2025 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠦᠨᠳᠦᠰᠦᠲᠡᠨ ᠤ ᠲᠤᠬᠠᠢ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ︽ᠦᠨᠳᠦᠰᠦᠲᠡᠨ ᠤ ᠲᠤᠬᠠᠢ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾
ᠴᠠᠭ ᠤᠨ ᠲᠣᠬᠢᠷᠠᠭᠤᠯᠤᠯᠲᠠ
ᠦᠨᠳᠦᠰᠦᠲᠡᠨ ᠤ ᠲᠤᠬᠠᠢ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ᠄ 5 ᠳ᠋ᠤᠭᠠᠷ ᠰᠠᠷ᠎ᠠ ᠶᠢᠨ 1 ᠤ ᠡᠳᠦᠷ ᠠᠴᠠ 5 ᠳ᠋ᠤᠭᠠᠷ ᠰᠠᠷ᠎ᠠ ᠶᠢᠨ 31 ᠤ ᠡᠳᠦᠷ
ᠦᠨᠳᠦᠰᠦᠲᠡᠨ ᠤ ᠲᠤᠬᠠᠢ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ᠄ 5 ᠳ᠋ᠤᠭᠠᠷ ᠰᠠᠷ᠎ᠠ ᠶᠢᠨ 25 ᠤ ᠡᠳᠦᠷ ᠠᠴᠠ 5 ᠳ᠋ᠤᠭᠠᠷ ᠰᠠᠷ᠎ᠠ ᠶᠢᠨ 31 ᠤ ᠡᠳᠦᠷ
ᠠᠵᠢᠯ ᠤᠨ ᠭᠤᠣᠯ ᠰᠡᠳᠦᠪ
ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ᠂ ᠪᠦᠯᠬᠦᠮᠳᠡᠨ ᠲᠡᠮᠡᠴᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃
ᠶᠡᠷᠦᠩᠬᠡᠢ ᠱᠠᠭᠠᠷᠳᠠᠯᠭ᠎ᠠ
ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠨ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠲᠤᠬᠠᠢ ᠠᠵᠢᠯ ᠢ ᠴᠢᠩᠭᠠᠳᠬᠠᠨ ᠰᠠᠶᠢᠵᠢᠷᠠᠭᠤᠯᠬᠤ ᠴᠢᠬᠤᠯᠠ ᠦᠵᠡᠯ ᠰᠠᠨᠠᠭ᠎ᠠ ᠪᠠ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠤᠨ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠱᠤᠭᠤᠮ ᠪᠣᠯᠭᠠᠵᠤ᠂ ︽ᠳᠥᠷᠪᠡ ᠶᠢ ᠶᠡᠭᠡ ᠪᠠᠷ ᠤᠬᠠᠭᠤᠯᠬᠤ︾ ᠪᠠ ︽ᠭᠤᠷᠪᠠ ᠶᠢ ᠲᠣᠳᠣᠷᠬᠠᠶᠢᠯᠠᠨ ᠶᠠᠷᠢᠬᠤ︾ ᠯᠤᠭ᠎ᠠ ᠨᠢᠭᠲᠠ ᠤᠶᠠᠯᠳᠤᠭᠤᠯᠤᠨ᠂ ᠨᠠᠮ ᠤᠨ ᠦᠨᠳᠦᠰᠦᠲᠡᠨ ᠤ ᠲᠤᠬᠠᠢ ᠣᠨᠣᠯ ᠤᠨ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠢ ᠪᠥᠬᠦ ᠲᠠᠯ᠎ᠠ ᠪᠠᠷ ᠴᠢᠩᠭᠠᠳᠬᠠᠵᠤ᠂ ᠪᠥᠬᠦ ᠣᠷᠣᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠬᠥᠮᠥᠵᠢᠭᠦᠯᠦᠨ ᠳᠠᠭᠠᠭᠤᠯᠵᠤ ᠪᠠᠶᠢᠭᠠᠳ ︽ᠬᠤᠶᠠᠷ ᠢ ᠲᠣᠭᠲᠠᠭᠠᠭᠰᠠᠨ ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠦᠨ ᠂ ︽ᠨᠢᠭᠡ ᠭᠤᠣᠯ ᠰᠢᠵᠢᠮ ᠢ ᠲᠤᠭᠤᠰᠢᠯᠠᠭᠤᠯᠤᠨ ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠰᠢᠨ᠎ᠡ ᠵᠠᠮ ᠢ ᠨᠡᠭᠡᠭᠡᠵᠦ ᠳᠤᠮᠳᠠ ᠲᠦᠪᠰᠢᠨ ᠳᠤ ᠳᠠᠪᠰᠢᠬᠤ ︾ ᠲᠠᠯ᠎ᠠ ᠪᠠᠷ ᠨᠡᠩ ᠶᠡᠭᠡ ᠠᠬᠢᠴᠠ ᠲᠠᠢ ᠪᠣᠯᠬᠤ ᠪᠠᠷ ᠴᠢᠷᠮᠠᠶᠢᠨ᠎ᠠ᠃
ᠭᠤᠣᠯᠳᠠᠯᠭ᠎ᠠ ᠲᠠᠢ ᠤᠬᠠᠭᠤᠯᠬᠤ ᠠᠭᠤᠯᠭ᠎ᠠ
ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ︔ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠲᠤᠬᠠᠢ ᠠᠵᠢᠯ ᠢ ᠴᠢᠩᠭᠠᠳᠬᠠᠨ ᠰᠠᠶᠢᠵᠢᠷᠠᠭᠤᠯᠬᠤ ᠴᠢᠬᠤᠯᠠ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ︔ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠦᠨᠳᠦᠰᠦᠲᠡᠨ ᠤ ᠲᠤᠬᠠᠢ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ︔ ᠰᠠᠬᠢᠨ ᠪᠠᠷᠠᠯᠠᠵᠤ ᠬᠠᠷᠢᠯᠴᠠᠨᠬᠠᠪᠰᠤᠷᠤᠯᠴᠠᠬᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ᠂ ︽ᠮᠣᠩᠭᠤᠯ ᠮᠣᠷᠢᠨ ᠤ ᠵᠣᠷᠢᠭ ᠰᠠᠨᠠᠭ᠎ᠠ︾ ᠪᠠ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠶᠢ ᠪᠠᠳᠠᠷᠠᠭᠤᠯᠬᠤ ᠪᠠᠷ ᠦᠨᠳᠦᠰᠦᠨ ᠠᠭᠤᠯᠤᠭᠳᠠᠬᠤᠨ ᠪᠣᠯᠭᠠᠭᠰᠠᠨ ᠤᠮᠠᠷᠠᠲᠤ ᠬᠢᠯᠢ ᠶᠢᠨ ᠰᠣᠶᠣᠯ︔ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ︾ ᠵᠡᠷᠭᠡ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠃
ᠠᠵᠢᠯ ᠤᠨ ᠲᠣᠬᠢᠷᠠᠭᠤᠯᠤᠯᠲᠠ
ᠲᠤᠰᠬᠠᠢ ᠬᠦᠷᠢᠶᠡᠨ ᠳᠠᠬᠢ ᠠᠵᠢᠯ
ᠡᠨᠡ ᠵᠢᠯ ᠭᠠᠴᠠᠭ᠎ᠠ ᠲᠣᠰᠬᠤᠨ ᠪᠠ ᠨᠡᠶᠢᠭᠡᠮ ᠲᠣᠭᠤᠷᠢᠭ ᠲᠤ ᠭᠤᠣᠯᠳᠠᠯᠭ᠎ᠠ ᠲᠠᠢ ᠬᠠᠨᠳᠤᠭᠤᠯᠤᠨ᠂ ᠠᠯᠪᠠᠨ ᠪᠠᠶᠢᠭᠤᠯᠭ᠎ᠠ ᠂ ᠠᠵᠤ ᠠᠬᠤᠶᠢᠯᠠᠯ᠂ ᠰᠤᠷᠭᠠᠭᠤᠯᠢ᠂ ᠴᠡᠷᠢᠭ ᠤᠨ ᠰᠤᠮᠤᠨ ᠠᠩᠭᠢ᠂ ᠱᠠᠰᠢᠨ ᠰᠤᠷᠲᠠᠬᠤᠨ ᠤ ᠠᠵᠢᠯᠯᠠᠭ᠎ᠠ ᠶᠢᠨ ᠲᠠᠯᠠᠪᠤᠷ ᠭᠠᠵᠠᠷ᠂ ᠰᠣᠶᠣᠯ ᠵᠢᠭᠤᠯᠴᠢᠯᠠᠯ ᠤᠨ ᠲᠠᠯᠠᠪᠤᠷ ᠭᠠᠵᠠᠷ᠂ ᠰᠦᠯᠵᠢᠶ᠎ᠡ ᠵᠡᠷᠭᠡ 9 ᠬᠦᠷᠢᠶ᠎ᠡ ᠴᠠᠷᠠᠭ᠎ᠠ ᠵᠢᠴᠢ ᠨᠡᠶᠢᠭᠡᠮ ᠤᠨ ᠡᠯ᠎ᠡ ᠬᠦᠷᠢᠶ᠎ᠡ ᠶᠢ ᠨᠢᠭᠡᠳᠦᠯᠲᠡᠢ ᠲᠥᠯᠥᠪᠯᠡᠨ ᠬᠠᠮᠤᠷᠴᠤ ᠠᠵᠢᠯ ᠢᠶᠠᠨ ᠥᠷᠨᠢᠭᠦᠯᠦᠨ᠎ᠡ᠃
ᠠᠯᠪᠠᠨ ᠪᠠᠶᠢᠭᠤᠯᠭ᠎ᠠ ᠳᠤ ᠦᠷᠨᠢᠭᠦᠯᠦᠨ᠎ᠡ
︽ᠭᠤᠷᠪᠠᠨ ᠬᠤᠷᠠᠯ ᠨᠢᠭᠡ ᠬᠢᠴᠢᠶᠡᠯ︾᠂ ᠨᠠᠮ ᠤᠨ ᠭᠤᠣᠯ ᠰᠡᠳᠦᠪᠲᠦ ᠡᠳᠦᠷ ᠂ ᠠᠯᠪᠠᠨ ᠪᠠᠶᠢᠭᠤᠯᠭ᠎ᠠ ᠶᠢᠨ ᠺᠠᠳ᠋ᠷᠴᠤᠳ ᠤᠨ ᠤᠯᠤᠰ ᠲᠥᠷᠥ ᠣᠨᠣᠯ ᠤᠨ ᠰᠤᠷᠤᠯᠴᠠᠯᠭ᠎ᠠ ᠵᠡᠷᠭᠡ ᠶᠢ ᠥᠷᠨᠢᠭᠦᠯᠬᠦ ᠪᠠᠷ ᠳᠠᠮᠵᠢᠭᠤᠯᠤᠨ᠂ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢᠨ ᠪᠠᠶᠠᠯᠢᠭ ᠠᠭᠤᠯᠤᠭᠳᠠᠬᠤᠨ ᠢ ᠨᠠᠩ ᠭᠦᠨᠵᠡᠭᠡᠢ ᠲᠠᠨᠢᠭᠤᠯᠤᠨ᠎ᠠ ᠃ ᠠᠯᠪᠠᠨ ᠪᠠᠶᠢᠭᠤᠯᠭ᠎ᠠ ᠶᠢᠨ ᠨᠠᠮ ᠤᠨ ᠭᠡᠰᠢᠭᠦᠨ ᠺᠠᠳ᠋ᠷ᠂ ᠠᠵᠢᠯ ᠠᠴᠠ ᠪᠠᠨ ᠠᠮᠠᠷᠠᠭᠰᠠᠨ ᠺᠠᠳ᠋ᠷ᠂ ᠲᠤᠰᠬᠠᠢ ᠮᠡᠷᠭᠡᠵᠢᠯᠲᠡᠨ ᠡᠷᠳᠡᠮᠲᠡᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠨᠠᠮ ᠤᠨ ᠦᠨᠳᠦᠰᠦᠲᠡᠨ ᠤ ᠲᠤᠬᠠᠢ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠲᠠᠶᠢᠯᠤᠮᠵᠢ ᠶᠢ ᠰᠠᠶᠢᠲᠤᠷ ᠬᠢᠨ᠎ᠡ ᠃ ᠬᠤᠣᠰᠯᠠᠯ ᠪᠠᠶᠢᠭᠤᠯᠵᠤ ᠬᠠᠮᠲᠤ ᠪᠠᠷ ᠪᠠᠶᠢᠭᠤᠯᠬᠤ᠂ ᠬᠤᠶᠠᠷ ᠲᠤ ᠮᠡᠳᠡᠭᠦᠯᠦᠨ ᠬᠤᠶᠠᠷ ᠲᠤ ᠦᠢᠯᠡᠴᠢᠯᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠦᠢᠯᠡᠴᠢᠯᠡᠬᠦ ᠡᠲᠡᠭᠡᠳ ᠪᠠ ᠦᠨᠳᠦᠰᠦᠲᠡᠨ ᠨᠦᠭᠦᠳ ᠤᠨ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ ᠨᠢᠭᠡ ᠪᠦᠯᠦᠭ ᠪᠣᠳᠠᠲᠤ ᠶᠠᠪᠤᠳᠠᠯ ᠢ ᠰᠠᠶᠢᠲᠤᠷ ᠰᠢᠢᠳᠪᠦᠷᠢᠯᠡᠨ ᠭᠦᠢᠴᠡᠳᠬᠡᠵᠦ᠂ ᠠᠯᠪᠠᠨ ᠪᠠᠶᠢᠭᠤᠯᠭ᠎ᠠ ᠶᠢᠨ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ᠨᠠᠮ ᠤᠨ ᠦᠨᠳᠦᠰᠦᠲᠡᠨ ᠤ ᠲᠤᠬᠠᠢ ᠤᠨᠤᠯ ᠲᠦᠷᠦ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠰᠤᠷᠤᠯᠴᠠᠨ ᠤᠬᠠᠭᠤᠯᠬᠤ ᠪᠠ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠯ᠎ᠠ ᠪᠠᠷ ᠬᠡᠪ ᠳᠠᠭᠤᠷᠢᠶᠠᠯ ᠪᠣᠯᠵᠤ᠂ ᠦᠯᠢᠭᠡᠷ ᠳᠠᠭᠤᠷᠢᠶᠠᠯ ᠦᠵᠡᠭᠦᠯᠦᠨ᠎ᠡ᠃
ᠠᠵᠤ ᠠᠬᠤᠶᠢᠯᠠᠯ ᠳᠤ ᠦᠷᠨᠢᠭᠦᠯᠦᠨ᠎ᠡ
︽ᠠᠵᠤ ᠠᠬᠤᠶᠢᠯᠠᠯ ᠢ ᠲᠤᠰᠠᠯᠠᠬᠤ ᠠᠵᠢᠯᠯᠠᠭᠠᠨ ︾ ᠯᠤᠭ᠎ᠠ ᠤᠶᠠᠯᠳᠤᠭᠤᠯᠤᠨ᠂ ᠠᠵᠤ ᠠᠬᠤᠶᠢᠯᠠᠯ ᠳᠤ ᠬᠤᠯᠪᠣᠭᠳᠠᠬᠤ ᠲᠥᠷᠥ ᠶᠢᠨ ᠪᠣᠳᠣᠯᠭ᠎ᠠ ᠶᠢᠨ ᠤᠬᠠᠭᠤᠯᠤᠨ ᠲᠤᠭᠤᠰᠢᠯᠠᠭᠤᠯᠬᠤ ᠬᠦᠴᠦᠨ ᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠪᠤᠲᠠᠲᠠᠶᠢᠵᠢᠭᠤᠯᠬᠤ ᠶᠢ ᠦᠨᠡᠨ ᠬᠦ ᠪᠠᠲᠤᠯᠠᠨ᠎ᠠ᠃ ᠰᠤᠷᠤᠯᠴᠠᠯᠭ᠎ᠠ᠂ ᠪᠣᠯᠪᠠᠰᠤᠷᠠᠯ᠂ ᠲᠥᠷᠥ ᠶᠢᠨ ᠪᠣᠳᠣᠯᠭ᠎ᠠ᠂ ᠬᠠᠤᠯᠢ ᠴᠠᠭᠠᠵᠠ᠂ ᠦᠢᠯᠡᠴᠢᠯᠡᠭᠡ ᠶᠢ ᠦᠢᠯᠡᠳᠪᠦᠷᠢ ᠶᠢᠨ ᠲᠠᠰᠤᠭ ᠪᠠ ᠠᠩᠭᠢ ᠳᠤᠭᠤᠶᠢᠯᠠᠩ ᠳᠤ ᠬᠦᠷᠭᠡᠬᠦ ᠠᠵᠢᠯ ᠢ ᠦᠷᠨᠢᠭᠦᠯᠦᠨ ᠂ ᠨᠠᠮ ᠤᠨ ᠡᠭᠦᠷ ᠤᠨ ᠱᠦᠵᠢ ᠶᠢ ᠵᠣᠬᠢᠶᠠᠨ ᠪᠠᠶᠢᠭᠤᠯᠵᠤ ᠪᠠᠶᠢᠭᠠᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠲᠤᠰᠬᠠᠢ ᠰᠡᠳᠦᠪᠲᠦ ᠨᠠᠮ ᠤᠨ ᠬᠢᠴᠢᠶᠡᠯ ᠶᠠᠷᠢᠭᠤᠯᠵᠤ᠂ ᠬᠠᠮᠲᠤ ᠶᠢᠨ ᠠᠵᠢᠯᠯᠠᠭ᠎ᠠ ᠵᠢᠴᠢ ᠰᠢᠯᠢᠳᠡᠭ ᠨᠠᠮ ᠤᠨ ᠭᠡᠰᠢᠭᠦᠨ᠂ ᠠᠵᠢᠯ ᠲᠦᠷᠦᠯ ᠤᠨ ᠬᠤᠰᠢᠭᠤᠴᠢᠯᠠᠭᠴᠢ᠂ ᠬᠥᠳᠡᠯᠮᠦᠷᠢ ᠶᠢᠨ ᠵᠢᠱᠢᠶᠡᠴᠢ ᠤᠷᠠᠨ ᠳᠠᠷᠬᠠᠳ ᠵᠡᠷᠭᠡ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠢᠯᠲᠠᠨ ᠠᠵᠢᠯᠴᠢᠨ ᠤ ᠦᠰᠦᠨ ᠪᠤᠶᠢᠵᠢᠯᠲᠠ ᠪᠠ ᠠᠵᠤ ᠠᠬᠤᠶᠢᠯᠠᠯ ᠤᠨ ᠬᠥᠭᠵᠢᠯᠲᠡ ᠶᠢ ᠬᠤᠯᠪᠣᠯᠳᠤᠭᠤᠯᠤᠭᠰᠠᠨ ︽ᠰᠡᠳᠬᠢᠯ ᠤᠨ ᠬᠤᠯᠪᠣᠭᠠᠰᠤ︾ ᠶᠢ ᠪᠠᠶᠢᠭᠤᠯᠵᠤ᠂ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠤᠨ᠎ᠠ᠃
ᠨᠡᠶᠢᠭᠡᠮ ᠲᠣᠭᠤᠷᠢᠭ ᠲᠤ ᠦᠷᠨᠢᠭᠦᠯᠦᠨ᠎ᠡ
ᠨᠠᠮ ᠤᠨ ᠭᠡᠰᠢᠭᠦᠨ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠪᠠ ᠠᠳᠠᠯ ᠠᠬᠤᠢ ᠶᠢᠨ ᠬᠢᠨ ᠤ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠠᠳᠠᠯ ᠠᠬᠤᠢ ᠶᠢᠨ ᠸᠢᠴᠠᠲ ᠤᠨ ᠴᠤᠭᠯᠠᠷᠠᠯ ᠂ ᠬᠤᠪᠢᠰᠬᠠᠯᠲᠤ ᠰᠦᠯᠵᠢᠶᠡᠨ ᠤ ᠴᠤᠭᠯᠠᠷᠠᠯ ᠂ ᠦᠵᠡᠭᠦᠯᠭᠡ ᠶᠢᠨ ᠰᠠᠮᠪᠠᠷ᠎ᠠ ᠵᠡᠷᠭᠡ ᠶᠢ ᠠᠰᠢᠭᠯᠠᠨ᠂ ᠠᠷᠠᠳ ᠲᠤ ᠠᠰᠢᠭ ᠬᠦᠷᠲᠡᠭᠡᠬᠦ ᠨᠠᠮ ᠤᠨ ᠲᠥᠷᠥ ᠶᠢᠨ ᠪᠣᠳᠣᠯᠭ᠎ᠠ ᠬᠢᠭᠡᠳ ᠦᠨᠳᠦᠰᠦᠲᠡᠨ ᠨᠦᠭᠦᠳ ᠤᠨ ᠣᠯᠠᠨ ᠲᠦᠮᠡᠨ ᠯᠦᠭᠡ ᠨᠢᠭᠲᠠ ᠬᠤᠯᠪᠣᠭ᠎ᠠ ᠲᠠᠢ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ᠎ᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠭᠤᠣᠯ ᠰᠡᠳᠦᠪᠲᠦ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠰᠢᠯᠢᠳᠡᠭ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠲᠣᠭᠯᠠᠨ ᠨᠡᠪᠲᠡᠷᠡᠭᠦᠯᠬᠦ᠂ ᠬᠥᠷᠰᠢ ᠵᠡᠷᠭᠡᠯᠡᠳᠡᠭᠡ ᠪᠠᠷ ᠢᠶᠠᠨ ᠪᠦᠯᠬᠦᠮᠳᠡᠨ ᠬᠠᠪᠰᠤᠷᠤᠯᠴᠠᠬᠤ ᠰᠢᠷᠢᠰ ᠠᠵᠢᠯᠯᠠᠭ᠎ᠠ ᠶᠢ ᠦᠷᠨᠢᠭᠦᠯᠦᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠮᠲᠤ ᠪᠠᠷ ᠰᠠᠭᠤᠷᠢᠰᠢᠨ ᠬᠠᠮᠲᠤ ᠪᠠᠷ ᠰᠤᠷᠤᠯᠴᠠᠬᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠬᠥᠷᠲᠡᠬᠦ᠂ ᠬᠠᠮᠲᠤ ᠪᠠᠷ ᠠᠵᠢᠯᠯᠠᠵᠤ ᠬᠠᠮᠲᠤ ᠪᠠᠷ ᠪᠠᠶᠠᠰᠬᠤ ᠨᠡᠶᠢᠭᠡᠮ ᠤᠨ ᠨᠥᠬᠦᠴᠡᠯ ᠢ ᠢᠳᠡᠪᠬᠢᠲᠡᠢ ᠪᠣᠢ ᠪᠣᠯᠭᠠᠨ᠎ᠠ᠃
ᠭᠠᠴᠠᠭ᠎ᠠ ᠲᠣᠰᠬᠤᠨ ᠳᠤ ᠦᠷᠨᠢᠭᠦᠯᠦᠨ᠎ᠡ
︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠥᠯᠢᠭᠡᠷ ᠢ ᠰᠠᠶᠢᠲᠤᠷ ᠶᠠᠷᠢᠬᠤ︾ ᠠᠵᠢᠯᠯᠠᠭᠠᠨ ᠢ ᠬᠢᠨᠠᠮᠠᠭᠠᠢ ᠨᠠᠶᠢᠳᠠᠪᠤᠷᠢᠵᠢᠭᠤᠯᠵᠤ᠂ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠤᠨ ᠪᠠᠭ ᠤᠨ ᠪᠦᠷᠢᠯᠳᠦᠭᠦᠨ᠂ ᠲᠣᠰᠬᠤᠨ ᠳᠤ ᠰᠠᠭᠤᠭᠰᠠᠨ ᠠᠵᠢᠯᠯᠠᠬᠤ ᠠᠩᠭᠢ᠂ ᠠᠬᠠᠮᠠᠳ ᠨᠠᠮ ᠤᠨ ᠭᠡᠰᠢᠭᠦᠨ᠂ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠵᠡᠷᠭᠡ ᠨᠢ ᠡᠳᠦᠷ ᠲᠤᠲᠤᠮ ᠤᠨ ᠠᠵᠢᠯ ᠲᠠᠢ ᠪᠠᠨ ᠤᠶᠠᠯᠳᠤᠭᠤᠯᠤᠨ ᠠᠶᠢᠯ ᠡᠷᠦᠬᠡ ᠪᠠᠷ ᠰᠤᠷᠪᠤᠯᠵᠢᠯᠠᠵᠤ ᠂ ᠦᠨᠳᠦᠰᠦᠲᠡᠨ ᠨᠦᠭᠦᠳ ᠤᠨ ᠣᠯᠠᠨ ᠲᠦᠮᠡᠨ ᠯᠦᠭᠡ ᠬᠠᠮᠲᠤ ᠪᠠᠷ ᠵᠣᠭᠤᠭ ᠳᠡᠯᠭᠡᠨ ᠂ ᠨᠠᠮ ᠤᠨ ᠦᠨᠳᠦᠰᠦᠲᠡᠨ ᠤ ᠲᠤᠬᠠᠢ ᠲᠥᠷᠥ ᠶᠢᠨ ᠪᠣᠳᠣᠯᠭ᠎ᠠ ᠶᠢᠨ ᠬᠡᠷᠡᠯ ᠰᠠᠴᠤᠷᠠᠩᠭᠤᠢ ᠠᠮᠵᠢᠯᠲᠠ ᠪᠦᠲᠦᠮᠵᠢ ᠶᠢ ᠶᠠᠷᠢᠯᠴᠠᠵᠤ ᠂ ᠦᠨᠳᠦᠰᠦᠲᠡᠨ ᠨᠦᠭᠦᠳ ᠤᠨ ᠮᠠᠯᠴᠢᠨ ᠲᠠᠷᠢᠶᠠᠴᠢᠳ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠢᠯᠡᠳᠦᠯᠭᠡ ᠳᠤ ᠣᠷᠣᠯᠴᠠᠭᠤᠯᠤᠨ᠎ᠠ ᠃ ︽ᠨᠠᠮ ᠤᠨ ᠠᠴᠢ ᠳᠤ ᠲᠠᠯᠠᠷᠬᠠᠨ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠬᠢᠭᠡᠳ ︽ᠠᠨᠠᠷ ᠤᠨ ᠬᠡᠯᠬᠢᠶ᠎ᠡ ︾ ᠲᠦᠷᠦ ᠶᠢᠨ ᠪᠣᠳᠣᠯᠭ᠎ᠠ᠂ ᠮᠡᠷᠭᠡᠵᠢᠯ᠂ ᠦᠢᠯᠡᠴᠢᠯᠡᠭᠡ ᠶᠢ ᠦᠨᠳᠦᠰᠦᠨ ᠱᠠᠲᠤᠨ ᠳᠤ ᠬᠦᠷᠭᠡᠬᠦ ᠠᠵᠢᠯᠯᠠᠭ᠎ᠠ ᠯᠤᠭ᠎ᠠ ᠤᠶᠠᠯᠳᠤᠭᠤᠯᠤᠨ ᠦᠨᠳᠦᠰᠦᠲᠡᠨ ᠤ 18 ᠰᠢᠶᠠᠩ ︵ᠰᠤᠮᠤ︶ ᠳᠤ ᠭᠦᠨᠵᠡᠭᠡᠶᠢᠷᠡᠵᠦ ᠨᠠᠮ ᠤᠨ ᠦᠨᠳᠦᠰᠦᠲᠡᠨ ᠤ ᠲᠤᠬᠠᠢ ᠤᠨᠤᠯ ᠲᠦᠷᠦ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢ ᠴᠢᠩᠭᠠᠳᠬᠠᠨ᠎ᠠ᠃
ᠰᠤᠷᠭᠠᠭᠤᠯᠢ ᠨᠤᠭᠤᠳ ᠲᠤ ᠦᠷᠨᠢᠭᠦᠯᠦᠨ᠎ᠡ
ᠵᠠᠯᠠᠭᠤᠴᠤᠳ ᠪᠠᠭᠠᠴᠤᠳ ᠤᠨ ᠣᠨᠴᠠᠯᠢᠭ ᠯᠤᠭ᠎ᠠ ᠤᠶᠠᠯᠳᠤᠭᠤᠯᠤᠨ ᠰᠤᠷᠭᠠᠭᠤᠯᠢ ᠶᠢᠨ ᠬᠦᠷᠢᠶᠡᠨ ᠳᠠᠬᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠭᠤᠣᠯ ᠰᠡᠳᠦᠪᠲᠦ ᠠᠵᠢᠯᠯᠠᠭ᠎ᠠ ᠶᠢ ᠤᠯᠠᠨ ᠶᠠᠩᠵᠤ ᠪᠠᠷ᠂ ᠪᠠᠶᠠᠯᠢᠭ ᠬᠡᠯᠪᠡᠷᠢ ᠲᠠᠢ ᠥᠷᠨᠢᠭᠦᠯᠦᠨ᠎ᠡ᠃ ︽ᠰᠤᠷᠭᠠᠭᠤᠯᠢ ᠳᠤ ᠣᠷᠣᠬᠤ ᠨᠠᠰᠤᠨ ᠠᠴᠠ ᠡᠮᠦᠨᠡᠬᠢ ᠨᠡᠶᠢᠲᠡᠯᠢᠭ ᠬᠡᠯᠡ︾ ᠶᠢᠨ ᠰᠤᠷᠭᠠᠨ ᠬᠥᠮᠦᠵᠢᠯ ᠤᠨ ᠲᠤᠰᠬᠠᠢ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠦᠬᠦ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ ᠠᠴᠠ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠦᠬᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠠᠷᠠᠬᠠᠨ ᠪᠠᠭ᠎ᠠ ᠠᠴᠠ ᠨᠢ ᠬᠡᠦᠬᠡᠳ ᠤᠨ ᠤᠶᠤᠨ ᠰᠠᠨᠠᠭᠠᠨ ᠳᠤ ᠬᠠᠳᠠᠩᠰᠢᠭᠤᠯᠤᠨ᠎ᠠ᠃
ᠴᠡᠷᠢᠭ ᠤᠨ ᠰᠤᠮᠤᠨ ᠠᠩᠭᠢ ᠳᠤ ᠦᠷᠨᠢᠭᠦᠯᠦᠨ᠎ᠡ
ᠨᠠᠮ ᠤᠨ ᠭᠤᠣᠯ ᠰᠡᠳᠦᠪᠲᠦ ᠡᠳᠦᠷ ᠤᠨ ᠠᠵᠢᠯᠯᠠᠭ᠎ᠠ᠂ ᠡᠯ᠎ᠡ ᠲᠥᠷᠥᠯ ᠤᠨ ᠲᠥᠪᠯᠡᠷᠡᠭᠦᠯᠦᠨ ᠪᠣᠯᠪᠠᠰᠤᠷᠠᠭᠤᠯᠬᠤ ᠪᠠ ᠡᠭᠡᠯᠵᠢᠯᠡᠨ ᠪᠣᠯᠪᠠᠰᠤᠷᠠᠭᠤᠯᠬᠤ᠂ ᠶᠡᠭᠡ ᠳᠡᠭᠡᠳᠦ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠣᠯᠪᠠᠰᠤᠷᠠᠯ ᠳᠤᠮᠳᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠ ᠬᠠᠤᠯᠢ ᠪᠠᠷ ᠵᠠᠰᠠᠬᠤ ᠬᠥᠮᠦᠵᠢᠯ ᠤᠨ ᠬᠠᠪᠰᠤᠷᠤᠨ ᠵᠢᠯᠤᠭᠤᠳᠬᠤ ᠬᠢᠴᠢᠶᠡᠯ ᠢ ᠲᠣᠬᠢᠷᠠᠭᠤᠯᠵᠤ᠂ ᠬᠠᠪᠰᠤᠷᠤᠨ ᠳᠠᠭᠠᠭᠤᠯᠵᠤ ᠬᠠᠪᠰᠤᠷᠤᠨ ᠪᠠᠶᠢᠭᠤᠯᠬᠤ᠂ ᠴᠡᠭ ᠲᠤ ᠰᠠᠭᠤᠵᠤ ᠪᠠᠶᠢᠴᠠᠭᠠᠨ ᠰᠤᠳᠤᠯᠬᠤ ᠵᠡᠷᠭᠡ ᠯᠦᠭᠡ ᠤᠶᠠᠯᠳᠤᠭᠤᠯᠤᠨ᠂ ᠨᠠᠮ ᠤᠨ ᠦᠨᠳᠦᠰᠦᠲᠡᠨ ᠤ ᠲᠤᠬᠠᠢ ᠤᠨᠤᠯ ᠲᠦᠷᠦ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠠᠶᠢᠯᠪᠤᠷᠢᠯᠠᠬᠤ ᠪᠠ ᠲᠣᠳᠣᠷᠬᠠᠶᠢᠯᠠᠨ ᠲᠠᠶᠢᠯᠪᠤᠷᠢᠯᠠᠬᠤ ᠠᠵᠢᠯᠯᠠᠭ᠎ᠠ ᠶᠢ ᠥᠷᠨᠢᠭᠦᠯᠵᠦ᠂ ᠦᠨᠳᠦᠰᠦᠲᠡᠨ ᠨᠦᠭᠦᠳ ᠤᠨ ᠵᠢᠯᠣᠭᠤᠳᠤᠭᠴᠢ ᠪᠠᠶᠢᠯᠳᠤᠭᠴᠢᠳ ᠢ ᠬᠥᠮᠥᠵᠢᠭᠦᠯᠦᠨ ᠵᠢᠯᠤᠭᠤᠳᠴᠤ ᠪᠠᠶᠢᠭᠠᠳ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠤᠯᠤᠰ ᠢᠶᠠᠨ ᠬᠦᠴᠦᠷᠬᠡᠭᠵᠢᠭᠦᠯᠬᠦ ᠴᠡᠷᠢᠭ ᠢᠶᠠᠨ ᠬᠦᠴᠦᠷᠬᠡᠭᠵᠢᠭᠦᠯᠬᠦ ᠦᠢᠯᠡᠳᠦᠯᠭᠡ ᠳᠤ ᠣᠷᠣᠯᠴᠠᠭᠤᠯᠤᠨ᠎ᠠ᠃
ᠱᠠᠰᠢᠨ ᠰᠤᠷᠲᠠᠬᠤᠨ ᠤ ᠠᠵᠢᠯᠯᠠᠭ᠎ᠠ ᠶᠢᠨ ᠲᠠᠯᠠᠪᠤᠷ ᠭᠠᠵᠠᠷ ᠲᠤ ᠦᠷᠨᠢᠭᠦᠯᠦᠨ᠎ᠡ
ᠨᠠᠮ ᠤᠨ ᠦᠨᠳᠦᠰᠦᠲᠡᠨ ᠤ ᠲᠤᠬᠠᠢ ᠲᠥᠷᠥ ᠶᠢᠨ ᠪᠣᠳᠣᠯᠭ᠎ᠠ ᠪᠠ ᠱᠠᠰᠢᠨ ᠰᠤᠷᠲᠠᠬᠤᠨ ᠤ ᠲᠤᠬᠠᠢ ᠠᠵᠢᠯ ᠤᠨ ᠦᠨᠳᠦᠰᠦᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ ᠂ ᠱᠠᠰᠢᠨ ᠰᠤᠷᠲᠠᠬᠤᠨ ᠤ ᠪᠠᠭᠰᠢ ᠠᠵᠢᠯᠲᠠᠨ ᠪᠠ ᠱᠠᠰᠢᠨ ᠰᠢᠲᠦᠭᠴᠢᠳ ᠲᠤ ᠬᠠᠨᠳᠤᠭᠤᠯᠤᠨ ᠦᠨᠳᠦᠰᠦᠨ ᠬᠠᠤᠯᠢ ᠪᠠ ᠦᠨᠳᠦᠰᠦᠲᠡᠨ ᠱᠠᠰᠢᠨ ᠰᠤᠷᠲᠠᠬᠤᠨ ᠤ ᠬᠦᠷᠢᠶᠡᠨ ᠳᠠᠬᠢ ᠬᠠᠤᠯᠢ ᠴᠠᠭᠠᠵᠠ ᠬᠠᠤᠯᠢ ᠲᠣᠭᠲᠠᠭᠠᠯ ᠢ ᠶᠡᠭᠡ ᠪᠠᠷ ᠤᠬᠠᠭᠤᠯᠵᠤ᠂ ᠡᠬᠡ ᠣᠷᠣᠨᠴᠢ ᠦᠵᠡᠯ ᠤᠨ ᠬᠥᠮᠦᠵᠢᠯ᠂ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢᠨ ᠬᠥᠮᠦᠵᠢᠯ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠤᠬᠠᠭᠤᠯᠭ᠎ᠠ ᠬᠥᠮᠦᠵᠢᠯ ᠢ ᠥᠷᠨᠢᠭᠦᠯᠵᠦ᠂ ᠱᠠᠰᠢᠨ ᠰᠤᠷᠲᠠᠬᠤᠨ ᠤ ᠪᠠᠭᠰᠢ ᠠᠵᠢᠯᠲᠠᠨ ᠪᠠ ᠱᠠᠰᠢᠨ ᠰᠢᠲᠦᠭᠴᠢᠳ ᠢ ᠢᠳᠡᠪᠬᠢᠲᠡᠢ ᠬᠦᠲᠦᠯᠦᠨ ᠵᠢᠯᠣᠭᠤᠳᠴᠤ ᠪᠠᠶᠢᠭᠠᠳ ᠦᠨᠳᠦᠰᠦᠲᠡᠨ ᠤ ᠪᠦᠯᠬᠦᠮᠳᠡᠯ᠂ ᠱᠠᠰᠢᠨ ᠰᠤᠷᠲᠠᠬᠤᠨ ᠤ ᠡᠶ᠎ᠡ ᠵᠣᠬᠢᠴᠠᠯ᠂ ᠨᠡᠶᠢᠭᠡᠮ ᠤᠨ ᠲᠣᠭᠲᠠᠭᠤᠨ ᠪᠠᠶᠢᠳᠠᠯ ᠢ ᠤᠬᠠᠮᠰᠠᠷ ᠠᠴᠠ ᠪᠠᠨ ᠬᠠᠮᠠᠭᠠᠯᠠᠬᠤ ᠪᠣᠯᠭᠠᠨ᠎ᠠ᠃
ᠰᠣᠶᠣᠯ ᠵᠢᠭᠤᠯᠴᠢᠯᠠᠯ ᠤᠨ ᠲᠠᠯᠠᠪᠤᠷ ᠭᠠᠵᠠᠷ ᠲᠤ ᠦᠷᠨᠢᠭᠦᠯᠦᠨ᠎ᠡ
ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠲᠤᠰᠬᠠᠵᠤ ᠳᠡᠶᠢᠯᠬᠦ ᠲᠡᠦᠬᠡ ᠶᠢᠨ ᠳᠤᠷᠠᠰᠬᠠᠯᠲᠤ ᠵᠦᠢᠯ ᠪᠠ ᠲᠡᠦᠬᠡ ᠶᠢᠨ ᠪᠣᠳᠠᠲᠤ ᠬᠡᠷᠡᠭ ᠢᠶᠠᠷ ᠠᠴᠢᠶᠠᠯᠠᠪᠤᠷᠢ ᠪᠣᠯᠭᠠᠵᠤ᠂ ᠵᠢᠷᠤᠭ ᠦᠰᠦᠭ ᠬᠤᠣᠰᠯᠠᠭᠤᠯᠤᠭᠰᠠᠨ ᠳᠡᠯᠭᠡᠨ ᠦᠵᠡᠭᠦᠯᠭᠡ ᠶᠢᠨ ᠰᠠᠮᠪᠠᠷ᠎ᠠ᠂ ᠪᠦᠷᠢᠨ ᠵᠠᠭᠤᠴᠢᠲᠤ ᠳᠡᠯᠭᠡᠨ ᠦᠵᠡᠭᠦᠯᠭᠡ ᠵᠡᠷᠭᠡ ᠠᠷᠭ᠎ᠠ ᠪᠠᠷᠢᠯ ᠢᠶᠠᠷ ᠳᠠᠮᠵᠢᠭᠤᠯᠤᠨ᠂ ᠲᠡᠦᠬᠡ ᠶᠢᠨ ᠳᠤᠷᠠᠰᠬᠠᠯᠲᠤ ᠵᠦᠢᠯ ᠳᠤ ᠠᠭᠤᠯᠤᠭᠳᠠᠵᠤ ᠪᠠᠶᠢᠭ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢᠨ ᠠᠭᠤᠯᠤᠭᠳᠠᠬᠤᠨ ᠢ ᠲᠣᠳᠣᠷᠬᠠᠶᠢᠯᠠᠨ ᠲᠠᠶᠢᠯᠪᠤᠷᠢᠯᠠᠨ᠎ᠠ᠃ ᠣᠲᠣ ᠪᠠᠶᠢᠭ᠎ᠠ ᠳᠡᠯᠭᠡᠨ ᠦᠵᠡᠭᠦᠯᠭᠡ ᠶᠢᠨ ᠪᠠᠶᠢᠷᠢᠰᠢᠯ ᠯᠤᠭ᠎ᠠ ᠤᠶᠠᠯᠳᠤᠭᠤᠯᠤᠨ᠂ ᠦᠨᠳᠦᠰᠦᠲᠡᠨ ᠨᠦᠭᠦᠳ ᠤᠨ ᠬᠠᠮᠲᠤ ᠪᠠᠷ ᠡᠳ᠋ᠯᠡᠵᠦ ᠬᠠᠮᠲᠤ ᠪᠠᠷ ᠬᠥᠷᠲᠡᠭᠰᠡᠨ ᠳᠤᠮᠳᠠᠳᠤ ᠶᠢᠨ ᠰᠣᠶᠣᠯ ᠤᠨ ᠲᠡᠮᠳᠡᠭ ᠪᠠ ᠳᠦᠷᠢ ᠲᠥᠷᠬᠦ ᠶᠢ ᠰᠢᠭᠢᠳᠬᠡᠨ ᠣᠷᠣᠭᠤᠯᠵᠤ᠂ ᠤᠬᠠᠭᠤᠯᠤᠨ ᠳᠡᠯᠭᠡᠨ ᠦᠵᠡᠭᠦᠯᠬᠦ ᠪᠠᠨ ᠴᠢᠩᠭᠠᠳᠬᠠᠨ᠂ ᠰᠣᠶᠣᠯ ᠵᠢᠭᠤᠯᠴᠢᠯᠠᠯ ᠤᠨ ᠠᠭᠤᠰᠤᠯᠴᠠᠯ ᠢ ᠠᠬᠢᠭᠤᠯᠵᠤ᠂ ᠰᠣᠶᠣᠯ ᠵᠢᠭᠤᠯᠴᠢᠯᠠᠯ ᠤᠨ ᠲᠠᠯᠠᠪᠤᠷ ᠭᠠᠵᠠᠷ ᠢ ᠨᠠᠮ ᠤᠨ ᠦᠨᠳᠦᠰᠦᠲᠡᠨ ᠤ ᠲᠤᠬᠠᠢ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠬᠤ ᠴᠢᠬᠤᠯᠠ ᠴᠣᠩᠬᠤᠪᠴᠢ ᠪᠣᠯᠭᠠᠨ᠎ᠠ᠃
ᠰᠦᠯᠵᠢᠶᠡᠨ ᠳᠤ ᠦᠷᠨᠢᠭᠦᠯᠦᠨ᠎ᠡ
︽ᠢᠨᠲ᠋ᠧᠷ ᠰᠦᠯᠵᠢᠶ᠎ᠡ + ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ︾ ᠠᠵᠢᠯᠯᠠᠭᠠᠨ ᠢ ᠭᠦᠨᠵᠡᠭᠡᠢ ᠬᠡᠷᠡᠭᠵᠢᠭᠦᠯᠵᠦ᠂ ᠡᠯ᠎ᠡ ᠰᠠᠯᠠᠭ᠎ᠠ ᠮᠥᠴᠢᠷ ᠨᠢᠭᠡᠴᠢ ᠢᠯᠠᠩᠭᠤᠶ᠎ᠠ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠭᠡᠰᠢᠭᠦᠨ ᠨᠢᠭᠡᠴᠢ ᠨᠦᠭᠦᠳ ᠫᠣᠷᠲ᠋ᠧᠯ ᠰᠦᠯᠵᠢᠶ᠎ᠡ ᠪᠤᠶᠤ ᠸᠢᠴᠠᠲ ᠤᠨ ᠨᠡᠶᠢᠲᠡ ᠶᠢᠨ ᠲᠠᠪᠴᠠᠩ ᠳᠤ ᠤᠬᠠᠭᠤᠯᠭ᠎ᠠ ᠶᠢᠨ ᠲᠤᠰᠬᠠᠢ ᠪᠤᠯᠤᠩ ᠭᠠᠷᠭᠠᠵᠤ᠂ ᠨᠠᠮ ᠤᠨ ᠦᠨᠳᠦᠰᠦᠲᠡᠨ ᠤ ᠲᠤᠬᠠᠢ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠠᠶᠢᠯᠪᠤᠷᠢᠯᠠᠬᠤ ᠠᠵᠢᠯ ᠢ ᠰᠠᠶᠢᠲᠤᠷ ᠬᠢᠨ᠎ᠡ᠃ ᠡᠯ᠎ᠡ ᠭᠤᠣᠯ ᠪᠣᠯᠬᠤ ᠵᠠᠭᠤᠴᠢᠯᠠᠭᠤᠷ ᠤᠨ ᠬᠢᠨ ᠰᠢᠨ᠎ᠡ ᠵᠠᠭᠤᠴᠢᠯᠠᠭᠤᠷ ᠤᠨ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠦᠯᠵᠢᠶᠡᠨ ᠤ ᠢᠷᠭᠡᠳ ᠤᠨ ᠳᠤᠷᠠᠲᠠᠶ᠎ᠠ ᠬᠦᠯᠢᠶᠡᠨ ᠠᠪᠬᠤ ᠣᠬᠤᠷ ᠸᠢᠳᠢᠤ᠋ ᠵᠡᠷᠭᠡ ᠪᠦᠲᠦᠭᠡᠯ ᠢ ᠵᠣᠬᠢᠶᠠᠨ ᠪᠦᠲᠦᠭᠡᠵᠦ ᠤᠬᠠᠭᠤᠯᠤᠨ ᠲᠠᠨᠢᠯᠴᠠᠭᠤᠯᠵᠤ᠂ ᠢᠨᠲ᠋ᠧᠷ ᠰᠦᠯᠵᠢᠶ᠎ᠡ ᠶᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠬᠠᠮᠤᠭ ᠤᠨ ᠶᠡᠭᠡ ᠨᠡᠮᠡᠭᠳᠡᠯ ᠪᠣᠯᠭᠠᠨ᠎ᠠ᠃
ᠡᠯ᠎ᠡ ᠬᠦᠷᠢᠶ᠎ᠡ ᠴᠠᠷᠠᠭᠠᠨ ᠳᠤ ᠦᠷᠨᠢᠭᠦᠯᠦᠨ᠎ᠡ
ᠡᠯ᠎ᠡ ᠠᠵᠢᠯ ᠲᠦᠷᠦᠯ ᠤᠨ ᠬᠢᠨ ᠡᠷᠬᠡ ᠴᠢᠳᠠᠮᠵᠢ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠵᠤ᠂ ᠠᠷᠭ᠎ᠠ ᠬᠡᠯᠪᠡᠷᠢ ᠪᠠ ᠠᠴᠢᠶᠠᠯᠠᠪᠤᠷᠢ ᠶᠢᠨ ᠲᠠᠯ᠎ᠠ ᠪᠠᠷ ᠢᠳᠡᠪᠬᠢᠲᠡᠢ ᠰᠢᠨ᠎ᠡ ᠶᠢ ᠡᠭᠦᠳᠴᠦ᠂ ᠨᠠᠮ ᠤᠨ ᠦᠨᠳᠦᠰᠦᠲᠡᠨ ᠤ ᠲᠤᠬᠠᠢ ᠤᠨᠤᠯ ᠲᠦᠷᠦ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠭᠦᠨᠵᠡᠭᠡᠢ ᠤᠬᠠᠭᠤᠯᠤᠨ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠬᠠᠮᠲᠤ ᠶᠢᠨ ᠤᠬᠠᠮᠰᠠᠷ᠂ ᠡᠵᠡᠨ ᠬᠥᠮᠥᠨ ᠤ ᠤᠬᠠᠮᠰᠠᠷ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠤᠬᠠᠮᠰᠠᠷ᠂ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ ᠤᠬᠠᠮᠰᠠᠷ ᠢ ᠪᠠᠲᠤ ᠪᠤᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠠᠭᠤᠤ ᠶᠡᠭᠡ ᠦᠢᠯᠡᠳᠦᠯᠭᠡ ᠳᠤ ᠤᠬᠠᠮᠰᠠᠷ ᠠᠴᠠ ᠪᠠᠨ ᠣᠷᠣᠯᠴᠠᠬᠤ ᠪᠣᠯᠭᠠᠨ᠎ᠠ᠃
ᠭᠤᠣᠯ ᠲᠠᠯᠠᠪᠤᠷ ᠤᠨ ᠭᠤᠣᠯᠳᠠᠯᠭ᠎ᠠ ᠪᠣᠯᠬᠤ ᠠᠵᠢᠯ
ᠭᠤᠣᠯ ᠲᠠᠯᠠᠪᠤᠷ ᠤᠨ ᠠᠵᠢᠯᠯᠠᠭ᠎ᠠ
4 ᠳ᠋ᠦ᠋ᠭᠡᠷ ᠰᠠᠷ᠎ᠠ ᠶᠢᠨ ᠰᠡᠭᠦᠯᠴᠢ ᠪᠠᠷ᠂ ᠦᠬᠠᠢ ᠬᠤᠲᠠ ᠳᠤ ᠪᠥᠬᠦ ᠣᠷᠣᠨ ᠤ ︽ᠦᠨᠳᠦᠰᠦᠲᠡᠨ ᠤ ᠲᠤᠬᠠᠢ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠭᠤᠣᠯ ᠲᠠᠯᠠᠪᠤᠷ ᠤᠨ ᠠᠵᠢᠯᠯᠠᠭ᠎ᠠ ᠶᠠᠪᠤᠭᠳᠠᠭᠤᠯᠤᠨ᠎ᠠ ᠃
ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠰᠢᠷᠢᠰ ᠠᠵᠢᠯᠯᠠᠭ᠎ᠠ
ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠤᠬᠠᠭᠤᠯᠭ᠎ᠠ ᠶᠢᠨ ᠵᠢᠷᠤᠭᠲᠤ ᠵᠠᠷ ᠪᠠ ᠤᠬᠠᠭᠤᠯᠭ᠎ᠠ ᠶᠢᠨ ᠣᠬᠤᠷ ᠸᠢᠳᠢᠣ᠋ ᠡᠯᠰᠡᠬᠦ ᠠᠵᠢᠯᠯᠠᠭ᠎ᠠ ᠳᠤ ᠱᠠᠩᠨᠠᠯ ᠭᠥᠷᠳᠡᠭᠰᠡᠨ ᠪᠦᠲᠦᠭᠡᠯ ᠢ ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠫᠤᠷᠲ᠋ᠧᠯ ᠰᠦᠯᠵᠢᠶ᠎ᠡ ᠪᠠ ᠸᠢᠴᠠᠲ ᠤᠨ ᠨᠡᠶᠢᠲᠡ ᠶᠢᠨ ᠲᠠᠪᠴᠠᠩ ᠢᠶᠠᠷ ᠳᠠᠮᠵᠢᠭᠤᠯᠤᠨ ᠱᠠᠩᠨᠠᠯ ᠭᠥᠷᠳᠡᠭᠰᠡᠨ ᠪᠦᠲᠦᠭᠡᠯ ᠢ ᠬᠤᠭᠤᠴᠠᠭ᠎ᠠ ᠪᠦᠯᠦᠭ ᠬᠤᠪᠢᠶᠠᠨ ᠳᠡᠯᠭᠡᠨ ᠦᠵᠡᠭᠦᠯᠦᠨ᠎ᠡ ᠂ ᠲᠡᠳᠡᠭᠡᠷ ᠢ ᠡᠯ᠎ᠡ ᠰᠠᠯᠠᠭ᠎ᠠ ᠮᠥᠴᠢᠷ ᠨᠢᠭᠡᠴᠢ ᠶᠢᠨ ᠬᠢᠨ ᠪᠠᠭᠤᠯᠭᠠᠨ ᠠᠪᠴᠤ ᠤᠬᠠᠭᠤᠯᠬᠤ ᠳᠤ ᠬᠡᠷᠡᠭᠯᠡᠵᠦ ᠪᠣᠯᠣᠨ᠎ᠠ᠃ ︽ᠭᠡᠷᠡᠯ ᠵᠢᠷᠤᠭ ᠲᠠᠬᠢ ᠤᠮᠠᠷᠠᠲᠤ ᠬᠢᠯᠢ · ᠰᠡᠳᠬᠢᠯ ᠢᠶᠠᠨ ᠨᠢᠭᠡᠳᠬᠡᠨ ᠬᠦᠰᠡᠯ ᠵᠡᠭᠦᠳᠦ ᠪᠠᠨ ᠲᠡᠷᠭᠡᠯᠰᠢᠭᠦᠯᠦᠶ᠎ᠡ ︱ ᠮᠢᠨᠤ ᠳᠡᠷᠭᠡᠳᠡᠬᠢ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠯᠢᠭᠡᠷ︾ ᠭᠡᠬᠦ ᠭᠡᠷᠡᠯ ᠵᠢᠷᠤᠭ ᠤᠨ ᠪᠦᠲᠦᠭᠡᠯ ᠡᠯᠰᠡᠬᠦ ᠤᠷᠤᠯᠳᠤᠭᠠᠨ ᠤ ᠠᠵᠢᠯᠯᠠᠭ᠎ᠠ ᠶᠢ ᠡᠷᠬᠢᠯᠡᠨ᠎ᠡ᠃
ᠵᠢᠱᠢᠶ᠎ᠡ ᠦᠵᠡᠭᠦᠯᠵᠦ ᠬᠦᠲᠦᠯᠦᠨ ᠳᠠᠭᠠᠭᠤᠯᠬᠤ ᠠᠵᠢᠯᠯᠠᠭ᠎ᠠ
ᠡᠯ᠎ᠡ ᠱᠠᠲᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠢ ᠨᠦᠭᠦᠳ ᠵᠢᠱᠢᠶ᠎ᠡ ᠦᠵᠡᠭᠦᠯᠵᠦ ᠦᠯᠢᠭᠡᠷ ᠳᠠᠭᠤᠷᠢᠶᠠᠯ ᠪᠣᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠤᠯᠠᠨ ᠠᠷᠭ᠎ᠠ ᠵᠠᠮ ᠢᠶᠠᠷ ᠤᠬᠠᠭᠤᠯᠭ᠎ᠠ ᠶᠢᠨ ᠠᠵᠢᠯ ᠢᠶᠠᠨ ᠰᠠᠶᠢᠲᠤᠷ ᠬᠢᠨ᠎ᠡ᠃ ᠡᠯ᠎ᠡ ᠱᠠᠲᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠨᠠᠷ ᠲᠦᠷᠦᠭᠦᠯᠡᠨ ᠦᠨᠳᠦᠰᠦᠨ ᠱᠠᠲᠤᠨ ᠳᠤ ᠭᠦᠨᠵᠡᠭᠡᠶᠢᠷᠡᠵᠦ ᠤᠬᠠᠭᠤᠯᠤᠨ ᠲᠠᠶᠢᠯᠪᠤᠷᠢᠯᠠᠬᠤ ᠠᠵᠢᠯ ᠦᠷᠨᠢᠭᠦᠯᠦᠨ᠎ᠡ᠃ ᠡᠯ᠎ᠡ ᠱᠠᠲᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠤᠨ ᠬᠢᠨ ᠬᠤᠯᠪᠤᠭᠠᠯᠠᠨ ᠰᠤᠷᠤᠯᠴᠠᠵᠤ ᠬᠤᠯᠪᠤᠭᠠᠯᠠᠨ ᠪᠠᠶᠢᠭᠤᠯᠬᠤ ᠵᠡᠷᠭᠡ ᠭᠤᠣᠯ ᠰᠡᠳᠦᠪᠲᠦ ᠠᠵᠢᠯᠯᠠᠭ᠎ᠠ ᠦᠷᠨᠢᠭᠦᠯᠦᠨ᠎ᠡ᠃
ᠰᠦᠯᠵᠢᠶᠡᠨ ᠤ ᠱᠠᠩᠨᠠᠯᠲᠤ ᠮᠡᠳᠡᠯᠭᠡ ᠶᠢᠨ ᠤᠷᠤᠯᠳᠤᠭᠠᠨ ᠤ ᠠᠵᠢᠯᠯᠠᠭ᠎ᠠ
︽ᠦᠨᠳᠦᠰᠦᠲᠡᠨ ᠤ ᠲᠤᠬᠠᠢ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ ᠬᠤᠭᠤᠴᠠᠭᠠᠨ ᠳᠤ᠂ ᠨᠠᠮ ᠤᠨ ᠦᠨᠳᠦᠰᠦᠲᠡᠨ ᠤ ᠲᠤᠬᠠᠢ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠰᠦᠯᠵᠢᠶᠡᠨ ᠤ ᠱᠠᠩᠨᠠᠯᠲᠤ ᠮᠡᠳᠡᠯᠭᠡ ᠶᠢᠨ ᠤᠷᠤᠯᠳᠤᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠯ᠎ᠡ ᠰᠠᠯᠠᠭ᠎ᠠ ᠮᠥᠴᠢᠷ ᠨᠢᠭᠡᠴᠢ ᠶᠢ ᠥᠷᠭᠡᠨ ᠢᠶᠠᠷ ᠳᠠᠶᠢᠴᠢᠯᠠᠨ ᠣᠷᠣᠯᠴᠠᠭᠤᠯᠵᠤ᠂ ᠠᠵᠢᠯᠯᠠᠭ᠎ᠠ ᠶᠢᠨ ᠴᠥᠷᠬᠡᠯᠡᠭᠡ ᠶᠢ ᠸᠢᠴᠠᠲ ᠤᠨ ᠨᠡᠶᠢᠲᠡ ᠶᠢᠨ ᠲᠠᠪᠴᠠᠩ ᠢᠶᠠᠷ ᠢᠳᠡᠪᠬᠢᠲᠡᠢ ᠳᠠᠮᠵᠢᠭᠤᠯᠤᠨ ᠲᠠᠷᠬᠠᠭᠠᠵᠤ᠂ ᠠᠵᠢᠯᠯᠠᠭ᠎ᠠ ᠶᠢᠨ ᠬᠠᠮᠤᠷᠬᠤ ᠬᠡᠪᠴᠢᠶ᠎ᠡ ᠶᠢ ᠴᠢᠷᠮᠠᠶᠢᠨ ᠥᠷᠭᠡᠳᠬᠡᠵᠦ᠂ ᠨᠡᠶᠢᠭᠡᠮ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ ᠃
ᠤᠬᠠᠭᠤᠯᠭ᠎ᠠ ᠶᠢᠨ ᠣᠬᠤᠷ ᠮᠡᠳᠡᠭᠡ ᠳᠠᠮᠵᠢᠭᠤᠯᠬᠤ ᠠᠵᠢᠯᠯᠠᠭ᠎ᠠ
5 ᠳ᠋ᠤᠭᠠᠷ ᠰᠠᠷ᠎ᠠ ᠶᠢᠨ ᠡᠬᠢ ᠪᠠᠷ᠂ ᠰᠢᠯᠵᠢᠮᠡᠯ ᠬᠤᠯᠪᠣᠭ᠎ᠠ᠂ ᠨᠢᠭᠡᠳᠦᠮᠡᠯ ᠬᠤᠯᠪᠣᠭ᠎ᠠ᠂ ᠴᠠᠬᠢᠯᠭᠠᠨ ᠬᠤᠯᠪᠣᠭ᠎ᠠ ᠵᠡᠷᠭᠡ ᠡᠵᠡᠩᠨᠡᠨ ᠠᠵᠢᠯᠯᠠᠭᠰᠠᠳ ᠢᠶᠠᠷ ᠳᠠᠮᠵᠢᠭᠤᠯᠤᠨ᠂ ᠪᠥᠬᠦ ᠣᠷᠣᠨ ᠤ ᠭᠠᠷ ᠤᠲᠠᠰᠤᠨ ᠤ ᠬᠡᠷᠡᠭᠯᠡᠭᠴᠢᠳ ᠲᠤ ᠨᠠᠮ ᠤᠨ ᠦᠨᠳᠦᠰᠦᠲᠡᠨ ᠤ ᠲᠤᠬᠠᠢ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠨᠡᠶᠢᠲᠡ ᠶᠢᠨ ᠠᠰᠠᠷᠠᠮᠵᠢ ᠶᠢᠨ ᠣᠬᠤᠷ ᠮᠡᠳᠡᠭᠡ ᠶᠢ ᠳᠠᠮᠵᠢᠭᠤᠯᠤᠨ᠎ᠠ ᠃
ᠠᠵᠢᠯ ᠤᠨ ᠱᠠᠭᠠᠷᠳᠠᠯᠭ᠎ᠠ
ᠡᠯ᠎ᠡ ᠰᠠᠯᠠᠭ᠎ᠠ ᠮᠥᠴᠢᠷ ᠨᠢᠭᠡᠴᠢ ᠨᠦᠭᠦᠳ ᠨᠠᠮ ᠤᠨ ᠦᠨᠳᠦᠰᠦᠲᠡᠨ ᠤ ᠲᠤᠬᠠᠢ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠠᠵᠢᠯ ᠢ ᠥᠷᠨᠢᠭᠦᠯᠬᠦ ᠳᠤ ᠪᠠᠨ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠴᠠᠭ ᠬᠡᠮᠵᠢᠶ᠎ᠡ ᠪᠦᠲᠦᠮᠵᠢ ᠪᠠᠨ ᠡᠵᠡᠮᠳᠡᠬᠦ ᠬᠡᠷᠡᠭᠲᠡᠢ︔ ᠠᠷᠭ᠎ᠠ ᠬᠡᠯᠪᠡᠷᠢ ᠠᠷᠭ᠎ᠠ ᠮᠠᠶ᠋ᠢᠭ ᠢ ᠠᠩᠬᠠᠷᠴᠤ᠂ ᠬᠡᠯᠪᠡᠷᠢᠴᠢ ᠦᠵᠡᠯ ᠢ ᠴᠢᠩᠭ᠎ᠠ ᠴᠡᠭᠡᠷᠯᠡᠨ᠂ ᠱᠠᠲᠤ ᠱᠠᠲᠤ ᠪᠠᠷ ᠠᠵᠢᠯ ᠤᠨ ᠡᠭᠦᠷᠭᠡ ᠶᠢ ᠨᠢ ᠨᠡᠮᠡᠭᠳᠡᠭᠦᠯᠵᠦ ᠪᠣᠯᠬᠤ ᠦᠭᠡᠢ᠂ ᠦᠨᠳᠦᠰᠦᠨ ᠱᠠᠲᠤᠨ ᠤ ᠳᠠᠷᠤᠭᠠᠰᠤ ᠶᠢ ᠨᠢ ᠨᠡᠮᠡᠭᠳᠡᠭᠦᠯᠵᠦ ᠪᠣᠯᠬᠤ ᠦᠭᠡᠢ︔ ᠦᠨᠳᠦᠰᠦᠲᠡᠨ ᠨᠦᠭᠦᠳ ᠤᠨ ᠤᠯᠠᠨ ᠲᠦᠮᠡᠨ ᠤ ᠠᠮᠠᠷᠬᠠᠨ ᠬᠦᠯᠢᠶᠡᠨ ᠠᠪᠬᠤ ᠬᠡᠯᠪᠡᠷᠢ ᠪᠠᠷ ᠤᠬᠠᠭᠤᠯᠭ᠎ᠠ ᠶᠢᠨ ᠠᠵᠢᠯ ᠢᠶᠠᠨ ᠥᠷᠨᠢᠭᠦᠯᠵᠦ᠂ ᠪᠣᠳᠠᠲᠤ ᠬᠡᠷᠡᠭ ᠲᠤᠭ᠎ᠠ ᠪᠠᠷᠢᠮᠲᠠ᠂ ᠨᠡᠶᠢᠲᠡᠯᠢᠭ ᠬᠡᠷᠡᠭ ᠤᠨ ᠵᠢᠱᠢᠶ᠎ᠡ ᠪᠠᠷ ᠶᠣᠰᠣ ᠤᠴᠢᠷ ᠢ ᠲᠣᠳᠣᠷᠬᠠᠶᠢᠯᠠᠬᠤ ᠳᠤ ᠪᠠᠨ ᠴᠢᠳᠠᠮᠠᠭᠠᠢ ᠪᠠᠶᠢᠬᠤ ᠬᠡᠷᠡᠭᠲᠡᠢ︔ ᠪᠦᠲᠦᠮᠵᠢᠲᠡᠶ ᠲᠤᠷᠰᠢᠯᠭ᠎ᠠ ᠪᠠ ᠠᠷᠭ᠎ᠠ ᠶᠢ ᠴᠠᠭ ᠲᠤᠬᠠᠢ ᠳᠤ ᠨᠢ ᠳ᠋ᠦᠩᠨᠡᠵᠦ᠂ ᠨᠠᠮ ᠤᠨ ᠦᠨᠳᠦᠰᠦᠲᠡᠨ ᠤ ᠲᠤᠬᠠᠢ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠤᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃