|
ᠪᠤᠴᠠᠵᠤ ᠢᠷᠡᠬᠦ ᠴᠠᠭ ᠨᠢ ᠲᠣᠭᠲᠠᠪᠠ︕ |
|
|
ᠨᠡᠶᠢᠲᠡᠯᠡᠭᠰᠡᠨ ᠴᠠᠭ᠄
2025/4/28
|
|
ᠬᠤᠪᠢᠯᠭᠠᠨ ᠣᠩᠭᠤᠴᠠ ᠠᠷᠪᠠ ᠶᠢᠰᠦᠲᠦᠭᠡᠷ᠂ ᠬᠤᠪᠢᠯᠭᠠᠨ ᠣᠩᠭᠤᠴᠠ ᠬᠤᠷᠢᠲᠤᠭᠠᠷ ᠤᠨ ᠰᠠᠨᠰᠠᠷᠴᠢᠳ ᠤᠨ ᠳᠤᠭᠤᠶᠢᠯᠠᠩ ᠨᠢ 27 ᠤ ᠡᠳᠦᠷ ᠳᠤᠰᠢᠶᠠᠵᠤ ᠥᠭᠬᠦ ᠬᠦᠯᠢᠶᠡᠨ ᠠᠪᠬᠤ ᠶᠤᠰᠤᠯᠠᠯ ᠶᠠᠪᠤᠭᠳᠠᠭᠤᠯᠵᠤ᠂ ᠬᠤᠶᠠᠷ ᠲᠤᠭᠤᠶᠢᠯᠠᠩ ᠨᠢ ᠨᠢᠭᠡ ᠨᠢ ᠨᠦᠭᠦᠭᠡ ᠳᠤ ᠪᠠᠨ ᠳᠤᠮᠲᠠᠲᠦ ᠤᠯᠤᠰ ᠤᠨ ᠰᠠᠨᠰᠠᠷ ᠤᠨ ᠥᠷᠲᠡᠭᠡᠨ ᠤ ᠳᠦᠯᠬᠢᠭᠦᠷ ᠢ ᠰᠢᠯᠵᠢᠭᠦᠯᠦᠨ ᠥᠭᠪᠡ᠃ ᠳᠤᠮᠳᠠᠳᠤ ᠤᠯᠤᠰ ᠤᠨ ᠬᠥᠮᠦᠨ ᠰᠠᠭᠤᠯᠭᠠᠭᠰᠠᠨ ᠰᠠᠨᠰᠠᠷ ᠤᠨ ᠢᠨᠵᠧᠨᠧᠷᠢᠩ ᠤᠨ ᠠᠯᠪᠠᠨ ᠭᠡᠷ ᠤᠨ ᠲᠠᠨᠢᠯᠴᠠᠭᠤᠯᠤᠭᠰᠠᠨ ᠢᠶᠠᠷ᠂ ᠬᠤᠪᠢᠯᠭᠠᠨ ᠣᠩᠭᠤᠴᠠ ᠠᠷᠪᠠ ᠶᠢᠰᠦᠳᠦᠭᠡᠷ ᠤᠨ ᠰᠠᠨᠰᠠᠷᠴᠢᠳ ᠤᠨ ᠳᠤᠭᠤᠶᠢᠯᠠᠩ ᠨᠢ ᠪᠥᠬᠦ ᠡᠭᠦᠷᠭᠡ ᠪᠠᠨ ᠪᠡᠶᠡᠯᠡᠭᠦᠯᠦᠭᠡᠳ 4 ᠳ᠋ᠦ᠋ᠭᠡᠷ ᠰᠠᠷ᠎ᠠ ᠶᠢᠨ 29 ᠤ ᠡᠳᠦᠷ ᠬᠤᠪᠢᠯᠭᠠᠨ ᠣᠩᠭᠤᠴᠠ ᠠᠷᠪᠠ ᠶᠢᠰᠦᠳᠦᠭᠡᠷ ᠬᠥᠮᠦᠨ ᠰᠠᠭᠤᠯᠭᠠᠭᠰᠠᠨ ᠨᠢᠰᠬᠦ ᠣᠩᠭᠤᠴᠠᠨ ᠳᠤ ᠰᠠᠭᠤᠵᠤ ᠳ᠋ᠥᠩᠹᠧᠩ ᠪᠠᠭᠤᠯᠲᠠ ᠶᠢᠨ ᠲᠠᠯᠠᠪᠠᠶ ᠳᠤ ᠭᠠᠵᠠᠷᠳᠠᠬᠤ ᠪᠣᠯᠣᠨ᠎ᠠ᠃ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|