ᠥᠪᠥᠷ ᠵᠠᠰᠠᠭ ᠲᠠᠷᠬᠠᠭᠠᠭᠰᠠᠨ ﹇2017﹈ 77 ᠳ᠋ᠤᠭᠠᠷ ᠲᠣᠭᠠᠲᠤ᠂ ᠥᠪᠥᠷ ᠵᠠᠰᠠᠭ ᠠᠯᠪᠠᠨ ᠲᠠᠷᠬᠠᠭᠠᠭᠰᠠᠨ ﹇2017﹈ 174 ᠳ᠋ᠦ᠋ᠭᠡᠷ ᠲᠣᠭᠠᠲᠤ ᠂ ᠥᠪᠥᠷ ᠵᠠᠰᠠᠭ ᠠᠯᠪᠠᠨ ᠲᠠᠷᠬᠠᠭᠠᠭᠰᠠᠨ ﹇2021﹈ 38 ᠳ᠋ᠤᠭᠠᠷ ᠲᠣᠭᠠᠲᠤ᠂ ᠥᠪᠥᠷ ᠵᠠᠰᠠᠭ ᠠᠯᠪᠠᠨ ᠥᠰᠥᠭ ﹇2021﹈ 92 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠢ ᠬᠦᠴᠦᠨ ᠦᠭᠡᠢ ᠪᠤᠯᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2025/4/28

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ

ᠥᠪᠥᠷ ᠵᠠᠰᠠᠭ ᠦᠰᠦᠭ ﹇ 2025﹈ 30 ᠳ᠋ᠤᠭᠠᠷ ᠲᠣᠭᠠᠲᠤ

 

ᠥᠪᠥᠷ ᠵᠠᠰᠠᠭ ᠲᠠᠷᠬᠠᠭᠠᠭᠰᠠᠨ ﹇ 2017 ﹈ 77 ᠳ᠋ᠤᠭᠠᠷ ᠲᠣᠭᠠᠲᠤ ᠂ ᠥᠪᠥᠷ ᠵᠠᠰᠠᠭ ᠠᠯᠪᠠᠨ ᠲᠠᠷᠬᠠᠭᠠᠭᠰᠠᠨ ﹇ 2017 ﹈ 174 ᠳ᠋ᠦ᠋ᠭᠡᠷ ᠲᠣᠭᠠᠲᠤ ᠂ ᠥᠪᠥᠷ ᠵᠠᠰᠠᠭ ᠠᠯᠪᠠᠨ ᠲᠠᠷᠬᠠᠭᠠᠭᠰᠠᠨ ﹇ 2021 ﹈ 38 ᠳ᠋ᠤᠭᠠᠷ ᠲᠣᠭᠠᠲᠤ ᠂ ᠥᠪᠥᠷ ᠵᠠᠰᠠᠭ ᠠᠯᠪᠠᠨ ᠥᠰᠥᠭ ﹇ 2021 ﹈ 92 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠢ ᠬᠦᠴᠦᠨ ᠦᠭᠡᠢ ᠪᠤᠯᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ

 

ᠡᠯ᠎ᠡ ᠠᠶᠢᠮᠠᠭ ᠤᠨ ᠵᠠᠬᠢᠷᠭ᠎ᠠ ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ ᠂ ᠠᠯᠪᠠᠨ ᠭᠡᠷ ᠂ ᠲᠢᠩᠬᠢᠮ ᠂ ᠲᠣᠪᠴᠢᠶ᠎ᠠ ᠂ ᠡᠯ᠎ᠡ ᠲᠣᠮᠣ ᠠᠵᠤ ᠠᠬᠤᠶᠢᠯᠠᠯ ᠂ ᠠᠵᠢᠯ ᠦᠢᠯᠡᠰ ᠤᠨ ᠨᠢᠭᠡᠴᠢ ᠳᠤ᠄

  ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠭᠰᠡᠨ ᠪᠠᠶᠢᠳᠠᠯ ᠢ ᠦᠨᠳᠦᠰᠦᠯᠡᠵᠦ ᠂ ︽ ︿ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠴᠢᠳᠠᠪᠤᠷᠢᠲᠠᠨ ᠤ ᠰᠢᠯᠵᠢᠯᠲᠡ ᠶᠢᠨ ᠬᠡᠷᠡᠭᠵᠢᠭᠦᠯᠬᠦ ᠠᠷᠭ᠎ᠠ ﹀ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ ︾ ︵ ᠥᠪᠥᠷ ᠵᠠᠰᠠᠭ ᠲᠠᠷᠬᠠᠭᠠᠭᠰᠠᠨ ﹇ 2017 ﹈ 77 ᠳ᠋ᠤᠭᠠᠷ ᠲᠣᠭᠠᠲᠤ ︶ ᠂ ︽ ︿ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠶᠢᠨ ᠠᠵᠤ ᠦᠢᠯᠡᠰᠴᠢᠯᠡᠭᠰᠡᠨ ᠭᠤᠣᠯᠳᠠᠯᠭ᠎ᠠ ᠪᠣᠯᠬᠤ ᠬᠥᠲᠥᠴᠢ ᠠᠵᠤ ᠠᠬᠤᠶᠢᠯᠠᠯ ᠢ ᠮᠠᠭᠠᠳᠯᠠᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ ﹀ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ ︾ ︵ ᠥᠪᠥᠷ ᠵᠠᠰᠠᠭ ᠠᠯᠪᠠᠨ ᠲᠠᠷᠬᠠᠭᠠᠭᠰᠠᠨ ﹇ 2021 ﹈ 174 ᠳ᠋ᠦ᠋ᠭᠡᠷ ᠲᠣᠭᠠᠲᠤ ︶ ᠂ ︽ ︿ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠰᠲ᠋ᠣᠺ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠨ ᠠᠵᠢᠯᠯᠠᠬᠤ ᠶᠢ ᠵᠣᠷᠢᠭᠵᠢᠭᠤᠯᠤᠨ ᠱᠠᠩᠨᠠᠵᠤ ᠨᠥᠬᠦᠪᠦᠷᠢᠯᠡᠬᠦ ᠠᠷᠭ᠎ᠠ ﹀ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ ︾ ︵ ᠥᠪᠥᠷ ᠵᠠᠰᠠᠭ ᠠᠯᠪᠠᠨ ᠲᠠᠷᠬᠠᠭᠠᠭᠰᠠᠨ ﹇ 2021 ﹈ 38 ᠳ᠋ᠤᠭᠠᠷ ᠲᠣᠭᠠᠲᠤ ︶ ᠂ ︽ ᠥᠪᠥᠷ ᠵᠠᠰᠠᠭ ᠠᠯᠪᠠᠨ ᠲᠠᠷᠬᠠᠭᠠᠭᠰᠠᠨ ﹇ 2021 ﹈ 38 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠬᠠᠮᠢᠶ᠎ᠠ ᠪᠦᠬᠦᠢ ᠠᠭᠤᠯᠭ᠎ᠠ ᠳᠤ ᠵᠠᠰᠠᠪᠤᠷᠢ ᠣᠷᠣᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ ︾ ︵ ᠥᠪᠥᠷ ᠵᠠᠰᠠᠭ ᠠᠯᠪᠠᠨ ᠥᠰᠥᠭ ﹇ 2021 ﹈ 92 ᠳ᠋ᠤᠭᠠᠷ ᠲᠣᠭᠠᠲᠤ ︶ ᠵᠡᠷᠭᠡ 4 ᠪᠢᠴᠢᠭ ᠮᠠᠲ᠋ᠧᠷᠢᠶᠠᠯ ᠢ ᠬᠦᠴᠦᠨ ᠦᠭᠡᠢ ᠪᠣᠯᠭᠠᠪᠠ ᠃

  ᠲᠤᠰ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡᠴᠢ ᠶᠢᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ ᠂ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠴᠠᠭ ᠲᠤᠬᠠᠢ ᠳᠤ  ᠨᠢ ᠢᠯᠭᠠᠷᠠᠭᠤᠯᠤᠨ ᠴᠡᠪᠡᠷᠯᠡᠵᠦ ᠂ ᠲᠦᠷᠦ ᠶᠢᠨ ᠪᠣᠳᠣᠯᠭ᠎ᠠ ᠶᠢᠨ ᠵᠣᠯᠭᠠᠯᠳᠤᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ ᠃


                      2025 ᠣᠨ ᠤ 3 ᠳ᠋ᠤᠭᠠᠷ ᠰᠠᠷ᠎ᠠ ᠶᠢᠨ 1 ᠤ ᠡᠳᠦᠷ

  ︵ ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ ︶


ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ