|
ᠰᠢ ᠶᠢᠨ ᠫᠢᠩ ᠢᠷᠠᠨ ᠳᠤ ᠬᠦᠨᠳᠦ ᠨᠣᠴᠢᠲᠠᠢ ᠳᠡᠯᠪᠡᠷᠡᠯᠲᠡ ᠶᠢᠨ ᠬᠡᠷᠡᠭ ᠭᠠᠷᠤᠭᠰᠠᠨ ᠲᠤᠬᠠᠢ ᠢᠷᠠᠨ ᠤ ᠶᠡᠷᠦᠩᠬᠡᠶᠢᠯᠡᠭᠴᠢ ᠫᠧᠽᠧᠱᠺᠢᠶᠠᠨ ᠳᠤ ᠲᠣᠬᠤᠨᠢᠭᠤᠯᠬᠤ | ᠴᠠᠬᠢᠯᠭᠠᠨ ᠴᠢᠮᠡᠭᠡ ᠶᠠᠪᠤᠭᠤᠯᠵᠠᠢ |
|
|
ᠨᠡᠶᠢᠲᠡᠯᠡᠭᠰᠡᠨ ᠴᠠᠭ᠄
2025/4/30
|
|
ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 29 ᠤ ᠴᠠᠬᠢᠯᠭᠠᠨ ᠮᠡᠳᠡᠭᠡ 4 ᠰᠠᠷ᠎ᠠ ᠶᠢᠨ 29 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠢᠷᠠᠨ ᠳᠤ ᠬᠦᠨᠳᠦ ᠨᠣᠴᠢᠲᠠᠢ ᠳᠡᠯᠪᠡᠷᠡᠯᠲᠡ ᠶᠢᠨ ᠬᠡᠷᠡᠭ ᠭᠠᠷᠤᠭᠰᠠᠨ ᠲᠤᠬᠠᠢ ᠢᠷᠠᠨ ᠤ ᠶᠡᠷᠦᠩᠬᠡᠶᠢᠯᠡᠭᠴᠢ ᠫᠧᠽᠧᠱᠺᠢᠶᠠᠨ ᠳᠤ ᠲᠣᠬᠤᠨᠢᠭᠤᠯᠬᠤ ᠴᠠᠬᠢᠯᠭᠠᠨ ᠴᠢᠮᠡᠭᠡ ᠶᠠᠪᠤᠭᠤᠯᠪᠠ᠃ ᠰᠢ ᠶᠢᠨ ᠫᠢᠩ᠂ ᠡᠷᠬᠢᠮ ᠤᠯᠤᠰ ᠤᠨ ᠡᠮᠦᠨᠡᠲᠦ ᠬᠡᠰᠡᠭ ᠤᠨ ᠠᠪᠠᠰ ᠭᠠᠷᠠᠮ ᠤᠨ ᠬᠤᠲᠠ ᠶᠢᠨ ᠯᠠᠵᠢᠶᠠᠶ᠋ᠢ ᠭᠠᠷᠠᠮ ᠳᠤ ᠬᠦᠨᠳᠦ ᠨᠣᠴᠢᠲᠠᠢ ᠳᠡᠯᠪᠡᠷᠡᠯᠲᠡ ᠡᠭᠦᠰᠴᠦ᠂ ᠬᠥᠮᠥᠨ ᠬᠠᠷ᠎ᠠ ᠬᠦᠨᠳᠦ ᠨᠣᠴᠢᠲᠠᠢ ᠠᠳᠡᠵᠦ ᠰᠢᠷᠬᠠᠲᠤᠭᠰᠠᠨ ᠢ ᠡᠮᠭᠡᠨᠢᠨ ᠰᠣᠨᠣᠰᠤᠯ᠎ᠠ᠃ ᠪᠢ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠡ ᠠᠴᠠ ᠠᠳᠡᠭᠰᠡᠳ ᠢ ᠭᠦᠨ ᠡᠮᠭᠡᠨᠢᠨ ᠭᠠᠰᠢᠭᠤᠳᠠᠵᠤ ᠪᠠᠶᠢᠬᠤ ᠪᠠᠨ ᠢᠯᠡᠳᠬᠡᠵᠦ᠂ ᠰᠢᠷᠬᠠᠲᠤᠭᠰᠠᠳ ᠪᠣᠯᠣᠨ ᠠᠳᠡᠭᠰᠡᠳ ᠤᠨ ᠭᠡᠷ ᠪᠦᠯᠢ ᠶᠢᠨ ᠬᠢᠨ ᠢ ᠴᠢᠩ ᠰᠡᠳᠬᠢᠯ ᠠᠴᠠ ᠪᠠᠨ ᠲᠣᠬᠤᠨᠢᠭᠤᠯᠵᠤ ᠪᠠᠶᠢᠨ᠎ᠠ ᠭᠡᠵᠦ ᠢᠯᠡᠳᠬᠡᠪᠡ᠃ |
|
ᠢᠷᠡᠯᠲᠡ᠄
ᠥᠪᠥᠷ ᠮᠣᠩᠭᠤᠯ ᠤᠨ ᠡᠳᠦᠷ ᠤᠨ ᠰᠣᠨᠢᠨ
|