ᠯᠢ ᠴᠢᠶᠠᠩ ᠴᠣᠬᠤᠯᠠᠪᠤᠷᠢ ᠥᠭᠴᠡᠢ
ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 29 ᠤ ᠴᠠᠬᠢᠯᠭᠠᠨ ᠮᠡᠳᠡᠭᠡ 4 ᠰᠠᠷ᠎ᠠ ᠶᠢᠨ 29 ᠤ ᠡᠳᠦᠷ ᠤᠨ 12 ᠴᠠᠭ 25 ᠮᠢᠨᠦ᠋ᠲ ᠲᠤ ᠯᠢᠶᠣᠤᠨᠢᠩ ᠤᠨ ᠯᠢᠶᠣᠣᠶᠠᠩ ᠬᠤᠲᠠ ᠶᠢᠨ ᠪᠠᠶᠢᠲ᠋ᠠ ᠲᠣᠭᠤᠷᠢᠭ ᠤᠨ ᠰᠠᠨ ᠯᠢ ᠵᠤᠸᠠᠩ ᠳᠠᠬᠢ ᠪᠤᠴᠠᠭᠠᠵᠤ ᠨᠡᠭᠦᠯᠭᠡᠭᠰᠡᠨ ᠠᠰᠠᠷ ᠤᠨ ᠣᠶᠢᠷᠠᠯᠴᠠᠭᠠᠬᠢ ᠨᠢᠭᠡᠨ ᠬᠤᠭᠤᠯᠠᠨ ᠭᠡᠷ ᠲᠤ ᠭᠠᠯ ᠭᠠᠷᠴᠠᠢ᠃ 14 ᠴᠠᠭ ᠪᠣᠯᠲᠠᠯ᠎ᠠ᠂ 22 ᠬᠥᠮᠥᠨ ᠠᠳᠡᠵᠦ᠂ 3 ᠬᠥᠮᠥᠨ ᠰᠢᠷᠬᠠᠲᠤᠭᠠᠳ ᠪᠠᠶᠢᠨ᠎ᠠ᠃
ᠠᠳᠡᠯ ᠭᠠᠷᠤᠭᠰᠠᠨ ᠤ ᠳᠠᠷᠠᠭ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠡᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠲᠡᠭᠡᠲᠤ ᠬᠡᠮᠵᠢᠶ᠎ᠠ ᠪᠠᠷ ᠴᠢᠬᠤᠯᠠᠴᠢᠯᠠᠭᠰᠠᠨ ᠪᠦᠭᠡᠳ ᠴᠢᠬᠤᠯᠠ ᠵᠢᠭᠠᠪᠤᠷᠢ ᠦᠭᠴᠤ᠂ ᠯᠢᠶᠣᠣᠨᠢᠩ ᠮᠤᠵᠢ ᠶᠢᠨ ᠯᠢᠶᠣᠣᠶᠠᠩ ᠬᠤᠲᠠ ᠶᠢᠨ ᠪᠠᠶᠢᠲ᠋ᠠ ᠲᠣᠭᠤᠷᠢᠭ ᠤᠨ ᠨᠢᠭᠡᠨ ᠬᠤᠭᠤᠯᠠᠨ ᠭᠡᠷ ᠲᠤ ᠭᠠᠯ ᠤᠨ ᠭᠠᠮᠰᠢᠭ ᠭᠠᠷᠴᠤ ᠬᠦᠮᠤᠨ ᠬᠠᠷ᠎ᠠ ᠶᠡᠭᠡ ᠪᠠᠷ ᠠᠳᠡᠵᠦ ᠰᠢᠷᠬᠠᠲᠤᠵᠤ᠂ ᠮᠠᠰᠢ ᠬᠦᠨᠵᠡᠭᠡᠢ ᠰᠤᠷᠭᠠᠮᠵᠢ ᠪᠣᠯᠤᠯ᠎ᠠ︕ ᠰᠢᠷᠬᠠᠲᠤᠭᠰᠠᠳ ᠢ ᠪᠦᠬᠦ ᠬᠦᠴᠤ ᠪᠠᠷ ᠢᠶᠠᠨ ᠠᠪᠤᠷᠠᠨ ᠡᠮᠨᠠᠵᠤ᠂ ᠠᠳᠡᠭᠰᠡᠳ ᠤᠨ ᠬᠤᠶᠢᠳᠦᠬᠢ ᠶᠠᠪᠤᠳᠠᠯ ᠵᠢᠴᠢ ᠭᠡᠷ ᠪᠦᠯᠢ ᠶᠢᠨ ᠬᠢᠨ ᠢ ᠲᠣᠬᠤᠨᠢᠭᠤᠯᠬᠤ ᠵᠡᠷᠭᠡ ᠠᠵᠢᠯ ᠢ ᠲᠣᠬᠢᠲᠠᠢ ᠰᠠᠶᠢᠲᠤᠷ ᠬᠢᠵᠦ᠂ ᠰᠢᠯᠳᠠᠭᠠᠨ ᠢ ᠨᠢ ᠳᠠᠷᠤᠢ ᠲᠦᠷᠭᠡᠨ ᠪᠠᠶᠢᠴᠠᠭᠠᠨ ᠲᠤᠳᠤᠯᠠᠵᠤ᠂ ᠬᠠᠤᠯᠢ ᠶᠣᠰᠣᠭᠠᠷ ᠴᠢᠩᠭ᠎ᠠ ᠬᠠᠷᠢᠭᠤᠴᠠᠯᠭ᠎ᠠ ᠨᠡᠭᠡᠮᠵᠢᠯᠡᠭᠦ ᠬᠡᠷᠡᠭᠳᠡᠢ ᠭᠡᠵᠤ ᠵᠢᠭᠠᠵᠤ ᠭᠠᠷᠭᠠᠪᠠ᠃
ᠰᠢ ᠶᠢᠨ ᠫᠢᠩ᠂ ︽5 · 1︾ ᠤ ᠠᠮᠠᠷᠡᠯᠲᠠ ᠤᠳᠠᠯ ᠦᠭᠡᠢ ᠬᠦᠷᠴᠤ ᠢᠳᠡᠬᠦ ᠪᠣᠯᠤᠯ᠎ᠠ᠂ ᠤᠯᠠᠨ ᠲᠦᠮᠡᠨ ᠭᠠᠳᠠᠭᠰᠢ ᠭᠠᠷᠴᠤ ᠵᠢᠭᠤᠯᠴᠢᠯᠠᠬᠤ ᠣᠯᠠᠰᠢᠷᠠᠵᠤ᠂ ᠠᠮᠠᠷᠠᠯᠲᠠ ᠶᠢᠨ ᠡᠳᠤᠷ ᠤᠨ ᠠᠵᠢᠯᠯᠠᠭ᠎ᠠ ᠲᠦᠪᠯᠠᠷᠡᠬᠦ ᠪᠣᠯᠣᠨ᠎ᠠ᠂ ᠡᠯ᠎ᠡ ᠭᠠᠵᠠᠷ ᠣᠷᠣᠨ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠮᠤᠷ ᠲᠥᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠢ ᠲᠡᠭᠦᠯᠳᠡᠷᠵᠢᠭᠦᠯᠵᠦ᠂ ᠠᠶᠤᠯ ᠲᠦᠭᠰᠢᠭᠦᠷᠢ ᠶᠢᠨ ᠭᠡᠮ ᠰᠤᠭᠤᠭ ᠢ ᠵᠢᠭᠰᠠᠭᠠᠨ ᠪᠠᠶᠢᠴᠠᠭᠠᠵᠤ᠂ ᠬᠦᠨᠲᠤ ᠶᠡᠭᠡ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠵᠤ᠂ ᠠᠷᠠᠳ ᠣᠯᠠᠨ ᠤ ᠠᠮᠢ ᠨᠠᠰᠤ ᠡᠳ᠋ ᠬᠦᠷᠦᠩᠬᠡ ᠶᠢᠨ ᠠᠮᠤᠷ ᠲᠥᠪᠰᠢᠨ ᠪᠣᠯᠤᠨ ᠨᠡᠶᠢᠭᠡᠮ ᠤᠨ ᠶᠡᠭᠡ ᠲᠠᠯ᠎ᠡ ᠶᠢᠨ ᠲᠣᠭᠲᠠᠭᠤᠨ ᠢ ᠦᠨᠡᠨ ᠬᠦ ᠪᠠᠲᠤᠯᠠᠬᠤ ᠬᠡᠷᠡᠭᠳᠡᠢ ᠭᠡᠵᠦ ᠴᠢᠬᠤᠯᠠᠴᠢᠯᠠᠪᠠ᠃
ᠲᠤᠮᠳᠠᠲᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠤ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠤ ᠶᠢᠨ ᠶᠠᠪᠤᠳᠠᠯ ᠤᠨ ᠬᠤᠷᠢᠶ᠎ᠠ ᠶᠢᠨ ᠶᠠᠷᠤᠩᠬᠡᠢ ᠰᠠᠶᠢᠳ ᠯᠢ ᠴᠢᠶᠠᠩ ᠴᠤᠬᠤᠯᠠᠪᠤᠷᠢ ᠥᠭᠴᠤ᠂ ᠬᠦᠮᠤᠰ ᠢ ᠪᠦᠬᠦ ᠬᠦᠴᠤ ᠪᠠᠷ ᠢᠶᠠᠨ ᠡᠷᠢᠵᠤ ᠠᠪᠤᠷᠠᠬᠤ ᠪᠠ ᠰᠢᠷᠬᠠᠲᠤᠭᠰᠠᠳ ᠢ ᠠᠪᠤᠷᠠᠨ ᠡᠮᠨᠡᠬᠦ ᠠᠵᠢᠯ ᠢ ᠵᠣᠬᠢᠶᠠᠨ ᠪᠠᠶᠢᠭᠤᠯᠵᠤ᠂ ᠠᠳᠡᠭᠰᠡᠳ ᠤᠨ ᠬᠤᠶᠢᠲᠦᠬᠢ ᠶᠠᠪᠤᠳᠠᠯ ᠵᠠᠷᠭᠡ ᠠᠵᠢᠯ ᠢ ᠲᠣᠬᠢᠲᠠᠢ ᠰᠠᠶᠢᠲᠤᠷ ᠬᠢᠬᠦ ᠶᠢᠨ ᠬᠠᠮᠲᠤ ᠠᠳᠡᠯ ᠤᠨ ᠰᠢᠯᠳᠠᠭᠠᠨ ᠢ ᠱᠠᠯᠠᠪᠳᠠᠨ ᠪᠠᠶᠢᠴᠠᠭᠠᠨ ᠲᠤᠳᠤᠯᠠᠵᠤ᠂ ᠬᠠᠤᠯᠢ ᠲᠣᠭᠲᠠᠭᠠᠯ ᠶᠣᠰᠣᠭᠠᠷ ᠴᠢᠩᠭ᠎ᠠ ᠬᠠᠷᠢᠭᠤᠴᠠᠯᠭ᠎ᠠ ᠨᠡᠭᠡᠮᠵᠢᠯᠠᠬᠦ ᠬᠡᠷᠡᠭᠳᠠᠢ᠃ ᠤᠳᠤᠬᠠᠨ ᠳᠤ ︽5 · 1︾ ᠤ ᠠᠮᠠᠷᠠᠯᠲᠠ ᠣᠶᠢᠷᠠᠳᠴᠤ ᠪᠠᠶᠢᠨ᠎ᠠ᠂ ᠲᠦᠷᠤ ᠶᠢᠨ ᠶᠠᠪᠤᠳᠠᠯ ᠤᠨ ᠬᠤᠷᠢᠶ᠎ᠠ ᠶᠢᠨ ᠠᠶᠤᠯᠭᠦᠢ ᠦᠢᠯᠡᠳᠪᠤᠷᠢᠯᠡᠯ ᠤᠨ ᠵᠥᠪᠯᠡᠯ ᠠᠴᠠ ᠡᠯ᠎ᠡ ᠭᠠᠵᠠᠷ ᠡᠯ᠎ᠡ ᠬᠤᠯᠪᠣᠭᠳᠠᠯ ᠪᠦᠭᠦᠢ ᠲᠠᠯ᠎ᠡ ᠶᠢᠨ ᠬᠢᠨ ᠤ ᠠᠮᠤᠷ ᠲᠥᠪᠰᠢᠨ ᠤ ᠬᠡᠮ ᠰᠤᠭᠤᠭ ᠢ ᠬᠦᠨᠵᠡᠭᠡᠢ ᠵᠢᠭᠰᠠᠭᠠᠨ ᠪᠠᠶᠢᠴᠠᠭᠠᠬᠤ ᠶᠢ ᠵᠢᠯᠤᠭᠤᠳᠤᠨ ᠱᠠᠯᠠᠪᠳᠠᠭᠤᠯᠵᠤ᠂ ᠠᠶᠤᠯᠭᠦᠢ ᠦᠢᠯᠡᠳᠪᠦᠷᠢᠯᠡᠯ ᠤᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠡᠯ᠎ᠡ ᠲᠦᠷᠤᠯ ᠤᠨ ᠬᠦᠨᠲᠤ ᠣᠨᠴᠠ ᠶᠡᠭᠡ ᠠᠳᠠᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠳᠡᠢ ᠭᠡᠵᠦ ᠵᠢᠭᠠᠵᠤ ᠭᠠᠷᠭᠠᠪᠠ᠃
ᠰᠢ ᠶᠢᠨ ᠫᠢᠩ ᠤᠨ ᠴᠢᠬᠤᠯᠠ ᠵᠢᠭᠠᠪᠤᠷᠢ ᠪᠣᠯᠣᠨ ᠯᠢ ᠴᠢᠶᠠᠩ ᠤᠨ ᠱᠠᠭᠠᠷᠳᠠᠯᠭ᠎ᠠ ᠶᠢ ᠦᠨᠳᠦᠰᠤᠯᠠᠨ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠨᠢᠭᠡᠨᠳᠠ ᠠᠵᠢᠯᠯᠠᠬᠤ ᠲᠤᠭᠤᠶᠢᠯᠠᠩ ᠲᠣᠮᠢᠯᠠᠨ ᠲᠤᠬᠠᠢ ᠶᠢᠨ ᠲᠠᠯᠠᠪᠠᠢ ᠳᠤ ᠣᠴᠢᠭᠤᠯᠵᠤ ᠪᠠᠴᠢᠮ ᠪᠠᠶᠢᠳᠠᠯ ᠢ ᠠᠷᠭᠠᠴᠠᠭᠠᠬᠤ ᠠᠵᠢᠯ ᠢ ᠰᠠᠶᠢᠳᠤᠷ ᠬᠢᠬᠦ ᠶᠢ ᠵᠢᠭᠠᠨ ᠵᠢᠯᠤᠭᠤᠳᠪᠠ᠃ ᠯᠢᠶᠣᠤᠨᠢᠩ ᠮᠤᠵᠢ᠂ ᠯᠢᠶᠣᠣᠶᠠᠩ ᠬᠤᠲᠠ ᠨᠢᠭᠡᠨᠲᠡ ᠬᠦᠴᠤᠨ ᠢᠶᠠᠨ ᠵᠣᠬᠢᠶᠠᠨ ᠪᠠᠶᠢᠭᠤᠯᠵᠤ ᠠᠪᠤᠷᠠᠨ ᠲᠣᠰᠡᠯᠠᠵᠤ ᠰᠢᠢᠳᠪᠦᠷᠢᠯᠡᠬᠦ ᠠᠵᠢᠯ ᠥᠷᠨᠢᠭᠦᠯᠪᠡ᠃ ᠣᠳᠣᠬᠠᠨ ᠳᠤ ᠲᠤᠬᠠᠢ ᠶᠢᠨ ᠲᠠᠯᠠᠪᠠᠢ ᠳᠤ ᠠᠪᠤᠷᠠᠨ ᠲᠣᠰᠠᠯᠠᠬᠤ᠂ ᠬᠤᠶᠢᠳᠦᠬᠢ ᠶᠠᠪᠤᠳᠠᠯ ᠢ ᠰᠢᠢᠳᠪᠦᠷᠢᠯᠡᠬᠦ ᠵᠡᠷᠭᠡ ᠠᠵᠢᠯ ᠶᠠᠭ ᠶᠠᠪᠤᠭᠲᠠᠵᠤ ᠪᠠᠶᠢᠨ᠎ᠠ᠃