|
ᠡᠵᠡᠨ ᠬᠤᠷᠤᠭ᠎ᠠ ᠬᠤᠰᠢᠭᠤ ᠨᠢ ᠪᠡᠭᠡᠵᠢᠩ ᠶᠡᠭᠡ ᠰᠤᠷᠭᠠᠭᠤᠯᠢ ᠶᠢᠨ ᠬᠠᠷᠢᠶᠠᠳᠤ ᠰᠤᠷᠭᠠᠭᠤᠯᠢ ᠯᠤᠭ᠎ᠠ ᠬᠠᠮᠲᠤᠷᠠᠯᠴᠠᠨ ᠰᠤᠷᠭᠠᠭᠤᠯᠢ ᠡᠷᠬᠢᠯᠡᠬᠦ ᠶᠢ ᠢᠳᠡᠪᠬᠢᠳᠡᠢ | ᠲᠦᠯᠬᠢᠨ ᠠᠬᠢᠭᠤᠯᠵᠤ ᠪᠣᠢ |
|
|
ᠨᠡᠶᠢᠲᠡᠯᠡᠭᠰᠡᠨ ᠴᠠᠭ᠄
2025/4/7
|
|
ᠡᠵᠡᠨ ᠬᠤᠷᠤᠭ᠎ᠠ ᠬᠤᠰᠢᠭᠤ ᠨᠢ ᠪᠡᠭᠡᠵᠢᠩ ᠶᠡᠭᠡ ᠰᠤᠷᠭᠠᠭᠤᠯᠢ ᠶᠢᠨ ᠬᠠᠷᠢᠶᠠᠳᠤ ᠰᠤᠷᠭᠠᠭᠤᠯᠢ ᠯᠤᠭ᠎ᠠ ᠬᠠᠮᠲᠤᠷᠠᠯᠴᠠᠨ ᠰᠤᠷᠭᠠᠭᠤᠯᠢ ᠡᠷᠬᠢᠯᠡᠬᠦ ᠶᠢ ᠢᠳᠡᠪᠬᠢᠳᠡᠢ ᠲᠦᠯᠬᠢᠨ ᠠᠬᠢᠭᠤᠯᠵᠤ ᠪᠣᠢ᠃ 2 ᠳ᠋ᠤᠭᠠᠷ ᠰᠠᠷ᠎ᠠ ᠶᠢᠨ 28 ᠤ ᠡᠳᠤᠷ᠂ ᠤᠷᠳᠤᠰ ᠬᠤᠳᠠ ᠶᠢᠨ ᠵᠠᠰᠠᠭ ᠤᠨ ᠤᠷᠳᠤᠨ ᠵᠢᠴᠢ ᠡᠵᠡᠨ ᠬᠤᠷᠤᠭ᠎ᠠ ᠬᠤᠰᠢᠭᠤᠨ ᠤ ᠵᠠᠰᠠᠭ ᠤᠨ ᠤᠷᠳᠤᠨ ᠨᠢ ᠪᠡᠭᠡᠵᠢᠩ ᠶᠡᠭᠡ ᠰᠤᠷᠭᠠᠭᠤᠯᠢ ᠵᠢᠴᠢ ᠬᠠᠮᠢᠶ᠎ᠠ ᠪᠦᠬᠦᠢ ᠬᠠᠷᠢᠶᠠᠳᠤ ᠰᠤᠷᠭᠠᠭᠤᠯᠢ ᠨᠤᠭᠤᠳ ︵ᠪᠡᠭᠡᠵᠢᠩ ᠶᠡᠭᠡ ᠰᠤᠷᠭᠠᠭᠤᠯᠢ ᠶᠢᠨ ᠬᠠᠷᠢᠶᠠᠳᠤ ᠳᠤᠮᠳᠠᠳᠤ ᠰᠤᠷᠭᠠᠭᠤᠯᠢ᠂ ᠬᠠᠷᠢᠶᠠᠳᠤ ᠪᠠᠭ᠎ᠠ ᠰᠤᠷᠭᠠᠭᠤᠯᠢ᠂ ᠬᠠᠷᠢᠶᠠᠳᠤ ᠬᠡᠦᠬᠡᠳ ᠤᠨ ᠴᠡᠴᠡᠷᠯᠢᠭ︶ ᠯᠤᠭ᠎ᠠ ᠬᠠᠮᠲᠤᠷᠠᠯᠴᠠᠨ ᠰᠤᠷᠭᠠᠭᠤᠯᠢ ᠡᠷᠬᠢᠯᠡᠬᠦ ᠵᠦᠪᠯᠡᠯᠴᠡᠭᠡᠷ ᠳᠣᠬᠢᠷᠠᠯᠴᠠᠪᠠ᠃ ᠡᠵᠡᠨ ᠬᠤᠷᠤᠭ᠎ᠠ ᠬᠤᠰᠢᠭᠤ ᠨᠢ ᠪᠡᠭᠡᠵᠢᠩ ᠶᠡᠭᠡ ᠰᠤᠷᠭᠠᠭᠤᠯᠢ ᠶᠢᠨ ᠰᠤᠷᠭᠠᠨ ᠬᠥᠮᠦᠵᠢᠯ ᠤᠨ ᠰᠢᠯᠢᠳᠡᠭ ᠡᠬᠢ ᠪᠠᠶᠠᠯᠢᠭ ᠢ ᠣᠷᠣᠭᠤᠯᠤᠨ ᠠᠪᠴᠢᠷᠠᠭᠠᠳ ︽3 ᠵᠢᠯ ︵ᠬᠡᠤᠬᠡᠳ ᠤᠨ ᠴᠡᠴᠡᠷᠯᠢᠭ︶ + 6 ᠵᠢᠯ ︵ᠪᠠᠭ᠎ᠠ ᠰᠤᠷᠭᠠᠭᠤᠯᠢ︶ + 3 ᠵᠢᠯ ︵ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ︶ + 3 ᠵᠢᠯ ︵ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ︶︾ ᠢᠶᠠᠷ ᠲᠥᠪᠯᠡᠷᠡᠭᠦᠯᠵᠦ ᠪᠠᠶᠢᠭᠠᠳ ᠰᠣᠳᠣᠨ ᠴᠢᠳᠠᠪᠤᠷᠢᠲᠠᠨ ᠢ ᠬᠥᠮᠦᠵᠢᠭᠦᠯᠬᠦ ᠲᠥᠯᠥᠪᠯᠡᠭᠡ ᠶᠢ ᠴᠣᠭᠴᠠᠯᠠᠬᠤ ᠪᠠᠷ ᠪᠣᠢ᠃ ᠣᠳᠣᠬᠠᠨ ᠳᠤ᠂ ᠪᠡᠭᠡᠵᠢᠩ ᠶᠡᠭᠡ ᠰᠤᠷᠭᠠᠭᠤᠯᠢ ᠶᠢᠨ ᠬᠠᠷᠢᠶᠠᠲᠤ ᠪᠠᠭ᠎ᠠ ᠰᠤᠷᠭᠠᠭᠤᠯᠢ ᠶᠢᠨ ᠣᠷᠳᠣᠰ ᠲᠠᠬᠢ ᠬᠤᠪᠢᠶᠠᠷᠢ ᠰᠤᠷᠭᠠᠭᠤᠯᠢ ᠪᠠ ᠪᠡᠭᠡᠵᠢᠩ ᠶᠡᠭᠡ ᠰᠤᠷᠭᠠᠭᠤᠯᠢ ᠶᠢᠨ ᠬᠠᠷᠢᠶᠠᠲᠤ ᠬᠡᠤᠬᠡᠳ ᠤᠨ ᠴᠡᠴᠡᠷᠯᠢᠭ ᠤᠨ ᠣᠷᠳᠣᠰ ᠲᠠᠬᠢ ᠬᠤᠪᠢᠶᠠᠷᠢ ᠴᠡᠴᠡᠷᠯᠢᠭ ᠨᠢ 2025 ᠣᠨ ᠤ ᠰᠤᠷᠤᠯᠭ᠎ᠠ ᠶᠢᠨ ᠵᠢᠯ ᠤᠨ ᠳᠡᠭᠡᠳᠦ ᠬᠤᠭᠤᠴᠠᠭᠠᠨ ᠠᠴᠠ ᠡᠬᠢᠯᠡᠨ ᠵᠢᠩᠬᠢᠨᠢ ᠪᠠᠷ ᠰᠣᠷᠣᠭᠴᠢ ᠡᠯᠰᠡᠬᠦ ᠪᠠᠷ ᠲᠣᠭᠲᠠᠵᠤ᠂ ᠲᠦᠷᠦᠭᠦᠤ ᠪᠦᠯᠦᠭ ᠤᠨ ᠬᠠᠮᠢᠶᠠᠷᠤᠯᠲᠠ ᠶᠢᠨ ᠪᠦᠯᠬᠦᠮ ᠤᠨ ᠭᠡᠰᠢᠭᠦᠳ᠂ ᠭᠤᠤᠯᠯᠠᠭᠴᠢ ᠪᠠᠭᠰᠢ ᠪᠠ ᠰᠢᠨᠵᠢᠯᠡᠭᠡᠨ ᠤ ᠰᠠᠯᠠᠭᠠᠨ ᠤ ᠳᠠᠭᠠᠭᠤᠯᠤᠭᠴᠢᠳ ᠨᠢ 2025 ᠣᠨ ᠤ ᠰᠤᠷᠤᠯᠭ᠎ᠠ ᠶᠢᠨ ᠵᠢᠯ ᠤᠨ ᠳᠡᠭᠡᠳᠦ ᠬᠤᠭᠤᠴᠠᠭᠠᠨ ᠳᠤ ᠲᠤᠰᠬᠠᠢ ᠲᠤᠰᠢᠶᠠᠯᠲᠤ ᠪᠠᠭᠰᠢ ᠨᠠᠷ ᠠᠵᠢᠯ ᠤᠨ ᠪᠠᠶᠢᠷᠢ ᠳᠤ ᠪᠠᠨ ᠭᠠᠷᠤᠨ᠎ᠠ︔ ᠪᠦᠬᠦ ᠤᠯᠤᠰ ᠤᠨ ᠬᠡᠪᠴᠢᠶᠡᠨ ᠳᠤ ᠰᠢᠯᠢᠳᠡᠭ ᠪᠠᠭᠰᠢ ᠶᠢ ᠡᠯᠰᠡᠬᠦ ᠠᠵᠢᠯ ᠢᠶᠠᠨ ᠨᠢᠭᠡᠨᠲᠡ ᠡᠬᠢᠯᠡᠭᠦᠯᠪᠡ᠃ ᠪᠡᠭᠡᠵᠢᠩ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠶᠢᠨ ᠣᠷᠳᠣᠰ ᠲᠠᠬᠢ ᠰᠤᠷᠭᠠᠭᠤᠯᠢ ᠶᠢ 2026 ᠣᠨ ᠤ ᠰᠤᠷᠤᠯᠭ᠎ᠠ ᠶᠢᠨ ᠵᠢᠯ ᠤᠨ ᠳᠡᠭᠡᠳᠦ ᠬᠤᠭᠤᠴᠠᠭᠠᠨ ᠳᠤ ᠵᠢᠩᠬᠢᠨᠢ ᠪᠠᠷ ᠠᠰᠢᠭᠯᠠᠯᠲᠠ ᠳᠤ ᠣᠷᠤᠭᠤᠯᠬᠤ ᠪᠠᠷ ᠵᠢᠱᠢᠵᠦ ᠪᠣᠢ᠃ ︵ᠡᠵᠡᠨ ᠬᠤᠷᠤᠭ᠎ᠠ ᠬᠤᠰᠢᠭᠤᠨ ᠤ ᠵᠠᠰᠠᠭ ᠤᠨ ᠣᠷᠳᠣᠨ︶ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|