ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ
ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ
ᠥᠪᠥᠷ ᠵᠠᠰᠠᠭ ᠠᠯᠪᠠᠨ ᠲᠠᠷᠬᠠᠭᠠᠭᠰᠠᠨ ﹇2025﹈ 10 ᠳ᠋ᠤᠭᠠᠷ ᠲᠣᠭᠠᠲᠤ
ᠥᠪᠡᠷᠲᠡᠭᠡᠨ ᠵᠠᠰᠠᠬᠤ ᠣᠷᠣᠨ ᠤ ᠠᠶᠢᠽ ᠡᠪᠡᠳᠴᠢᠨ ᠢ ᠬᠤᠷᠢᠨᠨᠯᠠᠨ ᠵᠤᠨᠨᠰᠤᠭᠠᠬᠤ ᠬᠢᠬᠡᠳ ᠰᠡᠷᠭᠡᠶᠢᠯᠡᠨ ᠵᠠᠰᠠᠬᠤ
ᠲᠥᠯᠥᠪᠵᠢᠭᠦᠯᠭᠡ ︵2025 — 2030 ᠣᠨ︶ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ
ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄
︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠢᠽ ᠡᠪᠡᠳᠴᠢᠨ ᠢ ᠬᠤᠷᠢᠨᠨᠯᠠᠨ ᠵᠤᠨᠨᠰᠤᠭᠠᠬᠤ ᠬᠢᠬᠡᠳ ᠰᠡᠷᠭᠡᠶᠢᠯᠡᠨ ᠵᠠᠰᠠᠬᠤ ᠲᠥᠯᠥᠪᠵᠢᠭᠦᠯᠭᠡ ︵2025 — 2030 ᠣᠨ︶︾ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃
2025 ᠣᠨ ᠤ 2 ᠳ᠋ᠤᠭᠠᠷ ᠰᠠᠷ᠎ᠠ ᠶᠢᠨ 20 ᠤ ᠡᠳᠦᠷ
︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠢᠽ ᠡᠪᠡᠳᠴᠢᠨ ᠢ ᠬᠤᠷᠢᠨᠨᠯᠠᠨ ᠵᠤᠨᠨᠰᠤᠭᠠᠬᠤ
ᠬᠢᠬᠡᠳ ᠰᠡᠷᠭᠡᠶᠢᠯᠡᠨ ᠵᠠᠰᠠᠬᠤ ᠲᠥᠯᠥᠪᠵᠢᠭᠦᠯᠭᠡ ︵2025 — 2030 ᠣᠨ︶
ᠠᠶᠢᠽ ᠡᠪᠡᠳᠴᠢᠨ ᠪᠣᠯ ᠠᠷᠠᠳ ᠤᠯᠠᠨ ᠤ ᠪᠡᠶ᠎ᠡ ᠮᠠᠬᠠᠪᠤᠳ ᠤᠨ ᠡᠷᠡᠭᠦᠯ ᠴᠢᠬᠢᠷᠠᠭ ᠲᠤ ᠬᠦᠨᠳᠦ ᠨᠣᠴᠢᠲᠠᠶ ᠬᠤᠣᠷ ᠬᠥᠨᠥᠭᠡᠯ ᠤᠴᠠᠷᠠᠭᠤᠯᠬᠤ ᠬᠦᠨᠳᠦ ᠶᠡᠭᠡ ᠬᠠᠯᠳᠠᠪᠤᠷᠢᠲᠤ ᠡᠪᠡᠳᠴᠢᠨ ᠮᠥᠨ᠃ ︽︿ᠳᠤᠮᠳᠠᠳᠤ ᠤᠯᠤᠰ ᠤᠨ ᠠᠶᠢᠽ ᠡᠪᠡᠳᠴᠢᠨ ᠢ ᠬᠤᠷᠢᠨᠨᠯᠠᠨ ᠵᠤᠨᠨᠰᠤᠭᠠᠬᠤ ᠪᠠ ᠰᠡᠷᠭᠡᠶᠢᠯᠡᠨ ᠵᠠᠰᠠᠬᠤ ᠲᠥᠯᠥᠪᠵᠢᠭᠦᠯᠭᠡ ︵2024 — 2030 ᠣᠨ︶﹀ ᠶᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2024﹈ 51 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠤᠯ ᠰᠢᠵᠢᠮ ᠪᠣᠯᠭᠠᠬᠤ ᠶᠢ ᠪᠠᠷᠢᠮᠲᠠᠯᠠᠨ᠂ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠤᠯᠠᠮ ᠨᠢᠭᠡ ᠠᠯᠬᠤᠮ ᠠᠬᠢᠭᠤᠯᠵᠤ᠂ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠴᠢᠬᠢᠷᠠᠭ ᠢ ᠬᠠᠮᠠᠭᠠᠯᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠵᠤ᠂ ᠲᠣᠰ ᠲᠥᠯᠥᠪᠵᠢᠭᠦᠯᠭᠡ ᠶᠢ ᠲᠣᠭᠲᠠᠭᠠᠪᠠ᠃
ᠨᠢᠭᠡ᠂ ᠰᠡᠷᠭᠡᠶᠢᠯᠡᠨ ᠵᠠᠰᠠᠬᠤ ᠬᠠᠷᠠᠯᠲᠠ
ᠴᠢᠰᠤ ᠶᠡᠭᠦᠯᠡᠵᠦ ᠬᠠᠯᠳᠠᠪᠤᠷᠢᠯᠠᠬᠤ ᠶᠢ ᠵᠣᠭᠰᠤᠭᠠᠭᠰᠠᠨ ᠪᠠ ᠬᠤᠤᠷᠲᠤ ᠡᠳ᠋ ᠲᠠᠷᠢᠵᠦ ᠬᠠᠯᠳᠠᠪᠤᠷᠢᠯᠠᠬᠤ ᠶᠢ ᠬᠤᠷᠢᠭᠯᠠᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠵᠦ᠂ ᠡᠬᠡ ᠨᠢᠯᠬ᠎ᠠ ᠶᠢᠨ ᠬᠠᠯᠳᠠᠪᠤᠷᠢᠯᠠᠭ᠎ᠠ ᠶᠢ ᠠᠷᠢᠯᠭᠠᠨ᠂ ᠪᠡᠯᠭᠡ ᠶᠢᠨ ᠬᠠᠯᠳᠠᠪᠤᠷᠢᠯᠠᠭ᠎ᠠ ᠶᠢᠨ ᠨᠡᠮᠡᠭᠳᠡᠬᠦ ᠬᠠᠨᠳᠤᠰᠢ ᠶᠢ ᠤᠯᠠᠮ ᠨᠢᠭᠡ ᠠᠯᠬᠤᠮ ᠬᠤᠷᠢᠨᠨᠯᠠᠨ ᠵᠤᠨᠨᠰᠤᠭᠠᠵᠦ᠂ ᠠᠶᠢᠽ ᠡᠪᠡᠳᠴᠢᠨ ᠤ ᠰᠢᠨ᠎ᠡ ᠪᠠᠷ ᠡᠭᠦᠰᠴᠤ ᠲᠡᠯᠬᠡᠷᠡᠬᠦ ᠬᠠᠯᠳᠠᠪᠤᠷᠢᠯᠠᠭ᠎ᠠ ᠶᠢ ᠲᠣᠷᠣᠨᠨᠰᠢᠯᠠᠭᠤᠯᠤᠨ᠂ ᠬᠠᠮᠢᠶᠠᠳᠠᠬᠤ ᠦᠬᠦᠵᠦ ᠠᠳᠡᠬᠦ ᠪᠠᠶᠢᠳᠠᠯ ᠢ ᠪᠠᠭᠠᠰᠬᠠᠵᠤ᠂ ᠪᠦᠬᠦᠶᠢᠯᠡ ᠬᠢᠵᠢᠭ ᠤᠨ ᠪᠠᠶᠢᠳᠠᠯ ᠢ ᠦᠷᠭᠦᠯᠵᠢᠯᠡᠨ ᠳᠣᠣᠷ᠎ᠠ ᠵᠠᠬ᠎ᠠ ᠶᠢᠨ ᠦᠷᠪᠢᠰᠦᠨ ᠳᠡᠯᠭᠡᠷᠡᠬᠦ ᠬᠡᠮᠵᠢᠶᠡᠨ ᠳᠤ ᠬᠢᠵᠠᠭᠠᠷᠯᠠᠨ᠎ᠠ᠃ ᠪᠣᠳᠠᠲᠠᠶ ᠠᠵᠢᠯ ᠤᠨ ᠭᠦᠢᠴᠡᠳᠬᠡᠯ ᠲᠤᠭ᠎ᠠ ᠨᠢ ᠳᠣᠤᠷᠠᠬᠢ ᠮᠡᠲᠦ᠄
︵ᠨᠢᠭᠡ︶ ᠨᠡᠶᠢᠭᠡᠮ ᠳᠠᠶᠠᠭᠠᠷ ᠤᠨ ᠰᠡᠷᠭᠡᠶᠢᠯᠡᠨ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠦᠨ᠎ᠡ᠃ 2025 ᠣᠨ ᠳᠤ᠂ ᠰᠠᠭᠤᠭᠠᠯᠢ ᠠᠷᠠᠳ ᠤᠨ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠮᠡᠳᠡᠯᠭᠡ ᠶᠢᠨ ᠤᠶᠢᠯᠠᠭᠠᠨ ᠮᠡᠳᠡᠬᠦ ᠨᠤᠷᠮ᠎ᠠ ᠶᠢ 90% ᠠᠴᠠ ᠳᠡᠭᠡᠭᠰᠢ ᠳᠤ ᠬᠦᠷᠦᠭᠦᠯᠵᠦ᠂ ᠭᠤᠣᠯᠳᠠᠯᠭ᠎ᠠ ᠲᠠᠢ ᠬᠥᠮᠦᠰ ᠵᠢᠴᠢ ᠠᠶᠢᠽ ᠡᠪᠡᠳᠴᠢᠨ ᠳᠤ ᠠᠮᠠᠷᠬᠠᠨ ᠬᠠᠯᠳᠠᠪᠤᠷᠢᠯᠠᠭᠳᠠᠬᠤ ᠠᠶᠤᠯᠲᠠᠢ ᠦᠢᠯᠡ ᠠᠵᠢᠯᠯᠠᠭ᠎ᠠ ᠲᠠᠢ ᠬᠥᠮᠦᠰ ᠤᠨ ᠰᠡᠷᠭᠡᠶᠢᠯᠡᠨ ᠵᠠᠰᠠᠬᠤ ᠮᠡᠳᠡᠯᠭᠡ ᠶᠢᠨ ᠤᠶᠢᠯᠠᠭᠠᠨ ᠮᠡᠳᠡᠬᠦ ᠨᠤᠷᠮ᠎ᠠ ᠶᠢ 95% ᠠᠴᠠ ᠳᠡᠭᠡᠭᠰᠢ ᠳᠤ ᠭᠦᠷᠦᠬᠦᠯᠦᠨ᠂ ᠬᠠᠯᠳᠠᠪᠤᠷᠢᠯᠠᠭᠰᠠᠳ ᠤᠨ ᠡᠷᠬᠡ ᠡᠭᠦᠷᠭᠡ ᠶᠢᠨ ᠤᠶᠢᠯᠠᠭᠠᠨ ᠮᠡᠳᠡᠬᠦ ᠨᠤᠷᠮ᠎ᠠ ᠶᠢ 95% ᠠᠴᠠ ᠳᠡᠭᠡᠭᠰᠢ ᠳᠤ ᠬᠦᠷᠦᠭᠦᠯᠵᠦ᠂ 2030 ᠣᠨ ᠪᠤᠯᠲᠠᠯ᠎ᠠ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠦᠨ᠎ᠡ᠃
︵ᠬᠤᠶᠠᠷ︶ ᠠᠶᠤᠯᠲᠠᠶ ᠦᠢᠯᠡ ᠠᠵᠢᠯᠯᠠᠭ᠎ᠠ ᠶᠢ ᠬᠤᠪᠢᠷᠠᠭᠤᠯᠬᠤ ᠶᠢ ᠠᠬᠢᠭᠤᠯᠤᠨ᠎ᠠ᠃ 2025 ᠣᠨ ᠪᠠ 2030 ᠣᠨ ᠳᠤ᠂ ᠡᠷ᠎ᠡ ᠭᠦᠢᠰᠦᠳᠡᠨ ᠤ ᠬᠤᠭᠤᠷᠤᠨᠳᠤᠬᠢ ᠬᠤᠷᠢᠴᠠᠯ ᠤᠨ ᠠᠵᠢᠯᠯᠠᠭ᠎ᠠ ᠲᠠᠢ ᠭᠦᠮᠦᠰ ᠤᠨ ᠠᠶᠢᠽ ᠡᠪᠡᠳᠴᠢᠨ ᠲᠠᠢ ᠬᠠᠮᠢᠶᠠᠳᠠᠬᠤ ᠠᠶᠤᠯᠲᠠᠶ ᠦᠢᠯᠡ ᠠᠵᠢᠯᠯᠠᠭ᠎ᠠ ᠶᠢ ᠴᠥᠮ ᠡᠮᠦᠨᠡᠬᠢ 5 ᠵᠢᠯ ᠤᠨ ᠬᠢ ᠠᠴᠠ 10% ᠠᠴᠠ ᠳᠡᠭᠡᠭᠰᠢ ᠪᠠᠭᠠᠰᠬᠠᠨ᠎ᠠ︔ 2025 ᠣᠨ ᠳᠤ᠂ ᠠᠶᠢᠽ ᠡᠪᠡᠳᠴᠢᠨ ᠳᠤ ᠠᠮᠠᠷᠬᠠᠨ ᠬᠠᠯᠳᠠᠪᠤᠷᠢᠯᠠᠭᠳᠠᠬᠤ ᠠᠶᠤᠯᠲᠠᠶ ᠦᠢᠯᠡ ᠠᠵᠢᠯᠯᠠᠭ᠎ᠠ ᠲᠠᠢ ᠬᠥᠮᠦᠰ ᠲᠤ ᠠᠪᠤᠨᠨᠰᠠᠨ ᠶᠡᠷᠦᠩᠬᠡᠶᠢᠯᠡᠨ ᠬᠠᠮᠢᠶᠠᠷᠴᠤ ᠵᠠᠬᠢᠷᠬᠤ ᠠᠷᠭ᠎ᠠ ᠬᠡᠮᠵᠢᠶ᠎ᠡ ᠶᠢᠨ ᠬᠠᠮᠤᠷᠬᠤ ᠬᠠᠷᠢᠴᠠᠯ ᠢ 95% ᠠᠴᠠ ᠳᠡᠭᠡᠭᠰᠢ ᠳᠤ ᠬᠦᠷᠦᠭᠦᠯᠵᠦ᠂ ᠬᠤᠤᠷ ᠡᠳ᠋ᠯᠡᠬᠦ ᠶᠢ ᠵᠣᠭᠰᠣᠭᠠᠬᠤ ᠡᠮ ᠢᠶᠠᠷ ᠦᠷᠭᠦᠯᠵᠢᠯᠡᠨ ᠡᠮᠨᠡᠬᠦ ᠵᠠᠰᠠᠯᠲᠠ ᠳᠤ ᠣᠷᠣᠯᠴᠠᠭᠰᠠᠳ ᠤᠨ ᠵᠢᠯ ᠤᠨ ᠰᠢᠨ᠎ᠡ ᠪᠠᠷ ᠡᠭᠦᠰᠴᠤ ᠲᠡᠯᠬᠡᠷᠡᠬᠦ ᠬᠠᠯᠳᠠᠪᠤᠷᠢᠯᠠᠭ᠎ᠠ ᠶᠢᠨ ᠨᠣᠷᠮ᠎ᠠ ᠶᠢ 0.1% ᠠᠴᠠ ᠳᠣᠷᠣᠭᠰᠢ ᠪᠠᠶᠢᠯᠭᠠᠵᠤ᠂ 2030 ᠣᠨ ᠪᠤᠯᠲᠠᠯ᠎ᠠ ᠦᠷᠭᠦᠯᠵᠢᠯᠡᠨ ᠪᠠᠲᠤᠯᠠᠨ᠎ᠠ᠃
︵ᠭᠤᠷᠪᠠ︶ ᠬᠡᠷ ᠪᠦᠯᠢ ᠶᠢᠨ ᠳᠣᠲᠣᠭᠠᠳᠤ ᠳᠤ ᠬᠠᠯᠳᠠᠪᠤᠷᠢᠯᠠᠬᠤ ᠶᠢ ᠤᠷᠢᠳᠴᠢᠯᠠᠨ ᠰᠡᠷᠭᠡᠶᠢᠯᠡᠨ᠎ᠡ᠃ 2025 ᠣᠨ ᠳᠤ᠂ ᠠᠶᠢᠽ ᠡᠪᠡᠳᠴᠢᠨ ᠤ ᠡᠬᠡ ᠨᠢᠯᠬ᠎ᠠ ᠶᠢᠨ ᠬᠠᠯᠳᠠᠪᠤᠷᠢᠯᠠᠭ᠎ᠠ ᠶᠢᠨ ᠨᠣᠷᠮ᠎ᠠ ᠶᠢ 2% ᠠᠴᠠ ᠳᠣᠷᠣᠭᠰᠢ ᠪᠠᠶᠢᠯᠭᠠᠵᠤ᠂ ᠡᠷ᠎ᠡ ᠡᠮ᠎ᠡ ᠬᠤᠶᠠᠭᠤᠯᠠ ᠶᠢᠨ ᠨᠢᠭᠡ ᠨᠢ ᠠᠶᠢᠽ ᠡᠪᠡᠳᠴᠢᠨ ᠳᠤ ᠬᠠᠯᠳᠠᠪᠤᠷᠢᠯᠠᠭᠳᠠᠭᠰᠠᠨ ᠬᠡᠷ ᠪᠦᠯᠢ ᠶᠢᠨ ᠬᠢᠨ ᠤ ᠬᠠᠨᠢ ᠨᠦᠭᠦᠷ ᠲᠤ ᠪᠠᠨ ᠬᠠᠯᠳᠠᠪᠤᠷᠢᠯᠠᠬᠤ ᠨᠣᠷᠮ᠎ᠠ ᠶᠢ 0.3% ᠠᠴᠠ ᠳᠣᠷᠣᠭᠰᠢ ᠪᠠᠶᠢᠯᠭᠠᠵᠤ᠂ 2030 ᠣᠨ ᠪᠤᠯᠲᠠᠯ᠎ᠠ ᠦᠷᠭᠦᠯᠵᠢᠯᠡᠨ ᠪᠠᠲᠤᠯᠠᠨ᠎ᠠ᠃
︵ᠳᠥᠷᠪᠡ︶ ᠣᠨᠤᠰᠢᠯᠠᠵᠦ ᠡᠮᠨᠡᠨ ᠵᠠᠰᠠᠬᠤ ᠦᠷ᠎ᠡ ᠪᠦᠳᠦᠮᠵᠢ ᠶᠢ ᠳᠡᠭᠡᠭᠰᠢᠯᠡᠭᠦᠯᠦᠨ᠎ᠡ᠃ ᠣᠨᠣᠰᠢᠯᠠᠯᠲᠠ ᠪᠠᠷ ᠳᠡᠮᠵᠢᠨ ᠲᠣᠰ ᠪᠡᠶ᠎ᠡ ᠶᠢᠨ ᠢᠶᠠᠨ ᠬᠠᠯᠳᠠᠪᠤᠷᠢᠯᠬᠠᠰᠠᠨ ᠪᠠᠶᠢᠳᠠᠯ ᠢᠶᠠᠨ ᠣᠯᠵᠤ ᠮᠡᠳᠡᠭᠰᠡᠨ ᠤ ᠬᠠᠮᠲᠤ ᠣᠶᠢᠯᠠᠭᠠᠭᠰᠠᠨ ᠬᠠᠯᠳᠠᠪᠤᠷᠢᠯᠠᠭᠰᠠᠳ ᠤᠨ ᠬᠠᠷᠢᠴᠠᠯ ᠢ 2025 ᠣᠨ ᠳᠤ 90% ᠠᠴᠠ ᠳᠡᠭᠡᠭᠰᠢ ᠳᠤ ᠬᠦᠷᠦᠭᠦᠯᠵᠦ᠂ 2030 ᠣᠨ ᠳᠤ 95% ᠠᠴᠠ ᠳᠡᠭᠡᠭᠰᠢ ᠳᠤ ᠬᠦᠷᠦᠭᠦᠯᠦᠨ᠎ᠡ᠃ 2025 ᠣᠨ ᠳᠤ᠂ ᠣᠨᠣᠰᠢᠯᠠᠯᠲᠠ ᠪᠠᠷ ᠳᠠᠮᠵᠢᠵᠤ ᠢᠯᠡᠷᠡᠬᠦᠯᠦᠭᠰᠡᠨ ᠬᠠᠯᠳᠠᠪᠤᠷᠢᠯᠠᠭᠰᠠᠳ ᠤᠨ ᠸᠢᠷᠦ᠋ᠰ ᠢ ᠡᠰᠡᠷᠭᠦᠴᠡᠬᠦ ᠡᠮᠨᠡᠯᠬᠡ ᠵᠠᠰᠠᠯᠭ᠎ᠠ ᠬᠦᠷᠲᠡᠬᠦ ᠬᠠᠷᠢᠴᠠᠯ᠂ ᠸᠢᠷᠦ᠋ᠰ ᠢ ᠡᠰᠡᠷᠭᠦᠴᠡᠬᠦ ᠡᠮᠨᠡᠯᠬᠡ ᠵᠠᠰᠠᠯᠭ᠎ᠠ ᠬᠦᠷᠲᠡᠭᠰᠡᠨ ᠬᠠᠯᠳᠠᠪᠤᠷᠢᠯᠠᠭᠰᠠᠳ ᠤᠨ ᠸᠢᠷᠦ᠋ᠰ ᠢ ᠡᠰᠡᠷᠭᠦᠴᠡᠬᠦ ᠬᠠᠷᠢᠴᠠᠯ ᠢ ᠳᠤᠮᠳᠠᠴᠢ ᠪᠠᠷ 95% ᠠᠴᠠ ᠳᠡᠭᠡᠭᠰᠢ ᠳᠤ ᠬᠦᠷᠦᠭᠦᠯᠵᠦ᠂ 2030 ᠣᠨ ᠪᠤᠯᠲᠠᠯ᠎ᠠ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠦᠨ᠎ᠡ᠃
︵ᠲᠠᠪᠤ︶ ᠬᠥᠮᠦᠰ ᠤᠨ ᠬᠤᠭᠤᠷᠣᠨᠳᠣᠬᠢ ᠬᠠᠯᠳᠠᠪᠤᠷᠢᠯᠠᠬᠤ ᠬᠢᠷᠢ ᠬᠡᠮᠵᠢᠶ᠎ᠡ ᠶᠢ ᠡᠵᠡᠮᠰᠢᠨ᠎ᠡ᠃ 2030 ᠣᠨ ᠪᠣᠯᠬᠤ ᠳᠤ᠂ ᠪᠥᠬᠦ ᠬᠥᠮᠦᠰ ᠤᠨ ᠬᠤᠭᠤᠷᠣᠨᠳᠣᠬᠢ ᠬᠠᠯᠳᠠᠪᠤᠷᠢᠯᠠᠬᠤ ᠨᠣᠷᠮ᠎ᠠ ᠶᠢ 0.15% ᠠᠴᠠ ᠳᠣᠷᠣᠭᠰᠢ ᠳᠤ ᠡᠵᠡᠮᠰᠢᠨ᠎ᠡ᠃
ᠬᠤᠶᠠᠷ᠂ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ
︵ᠨᠢᠭᠡ︶ ᠤᠬᠠᠭᠤᠯᠭ᠎ᠠ ᠬᠥᠮᠦᠵᠢᠯ ᠢᠶᠠᠷ ᠵᠢᠯᠣᠭᠤᠳᠣᠨ ᠨᠥᠯᠥᠭᠡᠯᠡᠬᠦ ᠪᠠ ᠨᠡᠶᠢᠭᠡᠮ ᠳᠠᠶᠠᠭᠠᠷ ᠢ ᠳᠠᠶᠢᠴᠢᠯᠠᠬᠤ ᠪᠠᠨ ᠴᠢᠩᠭᠠᠷᠠᠭᠤᠯᠵᠤ᠂ ᠣᠯᠠᠨ ᠨᠡᠶᠢᠲᠡ ᠶᠢᠨ ᠰᠡᠷᠭᠡᠶᠢᠯᠡᠨ ᠵᠠᠰᠠᠬᠤ ᠤᠬᠠᠮᠰᠠᠷ ᠢ ᠳᠡᠭᠡᠭᠰᠢᠯᠡᠭᠦᠯᠦᠨ᠎ᠡ
1. ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠬᠦ ᠡᠷᠴᠢᠮ ᠢᠶᠠᠨ ᠴᠢᠩᠭᠠᠷᠠᠭᠤᠯᠤᠨ᠎ᠠ᠃ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠮᠡᠳᠡᠯᠭᠡ ᠶᠢ ︽ᠠᠷᠠᠳ ᠢᠷᠭᠡᠳ ᠤᠨ ᠡᠷᠡᠭᠦᠯ ᠮᠡᠨᠳᠤ ᠶᠢᠨ ᠬᠡᠪ ᠪᠣᠯᠪᠠᠰᠤᠷᠠᠯ︾ ᠤᠨ ᠠᠭᠤᠯᠭ᠎ᠠ ᠳᠤ ᠣᠷᠣᠭᠤᠯᠵᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯᠯᠠᠭ᠎ᠠ ᠶᠢᠨ ᠳᠠᠪᠠᠭᠤᠯᠢᠭ ᠢ ᠪᠠᠳᠠᠷᠠᠭᠤᠯᠤᠨ᠂ ᠰᠡᠷᠭᠡᠶᠢᠯᠡᠨ ᠵᠠᠰᠠᠬᠤ ᠮᠡᠳᠡᠯᠭᠡ ᠶᠢ ᠨᠡᠶᠢᠭᠡᠮ ᠲᠣᠭᠤᠷᠢᠭ᠂ ᠠᠵᠤ ᠠᠬᠤᠶᠢᠯᠠᠯ᠂ ᠡᠮᠨᠡᠯᠭᠡ ᠶᠢᠨ ᠬᠤᠷᠢᠶ᠎ᠠ᠂ ᠰᠤᠷᠭᠠᠭᠤᠯᠢ ᠶᠢᠨ ᠬᠦᠷᠢᠶ᠎ᠡ᠂ ᠭᠡᠷ ᠪᠦᠯᠢ ᠳᠤ ᠣᠷᠣᠭᠤᠯᠬᠤ ᠶᠢ ᠠᠬᠢᠭᠤᠯᠬᠤ ᠬᠡᠷᠡᠭᠲᠡᠶ᠃ ᠳᠡᠯᠡᠬᠡᠶ ᠶᠢᠨ ᠠᠶᠢᠽ ᠡᠪᠡᠳᠴᠢᠨ ᠤ ᠡᠳᠦᠷ᠂ ᠣᠯᠠᠨ ᠤᠯᠤᠰ ᠤᠨ ᠬᠤᠣᠷᠲᠤ ᠡᠳ᠋ ᠢ ᠴᠠᠭᠠᠵᠠᠯᠠᠬᠤ ᠡᠳᠦᠷ ᠵᠢᠴᠢ ᠰᠣᠶᠣᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠡᠷᠡᠭᠦᠯ ᠬᠠᠮᠠᠭᠠᠯᠠᠯ ︽ᠭᠤᠷᠪᠠ ᠶᠢ ᠬᠥᠳᠡᠭᠡ ᠪᠠᠭᠤᠯᠭᠠᠬᠤ︾ ᠲᠠᠢ ᠤᠶᠠᠯᠳᠤᠭᠤᠯᠤᠨ᠂ ᠭᠤᠤᠯ ᠵᠠᠭᠤᠴᠢᠯᠠᠭᠤᠷ ᠪᠠ ᠰᠢᠨ᠎ᠡ ᠵᠠᠭᠤᠴᠢᠯᠠᠭᠤᠷ ᠤᠨ ᠲᠠᠪᠴᠠᠩ ᠢ ᠭᠦᠢᠴᠡᠳ ᠬᠡᠷᠡᠭᠯᠡᠵᠦ᠂ ᠲᠥᠪᠯᠡᠷᠡᠩᠭᠦᠶ ᠴᠢᠨᠠᠷᠲᠠᠶ᠂ ᠪᠠᠶᠢᠩᠭᠤ ᠶᠢᠨ ᠴᠢᠨᠠᠷᠲᠠᠶ ᠤᠬᠠᠭᠤᠯᠭ᠎ᠠ ᠬᠥᠮᠦᠵᠢᠯ ᠥᠷᠨᠢᠭᠦᠯᠵᠦ᠂ ︽ᠬᠥᠮᠦᠨ ᠪᠦᠭᠦᠨ ᠥᠪᠡᠷ ᠤᠨ ᠢᠶᠠᠨ ᠡᠷᠡᠭᠦᠯ ᠮᠡᠨᠳᠦ ᠶᠢᠨ ᠨᠢᠭᠡᠳᠦᠭᠡᠷ ᠬᠠᠷᠢᠭᠤᠴᠠᠯᠭᠠᠲᠠᠨ ᠮᠥᠨ︾ ᠭᠡᠬᠦ ᠣᠨᠣᠯᠵᠢᠬᠤᠨ ᠢ ᠬᠥᠲᠥᠯᠦᠨ ᠵᠢᠯᠣᠭᠤᠳᠴᠤ ᠪᠣᠶ ᠪᠣᠯᠭᠠᠨ᠎ᠠ᠃
2. ᠭᠤᠤᠯᠳᠠᠯᠭ᠎ᠠ ᠲᠠᠢ ᠲᠠᠯᠠᠪᠤᠷ ᠭᠠᠵᠠᠷ ᠪᠠ ᠭᠤᠤᠯᠳᠠᠯᠭ᠎ᠠ ᠲᠠᠢ ᠬᠥᠮᠦᠰ ᠲᠤ ᠤᠬᠠᠭᠤᠯᠭ᠎ᠠ ᠬᠥᠮᠦᠵᠢᠯ ᠬᠢᠭᠦ ᠪᠠᠨ ᠴᠢᠩᠭᠠᠳᠬᠠᠨ᠎ᠠ᠃ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ ᠲᠡᠷᠭᠡᠨ ᠥᠷᠲᠡᠭᠡ᠂ ᠨᠢᠰᠬᠡᠯ ᠤᠨ ᠪᠠᠭᠤᠳᠠᠯ᠂ ᠬᠢᠯᠢ ᠶᠢᠨ ᠪᠣᠭᠤᠮᠲᠠ᠂ ᠵᠤᠭ᠎ᠠ ᠲᠣᠭᠯᠠᠭᠠᠮ ᠪᠠ ᠤᠬᠢᠶᠠᠯᠭ᠎ᠠ ᠶᠢᠨ ᠵᠡᠷᠭᠡ ᠲᠠᠯᠠᠪᠤᠷ ᠭᠠᠵᠠᠷ ᠲᠤ ᠤᠬᠠᠭᠤᠯᠭ᠎ᠠ ᠶᠢᠨ ᠪᠤᠯᠤᠩ ᠭᠠᠷᠭᠠᠨ ᠲᠣᠬᠢᠷᠠᠭᠤᠯᠬᠤ᠂ ᠤᠬᠠᠭᠤᠯᠭ᠎ᠠ ᠶᠢᠨ ᠡᠳ᠋ ᠪᠤᠳᠠᠰ ᠲᠡᠯᠬᠡᠵᠦ ᠲᠠᠯᠪᠢᠬᠤ᠂ ᠤᠬᠠᠭᠤᠯᠭ᠎ᠠ ᠬᠥᠮᠦᠵᠢᠯ ᠤᠨ ᠹᠢᠯᠢᠮ ᠨᠡᠪᠲᠡᠷᠡᠭᠦᠯᠬᠦ ᠵᠡᠷᠭᠡ ᠬᠡᠯᠪᠡᠷᠢ ᠪᠠᠷ ᠳᠠᠮᠵᠢᠭᠤᠯᠤᠨ ᠥᠷᠭᠡᠨ ᠢᠶᠠᠷ ᠤᠬᠠᠭᠤᠯᠭ᠎ᠠ ᠥᠷᠨᠢᠭᠦᠯᠬᠦ ᠬᠡᠷᠡᠭᠲᠡᠶ᠃ ᠨᠡᠭᠦᠳᠡᠯ ᠬᠥᠮᠦᠨ ᠠᠮᠠ ᠲᠥᠪᠯᠡᠷᠡᠭᠰᠡᠨ ᠠᠵᠢᠯᠴᠢᠨ ᠬᠡᠷᠡᠭᠯᠡᠬᠦ ᠨᠢᠭᠡᠴᠢ ᠵᠢᠴᠢ ᠬᠥᠳᠡᠯᠮᠦᠷᠢ ᠬᠦᠴᠦᠨ ᠢ ᠰᠢᠯᠵᠢᠬᠦᠯᠦᠨ ᠲᠣᠬᠢᠷᠠᠭᠤᠯᠬᠤ ᠪᠣᠯᠪᠠᠰᠤᠷᠠᠯ ᠬᠦᠷᠲᠡᠭᠡᠬᠦ ᠪᠠᠶᠢᠭᠤᠯᠤᠮᠵᠢ ᠶᠢᠨ ᠰᠡᠷᠡᠮᠵᠢᠯᠡᠭᠦᠯᠬᠦ ᠴᠢᠨᠠᠷᠲᠠᠶ ᠰᠤᠷᠭᠠᠨ ᠬᠥᠮᠦᠵᠢᠯ ᠪᠠ ᠳᠠᠶᠢᠴᠢᠯᠠᠯᠲᠠ ᠬᠢᠵᠦ ᠪᠠᠶᠢᠴᠠᠭᠠᠨ ᠰᠢᠨᠵᠢᠬᠦ ᠵᠡᠷᠭᠡ ᠠᠵᠢᠯ ᠦᠷᠨᠢᠬᠦᠯᠦᠬᠦᠯᠬᠦ ᠪᠠᠷ ᠰᠢᠮᠳᠠᠭᠤᠯᠤᠨ ᠵᠢᠯᠣᠭᠤᠳᠤᠨ᠎ᠠ᠃ 12320 ᠪᠠ 12356 ᠵᠡᠷᠭᠡ ᠦᠢᠯᠡᠴᠢᠯᠡᠭᠡᠨ ᠤ ᠬᠠᠯᠠᠮᠰᠢᠯ ᠤᠲᠠᠰᠤ ᠪᠠᠷ ᠳᠠᠮᠵᠢᠭᠤᠯᠤᠨ ᠪᠣᠳᠠᠭᠠᠯᠢ ᠴᠣᠭᠴᠠ ᠶᠢᠨ ᠡᠷᠡᠭᠦᠯ ᠴᠢᠬᠢᠷᠠᠭ ᠤᠨ ᠬᠥᠮᠦᠵᠢᠯ ᠪᠠ ᠰᠡᠳᠬᠢᠴᠡ ᠶᠢᠨ ᠵᠦᠪᠯᠡᠯᠭᠡ ᠥᠷᠨᠢᠭᠦᠯᠦᠨ᠎ᠡ᠃
3. ᠪᠦᠲᠦᠮᠵᠢᠲᠡᠶ ᠵᠢᠯᠣᠭᠤᠳᠤᠨ ᠨᠥᠯᠥᠭᠡᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠪᠠᠨ ᠴᠢᠩᠭᠠᠷᠠᠭᠤᠯᠤᠨ᠎ᠠ᠃ ᠪᠡᠯᠬᠡᠪᠴᠢ ᠶᠢ ᠳᠡᠯᠭᠡᠷᠡᠭᠦᠯᠬᠦ ᠪᠠ ᠵᠥᠪ ᠢᠶᠠᠷ ᠬᠡᠷᠡᠭᠯᠡᠬᠦ ᠶᠢ ᠠᠬᠢᠭᠤᠯᠵᠤ᠂ ᠵᠣᠴᠢᠳ ᠤᠨ ᠪᠠᠭᠤᠳᠠᠯ ᠵᠡᠷᠭᠡ ᠣᠯᠠᠨ ᠨᠡᠶᠢᠲᠡ ᠶᠢᠨ ᠲᠠᠯᠠᠪᠤᠷ ᠭᠠᠵᠠᠷ ᠲᠤ ᠪᠡᠯᠬᠡᠪᠴᠢ ᠲᠠᠯᠪᠢᠬᠤ ᠬᠤᠯᠪᠣᠭᠳᠠᠯ ᠪᠥᠬᠦᠶ ᠲᠣᠭᠲᠠᠭᠠᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠬᠠᠮᠲᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠎ᠠ᠃ ᠭᠠᠴᠠᠭ᠎ᠠ ᠲᠣᠰᠬᠤᠨ ︵ᠰᠠᠭᠤᠭᠠᠯᠢ︶ ᠤ ᠠᠷᠠᠳ ᠤᠨ ᠵᠥᠪᠯᠡᠯ ᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠵᠥᠪᠯᠡᠯ ᠤᠨ ᠦᠢᠯᠡᠳᠦᠯ ᠢ ᠪᠠᠳᠠᠷᠠᠭᠤᠯᠤᠨ᠎ᠠ᠃ ᠡᠷ᠎ᠡ ᠡᠮ᠎ᠡ ᠬᠤᠶᠠᠭᠤᠯᠠ ᠶᠢᠨ ᠨᠢᠭᠡ ᠨᠢ ᠠᠶᠢᠽ ᠡᠪᠡᠳᠴᠢᠨ ᠳᠤ ᠬᠠᠯᠳᠠᠪᠤᠷᠢᠯᠠᠭᠳᠠᠭᠰᠠᠨ ᠬᠡᠷ ᠪᠦᠯᠢ ᠶᠢᠨ ᠡᠷᠡᠭᠦᠯ ᠴᠢᠬᠢᠷᠠᠭ ᠤᠨ ᠬᠥᠮᠦᠵᠢᠯ᠂ ᠪᠠᠶᠢᠴᠠᠭᠠᠨ ᠰᠢᠨᠵᠢᠵᠦ ᠡᠮᠨᠡᠨ ᠵᠠᠰᠠᠬᠤ ᠪᠠ ᠦᠷᠡᠵᠢᠯ ᠤᠨ ᠵᠢᠯᠣᠭᠤᠳᠣᠯᠭ᠎ᠠ ᠬᠢᠬᠦ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠡᠮ ᠲᠠᠩ ᠢᠶᠠᠷ ᠤᠷᠢᠳᠴᠢᠯᠠᠨ ᠰᠡᠷᠭᠡᠶᠢᠯᠡᠬᠦ ᠠᠷᠭ᠎ᠠ ᠪᠣᠳᠣᠯᠭ᠎ᠠ ᠶᠢ ᠲᠡᠭᠦᠯᠳᠡᠷᠵᠢᠭᠦᠯᠵᠦ᠂ ᠢᠯᠡᠷᠡᠬᠦᠯᠵᠦ ᠤᠷᠢᠳᠴᠢᠯᠠᠨ ᠰᠡᠷᠭᠡᠶᠢᠯᠡᠬᠦ ᠡᠭᠦᠳᠡᠨ ᠡᠮᠨᠡᠯᠭᠡ ᠶᠢᠨ ᠵᠢᠷᠤᠮᠵᠢᠭᠰᠠᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ 2025 ᠣᠨ ᠤ ᠵᠢᠯ ᠤᠨ ᠰᠡᠭᠦᠯᠴᠢ ᠠᠴᠠ ᠡᠮᠦᠨ᠎ᠡ ᠠᠶᠢᠮᠠᠭ ᠬᠤᠲᠠ ᠶᠢᠨ ᠱᠠᠲᠤ ᠪᠦᠬᠦᠨ ᠳᠤ ᠢᠯᠡᠷᠡᠬᠦᠯᠵᠦ ᠤᠷᠢᠳᠴᠢᠯᠠᠨ ᠰᠡᠷᠭᠡᠶᠢᠯᠡᠬᠦ ᠡᠭᠦᠳᠡᠨ ᠡᠮᠨᠡᠯᠭᠡ ᠲᠠᠢ ᠪᠣᠯᠭᠠᠨ ᠪᠦᠳᠦᠬᠡᠨ ᠪᠠᠶᠢᠭᠤᠯᠬᠤ ᠶᠢ ᠪᠡᠶᠡᠯᠡᠭᠦᠯᠦᠨ᠎ᠡ᠃ ᠡᠮᠴᠢᠯᠡᠭᠡᠨ ᠳᠤ ᠬᠡᠷᠡᠭᠯᠡᠬᠦ ᠴᠢᠰᠦᠨ ᠳᠠᠬᠢ ᠠᠶᠢᠽ ᠡᠪᠡᠳᠴᠢᠨ ᠤ ᠸᠢᠷᠦ᠋ᠰ ᠤᠨ ᠪᠥᠭᠡᠮ ᠬᠦᠴᠢᠯ ᠢ ᠪᠠᠶᠢᠴᠠᠭᠠᠨ ᠰᠢᠨᠵᠢᠬᠦ ᠠᠵᠢᠯ ᠢ ᠦᠷᠭᠦᠯᠵᠢᠯᠡᠨ ᠰᠠᠶᠢᠲᠤᠷ ᠬᠢᠨ᠎ᠡ᠃ ︽ᠢᠨᠲ᠋ᠧᠷ ᠰᠦᠯᠵᠢᠶ᠎ᠡ +︾ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠦᠯᠵᠢᠶ᠎ᠡ ᠪᠠᠷ ᠪᠠ ᠰᠦᠯᠵᠢᠶᠡᠨ ᠠᠴᠠ ᠭᠠᠳᠠᠭᠤᠷᠬᠢ ᠶᠢ ᠤᠶᠠᠯᠳᠤᠭᠤᠯᠤᠭᠰᠠᠨ ᠪᠦᠬᠦ ᠬᠡᠯᠬᠢᠶ᠎ᠡ ᠪᠠᠷ ᠵᠢᠯᠤᠭᠤᠳᠤᠨ ᠨᠦᠯᠦᠬᠡᠯᠡᠬᠦ ᠠᠷᠭ᠎ᠠ ᠶᠢ ᠬᠡᠷᠡᠭᠵᠢᠭᠦᠯᠦᠨ᠎ᠡ᠃
4. ᠨᠡᠶᠢᠭᠡᠮ ᠤᠨ ᠬᠦᠴᠦᠨ ᠢ ᠳᠠᠶᠢᠴᠢᠯᠠᠨ ᠥᠷᠭᠡᠨ ᠢᠶᠠᠷ ᠣᠷᠣᠯᠴᠠᠭᠤᠯᠤᠨ᠎ᠠ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠠᠵᠤ ᠦᠢᠯᠡᠳᠪᠦᠷᠢ ᠬᠤᠳᠠᠯᠳᠤᠭ᠎ᠠ ᠶᠢᠨ ᠬᠤᠯᠪᠤᠭᠠᠲᠤ ᠬᠤᠷᠠᠯ᠂ ᠲᠥᠯᠥᠪᠯᠡᠭᠡᠲᠦ ᠦᠷᠡᠵᠢᠯ ᠤᠨ ᠨᠡᠶᠢᠭᠡᠮᠯᠢᠭ ᠵᠡᠷᠭᠡ ᠨᠢᠭᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ︽ᠠᠵᠢᠯᠲᠠᠨ ᠠᠵᠢᠯᠴᠢᠨ ᠤ ᠤᠯᠠᠭᠠᠨ ᠲᠣᠷᠭᠠᠨ ᠪᠦᠴᠡ ᠶᠢᠨ ᠡᠷᠡᠭᠦᠯ ᠮᠡᠨᠳᠦ ᠶᠢᠨ ᠠᠵᠢᠯᠯᠠᠭᠠᠨ︾᠂ ︽ᠵᠠᠯᠠᠭᠤᠴᠤᠳ ᠤᠨ ᠤᠯᠠᠭᠠᠨ ᠲᠣᠷᠭᠠᠨ ᠪᠦᠴᠡ︾᠂ ︽ᠡᠮᠡᠭᠲᠡᠶᠢᠴᠦᠳ ᠤᠨ ︿ᠨᠢᠭᠤᠷᠳᠠᠯᠭᠠ﹀ ᠶᠢᠨ ᠤᠬᠠᠭᠤᠯᠭ᠎ᠠ ᠬᠥᠮᠦᠵᠢᠯ︾ ᠪᠠ ︽ᠵᠠᠯᠠᠭᠤ ᠨᠠᠰᠤ ᠪᠠ ᠡᠷᠡᠭᠦᠯ ᠮᠡᠨᠳᠦ︾ ᠵᠡᠷᠭᠡ ᠲᠤᠰᠬᠠᠶ ᠠᠵᠢᠯᠯᠠᠭᠠᠨ ᠢ ᠦᠷᠭᠦᠯᠵᠢᠯᠡᠨ ᠭᠦᠨᠵᠡᠭᠡᠶ ᠥᠷᠨᠢᠭᠦᠯᠦᠨ᠎ᠡ᠃ ᠨᠡᠶᠢᠭᠡᠮ ᠤᠨ ᠬᠦᠴᠦᠨ ᠤ ᠰᠡᠷᠭᠡᠶᠢᠯᠡᠨ ᠵᠠᠰᠠᠯᠲᠠ ᠳᠤ ᠣᠷᠣᠯᠴᠠᠬᠤ ᠶᠢ ᠠᠵᠢᠯ ᠤᠨ ᠲᠥᠯᠥᠪᠯᠡᠭᠡ ᠳᠤ ᠪᠠᠨ ᠣᠷᠣᠭᠤᠯᠵᠤ᠂ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠰᠡᠷᠭᠡᠶᠢᠯᠡᠨ ᠵᠠᠰᠠᠬᠤ ᠠᠵᠢᠯ ᠥᠷᠨᠢᠭᠦᠯᠬᠦ ᠶᠢ ᠬᠥᠲᠥᠯᠦᠨ ᠵᠢᠯᠣᠭᠤᠳᠬᠤ ᠪᠠ ᠳᠡᠮᠵᠢᠨ᠎ᠡ᠃ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ᠂ ᠰᠠᠶᠢᠨ ᠲᠤᠷᠠᠴᠤᠣᠯ ᠪᠠ ᠨᠡᠷ᠎ᠡ ᠴᠣᠣᠲᠤ ᠬᠥᠮᠦᠰ ᠢ ᠳᠠᠶᠢᠴᠢᠯᠠᠨ ᠳᠡᠮᠵᠢᠵᠦ ᠪᠠᠶᠢᠭᠠᠳ ᠰᠡᠷᠭᠡᠶᠢᠯᠡᠨ ᠵᠠᠰᠠᠬᠤ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠳᠤ ᠣᠷᠣᠯᠴᠠᠭᠤᠯᠵᠤ᠂ ᠨᠡᠶᠢᠭᠡᠮ ᠤᠨ ᠬᠠᠷᠢᠭᠤᠴᠠᠯᠭ᠎ᠠ ᠶᠢ ᠨᠢ ᠭᠦᠢᠴᠡᠳᠭᠡᠯᠭᠡᠨ᠎ᠡ᠃
︵ᠬᠤᠶᠠᠷ︶ ᠪᠠᠶᠢᠴᠠᠭᠠᠨ ᠰᠢᠨᠵᠢᠬᠦ ᠪᠠ ᠬᠢᠨᠠᠨ ᠰᠢᠨᠵᠢᠬᠦ ᠪᠠᠨ ᠴᠢᠩᠭᠠᠳᠬᠠᠵᠤ᠂ ᠡᠪᠡᠳᠴᠢᠨ ᠤ ᠵᠢᠱᠢᠶ᠎ᠡ ᠶᠢ ᠡᠷᠲᠡ ᠣᠨᠣᠰᠢᠯᠠᠬᠤ᠂ ᠡᠷᠲᠡ ᠢᠯᠡᠷᠡᠭᠦᠯᠬᠦ ᠶᠢ ᠠᠬᠢᠭᠤᠯᠤᠨ᠎ᠠ
1. ᠪᠠᠶᠢᠴᠠᠭᠠᠨ ᠰᠢᠨᠵᠢᠬᠦ ᠲᠣᠤᠷ ᠰᠦᠯᠵᠢᠶ᠎ᠡ ᠶᠢ ᠲᠡᠭᠦᠯᠳᠡᠷᠵᠢᠭᠦᠯᠵᠦ᠂ ᠪᠠᠶᠢᠴᠠᠭᠠᠨ ᠰᠢᠨᠵᠢᠬᠦ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠠᠶᠢᠽ ᠡᠪᠡᠳᠴᠢᠨ ᠤ ᠲᠤᠷᠰᠢᠯᠲᠠ ᠶᠢᠨ ᠲᠠᠰᠤᠭ ᠤᠨ ᠪᠠᠶᠢᠴᠠᠭᠠᠨ ᠰᠢᠨᠵᠢᠬᠦ ᠲᠣᠣᠷ ᠰᠦᠯᠵᠢᠶ᠎ᠡ ᠶᠢ ᠲᠡᠭᠦᠯᠳᠡᠷᠵᠢᠭᠦᠯᠦᠨ᠂ ᠡᠯ᠎ᠡ ᠠᠶᠢᠮᠠᠭ ᠬᠤᠳᠠ ᠪᠠ ᠭᠤᠣᠯᠳᠠᠯᠭ᠎ᠠ ᠲᠠᠢ ᠬᠤᠰᠢᠭᠤ ᠰᠢᠶᠠᠨ ︵ᠬᠤᠳᠠ᠂ ᠲᠣᠭᠤᠷᠢᠭ︶ ᠤ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ ᠲᠥᠪ ᠪᠠ ᠬᠠᠯᠳᠠᠪᠤᠷᠢᠲᠤ ᠡᠪᠡᠳᠴᠢᠨ ᠤ ᠡᠮᠨᠡᠯᠭᠡ ᠶᠢᠨ ᠬᠤᠷᠢᠶ᠎ᠠ ᠠᠨᠲ᠋ᠢᠪᠣᠳ ᠢ ᠭᠡᠷᠡᠴᠢᠯᠡᠨ ᠲᠣᠳᠤᠯᠠᠵᠤ ᠪᠠᠶᠢᠴᠠᠭᠠᠨ ᠰᠢᠨᠵᠢᠬᠦ ᠪᠠ ᠪᠥᠭᠡᠮ ᠬᠦᠴᠢᠯ ᠢ ᠣᠨᠣᠰᠢᠯᠠᠬᠤ ᠴᠢᠳᠠᠪᠤᠷᠢ ᠶᠢ ᠪᠦᠷᠢᠯᠳᠦᠬᠦᠯᠵᠦ᠂ ᠰᠤᠮᠤ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠠ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠬᠢᠨ ᠤ ᠠᠶᠢᠽ ᠡᠪᠡᠳᠴᠢᠨ ᠢ ᠪᠠᠶᠢᠴᠠᠭᠠᠨ ᠰᠢᠨᠵᠢᠬᠦ ᠴᠡᠭ ᠪᠠᠶᠢᠭᠤᠯᠬᠤ ᠶᠢ ᠵᠣᠷᠢᠭᠵᠢᠭᠤᠯᠤᠨ ᠳᠡᠮᠵᠢᠬᠦ ᠬᠡᠷᠡᠭᠲᠡᠶ᠃ ᠬᠠᠨᠳᠤᠯᠭᠠᠲᠤ ᠴᠢᠨᠠᠷᠲᠠᠶ ᠪᠠᠷ ᠰᠢᠭᠰᠢᠨ ᠪᠠᠶᠢᠴᠠᠭᠠᠬᠤ ᠲᠥᠯᠥᠪᠯᠡᠭᠡ ᠲᠣᠭᠲᠠᠭᠠᠵᠤ᠂ ᠭᠤᠤᠯᠳᠠᠯᠭ᠎ᠠ ᠲᠠᠢ ᠬᠥᠮᠦᠰ ᠢ ᠳᠠᠶᠢᠴᠢᠯᠠᠨ ᠥᠪᠡᠷ ᠢ ᠪᠠᠨ ᠪᠠᠶᠢᠴᠠᠭᠠᠨ ᠰᠢᠨᠵᠢᠬᠦ ᠪᠠ ᠬᠤᠷᠢᠴᠠᠯ ᠤᠨ ᠬᠠᠨᠢ ᠪᠠᠨ ᠪᠠᠶᠢᠴᠠᠭᠠᠨ ᠰᠢᠨᠵᠢᠬᠦ ᠶᠢ ᠴᠢᠩᠭᠠᠳᠬᠠᠵᠤ᠂ ᠭᠤᠤᠯᠳᠠᠯᠭ᠎ᠠ ᠲᠠᠢ ᠬᠥᠮᠦᠰ ᠪᠠ ᠡᠮᠴᠢᠯᠡᠭᠡᠨ ᠤ ᠪᠠᠶᠢᠭᠤᠯᠤᠮᠵᠢ ᠶᠢᠨ ᠭᠤᠤᠯᠳᠠᠯᠭ᠎ᠠ ᠲᠠᠢ ᠰᠠᠯᠠᠭ᠎ᠠ ᠲᠠᠰᠤᠭ ᠲᠤ ᠡᠮᠨᠡᠭᠦᠯᠦᠭᠰᠡᠳ ᠤᠨ ᠠᠶᠢᠽ ᠡᠪᠡᠳᠴᠢᠨ᠂ ᠸᠢᠷᠦ᠋ᠰ ᠤᠨ ᠴᠢᠨᠠᠷᠲᠠᠶ ᠡᠯᠢᠭᠡᠨ ᠦᠷᠪᠢᠰᠦᠯ ᠪᠠ ᠲᠡᠮᠪᠦᠤ ᠵᠡᠷᠭᠡ ᠣᠯᠠᠨ ᠡᠪᠡᠳᠴᠢᠨ ᠢ ᠬᠠᠮᠳᠤᠷᠠᠭᠤᠯᠤᠨ ᠪᠠᠶᠢᠴᠠᠭᠠᠬᠤ ᠶᠢ ᠴᠢᠩᠭᠠᠷᠠᠭᠤᠯᠵᠤ᠂ ᠥᠩᠭᠡᠨ ᠤ ᠡᠪᠡᠳᠴᠢᠨ ᠡᠮᠨᠡᠭᠦᠯᠦᠭᠰᠡᠳ ᠲᠤ ᠵᠢᠷᠤᠮᠵᠢᠭᠰᠠᠨ ᠣᠨᠣᠰᠢᠯᠠᠨ ᠡᠮᠨᠡᠬᠦ ᠪᠠ ᠠᠶᠢᠽ ᠡᠪᠡᠳᠴᠢᠨ ᠢ ᠪᠠᠶᠢᠴᠠᠭᠠᠨ ᠰᠢᠨᠵᠢᠵᠦ ᠵᠦᠪᠯᠡᠯᠭᠡ ᠥᠭᠬᠦ ᠦᠢᠯᠡᠴᠢᠯᠡᠭᠡ ᠬᠠᠩᠭᠠᠨ᠎ᠠ᠃ ᠭᠤᠤᠯᠳᠠᠯᠭ᠎ᠠ ᠲᠠᠢ ᠭᠠᠵᠠᠷ ᠣᠷᠣᠨ ᠨᠢ ᠠᠶᠢᠽ ᠡᠪᠡᠳᠴᠢᠨ᠂ C ᠬᠡᠯᠪᠡᠷᠢᠲᠦ ᠡᠯᠢᠭᠡᠨ ᠤ ᠸᠢᠷᠦ᠋ᠰᠲᠦ ᠦᠷᠪᠢᠰᠦᠯ ᠪᠠ ᠥᠩᠭᠡᠨ ᠤ ᠡᠪᠡᠳᠴᠢᠨ ᠢ ᠪᠠᠶᠢᠴᠠᠭᠠᠨ ᠰᠢᠨᠵᠢᠬᠦ ᠵᠦᠪᠯᠡᠯᠭᠡ ᠥᠭᠬᠦ ᠠᠵᠢᠯ ᠢ ᠤᠷᠤᠭᠯᠠᠬᠤ ᠠᠴᠠ ᠡᠮᠦᠨᠡᠬᠢ ᠰᠠᠶᠢᠨ ᠳᠤᠷ᠎ᠠ ᠶᠢᠨ ᠠᠨᠠᠭᠠᠬᠤ ᠤᠬᠠᠭᠠᠨ ᠤ ᠪᠠᠶᠢᠴᠠᠭᠠᠯᠲᠠ ᠪᠠ ᠭᠤᠤᠯᠳᠠᠯᠭ᠎ᠠ ᠲᠠᠢ ᠣᠯᠠᠨ ᠨᠡᠶᠢᠲᠡ ᠶᠢᠨ ᠲᠠᠯᠠᠪᠤᠷ ᠭᠠᠵᠠᠷ ᠲᠤ ᠠᠵᠢᠯᠯᠬᠠᠰᠠᠳ ᠤᠨ ᠪᠡᠶ᠎ᠡ ᠶᠢᠨ ᠡᠷᠡᠭᠦᠯ ᠮᠡᠨᠳᠦ ᠶᠢᠨ ᠪᠠᠶᠢᠴᠠᠭᠠᠯᠲᠠ ᠳᠤ ᠣᠷᠣᠭᠤᠯᠵᠤ᠂ ᠬᠠᠷᠢᠶ᠎ᠠ ᠣᠷᠣᠨ ᠤ ᠪᠠᠨ ᠠᠶᠢᠽ ᠡᠪᠡᠳᠴᠢᠨ ᠢ ᠪᠠᠶᠢᠴᠠᠭᠠᠨ ᠰᠢᠨᠵᠢᠬᠦ ᠪᠠᠶᠢᠭᠤᠯᠤᠮᠵᠢ ᠶᠢᠨ ᠮᠡᠳᠡᠭᠡ ᠵᠠᠩᠭᠢ ᠶᠢ ᠴᠠᠭ ᠲᠤᠬᠠᠶ ᠳᠤ ᠨᠢ ᠨᠡᠶᠢᠭᠡᠮ ᠨᠡᠶᠢᠲᠡ ᠳᠤ ᠨᠡᠶᠢᠲᠡᠯᠡᠵᠦ᠂ ᠪᠠᠶᠢᠴᠠᠭᠠᠨ ᠰᠢᠨᠵᠢᠬᠦ ᠦᠢᠯᠡᠴᠢᠯᠡᠭᠡᠨ ᠤ ᠲᠥᠬᠦᠮ ᠳᠦᠲᠡ ᠮᠦᠷᠲᠡᠭᠡᠨ ᠬᠦᠷᠲᠡᠵᠦ ᠳᠡᠶᠢᠯᠬᠦ ᠪᠣᠯᠬᠤ ᠶᠢ ᠨᠢ ᠠᠬᠢᠭᠤᠯᠤᠨ᠎ᠠ᠃
2. ᠣᠯᠠᠨ ᠠᠷᠭ᠎ᠠ ᠵᠠᠮ ᠢᠶᠠᠷ ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠥᠷᠨᠢᠭᠦᠯᠵᠦ᠂ ᠳ᠋ᠠᠶᠢᠲ᠋ᠠ ᠶᠢ ᠵᠠᠳᠠᠯᠤᠨ ᠠᠰᠢᠭᠯᠠᠬᠤ ᠪᠠᠨ ᠴᠢᠩᠭᠠᠳᠬᠠᠨ᠎ᠠ᠃ ᠪᠥᠬᠦ ᠣᠷᠣᠨ ᠤ ᠬᠠᠯᠳᠠᠪᠤᠷᠢᠲᠤ ᠡᠪᠡᠳᠴᠢᠨ ᠢ ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠭᠠᠨ ᠵᠢᠯᠣᠭᠤᠳᠬᠤ ᠮᠡᠳᠡᠭᠡ ᠵᠠᠩᠭᠢ ᠶᠢᠨ ᠲᠠᠪᠴᠠᠩ ᠢ ᠠᠰᠢᠭᠯᠠᠨ᠂ ᠠᠶᠢᠽ ᠡᠪᠡᠳᠴᠢᠨ ᠢ ᠰᠡᠷᠭᠡᠶᠢᠯᠡᠨ ᠬᠤᠷᠢᠭᠯᠠᠬᠤ ᠤᠶᠤᠨᠲᠤ ᠣᠯᠠᠨ ᠡᠰᠢᠵᠢᠭᠰᠡᠨ ᠬᠢᠨᠠᠨ ᠰᠢᠨᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ ᠪᠠᠶᠢᠭᠤᠯᠤᠨ᠎ᠠ᠃ ᠭᠤᠤᠯᠳᠠᠯᠭ᠎ᠠ ᠲᠠᠢ ᠬᠥᠮᠦᠰ ᠲᠤ ᠬᠠᠷᠠᠭᠤᠯ ᠤᠨ ᠴᠡᠭ ᠮᠠᠶ᠋ᠢᠭ ᠤᠨ ᠬᠢᠨᠠᠨ ᠰᠢᠨᠵᠢᠯᠲᠡ ᠪᠠ ᠡᠮ ᠳᠤ ᠳᠠᠭᠠᠭᠠᠮᠠᠭᠠᠢ ᠴᠢᠨᠠᠷ ᠤᠨ ᠬᠢᠨᠠᠨ ᠰᠢᠨᠵᠢᠯᠲᠡ ᠬᠢᠬᠦ ᠪᠠᠨ ᠴᠢᠩᠭᠠᠳᠬᠠᠵᠤ᠂ ᠪᠠᠶᠢᠭᠤᠯᠤᠮᠵᠢ ᠶᠢᠨ ᠬᠤᠭᠤᠷᠣᠨᠳᠣᠬᠢ ᠮᠡᠳᠡᠭᠡ ᠵᠠᠩᠭᠢ ᠶᠢᠨ ᠰᠣᠯᠢᠯᠴᠠᠭ᠎ᠠ ᠶᠢ ᠠᠬᠢᠭᠤᠯᠤᠨ᠂ ᠬᠢᠵᠢᠭ ᠤᠨ ᠪᠠᠶᠢᠳᠠᠯ ᠢ ᠰᠤᠳᠤᠯᠤᠨ ᠮᠠᠭᠠᠳᠯᠠᠬᠤ ᠵᠢᠴᠢ ᠪᠠᠶᠢᠳᠠᠯ ᠬᠠᠨᠳᠤᠰᠢ ᠶᠢᠨ ᠵᠠᠳᠠᠯᠤᠯᠲᠠ ᠬᠢᠬᠦ ᠶᠢ ᠴᠢᠩᠭᠠᠷᠠᠭᠤᠯᠤᠨ᠎ᠠ᠃ ᠸᠢᠷᠦ᠋ᠰ ᠤᠨ ᠭᠧᠨ ᠤ ᠳᠠᠷᠠᠭᠠᠯᠠᠯ ᠢ ᠬᠡᠮᠵᠢᠬᠦ᠂ ᠮᠣᠯᠧᠺᠦ᠋ᠯ ᠤᠨ ᠲᠠᠷᠬᠠᠭᠠᠯᠲᠠ ᠶᠢᠨ ᠲᠣᠤᠷ ᠰᠦᠯᠵᠢᠶ᠎ᠡ ᠪᠠ ᠰᠢᠨᠡᠬᠡᠨ ᠣᠶᠢᠷ᠎ᠠ ᠶᠢᠨ ᠬᠠᠯᠳᠠᠪᠤᠷᠢᠯᠠᠭ᠎ᠠ ᠶᠢ ᠵᠠᠳᠠᠯᠬᠤ ᠵᠡᠷᠭᠡ ᠶᠢ ᠠᠰᠢᠭᠯᠠᠨ᠂ ᠰᠢᠨ᠎ᠡ ᠪᠠᠷ ᠮᠡᠳᠡᠭᠦᠯᠦᠭᠰᠡᠨ ᠬᠠᠯᠳᠠᠪᠤᠷᠢᠯᠠᠭᠳᠠᠭᠰᠠᠳ ᠤᠨ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠪᠠ ᠲᠠᠷᠬᠠᠭᠠᠯᠲᠠ ᠶᠢᠨ ᠲᠦᠭᠰᠢᠭᠦᠷᠢ ᠶᠢᠨ ᠮᠠᠭᠠᠳᠯᠠᠯᠲᠠ ᠶᠢ ᠭᠦᠨᠵᠡᠭᠡᠶ ᠥᠷᠨᠢᠭᠦᠯᠵᠦ᠂ ᠲᠥᠷᠥᠯ ᠬᠤᠪᠢᠶᠠᠨ ᠵᠢᠯᠤᠭᠤᠳᠤᠨ ᠨᠦᠯᠦᠬᠡᠯᠡᠬᠦ ᠶᠢ ᠠᠬᠢᠭᠤᠯᠤᠨ᠎ᠠ᠃ ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠢ ᠢᠳᠡᠪᠬᠢᠲᠡᠶ ᠵᠣᠬᠢᠴᠠᠭᠤᠯᠵᠤ᠂ ᠲᠠᠭᠠᠨ ᠤᠶᠢᠯᠠᠭᠠᠵᠦ ᠴᠢᠳ᠋ᠬᠠᠰᠠᠨ ᠦᠬᠡᠢ ᠡᠪᠡᠳᠴᠢᠨ ᠤ ᠵᠢᠱᠢᠶᠡᠨ ᠤ ᠮᠡᠳᠡᠭᠡ ᠵᠠᠩᠭᠢ ᠶᠢ ᠴᠠᠭ ᠲᠤᠬᠠᠶ ᠳᠤ ᠨᠢ ᠣᠶᠢᠯᠠᠭᠠᠨ ᠡᠵᠡᠮᠰᠢᠵᠦ᠂ ᠡᠪᠡᠳᠴᠢᠨ ᠤ ᠵᠢᠱᠢᠶᠡᠨ ᠤ ᠬᠠᠮᠢᠶᠠᠷᠤᠯᠲᠠ ᠶᠢᠨ ᠨᠣᠷᠮ᠎ᠠ ᠶᠢ ᠳᠡᠭᠡᠭᠰᠢᠯᠡᠭᠦᠯᠬᠦ ᠬᠡᠷᠡᠭᠲᠡᠶ᠃
︵ᠭᠤᠷᠪᠠ︶ ᠡᠮᠨᠡᠨ ᠵᠠᠰᠠᠬᠤ ᠪᠠ ᠠᠪᠤᠷᠠᠨ ᠲᠤᠰᠠᠯᠠᠬᠤ ᠶᠢ ᠠᠬᠢᠭᠤᠯᠵᠤ᠂ ᠸᠢᠷᠦ᠋ᠰ ᠢ ᠡᠰᠡᠷᠭᠦᠴᠡᠬᠦ ᠲᠠᠯ᠎ᠠ ᠪᠠᠷ ᠬᠢ ᠡᠮᠨᠡᠨ ᠵᠠᠰᠠᠬᠤ ᠦᠷ᠎ᠡ ᠪᠦᠳᠦᠮᠵᠢ ᠶᠢ ᠳᠡᠭᠡᠭᠰᠢᠯᠡᠭᠦᠯᠦᠨ᠎ᠡ
1. ᠸᠢᠷᠦ᠋ᠰ ᠢ ᠡᠰᠡᠷᠭᠦᠴᠡᠬᠦ ᠡᠮᠨᠡᠯᠬᠡ ᠵᠠᠰᠠᠯᠭ᠎ᠠ ᠶᠢ ᠴᠢᠨᠠᠷ ᠰᠠᠶᠢᠲᠠᠶ ᠥᠷᠨᠢᠭᠦᠯᠦᠨ᠎ᠡ᠃ ᠪᠠᠶᠢᠴᠠᠭᠠᠨ ᠰᠢᠨᠵᠢᠬᠦ᠂ ᠣᠨᠣᠰᠢᠯᠠᠬᠤ᠂ ᠡᠮᠨᠡᠨ ᠵᠠᠰᠠᠬᠤ ᠲᠠᠯ᠎ᠠ ᠳᠤ ︽ᠨᠢᠭᠡ ᠥᠷᠲᠡᠭᠡᠴᠢᠯᠡᠭᠰᠡᠨ ᠮᠠᠶ᠋ᠢᠭ︾ ᠤᠨ ᠦᠢᠯᠡᠴᠢᠯᠡᠭᠡ ᠶᠢ ᠪᠥᠬᠦ ᠲᠠᠯ᠎ᠠ ᠪᠠᠷ ᠳᠡᠯᠭᠡᠷᠡᠭᠦᠯᠵᠦ᠂ ᠡᠮᠴᠢᠯᠡᠭᠡ ᠪᠠ ᠰᠡᠷᠭᠡᠶᠢᠯᠡᠯᠲᠡ ᠶᠢ ᠬᠠᠮᠵᠢᠯᠴᠠᠭᠤᠯᠬᠤ᠂ ᠡᠮᠴᠢᠯᠡᠭᠡ ᠪᠠ ᠰᠡᠷᠭᠡᠶᠢᠯᠡᠯᠲᠡ ᠶᠢ ᠠᠭᠤᠰᠤᠯᠴᠠᠭᠤᠯᠬᠤ ᠲᠤᠷᠰᠢᠯᠲᠠ ᠶᠢ ᠢᠳᠡᠪᠬᠢᠲᠡᠶ ᠠᠬᠢᠭᠤᠯᠤᠨ᠎ᠠ᠃ ᠰᠢᠯᠵᠢᠬᠦᠯᠦᠨ ᠡᠮᠨᠡᠬᠦ ᠪᠠ ᠬᠠᠮᠲᠤᠷᠠᠨ ᠣᠨᠣᠰᠢᠯᠠᠬᠤ ᠲᠣᠭᠲᠠᠴᠠ ᠶᠢ ᠪᠦᠷᠢᠨᠰᠢᠬᠦᠯᠵᠦ᠂ ᠰᠢᠨ᠎ᠡ ᠪᠠᠷ ᠮᠡᠳᠡᠭᠦᠯᠦᠭᠰᠡᠨ ᠬᠠᠯᠳᠠᠪᠤᠷᠢᠯᠠᠭᠰᠠᠳ ᠢ ᠡᠷᠲᠡᠬᠡᠨ ᠡᠮᠨᠡᠨ ᠵᠠᠰᠠᠵᠤ᠂ ᠡᠮᠨᠡᠨ ᠵᠠᠰᠠᠭᠠᠳᠤᠢ ᠬᠠᠯᠳᠠᠪᠤᠷᠢᠯᠠᠭᠰᠠᠳ ᠢ ᠳᠠᠶᠢᠴᠢᠯᠠᠨ ᠡᠮᠨᠡᠨ ᠵᠠᠰᠠᠭᠤᠯᠬᠤ ᠬᠡᠷᠡᠭᠲᠡᠶ᠃ ᠣᠨᠳᠣᠤ ᠭᠠᠵᠠᠷ ᠲᠤ ᠬᠢᠭᠰᠡᠨ ᠸᠢᠷᠦ᠋ᠰ ᠢ ᠡᠰᠡᠷᠭᠦᠴᠡᠬᠦ ᠡᠮᠨᠡᠯᠬᠡ ᠵᠠᠰᠠᠯᠭ᠎ᠠ ᠲᠠᠢ ᠵᠤᠯᠭᠠᠯᠳᠤᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠬᠠᠯᠳᠠᠪᠤᠷᠢᠯᠠᠭᠰᠠᠳ ᠢ ᠡᠮᠨᠡᠨ ᠵᠠᠰᠠᠬᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠨ᠎ᠠ᠃ ᠬᠤᠯᠪᠣᠭᠳᠠᠯ ᠪᠥᠬᠦᠶ ᠣᠨᠣᠰᠢᠯᠠᠨ ᠡᠮᠨᠡᠬᠦ ᠵᠦᠭᠯᠡᠭᠦᠷ ᠢ ᠴᠢᠩᠭ᠎ᠠ ᠬᠡᠷᠡᠭᠵᠢᠭᠦᠯᠵᠦ᠂ ᠡᠮᠨᠡᠨ ᠵᠠᠰᠠᠬᠤ ᠶᠢ ᠦᠨᠡᠯᠡᠨ ᠵᠢᠱᠢᠬᠦ ᠂ ᠡᠪᠡᠳᠴᠢᠨ ᠤ ᠪᠠᠶᠢᠳᠠᠯ ᠪᠠ ᠡᠮ ᠳᠤ ᠳᠠᠭᠠᠭᠠᠮᠠᠭᠠᠢ ᠴᠢᠨᠠᠷ ᠢ ᠬᠢᠨᠠᠨ ᠰᠢᠨᠵᠢᠬᠦ ᠪᠠᠨ ᠴᠢᠩᠭᠠᠳᠬᠠᠨ᠂ ᠨᠠᠰᠤᠨ ᠳᠤ ᠭᠦᠷᠦᠭᠰᠡᠳ ᠵᠢᠴᠢ ᠬᠡᠤᠬᠡᠳ ᠤᠨ ᠡᠮᠨᠡᠨ ᠵᠠᠰᠠᠬᠤ ᠲᠥᠰᠦᠯ ᠢ ᠴᠠᠭ ᠲᠤ ᠨᠢ ᠳᠣᠭᠢᠷᠠᠭᠤᠯᠤᠨ ᠰᠢᠯᠢᠳᠡᠭᠵᠢᠭᠦᠯᠦᠨ᠎ᠡ᠃ ᠲᠣᠬᠢᠶᠠᠯ ᠤᠨ ᠴᠢᠨᠠᠷᠲᠠᠶ ᠬᠠᠯᠳᠠᠪᠤᠷᠢᠯᠠᠭ᠎ᠠ ᠶᠢᠨ ᠬᠤᠯᠪᠣᠭᠳᠠᠯ ᠪᠥᠬᠦᠶ ᠠᠪᠤᠷᠠᠨ ᠵᠠᠰᠠᠬᠤ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠰᠦᠷᠢᠶ᠎ᠡ ᠡᠪᠡᠳᠴᠢᠨ ᠵᠡᠷᠭᠡ ᠲᠣᠬᠢᠶᠠᠯ ᠤᠨ ᠴᠢᠨᠠᠷᠲᠠᠶ ᠬᠠᠯᠳᠠᠪᠤᠷᠢᠯᠠᠬᠤ ᠡᠪᠡᠳᠴᠢᠨ ᠡᠮᠭᠡᠭ ᠢ ᠰᠢᠭᠰᠢᠨ ᠪᠠᠶᠢᠴᠠᠭᠠᠬᠤ᠂ ᠣᠨᠣᠰᠢᠯᠠᠬᠤ ᠪᠠ ᠡᠮᠨᠡᠨ ᠵᠠᠰᠠᠬᠤ ᠠᠵᠢᠯ ᠢ ᠰᠠᠶᠢᠲᠤᠷ ᠬᠢᠨ᠎ᠠ᠃ ᠬᠠᠯᠳᠠᠪᠤᠷᠢᠯᠠᠭᠰᠠᠳ ᠢ ᠲᠥᠷᠥᠯ ᠬᠤᠪᠢᠶᠠᠨ ᠬᠠᠮᠢᠶᠠᠷᠬᠤ ᠪᠠᠨ ᠴᠢᠩᠭᠠᠳᠬᠠᠵᠤ᠂ ᠬᠠᠨᠳᠤᠯᠭᠠᠲᠤ ᠴᠢᠨᠠᠷᠲᠠᠶ ᠪᠠᠷ ᠲᠠᠭᠠᠨ ᠤᠶᠢᠯᠠᠭᠠᠵᠦ ᠵᠢᠯᠤᠭᠤᠳᠤᠨ ᠨᠦᠯᠦᠬᠡᠯᠡᠬᠦ ᠦᠢᠯᠡᠴᠢᠯᠡᠭᠡ ᠬᠠᠩᠭᠠᠵᠤ᠂ ᠲᠡᠳᠡᠨ ᠢ ᠰᠢᠮᠳᠠᠭᠤᠯᠵᠤ ᠪᠠᠶᠢᠭᠠᠳ ᠵᠢᠷᠤᠮᠵᠢᠭᠰᠠᠨ ᠡᠮᠨᠡᠯᠬᠡ ᠵᠠᠰᠠᠯᠭ᠎ᠠ ᠬᠢᠯᠭᠡᠬᠦ ᠶᠢᠨ ᠬᠠᠮᠲᠤ ᠬᠤᠷᠢᠴᠠᠯ ᠤᠨ ᠬᠠᠨᠢ ᠳᠤ ᠪᠠᠨ ᠮᠡᠳᠡᠭᠳᠡᠬᠦ ᠵᠢᠴᠢ ᠪᠤᠰᠤᠳ ᠲᠤ ᠬᠠᠯᠳᠠᠪᠤᠷᠢᠯᠠᠬᠤ ᠶᠢ ᠰᠡᠷᠭᠡᠶᠢᠯᠡᠬᠦ ᠵᠡᠷᠭᠡ ᠡᠭᠦᠷᠭᠡ ᠶᠢ ᠬᠠᠤᠯᠢ ᠶᠣᠰᠣᠭᠠᠷ ᠭᠦᠢᠴᠡᠳᠬᠡᠯᠬᠡᠨᠡ᠃
2. ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠪᠠᠷ ᠡᠮᠨᠡᠨ ᠵᠠᠰᠠᠬᠤ ᠶᠢ ᠢᠳᠡᠪᠬᠢᠲᠡᠶ ᠠᠬᠢᠭᠤᠯᠤᠨ᠎ᠠ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠶᠢᠽ ᠡᠪᠡᠳᠴᠢᠨ ᠢ ᠣᠨᠣᠰᠢᠯᠠᠨ ᠡᠮᠨᠡᠬᠦ ᠠᠵᠢᠯ ᠳᠤ ᠣᠷᠣᠯᠴᠠᠬᠤ ᠲᠣᠭᠲᠠᠴᠠ ᠶᠢ ᠪᠦᠷᠢᠨᠰᠢᠬᠦᠯᠵᠦ᠂ ᠲᠤᠷᠰᠢᠯᠲᠠ ᠶᠢᠨ ᠴᠡᠭ ᠤᠨ ᠲᠥᠷᠥᠯ ᠵᠦᠢᠯ ᠢ ᠦᠷᠭᠦᠯᠵᠢᠯᠡᠨ ᠠᠬᠢᠭᠤᠯᠵᠤ᠂ ᠡᠮᠨᠡᠨ ᠵᠠᠰᠠᠭᠰᠠᠨ ᠡᠮᠴᠢᠯᠡᠭᠡᠨ ᠤ ᠲᠤᠷᠰᠢᠯᠭ᠎ᠠ ᠪᠠᠨ ᠳ᠋ᠦᠩᠨᠡᠨ᠂ ᠬᠢᠲᠠᠳ ︵ᠮᠣᠩᠭᠤᠯ︶ ᠡᠮᠨᠡᠯᠭᠡ᠂ ᠬᠢᠲᠠᠳ ︵ᠮᠣᠩᠭᠤᠯ︶ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠣᠨᠣᠰᠢᠯᠠᠨ ᠡᠮᠨᠡᠬᠦ ᠲᠥᠰᠦᠯ ᠢ ᠲᠡᠭᠦᠯᠳᠡᠷᠵᠢᠭᠦᠯᠵᠦ᠂ ᠡᠮᠨᠡᠨ ᠵᠠᠰᠠᠬᠤ ᠬᠡᠪᠴᠢᠶᠡᠵᠢᠯ ᠢ ᠤᠯᠠᠮ ᠨᠢᠭᠡ ᠠᠯᠬᠤᠮ ᠥᠷᠭᠡᠳᠬᠡᠨ᠎ᠡ᠃
3. ᠬᠠᠯᠳᠠᠪᠤᠷᠢᠯᠠᠭᠰᠠᠳ ᠢ ᠬᠠᠷᠠᠭᠠᠯᠵᠠᠵᠤ ᠲᠡᠩᠬᠡᠷᠡᠭᠦᠯᠦᠨ ᠲᠤᠰᠠᠯᠠᠬᠤ ᠪᠠᠨ ᠴᠢᠩᠭᠠᠳᠬᠠᠨ᠎ᠠ᠃ ᠬᠠᠯᠳᠠᠪᠤᠷᠢᠯᠠᠭᠰᠠᠳ ᠲᠤ ᠬᠠᠶᠢᠷ᠎ᠠ ᠬᠠᠯᠠᠮᠵᠢ ᠪᠠᠷ ᠬᠠᠪᠰᠤᠷᠤᠨ ᠲᠤᠰᠠᠯᠠᠬᠤ᠂ ᠬᠠᠶᠢᠷ᠎ᠠ ᠰᠡᠳᠬᠢᠯᠭᠡ ᠪᠠᠷ ᠳᠡᠮᠵᠢᠬᠦ᠂ ᠠᠵᠢᠯ ᠣᠯᠭᠤᠯᠲᠠ ᠶᠢ ᠵᠢᠯᠣᠭᠤᠳᠬᠤ ᠵᠡᠷᠭᠡ ᠬᠠᠯᠠᠮᠵᠢᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠠᠯᠳᠠᠪᠤᠷᠢᠯᠠᠭᠰᠠᠳ ᠵᠢᠴᠢ ᠲᠡᠳᠡᠨ ᠤ ᠭᠡᠷ ᠪᠦᠯᠢ ᠶᠢᠨ ᠬᠢᠨ ᠤ ᠡᠪᠡᠳᠴᠢᠨ ᠦᠵᠡᠭᠦᠯᠬᠦ᠂ ᠠᠵᠢᠯ ᠤᠯᠬᠤ᠂ ᠰᠤᠷᠭᠠᠭᠤᠯᠢ ᠳᠤ ᠰᠠᠭᠤᠬᠤ ᠵᠡᠷᠭᠡ ᠬᠠᠤᠯᠢ ᠶᠣᠰᠣᠨ ᠤ ᠡᠷᠬᠡ ᠠᠰᠢᠭ ᠢ ᠨᠢ ᠬᠠᠤᠯᠢ ᠶᠣᠰᠣᠭᠠᠷ ᠪᠠᠲᠤᠯᠠᠵᠤ᠂ ᠨᠡᠶᠢᠭᠡᠮ ᠤᠨ ᠭᠠᠳᠠᠭᠤᠷᠴᠢᠯᠠᠯ ᠢ ᠪᠠᠭᠠᠰᠬᠠᠨ᠎ᠠ᠃ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠠᠩᠬ᠎ᠠ ᠤᠨᠤᠰᠢᠯᠬᠠᠴᠢ ᠶᠢᠨ ᠬᠠᠷᠢᠭᠤᠴᠠᠯᠭ᠎ᠠ ᠶᠢᠨ ᠲᠦᠷᠢᠮ ᠢ ᠴᠢᠩᠭᠠᠷᠠᠭᠤᠯᠵᠤ᠂ ᠣᠨᠣᠰᠢᠯᠠᠨ ᠡᠮᠨᠡᠬᠦ ᠦᠢᠯᠡᠴᠢᠯᠡᠭᠡᠨ ᠤ ᠳᠤᠮᠳᠠ ᠢᠯᠡᠷᠡᠭᠦᠯᠦᠭᠰᠡᠨ ᠬᠠᠯᠳᠠᠪᠤᠷᠢᠯᠠᠭᠰᠠᠳ ᠲᠤ ᠣᠨᠣᠰᠢᠯᠠᠨ ᠡᠮᠨᠡᠬᠦ ᠬᠠᠮᠢᠶ᠎ᠠ ᠪᠥᠬᠦᠶ ᠠᠷᠭᠠᠴᠠᠭᠠᠨ ᠰᠶᠢᠳᠪᠦᠷᠢᠯᠡᠬᠦ ᠠᠵᠢᠯ ᠢ ᠰᠠᠶᠢᠲᠤᠷ ᠬᠢᠵᠦ᠂ ᠶᠠᠮᠠᠷᠪᠠ ᠨᠢᠭᠡᠨ ᠤᠴᠢᠷ ᠰᠢᠯᠲᠠᠭᠠᠨ ᠢᠶᠠᠷ ᠰᠢᠯᠲᠠᠭᠯᠠᠬᠤ ᠪᠤᠶᠤ ᠣᠨᠣᠰᠢᠯᠠᠨ ᠡᠮᠨᠡᠬᠦ ᠶᠢ ᠲᠡᠪᠴᠢᠵᠦ ᠪᠣᠯᠬᠤ ᠥᠬᠡᠶ᠃ ᠨᠡᠶᠢᠭᠡᠮ ᠤᠨ ᠪᠠᠲᠤᠯᠠᠭ᠎ᠠ ᠶᠢᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠲᠠᠢ ᠵᠤᠯᠭᠠᠯᠳᠤᠭᠤᠯᠬᠤ ᠪᠠᠨ ᠴᠢᠩᠭᠠᠳᠬᠠᠵᠤ᠂ ᠬᠠᠯᠳᠠᠪᠤᠷᠢᠯᠠᠭᠰᠠᠳ ᠤᠨ ᠦᠨᠳᠦᠰᠦᠨ ᠡᠮᠴᠢᠯᠡᠭᠡ᠂ ᠨᠠᠰᠤᠵᠢᠯ ᠤᠨ ᠦᠨᠳᠦᠰᠦᠨ ᠠᠰᠠᠷᠠᠮᠵᠢ᠂ ᠦᠨᠳᠦᠰᠦᠨ ᠠᠮᠢᠳᠤᠷᠠᠯ ᠵᠡᠷᠭᠡ ᠡᠷᠬᠡ ᠠᠰᠢᠭ ᠢ ᠨᠢ ᠪᠦᠲᠦᠮᠵᠢᠲᠡᠶ ᠪᠠᠲᠤᠯᠠᠨ᠎ᠠ᠃ ᠠᠶᠢᠽ ᠡᠪᠡᠳᠴᠢᠨ ᠠᠴᠠ ᠪᠣᠯᠤᠭᠰᠠᠨ ᠥᠨᠥᠴᠢᠨ ᠬᠡᠦᠬᠡᠳ ᠪᠠ ᠠᠶᠢᠽ ᠡᠪᠡᠳᠴᠢᠨ ᠤ ᠸᠢᠷᠦ᠋ᠰ ᠲᠤ ᠬᠠᠯᠳᠠᠪᠤᠷᠢᠯᠠᠭᠳᠠᠭᠰᠠᠨ ᠬᠡᠦᠬᠡᠳ ᠲᠤ ᠦᠨᠳᠦᠰᠦᠨ ᠠᠮᠢᠳᠤᠷᠠᠯ ᠤᠨ ᠵᠠᠷᠤᠳᠠᠯ ᠢ ᠴᠠᠭ ᠲᠤᠬᠠᠶ ᠳᠤ ᠨᠢ ᠭᠦᠢᠴᠡᠳ ᠲᠤᠭ᠎ᠠ ᠪᠠᠷ ᠤᠯᠭᠤᠵᠦ᠂ ᠠᠶᠢᠽ ᠡᠪᠡᠳᠴᠢᠨ ᠳᠤ ᠨᠥᠯᠥᠭᠡᠯᠡᠭᠳᠡᠭᠰᠡᠨ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠨᠢ ᠭᠦᠢᠴᠡᠳ ᠪᠠᠲᠤᠯᠠᠨ᠎ᠠ᠃
︵ᠳᠥᠷᠪᠡ︶ ᠲᠥᠷᠥᠯ ᠬᠤᠪᠢᠶᠠᠨ ᠵᠢᠯᠣᠭᠤᠳᠬᠤ ᠶᠢ ᠬᠡᠷᠡᠭᠵᠢᠭᠦᠯᠵᠦ᠂ ᠠᠳᠠᠯᠢ ᠪᠤᠰᠤ ᠬᠥᠮᠦᠰ ᠲᠤ ᠬᠠᠨᠳᠤᠯᠭᠠᠲᠤ ᠴᠢᠨᠠᠷᠲᠠᠶ ᠪᠠᠷ ᠰᠡᠷᠭᠡᠶᠢᠯᠡᠨ ᠬᠤᠷᠢᠭᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ
1. ᠡᠬᠡ ᠨᠢᠯᠬ᠎ᠠ ᠶᠢᠨ ᠬᠠᠯᠳᠠᠪᠤᠷᠢᠯᠠᠭ᠎ᠠ ᠶᠢ ᠠᠷᠢᠯᠭᠠᠬᠤ ᠪᠠᠨ ᠲᠦᠷᠭᠡᠳᠬᠡᠨ ᠠᠬᠢᠭᠤᠯᠤᠨ᠎ᠠ᠃ ᠡᠬᠡ ᠨᠢᠯᠬ᠎ᠠ ᠶᠢᠨ ᠬᠠᠯᠳᠠᠪᠤᠷᠢᠯᠠᠭ᠎ᠠ ᠶᠢ ᠤᠷᠢᠳᠴᠢᠯᠠᠨ ᠰᠡᠷᠭᠡᠶᠢᠯᠡᠬᠦ ᠲᠠᠪᠤᠨ ᠱᠠᠲᠤᠨ ᠤ ᠬᠤᠯᠪᠣᠭᠠᠯᠠᠨ ᠬᠥᠳᠡᠯᠦᠯᠴᠡᠬᠦ ᠦᠢᠯᠡᠴᠢᠯᠡᠭᠡᠨ ᠤ ᠲᠣᠭᠲᠠᠯᠴᠠᠭ᠎ᠠ ᠶᠢ ᠪᠦᠷᠢᠨᠰᠢᠬᠦᠯᠵᠤ᠂ ᠡᠬᠡ ᠨᠢᠯᠬᠠᠰ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠰᠢᠯᠢᠳᠡᠭᠵᠢᠭᠦᠯᠵᠦ᠂ ᠬᠠᠯᠳᠠᠪᠤᠷᠢᠲᠤ ᠡᠪᠡᠳᠴᠢᠨ ᠤ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠶᠢ ᠴᠢᠩᠭᠠᠳᠬᠠᠵᠤ᠂ ᠲᠤᠨᠨᠳᠠᠮᠠᠯ ᠪᠤᠰᠤ ᠣᠨᠴᠠᠭᠠᠶ ᠬᠡᠷᠡᠭ ᠢ ᠮᠦᠷᠳᠡᠵᠦ ᠲᠠᠭᠠᠨ ᠤᠶᠢᠯᠠᠭᠠᠬᠤ ᠪᠠ ᠮᠡᠳᠡᠭᠡ ᠵᠠᠩᠭᠢ ᠶᠢ ᠵᠣᠯᠭᠠᠭᠤᠯᠬᠤ ᠲᠣᠭᠲᠠᠴᠠ ᠪᠠᠨ ᠪᠦᠷᠢᠨᠰᠢᠬᠦᠯᠦᠨ᠎ᠠ᠃ ︽ᠨᠢᠭᠡ ᠥᠷᠲᠡᠭᠡᠴᠢᠯᠡᠭᠰᠡᠨ ᠮᠠᠶ᠋ᠢᠭ︾ ᠤᠨ ᠦᠢᠯᠡᠴᠢᠯᠡᠭᠡᠨ ᠤ ᠬᠡᠪ ᠵᠠᠭᠪᠤᠷ ᠢ ᠲᠡᠭᠦᠯᠳᠡᠷᠵᠢᠭᠦᠯᠵᠦ᠂ ᠠᠶᠢᠽ ᠡᠪᠡᠳᠴᠢᠨ ᠳᠤ ᠬᠠᠯᠳᠠᠪᠤᠷᠢᠯᠠᠭᠳᠠᠭᠰᠠᠨ ᠵᠢᠷᠮᠤᠰᠤᠯᠠᠵᠦ ᠭᠦᠩᠬᠡᠵᠢᠬᠦ ᠡᠮᠡᠭᠲᠡᠶ ᠵᠢᠴᠢ ᠭᠦᠩᠬᠡᠵᠢᠭᠰᠡᠨ ᠬᠡᠤᠬᠡᠳ ᠲᠤ ᠨᠢ ᠵᠢᠯᠤᠭᠤᠳᠤᠨ ᠨᠦᠯᠦᠬᠡᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠲᠤᠰᠬᠠᠶ ᠬᠡᠷᠡᠭ ᠤᠨ ᠬᠠᠮᠢᠶᠠᠷᠤᠯᠲᠠ ᠪᠠ ᠵᠢᠷᠮᠦᠰᠦᠯᠡᠭᠰᠡᠨ ᠪᠠᠶᠢᠳᠠᠯ ᠢ ᠬᠢᠨᠠᠨ ᠰᠢᠨᠵᠢᠬᠦ ᠪᠠᠨ ᠴᠢᠩᠭᠠᠳᠬᠠᠵᠤ᠂ ᠡᠷᠲᠡ ᠠᠴᠠ ᠰᠢᠭᠰᠢᠨ ᠪᠠᠶᠢᠴᠠᠭᠠᠬᠤ᠂ ᠡᠷᠲᠡ ᠠᠴᠠ ᠣᠨᠣᠰᠢᠯᠠᠬᠤ ᠦᠢᠯᠡᠴᠢᠯᠡᠭᠡᠨ ᠤ ᠴᠤᠪᠤᠷᠠᠯ ᠢ ᠲᠡᠭᠦᠯᠳᠡᠷᠵᠢᠭᠦᠯᠦᠨ᠂ ᠵᠢᠷᠮᠦᠰᠦᠨ ᠪᠠ ᠬᠦᠩᠭᠡᠵᠢᠭᠰᠡᠨ ᠡᠮᠡᠭᠲᠡᠶ ᠶᠢ ᠪᠠᠶᠢᠴᠠᠭᠠᠨ ᠰᠢᠨᠵᠢᠵᠦ ᠣᠨᠣᠰᠢᠯᠠᠬᠤ ᠴᠠᠭ ᠢ ᠪᠣᠭᠤᠨᠢᠰᠬᠠᠨ᠎ᠠ᠃
2. ᠵᠠᠯᠠᠭᠤᠴᠤᠳ ᠪᠠᠭᠠᠴᠤᠳ ᠤᠨ ᠠᠶᠢᠽ ᠡᠪᠡᠳᠴᠢᠨ ᠢ ᠰᠡᠷᠭᠡᠶᠢᠯᠡᠬᠦ ᠠᠵᠢᠯ ᠢ ᠶᠡᠭᠡ ᠪᠠᠷ ᠠᠬᠢᠭᠤᠯᠤᠨ᠎ᠠ᠃ ᠰᠤᠷᠭᠠᠭᠤᠯᠢ ᠶᠢᠨ ᠠᠶᠢᠽ ᠡᠪᠡᠳᠴᠢᠨ ᠤ ᠬᠢᠵᠢᠭ ᠤᠨ ᠪᠠᠶᠢᠳᠠᠯ ᠤᠨ ᠰᠠᠯᠠᠭ᠎ᠠ ᠮᠥᠴᠢᠷ ᠤᠨ ᠬᠤᠭᠤᠷᠤ ᠬᠤᠭᠤᠷᠣᠨᠳᠣ ᠪᠠᠨ ᠨᠡᠪᠲᠡᠷᠡᠭᠦᠯᠦᠨ ᠮᠡᠳᠡᠭᠡᠯᠡᠬᠦ ᠪᠠ ᠲᠣᠭᠲᠠᠮᠠᠯ ᠬᠤᠭᠤᠴᠠᠭ᠎ᠠ ᠲᠠᠢ ᠪᠠᠷ ᠵᠥᠪᠳᠡᠯᠴᠡᠬᠦ ᠲᠣᠭᠲᠠᠴᠠ ᠶᠢ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠬᠦᠷᠢᠶᠡᠨ ᠳᠠᠬᠢ ᠠᠶᠢᠽ ᠡᠪᠡᠳᠴᠢᠨ ᠲᠠᠢ ᠲᠡᠮᠡᠴᠡᠬᠦ ᠪᠠ ᠠᠶᠢᠽ ᠡᠪᠡᠳᠴᠢᠨ ᠢ ᠰᠡᠷᠭᠡᠶᠢᠯᠡᠬᠦ ᠠᠵᠢᠯᠯᠠᠭᠠᠨ ᠢ ᠠᠬᠢᠭᠤᠯᠤᠨ᠎ᠠ᠃ ᠡᠯ᠎ᠡ ᠲᠥᠷᠥᠯ ᠤᠨ ᠰᠤᠷᠭᠠᠭᠤᠯᠢ ᠶᠢ ᠰᠢᠮᠳᠠᠭᠤᠯᠤᠨ ᠵᠢᠯᠣᠭᠤᠳᠴᠤ ᠪᠠᠶᠢᠭᠠᠳ ᠠᠶᠢᠽ ᠡᠪᠡᠳᠴᠢᠨ ᠤ ᠰᠡᠷᠭᠡᠶᠢᠯᠡᠯᠲᠡ ᠶᠢ ᠰᠤᠷᠭᠠᠨ ᠬᠥᠮᠦᠵᠢᠯ ᠤᠨ ᠲᠥᠯᠥᠪᠯᠡᠭᠡ ᠳᠤ ᠪᠠᠨ ᠣᠷᠣᠭᠤᠯᠵᠤ᠂ ᠡᠩ ᠤᠨ ᠳᠡᠭᠡᠳᠦ ᠵᠡᠷᠭᠡ ᠶᠢᠨ ᠰᠤᠷᠭᠠᠭᠤᠯᠢ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠤᠭᠤᠳ ᠰᠤᠷᠭᠠᠭᠤᠯᠢ ᠶᠢᠨ ᠤᠳᠤᠷᠢᠳᠤᠯᠭ᠎ᠠ ᠪᠠᠷ ᠲᠦᠷᠦᠭᠦᠯᠡᠭᠦᠯᠦᠭᠰᠡᠨ ᠠᠶᠢᠽ ᠡᠪᠡᠳᠴᠢᠨ ᠢ ᠰᠡᠷᠭᠡᠶᠢᠯᠡᠨ ᠬᠤᠷᠢᠭᠯᠠᠬᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠡᠩ ᠤᠨ ᠳᠤᠮᠳᠠᠳᠤ ᠰᠤᠷᠭᠠᠭᠤᠯᠢ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠨᠤᠭᠤᠳ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠮᠡᠳᠡᠯᠭᠡ ᠶᠢ ᠡᠷᠡᠭᠦᠯ ᠴᠢᠬᠢᠷᠠᠭ ᠤᠨ ᠬᠥᠮᠦᠵᠢᠯ ᠤᠨ ᠠᠭᠤᠯᠭ᠎ᠠ ᠳᠤ ᠪᠠᠨ ᠣᠷᠣᠭᠤᠯᠬᠤ ᠬᠡᠷᠡᠭᠲᠡᠶ᠃ ᠰᠤᠷᠭᠠᠭᠤᠯᠢ ᠶᠢᠨ ᠡᠪᠯᠡᠯ ᠤᠨ ᠬᠤᠷᠢᠶ᠎ᠠ᠂ ᠨᠡᠶᠢᠬᠡᠮ ᠤᠨ ᠪᠦᠯᠬᠦᠮ ᠪᠠ ᠰᠠᠶᠢᠨ ᠲᠤᠷᠠᠴᠤᠤᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠤᠷᠤᠭᠴᠢᠳ ᠤᠨ ᠬᠢᠨ ᠤ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠰᠠᠶᠢᠨ ᠳᠤᠷ᠎ᠠ ᠶᠢᠨ ᠠᠵᠢᠯᠯᠠᠭ᠎ᠠ ᠶᠢᠨ ᠤᠬᠠᠭᠤᠯᠭ᠎ᠠ ᠳᠤ ᠣᠷᠣᠯᠴᠠᠬᠤ ᠶᠢ ᠨᠢ ᠰᠠᠶᠢᠨ ᠲᠤᠷᠠᠴᠤᠤᠯ ᠤᠨ ᠦᠢᠯᠡᠴᠢᠯᠡᠭᠡᠨ ᠤ ᠠᠭᠤᠯᠭ᠎ᠠ ᠳᠤ ᠣᠷᠣᠭᠤᠯᠵᠤ᠂ ᠡᠯ᠎ᠡ ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ ᠪᠠᠶᠢᠭᠤᠯᠤᠮᠵᠢ ᠮᠡᠷᠭᠡᠵᠢᠯ ᠤᠨ ᠳᠡᠮᠵᠢᠯᠭᠡ ᠬᠠᠩᠭᠠᠨ᠎ᠠ᠃ ᠵᠠᠯᠠᠭᠤᠴᠤᠳ ᠪᠠᠭᠠᠴᠤᠳ ᠤᠨ ᠪᠡᠯᠭᠡ ᠶᠢᠨ ᠡᠷᠡᠭᠦᠯ ᠮᠡᠨᠳᠦ ᠶᠢᠨ ᠬᠥᠮᠦᠵᠢᠯ ᠢ ᠴᠢᠩᠭᠠᠳᠬᠠᠵᠤ᠂ ᠰᠤᠷᠭᠠᠭᠤᠯᠢ ᠶᠢᠨ ᠭᠦᠷᠢᠶᠡᠨ ᠤ ᠪᠠ ᠭᠠᠳᠠᠨᠠᠬᠢ ᠵᠠᠯᠠᠭᠤᠴᠤᠳ ᠪᠠᠭᠠᠴᠤᠳ ᠤᠨ ᠡᠷᠡᠭᠦᠯ ᠮᠡᠨᠳᠦ ᠪᠣᠯᠪᠠᠰᠤᠨ ᠦᠢᠯᠡ ᠠᠵᠢᠯᠯᠠᠭᠠᠨ ᠤ ᠳᠠᠳᠬᠠᠯ ᠲᠠᠢ ᠪᠣᠯᠬᠤ ᠶᠢ ᠨᠢ ᠠᠬᠢᠭᠤᠯᠵᠤ᠂ ᠲᠦᠭᠰᠢᠭᠦᠷᠢ ᠶᠢᠨ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃
3. ᠢᠳᠡᠷ ᠦᠳᠡᠭᠦᠰ ᠤᠨ ᠥᠩᠭᠡᠨ ᠤ ᠡᠪᠡᠳᠴᠢᠨ ᠠᠶᠢᠽ ᠡᠪᠡᠳᠴᠢᠨ ᠢ ᠰᠡᠷᠭᠡᠶᠢᠯᠡᠬᠦ ᠠᠵᠢᠯ ᠢ ᠢᠳᠡᠪᠬᠢᠲᠡᠶ ᠠᠬᠢᠭᠤᠯᠤᠨ᠎ᠠ᠃ ᠦᠳᠡᠭᠦᠰ ᠤᠨ ᠥᠩᠭᠡᠨ ᠤ ᠡᠪᠡᠳᠴᠢᠨ ᠠᠶᠢᠽ ᠡᠪᠡᠳᠴᠢᠨ ᠤ ᠰᠡᠷᠭᠡᠶᠢᠯᠡᠯᠲᠡ ᠶᠢ ᠦᠳᠡᠭᠦᠰ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠬᠦ᠂ ᠦᠳᠡᠭᠦᠰ ᠤᠨ ᠡᠷᠡᠭᠦᠯ ᠮᠡᠨᠳᠦ ᠶᠢᠨ ᠤᠬᠠᠭᠤᠯᠭ᠎ᠠ ᠶᠢᠨ ᠭᠠᠷᠠᠭ᠂ ᠦᠳᠡᠭᠦᠰ ᠤᠨ ᠰᠡᠳᠬᠢᠴᠡ ᠶᠢᠨ ᠬᠠᠶᠢᠷ᠎ᠠ ᠬᠠᠯᠠᠮᠵᠢ ᠵᠡᠷᠭᠡ ᠠᠵᠢᠯ ᠤᠨ ᠠᠭᠤᠯᠭ᠎ᠠ ᠳᠤ ᠣᠷᠣᠭᠤᠯᠵᠤ᠂ ᠦᠳᠡᠭᠦᠰ ᠢ ᠬᠦᠨᠳᠦᠯᠡᠵᠦ ᠦᠳᠡᠭᠦᠰ ᠢ ᠬᠠᠶᠢᠷᠠᠯᠠᠬᠤ ᠠᠵᠢᠯᠯᠠᠭ᠎ᠠ ᠲᠠᠢ ᠤᠶᠠᠯᠳᠤᠭᠤᠯᠤᠨ ᠡᠷᠡᠭᠦᠯ ᠴᠢᠬᠢᠷᠠᠭ ᠤᠨ ᠬᠦᠮᠦᠵᠢᠯ ᠢ ᠥᠷᠨᠢᠭᠦᠯᠦᠨ᠎ᠡ᠃ ᠣᠯᠠᠨ ᠨᠡᠶᠢᠲᠡ ᠶᠢᠨ ᠦᠢᠯᠡᠴᠢᠯᠡᠭᠡᠨ ᠤ ᠲᠥᠷᠥᠯ ᠵᠦᠢᠯ ᠳᠤ ᠲᠦᠰᠢᠭᠯᠡᠨ᠂ ᠦᠳᠡᠭᠦᠰ ᠤᠨ ᠠᠶᠢᠽ ᠡᠪᠡᠳᠴᠢᠨ ᠤ ᠪᠠᠶᠢᠴᠠᠭᠠᠨ ᠰᠢᠨᠵᠢᠯᠲᠡ ᠶᠢ ᠪᠡᠶ᠎ᠡ ᠶᠢᠨ ᠡᠷᠡᠭᠦᠯ ᠮᠡᠨᠳᠦ ᠶᠢᠨ ᠪᠠᠶᠢᠴᠠᠭᠠᠯᠲᠠ ᠳᠤ ᠣᠷᠣᠭᠤᠯᠵᠤ᠂ ᠣᠯᠠᠨ ᠡᠪᠡᠳᠴᠢᠨ ᠢ ᠬᠠᠮᠳᠤᠷᠠᠭᠤᠯᠤᠨ ᠪᠠᠶᠢᠴᠠᠭᠠᠬᠤ ᠶᠢ ᠬᠡᠷᠡᠭᠵᠢᠭᠦᠯᠦᠨ᠎ᠡ᠃ ᠦᠲᠡᠯᠦᠭᠰᠡᠨ ᠬᠠᠯᠳᠠᠪᠤᠷᠢᠯᠠᠭᠳᠠᠭᠰᠠᠳ ᠲᠤ ᠨᠡᠶᠢᠭᠡᠮ ᠤᠨ ᠬᠠᠶᠢᠷ᠎ᠠ ᠬᠠᠯᠠᠮᠵᠢ ᠭᠦᠷᠲᠡᠬᠡᠬᠦ ᠪᠠᠨ ᠴᠢᠩᠭᠠᠳᠬᠠᠵᠤ᠂ ᠨᠡᠶᠢᠭᠡᠮ ᠤᠨ ᠬᠦᠴᠦᠨ ᠪᠠ ᠰᠠᠶᠢᠨ ᠲᠤᠷᠠᠴᠤᠤᠯ ᠤᠨ ᠤᠷᠢᠳᠴᠢᠯᠠᠨ ᠰᠡᠷᠭᠡᠶᠢᠯᠡᠵᠦ ᠵᠢᠯᠤᠭᠤᠳᠤᠨ ᠨᠦᠯᠦᠬᠡᠯᠡᠬᠦ ᠠᠵᠢᠯ ᠳᠤ ᠣᠷᠣᠯᠴᠠᠬᠤ ᠶᠢ ᠨᠢ ᠵᠣᠷᠢᠭᠵᠢᠭᠤᠯᠵᠤ᠂ ᠢᠳᠡᠷ ᠦᠳᠡᠭᠦᠰ ᠤᠨ ᠠᠮᠤᠷ ᠲᠦᠪᠰᠢᠨ ᠪᠤᠰᠤ ᠬᠤᠷᠢᠴᠠᠯ ᠤᠨ ᠠᠵᠢᠯᠯᠠᠭ᠎ᠠ ᠶᠢ ᠪᠠᠭᠠᠰᠬᠠᠨ᠎ᠠ᠃
︵ᠲᠠᠪᠤ︶ ᠵᠢᠱᠢᠶ᠎ᠡ ᠦᠵᠡᠭᠦᠯᠦᠨ ᠬᠥᠲᠥᠯᠥᠨ ᠵᠢᠯᠣᠭᠤᠳᠬᠤ ᠪᠠᠨ ᠴᠢᠩᠭᠠᠷᠠᠭᠤᠯᠵᠤ᠂ ᠭᠤᠣᠯᠳᠠᠯᠭ᠎ᠠ ᠲᠠᠢ ᠭᠠᠵᠠᠷ ᠣᠷᠣᠨ ᠤ ᠰᠡᠷᠭᠡᠶᠢᠯᠡᠨ ᠵᠠᠰᠠᠬᠤ ᠠᠵᠢᠯ ᠢ ᠠᠬᠢᠭᠤᠯᠤᠨ᠎ᠠ
1. ᠵᠢᠱᠢᠶ᠎ᠡ ᠦᠵᠡᠭᠦᠯᠬᠦ ᠣᠷᠣᠨ ᠤ ᠰᠢᠨ᠎ᠡ ᠶᠢ ᠡᠭᠦᠳᠴᠦ ᠬᠥᠲᠥᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠎ᠠ᠃ ᠡᠯ᠎ᠡ ᠵᠢᠱᠢᠶ᠎ᠡ ᠦᠵᠡᠭᠦᠯᠬᠦ ᠣᠷᠣᠨ ᠨᠢ ᠠᠶᠢᠽ ᠡᠪᠡᠳᠴᠢᠨ ᠤ ᠪᠡᠯᠭᠡ ᠪᠠᠷ ᠳᠠᠮᠵᠢᠨ ᠬᠠᠯᠳᠠᠪᠤᠷᠢᠯᠠᠬᠤ ᠶᠢ ᠬᠤᠷᠢᠭᠯᠠᠬᠤ ᠪᠠᠷ ᠭᠤᠤᠯ ᠰᠢᠪᠲᠤᠯᠤᠯᠲᠠ ᠶᠢᠨ ᠴᠢᠭᠯᠡᠯ ᠪᠣᠯᠭᠠᠵᠤ᠂ ᠡᠷᠡᠭᠲᠡᠶ ᠶᠢᠨ ᠢᠵᠢᠯ ᠭᠦᠢᠰᠦᠳᠡᠨ ᠤ ᠬᠤᠭᠤᠷᠤᠨᠳᠤᠬᠢ ᠬᠤᠷᠢᠴᠠᠯ ᠤᠨ ᠠᠵᠢᠯᠯᠠᠭ᠎ᠠ ᠲᠠᠢ ᠭᠦᠮᠦᠰ ᠵᠡᠷᠭᠡ ᠭᠤᠤᠯᠳᠠᠯᠭ᠎ᠠ ᠲᠠᠢ ᠬᠥᠮᠦᠰ ᠢ ᠰᠡᠷᠭᠡᠶᠢᠯᠡᠨ ᠵᠠᠰᠠᠬᠤ᠂ ᠣᠨᠣᠰᠢᠯᠠᠵᠤ ᠢᠯᠡᠷᠡᠭᠦᠯᠬᠦ ᠶᠢ ᠬᠦᠯᠢᠶᠡᠰᠦᠯᠡᠵᠦ ᠪᠠᠶᠢᠭ᠎ᠠ ᠵᠡᠷᠭᠡ ᠭᠤᠤᠯᠳᠠᠯᠭ᠎ᠠ ᠶᠢᠨ ᠭᠤᠭᠴᠣᠭᠠᠨ ᠤ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠤᠨ ᠣᠯᠠᠨ ᠡᠪᠡᠳᠴᠢᠨ ᠢ ᠬᠠᠮᠲᠤ ᠳᠤ ᠨᠢ ᠰᠡᠷᠭᠡᠶᠢᠯᠡᠬᠦ ᠶᠢ ᠠᠬᠢᠭᠤᠯᠵᠤ᠂ ᠠᠳᠠᠯᠢ ᠪᠤᠰᠤ ᠦᠷᠪᠢᠰᠦᠨ ᠳᠡᠯᠭᠡᠷᠡᠬᠦ ᠬᠢᠷᠢ ᠬᠡᠮᠵᠢᠶ᠎ᠡ᠂ ᠠᠳᠠᠯᠢ ᠪᠤᠰᠤ ᠲᠠᠷᠬᠠᠭᠠᠯᠲᠠ ᠶᠢᠨ ᠣᠨᠴᠠᠯᠢᠭ ᠲᠤ ᠬᠠᠨᠳᠤᠭᠤᠯᠤᠭᠰᠠᠨ ᠠᠵᠢᠯ ᠤᠨ ᠠᠷᠭ᠎ᠠ ᠵᠠᠮ ᠢ ᠰᠦᠪᠡᠭᠴᠢᠯᠡᠵᠦ᠂ ᠥᠪᠡᠷᠮᠢᠴᠡ ᠣᠨᠴᠠᠯᠢᠭ ᠲᠠᠢ᠂ ᠳᠠᠭᠤᠷᠢᠶᠠᠵᠤ ᠪᠣᠯᠬᠤ ᠪᠠ ᠳᠡᠯᠭᠡᠷᠡᠭᠦᠯᠵᠦ ᠪᠣᠯᠬᠤᠶᠢᠴᠠ ᠰᠡᠷᠭᠡᠶᠢᠯᠡᠨ ᠬᠤᠷᠢᠭᠯᠠᠬᠤ ᠬᠡᠪ ᠵᠠᠭᠪᠤᠷ ᠢ ᠪᠣᠶ ᠪᠣᠯᠭᠠᠨ᠎ᠠ᠃
2. ᠭᠤᠣᠯᠳᠠᠯᠭ᠎ᠠ ᠲᠠᠢ ᠭᠠᠵᠠᠷ ᠣᠷᠣᠨ ᠢ ᠰᠡᠷᠭᠡᠶᠢᠯᠡᠨ ᠵᠠᠰᠠᠬᠤ ᠠᠵᠢᠯ ᠢᠶᠠᠨ ᠴᠢᠩᠭᠠᠳᠬᠠᠨ᠎ᠠ᠃ ᠭᠤᠤᠯᠳᠠᠯᠭ᠎ᠠ ᠲᠠᠢ ᠭᠠᠵᠠᠷ ᠣᠷᠣᠨ ᠢ ᠮᠠᠭᠠᠳᠯᠠᠨ ᠲᠤᠨᠨᠲᠠᠭᠠᠬᠤ ᠪᠠᠷᠢᠮᠵᠢᠶ᠎ᠠ ᠪᠠᠨ ᠰᠤᠳᠤᠯᠤᠨ ᠲᠡᠭᠦᠯᠳᠡᠷᠵᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠶᠡᠷᠦᠩᠬᠡᠶᠢᠯᠡᠨ ᠵᠠᠳᠠᠯᠵᠤ ᠰᠤᠳᠤᠯᠤᠨ ᠮᠠᠭᠠᠳᠯᠠᠵᠤ᠂ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠭᠤᠤᠯᠳᠠᠯᠭ᠎ᠠ ᠲᠠᠢ ᠭᠠᠵᠠᠷ ᠣᠷᠣᠨ ᠳᠤ ᠬᠥᠳᠡᠯᠦᠩᠭᠦᠶ ᠪᠠᠷ ᠲᠣᠬᠢᠷᠠᠭᠤᠯᠤᠯᠲᠠ ᠬᠢᠨ᠎ᠡ᠃ ᠭᠤᠤᠯᠳᠠᠯᠭ᠎ᠠ ᠲᠠᠢ ᠭᠠᠵᠠᠷ ᠣᠷᠣᠨ ᠢᠶᠠᠷ ᠲᠣᠭᠲᠠᠭᠠᠭᠰᠠᠨ ᠠᠶᠢᠮᠠᠭ ᠬᠤᠲᠠ ᠪᠠ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠡᠬᠢ ᠪᠠᠶᠠᠯᠢᠭ ᠤᠨ ᠣᠷᠣᠭᠤᠯᠤᠯᠲᠠ ᠪᠠᠨ ᠨᠡᠮᠡᠭᠳᠡᠭᠦᠯᠵᠦ᠂ ︽ᠨᠢᠭᠡ ᠭᠠᠵᠠᠷ ᠣᠷᠣᠨ ᠳᠤ ᠨᠢᠭᠡ ᠲᠦᠰᠦᠯ︾ ᠠᠪᠴᠤ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢ ᠪᠦᠷᠢᠨᠰᠢᠬᠦᠯᠵᠦ᠂ ᠮᠡᠳᠡᠭᠡ ᠵᠠᠩᠭᠢ ᠪᠠᠨ ᠬᠠᠷᠢᠯᠴᠠᠨ ᠨᠡᠪᠲᠡᠷᠡᠯᠴᠡᠬᠦ ᠪᠠ ᠣᠷᠣᠨ ᠪᠦᠰᠡ ᠶᠢᠨ ᠬᠠᠮᠵᠢᠯᠴᠠᠭ᠎ᠠ ᠪᠠᠨ ᠴᠢᠩᠭᠠᠷᠠᠭᠤᠯᠵᠤ᠂ ᠶᠡᠷᠦᠩᠬᠡᠶᠢᠯᠡᠨ ᠵᠢᠯᠣᠭᠤᠳᠴᠤ ᠨᠥᠯᠥᠭᠡᠯᠡᠬᠦ᠂ ᠪᠠᠶᠢᠴᠠᠭᠠᠨ ᠰᠢᠨᠵᠢᠵᠦ ᠡᠮᠨᠡᠨ ᠵᠠᠰᠠᠬᠤ᠂ ᠨᠡᠶᠢᠭᠡᠮ ᠨᠡᠶᠢᠲᠡ ᠪᠠᠷ ᠢᠶᠠᠨ ᠬᠠᠮᠲᠤ ᠪᠠᠷ ᠵᠠᠰᠠᠬᠤ ᠵᠡᠷᠭᠡ ᠠᠵᠢᠯ ᠢ ᠬᠠᠮᠲᠤᠷᠠᠨ ᠥᠷᠨᠢᠭᠦᠯᠦᠨ᠎ᠡ᠃ ᠬᠢᠯᠢ ᠶᠢᠨ ᠪᠣᠭᠤᠮᠲᠠ ᠶᠢᠨ ᠭᠠᠵᠠᠷ ᠣᠷᠣᠨ ᠨᠤᠭᠤᠳ ᠬᠥᠷᠰᠢ ᠵᠡᠷᠭᠡᠯᠡᠳᠡᠭᠡ ᠤᠯᠤᠰ ᠪᠠ ᠭᠠᠵᠠᠷ ᠣᠷᠣᠨ ᠤ ᠪᠠᠨ ᠠᠶᠢᠽ ᠡᠪᠡᠳᠴᠢᠨ ᠤ ᠬᠢᠵᠢᠭ ᠤᠨ ᠪᠠᠶᠢᠳᠠᠯ ᠤᠨ ᠠᠬᠢᠴᠠ ᠶᠢ ᠴᠠᠭ ᠲᠤᠬᠠᠶ ᠳᠤ ᠨᠢ ᠣᠶᠢᠯᠠᠭᠠᠵᠤ᠂ ᠬᠠᠨᠳᠤᠯᠭᠠᠲᠤ ᠴᠢᠨᠠᠷᠲᠠᠶ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠲᠣᠭᠲᠠᠭᠠᠬᠤ ᠬᠡᠷᠡᠭᠲᠡᠶ᠃
︵ᠵᠢᠷᠭᠤᠭ᠎ᠠ︶ ᠶᠡᠷᠦᠩᠬᠡᠶᠢᠯᠡᠨ ᠵᠠᠰᠠᠬᠤ ᠶᠢ ᠭᠦᠨᠵᠡᠭᠡᠶᠢᠷᠡᠭᠦᠯᠵᠦ᠂ ᠰᠡᠷᠭᠡᠶᠢᠯᠡᠨ ᠵᠠᠰᠠᠬᠤ ᠦᠷ᠎ᠡ ᠪᠦᠲᠦᠭᠡᠮᠵᠢ ᠶᠢ ᠪᠠᠬᠢᠵᠢᠭᠦᠯᠦᠨ ᠳᠡᠭᠡᠭᠰᠢᠯᠡᠭᠦᠯᠦᠨ᠎ᠡ
1. ᠨᠡᠶᠢᠭᠡᠮ ᠤᠨ ᠶᠡᠷᠦᠩᠬᠡᠶᠢᠯᠡᠭᠰᠡᠨ ᠵᠠᠰᠠᠯᠲᠠ ᠶᠢ ᠬᠠᠤᠯᠢ ᠶᠣᠰᠣᠭᠠᠷ ᠥᠷᠨᠢᠭᠦᠯᠦᠨ᠎ᠡ᠃ ᠱᠠᠯᠢᠭ ᠵᠠᠪᠬᠠᠢ ᠵᠦᠢᠯ ᠳᠤ ᠬᠤᠯᠪᠤᠨᠨᠳᠠᠬᠤ ᠵᠡᠷᠭᠡ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠶᠢᠽ ᠡᠪᠡᠳᠴᠢᠨ ᠤ ᠲᠠᠷᠬᠠᠭᠠᠯᠲᠠ ᠳᠤ ᠬᠤᠯᠪᠤᠨᠨᠳ᠋ᠬᠠᠰᠠᠨ ᠠᠶᠤᠯᠲᠠᠶ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ ᠰᠢᠢᠳᠪᠦᠷᠢᠯᠡᠨ᠂ ᠠᠶᠢᠽ ᠡᠪᠡᠳᠴᠢᠨ ᠢ ᠵᠣᠷᠢᠭᠤᠳᠠ ᠲᠠᠷᠬᠠᠭᠠᠭᠰᠠᠨ ᠰᠡᠵᠢᠭᠯᠡᠯᠲᠡᠶ ᠬᠡᠷᠡᠭ ᠢ ᠴᠠᠭ ᠲᠤᠬᠠᠶ ᠳᠤ ᠨᠢ ᠬᠠᠤᠯᠢ ᠶᠣᠰᠣᠭᠠᠷ ᠬᠡᠷᠡᠭ ᠪᠣᠯᠭᠠᠨ ᠲᠠᠩᠰᠠᠯᠠᠵᠤ ᠲᠤᠷᠰᠢᠨ ᠪᠠᠶᠢᠴᠠᠭᠠᠨ᠎ᠠ᠃ ᠪᠠᠷᠢᠪᠴᠢᠯᠠᠭᠰᠠᠨ ᠶᠠᠩᠬᠠᠯᠠᠬᠤ ᠪᠠ ᠶᠠᠩᠬᠠᠨ ᠳᠤ ᠣᠷᠣᠬᠤ᠂ ᠣᠯᠠᠭᠤᠯᠠ ᠨᠡᠶᠢᠯᠡᠵᠦ ᠰᠠᠳᠤᠷᠯᠠᠵᠤ ᠵᠠᠪᠬᠠᠶᠢᠷᠠᠬᠤ᠂ ᠬᠤᠤᠷ ᠲᠠᠲᠠᠬᠤ ᠪᠠ ᠬᠤᠣᠷᠲᠤ ᠡᠳ᠋ ᠫᠠᠨᠽᠠᠯᠠᠬᠤ ᠬᠥᠮᠦᠰ ᠲᠤ ᠴᠥᠮ ᠠᠶᠢᠽ ᠡᠪᠡᠳᠴᠢᠨ ᠤ ᠪᠠᠶᠢᠴᠠᠭᠠᠨ ᠰᠢᠨᠵᠢᠯᠲᠡ ᠬᠢᠵᠦ᠂ ᠬᠠᠯᠳᠠᠪᠤᠷᠢᠯᠠᠭᠰᠠᠳ ᠢ ᠭᠤᠤᠯᠳᠠᠯᠭ᠎ᠠ ᠲᠠᠢ ᠬᠠᠮᠢᠶᠠᠷᠤᠯᠲᠠ ᠶᠢᠨ ᠬᠡᠪᠴᠢᠶᠡᠨ ᠳᠤ ᠣᠷᠣᠭᠤᠯᠬᠤ ᠶᠢᠨ ᠬᠠᠮᠲᠤ ᠸᠢᠷᠦ᠋ᠰ ᠢ ᠡᠰᠡᠷᠭᠦᠴᠡᠬᠦ ᠡᠮᠨᠡᠯᠬᠡ ᠵᠠᠰᠠᠯᠭ᠎ᠠ ᠬᠢᠬᠦ ᠬᠡᠷᠡᠭᠲᠡᠶ᠃ ᠨᠡᠶᠢᠭᠡᠮ ᠤᠨ ᠬᠠᠷᠢᠯᠴᠠᠭᠠᠨ ᠤ ᠵᠠᠭᠤᠴᠢᠯᠠᠭᠤᠷ᠂ ᠰᠦᠯᠵᠢᠶᠡᠨ ᠤ ᠲᠠᠪᠴᠠᠩ ᠪᠠ ᠨᠡᠶᠢᠭᠡᠮ ᠤᠨ ᠬᠠᠷᠢᠯᠴᠠᠭᠠᠨ ᠤ ᠵᠥᠭᠡᠯᠡᠨ ᠬᠡᠷᠡᠭᠰᠡᠯ ᠲᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠬᠠᠮᠢᠶ᠎ᠠ ᠪᠥᠬᠦᠶ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ ᠰᠠᠯᠠᠭ᠎ᠠ ᠮᠥᠴᠢᠷ ᠲᠠᠢ ᠬᠠᠮᠵᠢᠯᠴᠠᠨ ᠲᠦᠭᠰᠢᠭᠦᠷᠢ ᠶᠢᠨ ᠰᠠᠨᠠᠭᠤᠯᠤᠮᠵᠢ ᠶᠢᠨ ᠮᠡᠳᠡᠭᠡ ᠵᠠᠩᠭᠢ ᠶᠢ ᠨᠡᠶᠢᠲᠡᠯᠡᠨ᠎ᠡ᠃ ᠬᠠᠤᠯᠢ ᠪᠤᠰᠤ ᠪᠠᠷ ᠴᠢᠰᠤ ᠠᠪᠴᠤ ᠴᠢᠰᠤ ᠬᠠᠩᠭᠠᠬᠤ ᠪᠠ ᠪᠤᠰᠤᠳ ᠢ ᠵᠣᠬᠢᠶᠠᠨ ᠪᠠᠶᠢᠭᠤᠯᠵᠤ ᠴᠢᠰᠤ ᠬᠤᠳᠠᠯᠳᠤᠭᠠᠯᠠᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠠᠤᠯᠢ ᠪᠤᠰᠤ ᠪᠠᠷ ᠡᠮᠴᠢᠯᠡᠬᠦ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠤᠨ᠎ᠠ᠃
2. ᠬᠢᠨᠠᠨ ᠬᠠᠮᠢᠶᠠᠷᠴᠤ ᠪᠠᠶᠢᠭ᠎ᠠ ᠲᠠᠯᠠᠪᠤᠷ ᠭᠠᠵᠠᠷ ᠲᠠᠬᠢ ᠠᠶᠢᠽ ᠡᠪᠡᠳᠴᠢᠨ ᠤ ᠰᠡᠷᠭᠡᠶᠢᠯᠡᠨ ᠵᠠᠰᠠᠯᠲᠠ ᠶᠢ ᠴᠢᠩᠭᠠᠷᠠᠭᠤᠯᠤᠨ᠎ᠠ᠃ ᠬᠢᠨᠠᠨ ᠬᠠᠮᠢᠶᠠᠷᠤᠭᠳᠠᠵᠤ ᠪᠠᠶᠢᠭ᠎ᠠ ᠬᠥᠮᠦᠰ ᠤᠨ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠤᠬᠠᠭᠤᠯᠭ᠎ᠠ ᠬᠥᠮᠦᠵᠢᠯ ᠢ ᠨᠠᠶᠢᠳᠠᠪᠤᠷᠢᠵᠢᠭᠤᠯᠵᠤ᠂ ᠬᠢᠨᠠᠨ ᠬᠠᠮᠢᠶᠠᠷᠴᠤ ᠪᠠᠶᠢᠭ᠎ᠠ ᠲᠠᠯᠠᠪᠤᠷ ᠭᠠᠵᠠᠷ ᠤᠨ ᠬᠢᠨ ᠬᠢᠨᠠᠨ ᠬᠠᠮᠢᠶᠠᠷᠬᠤ ᠬᠤᠭᠤᠴᠠᠭ᠎ᠠ ᠨᠢ ᠭᠤᠷᠪᠠᠨ ᠰᠠᠷ᠎ᠠ ᠠᠴᠠ ᠳᠡᠭᠡᠭᠰᠢ ᠪᠤᠶᠤ ᠬᠢᠨᠠᠨ ᠬᠠᠮᠢᠶᠠᠷᠤᠭᠳᠠᠬᠤ ᠠᠴᠠ ᠪᠠᠨ ᠡᠮᠦᠨ᠎ᠡ ᠶᠠᠩᠬᠠᠯᠬᠠᠰᠠᠨ ᠪᠠ ᠶᠠᠩᠬᠠᠨ ᠳᠤ ᠤᠷᠤᠨᠨᠰᠠᠨ᠂ ᠬᠤᠤᠷ ᠳᠠᠳ᠋ᠬᠠᠰᠠᠨ ᠵᠡᠷᠭᠡ ᠦᠢᠯᠡ ᠠᠵᠢᠯᠯᠠᠭ᠎ᠠ ᠲᠠᠢ ᠬᠢᠨᠠᠨ ᠬᠠᠮᠢᠶᠠᠷᠤᠭᠳᠠᠵᠤ ᠪᠠᠶᠢᠭ᠎ᠠ ᠬᠥᠮᠦᠰ ᠲᠤ ᠴᠥᠮ ᠠᠶᠢᠽ ᠡᠪᠡᠳᠴᠢᠨ ᠤ ᠸᠢᠷᠦ᠋ᠰ ᠤᠨ ᠠᠨᠲ᠋ᠢᠪᠣᠳ ᠤᠨ ᠪᠠᠶᠢᠴᠠᠭᠠᠨ ᠰᠢᠨᠵᠢᠯᠲᠡ ᠬᠢᠵᠦ᠂ ᠬᠠᠯᠳᠠᠪᠤᠷᠢᠯᠠᠭᠰᠠᠳ ᠢ ᠭᠤᠤᠯᠳᠠᠯᠭ᠎ᠠ ᠲᠠᠢ ᠬᠠᠮᠢᠶᠠᠷᠬᠤ ᠬᠡᠪᠴᠢᠶᠡᠨ ᠳᠤ ᠣᠷᠣᠭᠤᠯᠬᠤ ᠶᠢᠨ ᠬᠠᠮᠲᠤ ᠸᠢᠷᠦ᠋ᠰ ᠢ ᠡᠰᠡᠷᠭᠦᠴᠡᠬᠦ ᠡᠮᠨᠡᠯᠬᠡ ᠵᠠᠰᠠᠯᠭ᠎ᠠ ᠥᠷᠨᠢᠭᠦᠯᠬᠦ ᠬᠡᠷᠡᠭᠲᠡᠶ᠃ ᠬᠢᠨᠠᠨ ᠬᠠᠮᠢᠶᠠᠷᠴᠤ ᠪᠠᠶᠢᠭ᠎ᠠ ᠲᠠᠯᠠᠪᠤᠷ ᠭᠠᠵᠠᠷ ᠨᠢ ᠣᠷᠣᠨ ᠨᠤᠲᠤᠭ ᠤᠨ ᠡᠪᠡᠳᠴᠢᠨ ᠡᠮᠭᠡᠭ ᠰᠡᠷᠭᠡᠶᠢᠯᠡᠨ ᠬᠤᠷᠢᠭᠯᠠᠬᠤ ᠪᠠᠶᠢᠭᠤᠯᠤᠮᠵᠢ ᠯᠤᠭ᠎ᠠ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠪᠠᠶᠢᠴᠠᠭᠠᠬᠤ ᠶᠣᠰᠣᠲᠠᠶ ᠪᠦᠬᠦᠨ ᠢ ᠪᠠᠶᠢᠴᠠᠭᠠᠬᠤ ᠶᠢ ᠪᠡᠶᠡᠯᠡᠭᠦᠯᠬᠦ ᠬᠡᠷᠡᠭᠲᠡᠶ᠃ ᠬᠢᠨᠠᠨ ᠬᠠᠮᠢᠶᠠᠷᠤᠯᠲᠠ ᠠᠴᠠ ᠲᠠᠶᠢᠯᠤᠭᠳᠠᠵᠤ ᠲᠠᠯᠠᠪᠤᠷ ᠭᠠᠵᠠᠷ ᠠᠴᠠ ᠭᠠᠷᠤᠭᠰᠠᠨ ᠬᠥᠮᠦᠰ ᠲᠤ ᠴᠠᠭ ᠲᠤᠬᠠᠶ ᠳᠤ ᠨᠢ ᠭᠠᠵᠠᠷ ᠰᠢᠯᠵᠢᠬᠦᠯᠵᠦ ᠡᠮᠨᠡᠨ ᠵᠠᠰᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ᠃
3. ᠬᠤᠣᠷᠲᠤ ᠡᠳ᠋ ᠢ ᠴᠠᠭᠠᠵᠠᠯᠠᠵᠤ ᠠᠶᠢᠽ ᠡᠪᠡᠳᠴᠢᠨ ᠢ ᠰᠡᠷᠭᠡᠶᠢᠯᠡᠬᠦ ᠠᠵᠢᠯ ᠢᠶᠠᠨ ᠦᠷᠭᠦᠯᠵᠢᠯᠡᠨ ᠴᠢᠩᠭᠠᠳᠬᠠᠨ᠎ᠠ᠃ ᠬᠤᠤᠷᠲᠤ ᠡᠳ᠋ ᠴᠠᠭᠠᠵᠠᠯᠠᠬᠤ ᠠᠵᠢᠯ ᠢ ᠠᠶᠢᠽ ᠡᠪᠡᠳᠴᠢᠨ ᠰᠡᠷᠭᠡᠶᠢᠯᠡᠨ ᠵᠠᠰᠠᠬᠤ ᠯᠤᠭ᠎ᠠ ᠨᠢᠭᠲᠠ ᠤᠶᠠᠯᠳᠤᠭᠤᠯᠵᠤ᠂ ᠬᠤᠤᠷᠲᠤ ᠡᠳ᠋ ᠠᠷᠠᠯᠵᠢᠶᠠᠯᠠᠬᠤ ᠨᠡᠶᠢᠭᠡᠮ ᠤᠨ ᠬᠠᠷᠢᠯᠴᠠᠭᠠᠨ ᠤ ᠵᠠᠭᠤᠴᠢᠯᠠᠭᠤᠷ᠂ ᠰᠦᠯᠵᠢᠶᠡᠨ ᠤ ᠲᠠᠪᠴᠠᠩ ᠪᠠ ᠬᠤᠪᠢ ᠬᠥᠮᠦᠨ ᠢ ᠴᠠᠭ ᠲᠤᠬᠠᠶ ᠳᠤ ᠨᠢ ᠢᠯᠭᠠᠷᠠᠭᠤᠯᠵᠤ ᠴᠣᠬᠢᠯᠲᠠ ᠥᠭᠭᠦᠨ᠎ᠡ᠃ ᠡᠮ ᠲᠠᠩ ᠢ ᠳᠤᠷ᠎ᠠ ᠪᠠᠷ ᠬᠡᠷᠡᠭᠯᠡᠬᠦ ᠶᠢ ᠬᠢᠨᠠᠨ ᠰᠢᠨᠵᠢᠬᠦ᠂ ᠣᠨᠴᠠᠭᠠᠶᠢᠯᠠᠨ ᠤᠯᠠᠨ ᠤᠯᠤᠰ ᠤᠨ ᠮᠢᠨᠴᠦᠭᠦᠷᠡᠬᠦᠯᠬᠦ ᠡᠮ ᠤᠨ ᠵᠦᠢᠯ ᠤᠨ ᠵᠠᠬᠢᠷᠤᠨ ᠬᠠᠮᠢᠶᠠᠷᠬᠤ ᠨᠡᠶᠢᠳᠡ ᠶᠢᠨ ᠭᠡᠷ᠎ᠡ ᠳᠤ ᠵᠢᠨᠨᠰᠠᠭᠠᠨ ᠤᠷᠤᠭᠤᠯᠤᠨᠨᠰᠠᠨ ᠦᠬᠡᠢ ᠣᠷᠣᠯᠠᠬᠤ ᠪᠣᠳᠠᠰ ᠲᠠᠬᠢ ᠬᠢᠨᠠᠨ ᠰᠢᠨᠵᠢᠯᠲᠡ ᠪᠠᠨ ᠦᠷᠭᠦᠯᠵᠢᠯᠡᠨ ᠰᠠᠶᠢᠲᠤᠷ ᠬᠢᠵᠦ᠂ ᠮᠢᠨᠴᠦᠭᠦᠷᠡᠭᠦᠯᠬᠦ ᠡᠮ ᠤᠨ ᠵᠦᠢᠯ ᠪᠠ ᠮᠡᠳᠡᠷᠡᠯ ᠤᠨ ᠡᠮ ᠤᠨ ᠵᠦᠢᠯ ᠢ ᠬᠢᠨᠠᠨ ᠡᠵᠡᠮᠳᠡᠬᠦ ᠬᠡᠪᠴᠢᠶ᠎ᠡ ᠳᠤ ᠴᠠᠭ ᠲᠤᠬᠠᠶ ᠳᠤ ᠨᠢ ᠲᠤᠬᠢᠷᠠᠭᠤᠯᠤᠯᠳᠠ ᠬᠢᠵᠦ᠂ ᠳᠤᠷ᠎ᠠ ᠪᠠᠷ ᠭᠡᠷᠡᠭᠯᠡᠭᠳᠡᠵᠦ ᠪᠠᠶᠢᠭ᠎ᠠ ᠪᠣᠳᠠᠰ ᠪᠠ ᠬᠠᠤᠯᠢ ᠪᠤᠰᠤ ᠪᠠᠷ ᠲᠠᠴᠢᠶᠠᠯ ᠬᠦᠳᠡᠯᠭᠡᠬᠦ ᠡᠮ ᠦᠢᠯᠡᠳᠪᠦᠷᠢᠯᠡᠬᠦ ᠪᠠ ᠭᠦᠢᠯᠬᠡᠬᠡᠬᠦ ᠳᠤ ᠬᠠᠤᠯᠢ ᠶᠣᠰᠣᠭᠠᠷ ᠴᠣᠬᠢᠯᠲᠠ ᠥᠭᠬᠦ ᠬᠡᠷᠡᠭᠲᠡᠶ᠃ ᠬᠤᠤᠷ ᠡᠳ᠋ᠯᠡᠬᠦ ᠶᠢ ᠵᠣᠭᠰᠣᠭᠠᠬᠤ ᠡᠮ ᠵᠠᠷᠤᠵᠦ ᠦᠷᠭᠦᠯᠵᠢᠯᠡᠨ ᠡᠮᠨᠡᠬᠦ ᠵᠠᠰᠠᠯᠲᠠ ᠶᠢ ᠬᠤᠤᠷ ᠳᠠᠳ᠋ᠬᠠᠴᠢ ᠶᠢ ᠡᠮᠨᠡᠨ ᠵᠠᠰᠠᠵᠤ ᠵᠣᠭᠰᠣᠭᠠᠬᠤ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠬᠤᠤᠷ ᠡᠳ᠋ᠯᠡᠬᠦ ᠶᠢ ᠵᠣᠭᠰᠣᠭᠠᠬᠤ ᠡᠮ ᠵᠠᠷᠤᠵᠦ ᠦᠷᠭᠦᠯᠵᠢᠯᠡᠨ ᠡᠮᠨᠡᠨ ᠵᠠᠰᠠᠬᠤ ᠡᠮᠴᠢᠯᠡᠭᠡᠨ ᠤ ᠡᠭᠦᠳᠡᠨ ᠡᠮᠨᠡᠯᠭᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠨᠡᠶᠢᠭᠡᠮ ᠲᠣᠭᠤᠷᠢᠭ ᠠᠴᠠ ᠬᠤᠤᠷ ᠡᠳ᠋ᠯᠡᠬᠦ ᠶᠢ ᠵᠣᠭᠰᠣᠭᠠᠬᠤ᠂ ᠠᠯᠪᠠᠳᠠᠯᠭ᠎ᠠ ᠪᠠᠷ ᠲᠤᠰᠠᠭᠠᠷᠯᠠᠵᠤ ᠬᠤᠤᠷ ᠡᠳ᠋ᠯᠡᠬᠦ ᠶᠢ ᠵᠣᠭᠰᠣᠭᠠᠬᠤ᠂ ᠨᠡᠶᠢᠭᠡᠮ ᠲᠣᠭᠤᠷᠢᠭ ᠠᠴᠠ ᠡᠷᠡᠭᠦᠯᠵᠢᠭᠦᠯᠬᠦ ᠶᠢ ᠬᠤᠤᠷ ᠡᠳ᠋ᠯᠡᠬᠦ ᠶᠢ ᠵᠣᠭᠰᠣᠭᠠᠬᠤ ᠡᠮ ᠢᠶᠠᠷ ᠦᠷᠭᠦᠯᠵᠢᠯᠡᠨ ᠡᠮᠨᠡᠬᠦ ᠵᠠᠰᠠᠯᠲᠠ ᠲᠠᠢ ᠵᠤᠯᠭᠠᠯᠳᠤᠭᠤᠯᠬᠤ ᠪᠠ ᠮᠡᠳᠡᠭᠡ ᠵᠠᠩᠭᠢ ᠶᠢ ᠬᠠᠮᠲᠤ ᠳᠤ ᠪᠠᠨ ᠭᠥᠷᠳᠡᠬᠦ ᠲᠣᠭᠲᠠᠴᠠ ᠪᠠᠨ ᠪᠦᠷᠢᠨᠰᠢᠭᠦᠯᠦᠨ᠎ᠡ᠃
ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ
ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠰᠠᠯᠠᠭ᠎ᠠ ᠮᠥᠴᠢᠷ ᠤᠳ ᠬᠠᠮᠵᠢᠯᠴᠠᠭᠰᠠᠨ᠂ ᠨᠡᠶᠢᠭᠡᠮ ᠨᠡᠶᠢᠳᠡ ᠶᠢ ᠳᠠᠶᠢᠴᠢᠯᠠᠭᠰᠠᠨ᠂ ᠪᠥᠬᠦ ᠠᠷᠠᠳ ᠢᠶᠠᠷ ᠢᠶᠠᠨ ᠣᠷᠣᠯᠴᠠᠭᠰᠠᠨ ᠠᠵᠢᠯ ᠤᠨ ᠲᠣᠭᠲᠠᠴᠠ ᠶᠢ ᠪᠦᠷᠢᠨᠰᠢᠬᠦᠯᠦᠨ᠂ ᠡᠯ᠎ᠡ ᠱᠠᠲᠤᠨ ᠤ ᠵᠠᠰᠠᠭ ᠤᠨ ᠣᠷᠳᠣᠨ ᠤ ᠰᠡᠷᠭᠡᠶᠢᠯᠡᠨ ᠵᠠᠰᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠤᠨ ᠵᠣᠬᠢᠴᠠᠭᠤᠯᠬᠤ ᠲᠣᠭᠲᠠᠴᠠ ᠶᠢᠨ ᠦᠢᠯᠡᠳᠦᠯ ᠢ ᠪᠠᠳᠠᠷᠠᠭᠤᠯᠤᠨ᠂ ︽ᠡᠮᠴᠢᠯᠡᠭᠡ᠂ ᠡᠮᠴᠢᠯᠡᠭᠡᠨ ᠤ ᠪᠠᠲᠤᠯᠠᠭ᠎ᠠ᠂ ᠡᠮ ᠡᠮᠨᠡᠯᠭᠡ︾ ᠶᠢᠨ ᠵᠣᠬᠢᠴᠠᠯᠳᠤᠨ ᠬᠥᠭᠵᠢᠬᠦ ᠶᠢ ᠴᠢᠩᠭᠠᠷᠠᠭᠤᠯᠵᠤ᠂ ᠰᠡᠷᠭᠡᠶᠢᠯᠡᠨ ᠵᠠᠰᠠᠬᠤ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠰᠡᠷᠭᠡᠶᠢᠯᠡᠨ ᠵᠠᠰᠠᠬᠤ ᠲᠤᠰᠬᠠᠶ ᠮᠡᠷᠭᠡᠵᠢᠯ ᠤᠨ ᠠᠵᠢᠯᠳᠠᠨ ᠢ ᠭᠦᠢᠴᠡᠳ ᠲᠣᠬᠢᠷᠠᠭᠤᠯᠬᠤ ᠪᠦᠬᠡᠳ ᠰᠢᠯᠢᠳᠡᠭ ᠢ ᠨᠢ ᠲᠣᠬᠢᠷᠠᠭᠤᠯᠵᠤ᠂ ᠰᠡᠷᠭᠡᠶᠢᠯᠡᠨ ᠵᠠᠰᠠᠬᠤ ᠠᠵᠢᠯᠳᠠᠨ ᠢ ᠢᠯᠡᠭᠦᠬᠡᠨ ᠬᠠᠯᠠᠮᠵᠢᠯᠠᠨ ᠬᠠᠶᠢᠷᠠᠯᠠᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠢ ᠲᠣᠭᠲᠠᠭᠠᠯ ᠶᠣᠰᠣᠭᠠᠷ ᠰᠡᠷᠭᠡᠶᠢᠯᠡᠨ ᠵᠠᠰᠠᠬᠤ ᠲᠠᠢ ᠬᠠᠮᠢᠶᠠᠳᠠᠭᠰᠠᠨ ᠣᠷᠣᠭᠤᠯᠤᠯᠲᠠ ᠶᠢᠨ ᠲᠥᠷᠥ ᠶᠢᠨ ᠪᠤᠳᠤᠯᠭ᠎ᠠ ᠵᠢᠴᠢ ᠡᠷᠡᠭᠦᠯ ᠬᠠᠮᠠᠭᠠᠯᠠᠯ ᠬᠢᠵᠢᠭ ᠤᠨ ᠰᠡᠷᠭᠡᠶᠢᠯᠡᠯᠲᠡ ᠶᠢᠨ ᠨᠡᠮᠡᠯᠭᠡ ᠨᠡᠮᠡᠭᠦᠷᠢ ᠵᠡᠷᠭᠡ ᠲᠥᠷᠥ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠬᠤᠯᠠ ᠶᠡᠭᠡ ᠲᠤᠰᠬᠠᠶ ᠵᠦᠢᠯ ᠪᠠ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠦᠩᠭᠦᠨ ᠤ ᠲᠥᠷᠥᠯ ᠵᠦᠢᠯ ᠵᠡᠷᠭᠡ ᠲᠠᠢ ᠤᠶᠠᠯᠳᠤᠭᠤᠯᠤᠨ᠂ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠭᠤᠤᠯᠯᠠᠬᠤ ᠮᠡᠷᠭᠡᠵᠢᠯ ᠪᠠ ᠵᠠᠩᠭᠢᠯᠠᠭ᠎ᠠ ᠶᠢᠨ ᠠᠷᠭ᠎ᠠ ᠪᠣᠳᠣᠯᠭ᠎ᠠ ᠶᠢᠨ ᠰᠤᠳᠤᠯᠭᠠᠨ ᠥᠷᠨᠢᠭᠦᠯᠬᠦ ᠶᠢ ᠳᠡᠮᠵᠢᠵᠦ᠂ ᠦᠷ᠎ᠡ ᠪᠦᠲᠦᠭᠡᠯ ᠢ ᠤᠯᠠᠷᠢᠭᠤᠯᠬᠤ ᠪᠠ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠨ᠎ᠡ᠃
ᠳᠥᠷᠪᠡ᠂ ᠵᠢᠭᠠᠨ ᠵᠢᠯᠣᠭᠤᠳᠤᠯᠭ᠎ᠠ ᠪᠠ ᠦᠨᠡᠯᠡᠨ ᠵᠢᠱᠢᠯᠲᠡ
ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ ᠲᠣᠪᠴᠢᠶ᠎ᠠ ᠨᠢ ᠲᠥᠷᠥ ᠶᠢᠨ ᠶᠠᠪᠤᠳᠠᠯ ᠤᠨ ᠬᠤᠷᠢᠶᠠᠨ ᠤ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠤᠨ ᠺᠣᠮᠢᠰ ᠤᠨ ᠠᠯᠪᠠᠨ ᠬᠡᠷ ᠤᠨ ᠱᠠᠭᠠᠷᠳᠠᠯᠭ᠎ᠠ ᠶᠣᠰᠣᠭᠠᠷ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠪᠠᠶᠢᠴᠠᠭᠠᠨ ᠰᠤᠳᠤᠯᠤᠯᠲᠠ ᠪᠠ ᠵᠢᠯᠣᠭᠤᠳᠣᠯᠭ᠎ᠠ ᠥᠷᠨᠢᠭᠦᠯᠵᠦ᠂ ᠱᠠᠳᠤᠴᠢ ᠴᠢᠨᠠᠷᠲᠠᠶ ᠦᠨᠡᠯᠡᠨ ᠵᠢᠱᠢᠯᠲᠡ ᠪᠠ ᠰᠡᠭᠦᠯᠴᠢ ᠶᠢᠨ ᠬᠤᠭᠤᠴᠠᠭᠠᠨ ᠤ ᠦᠨᠡᠯᠡᠨ ᠵᠢᠱᠢᠯᠲᠡ ᠶᠢ ᠵᠣᠬᠢᠶᠠᠨ ᠪᠠᠶᠢᠭᠤᠯᠤᠨ᠎ᠠ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠥᠬᠦᠢ ᠰᠠᠯᠠᠭ᠎ᠠ ᠮᠥᠴᠢᠷ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠠᠬᠢᠴᠠ ᠪᠠ ᠦᠷ᠎ᠡ ᠪᠦᠲᠦᠭᠡᠮᠵᠢ ᠶᠢ ᠵᠢᠯᠣᠭᠤᠳᠴᠤ ᠦᠨᠡᠯᠡᠨ ᠵᠢᠰᠢᠵᠦ᠂ ᠲᠤᠰ ᠲᠥᠯᠥᠪᠵᠢᠭᠦᠯᠭᠡ ᠶᠢᠨ ᠡᠯ᠎ᠡ ᠵᠦᠢᠯ ᠤᠨ ᠡᠭᠦᠷᠭᠡ ᠶᠢᠨ ᠲᠤᠭᠤᠰᠢᠯᠠᠭᠳᠠᠨ ᠨᠠᠶᠢᠳᠠᠪᠤᠷᠢᠵᠢᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ᠃
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ
2025 ᠣᠨ ᠤ 2 ᠳ᠋ᠤᠭᠠᠷ ᠰᠠᠷ᠎ᠠ ᠶᠢᠨ 20 ᠤ ᠡᠳᠦᠷ ᠳᠠᠷᠤᠮᠠᠯᠯᠠᠨ ᠲᠠᠷᠬᠠᠭᠠᠪᠠ