︵2025 ᠣᠨ ᠤ 4 ᠰᠠᠷ᠎ᠠ ᠶᠢᠨ 28 ᠤ ᠡᠳᠦᠷ︶
ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 28 ᠤ ᠴᠠᠬᠢᠯᠭᠠᠨ ᠮᠡᠳᠡᠭᠡ
ᠣᠶᠢᠷ᠎ᠠ ᠶᠢᠨ ᠵᠢᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠡᠷᠡᠮᠡᠬᠡᠶᠢᠯᠡᠨ ᠤᠷᠤᠭᠰᠢᠯᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠰᠢᠨ᠎ᠡ ᠢᠳᠡᠷᠡᠭᠦᠨ ᠠᠯᠬᠤᠭ᠎ᠠ ᠶᠢ ᠠᠯᠬᠤᠵᠠᠢ᠃ ᠡᠨᠡ ᠬᠦ ᠠᠭᠤᠤ ᠶᠡᠭᠡ ᠦᠢᠯᠡᠳᠦᠯᠭᠡ ᠶᠢᠨ ᠳᠤᠮᠳᠠ᠂ ᠠᠵᠢᠯ ᠦᠢᠯᠡᠰ ᠢᠶᠠᠨ ᠳᠡᠭᠡᠳᠦᠯᠡᠨ ᠬᠤᠪᠢ ᠨᠡᠮᠡᠷᠢ ᠦᠵᠡᠭᠦᠯᠦᠭᠰᠡᠨ᠂ ᠡᠷᠡᠰ ᠰᠢᠭᠤᠷᠬᠠᠢ ᠪᠠᠷ ᠤᠷᠤᠭᠰᠢᠯᠠᠨ ᠳᠠᠪᠰᠢᠭᠰᠠᠨ᠂ ᠠᠮᠢ ᠪᠡᠶ᠎ᠡ ᠪᠠᠨ ᠬᠠᠶᠢᠬᠤᠷᠤᠯ ᠦᠭᠡᠢ ᠡᠷᠡᠯᠬᠡᠭᠯᠡᠨ ᠲᠡᠮᠡᠴᠡᠭᠰᠡᠨ᠂ ᠵᠣᠷᠢᠭᠲᠠᠢ ᠪᠠᠷ ᠪᠤᠰᠤᠳ ᠠᠴᠠ ᠲᠦᠷᠦᠭᠦᠯᠡᠨ ᠬᠢᠭᠰᠡᠨ ᠨᠢᠭᠡ ᠪᠦᠯᠦᠭ ᠲᠡᠷᠢᠭᠦᠨ ᠤ ᠵᠢᠱᠢᠶᠡᠴᠢ ᠬᠥᠮᠦᠰ ᠴᠣᠯᠭᠤᠷᠠᠨ ᠭᠠᠷᠴᠠᠢ᠃ ᠲᠡᠳᠡ ᠪᠣᠯ ᠡᠯ᠎ᠡ ᠠᠵᠢᠯ ᠲᠥᠷᠥᠯ ᠤᠨ ᠬᠥᠳᠡᠯᠮᠦᠷᠢᠴᠢᠨ ᠲᠦᠮᠡᠨ ᠤ ᠳᠤᠮᠳᠠᠬᠢ ᠲᠦᠭ ᠲᠦᠮᠡᠨ ᠭᠠᠷᠮᠠᠭᠠᠢ ᠲᠥᠯᠥᠭᠡᠯᠡᠭᠴᠢ ᠮᠥᠨ᠂ ᠥᠪᠡᠷ ᠤᠨ ᠵᠢᠱᠢᠶᠡᠴᠢ ᠠᠵᠢᠯᠯᠠᠭ᠎ᠠ ᠪᠣᠯᠤᠨ ᠡᠷᠬᠢᠮ ᠳᠡᠭᠡᠳᠦ ᠵᠠᠩ ᠰᠤᠷᠲᠠᠯ ᠢᠶᠠᠷ ᠢᠶᠠᠨ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠬᠥᠳᠡᠯᠮᠦᠷᠢ ᠶᠢᠨ ᠵᠣᠷᠢᠭ ᠰᠠᠨᠠᠭ᠎ᠠ᠂ ᠤᠷᠠᠨ ᠳᠠᠷᠬᠠᠨ ᠤ ᠵᠣᠷᠢᠭ ᠰᠠᠨᠠᠭ᠎ᠠ ᠶᠢᠨ ᠴᠠᠭ ᠦᠶ᠎ᠡ ᠶᠢᠨ ᠠᠭᠤᠯᠤᠭᠳᠠᠬᠤᠨ ᠢ ᠠᠮᠢᠳᠤᠯᠢᠭ ᠢᠶᠠᠷ ᠲᠠᠶᠢᠯᠪᠤᠷᠢᠯᠠᠵᠤ᠂ ᠰᠢᠨ᠎ᠡ ᠴᠠᠭ ᠦᠶ᠎ᠡ ᠶᠢᠨ ᠮᠠᠨ ᠤ ᠤᠯᠤᠰ ᠤᠨ ᠠᠵᠢᠯᠴᠢᠨ ᠠᠩᠭᠢ ᠪᠣᠯᠤᠨ ᠥᠷᠭᠡᠨ ᠣᠯᠠᠨ ᠬᠥᠳᠡᠯᠮᠦᠷᠢᠴᠢᠨ ᠲᠦᠮᠡᠨ ᠤ ᠴᠣ ᠰᠢᠨ᠎ᠡ ᠴᠤᠭ ᠵᠢᠪᠬᠤᠭ᠎ᠠ ᠶᠢ ᠭᠦᠢᠴᠡᠳ ᠢᠯᠡᠷᠡᠭᠦᠯᠪᠡ᠃ ᠲᠡᠳᠡᠨ ᠤ ᠲᠣᠪᠤᠶᠢᠮ᠎ᠠ ᠬᠤᠪᠢ ᠨᠡᠮᠡᠷᠢ ᠶᠢ ᠬᠥᠬᠢᠭᠦᠯᠦᠨ ᠰᠠᠶᠢᠰᠢᠶᠠᠵᠤ᠂ ᠪᠦᠯᠬᠦᠮᠳᠡᠨ ᠲᠡᠮᠡᠴᠡᠬᠦ ᠬᠦᠴᠦᠷᠬᠡᠭ ᠶᠡᠭᠡ ᠬᠦᠴᠦᠨ ᠢ ᠤᠯᠠᠮ ᠨᠢᠭᠲᠠᠷᠠᠭᠤᠯᠬᠤ ᠶᠢᠨ ᠲᠥᠯᠥᠭᠡ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠰᠢᠦᠢ ᠱᠦ ᠶᠥᠩ ᠵᠡᠷᠭᠡ 1670 ᠬᠥᠮᠦᠨ ᠳᠤ ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ ᠶᠢᠨ ᠴᠣᠯᠠ ᠣᠯᠭᠤᠵᠤ᠂ ᠯᠢ ᠮᠧᠩ ᠵᠡᠷᠭᠡ 756 ᠬᠥᠮᠥᠨ ᠳᠤ ᠪᠦᠬᠦ ᠤᠯᠤᠰ ᠤᠨ ᠲᠡᠷᠢᠭᠦᠨ ᠤ ᠠᠵᠢᠯᠲᠠᠨ ᠤ ᠴᠣᠯᠠ ᠣᠯᠭᠤᠬᠤ ᠪᠠᠷ ᠲᠣᠭᠲᠠᠪᠠ᠃
ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ ᠪᠣᠯᠤᠨ ᠲᠡᠷᠢᠭᠦᠨ ᠤ ᠠᠵᠢᠯᠲᠠᠨ ᠤ ᠴᠣᠯᠠ ᠬᠦᠷᠲᠡᠭᠰᠡᠨ ᠨᠥᠬᠦᠳ ᠲᠤ ᠢᠷᠠᠭᠤ ᠠᠯᠳᠠᠷ ᠢᠶᠠᠨ ᠨᠠᠨᠳᠢᠩᠨᠠᠵᠤ᠂ ᠤᠤᠷ ᠴᠢᠨᠠᠷ ᠢᠶᠠᠨ ᠪᠠᠲᠤᠯᠠᠵᠤ᠂ ᠪᠣᠳᠠᠲᠠᠢ ᠠᠵᠢᠯᠯᠠᠨ ᠪᠠᠲᠤᠲᠠᠢ ᠦᠢᠯᠡᠳᠦᠯᠭᠡᠵᠢᠭᠦᠯᠵᠦ᠂ ᠳᠠᠬᠢᠨᠲᠠ ᠰᠢᠨ᠎ᠡ ᠭᠠᠪᠢᠶ᠎ᠠ ᠪᠠᠶᠢᠭᠤᠯᠵᠤ᠂ ᠵᠢᠱᠢᠶᠡᠴᠢ ᠳᠠᠭᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠴᠢᠨᠠᠷ ᠰᠠᠶᠢᠲᠠᠢ ᠬᠥᠭᠵᠢᠯᠲᠡ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠭᠠᠯ ᠬᠠᠯᠠᠭᠤᠨ ᠦᠢᠯᠡᠳᠦᠯᠭᠡ ᠳᠤ ᠥᠷᠭᠡᠨ ᠣᠯᠠᠨ ᠬᠥᠳᠡᠯᠮᠦᠷᠢᠴᠢᠨ ᠲᠦᠮᠡᠨ ᠢ ᠵᠣᠷᠢᠭᠵᠢᠭᠤᠯᠤᠨ ᠢᠳᠡᠪᠬᠢᠲᠡᠢ ᠣᠷᠣᠯᠴᠠᠬᠤ ᠶᠢ ᠬᠦᠰᠡᠵᠦ ᠪᠠᠶᠢᠨ᠎ᠠ᠃
ᠨᠠᠮ ᠤᠨ ᠲᠥᠪ ᠬᠤᠷᠢᠶ᠎ᠠ ᠠᠴᠠ᠂ ᠪᠥᠬᠦ ᠨᠠᠮ ᠪᠥᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠤᠯᠤᠰ ᠤᠨ ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠨ ᠢᠶᠠᠷ ᠳᠠᠭᠤᠷᠢᠶᠠᠯ ᠪᠣᠯᠭᠠᠬᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠡᠪ ᠬᠠᠮᠲᠤ ᠶᠣᠰᠣᠨ ᠤ ᠠᠯᠤᠰ ᠬᠡᠳᠦ ᠶᠢᠨ ᠬᠦᠰᠡᠯᠡᠩ ᠪᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠮᠲᠤ ᠶᠢᠨ ᠬᠦᠰᠡᠯᠡᠩ ᠢ ᠪᠠᠲᠤ ᠪᠠᠬᠢ ᠪᠣᠢ ᠪᠣᠯᠭᠠᠵᠤ᠂ ᠨᠡᠶᠢᠭᠡᠮ ᠵᠢᠷᠤᠮ ᠤᠨ ᠭᠤᠤᠯᠠᠭᠴᠢ ᠥᠷᠲᠡᠭ ᠤᠨ ᠦᠵᠡᠯᠲᠡ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠬᠥᠳᠡᠯᠮᠦᠷᠢ ᠶᠢᠨ ᠵᠣᠷᠢᠭ ᠰᠠᠨᠠᠭ᠎ᠠ᠂ ᠤᠷᠠᠨ ᠳᠠᠷᠬᠠᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠤᠨ᠂ ᠥᠪᠡᠷ ᠤᠨ ᠢᠷᠡᠭᠡᠳᠦᠢ ᠬᠤᠪᠢ ᠵᠠᠶᠠᠭ᠎ᠠ ᠪᠠᠨ ᠤᠯᠤᠰ ᠪᠠ ᠦᠨᠳᠦᠰᠦᠲᠡᠨ ᠤ ᠢᠷᠡᠭᠡᠳᠦᠢ ᠬᠤᠪᠢ ᠵᠠᠶᠠᠭ᠎ᠠ ᠲᠠᠢ ᠨᠢᠭᠲᠠ ᠬᠤᠯᠪᠣᠵᠤ᠂ ᠠᠵᠢᠯ ᠦᠢᠯᠡᠰ ᠢᠶᠠᠨ ᠳᠡᠭᠡᠳᠦᠯᠡᠵᠦ᠂ ᠰᠢᠨ᠎ᠡ ᠶᠢ ᠡᠭᠦᠳᠦᠨ ᠪᠦᠲᠦᠭᠡᠵᠦ᠂ ᠢᠲᠡᠭᠡᠯ ᠵᠣᠷᠢᠭ ᠢᠶᠠᠨ ᠪᠠᠲᠤᠳᠬᠠᠵᠤ᠂ ᠬᠦᠴᠦᠯᠡᠨ ᠴᠢᠷᠮᠠᠶᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠥᠬᠦ ᠲᠠᠯ᠎ᠠ ᠪᠠᠷ ᠠᠬᠢᠭᠤᠯᠬᠤ ᠶᠢᠨ ᠲᠥᠯᠥᠭᠡ ᠴᠥᠬᠦᠷᠡᠰᠢ ᠦᠭᠡᠢ ᠲᠡᠮᠡᠴᠡᠵᠡᠭᠡᠶ᠎ᠡ ᠭᠡᠵᠦ ᠤᠷᠢᠶᠠᠯᠠᠪᠠ︕