︽ᠡᠨᠡ ᠪᠣᠯ ᠥᠴᠥᠭᠡᠳᠦᠷ ᠤᠨ ᠬᠦᠷᠲᠡᠭᠰᠡᠨ ᠢᠷᠠᠭᠤ ᠠᠯᠳᠠᠷ ᠪᠤᠯᠤᠨ᠎ᠠ᠂ ᠲᠠ ᠶᠠᠭᠠᠬᠢᠭᠰᠡᠨ ᠴᠤ ᠰᠠᠶᠢᠬᠠᠨ ᠬᠠᠳᠠᠭᠠᠯᠠᠭᠠᠷᠠᠢ᠂ ᠲᠠᠨ ᠤ ᠭᠠᠪᠢᠶ᠎ᠠ ᠪᠠᠶᠢᠨ᠎ᠠ ᠰᠢᠦ︕︾ 4 ᠰᠠᠷ᠎ᠠ ᠶᠢᠨ 25 ᠤ ᠡᠳᠦᠷ᠂ ᠤᠯᠠᠭᠠᠨᠴᠠᠪ ᠬᠤᠲᠠ ᠶᠢᠨ ᠳᠥᠷᠪᠡᠳ ᠬᠤᠰᠢᠭᠤᠨ ᠤ ᠵᠠᠩᠭᠠᠨ ᠰᠤᠮᠤ ᠶᠢᠨ ᠸᠧᠶ ᠵᠢᠩ ᠭᠠᠴᠠᠭᠠᠨ ᠤ ᠨᠠᠮ ᠤᠨ ᠡᠭᠦᠷ ᠤᠨ ᠳᠡᠳ᠋ ᠱᠦᠵᠢ ᠭᠠᠩᠪᠤᠯᠤᠳ ᠡᠬᠡᠨᠡᠷ ᠲᠡᠭᠡᠨ ᠨᠢᠭᠡ ᠬᠤᠪᠢ ᠣᠨᠴᠠᠭᠠᠶ ᠪᠡᠯᠡᠭ ᠬᠦᠷᠭᠡᠯ᠎ᠠ — ᠡᠨᠡ ᠨᠢ ᠲᠡᠭᠦᠨ ᠤ ᠬᠦᠷᠲᠡᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ ᠶᠢᠨ ᠢᠷᠠᠭᠤ ᠠᠯᠳᠠᠷ ᠤᠨ ᠦᠨᠡᠮᠯᠡᠯ︾ ᠪᠤᠯᠤᠨ᠎ᠠ᠂ ᠲᠡᠭᠦᠨ ᠤ ᠡᠬᠡᠨᠡᠷ ᠤᠷᠠᠨ᠎ᠠ ᠢᠨᠢᠶᠡᠮᠰᠦᠭᠯᠡᠵᠦ᠂ ᠢᠷᠠᠭᠤ ᠠᠯᠳᠠᠷ ᠤᠨ ᠦᠨᠡᠮᠯᠡᠯ ᠢ ᠨᠢ ᠭᠠᠷᠳᠠᠨ ᠠᠪᠴᠤ ᠨᠣᠮ ᠤᠨ ᠲᠠᠯᠪᠢᠭᠤᠷ ᠳᠡᠭᠡᠷ᠎ᠡ ᠲᠠᠯᠪᠢᠪᠠ᠃
ᠡᠨᠡ ᠵᠢᠯ 47 ᠨᠠᠰᠤᠲᠠᠢ ᠭᠠᠩᠪᠤᠯᠤᠳ ᠪᠠᠰᠠ ᠨᠢᠭᠡᠨ ᠣᠨᠴᠠᠭᠠᠢ ᠪᠡᠶ᠎ᠡ ᠶᠢᠨ ᠭᠠᠷᠤᠯ ᠲᠠᠢ᠂ ᠲᠤᠬᠠᠶᠢᠯᠠᠪᠠᠯ ︽ᠤᠯᠤᠰ ᠤᠨ ᠬᠡᠦᠬᠡᠳ︾ ᠤᠨ ᠬᠤᠶᠢᠴᠢ ᠦᠶ᠎ᠡ ᠪᠣᠯᠤᠨ᠎ᠠ᠃ ᠡᠴᠢᠭᠡ ᠡᠬᠡ ᠨᠢ ᠴᠥᠮ ︽ᠤᠯᠤᠰ ᠤᠨ ᠬᠡᠦᠬᠡᠳ︾ ᠪᠤᠯᠬᠤᠷ ᠬᠡᠷ ᠪᠦᠯᠢ ᠶᠢᠨ ᠬᠥᠮᠦᠵᠢᠯ ᠪᠠ ᠡᠴᠢᠭᠡ ᠡᠬᠡ ᠶᠢᠨ ᠢᠶᠠᠨ ᠨᠥᠯᠥᠭᠡ ᠠᠴᠠ ᠪᠤᠯᠵᠤ᠂ ᠲᠡᠷᠡ ᠪᠠᠷ ᠨᠠᠮ ᠪᠠ ᠤᠯᠤᠰ ᠲᠠᠭᠠᠨ ᠭᠦᠨ ᠵᠤᠵᠠᠭᠠᠨ ᠠᠴᠢ ᠬᠠᠷᠢᠭᠤᠯᠬᠤ ᠰᠡᠳᠭᠢᠯᠭᠡ ᠲᠠᠢ ᠪᠠᠶᠢᠳᠠᠭ᠃
ᠠᠪᠤ ᠡᠵᠢ ᠶᠢᠨ ᠢᠶᠠᠨ ᠦᠷᠬᠦᠯᠵᠢ ᠶᠠᠷᠢᠳᠠᠭ ᠰᠡᠳᠬᠢᠯ ᠲᠤᠭᠳᠤᠯᠤᠭᠤᠯᠤᠮ᠎ᠠ ᠦᠯᠢᠭᠡᠷ ᠢ ᠭᠠᠩᠪᠤᠯᠤᠳ ᠪᠠᠭ᠎ᠠ ᠠᠴᠠ ᠪᠠᠨ ᠤᠯᠠᠨ ᠤᠳᠠᠭ᠎ᠠ ᠰᠤᠨᠤᠰᠴᠠᠢ᠃ ᠠᠪᠤ ᠡᠵᠢ ᠨᠢ᠄ ︽ᠬᠡᠦᠬᠡᠳ ᠡ᠂ ᠨᠠᠮ ᠪᠠ ᠤᠯᠤᠰ ᠠᠴᠠ ᠪᠢᠳᠡᠨ ᠳᠤ ᠣᠷᠣᠰᠢᠨ ᠲᠣᠭᠲᠠᠨᠢᠬᠤ ᠬᠦᠰᠡᠯ ᠡᠷᠡᠮᠡᠯᠵᠡᠯ ᠣᠯᠭᠤᠵᠤ᠂ ᠪᠢᠳᠡᠨ ᠳᠤ ᠥᠨᠥᠳᠦᠷ ᠤᠨ ᠵᠣᠯ ᠵᠢᠷᠭᠠᠯ ᠲᠠᠢ ᠠᠮᠤᠷ ᠲᠣᠭᠲᠠᠭᠤᠨ ᠠᠮᠢᠳᠤᠷᠠᠯ ᠢ ᠡᠳ᠋ᠯᠡᠭᠦᠯᠦᠭᠰᠡᠨ ᠶᠤᠮ᠂ ᠪᠢᠳᠡ ᠡᠨᠡ ᠬᠦ ᠠᠴᠢ ᠡᠨᠡᠷᠢᠯ ᠢ ᠬᠡᠵᠢᠶ᠎ᠡ᠂ ᠬᠠᠮᠢᠭ᠎ᠠ ᠴᠤ ᠭᠡᠰᠡᠨ ᠴᠥᠮ ᠰᠡᠳᠭᠢᠯ ᠳᠡᠭᠡᠨ ᠪᠠᠲᠤ ᠴᠡᠭᠡᠵᠢᠯᠡᠵᠦ᠂ ᠰᠠᠶᠢᠨ ᠬᠥᠮᠦᠨ ᠪᠤᠯᠵᠤ᠂ ᠵᠥᠪ ᠵᠠᠮ ᠢᠶᠠᠷ ᠵᠠᠮᠨᠠᠵᠤ᠂ ᠥᠪᠡᠷ ᠤᠨ ᠬᠠᠮᠤᠭ ᠤᠨ ᠶᠡᠭᠡ ᠴᠢᠷᠮᠠᠶᠢᠯᠭ᠎ᠠ ᠪᠠᠷ ᠢᠶᠠᠨ ᠤᠯᠤᠰ ᠪᠠ ᠨᠡᠶᠢᠭᠡᠮ ᠳᠤ ᠬᠤᠪᠢ ᠨᠡᠮᠡᠷᠢ ᠦᠵᠡᠭᠦᠯᠬᠦ ᠬᠡᠷᠡᠭᠲᠡᠢ︾ ᠭᠡᠵᠦ ᠲᠠᠩᠳᠠ ᠰᠤᠷᠭᠠᠳᠠᠭ᠃ ᠠᠪᠤ ᠡᠵᠢ ᠶᠢᠨ ᠬᠢᠨᠢ ᠰᠤᠷᠭᠠᠯ ᠭᠠᠩᠪᠤᠯᠤᠳ ᠤᠨ ᠰᠡᠳᠭᠢᠯ ᠳᠤ ᠭᠦᠨ ᠬᠠᠳᠠᠩᠰᠢᠵᠠᠢ᠂ ᠲᠡᠷᠡ ᠬᠠᠷᠠᠬᠠᠨ ᠪᠠᠭ᠎ᠠ ᠠᠴᠠ ᠪᠠᠨ ᠥᠪᠡᠷ ᠤᠨ ᠢᠶᠠᠨ ᠴᠢᠳᠠᠯ ᠤᠨ ᠬᠢᠷᠢ ᠲᠤᠳᠤᠷ᠎ᠠ ᠬᠡᠷᠡᠭᠴᠡᠭᠡ ᠲᠠᠢ ᠬᠥᠮᠦᠰ ᠢ ᠬᠠᠪᠰᠤᠷᠴᠤ᠂ ᠨᠤᠲᠤᠭ ᠤᠰᠤᠨ ᠤ ᠪᠠᠨ ᠠᠴᠢ ᠶᠢ ᠬᠠᠷᠢᠭᠤᠯᠤᠨ᠎ᠠ ᠭᠡᠵᠦ ᠵᠣᠷᠢᠭ ᠰᠢᠭᠤᠳᠴᠠᠢ᠃
ᠨᠤᠲᠤᠭ ᠤᠰᠤᠨ ᠤ ᠪᠠᠨ ᠠᠴᠢ ᠶᠢ ᠬᠠᠷᠢᠭᠤᠯᠬᠤ ᠳᠤ ᠡᠷᠳᠡᠮ ᠴᠢᠳᠠᠪᠤᠷᠢ ᠲᠠᠢ ᠬᠦᠮᠦᠨ ᠪᠤᠯᠬᠤ ᠬᠡᠷᠡᠭᠲᠡᠶ᠃ ᠡᠨᠡ ᠲᠠᠯ᠎ᠠ ᠪᠠᠷ ᠭᠠᠩᠪᠤᠯᠤᠳ ᠠᠯᠢ ᠡᠷᠲᠡ ᠪᠡᠯᠡᠳᠭᠡᠯ ᠲᠠᠢ ᠪᠠᠶᠢᠭᠰᠠᠨ ᠠᠵᠢ᠃
ᠭᠠᠩᠪᠤᠯᠤᠳ 1999 ᠣᠨ ᠳᠤ ᠴᠡᠷᠢᠭ ᠲᠤ ᠣᠷᠣᠪᠠ᠂ ᠬᠠᠷᠠᠬᠠᠨ ᠪᠠᠭ᠎ᠠ ᠠᠴᠠ ᠪᠠᠨ ᠴᠠᠬᠢᠯᠭᠠᠨ ᠬᠡᠯᠬᠢᠶ᠎ᠡ ᠶᠢ ᠰᠤᠳᠤᠯᠬᠤ ᠳᠤᠷᠠᠲᠠᠢ ᠳᠡᠷᠡ ᠪᠠᠷ ᠴᠡᠷᠢᠭ ᠠᠩᠬᠢ ᠳᠤ ᠠᠯᠪᠠ ᠬᠠᠭᠠᠵᠤ ᠪᠠᠶᠢᠬᠤ ᠬᠤᠭᠤᠴᠠᠭᠠᠨ ᠳᠠᠭᠠᠨ ᠮᠠᠰᠢᠨ ᠲᠡᠷᠭᠡ ᠰᠡᠯᠪᠢᠨ ᠵᠠᠰᠠᠬᠤ ᠠᠩᠬᠢ ᠳᠤ ᠬᠤᠪᠢᠶᠠᠭᠳᠠᠨ ᠮᠠᠰᠢᠨ ᠲᠡᠷᠭᠡ ᠰᠡᠯᠪᠢᠨ ᠵᠠᠰᠠᠬᠤ ᠤᠷ᠎ᠠ ᠴᠢᠳᠠᠪᠤᠷᠢ ᠶᠢ ᠰᠤᠷᠴᠤ ᠰᠤᠳᠤᠯᠤᠭᠰᠠᠨ ᠪᠥᠭᠡᠳ ᠮᠠᠰᠢᠨ ᠲᠡᠷᠭᠡ ᠰᠡᠯᠪᠢᠨ ᠵᠠᠰᠠᠬᠤ ᠠᠵᠢᠯᠴᠢᠨ ᠤ ᠬᠢᠷᠢ ᠬᠡᠮ ᠤᠨ ᠦᠨᠡᠮᠯᠡᠯ ᠣᠯᠵᠤ᠂ ᠬᠢᠷᠢ ᠲᠡᠩᠴᠡᠭᠰᠡᠨ ᠮᠠᠰᠢᠨ ᠲᠡᠷᠭᠡ ᠰᠡᠯᠪᠢᠨ ᠵᠠᠰᠠᠬᠤ ᠠᠵᠢᠯᠴᠢᠨ ᠪᠣᠯᠤᠭᠰᠠᠨ ᠪᠠᠶᠢᠨ᠎ᠠ᠃
2001 ᠣᠨ ᠳᠤ ᠭᠠᠩᠪᠤᠯᠤᠳ ᠢᠷᠠᠭᠤ ᠠᠯᠳᠠᠷᠲᠠᠢ ᠪᠠᠷ ᠴᠡᠷᠢᠭ ᠤᠨ ᠠᠯᠪᠠᠨ ᠠᠴᠠ ᠬᠠᠯᠠᠭᠳᠠᠵᠤ᠂ ᠳᠥᠷᠪᠡᠳ ᠬᠤᠰᠢᠭᠤᠨ ᠤ ᠤᠯᠠᠭᠠᠨᠬᠤᠸᠠ ᠪᠠᠯᠭᠠᠰᠤᠨ ᠳᠠᠭᠠᠨ ᠪᠤᠴᠠᠵᠤ ᠮᠠᠰᠢᠨ ᠲᠡᠷᠭᠡ ᠰᠡᠯᠪᠢᠨ ᠵᠠᠰᠠᠬᠤ ᠭᠠᠵᠠᠷ ᠪᠠᠶᠢᠭᠤᠯᠵᠠᠢ᠃ ᠮᠠᠰᠢᠨ ᠲᠡᠷᠭᠡ ᠰᠡᠯᠪᠢᠨ ᠵᠠᠰᠠᠬᠤ ᠭᠠᠵᠠᠷ ᠠᠵᠢᠯᠯᠠᠭᠤᠯᠬᠤ ᠶᠠᠪᠤᠴᠠ ᠳᠠᠭᠠᠨ ᠲᠡᠭᠦᠨ ᠤ ᠨᠤᠲᠤᠭ ᠳᠥᠷᠪᠡᠳ ᠬᠤᠰᠢᠭᠤᠨ ᠤ ᠵᠠᠩᠭᠠᠨ ᠰᠤᠮᠤ ᠶᠢᠨ ᠸᠧᠶ ᠵᠢᠩ ᠭᠠᠴᠠᠭᠠᠨ ᠤ ᠡᠷᠬᠢᠨ ᠲᠣᠭᠤᠷᠢᠨ ᠳᠤ ᠲᠤᠬᠠᠶ ᠶᠢᠨ ᠦᠶ᠎ᠡ ᠳᠤ ᠬᠠᠶᠢᠷ ᠴᠢᠯᠠᠭᠤᠨ ᠵᠠᠮ ᠪᠠᠶᠢᠭᠰᠠᠨ ᠪᠦᠭᠡᠳ ᠡᠩᠬᠦᠯ ᠳᠤᠩᠬᠤᠯ ᠪᠠᠶᠢᠵᠤ᠂ ᠨᠠᠭᠠᠰᠢ ᠴᠠᠭᠠᠰᠢ ᠶᠠᠪᠤᠬᠤ ᠲᠡᠷᠭᠡ ᠬᠥᠰᠭᠡ ᠨᠢ ᠦᠷᠭᠦᠯᠵᠢ ᠬᠠᠰᠢᠭᠳᠠᠵᠤ ᠪᠠᠶᠢᠭᠰᠠᠨ ᠤ ᠳᠡᠭᠡᠷ᠎ᠡ ᠬᠢᠯᠢ ᠬᠢᠵᠠᠭᠠᠷ ᠭᠠᠵᠠᠷ ᠠᠭᠤᠳᠠᠮ ᠬᠥᠮᠦᠨ ᠴᠥᠭᠡᠨ ᠪᠣᠯᠬᠤᠷ ᠬᠠᠰᠢᠭᠳᠠᠭᠰᠠᠨ ᠲᠡᠷᠭᠡ ᠶᠢ ᠰᠡᠯᠪᠢᠨ ᠵᠠᠰᠠᠬᠤ ᠳᠤ ᠲᠤᠩ ᠳᠥᠭᠦᠮ ᠦᠭᠡᠢ ᠪᠠᠶᠢᠭᠰᠠᠨ ᠢ ᠭᠠᠩᠪᠤᠯᠤᠳ ᠤᠯᠵᠤ ᠮᠡᠳᠡᠵᠠᠢ᠃ ᠨᠤᠲᠤᠭ ᠤᠰᠤᠨ ᠳᠠᠭᠠᠨ ᠬᠤᠪᠢ ᠨᠡᠮᠡᠷᠢ ᠦᠵᠡᠭᠦᠯᠬᠦ ᠶᠢᠨ ᠲᠥᠯᠥᠭᠡ᠂ ᠭᠠᠩᠪᠤᠯᠤᠳ ᠤᠯᠠᠭᠠᠨᠬᠤᠸᠠ ᠪᠠᠯᠭᠠᠰᠤᠨ ᠳᠠᠬᠢ ᠬᠠᠷᠢᠴᠠᠩᠭᠤᠶ ᠲᠠᠭᠠᠯᠠᠮᠵᠢᠲᠠᠶ ᠠᠮᠢᠳᠤᠷᠠᠯ ᠢᠶᠠᠨ ᠰᠢᠭᠤᠷᠬᠠᠢ ᠲᠠᠶᠠᠭᠳᠠᠵᠤ᠂ ᠵᠠᠩᠭᠠᠨ ᠰᠤᠮᠤ ᠶᠢᠨ ᠸᠧᠶ ᠵᠢᠩ ᠭᠠᠴᠠᠭ᠎ᠠ ᠳᠠᠭᠠᠨ ᠪᠤᠴᠠᠵᠤ ᠢᠷᠡᠪᠡ᠃ ᠡᠭᠦᠨ ᠤ ᠵᠡᠷᠭᠡᠪᠡᠷ ᠲᠡᠷᠡ ᠨᠢᠭᠡ ᠰᠠᠤᠷᠢ ᠭᠠᠷ ᠳᠠᠮᠵᠢᠭᠰᠠᠨ ᠮᠠᠰᠢᠨ ᠲᠡᠷᠭᠡ ᠬᠤᠳᠠᠯᠳᠤᠨ ᠠᠪᠴᠤ᠂ ᠳᠡᠷᠭᠡᠨ ᠳᠡᠭᠡᠷ᠎ᠡ ᠪᠠᠨ ᠮᠠᠰᠢᠨ ᠲᠡᠷᠭᠡ ᠰᠡᠯᠪᠢᠨ ᠵᠠᠰᠠᠬᠤ ᠲᠥᠬᠦᠭᠡᠷᠦᠮᠵᠢ ᠲᠣᠬᠢᠷᠠᠭᠤᠯᠪᠠ᠂ ᠡᠶᠢᠨ ᠬᠦ᠋ ᠨᠢᠭᠡ ᠳᠥᠭᠦᠮᠬᠡᠨ ᠠᠪᠤᠷᠠᠨ ᠲᠤᠰᠠᠯᠠᠬᠤ ᠦᠢᠯᠡᠴᠢᠯᠡᠭᠡᠨ ᠤ ᠨᠡᠭᠦᠳᠡᠯ ᠲᠡᠷᠭᠡ ᠬᠢᠯᠢ ᠶᠢᠨ ᠱᠤᠭᠤᠮ ᠳᠡᠭᠡᠷ᠎ᠡ ᠬᠠᠰᠢᠭᠳᠠᠭᠰᠠᠨ ᠲᠡᠷᠭᠡᠤᠨ ᠤᠨ ᠳᠡᠷᠭᠡᠳᠡ ᠳᠠᠩᠳᠠ ᠢᠯᠡᠷᠡᠳᠡᠭ ᠪᠤᠯᠤᠯ᠎ᠠ᠃
ᠣᠯᠠᠨ ᠵᠢᠯ ᠤᠨ ᠠᠪᠤᠷᠠᠨ ᠲᠤᠰᠠᠯᠠᠬᠤ ᠶᠠᠪᠤᠴᠠ ᠳᠠᠭᠠᠨ ᠭᠠᠩᠪᠤᠯᠤᠳ ᠴᠥᠭᠡᠨ ᠪᠤᠰᠤ ᠬᠦᠮᠦᠰ ᠲᠠᠢ ᠨᠠᠶᠢᠵᠠᠯᠠᠵᠠᠢ᠂ ᠨᠢᠩᠰᠢᠶᠠ ᠶᠢᠨ ᠬᠤᠳᠠᠯᠳᠤᠭᠠᠴᠢᠨ ᠬᠤᠸᠠᠩ ᠬᠤᠶ ᠹᠧᠩ ᠪᠣᠯ ᠲᠡᠳᠡᠭᠡᠷ ᠤᠨ ᠳᠣᠲᠣᠷᠠᠬᠢ ᠨᠢᠭᠡ ᠨᠢ ᠪᠣᠯᠤᠨ᠎ᠠ᠃ 4 ᠰᠠᠷ᠎ᠠ ᠶᠢᠨ 21 ᠤ ᠡᠳᠦᠷ᠂ ᠬᠤᠸᠠᠩ ᠬᠤᠢ ᠹᠧᠩ ᠨᠠᠷ ᠭᠤᠷᠪᠠᠭᠤᠯᠠ ᠮᠠᠰᠢᠨ ᠲᠡᠷᠭᠡ ᠵᠢᠯᠣᠭᠤᠳᠤᠨ ᠵᠡᠭᠦᠨ ᠬᠠᠲᠠᠪᠴᠢ ᠪᠣᠭᠤᠮᠲᠠ ᠠᠴᠠ ᠢᠷᠭᠠᠢ ᠵᠦᠭ ᠮᠣᠷᠳᠠᠵᠠᠢ᠂ ᠲᠤᠰ ᠡᠳᠦᠷ ᠤᠨ ᠤᠷᠤᠢ ᠶᠢᠨ 8 ᠴᠠᠭ ᠲᠤ ᠮᠠᠰᠢᠨ ᠲᠡᠷᠭᠡ ᠨᠢ ᠳᠥᠷᠪᠡᠳ ᠬᠤᠰᠢᠭᠤᠨ ᠤ ᠬᠢᠯᠢ ᠳᠣᠲᠣᠷᠠᠬᠢ G 331 ᠤᠯᠤᠰ ᠤᠨ ᠵᠠᠮ ᠬᠦᠷᠬᠦ ᠦᠶᠡᠰ᠂ ᠲᠡᠷᠭᠡᠨ ᠤ ᠳᠤᠰᠤ ᠨᠢ ᠵᠥᠪᠬᠡᠨ 100 ᠭᠠᠷᠤᠢ ᠺᠢᠯᠣᠮᠧᠲᠷ ᠠᠶᠠᠯᠠᠵᠤ ᠳᠡᠶᠢᠯᠬᠦ ᠬᠡᠮᠵᠢᠶ᠎ᠡ ᠦᠯᠡᠳᠡᠭᠡᠳ ᠪᠠᠶᠢᠬᠤ ᠲᠤᠬᠢᠶ᠎ᠠ ᠲᠤᠳᠤᠷᠠᠪᠠ᠂ ᠬᠡᠳᠡᠯ᠎ᠠ ᠲᠤᠰᠤ ᠨᠡᠮᠡᠬᠦ ᠦᠷᠳᠡᠭᠡ ᠬᠦᠷᠳᠡᠯ᠎ᠡ ᠪᠠᠰᠠ 200 ᠭᠠᠷᠤᠢ ᠺᠢᠯᠣᠮᠧᠲᠷ ᠶᠠᠪᠤᠬᠤ ᠬᠡᠷᠡᠭᠳᠡᠢ ᠪᠠᠶᠢᠪᠠ᠃
︽ᠪᠢᠳᠡ ᠶᠠᠭ ᠲᠣᠰᠣᠨ ᠤ ᠤᠴᠢᠷ ᠲᠤ ᠵᠣᠪᠠᠵᠤ ᠪᠠᠶᠢᠲᠠᠯ᠎ᠠ᠂ ᠭᠡᠨᠡᠳᠲᠡ ᠵᠠᠮ ᠤᠨ ᠬᠠᠵᠠᠭᠤ ᠳᠤ ᠨᠢᠭᠡ ︿ᠵᠢᠯᠣᠭᠤᠴᠢ ᠶᠢᠨ ᠭᠡᠷ﹀ ᠬᠡᠭᠦ ᠫᠠᠶᠢᠰᠠ ᠬᠠᠷᠠᠭᠳᠠᠵᠠᠢ᠂ ᠲᠡᠭᠡᠭᠡᠳ ᠪᠢᠳᠡ ︿ᠵᠢᠯᠣᠭᠤᠴᠢ ᠶᠢᠨ ᠭᠡᠷ﹀ ᠲᠤ ᠬᠥᠷᠴᠤ ᠲᠣᠰᠣ ᠨᠡᠮᠡᠬᠦ ᠠᠷᠭ᠎ᠠ ᠣᠯᠳᠠᠬᠤ ᠡᠰᠡᠬᠦ ᠶᠢ ᠦᠵᠡᠬᠦ ᠪᠠᠷ ᠪᠤᠯᠪᠠ᠃ ᠲᠡᠨᠳᠡ ᠬᠦᠷᠦᠭᠰᠡᠨ ᠤ ᠳᠠᠷᠠᠭ᠎ᠠ᠂ ᠪᠢᠳᠡ ᠨᠢᠭᠡ ᠨᠠᠰᠤᠲᠠᠨ ᠢᠶᠠᠷ ᠳᠠᠮᠵᠢᠨ ᠭᠠᠩᠪᠤᠯᠤᠳ ᠢ ᠡᠷᠢᠵᠦ ᠣᠯᠪᠠ᠂ ᠲᠡᠷᠡ ᠪᠠᠷᠢᠨ ᠳᠤᠤᠷ᠎ᠠ ᠪᠠᠨ ᠪᠢᠳᠡᠨ ᠳᠤ ᠨᠢᠭᠡ ᠲᠣᠰᠣ ᠨᠡᠮᠡᠬᠦ ᠭᠠᠵᠠᠷ ᠤᠯᠵᠤ ᠥᠭᠭᠦᠨ᠂ ᠪᠢᠳᠡᠨ ᠢ ᠬᠠᠪᠰᠤᠷᠴᠤ ᠬᠦᠴᠢᠷᠳᠡᠯ ᠢ ᠰᠶᠢᠳᠪᠦᠷᠢᠯᠡᠪᠡ᠃ ᠲᠡᠷᠡ ᠦᠶᠡᠰ ᠨᠢᠭᠡᠨᠲᠡ ᠣᠷᠣᠢ ᠶᠢᠨ 11 ᠴᠠᠭ ᠪᠣᠯᠴᠢᠬᠠᠵᠠᠶ᠂ ᠪᠢᠳᠡ 100 ᠲᠥᠭᠦᠷᠢᠭ ᠭᠠᠷᠭᠠᠨ ᠥᠭᠴᠦ ᠭᠠᠩᠪᠤᠯᠤᠳ ᠳᠤ ᠲᠠᠯᠠᠷᠬᠠᠵᠤ ᠪᠠᠶᠢᠬᠤ ᠪᠠᠨ ᠢᠯᠡᠳᠭᠡᠬᠦ ᠳᠤ ᠲᠡᠷᠡ ᠶᠠᠭᠠᠬᠢᠭᠰᠠᠨ ᠴᠤ ᠵᠤᠭᠤᠰ ᠢ ᠬᠤᠷᠢᠶᠠᠬᠤ ᠦᠭᠡᠢ ᠪᠠᠶᠢᠵᠤ᠂ ︿ᠪᠢ ᠵᠣᠭᠤᠰ ᠤᠨ ᠲᠥᠯᠥᠭᠡ ᠲᠠ ᠨᠠᠷ ᠢ ᠬᠠᠪᠰᠤᠷᠤᠭᠰᠠᠨ ᠪᠢᠰᠢ﹀ ᠭᠡᠪᠡ︾ ᠭᠡᠵᠦ ᠬᠤᠸᠠᠩ ᠬᠤᠢ ᠹᠧᠩ ᠬᠡᠯᠡᠵᠤ ᠪᠠᠶᠢᠪᠠ᠃
ᠲᠤᠰᠠᠯᠠᠮᠵᠢ ᠭᠤᠶᠤᠬᠰᠠᠨ ᠤᠲᠠᠰᠤ ᠢᠷᠡᠪᠠᠯ ᠭᠠᠨᠭ᠍ᠪᠤᠯᠤᠤᠠ ᠡᠳᠦᠷ ᠰᠥᠨᠢ ᠢᠯᠭᠠᠯ ᠦᠭᠡᠢ᠂ ᠲᠩᠷᠢ ᠬᠡᠳᠦᠢ ᠮᠠᠭᠤᠬᠠᠢ ᠪᠠᠶᠢᠭᠰᠠᠨ ᠴᠤ ᠬᠠᠮᠢᠶᠠᠷᠤᠯ ᠦᠭᠡᠢ᠂ ᠠᠪᠤᠷᠠᠨ ᠲᠤᠰᠠᠯᠠᠬᠤ ᠪᠠᠷ ᠲᠠᠷᠦ᠋ᠢᠬᠠᠨ ᠮᠤᠷᠳᠠᠵᠤ᠂ ᠲᠡᠳᠡᠭᠡᠷ ᠲᠤᠰᠠᠯᠠᠮᠵᠢ ᠬᠦᠷᠳᠡᠬᠦ ᠴᠢᠬᠤᠯᠠᠲᠠᠢ ᠬᠦᠮᠦᠰ ᠲᠤ ᠬᠠᠪᠰᠤᠷᠳᠠᠭ᠃
ᠤᠯᠠᠨ ᠵᠢᠯ ᠤᠨ ᠲᠤᠷᠰᠢ᠂ 160 ᠭᠠᠷᠤᠢ ᠺᠢᠯᠣᠮᠧᠲᠷ ᠤᠷᠳᠤ ᠬᠢᠯᠢ ᠶᠢᠨ ᠬᠠᠮᠠᠭᠠᠯᠠᠯᠲᠠ ᠶᠢᠨ ᠵᠠᠰᠠᠮᠠᠯ ᠵᠠᠮ ᠤᠨ ᠬᠡᠪᠴᠢᠶᠡᠨ ᠳᠤ᠂ ᠭᠠᠨᠭ᠍ᠪᠤᠯᠤᠤᠠ 1.2 ᠲᠦᠮᠡ ᠭᠠᠷᠤᠢ ᠠᠪᠤᠷᠠᠨ ᠲᠤᠰᠠᠯᠠᠬᠤ ᠴᠢᠬᠤᠯᠠᠲᠠᠢ ᠮᠠᠰᠢᠨ ᠲᠡᠷᠭᠡ ᠳᠤ ᠬᠠᠪᠰᠤᠷᠤᠯᠭ᠎ᠠ ᠦᠵᠡᠭᠦᠯᠵᠦ᠂ ᠬᠢᠯᠢ ᠶᠢᠨ ᠱᠤᠭᠤᠮ ᠳᠡᠭᠡᠷ᠎ᠡ ᠬᠡᠪ ᠤᠨ ᠪᠤᠰᠤ ᠠᠭᠤᠷ ᠠᠮᠢᠰᠬᠤᠯ ᠳᠤ ᠬᠠᠰᠢᠭᠳᠠᠭᠰᠠᠨ 35 ᠵᠢᠯᠣᠭᠤᠴᠢ ᠶᠢᠨ ᠠᠶᠤᠯ ᠲᠦᠭᠰᠢᠭᠦᠷᠢ ᠶᠢ ᠠᠮᠤᠷ ᠲᠦᠪᠰᠢᠨ ᠪᠣᠯᠭᠠᠨ ᠬᠤᠪᠢᠷᠠᠭᠤᠯᠪᠠ᠃ ᠲᠡᠷᠡ ᠪᠠᠰᠠ ᠡᠷᠬᠢᠨ ᠲᠣᠭᠤᠷᠢᠨ ᠤ 5 ᠰᠤᠮᠤ ᠶᠢᠨ 27 ᠭᠠᠴᠡᠭᠠᠨ ᠤ 8400 ᠭᠠᠷᠤᠢ ᠲᠡᠭᠰᠢ ᠳᠥᠷᠪᠡᠯᠵᠢᠨ ᠺᠢᠯᠣᠮᠧᠲᠷ ᠤᠨ ᠳᠣᠲᠣᠷᠠᠬᠢ 430 ᠭᠠᠷᠤᠢ ᠮᠠᠯᠴᠢᠨ ᠢ ᠬᠠᠪᠰᠤᠷᠤᠨ ᠡᠯ᠎ᠡ ᠵᠦᠢᠯ ᠤᠨ ᠲᠡᠷᠭᠡ ᠬᠥᠰᠭᠡ ᠶᠢ ᠨᠢ ᠰᠡᠯᠪᠢᠨ ᠵᠠᠰᠠᠵᠤ᠂ ᠤᠯᠠᠨ ᠲᠦᠮᠡᠨ ᠤ ᠲᠤᠯᠭᠠᠮ ᠠᠰᠠᠭᠤᠳᠠᠯ ᠢ ᠨᠢ ᠰᠢᠢᠳᠪᠦᠷᠢᠯᠡᠵᠠᠢ᠃
ᠵᠠᠮ ᠳᠡᠭᠡᠷ᠎ᠡ ᠠᠪᠤᠷᠠᠨ ᠲᠤᠰᠠᠯᠠᠬᠤ ᠠᠴᠠ ᠭᠠᠳᠠᠨ᠎ᠠ᠂ ᠭᠠᠨᠭ᠍ᠪᠤᠯᠤᠤᠠ ᠪᠠᠰᠠ ᠲᠤᠬᠠᠶ ᠶᠢᠨ ᠭᠠᠵᠠᠷ ᠤᠨ ᠮᠠᠯᠴᠢᠳ ᠤᠨ ᠰᠡᠳᠭᠢᠯ ᠳᠠᠬᠢ ︽ᠰᠡᠳᠭᠢᠯ ᠢ ᠳᠤᠯᠠᠭᠠᠴᠡᠭᠤᠯᠤᠭᠴᠢ︾ ᠪᠣᠯᠵᠣ᠂ ᠶᠡᠭᠡ ᠠᠴᠠ ᠥᠨᠳᠥᠷ ᠬᠦᠴᠦᠳᠡᠯᠲᠦ ᠴᠠᠬᠢᠯᠭᠠᠨ ᠳᠤ ᠠᠰᠠᠭᠤᠳᠠᠯ ᠭᠠᠷᠬᠤ ᠂ ᠲᠠᠷᠢᠶᠠᠯᠠᠩ ᠳᠤ ᠬᠡᠷᠡᠭᠯᠡᠬᠦ ᠮᠠᠰᠢᠨ ᠳᠤ ᠬᠡᠮᠳᠤᠯ ᠭᠠᠷᠬᠤ ᠂ ᠪᠠᠭ᠎ᠠ ᠠᠴᠠ ᠪᠤᠳᠠᠭ᠎ᠠ ᠴᠢᠨᠠᠬᠤ ᠴᠠᠬᠢᠯᠭᠠᠨ ᠲᠣᠭᠤᠭ᠎ᠠ ᠡᠪᠳᠡᠷᠡᠬᠦ᠂ ᠡᠭᠦᠳᠡ ᠴᠣᠩᠬᠤ ᠪᠠᠨ ᠬᠠᠭᠠᠵᠤ ᠳᠡᠶᠢᠯᠬᠦ ᠥᠬᠡᠶ ᠪᠤᠯᠬᠤ ᠵᠡᠷᠭᠡ ᠤᠴᠢᠷ ᠶᠠᠪᠤᠳᠠᠯ ᠢ ᠰᠶᠢᠳᠪᠦᠷᠢᠯᠡᠬᠦ ᠳᠤ ᠲᠤᠰᠠᠯᠠᠵᠤ᠂ ᠮᠠᠯᠴᠢᠳ ᠬᠦᠴᠢᠷᠳᠡᠯ ᠲᠤᠯᠭᠠᠷᠠᠮᠠᠭᠴᠠ ᠶᠠᠭᠤᠨ ᠤ ᠡᠮᠦᠨ᠎ᠡ ᠲᠡᠭᠦᠨ ᠢ ᠪᠤᠳᠤᠵᠤ ᠣᠯᠳᠠᠭ᠃
ᠸᠧᠢ ᠵᠢᠩ ᠭᠠᠴᠡᠭᠠᠨ ᠤ ᠬᠢᠯᠢ ᠶᠢᠨ ᠬᠠᠮᠠᠭᠠᠯᠠᠭᠴᠢ ᠵᠠᠩ ᠭᠧᠨ ᠵᠦ᠄ ︽ᠪᠢ ᠪᠣᠯ ᠭᠠᠩᠪᠤᠯᠤᠳ ᠤᠨ ᠬᠠᠮᠲᠤ ᠠᠵᠢᠯᠯᠠᠭᠴᠢ᠂ ᠲᠡᠭᠦᠨ ᠤ ᠨᠠᠷᠢᠨ ᠬᠢᠨᠠᠮᠠᠭᠠᠢ ᠠᠵᠢᠯ ᠤᠨ ᠣᠪᠣᠷ ᠢ ᠪᠢ ᠲᠦᠢᠯ ᠢᠶᠠᠷ ᠮᠠᠭᠲᠠᠨ ᠰᠠᠶᠢᠰᠢᠶᠠᠵᠤ ᠪᠠᠶᠢᠨ᠎ᠠ᠂ ᠲᠡᠷᠡ ᠮᠠᠨ ᠤ ᠡᠷᠬᠢᠨ ᠲᠣᠭᠤᠷᠢᠨ ᠤ ᠮᠠᠯᠴᠢᠳ ᠢ ᠮᠠᠰᠢ ᠤᠯᠠᠨ ᠤᠳᠠᠭ᠎ᠠ ᠬᠠᠪᠰᠤᠷᠴᠠᠢ᠃ ᠨᠢᠳᠤᠨᠤᠨ ᠡᠪᠦᠯ ᠮᠠᠰᠢ ᠬᠦᠢᠲᠡᠨ ᠪᠠᠶᠢᠵᠤ᠂ ᠲᠡᠷᠡ ᠶᠡᠭᠡ ᠴᠠᠰᠤᠨ ᠳᠤ ᠬᠠᠰᠢᠭᠳᠠᠭᠰᠠᠨ ᠲᠡᠷᠭᠡ ᠶᠢ ᠠᠪᠤᠷᠠᠬᠤ ᠭᠡᠳ ᠬᠤᠶᠠᠷ ᠭᠠᠷ ᠨᠢ ᠬᠦᠯᠳᠡᠵᠤ ᠬᠠᠪᠤᠳᠤᠭᠰᠠᠨ ᠪᠠᠶᠢᠲᠠᠯ᠎ᠠ ᠶᠠᠮᠠᠷ ᠴᠦ ᠭᠤᠮᠣᠳᠠᠯ ᠤᠨ ᠦᠭᠡ ᠦᠭᠡᠢ ᠪᠠᠶᠢᠯ᠎ᠠ᠃ ᠲᠡᠭᠦᠨ ᠤ ᠠᠪᠤᠷᠠᠨ ᠲᠤᠰᠠᠯᠠᠯᠲᠠ ᠨᠢ ᠬᠠᠮᠤᠭ ᠤᠨ ᠬᠤᠯᠠ ᠳᠠᠭᠠᠨ 200 ᠺᠢᠯᠣᠮᠧᠲᠷ ᠬᠤᠯᠠ ᠪᠠᠶᠢᠭ᠎ᠠ ᠪᠤᠭᠤᠲᠤ ᠶᠢᠨ ᠮᠠᠨᠳᠤᠯ ᠳᠤ ᠬᠦᠷᠦᠭᠰᠡᠨ ᠪᠠᠶᠢᠳᠠᠭ︾ ᠭᠡᠵᠦ ᠬᠡᠯᠡᠪᠡ᠃
ᠭᠠᠩᠪᠤᠯᠤᠳ ᠦᠪᠡᠷ ᠪᠡᠶ᠎ᠡ ᠪᠠᠨ ᠤᠮᠠᠷᠳᠠᠵᠤ ᠤᠯᠠᠨ ᠨᠡᠶᠢᠳᠡ ᠶᠢᠨ ᠲᠥᠯᠥᠭᠡ ᠰᠢᠷᠭᠠᠭᠤ ᠬᠥᠳᠡᠯᠮᠦᠷᠢᠯᠡᠨ᠂ ᠭᠤᠶᠠᠴᠢ ᠦᠭᠡᠢ ᠵᠢᠳᠬᠦᠭᠰᠡᠨ ᠨᠢ ᠠᠷᠤ ᠭᠡᠷ ᠤᠨ ᠬᠢᠨᠢ ᠳᠡᠮᠵᠢᠯᠭᠡ ᠬᠠᠪᠰᠤᠷᠤᠯᠭ᠎ᠠ ᠠᠴᠠ ᠰᠠᠯᠵᠤ ᠴᠢᠳᠠᠬᠤ ᠦᠭᠡᠢ ᠶᠤᠮ᠃ ᠲᠡᠭᠦᠨ ᠤ ᠭᠡᠷᠭᠡᠢ ᠨᠢ ᠤᠷᠠᠨ᠎ᠠ᠄ ︽ᠬᠤᠶᠢᠰᠢᠳᠠ ᠪᠢ ᠲᠡᠭᠦᠨ ᠤ ᠰᠠᠶᠢᠨ ᠬᠥᠮᠥᠨ ᠤ ᠰᠠᠶᠢᠨ ᠦᠢᠯᠡ ᠶᠠᠪᠤᠳᠠᠯ ᠬᠢᠬᠦ ᠶᠢ ᠦᠷᠭᠦᠯᠵᠢᠯᠡᠨ ᠲᠡᠮᠵᠢᠨ᠎ᠠ︾ ᠭᠡᠪᠡ᠃ ᠭᠠᠩᠪᠤᠯᠤᠳ᠄ ︽ᠦᠨᠡᠨ ᠢ ᠬᠡᠯᠡᠬᠦ ᠳᠤ᠂ ᠮᠢᠨᠤ ᠥᠨᠥᠳᠥᠷ ᠤᠨ ᠠᠮᠵᠢᠯᠲᠠ ᠪᠦᠲᠦᠮᠵᠢ ᠭᠡᠷᠭᠡᠢ ᠶᠢᠨ ᠮᠢᠨᠢ ᠭᠠᠪᠢᠶ᠎ᠠ ᠵᠢᠳᠬᠦᠯ ᠠᠴᠠ ᠰᠠᠯᠵᠤ ᠴᠢᠳᠠᠬᠤ ᠦᠭᠡᠢ᠂ ᠵᠠᠷᠢᠮ ᠳᠠᠭᠠᠨ ᠠᠪᠤᠷᠠᠨ ᠲᠤᠰᠠᠯᠠᠬᠤ ᠪᠠᠷ ᠰᠥᠨᠢ ᠳᠦᠯᠢ ᠪᠠᠷ ᠨᠠᠭᠠᠰᠢ ᠴᠠᠭᠠᠰᠢ ᠶᠠᠪᠤᠬᠤ ᠳᠤ ᠨᠠᠮᠠᠢᠢ ᠵᠠᠮ ᠳᠠᠭᠠᠨ ᠤᠨᠲᠠᠬᠤ ᠠᠴᠠ ᠠᠶᠤᠭᠠᠳ ᠲᠡᠷᠡ ᠨᠠᠳᠠ ᠳᠤ ᠬᠠᠨᠢ ᠪᠤᠯᠵᠤ ᠵᠠᠮ ᠲᠤᠷᠰᠢ ᠰᠠᠨᠠᠭᠤᠯᠵᠤ ᠶᠠᠪᠤᠳᠠᠭ︕︾ ᠭᠡᠵᠤ ᠭᠠᠩᠪᠤᠯᠤᠳ ᠨᠦᠬᠦᠵᠦ ᠬᠡᠯᠡᠪᠡ᠃
ᠣᠯᠠᠨ ᠵᠢᠯ ᠤᠨ ᠲᠤᠷᠰᠢ ᠭᠠᠩᠪᠤᠯᠤᠳ ᠰᠢᠷᠭᠠᠭᠤ ᠬᠥᠳᠡᠯᠮᠦᠷᠢ ᠪᠠᠷ ᠢᠶᠠᠨ ᠮᠠᠰᠢ ᠣᠯᠠᠨ ᠢᠷᠠᠭᠤ ᠠᠯᠳᠠᠷ ᠭᠥᠷᠳᠡᠵᠠᠢ᠂ ᠡᠭᠦᠨ ᠳᠤ 2024 ᠣᠨ ᠤ ᠳᠥᠷᠪᠡᠳᠦᠭᠡᠷ ᠤᠯᠠᠷᠢᠯ ᠤᠨ ︽ᠳᠤᠮᠳᠠᠳᠤ ᠤᠯᠤᠰ ᠤᠨ ᠰᠠᠶᠢᠨ ᠬᠥᠮᠥᠨ ᠤ ᠨᠡᠷᠡᠰ · ᠪᠤᠰᠤᠳ ᠢ ᠬᠠᠪᠰᠤᠷᠬᠤ ᠪᠠᠷ ᠵᠢᠷᠭᠠᠯ ᠢᠶᠠᠨ ᠪᠣᠯᠭᠠᠭᠰᠠᠨ ᠰᠠᠶᠢᠨ ᠬᠦᠮᠦᠨ︾ ︽ᠠᠷᠪᠠᠳᠤᠭᠠᠷ ᠪᠦᠯᠦᠭ ᠤᠨ ᠪᠥᠬᠦ ᠤᠯᠤᠰ ᠤᠨ ᠠᠵᠢᠯ ᠤᠨ ᠪᠠᠶᠢᠷᠢ ᠳᠡᠭᠡᠷ᠎ᠡ ᠪᠠᠨ ᠯᠧᠢ ᠹᠧᠩ ᠠᠴᠠ ᠰᠤᠷᠤᠯᠴᠠᠭᠰᠠᠨ ᠪᠢᠶᠤᠤᠪᠢᠩ︾ ᠵᠡᠷᠭᠡ ᠱᠠᠩᠨᠠᠯ ᠬᠦᠬᠢᠬᠦᠯᠦᠯ ᠪᠠᠶᠢᠳᠠᠭ᠃ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ ᠪᠠᠷ ᠦᠨᠡᠯᠡᠭᠳᠡᠭᠰᠡᠨ ᠨᠢ ᠭᠠᠩᠪᠤᠯᠤᠳ ᠲᠤ ᠠᠪᠴᠤ ᠬᠡᠯᠡᠪᠡᠯ ᠪᠠᠰᠠ ᠨᠢᠭᠡᠨ ᠰᠢᠨ᠎ᠡ ᠡᠬᠢᠯᠡᠯᠲᠡ ᠪᠠᠶᠢᠯ᠎ᠠ᠃ ᠲᠡᠷᠡ᠄ ︽︿ᠤᠯᠤᠰ ᠤᠨ ᠬᠡᠦᠬᠡᠳ﹀ ᠤᠨ ᠦᠷ᠎ᠡ ᠬᠤᠶᠢᠴᠢ ᠪᠣᠯᠤᠭᠰᠠᠨ ᠤ ᠬᠤᠪᠢ ᠳᠤ᠂ ᠪᠢ ᠨᠡᠶᠢᠭᠡᠮ ᠳᠤ ᠠᠴᠢ ᠬᠠᠷᠢᠭᠤᠯᠵᠤ᠂ ᠤᠯᠤᠰ ᠤᠨ ᠠᠴᠢ ᠶᠢ ᠬᠠᠷᠢᠭᠤᠯᠬᠤ ᠬᠠᠷᠢᠭᠤᠴᠠᠯᠭ᠎ᠠ ᠲᠠᠢ᠂ ᠪᠢ ᠬᠥᠳᠡᠯᠮᠦᠷᠢ ᠶᠢᠨ ᠵᠢᠱᠢᠶᠡᠴᠢ ᠶᠢᠨ ᠳᠠᠭᠠᠭᠤᠯᠬᠤ ᠦᠢᠯᠡᠳᠦᠯ ᠢᠶᠠᠨ ᠦᠷᠭᠦᠯᠵᠢᠯᠡᠨ ᠰᠠᠶᠢᠲᠤᠷ ᠪᠠᠳᠠᠷᠠᠭᠤᠯᠵᠤ᠂ ᠨᠡᠩ ᠤᠯᠠᠨ ᠬᠡᠷᠡᠭᠴᠡᠭᠡ ᠱᠠᠭᠠᠷᠳᠠᠯᠭ᠎ᠠ ᠲᠠᠢ ᠬᠥᠮᠥᠰ ᠲᠤ ᠬᠠᠪᠰᠤᠷᠤᠨ᠎ᠠ︾ ᠭᠡᠵᠤ ᠪᠠᠶᠢᠯ᠎ᠠ᠃