​ᠥᠪᠥᠷ ᠮᠣᠩᠭᠤᠯ ᠤᠨ ᠭᠠᠳᠠᠭᠠᠳᠤ ᠠᠷᠠᠯᠵᠢᠶ᠎ᠠ ᠨᠢᠭᠡᠳᠦᠭᠡᠷ ᠤᠯᠠᠷᠢᠯ ᠳᠤ ᠲᠣᠭᠲᠠᠭᠤᠨ ᠡᠬᠢᠯᠡᠯᠲᠡ ᠲᠠᠢ
ᠨᠡᠶᠢᠲᠡᠯᠡᠭᠰᠡᠨ ᠴᠠᠭ᠄
2025/4/28


      ᠰᠤᠷᠪᠤᠯᠵᠢᠯᠠᠭᠴᠢ ᠬᠥᠬᠡᠬᠤᠲᠠ ᠪᠣᠭᠤᠮᠲᠠ ᠠᠴᠠ ᠣᠶᠢᠯᠠᠭᠠᠭᠰᠠᠨ ᠢᠶᠠᠷ᠂ ᠥᠨᠥ ᠵᠢᠯ ᠤᠨ ᠨᠢᠭᠡᠳᠦᠭᠡᠷ ᠤᠯᠠᠷᠢᠯ ᠳᠤ ᠥᠪᠥᠷ ᠮᠣᠩᠭᠤᠯ ᠤᠨ ᠭᠠᠳᠠᠭᠠᠳᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠪᠥᠬᠦ ᠥᠷᠲᠡᠭ ᠠᠷᠠᠳ ᠤᠨ ᠵᠣᠭᠤᠰ ᠢᠶᠠᠷ 477.1 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠦᠨᠳᠦᠰᠦᠨ ᠳᠤ ᠪᠠᠨ ᠠᠳᠠᠯᠢ ᠪᠣᠯᠵᠠᠢ᠃ ᠡᠭᠦᠨ ᠳᠤ ᠭᠠᠳᠠᠭᠠᠳᠤ ᠳᠤ ᠭᠠᠷᠭᠠᠭᠰᠠᠨ ᠨᠢ 187.7 ᠳ᠋ᠦᠩᠰᠢᠭᠤᠷ ᠲᠥᠭᠦᠷᠢᠭ ᠂ ᠭᠠᠳᠠᠭᠠᠳᠤ ᠠᠴᠠ ᠣᠷᠣᠭᠤᠯᠤᠭᠰᠠᠨ ᠨᠢ 289.4 ᠳ᠋ᠦᠩᠰᠢᠭᠤᠷ ᠲᠥᠭᠦᠷᠢᠭ ᠪᠣᠯᠣᠨ᠎ᠠ ᠃

      ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠳ ᠤᠨ ᠭᠠᠳᠠᠭᠠᠳᠤ ᠠᠷᠠᠯᠵᠢᠶᠠᠨ ᠳᠤ ᠡᠵᠡᠯᠡᠬᠦ ᠭᠤᠣᠯ ᠬᠦᠴᠦᠨ ᠤ ᠪᠠᠶᠢᠷᠢ ᠰᠠᠭᠤᠷᠢ  ᠨᠢ ᠨᠠᠩ ᠪᠠᠬᠢᠵᠢᠵᠦ᠂ ᠢᠳᠡᠪᠬᠢᠵᠢᠯ  ᠨᠢ ᠦᠷᠭᠦᠯᠵᠢᠯᠡᠨ ᠴᠢᠩᠭᠠᠷᠠᠵᠠᠢ ᠃ ᠭᠠᠳᠠᠭᠠᠳᠤ ᠠᠴᠠ ᠣᠷᠣᠭᠤᠯᠤᠭᠰᠠᠨ ᠲᠠᠸᠠᠷ ᠤᠳ ᠤᠨ ᠲᠡᠷᠢᠭᠦᠨ ᠳᠤ ᠯᠠᠪᠳᠠᠭᠤᠨ ᠢᠶᠠᠷ ᠵᠢᠭᠰᠠᠭᠠᠭᠳᠠᠭᠰᠠᠨ ᠨᠢ ᠵᠡᠰ ᠤᠨ ᠬᠦᠳᠡᠷ ᠤᠨ ᠦᠢᠷᠡᠮᠡᠭ ᠪᠣᠯᠣᠨ᠎ᠠ᠃ ᠲᠠᠷᠢᠶᠠᠯᠠᠩ ᠤᠨ ᠪᠦᠲᠦᠭᠡᠭᠳᠡᠬᠦᠨ ᠨᠦᠭᠦᠳ ᠤᠨ ᠭᠠᠳᠠᠭᠠᠳᠤ ᠭᠠᠷᠭᠠᠯᠲᠠ ᠰᠠᠶᠢᠨ ᠡᠬᠢᠯᠡᠯᠲᠡ ᠲᠠᠢ ᠪᠣᠯᠵᠤ᠂ ᠠᠵᠤ ᠦᠢᠯᠡᠰ ᠤᠨ ᠳᠠᠪᠠᠭᠤᠯᠢᠭ ᠢᠯᠡᠳᠲᠡ ᠴᠢᠩᠭᠠᠷᠠᠪᠠ᠃

     ︽ ᠶᠡᠷᠦᠩᠬᠡᠢ ᠳᠤ ᠨᠢ ᠦᠵᠡᠪᠡᠯ᠂ ᠥᠨᠥ ᠵᠢᠯ ᠤᠨ ᠨᠢᠭᠡᠳᠦᠭᠡᠷ ᠤᠯᠠᠷᠢᠯ ᠳᠤ ᠪᠥᠬᠦ ᠣᠷᠣᠨ ᠤ ᠭᠠᠳᠠᠭᠠᠳᠤ ᠠᠷᠠᠯᠵᠢᠶ᠎ᠠ ᠲᠣᠭᠲᠠᠭᠤᠨ ᠡᠬᠢᠯᠡᠯᠲᠡ ᠲᠠᠢ ᠪᠠᠶᠢᠵᠤ ᠂ 3 ᠳ᠋ᠤᠭᠠᠷ ᠰᠠᠷ᠎ᠠ ᠳᠤ ᠭᠠᠳᠠᠭᠠᠳᠤ ᠠᠴᠠ ᠣᠷᠣᠭᠤᠯᠤᠭᠰᠠᠨ ᠪᠠ ᠭᠠᠳᠠᠭᠠᠳᠤ ᠳᠤ ᠭᠠᠷᠭᠠᠭᠰᠠᠨ ᠬᠡᠮᠵᠢᠶ᠎ᠡ ᠴᠥᠮ ᠨᠡᠮᠡᠭᠳᠡᠵᠡᠢ᠃︾ ᠬᠡᠮᠡᠨ ᠬᠥᠬᠡᠬᠤᠲᠠ ᠪᠣᠭᠤᠮᠲᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠨᠢᠯᠴᠠᠭᠤᠯᠪᠠ ᠃

      

 


ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ