠦᠴᠢᠷ ᠠᠰᠠᠭᠤᠳᠠᠯ ᠤᠨ ᠡᠮᠦᠨ᠎ᠡ᠂ ᠡᠭᠡᠯᠵᠢ ᠲᠤᠭᠤᠶᠢᠯᠠᠩ ᠤᠨ ᠳᠠᠷᠤᠭ᠎ᠠ ᠪᠤᠯᠤᠭᠰᠠᠨ ᠬᠣ᠋ ᠶᠦᠩ ᠭᠠᠩ ᠪᠦᠷᠢᠯᠳᠦᠬᠦᠨ ᠢᠶᠠᠨ ᠳᠠᠭᠠᠭᠤᠯᠤᠨ᠂ ᠡᠯ᠎ᠡ ᠵᠦᠢᠯ ᠤᠨ ᠬᠦᠴᠢᠷ ᠲᠦᠪᠡᠭᠲᠡᠶ ᠠᠰᠠᠭᠤᠳᠠᠯ ᠤᠨ ᠲᠣᠭᠤᠷᠢᠨ ᠳᠤ ᠮᠡᠷᠭᠡᠵᠢᠯ ᠤᠨ ᠪᠣᠭᠤᠮᠲᠠ ᠰᠢᠪᠲᠤᠯᠤᠯᠲᠠ ᠬᠢᠪᠠ᠃ ᠲᠡᠷᠡ ᠠᠮᠤᠷ ᠲᠦᠪᠰᠢᠨ᠂ ᠦᠢᠯᠡᠳᠪᠦᠷᠢᠯᠡᠯ ᠤᠨ ᠤᠷ᠎ᠠ ᠮᠡᠷᠭᠡᠰᠢᠯ᠂ ᠲᠣᠨᠤᠭ ᠲᠥᠬᠦᠭᠡᠷᠦᠮᠵᠢ ᠶᠢ ᠪᠠᠶᠢᠴᠠᠭᠠᠨ ᠵᠠᠰᠠᠬᠤ ᠵᠡᠷᠭᠡ ᠲᠠᠯ᠎ᠠ ᠠᠴᠠ ᠭᠠᠷᠳᠠᠵᠦ᠂ ᠤᠷᠢᠳ ᠬᠤᠵᠢᠳ 133 ᠵᠦᠢᠯ ᠤᠨ ᠠᠶᠤᠯ ᠲᠦᠭᠰᠢᠭᠦᠷᠢ ᠶᠢ ᠦᠨᠡᠯᠡᠨ ᠵᠢᠱᠢᠬᠦ᠂ 141 ᠵᠦᠢᠯ ᠤᠨ ᠠᠶᠤᠯ ᠲᠦᠭᠰᠢᠭᠦᠷᠢ ᠶᠢᠨ ᠡᠬᠢ ᠰᠤᠷᠪᠤᠯᠵᠢ ᠶᠢ ᠢᠯᠭᠠᠨ ᠲᠠᠨᠢᠬᠤ᠂ 159 ᠵᠦᠢᠯ ᠤᠨ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠳᠤ ᠣᠷᠣᠯᠴᠠᠵᠤ᠂ ᠪᠠᠷᠢᠯᠭ᠎ᠠ ᠶᠢᠨ ᠶᠠᠰᠤ ᠴᠢᠨᠠᠷ ᠢ ᠡᠵᠡᠮᠳᠡᠬᠦ᠂ ᠠᠭᠤᠷᠬᠠᠢ ᠶᠢᠨ ᠨᠤᠷᠠᠬᠤ ᠶᠢ ᠰᠡᠷᠭᠡᠶᠢᠯᠡᠬᠦ᠂ ᠥᠨᠳᠥᠷ ᠲᠤ ᠭᠠᠷᠴᠤ ᠠᠵᠢᠯᠯᠠᠬᠤ᠂ ᠲᠣᠨᠤᠭ ᠲᠥᠬᠦᠭᠡᠷᠦᠮᠵᠢ ᠳᠤᠲᠠᠭᠳᠠᠵᠤ ᠪᠠᠶᠢᠬᠤ ᠠᠰᠠᠭᠤᠳᠠᠯ ᠢ ᠠᠷᠢᠯᠭᠠᠬᠤ ᠵᠡᠷᠭᠡ ᠲᠠᠯ᠎ᠠ ᠶᠢᠨ 50 ᠭᠠᠷᠤᠶ ᠵᠦᠢᠯ ᠤᠨ ᠠᠷᠭ᠎ᠠ ᠬᠡᠮᠵᠢᠶ᠎ᠡ ᠶᠢ ᠲᠣᠭᠲᠠᠭᠠᠬᠤ ᠳᠤ ᠣᠷᠣᠯᠴᠠᠵᠤ᠂ ᠨᠡᠶᠢᠲᠡ 30 ᠭᠠᠷᠤᠶ ᠵᠦᠢᠯ ᠤᠨ ᠵᠢᠵᠢᠭ ᠥᠭᠡᠷᠡᠴᠢᠯᠡᠯᠲᠡ ᠬᠢᠵᠦ᠂ ᠳᠡᠯᠡᠬᠡᠶ ᠶᠢᠨ ᠲᠡᠷᠢᠭᠦᠨ ᠤ ᠤᠨᠴᠠ ᠶᠡᠭᠡ ᠨᠡᠭᠦᠷᠡᠰᠦ ᠮᠠᠯᠲᠠᠬᠤ ᠥᠨᠳᠥᠷ ᠤᠨ ᠬᠡᠮᠵᠢᠶ᠎ᠡ ᠶᠢᠨ ᠠᠮᠤᠷ ᠲᠦᠪᠰᠢᠨ ᠥᠨᠳᠥᠷ ᠪᠦᠲᠦᠮᠵᠢᠲᠡᠶ ᠪᠤᠴᠠᠭᠠᠨ ᠮᠠᠯᠲᠠᠬᠤ ᠤᠷ᠎ᠠ ᠮᠡᠷᠭᠡᠰᠢᠯ ᠳᠤ ᠳᠠᠬᠢᠨ ᠲᠣᠮᠢᠶᠠᠯᠠᠯ ᠬᠢᠵᠡᠶ᠃
︽ᠨᠡᠭᠦᠷᠡᠰᠦᠨ ᠳᠠᠪᠬᠤᠷᠭ᠎ᠠ ᠶᠢ ᠮᠠᠯᠳᠠᠬᠤ ᠠᠵᠢᠯ ᠳᠤ ᠠᠩᠬ᠎ᠠ ᠤᠷᠤᠯᠴᠠᠬᠤ ᠳᠠᠭᠠᠨ᠂ 225 ᠲᠣᠨ ᠬᠦᠨᠳᠦ᠂ ᠥᠩᠬᠦᠷᠢᠭᠦᠯ ᠤᠨ ᠳ᠋ᠢᠶᠠᠮᠧᠲᠷ ᠨᠢ 4.3 ᠮᠧᠲᠷ ᠬᠦᠷᠬᠦ ᠲᠠᠰ ᠠᠴᠠ ᠳᠠᠪᠠᠭᠰᠠᠨ ᠨᠡᠭᠦᠷᠡᠰᠦ ᠮᠠᠯᠲᠠᠬᠤ ᠮᠠᠰᠢᠨ ᠪᠠ ᠰᠠᠭᠤᠷᠢ ᠬᠠᠪᠲᠠᠰᠤ ᠶᠢ ᠡᠵᠡᠮᠰᠢᠬᠦ ᠬᠠᠲᠠᠭᠤ ᠱᠠᠭᠠᠷᠳᠠᠯᠭ᠎ᠠ ᠶᠢ ᠬᠠᠷᠠᠭᠠᠳ᠂ ᠪᠢ ᠳᠤᠲᠤᠷ᠎ᠠ ᠪᠠᠨ ᠪᠠᠰᠠ ᠲᠤᠭ᠎ᠠ ᠦᠭᠡᠢ ᠪᠠᠶᠢᠪᠠ︾᠃ ᠲᠠᠰ ᠠᠴᠠ ᠳᠠᠪᠠᠭᠰᠠᠨ ᠨᠡᠭᠦᠷᠡᠰᠦ ᠮᠠᠯᠲᠠᠬᠤ ᠮᠠᠰᠢᠨ ᠤ ︽ᠠᠷᠠᠨᠰᠢᠨ︾ ᠢ ᠣᠶᠢᠯᠠᠭᠠᠵᠤ᠂ ᠥᠩᠬᠦᠷᠢᠭᠦᠯ ᠤᠨ ᠠᠵᠢᠯᠯᠠᠬᠤ ᠤᠷ᠎ᠠ ᠮᠡᠷᠭᠡᠵᠢᠯ ᠢ ᠡᠵᠡᠮᠰᠢᠬᠦ ᠶᠢᠨ ᠲᠥᠯᠥᠭᠡ᠂ ᠬᠤ᠋ ᠶᠦᠩ ᠭᠠᠩ ᠲᠠᠰ ᠠᠴᠠ ᠳᠠᠪᠠᠭᠰᠠᠨ ᠨᠡᠭᠦᠷᠡᠰᠦ ᠮᠠᠯᠲᠠᠬᠤ ᠮᠠᠰᠢᠨ ᠤ ᠪᠦᠲᠦᠴᠡ᠂ ᠠᠵᠢᠯᠯᠠᠭᠠᠨ ᠤ ᠤᠭ ᠶᠣᠰᠣ ᠶᠢ ᠰᠤᠷᠤᠯᠴᠠᠬᠤ ᠶᠢ ᠪᠠᠷᠢᠮᠲᠠᠯᠠᠵᠤ᠂ ᠠᠳᠠᠯᠢ ᠪᠤᠰᠤ ᠠᠵᠢᠯᠯᠠᠬᠤ ᠬᠡᠮᠵᠢᠶ᠎ᠡ ᠲᠠᠢ ᠨᠡᠭᠦᠷᠡᠰᠦ ᠮᠠᠯᠲᠠᠬᠤ ᠮᠠᠰᠢᠨ ᠤ ᠨᠡᠭᠦᠷᠡᠰᠦ ᠮᠠᠯᠳᠠᠬᠤ ᠪᠠᠶᠢᠳᠠᠯ ᠢ ᠳᠠᠭᠤᠷᠢᠶᠠᠨ ᠵᠠᠳᠠᠯᠵᠤ᠂ ᠲᠤᠬᠠᠢ ᠶᠢᠨ ᠲᠠᠯᠠᠪᠠᠢ ᠳᠤ ᠵᠠᠭᠤ ᠭᠠᠷᠤᠢ ᠤᠳᠠᠭ᠎ᠠ ᠳᠠᠬᠢᠨ ᠳᠠᠪᠲᠠᠨ ᠲᠤᠷᠰᠢᠯᠲᠠ ᠬᠢᠵᠦ᠂ ᠡᠴᠦᠰ ᠲᠡᠭᠡᠨ ᠥᠩᠬᠦᠷᠢᠭᠦᠯ ᠤᠨ ᠠᠵᠢᠯᠯᠠᠬᠤ ᠬᠡᠮᠵᠢᠶ᠎ᠡ ᠶᠢ 5 ᠰᠠᠨᠲ᠋ᠢᠮᠧᠲᠷ ᠤᠨ ᠳᠣᠲᠣᠷ᠎ᠠ ᠬᠢᠵᠠᠭᠠᠷᠯᠠᠬᠤ ᠶᠢ ᠪᠡᠶᠡᠯᠡᠭᠦᠯᠵᠡᠢ᠂ ᠡᠶᠢᠨᠬᠦ ᠲᠡᠷᠡ ᠪᠠᠰᠠ ︽ᠤᠯᠠᠨ ᠲᠠᠯ᠎ᠠ ᠳᠤ ᠴᠠᠭᠠᠷᠠᠭᠰᠠᠨ ᠵᠢᠯᠣᠭᠤᠴᠢ︾ ᠬᠡᠮᠡᠭᠳᠡᠪᠡ᠃
ᠡᠨᠡ ᠬᠦ ︽ᠲᠠᠰ ᠠᠴᠠ ᠳᠠᠪᠠᠭᠰᠠᠨ ᠢᠨᠵᠧᠨᠧᠷᠢᠩ︾ ᠨᠢ 97 ᠡᠳᠦᠷ ᠤᠨ ᠳᠠᠬᠢᠨ ᠳᠠᠪᠲᠠᠨ ᠬᠢᠭᠰᠡᠨ ᠲᠤᠷᠰᠢᠯᠲᠠ ᠪᠠᠷ ᠲᠠᠮᠵᠢᠨ᠂ 2018 ᠣᠨ ᠤ 6 ᠰᠠᠷ᠎ᠠ ᠳᠤ ᠵᠢᠩᠬᠢᠨᠢ ᠪᠠᠷ ᠦᠢᠯᠡᠳᠪᠦᠷᠢᠯᠡᠯ ᠢᠶᠠᠨ ᠡᠬᠢᠯᠡᠭᠦᠯᠬᠦ ᠶᠢᠨ ᠬᠠᠮᠲᠤ ᠤᠳᠠᠯ ᠦᠭᠡᠢ ᠡᠳᠦᠷ ᠲᠤ ᠬᠠᠮᠤᠭ ᠤᠨ ᠶᠡᠭᠡ ᠳᠡᠭᠡᠨ 6.02 ᠲᠦᠮᠡᠨ ᠲᠣᠨ᠂ ᠰᠠᠷ᠎ᠠ ᠳᠤ ᠬᠠᠮᠤᠭ ᠤᠨ ᠶᠡᠭᠡ ᠳᠡᠭᠡᠨ 146 ᠲᠦᠮᠡᠨ ᠲᠣᠨ ᠨᠡᠭᠦᠷᠠᠰᠤ ᠮᠠᠯᠳᠠᠭᠰᠠᠨ ᠳᠡᠯᠡᠬᠡᠶ ᠶᠢᠨ ᠲᠡᠮᠳᠡᠭᠯᠡᠯ ᠢ ᠡᠭᠦᠳᠴᠦ᠂ ᠶᠡᠷᠦᠩᠬᠡᠶᠢᠯᠡᠭᠰᠡᠨ ᠨᠡᠭᠦᠷᠡᠰᠦ ᠮᠠᠯᠲᠠᠬᠤ ᠠᠵᠢᠯ ᠤᠨ ᠲᠠᠯᠠᠪᠤᠷ ᠨᠢ 10 ᠰᠠᠷ᠎ᠠ ᠰᠠᠭᠠᠳ ᠥᠬᠡᠶ ᠦᠢᠯᠡᠳᠪᠦᠷᠢᠯᠡᠬᠦ ᠶᠢ ᠪᠡᠶᠡᠯᠡᠭᠦᠯᠪᠡ — ᠤᠤᠯ ᠤᠨ ᠪᠡᠶᠡᠯᠡᠭᠦᠯᠵᠦ ᠳᠡᠶᠢᠯᠬᠦ ᠥᠬᠡᠶ ᠭᠡᠵᠦ ᠠᠵᠢᠯ ᠲᠥᠷᠥᠯ ᠤᠨ ᠬᠢᠨ ᠤ ᠦᠵᠡᠵᠦ ᠪᠠᠶᠢᠭᠰᠠᠨ ᠡᠨᠡ ᠬᠦ ᠬᠠᠷᠠᠯᠲᠠ ᠶᠢ ᠪᠡᠶᠡᠯᠡᠭᠦᠯᠦᠭᠰᠡᠨ ᠪᠠᠶᠢᠨ᠎ᠠ᠃ 2019 ᠣᠨ ᠤ 9 ᠰᠠᠷ᠎ᠠ ᠶᠢᠨ 4 ᠤ ᠡᠳᠦᠷ᠂ ᠳᠡᠯᠡᠬᠡᠶ ᠳᠡᠭᠡᠷᠡᠬᠢ ᠠᠩᠬᠠᠳᠠᠭᠴᠢ ᠤᠨᠴᠠ ᠶᠡᠭᠡ ᠨᠡᠭᠦᠷᠡᠰᠦ ᠮᠠᠯᠲᠠᠬᠤ ᠬᠦᠨ ᠤ ᠬᠡᠮᠵᠢᠶ᠎ᠡ ᠶᠢᠨ ᠤᠶᠤᠨᠴᠢ ᠶᠡᠷᠦᠩᠬᠡᠶᠢᠯᠡᠭᠰᠡᠨ ᠨᠡᠭᠦᠷᠡᠰᠦ ᠮᠠᠯᠲᠠᠬᠤ ᠠᠵᠢᠯ ᠤᠨ ᠲᠠᠯᠠᠪᠤᠷ ᠨᠢ ᠨᠡᠶᠢᠲᠡ 1800 ᠲᠦᠮᠡᠨ ᠲᠣᠨ ᠨᠡᠭᠦᠷᠡᠰᠦ ᠶᠢ ᠠᠮᠤᠷ ᠲᠦᠪᠰᠢᠨ ᠦᠢᠯᠡᠳᠪᠦᠷᠢᠯᠡᠭᠰᠡᠨ ᠳᠡᠯᠡᠬᠡᠶ ᠶᠢᠨ ᠲᠡᠮᠳᠡᠭᠯᠡᠯ ᠢ ᠡᠭᠦᠳᠴᠦ᠂ ᠱᠠᠩ ᠸᠠᠨ ᠨᠡᠭᠦᠷᠡᠰᠦᠨ ᠠᠭᠤᠷᠬᠠᠶ ᠶᠢᠨ ᠨᠡᠭᠦᠷᠡᠰᠦ ᠮᠠᠯᠲᠠᠬᠰᠠᠨ ᠬᠡᠮᠵᠢᠶ᠎ᠡ ᠪᠠᠷ ᠬᠠᠮᠤᠭ ᠤᠨ ᠦᠨᠳᠦᠷ᠂ ᠠᠵᠢᠯ ᠤᠨ ᠦᠷ᠎ᠡ ᠪᠦᠲᠦᠮᠵᠢ ᠪᠠᠷ ᠬᠠᠮᠤᠭ ᠤᠨ ᠰᠠᠶᠢᠨ᠂ ᠭᠠᠭᠴᠠ ᠬᠤᠳᠳᠤᠭ ᠲᠠᠯᠠᠪᠤᠷ ᠤᠨ ᠵᠢᠯ ᠤᠨ ᠭᠠᠷᠤᠯᠲᠠ ᠨᠢ 1600 ᠲᠦᠮᠡᠨ ᠲᠣᠨ ᠤ ᠣᠨᠴᠠ ᠲᠠᠰ ᠤᠨ ᠠᠮᠤᠷ ᠲᠦᠪᠰᠢᠨ ᠥᠨᠳᠥᠷ ᠪᠦᠲᠦᠮᠵᠢᠲᠡᠶ ᠠᠭᠤᠷᠬᠠᠶ ᠪᠣᠯᠬᠤ ᠶᠢ ᠠᠮᠵᠢᠯᠲᠠ ᠲᠠᠢ ᠠᠬᠢᠭᠤᠯᠪᠠ᠃ ᠡᠨᠡ ᠬᠤᠭᠤᠴᠠᠭᠠᠨ ᠳᠤ᠂ ᠬᠤ᠋ ᠶᠦᠩ ᠭᠠᠩ ᠤᠨ ᠤᠷᠤᠯᠴᠠᠵᠤ ᠨᠠᠶᠢᠷᠠᠭᠤᠯᠤᠨ ᠪᠢᠴᠢᠭᠰᠡᠨ ︽ᠬᠡᠲᠦ ᠶᠡᠭᠡ ᠨᠡᠭᠦᠷᠡᠰᠦ ᠮᠠᠯᠳᠠᠬᠤ ᠦᠨᠳᠦᠷ ᠤᠨ ᠬᠡᠮᠵᠢᠶ᠎ᠡ ᠲᠠᠢ ᠶᠡᠷᠦᠩᠬᠡᠶᠢᠯᠡᠭᠰᠡᠨ ᠨᠡᠭᠦᠷᠡᠰᠦ ᠮᠠᠯᠳᠠᠬᠤ ᠠᠵᠢᠯ ᠤᠨ ᠳᠠᠯᠠᠪᠤᠷ ᠤᠨ ᠠᠵᠤ ᠠᠬᠤᠶᠢᠯᠠᠯ ᠤᠨ ᠪᠥᠲᠥᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠪᠠᠷᠢᠮᠵᠢᠶ᠎ᠠ︾ ᠨᠢ ᠨᠡᠭᠦᠷᠡᠰᠦᠨ ᠤ ᠠᠵᠢᠯ ᠲᠥᠷᠥᠯ ᠤᠨ ᠦᠢᠯᠡᠳᠪᠦᠷᠢᠯᠡᠯ ᠤᠨ ᠵᠣᠬᠢᠶᠠᠨ ᠪᠠᠶᠢᠭᠤᠯᠤᠯᠲᠠ᠂ ᠪᠠᠷᠢᠯᠭ᠎ᠠ ᠶᠢᠨ ᠶᠠᠰᠤ ᠴᠢᠨᠠᠷ ᠤᠨ ᠬᠠᠮᠢᠶᠠᠷᠤᠯᠲᠠ᠂ ᠨᠠᠷᠢᠯᠢᠭ ᠪᠠᠶᠢᠴᠠᠭᠠᠨ ᠰᠡᠯᠪᠢᠬᠦ᠂ ᠰᠢᠨ᠎ᠡ ᠶᠢ ᠡᠭᠦᠳᠦᠨ ᠦᠷ᠎ᠡ ᠪᠦᠲᠦᠮᠵᠢ ᠭᠠᠷᠭᠠᠬᠤ ᠵᠡᠷᠭᠡ ᠲᠠᠯ᠎ᠠ ᠳᠤ ᠪᠥᠬᠦ ᠲᠠᠯ᠎ᠠ ᠶᠢᠨ ᠳ᠋ᠦᠩᠨᠡᠯᠲᠡ ᠪᠠ ᠳᠡᠭᠡᠭᠰᠢᠯᠡᠬᠦᠯᠦᠯᠲᠡ ᠪᠠᠶᠢᠵᠤ᠂ ᠠᠵᠢᠯ ᠲᠥᠷᠥᠯ ᠤᠨ ᠬᠢᠨ ᠳᠡᠭᠡᠨ ᠰᠠᠨᠠᠯ ᠨᠢᠭᠡᠳᠦᠯᠲᠡᠶ ᠨᠤᠲᠠᠯᠠᠭᠳᠠᠪᠠ᠃ 8.8 ᠮᠧᠲᠷ ᠪᠦᠬᠦᠢ ᠤᠨᠴᠠ ᠶᠡᠭᠡ ᠨᠡᠭᠦᠷᠡᠰᠦ ᠮᠠᠯᠳᠠᠬᠤ ᠦᠨᠳᠦᠷ ᠤᠨ ᠬᠡᠮᠵᠢᠶ᠎ᠡ ᠲᠠᠢ ᠣᠶᠤᠨᠴᠢ ᠶᠡᠷᠦᠩᠬᠡᠶᠢᠯᠡᠭᠰᠡᠨ ᠨᠡᠭᠦᠷᠡᠰᠦ ᠮᠠᠯᠲᠠᠬᠤ ᠠᠵᠢᠯ ᠤᠨ ᠳᠠᠯᠠᠪᠤᠷ ᠤᠨ ᠵᠢᠱᠢᠶ᠎ᠡ ᠦᠵᠡᠭᠦᠯᠬᠦ ᠢᠨᠵᠧᠨᠧᠷᠢᠩ ᠤᠨ ᠠᠮᠵᠢᠯᠲᠠ ᠲᠠᠢ ᠦᠢᠯᠡᠳᠦᠯᠭᠡ ᠨᠢ ᠤᠨᠴᠠ ᠵᠤᠵᠠᠭᠠᠨ ᠨᠡᠭᠦᠷᠡᠰᠦᠨ ᠳᠠᠪᠬᠤᠷᠭ᠎ᠠ ᠶᠢ ᠨᠢᠭᠡ ᠯᠡ ᠤᠳᠠᠭ᠎ᠠ ᠳᠤ ᠮᠠᠯᠲᠠᠬᠤ ᠳᠤ ᠪᠠᠶᠠᠯᠢᠭ ᠲᠤᠷᠰᠢᠯᠭ᠎ᠠ ᠬᠤᠷᠠᠮᠳᠤᠭᠤᠯᠵᠤ᠂ ᠮᠠᠨ ᠤ ᠤᠯᠤᠰ ᠤᠨ ᠨᠡᠭᠦᠷᠡᠰᠦ ᠮᠠᠯᠲᠠᠬᠤ ᠲᠣᠨᠤᠭ ᠲᠥᠬᠦᠭᠡᠷᠦᠮᠵᠢ ᠶᠢ ᠤᠯᠤᠰ ᠲᠠᠭᠠᠨ ᠲᠠᠰ ᠳᠡᠪᠰᠢᠭᠦᠯᠦᠨ ᠥᠭᠡᠷᠡᠴᠢᠯᠡᠬᠦ ᠶᠢ ᠠᠬᠢᠭᠤᠯᠪᠠ᠃ ᠡᠨᠡ ᠨᠢ ᠮᠠᠨ ᠤ ᠤᠯᠤᠰ ᠤᠨ ᠨᠡᠭᠦᠷᠡᠰᠦ ᠮᠠᠯᠲᠠᠬᠤ ᠤᠷ᠎ᠠ ᠮᠡᠷᠭᠡᠰᠢᠯ ᠤᠨ ᠨᠠᠩ ᠥᠨᠳᠥᠷ ᠲᠦᠪᠰᠢᠨ ᠳᠤ ᠭᠦᠷᠦᠭᠰᠡᠨ ᠢ ᠬᠠᠷᠠᠭᠤᠯᠪᠠ᠃
ᠨᠡᠭᠦᠷᠡᠰᠦᠨ ᠠᠭᠤᠷᠬᠠᠢ ᠶᠢᠨ ᠡᠮᠦᠨ᠎ᠡ ᠹᠷᠣᠨᠲ ᠲᠤ᠂ ᠡᠯ᠎ᠡ ᠵᠦᠢᠯ ᠤᠨ ᠬᠦᠴᠢᠷ ᠪᠡᠷᠬᠡᠰᠢᠶᠡᠯ ᠪᠣᠯᠤᠨ ᠥᠷᠢᠰᠥᠯᠳᠦᠭᠡᠨ ᠲᠠᠰᠤᠷᠠᠯᠲᠠ ᠦᠭᠡᠢ ᠭᠠᠷᠴᠤ ᠪᠠᠶᠢᠳᠠᠭ ᠪᠤᠯᠪᠠᠴᠤ ᠬᠤ᠋ ᠶᠦᠩ ᠭᠠᠩ ᠠᠬᠠᠮᠠᠳ ᠦᠶ᠎ᠡ ᠶᠢᠨ ︽ᠬᠥᠮᠦᠨ ᠳᠤ ᠬᠤᠶᠠᠷ ᠬᠤᠪᠢ ᠵᠠᠶᠠᠭ᠎ᠠ ᠪᠤᠢ᠂ ᠨᠢᠭᠡ ᠨᠢ ᠠᠮᠢ ᠨᠠᠰᠤ᠂ ᠨᠦᠬᠦᠭᠡ ᠨᠢ ᠡᠭᠦᠷᠭᠡ ᠬᠠᠷᠢᠭᠤᠴᠠᠯᠭ᠎ᠠ ᠪᠤᠯᠤᠨ᠎ᠠ︾ ᠭᠡᠬᠦ ᠰᠤᠷᠭᠠᠯ ᠢ ᠬᠡᠵᠢᠶᠠᠳᠠ ᠰᠡᠳᠬᠢᠯ ᠳᠡᠭᠡᠨ ᠪᠤᠳᠤᠵᠤ ᠶᠠᠪᠤᠳᠠᠭ᠃ ᠬᠦᠴᠢᠷ ᠪᠡᠷᠬᠡᠰᠢᠶᠡᠯ ᠲᠤᠯᠭᠠᠷᠠᠬᠤ ᠪᠦᠷᠢ ᠲᠡᠷᠡ ᠠᠬᠠᠮᠠᠳ ᠦᠶ᠎ᠡ ᠶᠢᠨ ᠬᠢᠨ ᠤ ᠦᠭᠡ ᠶᠢ ᠪᠤᠳᠤᠵᠤ᠂ ᠰᠡᠳᠭᠢᠴᠠ ᠪᠠᠨ ᠰᠢᠨᠡᠴᠢᠯᠡᠵᠦ᠂ ᠠᠷᠭ᠎ᠠ ᠪᠦᠬᠦᠨ ᠢ ᠰᠦᠪᠡᠭᠴᠢᠯᠡᠨ ᠠᠰᠠᠭᠤᠳᠠᠯ ᠢ ᠰᠢᠢᠳᠪᠦᠷᠢᠯᠡᠳᠡᠭ᠃
2015 ᠣᠨ ᠳᠤ ᠶᠡᠷᠦᠩᠬᠡᠶᠢᠯᠡᠭᠰᠡᠨ ᠨᠡᠭᠦᠷᠡᠰᠦ ᠮᠠᠯᠲᠠᠬᠤ ᠨᠢᠭᠡᠳᠦᠭᠡᠷ ᠠᠩᠬᠢ ᠳᠤᠮᠳᠠ ᠵᠤᠵᠠᠭᠠᠨ ᠵᠦᠭᠡᠯᠡᠨ ᠨᠡᠭᠦᠷᠡᠰᠦᠨ ᠳᠠᠪᠬᠤᠷᠭ᠎ᠠ ᠳᠤ ᠪᠧᠲ᠋ᠣᠨ ᠴᠢᠳᠬᠤᠵᠤ ᠵᠠᠬ᠎ᠠ ᠪᠠᠷ ᠨᠢ ᠵᠠᠢ ᠦᠯᠡᠳᠡᠭᠡᠨ ᠨᠡᠭᠦᠷᠡᠰᠤ ᠮᠠᠯᠳᠠᠬᠤ ᠮᠡᠷᠭᠡᠵᠢᠯ ᠢ ᠬᠡᠷᠡᠭᠵᠢᠭᠦᠯᠬᠦ ᠬᠦᠨᠳᠦ ᠡᠭᠦᠷᠭᠡ ᠶᠢ ᠡᠭᠦᠷᠭᠡᠯᠡᠪᠡ᠂ ᠡᠨᠡ ᠪᠣᠯ ᠱᠠᠩ ᠸᠠᠨ ᠨᠡᠭᠦᠷᠡᠰᠦᠨ ᠠᠭᠤᠷᠬᠠᠢ ᠠᠩᠬ᠎ᠠ ᠤᠳᠠᠭ᠎ᠠ ᠳᠤᠰ ᠮᠡᠷᠭᠡᠵᠢᠯ ᠢ ᠬᠡᠷᠡᠭᠯᠡᠵᠦ ᠪᠠᠶᠢᠭ᠎ᠠ ᠶᠠᠪᠤᠳᠠᠯ ᠪᠣᠯᠤᠨ᠎ᠠ᠂ ᠮᠥᠨ ᠴᠦ ᠱᠧᠨ ᠳ᠋ᠦᠩ ᠪᠦᠯᠦᠭᠯᠡᠯ ᠠᠩᠬ᠎ᠠ ᠤᠳᠠᠭ᠎ᠠ ᠲᠤᠷᠰᠢᠯᠲᠠ ᠶᠢᠨ ᠪᠤᠰᠤ ᠴᠢᠨᠠᠷᠲᠠᠢ ᠪᠠᠷ ᠪᠧᠲ᠋ᠣᠨ ᠴᠢᠳᠬᠤᠵᠤ ᠵᠠᠬ᠎ᠠ ᠪᠠᠷ ᠨᠢ ᠵᠠᠢ ᠦᠯᠡᠳᠡᠭᠡᠨ ᠨᠡᠭᠦᠷᠡᠰᠦ ᠮᠠᠯᠲᠠᠵᠤ ᠪᠠᠶᠢᠭ᠎ᠠ ᠶᠠᠪᠤᠳᠠᠯ ᠪᠣᠯᠤᠨ᠎ᠠ᠃ ᠡᠯ᠎ᠡ ᠲᠥᠷᠥᠯ ᠤᠨ ᠠᠮᠤᠷ ᠲᠦᠪᠰᠢᠨ ᠤ ᠬᠠᠮᠢᠶᠠᠷᠤᠯᠲᠠ ᠪᠠ ᠮᠡᠷᠭᠡᠵᠢᠯ ᠤᠨ ᠬᠦᠴᠢᠷ ᠠᠰᠠᠭᠤᠳᠠᠯ ᠤᠨ ᠡᠮᠦᠨ᠎ᠡ᠂ ᠬᠤ᠋ ᠶᠦᠩ ᠭᠠᠩ ᠠᠩᠭᠢ ᠶᠢᠨ ᠳᠣᠲᠣᠭᠠᠳᠤ ᠶᠢᠨ ᠠᠵᠢᠯ ᠳᠤ ᠢᠳᠡᠪᠬᠢᠲᠡᠶ ᠬᠠᠮᠵᠢᠯᠴᠠᠵᠤ᠂ ᠰᠡᠳᠭᠢᠯ ᠰᠢᠭᠤᠳᠤᠨ ᠰᠤᠳᠤᠯᠤᠨ ᠰᠦᠪᠡᠭᠴᠢᠯᠡᠵᠦ᠂ ᠪᠧᠲ᠋ᠣᠨ ᠴᠢᠳᠬᠤᠬᠤ ᠲᠥᠰᠦᠯ ᠢ ᠲᠣᠭᠲᠠᠭᠠᠬᠤ ᠳᠤ ᠣᠷᠣᠯᠴᠠᠵᠤ᠂ ᠶᠡᠷᠦᠩᠬᠡᠶᠢᠯᠡᠭᠰᠡᠨ ᠨᠡᠭᠦᠷᠡᠰᠦ ᠮᠠᠯᠲᠠᠬᠤ ᠠᠵᠢᠯ ᠤᠨ ᠲᠤᠬᠠᠶ ᠶᠢᠨ ᠲᠠᠯᠠᠪᠠᠶ ᠶᠢᠨ ᠠᠵᠢᠯᠯᠠᠬᠤ ᠣᠷᠴᠢᠨ ᠨᠥᠬᠦᠴᠡᠯ ᠢ ᠰᠠᠶᠢᠵᠢᠷᠠᠭᠤᠯᠤᠭᠰᠠᠨ ᠤ ᠬᠠᠮᠲᠤ ᠡᠯ᠎ᠡ ᠵᠦᠢᠯ ᠤᠨ ᠠᠵᠢᠯᠯᠠᠭ᠎ᠠ ᠶᠢ ᠰᠢᠯᠢᠳᠡᠭᠵᠢᠭᠦᠯᠬᠦ ᠰᠠᠨᠠᠭᠤᠯᠭ᠎ᠠ ᠳᠤᠷᠠᠳᠴᠠᠶ᠃ ᠡᠴᠦᠰ ᠲᠡᠭᠡᠨ ᠪᠥᠬᠦ ᠠᠵᠢᠯᠲᠠᠨ ᠤ ᠬᠠᠮᠲᠤ ᠶᠢᠨ ᠴᠢᠷᠮᠠᠶᠢᠯᠭ᠎ᠠ ᠪᠠᠷ᠂ ᠶᠡᠷᠦᠩᠬᠡᠶᠢᠯᠡᠭᠰᠡᠨ ᠨᠡᠭᠦᠷᠡᠰᠦ ᠮᠠᠯᠲᠠᠬᠤ ᠨᠢᠭᠡᠳᠦᠭᠡᠷ ᠠᠩᠭᠢ 3 ᠠᠵᠢᠯ ᠤᠨ ᠳᠠᠯᠠᠪᠤᠷ ᠲᠤ ᠲᠤᠰ ᠮᠡᠷᠭᠡᠵᠢᠯ ᠢ ᠠᠮᠵᠢᠯᠲᠠ ᠲᠠᠢ ᠬᠡᠷᠡᠭᠵᠢᠭᠦᠯᠵᠦ᠂ ᠡᠳᠦᠷ ᠲᠤ 15 ᠮᠧᠲᠷ ᠠᠬᠢᠭᠤᠯᠤᠭᠰᠠᠨ ᠲᠡᠮᠳᠡᠭᠯᠡᠯ ᠢ ᠡᠭᠦᠳᠴᠦ᠂ ᠤᠯᠤᠰ ᠤᠨ 2 ᠵᠦᠢᠯ ᠤᠨ ᠲᠤᠰᠬᠠᠶ ᠠᠰᠢᠭ ᠢ ᠭᠤᠶᠤᠴᠢᠯᠠᠨ ᠮᠡᠳᠡᠭᠦᠯᠵᠦ᠂ ᠦᠢᠯᠡᠳᠦᠯᠭᠡ ᠶᠢᠨ ᠲᠤᠷᠰᠢᠯᠭ᠎ᠠ ᠨᠢ ᠪᠥᠬᠦ ᠤᠯᠤᠰ ᠤᠨ ᠨᠡᠭᠦᠷᠡᠰᠦᠨ ᠤ ᠠᠵᠢᠯ ᠲᠥᠷᠥᠯ ᠤᠨ ᠭᠤᠤᠯᠳᠠᠯᠭ᠎ᠠ ᠲᠠᠢ ᠳᠡᠯᠭᠡᠷᠡᠭᠦᠯᠬᠦ ᠲᠥᠷᠥᠯ ᠵᠦᠢᠯ ᠳᠤ ᠵᠢᠭᠰᠠᠭᠠᠭᠳᠠᠪᠠ᠃
ᠶᠡᠷᠦᠩᠬᠡᠶᠢᠯᠡᠭᠰᠡᠨ ᠨᠡᠭᠦᠷᠡᠰᠦ ᠮᠠᠯᠲᠠᠬᠤ ᠠᠩᠭᠢ ᠶᠢᠨ ᠡᠭᠡᠯᠵᠢ ᠳᠤᠭᠤᠶᠢᠯᠠᠩ ᠤᠨ ᠳᠠᠷᠤᠭ᠎ᠠ ᠪᠣᠯᠤᠭᠰᠠᠨ ᠤ ᠬᠤᠪᠢ ᠳᠤ᠂ ᠬᠤ᠋ ᠶᠦᠩ ᠭᠠᠩ ᠪᠦᠷᠢᠯᠳᠦᠭᠦᠨ ᠢᠶᠠᠨ ᠵᠤᠷᠢᠭᠵᠢᠭᠤᠯᠤᠨ ᠬᠥᠲᠥᠯᠥᠨ ᠵᠢᠯᠣᠭᠤᠳᠴᠤ ᠠᠵᠢᠯ ᠤᠨ ᠪᠠᠶᠢᠷᠢ ᠳᠠᠭᠠᠨ ᠰᠠᠭᠤᠷᠢᠯᠠᠨ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠪᠥᠭᠡᠳ ᠪᠡᠶ᠎ᠡ ᠪᠠᠷ ᠢᠶᠠᠨ ᠬᠡᠪ ᠲᠠᠭᠤᠷᠢᠶᠠᠯ ᠦᠵᠡᠬᠦᠯᠳᠡᠭ᠃ 2020 ᠣᠨ ᠤ ᠪᠦᠬᠦ ᠣᠷᠣᠨ ᠤ ᠨᠡᠭᠦᠷᠡᠰᠦ ᠮᠠᠯᠲᠠᠬᠤ ᠮᠠᠰᠢᠨ ᠤ ᠤᠷ᠎ᠠ ᠮᠡᠷᠭᠡᠵᠢᠯ ᠤᠨ ᠤᠷᠤᠯᠳᠤᠭᠠᠨ ᠳᠤ ᠬᠤ᠋ ᠶᠦᠩ ᠭᠠᠩ ᠤᠷᠠᠨ ᠨᠠᠷᠢᠨ ᠮᠡᠷᠭᠡᠵᠢᠯ ᠢᠶᠠᠷ ᠢᠶᠠᠨ ᠬᠤᠶᠠᠳᠤᠭᠠᠷ ᠲᠤ ᠣᠷᠣᠪᠠ᠃ ᠡᠳᠦᠷ ᠲᠤᠳᠤᠮ ᠤᠨ ᠠᠵᠢᠯ ᠠᠮᠢᠳᠤᠷᠠᠯ ᠤᠨ ᠳᠤᠮᠳᠠ᠂ ᠲᠡᠷᠡ ᠡᠭᠡᠯᠵᠢ ᠳᠤᠭᠤᠶᠢᠯᠠᠩ ᠤᠨ ᠪᠦᠷᠢᠯᠳᠤᠬᠦᠨ ᠢᠶᠠᠨ ᠬᠠᠯᠠᠮᠵᠢᠯᠠᠵᠤ᠂ ᠰᠣᠷᠣᠭᠰᠠᠨ ᠤᠷ᠎ᠠ ᠴᠢᠳᠠᠪᠤᠷᠢ ᠪᠠ ᠲᠤᠷᠰᠢᠯᠭ᠎ᠠ ᠪᠠᠨ ᠤᠯᠠᠮᠵᠢᠯᠠᠨ ᠵᠢᠭᠠᠵᠤ᠂ ᠱᠠᠪᠢ ᠨᠠᠷ ᠤᠨ ᠢᠶᠠᠨ ᠬᠠᠶᠢᠷ᠎ᠠ ᠬᠦᠨᠳᠦᠳᠬᠡᠯ ᠢ ᠣᠯᠣᠭᠰᠠᠨ ᠪᠠᠶᠢᠨ᠎ᠠ᠃ ᠲᠡᠷᠡ ᠡᠭᠡᠯᠵᠢ ᠳᠤᠭᠤᠶᠢᠯᠠᠩ ᠤᠨ ᠪᠦᠷᠢᠯᠳᠦᠭᠦᠨ ᠢᠶᠠᠨ ᠳᠠᠭᠠᠭᠤᠯᠤᠨ ᠠᠶᠤᠯᠭᠦᠢ ᠦᠢᠯᠡᠳᠪᠦᠷᠢᠯᠡᠯ ᠤᠨ ︽ᠨᠠᠷᠢᠯᠢᠭ︾ ᠬᠠᠮᠢᠶᠠᠷᠤᠯᠲᠠ᠂ ᠪᠠᠷᠢᠯᠭ᠎ᠠ ᠶᠢᠨ ᠶᠠᠰᠤ ᠴᠢᠨᠠᠷ ᠤᠨ ︽ᠨᠠᠷᠢᠯᠢᠭᠵᠢᠭᠤᠯᠤᠭᠰᠠᠨ︾ ᠬᠠᠮᠢᠶᠠᠷᠤᠨ ᠡᠵᠡᠮᠳᠡᠬᠦ ᠵᠡᠷᠭᠡ ᠲᠠᠯ᠎ᠠ ᠪᠠᠷ ᠦᠨᠡᠨ ᠬᠦ ᠶᠠᠪᠤᠭᠳᠠᠭᠤᠰᠢᠲᠠᠢ ᠳᠦᠷᠢᠮᠵᠢᠯ ᠤᠨ ᠪᠠᠷᠢᠮᠵᠢᠶ᠎ᠠ ᠶᠢ ᠲᠣᠭᠲᠠᠭᠠᠵᠤ᠂ ᠡᠭᠡᠯᠵᠢ ᠳᠤᠭᠤᠶᠢᠯᠠᠩ ᠤᠨ ᠪᠦᠷᠢᠯᠳᠦᠭᠦᠨ ᠢ ᠬᠥᠲᠥᠯᠥᠨ ᠵᠢᠯᠤᠭᠤᠳᠴᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠪᠣᠯᠣᠨ ᠭᠡᠮ ᠰᠣᠭᠤᠭ ᠢ ᠵᠢᠭᠰᠠᠭᠠᠨ ᠪᠠᠶᠢᠴᠠᠭᠠᠬᠤ ᠴᠢᠳᠠᠪᠤᠷᠢ ᠶᠢ ᠳᠡᠭᠡᠭᠰᠢᠯᠡᠭᠦᠯᠪᠡ᠃ ᠲᠡᠷᠡ ᠪᠠᠰᠠ ᠡᠭᠡᠯᠵᠢ ᠳᠤᠭᠤᠶᠢᠯᠠᠩ ᠤᠨ ᠰᠠᠭᠤᠷᠢ ᠪᠦᠲᠦᠭᠡᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠠᠰᠠᠭᠤᠳᠠᠯ ᠢ ᠢᠯᠡᠷᠡᠭᠦᠯᠬᠦ᠂ ᠠᠰᠠᠭᠤᠳᠠᠯ ᠢ ᠰᠶᠢᠳᠪᠦᠷᠢᠯᠡᠬᠦ ᠶᠠᠪᠤᠴᠠ ᠳᠤ ᠨᠢᠭᠡᠨ ᠢᠵᠢ ᠡᠭᠡᠯᠵᠢ ᠳᠤᠭᠤᠶᠢᠯᠠᠩ ᠤᠨ ᠣᠨᠴᠠᠯᠢᠭ ᠲᠠᠢ ᠬᠠᠮᠢᠶᠠᠷᠤᠯᠲᠠ ᠶᠢᠨ ᠠᠷᠭ᠎ᠠ — ︽ᠲᠡᠷᠢᠭᠦᠨ ᠤ ᠡᠭᠡᠯᠵᠢ ᠳᠤᠭᠤᠶᠢᠯᠠᠩ︾ ᠤᠨ ᠬᠠᠮᠢᠶᠠᠷᠤᠯᠲᠠ ᠶᠢᠨ ᠠᠷᠭ᠎ᠠ ᠶᠢ ᠪᠦᠷᠢᠯᠳᠦᠭᠦᠯᠵᠦ᠂ ᠡᠭᠡᠯᠵᠢ ᠳᠤᠭᠤᠶᠢᠯᠠᠩ ᠢᠶᠠᠨ ᠳᠠᠭᠠᠭᠤᠯᠤᠨ ᠰᠢᠯᠢᠳᠡᠭ ᠬᠢᠷᠢ ᠪᠦᠲᠦᠮᠵᠢ ᠪᠠᠷ ᠳᠡᠭᠡᠳᠦ ᠱᠠᠲᠤᠨ ᠠᠴᠠ ᠪᠠᠭᠤᠯᠭᠠᠭᠰᠠᠨ ᠡᠯ᠎ᠡ ᠵᠦᠢᠯ ᠤᠨ ᠦᠢᠯᠡᠳᠪᠦᠷᠢᠯᠡᠯ ᠤᠨ ᠡᠭᠦᠷᠭᠡ ᠶᠢ ᠪᠡᠶᠡᠯᠡᠭᠦᠯᠪᠡ᠃
ᠦᠢᠯᠡᠳᠪᠦᠷᠢᠯᠡᠯ ᠤᠨ ᠶᠠᠪᠤᠴᠠ ᠳᠠᠬᠢ ᠠᠮᠤᠷ ᠲᠦᠪᠰᠢᠨ ᠤ ᠳᠠᠯᠳᠠ ᠬᠡᠮ ᠪᠣᠯᠣᠨ ᠲᠤᠨᠤᠭ ᠲᠥᠬᠦᠭᠡᠷᠦᠮᠵᠢ ᠶᠢᠨ ᠲᠤᠰ ᠪᠡᠶ᠎ᠡ ᠶᠢᠨ ᠪᠦᠲᠦᠴᠡ ᠶᠢᠨ ᠴᠢᠨᠠᠷᠲᠠᠢ ᠠᠮᠤᠷ ᠲᠦᠪᠰᠢᠨ ᠤ ᠳᠤᠲᠠᠭᠳᠠᠯ ᠢ ᠰᠶᠢᠳᠪᠦᠷᠢᠯᠡᠬᠦ ᠶᠢᠨ ᠲᠦᠯᠦᠭᠡ᠂ ᠬᠤ᠋ ᠶᠦᠩ ᠭᠠᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ ᠰᠢᠪᠲᠤᠯᠬᠤ ᠵᠡᠷᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠳᠤ ᠢᠳᠡᠪᠬᠢᠲᠡᠢ ᠣᠷᠣᠯᠴᠠᠵᠤ᠂ ᠤᠯᠠᠨ ᠲᠦᠷᠦᠯ ᠤᠨ ᠵᠢᠵᠢᠭ ᠥᠭᠡᠷᠡᠴᠢᠯᠡᠯᠲᠡ ᠶᠢᠨ ᠲᠦᠷᠦᠯ ᠵᠦᠢᠯ ᠳᠤ ᠤᠷᠤᠯᠴᠠᠨ ᠵᠢᠷᠤᠵᠤ ᠲᠦᠯᠦᠪᠯᠡᠵᠦ᠂ ᠡᠭᠦᠨ ᠤ ᠳᠣᠲᠣᠷᠠᠬᠢ 2 ᠲᠦᠷᠦᠯ ᠨᠢ ᠤᠯᠤᠰ ᠤᠨ ᠲᠤᠰᠬᠠᠢ ᠠᠰᠢᠭ ᠤᠨ ᠡᠷᠬᠡ ᠶᠢ ᠭᠤᠶᠤᠴᠢᠯᠠᠨ ᠮᠡᠳᠡᠭᠦᠯᠵᠦ ᠪᠤᠢ᠃
︽ᠠᠮᠵᠢᠯᠲᠠ ᠪᠦᠲᠦᠮᠵᠢ ᠵᠦᠪᠭᠡᠨ ᠥᠩᠭᠡᠷᠡᠭᠰᠡᠨ ᠢ ᠲᠥᠯᠥᠭᠡᠯᠡᠨ᠎ᠡ᠂ ᠬᠤᠵᠢᠮ ᠢᠷᠡᠭᠡᠳᠦᠢ ᠳᠤ ᠦᠷᠭᠦᠯᠵᠢᠯᠡᠨ ᠴᠢᠷᠮᠠᠶᠢᠨ᠎ᠠ︾᠃ ᠡᠨᠡ ᠵᠢᠯ ᠤᠨ ︽5 · 1︾ ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠠᠴᠠ ᠡᠮᠦᠨᠡᠬᠡᠨ᠂ ᠬᠤ᠋ ᠶᠦᠩ ᠭᠠᠩ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ ᠪᠠᠷ ᠦᠨᠡᠯᠡᠭᠳᠡᠪᠡ᠃ ᠰᠢᠨ᠎ᠡ ᠴᠠᠭ ᠦᠶ᠎ᠡ ᠶᠢᠨ ᠨᠡᠭᠦᠷᠡᠰᠦᠨ ᠠᠭᠤᠷᠬᠠᠢ ᠶᠢᠨ ᠠᠵᠢᠯᠴᠢᠳ ᠤᠨ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ᠂ ᠰᠢᠨ᠎ᠡ ᠶᠢ ᠡᠭᠦᠳᠦᠨ ᠰᠦᠪᠡᠭᠴᠢᠯᠡᠬᠦ ᠡᠷᠬᠢᠮ ᠨᠠᠨᠳᠢᠨ ᠵᠣᠷᠢᠭ ᠰᠠᠨᠠᠭ᠎ᠠ ᠨᠢ ᠨᠡᠩ ᠤᠯᠠᠨ ᠵᠠᠯᠠᠭᠤ ᠬᠥᠳᠡᠯᠮᠦᠷᠢᠴᠢᠳ ᠤᠨ ᠲᠠᠰᠤᠷᠠᠯᠲᠠ ᠦᠭᠡᠢ ᠰᠢᠨ᠎ᠡ ᠥᠨᠳᠥᠷᠴᠡ ᠶᠢ ᠬᠥᠭᠡᠭᠡᠴᠡᠯᠳᠦᠬᠦ᠂ ᠰᠢᠨ᠎ᠡ ᠦᠷᠳᠡᠭ ᠢᠶᠠᠨ ᠢᠯᠡᠷᠡᠭᠦᠯᠬᠦ ᠶᠢ ᠤᠷᠮᠠᠰᠢᠭᠤᠯᠤᠨ ᠵᠣᠷᠢᠭᠵᠢᠭᠤᠯᠤᠨ᠎ᠠ᠃