|
ᠬᠥᠬᠡᠬᠤᠲᠠ ᠶᠢᠨ ᠭᠡᠷ ᠤᠨ ᠠᠬᠠᠮᠠᠳ ᠤᠳ ᠲᠣᠭᠲᠠᠭᠰᠠᠨ ᠴᠠᠭ ᠲᠤ ᠪᠠᠨ ᠮᠡᠳᠡᠭᠦᠯᠦᠭᠡᠷᠡᠢ︕ |
|
|
ᠨᠡᠶᠢᠲᠡᠯᠡᠭᠰᠡᠨ ᠴᠠᠭ᠄
2025/4/30
|
|
ᠬᠥᠬᠡᠬᠤᠲᠠ ᠶᠢᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶᠡᠨ ᠤ ᠮᠡᠳᠡᠭᠡ ᠶᠢ ᠦᠨᠳᠦᠰᠦᠯᠡᠪᠡᠯ ᠂ ᠬᠥᠬᠡᠬᠤᠲᠠ ᠶᠢᠨ ᠳᠥᠷᠪᠡᠨ ᠲᠣᠭᠤᠷᠢᠭ ᠤᠨ ᠬᠢᠨ 2025 ᠣᠨ ᠤ ᠴᠡᠴᠡᠷᠯᠢᠭ ᠠᠴᠠ ᠪᠠᠭ᠎ᠠ ᠰᠤᠷᠭᠠᠭᠤᠯᠢ ᠳᠤ ᠳᠡᠪᠰᠢᠬᠦ ᠂ ᠪᠠᠭ᠎ᠠ ᠰᠤᠷᠭᠠᠭᠤᠯᠢ ᠠᠴᠠ ᠠᠩᠬ᠎ᠠ ᠳᠤᠮᠳᠠᠳᠤ ᠳᠤ ᠳᠡᠪᠰᠢᠬᠦ ᠮᠡᠳᠡᠭᠡ ᠵᠠᠩᠭᠢ ᠶᠢ ᠴᠤᠭᠯᠠᠭᠤᠯᠬᠤ ᠠᠵᠢᠯ ᠢᠶᠠᠨ 5 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠭᠦᠯᠬᠦ ᠪᠣᠯᠣᠨ᠎ᠠ᠂ ︽ᠬᠥᠬᠡᠬᠤᠲᠠ ᠶᠢᠨ ᠴᠡᠴᠡᠷᠯᠢᠭ ᠠᠴᠠ ᠪᠠᠭ᠎ᠠ ᠰᠤᠷᠭᠠᠭᠤᠯᠢ ᠳᠤ ᠳᠡᠪᠰᠢᠬᠦ ᠮᠡᠳᠡᠭᠡ ᠵᠠᠩᠭᠢ ᠶᠢ ᠴᠤᠭᠯᠠᠭᠤᠯᠬᠤ︾ ᠰᠢᠰᠲ᠋ᠧᠮ ᠳᠤ ᠲᠣᠭᠲᠠᠭᠰᠠᠨ ᠴᠠᠭ ᠤᠨ ᠳᠣᠲᠣᠷ᠎ᠠ ᠣᠷᠣᠵᠤ ᠮᠡᠳᠡᠭᠡ ᠵᠠᠩᠭᠢ ᠪᠠᠨ ᠡᠰᠡ ᠥᠭᠭᠦᠭᠰᠡᠨ ᠰᠣᠷᠣᠭᠴᠢ ᠶᠢ ᠲᠣᠰ ᠭᠠᠵᠠᠷ ᠣᠷᠣᠨ ᠤ ᠪᠠᠭ᠎ᠠ ᠰᠤᠷᠭᠠᠭᠤᠯᠢ ᠳᠤ ᠣᠷᠣᠬᠤ ᠬᠡᠷᠡᠭᠴᠡᠭᠡ ᠱᠠᠭᠠᠷᠳᠠᠯᠭ᠎ᠠ ᠦᠭᠡᠢ ᠪᠠᠷ ᠲᠣᠭᠠᠴᠠᠨ᠎ᠠ ᠃
|
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|