|
ᠰᠢᠯᠢ ᠶᠢᠨ ᠭᠤᠣᠯ ᠠᠶᠢᠮᠠᠭ ᠤᠨ ᠬᠢᠨ ᠳᠥᠷᠪᠡᠨ ᠠᠷᠭ᠎ᠠ ᠬᠡᠮᠵᠢᠶ᠎ᠡ ᠶᠢᠨ ᠠᠬᠢᠭᠤᠯᠤᠯ ᠢᠶᠠᠷ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ | ᠬᠢᠨᠠᠨ ᠵᠥᠪᠰᠢᠶᠡᠷᠡᠬᠦ ᠬᠤᠷᠳᠤᠴᠠ ᠶᠢ ᠳᠠᠬᠢᠨᠲᠠ ᠲᠦᠷᠭᠡᠳᠬᠡᠪᠡ |
|
|
ᠨᠡᠶᠢᠲᠡᠯᠡᠭᠰᠡᠨ ᠴᠠᠭ᠄
2025/4/7
|
|
ᠰᠢᠯᠢ ᠶᠢᠨ ᠭᠤᠣᠯ ᠠᠶᠢᠮᠠᠭ ᠤᠨ ᠬᠢᠨ ᠳᠥᠷᠪᠡᠨ ᠠᠷᠭ᠎ᠠ ᠬᠡᠮᠵᠢᠶ᠎ᠡ ᠶᠢᠨ ᠠᠬᠢᠭᠤᠯᠤᠯ ᠢᠶᠠᠷ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠬᠤᠷᠳᠤᠴᠠ ᠶᠢ ᠳᠠᠬᠢᠨᠲᠠ ᠲᠦᠷᠭᠡᠳᠬᠡᠪᠡ᠃ ᠨᠢᠭᠡ ᠳᠤ᠂ ᠲᠥᠷᠥᠯ ᠵᠦᠢᠯ ᠵᠥᠪᠰᠢᠶᠡᠷᠡᠭᠦᠯᠬᠦ ᠳᠤ ᠬᠡᠷᠡᠭᠯᠡᠬᠦ ᠭᠠᠵᠠᠷ ᠤᠨ ᠲᠥᠯᠦᠪᠵᠢᠭᠦᠯᠭᠡ ᠶᠢᠨ ᠵᠥᠪᠰᠢᠶᠡᠷᠡᠯ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠵᠥᠪᠰᠢᠶᠡᠷᠡᠯ᠂ ᠪᠠᠷᠢᠯᠭ᠎ᠠ ᠪᠠᠷᠢᠬᠤ ᠵᠥᠪᠰᠢᠶᠡᠷᠡᠯ᠂ ᠪᠠᠷᠢᠯᠭ᠎ᠠ ᠳᠠᠭᠤᠰᠴᠤ ᠰᠢᠯᠭᠠᠨ ᠠᠪᠬᠤ ᠵᠡᠷᠭᠡ ᠳᠥᠷᠪᠡᠨ ᠶᠡᠭᠡ ᠱᠠᠲᠤ ᠦᠶ᠎ᠡ ᠶᠢ ᠬᠠᠮᠵᠢᠯᠴᠠᠭᠤᠯᠤᠨ ᠬᠠᠮᠲᠤ ᠳᠤ ᠨᠢ ᠠᠬᠢᠭᠤᠯᠬᠤ ᠬᠡᠪ ᠵᠠᠭᠪᠤᠷ ᠪᠣᠯᠭᠠᠨ ᠨᠡᠶᠢᠳᠬᠡᠵᠦ᠂ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ 51% ᠪᠠᠷ ᠪᠠᠭᠠᠰᠬᠠᠪᠠ᠃ ᠬᠤᠶᠠᠷ ᠲᠤ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠰᠢᠰᠲ᠋ᠧᠮ ᠤᠨ 3.0 ᠬᠡᠪᠯᠡᠯ ᠤᠨ ᠲᠠᠰ ᠳᠡᠪᠰᠢᠭᠦᠯᠬᠦ ᠶᠢ ᠪᠡᠶᠡᠯᠡᠭᠦᠯᠵᠦ᠂ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ᠂ ᠬᠤᠰᠢᠭᠤ ᠰᠢᠶᠠᠨ ᠳᠥᠷᠪᠡᠨ ᠱᠠᠲᠤᠨ ᠤ ᠳ᠋ᠠᠶᠢᠲ᠋ᠠ ᠶᠢᠨ ᠨᠡᠪᠲᠡᠷᠡᠯ ᠵᠠᠮ ᠢ ᠭᠤᠯᠳᠤ ᠪᠠᠷ ᠨᠠᠪᠲᠠᠷᠡᠭᠦᠯᠵᠦ᠂ 12 ᠰᠠᠯᠠᠭ᠎ᠠ ᠮᠥᠴᠢᠷ ᠤᠨ ᠬᠢᠨ ᠳ᠋ᠠᠶᠢᠲ᠋ᠠ ᠶᠢ ᠴᠠᠭ ᠲᠤᠬᠠᠢ ᠳᠤ ᠨᠢ ᠬᠠᠮᠲᠤ ᠡᠳ᠋ᠯᠡᠬᠦ ᠶᠢ ᠬᠥᠨᠳᠡᠯᠡᠨ ᠢᠶᠠᠷ ᠠᠬᠢᠭᠤᠯᠵᠤ᠂ ᠬᠢᠨᠠᠨ ᠵᠥᠪᠰᠢᠶᠡᠷᠡᠭᠰᠡᠨ ᠦᠷ᠎ᠡ ᠳ᠋ᠦᠩ ᠢ ᠠᠵᠤ ᠠᠬᠤᠶᠢᠯᠠᠯ ᠨᠢ ᠰᠦᠯᠵᠢᠶ᠎ᠡ ᠪᠠᠷ ᠳᠠᠮᠵᠢᠨ ᠣᠯᠵᠤ ᠪᠣᠯᠣᠨ᠎ᠠ᠃ ᠭᠤᠷᠪᠠ ᠳᠤ᠂ ︽ᠮᠡᠳᠡᠭᠳᠡᠬᠦ ᠠᠮᠠᠯᠠᠯᠲᠠ + ᠮᠠᠲ᠋ᠧᠷᠢᠶᠠᠯ ᠳᠤᠲᠠᠭᠤᠳᠠᠭᠰᠠᠨ ᠢ ᠠᠭᠤᠴᠢᠯᠠᠨ ᠬᠦᠯᠢᠶᠡᠨ ᠠᠪᠴᠤ ᠰᠢᠢᠳᠪᠦᠷᠢᠯᠡᠬᠦ︾ ᠲᠣᠭᠲᠠᠴᠠ ᠶᠢ ᠬᠡᠷᠡᠭᠵᠢᠭᠦᠯᠵᠦ᠂ ᠬᠢᠨᠠᠨ ᠵᠥᠪᠰᠢᠶᠡᠷᠡᠬᠦ ᠬᠤᠭᠤᠴᠠᠭ᠎ᠠ ᠶᠢ ᠳᠤᠮᠳᠠᠴᠢ ᠪᠠᠷ 70% ᠪᠠᠷ ᠪᠣᠭᠤᠨᠢᠰᠬᠠᠵᠤ᠂ ᠣᠳᠣᠬᠠᠨ ᠳᠤ ᠨᠢᠭᠡᠨᠲᠡ 5365 ᠬᠢᠨᠠᠨ ᠵᠥᠪᠰᠢᠶᠡᠷᠡᠬᠦ ᠵᠦᠢᠯᠡᠰ ᠤᠨ ︽ᠠᠮᠠᠯᠠᠯᠲᠠ ᠪᠠᠨ ᠭᠦᠢᠴᠡᠳᠬᠡᠮᠡᠭᠴᠡ ᠠᠵᠢᠯ ᠢᠶᠠᠨ ᠡᠬᠢᠯᠡᠭᠦᠯᠵᠦ ᠪᠣᠯᠬᠤ︾ ᠶᠢ ᠪᠡᠶᠡᠯᠡᠭᠦᠯᠪᠡ᠃ ᠳᠥᠷᠪᠡ ᠳᠤ᠂ ᠭᠠᠯ ᠤᠨᠲᠠᠷᠠᠭᠠᠬᠤ ᠵᠡᠷᠭᠡ 8 ᠵᠦᠢᠯ ᠤᠨ ᠰᠢᠯᠭᠠᠨ ᠠᠪᠬᠤ ᠵᠦᠢᠯᠡᠰ ᠢ ᠨᠡᠶᠢᠳᠬᠡᠵᠦ᠂ ᠠᠵᠤ ᠠᠬᠤᠶᠢᠯᠠᠯ ᠤᠳ ᠨᠢᠭᠡ ᠯᠡ ᠤᠳᠠᠭ᠎ᠠ ᠭᠤᠶᠤᠴᠢᠯᠠᠯ ᠳᠡᠪᠰᠢᠭᠦᠯᠪᠡᠯ ᠣᠯᠠᠨ ᠰᠠᠯᠠᠭ᠎ᠠ ᠮᠥᠴᠢᠷ ᠤᠳ ᠬᠤᠯᠪᠣᠭᠠᠯᠠᠵᠤ ᠪᠠᠶᠢᠭᠠᠳ ᠲᠤᠬᠠᠢ ᠶᠢᠨ ᠲᠠᠯᠠᠪᠤᠷ ᠲᠤ ᠪᠠᠶᠢᠴᠠᠭᠠᠨ ᠰᠢᠯᠭᠠᠬᠤ ᠶᠢ ᠪᠡᠶᠡᠯᠡᠭᠦᠯᠵᠦ ᠪᠣᠯᠣᠨ᠎ᠠ᠂ ᠲᠥᠷᠥᠯ ᠵᠦᠢᠯ ᠤᠨ ᠪᠠᠷᠢᠯᠭ᠎ᠠ ᠳᠠᠭᠤᠰᠴᠤ ᠰᠢᠯᠭᠠᠨ ᠠᠪᠬᠤ ᠴᠠᠭ ᠤᠨ ᠬᠢᠵᠠᠭᠠᠷ ᠢ 45 ᠠᠵᠢᠯᠯᠠᠬᠤ ᠡᠳᠦᠷ ᠪᠠᠶᠢᠭᠰᠠᠨ ᠠᠴᠠ ᠨᠢ 10 ᠠᠵᠢᠯᠯᠠᠬᠤ ᠡᠳᠦᠷ ᠪᠣᠯᠭᠠᠨ ᠪᠠᠭᠠᠰᠬᠠᠵᠤ᠂ ᠣᠳᠣᠬᠠᠨ ᠳᠤ ᠪᠥᠬᠦ ᠠᠶᠢᠮᠠᠭ ᠤᠨ 781 ᠲᠥᠷᠥᠯ ᠵᠦᠢᠯ ᠢ ᠬᠤᠯᠪᠣᠭᠠᠯᠠᠨ ᠰᠢᠯᠭᠠᠨ ᠠᠪᠬᠤ ᠶᠢ ᠪᠡᠶᠡᠯᠡᠭᠦᠯᠵᠦ᠂ ᠬᠠᠮᠤᠷᠤᠭᠰᠠᠨ ᠨᠣᠷᠮ᠎ᠠ ᠶᠢ 98% ᠳᠤ ᠬᠦᠷᠦᠭᠦᠯᠪᠡ᠃ ︵ᠰᠢᠯᠢ ᠶᠢᠨ ᠭᠤᠣᠯ ᠠᠶᠢᠮᠠᠭ ᠤᠨ ᠵᠠᠬᠢᠷᠭ᠎ᠠ︶ |
|
ᠢᠷᠡᠯᠲᠡ᠄
ᠰᠢᠯᠢ ᠶᠢᠨ ᠭᠤᠣᠯ ᠠᠶᠢᠮᠠᠭ ᠤᠨ ᠵᠠᠬᠢᠷᠭ᠎ᠠ
|