ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ
ᠦᠪᠦᠷ ᠵᠠᠰᠠᠭ ᠲᠠᠷᠬᠠᠭᠠᠭᠰᠠᠨ ﹇2025﹈ 1 ᠳ᠋ᠦ᠋ᠭᠡᠷ ᠲᠣᠭᠠᠲᠤ
2025 ᠣᠨ ᠤ ᠦᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠦᠯᠦᠪᠯᠡᠭᠡ ᠶᠢ
ᠳᠤᠷᠤᠭᠰᠢ ᠪᠠᠭᠤᠯᠭᠠᠬᠤ ᠲᠣᠬᠠᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄
︽2025 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ︾ ᠶᠢ ᠨᠢᠭᠡᠨᠲᠡ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠪᠠᠭᠤᠯᠭᠠᠪᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠲᠦᠭᠡᠶ᠃
2025 ᠣᠨ ᠤ 2 ᠳ᠋ᠤᠭᠠᠷ ᠰᠠᠷ᠎ᠠ ᠶᠢᠨ 5 ᠤ ᠡᠳᠦᠷ
︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
2025 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ
ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠦᠯᠦᠪᠯᠡᠭᠡ
2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠣᠯᠣᠨ᠎ᠠ᠂ ᠮᠦᠨᠴᠦ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠡᠬᠢᠯᠡᠵᠦ ᠪᠠᠶᠢᠷᠢᠰᠢᠭᠤᠯᠬᠤ ᠵᠢᠯ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠬᠢᠭᠡᠳ ᠪᠦᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ 2025 ᠣᠨ ᠤ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠣᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠂ ᠲᠣᠭᠲᠠᠭᠤᠨ ᠤ ᠳᠤᠮᠳᠠ ᠣᠷᠤᠭᠰᠢᠯᠠᠨ ᠳᠠᠪᠰᠢᠬᠤ᠂ ᠲᠥᠪ ᠶᠤᠰᠤ ᠶᠢ ᠪᠠᠷᠢᠮᠲᠠᠯᠠᠨ ᠰᠢᠨ᠎ᠡ ᠶᠢ ᠡᠭᠦᠳᠬᠦ᠂ ᠰᠢᠷᠭᠠᠭᠤ ᠬᠠᠲᠠᠭᠤᠵᠢᠯᠲᠠᠢ ᠠᠵᠢᠯᠯᠠᠬᠤ ᠶᠢ ᠪᠠᠷᠢᠮᠲᠠᠯᠠᠵᠤ᠂ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠦᠯᠦᠪᠯᠡᠨ᠂ ︽ᠨᠢᠭᠡ ᠭᠤᠣᠯ ᠰᠢᠵᠢᠮ ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠮᠣᠩᠭᠤᠯ ᠮᠤᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ᠂ ᠰᠢᠨ᠎ᠡ ᠵᠠᠮ ᠢ ᠨᠡᠭᠡᠭᠡᠵᠦ ᠳᠤᠮᠳᠠ ᠲᠦᠪᠰᠢᠨ ᠳᠤ ᠳᠠᠪᠰᠢᠬᠤ︾ ᠲᠠᠯ᠎ᠠ ᠪᠠᠷ ᠨᠡᠩ ᠶᠡᠭᠡ ᠠᠬᠢᠯᠲᠠ ᠲᠠᠢ ᠪᠣᠯᠭᠠᠬᠤ ᠪᠠᠷ ᠴᠢᠷᠮᠠᠶᠢᠵᠤ᠂ ᠳᠤᠮᠳᠠᠳᠤ ᠤᠯᠤᠰ ᠤᠨ ᠮᠠᠶ᠋ᠢᠭ ᠤᠨ ᠤᠳᠤᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠲᠠᠰᠤᠷᠠᠯᠳᠡ ᠦᠭᠡᠢ ᠪᠢᠴᠢᠭᠯᠡᠨ᠎ᠡ᠃
2025 ᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 6% ᠣᠷᠴᠢᠮ ᠨᠡᠮᠡᠭᠳᠡᠭᠦᠯᠦᠨ᠎ᠡ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠢ 7% ᠣᠷᠴᠢᠮ ᠨᠡᠮᠡᠭᠳᠡᠭᠦᠯᠦᠨ᠎ᠡ︔ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢ 10% ᠣᠷᠴᠢᠮ ᠨᠡᠮᠡᠭᠳᠡᠭᠦᠯᠦᠨ᠎ᠡ︔ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠠᠳᠠᠯᠢ ᠪᠠᠷᠢᠮᠵᠢᠶ᠎ᠠ ᠪᠠᠷ 4% ᠠᠴᠠ ᠳᠡᠭᠡᠭᠰᠢ ᠨᠡᠮᠡᠭᠳᠡᠭᠦᠯᠦᠨ᠎ᠡ︔ ᠬᠤᠳᠠ ᠪᠠᠯᠭᠠᠰᠤᠨ ᠤ 18 ᠲᠦᠮᠡ ᠠᠴᠠ ᠳᠡᠭᠡᠭᠰᠢᠬᠢ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠳᠠ ᠪᠠᠯᠭᠠᠰᠤᠨ ᠤ ᠪᠠᠶᠢᠴᠠᠭᠠᠯᠲᠠ ᠳᠠᠬᠢ ᠠᠵᠢᠯ ᠠᠯᠳᠠᠭᠰᠠᠨ ᠨᠤᠷᠮ᠎ᠠ ᠶᠢ 5.5% ᠣᠷᠴᠢᠮ ᠪᠠᠶᠢᠯᠭᠠᠨ᠎ᠠ︔ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠶ ᠶᠢᠨ ᠨᠡᠮᠡᠭᠳᠡᠯ ᠯᠦᠭᠡ ᠦᠨᠳᠦᠰᠦᠨ ᠳᠤ ᠪᠠᠨ ᠠᠳᠠᠯᠢ ᠪᠠᠶᠢᠯᠭᠠᠨ᠎ᠠ︔ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ ᠬᠠᠩᠰᠢ ᠶᠢᠨ ᠥᠰᠥᠯᠲᠡ ᠶᠢᠨ ᠬᠡᠮᠵᠢᠶ᠎ᠡ ᠶᠢ 2% ᠣᠷᠴᠢᠮ ᠪᠠᠶᠢᠯᠭᠠᠨ᠎ᠠ︔ ᠤᠯᠤᠰ ᠠᠴᠠ ᠪᠠᠭᠤᠯᠭᠠᠭᠰᠠᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠳᠠᠬᠢ ᠡᠨᠧᠷᠭᠢ ᠶᠢᠨ ᠬᠤᠷᠤᠭᠳᠠᠯ ᠤᠨ ᠬᠦᠴᠦᠯᠡᠴᠡ ᠶᠢ ᠪᠠᠭᠤᠷᠠᠭᠤᠯᠬᠤ ᠬᠠᠷᠠᠯᠲᠠ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃
ᠨᠢᠭᠡ᠂ ︽ᠲᠠᠪᠤᠨ ᠶᠡᠭᠡ ᠡᠭᠦᠷᠭᠡ︾ ᠶᠢ ᠬᠦᠴᠦ ᠪᠠᠨ ᠲᠥᠪᠯᠡᠷᠡᠭᠦᠯᠦᠨ ᠨᠠᠶᠢᠳᠠᠪᠤᠷᠢᠵᠢᠭᠤᠯᠵᠤ᠂ ᠪᠥᠬᠦ ᠵᠢᠯ ᠤᠨ ᠡᠭᠦᠷᠭᠡ ᠬᠠᠷᠠᠯᠲᠠ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ
︽ᠲᠠᠪᠤᠨ ᠶᠡᠭᠡ ᠡᠭᠦᠷᠭᠡ︾ ᠶᠢᠨ ᠬᠡᠷᠡᠭᠵᠢᠭᠦᠯᠬᠦ ᠲᠥᠰᠦᠯ ᠳᠤ ᠲᠣᠳᠣᠷᠬᠠᠶᠢᠯᠠᠭᠰᠠᠨ 2025 ᠣᠨ ᠤ ᠬᠠᠷᠠᠯᠲᠠᠲᠤ ᠡᠭᠦᠷᠭᠡ ᠶᠢ ᠡᠷᠡᠰ ᠭᠤᠶᠢᠪᠢᠰᠢ ᠥᠬᠡᠶ ᠪᠡᠶᠡᠯᠡᠭᠦᠯᠦᠨ᠎ᠡ᠃
︵ᠨᠢᠭᠡ︶ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠡᠷᠡᠰ ᠪᠠᠲᠤ ᠪᠠᠬᠢᠵᠢᠭᠦᠯᠦᠨ᠎ᠡ᠃ ︽ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠵᠦ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ ᠲᠥᠯᠥᠪᠵᠢᠭᠦᠯᠭᠡ ᠶᠢᠨ ᠬᠥᠲᠥᠯᠪᠦᠷᠢ︾ ᠶᠢ ᠳᠠᠷᠤᠮᠠᠯᠯᠠᠨ ᠶᠠᠪᠤᠭᠤᠯᠵᠤ᠂ ᠥᠪᠡᠷᠲᠡᠭᠡᠨ ᠵᠠᠰᠠᠬᠤ ᠣᠷᠣᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠲᠦᠷᠢᠮ ᠤᠨ ᠬᠠᠤᠯᠢ ᠲᠣᠭᠲᠠᠭᠠᠬᠤ ᠠᠬᠢᠴᠠ ᠶᠢ ᠲᠦᠷᠭᠡᠳᠬᠡᠨ ᠠᠬᠢᠭᠤᠯᠵᠤ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠶ ᠳᠠᠶᠢᠯᠠᠯᠳᠤᠭᠠᠨ ᠳᠤ ᠴᠢᠬᠤᠯᠠ ᠦᠷ᠎ᠡ ᠪᠦᠲᠦᠭᠡᠯ ᠤᠯᠬᠤ ᠶᠢ ᠠᠬᠢᠭᠤᠯᠤᠨ᠂ 2000 ᠭᠠᠷᠤᠢ ᠲᠦᠮᠡᠨ ᠮᠥ ᠡᠯᠡᠰᠦ ᠶᠢ ᠵᠠᠰᠠᠬᠤ ᠶᠢ ᠪᠡᠶᠡᠯᠡᠭᠦᠯᠵᠦ᠂ ᠡᠯᠡᠰᠦᠨ ᠴᠦᠯ ᠢ ᠰᠤᠨᠳᠠᠯᠠᠭᠰᠠᠨ ᠵᠠᠰᠠᠮᠠᠯ ᠵᠠᠮ ᠢ 2500 ᠺᠢᠯᠣᠮᠧᠲᠷ ᠪᠥᠲᠥᠭᠡᠨ ᠪᠠᠶᠢᠭᠤᠯᠤᠨ᠎ᠠ᠃ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢᠶᠠᠨ ᠨᠢᠭᠡ ᠴᠤᠭᠴᠠᠵᠢᠭᠤᠯᠬᠤ ᠢᠨᠵᠧᠨᠧᠷᠢᠩ ᠢ ᠭᠦᠨᠵᠡᠭᠡᠶ ᠬᠡᠷᠡᠭᠵᠢᠭᠦᠯᠦᠨ᠂ 2024 ᠣᠨ ᠤ 2727 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠲᠦᠷᠦᠯ ᠵᠦᠢᠯ ᠢᠶᠠᠨ ᠪᠦᠬᠦᠨ ᠢ ᠠᠰᠢᠭᠯᠠᠯᠲᠠ ᠳᠤ ᠣᠷᠣᠭᠤᠯᠵᠤ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢ 1500 ᠲᠦᠮᠡᠨ ᠺᠢᠯᠣᠸᠠᠲ ᠰᠢᠨ᠎ᠡ ᠪᠠᠷ ᠪᠠᠶᠢᠭᠤᠯᠵᠤ᠂ 140 ᠲᠦᠮᠡᠨ ᠮᠦ ᠡᠯᠡᠰᠦᠵᠢᠭᠰᠡᠨ ᠭᠠᠵᠠᠷ ᠰᠢᠷᠣᠶ ᠶᠢ ᠵᠠᠰᠠᠨ᠎ᠠ᠃ ᠬᠠᠲᠤᠨ ᠭᠤᠤᠯ ᠤᠨ ᠰᠠᠪᠠ ᠭᠠᠵᠠᠷ ᠤᠨ ᠨᠤᠭᠤ ᠭᠠᠵᠠᠷ ᠤᠨ ᠠᠮᠢ ᠠᠬᠤᠶ ᠶᠢᠨ ᠰᠢᠰᠲ᠋ᠧᠮ ᠪᠠ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠬᠠᠮᠠᠭᠠᠯᠠᠯᠲᠠ ᠶᠢ ᠴᠢᠩᠭᠠᠳᠬᠠᠵᠤ᠂ ᠠᠯᠠᠱᠠ ᠠᠭᠤᠯᠠ ᠪᠠ ᠳᠠᠯᠠᠨ ᠬᠠᠷ᠎ᠠ ᠠᠭᠤᠯᠠ ᠶᠢᠨ ᠤᠯᠤᠰ ᠤᠨ ᠴᠡᠴᠡᠷᠯᠢᠭ ᠢ ᠡᠭᠦᠳᠦᠨ ᠪᠠᠶᠢᠭᠤᠯᠬᠤ ᠶᠢ ᠨᠢ ᠠᠬᠢᠭᠤᠯᠤᠨ᠎ᠠ᠃ ᠦᠩᠭᠡᠷᠡᠭᠰᠡᠨ ᠤ ᠦᠯᠡᠳᠡᠭᠳᠡᠵᠦ ᠢᠷᠡᠭᠰᠡᠨ ᠠᠭᠤᠷᠬᠠᠶ ᠶᠢᠨ ᠠᠮᠢ ᠠᠬᠤᠶ ᠶᠢ ᠰᠡᠷᠭᠦᠭᠡᠬᠦ ᠭᠤᠷᠪᠠᠨ ᠵᠢᠯ ᠤᠨ ᠠᠵᠢᠯᠯᠠᠭᠠᠨ ᠢ ᠠᠬᠢᠭᠤᠯᠤᠨ᠎ᠠ᠃ ᠴᠡᠯᠮᠡᠭ ᠲᠩᠷᠢ᠂ ᠲᠤᠩᠭᠠᠯᠠᠭ ᠤᠰᠤ᠂ ᠴᠡᠪᠡᠷ ᠬᠦᠷᠦᠰᠦᠨ ᠤ ᠬᠠᠮᠠᠭᠠᠯᠠᠯᠲᠠ ᠶᠢᠨ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠬᠦ ᠲᠦᠷᠢᠮ ᠲᠣᠭᠲᠠᠴᠠ ᠶᠢ ᠨᠢ ᠪᠦᠷᠢᠨᠰᠢᠬᠦᠯᠦᠨ᠂ ᠴᠡᠪᠡᠷ ᠰᠠᠶᠢᠨ ᠠᠭᠠᠷ ᠲᠠᠢ ᠡᠳᠦᠷ ᠤᠨ ᠲᠤᠭ᠎ᠠ ᠶᠢᠨ ᠬᠠᠷᠢᠴᠠᠯ ᠢ 90% ᠠᠴᠠ ᠳᠡᠭᠡᠭᠰᠢ ᠪᠠᠶᠢᠯᠭᠠᠵᠤ᠂ ᠤᠯᠤᠰ ᠤᠨ ᠭᠠᠵᠠᠷ ᠳᠡᠭᠡᠷᠡᠬᠢ ᠤᠰᠤ ᠶᠢ ᠰᠢᠯᠭᠠᠨ ᠬᠢᠨᠠᠬᠤ ᠤᠭᠲᠤᠯᠤᠭᠠᠰᠤ ᠳᠠᠬᠢ ᠭᠤᠣᠯᠳᠠᠯᠭ᠎ᠠ ᠪᠣᠯᠬᠤ ᠰᠠᠪᠠ ᠭᠠᠵᠠᠷ ᠤᠨ ᠭᠠᠵᠠᠷ ᠳᠡᠭᠡᠷᠡᠬᠢ ᠤᠰᠤᠨ ᠤ ᠴᠢᠨᠠᠷ ᠤᠨ III ᠲᠦᠷᠦᠯ ᠤᠨ ᠤᠰᠤᠨ ᠴᠣᠭᠴᠠ ᠳᠤ ᠬᠦᠷᠦᠭᠦᠯᠬᠦ ᠪᠤᠶᠤ ᠡᠭᠦᠨ ᠠᠴᠠ ᠰᠠᠶᠢᠨ ᠪᠣᠯᠬᠤ ᠬᠠᠷᠢᠴᠠᠯ ᠢ 70% ᠠᠴᠠ ᠳᠠᠪᠠᠭᠤᠯᠤᠨ᠎ᠠ᠃ ︽ᠠᠷᠪᠠᠨ ᠶᠡᠭᠡ ᠬᠦᠨᠳᠡᠢ︾᠂ ︽ᠬᠥᠯᠦᠨ ᠨᠠᠭᠤᠷ ᠳᠠᠭ᠎ᠠ ᠶᠢᠨ ᠨᠠᠭᠤᠷ ᠤᠯᠠᠭᠠᠨᠰᠤᠬᠠᠢ ᠨᠠᠭᠤᠷ︾ ᠵᠢᠴᠢ ᠴᠠᠭᠠᠨᠨᠠᠭᠤᠷ ᠵᠡᠷᠭᠡ ᠭᠤᠤᠯᠳᠠᠯᠭ᠎ᠠ ᠪᠣᠯᠬᠤ ᠭᠤᠤᠯ ᠨᠠᠭᠤᠷ ᠤᠨ ᠤᠰᠤᠨ ᠤ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠠᠬᠢᠭᠤᠯᠵᠤ᠂ ᠪᠠᠷᠠᠭᠤᠨ ᠯᠢᠶᠣᠤ ᠾᠧ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠰᠡᠷᠭᠦᠯᠲᠡ ᠶᠢ ᠠᠬᠢᠭᠤᠯᠤᠨ᠂ ᠭᠤᠤᠯᠳᠠᠯᠭ᠎ᠠ ᠪᠣᠯᠬᠤ ᠰᠠᠪᠠ ᠭᠠᠵᠠᠷ ᠤᠨ ᠪᠣᠬᠢᠷᠲᠤᠯ ᠭᠠᠳᠠᠭᠰᠢᠯᠠᠭᠤᠯᠬᠤ ᠠᠮᠠᠰᠠᠷ ᠤᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠠᠬᠢᠭᠤᠯᠵᠤ᠂ ᠶᠡᠭᠡ ᠬᠡᠮᠵᠢᠶᠡᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠣᠪᠣᠭᠠᠯᠠᠨ ᠬᠠᠳᠠᠭᠠᠯᠠᠬᠤ ᠨᠡᠶᠢᠲᠡᠯᠢᠭ ᠴᠢᠨᠠᠷᠲᠠᠢ ᠲᠠᠯᠠᠪᠤᠷ ᠭᠠᠵᠠᠷ ᠲᠤ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠦᠨ᠎ᠡ᠃ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠪᠠ ᠥᠪᠡᠷᠲᠡᠭᠡᠨ ᠵᠠᠰᠠᠬᠤ ᠣᠷᠣᠨ ᠤ ᠬᠠᠲᠤᠨ ᠭᠤᠤᠯ ᠤᠨ ᠰᠠᠪᠠ ᠭᠠᠵᠠᠷ ᠤᠨ ᠲᠤᠰᠬᠠᠶ ᠰᠢᠮᠳᠠᠭᠤᠯᠤᠨ ᠪᠠᠶᠢᠴᠠᠭᠠᠯᠲᠠ ᠳᠠᠬᠢ ᠣᠨ ᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠠᠬᠢᠭᠤᠯᠤᠨ ᠪᠡᠶᠡᠯᠡᠭᠦᠯᠦᠨ᠎ᠡ᠃
︵ᠬᠤᠶᠠᠷ︶ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠡᠷᠡᠰ ᠪᠠᠲᠤ ᠪᠠᠬᠢᠵᠢᠭᠦᠯᠦᠨ᠎ᠡ᠃ ᠠᠶᠤᠯ ᠲᠦᠭᠰᠢᠭᠦᠷᠢ ᠶᠢ ᠰᠠᠭᠤᠷᠢ ᠠᠴᠠ ᠨᠢ ᠪᠠᠲᠤᠯᠠᠵᠤ ᠠᠪᠤᠷᠠᠨ ᠲᠤᠰᠠᠯᠠᠬᠤ ᠳᠤ ︽ᠭᠤᠷᠪᠠ ᠶᠢ ᠪᠠᠲᠤᠯᠠᠬᠤ︾ ᠠᠷᠭ᠎ᠠ ᠶᠢ ᠨᠠᠶᠢᠳᠠᠪᠤᠷᠢᠵᠢᠭᠤᠯᠤᠨ᠂ ︽ᠭᠤᠷᠪᠠ ᠶᠢ ᠪᠠᠲᠤᠯᠠᠬᠤ︾ ᠶᠢᠨ ᠲᠤᠰᠬᠠᠶ ᠲᠠᠩᠰᠠ᠂ ᠴᠠᠯᠢᠩ ᠤᠨ ᠲᠤᠰᠬᠠᠶ ᠲᠠᠩᠰᠠ ᠶᠢᠨ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠵᠦ᠂ ︽ᠭᠤᠷᠪᠠ ᠶᠢ ᠪᠠᠲᠤᠯᠠᠬᠤ︾ ᠶᠢᠨ ᠰᠠᠭᠤᠷᠢ ᠱᠤᠭᠤᠮ ᠢ ᠦᠨᠡᠨ ᠬᠦ ᠪᠠᠲᠤ ᠰᠠᠬᠢᠬᠤ ᠬᠡᠷᠡᠭᠲᠡᠢ᠃ ᠤᠯᠤᠰ ᠤᠨ ᠥᠷᠢ ᠥᠭᠴᠡᠭᠡ ᠶᠢ ᠠᠷᠢᠯᠭᠠᠬᠤ ᠳᠤ ᠳᠡᠮᠵᠢᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠳᠠᠬᠢᠨᠳᠠ ᠪᠠᠯᠠ ᠳᠣᠭᠢᠷᠠᠭᠤᠯᠬᠤ ᠵᠢᠭᠡᠯᠡᠯᠭᠡ ᠶᠢᠨ ᠲᠡᠮᠳᠡᠭᠲᠦ ᠪᠠᠷ ᠦᠯᠡᠳᠡᠭᠡᠯ ᠳᠠᠯᠳᠠ ᠥᠭᠴᠡᠭᠡ ᠶᠢ ᠰᠣᠯᠢᠬᠤ ᠠᠵᠢᠯ ᠢᠶᠠᠨ ᠰᠠᠶᠢᠲᠤᠷ ᠬᠢᠵᠦ᠂ ᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠪᠠᠨ ᠪᠥᠬᠦ ᠬᠦᠴᠦᠨ ᠢᠶᠠᠷ ᠢᠶᠠᠨ ᠪᠡᠶᠡᠯᠡᠭᠦᠯᠵᠦ᠂ ᠳᠠᠯᠳᠠ ᠥᠭᠴᠡᠭᠡ ᠶᠢᠨ ᠰᠢᠨ᠎ᠡ ᠪᠠᠷ ᠨᠡᠮᠡᠭᠳᠡᠬᠦ ᠶᠢ ᠴᠢᠩᠭ᠎ᠠ ᠴᠠᠭᠠᠵᠠᠯᠠᠨ᠎ᠠ᠃ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠬᠦ ᠪᠠᠨ ᠴᠢᠩᠭᠠᠷᠠᠭᠤᠯᠵᠤ᠂ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠶᠢᠨ ᠥᠭᠡᠷᠡᠴᠢᠯᠡᠯᠲᠡ ᠪᠠᠷ ᠲᠥᠭᠰᠢᠭᠦᠷᠢ ᠪᠠᠨ ᠠᠷᠢᠯᠭᠠᠬᠤ ᠶᠢ ᠠᠬᠢᠭᠤᠯᠤᠨ᠂ ᠥᠪᠥᠷ ᠮᠣᠩᠭᠤᠯ ᠤᠨ ᠲᠠᠷᠢᠶᠠᠯᠠᠩ ᠬᠤᠳᠠᠯᠳᠤᠭᠠᠨ ᠤ ᠪᠠᠩᠬᠢ ᠶᠢᠨ ᠫᠠᠶᠢᠰᠠ ᠡᠯᠭᠦᠨ ᠠᠵᠢᠯ ᠡᠬᠢᠯᠡᠭᠦᠯᠬᠦ ᠶᠢ ᠠᠬᠢᠭᠤᠯᠵᠤ᠂ ᠲᠦᠭᠰᠢᠭᠦᠷᠢ ᠶᠡᠬᠡᠲᠡᠶ ᠪᠠᠶᠢᠭᠤᠯᠤᠮᠵᠢ ᠶᠢᠨ ᠲᠥᠭᠰᠢᠭᠦᠷᠢ ᠶᠡᠬᠡᠲᠡᠢ ᠵᠡᠷᠭᠡ ᠳᠡᠰ ᠠᠴᠠ ᠪᠤᠴᠠᠵᠤ ᠭᠠᠷᠬᠤ ᠶᠢ ᠦᠷᠭᠦᠯᠵᠢᠯᠡᠨ ᠠᠬᠢᠭᠤᠯᠤᠨ᠎ᠠ᠃ ᠬᠡᠷ ᠪᠠᠶᠢᠰᠢᠩ ᠭᠠᠵᠠᠷ ᠬᠥᠷᠥᠩᠭᠡ ᠶᠢᠨ ᠲᠦᠭᠰᠢᠭᠦᠷᠢ ᠶᠢ ᠲᠥᠷᠥᠯ ᠬᠤᠪᠢᠶᠠᠨ ᠰᠢᠢᠳᠪᠦᠷᠢᠯᠡᠨ ᠠᠷᠢᠯᠭᠠᠵᠤ᠂ ᠴᠠᠭ ᠲᠤ ᠪᠠᠨ ᠪᠠᠲᠤᠯᠠᠨ ᠲᠤᠰᠢᠶᠠᠬᠤ ᠭᠡᠷ ᠪᠠᠶᠢᠰᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠴᠠᠭ ᠲᠤ ᠪᠠᠨ ᠪᠠᠲᠤᠯᠠᠨ ᠲᠤᠰᠢᠶᠠᠬᠤ ᠠᠰᠠᠷ ᠤᠨ ᠰᠡᠭᠦᠯ ᠬᠤᠷᠢᠶᠠᠬᠤ ᠠᠵᠢᠯ ᠪᠠ 5000 ᠢᠵᠢ ᠭᠡᠷ ᠪᠠᠶᠢᠰᠢᠩ ᠢ ᠴᠠᠭ ᠲᠤ ᠪᠠᠨ ᠪᠠᠲᠤᠯᠠᠨ ᠲᠤᠰᠢᠶᠠᠬᠤ ᠡᠭᠦᠷᠭᠡ ᠪᠠᠨ ᠪᠡᠶᠡᠯᠡᠭᠦᠯᠵᠦ᠂ 4000 ᠢᠵᠢ ᠭᠡᠷ ᠪᠠᠶᠢᠰᠢᠩ ᠤᠨ ᠣᠷᠣᠵᠤ ᠰᠠᠭᠤᠬᠤ ᠳᠤ ᠬᠦᠴᠢᠷ᠂ ᠪᠤᠴᠠᠭᠠᠨ ᠨᠡᠭᠦᠯᠭᠡᠬᠦ ᠳᠤ ᠬᠦᠴᠢᠷ ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠦᠯᠡᠳᠡᠭᠡᠯ ᠲᠠᠸᠠᠷ ᠤᠨ ᠬᠡᠷ ᠪᠠᠶᠢᠰᠢᠩ ᠤᠨ ᠰᠢᠢᠳᠪᠦᠷᠢᠯᠡᠬᠦ ᠠᠵᠢᠯ ᠢ ᠠᠬᠢᠭᠤᠯᠤᠨ᠎ᠠ᠃ ᠠᠶᠤᠯ ᠦᠭᠡᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠰᠢᠪᠲᠤᠯᠤᠯᠲᠠ ᠶᠢᠨ ᠭᠤᠷᠪᠠᠨ ᠵᠢᠯ ᠤᠨ ᠠᠵᠢᠯᠯᠠᠭᠠᠨ ᠢ ᠯᠠᠪᠳᠠᠭᠤᠨ ᠢᠶᠠᠷ ᠠᠬᠢᠭᠤᠯᠵᠤ᠂ ᠭᠤᠣᠯᠳᠠᠯᠭ᠎ᠠ ᠪᠣᠯᠬᠤ ᠠᠵᠢᠯ ᠲᠦᠷᠦᠯ ᠤᠨ ᠬᠦᠷᠢᠶᠡᠨ ᠳᠠᠬᠢ ᠠᠮᠦᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠠᠵᠢᠯ ᠢ ᠴᠢᠩᠭᠠᠳᠬᠠᠨ᠂ ᠬᠦᠨᠳᠦ ᠶᠡᠭᠡ ᠠᠳᠡᠯ ᠤᠨ ᠲᠠᠯᠳᠠ ᠭᠡᠮ ᠢ ᠬᠥᠳᠡᠯᠦᠩᠭᠦᠶ ᠪᠠᠷ ᠠᠷᠢᠯᠭᠠᠬᠤ ᠠᠵᠢᠯ ᠢ ᠦᠷᠭᠦᠯᠵᠢᠯᠡᠨ ᠠᠬᠢᠭᠤᠯᠤᠨ᠎ᠠ᠃ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠨ᠎ᠠ᠃ ᠢᠳᠡᠭᠡᠨ ᠪᠠ ᠡᠮ ᠤᠨ ᠵᠦᠢᠯ ᠳᠠᠬᠢ ᠠᠮᠦᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠳᠠᠯᠠᠨ᠎ᠠ᠃ ᠭᠡᠨᠡᠳᠲᠡ ᠡᠭᠦᠰᠦᠭᠰᠡᠨ ᠬᠦᠨᠳᠦ ᠶᠡᠭᠡ ᠤᠯᠠᠨ ᠨᠡᠶᠢᠲᠡ ᠶᠢᠨ ᠬᠡᠷᠡᠭ ᠢ ᠰᠢᠢᠳᠪᠦᠷᠢᠯᠡᠬᠦ ᠪᠠᠲᠤᠯᠠᠭ᠎ᠠ ᠶᠢᠨ ᠲᠣᠭᠲᠠᠯᠴᠠᠭ᠎ᠠ ᠶᠢ ᠪᠦᠷᠢᠨᠰᠢᠭᠦᠯᠦᠨ᠎ᠡ᠃ ᠠᠮᠤᠷ ᠠᠮᠤᠭᠤᠯᠠᠩ ᠥᠪᠥᠷ ᠮᠣᠩᠭᠤᠯ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠠᠬᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢᠶᠠᠨ ᠪᠠᠶᠢᠩᠭᠤᠰᠢᠭᠤᠯᠤᠨ ᠥᠷᠨᠢᠭᠦᠯᠵᠦ᠂ ᠣᠯᠠᠨ ᠨᠡᠶᠢᠲᠡ ᠶᠢᠨ ᠠᠮᠤᠷ ᠲᠦᠪᠰᠢᠨ ᠳᠤ ᠰᠢᠰᠲ᠋ᠧᠮ ᠲᠠᠢ ᠵᠠᠰᠠᠯᠲᠠ ᠬᠢᠬᠦ ᠶᠢ ᠴᠢᠩᠭᠠᠳᠬᠠᠨ᠂ ᠵᠥᠷᠢᠴᠡᠯ ᠲᠦᠭᠰᠢᠭᠦᠷᠢ ᠶᠢ ᠠᠷᠢᠯᠭᠠᠵᠤ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠲᠤᠰᠬᠠᠶ ᠵᠠᠰᠠᠯᠲᠠ ᠶᠢ ᠯᠠᠪᠳᠠᠭᠤᠨ ᠪᠠᠲᠤᠲᠠᠶ ᠥᠷᠨᠢᠭᠦᠯᠦᠨ᠎ᠡ᠃
︵ᠭᠤᠷᠪᠠ︶ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠪᠥᠬᠦ ᠬᠦᠴᠦᠨ ᠢᠶᠠᠷ ᠢᠶᠠᠨ ᠪᠥᠲᠥᠭᠡᠨ ᠪᠠᠶᠢᠭᠤᠯᠤᠨ᠎ᠠ᠃ ᠡᠨᠧᠷᠭᠢ ᠶᠢᠨ ᠦᠢᠯᠡᠳᠪᠦᠷᠢᠯᠡᠯ ᠬᠠᠩᠭᠠᠯᠭ᠎ᠠ ᠪᠠ ᠴᠢᠳᠠᠪᠤᠷᠢ ᠶᠢᠨ ᠨᠥᠭᠡᠴᠡ ᠶᠢ ᠨᠢᠭᠡᠳᠦᠯᠲᠡᠶ ᠲᠥᠯᠥᠪᠯᠡᠵᠦ᠂ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠪᠠ ᠪᠠᠶᠢᠭᠠᠯᠢ ᠶᠢᠨ ᠰᠢᠲᠠᠮᠠᠬᠠᠶ ᠬᠡᠢ ᠶᠢᠨ ᠨᠥᠭᠡᠴᠡ ᠶᠢ ᠨᠡᠮᠡᠭᠳᠡᠭᠦᠯᠦᠨ ᠭᠠᠷᠤᠯᠲᠠ ᠶᠢ ᠨᠢ ᠳᠡᠭᠡᠭᠰᠢᠯᠡᠭᠦᠯᠬᠦ ᠶᠢ ᠦᠷᠭᠦᠯᠵᠢᠯᠡᠨ ᠰᠠᠶᠢᠲᠤᠷ ᠬᠢᠵᠦ᠂ ᠨᠡᠭᠦᠷᠡᠰᠦ ᠶᠢ ᠴᠡᠪᠡᠷ ᠪᠥᠭᠡᠳ ᠥᠨᠳᠥᠷ ᠦᠷ᠎ᠡ ᠪᠦᠲᠦᠮᠵᠢᠲᠡᠶ ᠪᠠᠷ ᠠᠰᠢᠭᠯᠠᠬᠤ ᠶᠢ ᠠᠬᠢᠭᠤᠯᠤᠨ᠂ ᠨᠡᠭᠦᠷᠡᠰᠦᠨ ᠠᠭᠤᠷᠬᠠᠶ ᠶᠢᠨ ᠣᠷᠣᠨ ᠤ ᠶᠡᠷᠦᠩᠬᠡᠶ ᠲᠥᠯᠥᠪᠵᠢᠭᠦᠯᠭᠡ ᠶᠢᠨ ᠴᠣᠬᠤᠯᠠᠪᠤᠷᠢ ᠶᠢ ᠲᠦᠷᠭᠡᠳᠬᠡᠨ ᠠᠬᠢᠭᠤᠯᠵᠤ᠂ ᠤᠯᠤᠰ ᠤᠨ ᠰᠢᠨ᠎ᠡ ᠪᠠᠷ ᠬᠢᠨᠠᠨ ᠵᠥᠪᠰᠢᠶᠡᠷᠡᠭᠰᠡᠨ ᠨᠡᠭᠦᠷᠡᠰᠦᠨ ᠠᠭᠤᠷᠬᠠᠶ ᠶᠢᠨ ᠲᠥᠷᠥᠯ ᠵᠦᠢᠯ ᠢ 3000 ᠲᠦᠮᠡᠨ ᠲᠣᠨ ᠠᠴᠠ ᠳᠡᠭᠡᠭᠰᠢ᠂ ᠪᠥᠬᠦ ᠵᠢᠯ ᠤᠨ ᠨᠡᠭᠦᠷᠡᠰᠦᠨ ᠤ ᠭᠠᠷᠤᠯᠲᠠ ᠶᠢ 12 ᠳ᠋ᠦᠩᠰᠢᠭᠤᠷ ᠲᠣᠨ ᠠᠴᠠ ᠳᠡᠭᠡᠭᠰᠢ ᠳᠤ ᠬᠦᠷᠦᠭᠦᠯᠬᠦ᠂ ᠨᠡᠭᠦᠷᠡᠰᠦᠨ ᠤ ᠦᠢᠯᠡᠳᠪᠦᠷᠢᠯᠡᠬᠦ ᠴᠢᠳᠠᠮᠵᠢ ᠶᠢᠨ ᠨᠥᠭᠡᠴᠡ ᠶᠢ 2000 ᠲᠦᠮᠡᠨ ᠲᠣᠨ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ᠂ ᠲᠦᠭᠦᠬᠡᠶ ᠴᠢᠯᠠᠭᠤᠨ ᠲᠣᠰᠣᠨ ᠤ ᠭᠠᠷᠤᠯᠲᠠ ᠶᠢ 310 ᠲᠦᠮᠡᠨ ᠲᠣᠨ ᠠᠴᠠ ᠳᠡᠭᠡᠭᠰᠢ ᠳᠤ ᠬᠦᠷᠦᠭᠦᠯᠬᠦ᠂ ᠪᠠᠶᠢᠭᠠᠯᠢ ᠶᠢᠨ ᠰᠢᠲᠠᠮᠠᠬᠠᠶ ᠬᠡᠶ ᠶᠢᠨ ᠭᠠᠷᠤᠯᠲᠠ ᠶᠢ 310 ᠳ᠋ᠦᠩᠰᠢᠭᠤᠷ ᠺᠦᠪ ᠮᠧᠲᠷ ᠣᠷᠴᠢᠮ ᠳᠤ ᠲᠣᠭᠲᠠᠪᠤᠷᠢᠵᠢᠭᠤᠯᠬᠤ ᠪᠠᠷ ᠴᠢᠷᠮᠠᠶᠢᠨ᠎ᠠ᠃ ᠨᠡᠭᠦᠷᠡᠰᠦ ᠴᠠᠬᠢᠯᠭᠠᠨ᠂ ᠴᠠᠬᠢᠯᠭᠠᠨ ᠬᠦᠴᠦᠨ ᠤ ᠲᠣᠤᠷ ᠵᠡᠷᠭᠡ ᠡᠨᠧᠷᠭᠢ ᠶᠢᠨ ᠲᠥᠷᠥᠯ ᠵᠦᠢᠯ ᠢ ᠲᠦᠯᠦᠪᠵᠢᠭᠦᠯᠭᠡ ᠳᠤ ᠣᠷᠣᠭᠤᠯᠬᠤ ᠪᠠᠷ ᠲᠦᠷᠭᠡᠳᠬᠡᠨ ᠠᠬᠢᠭᠤᠯᠵᠤ᠂ ᠦᠬᠠᠶ᠂ ᠤᠯᠠᠭᠠᠨᠬᠠᠳᠠ᠂ ᠪᠠᠶᠠᠨᠨᠠᠭᠤᠷ ᠤᠨ ᠤᠰᠤ ᠲᠠᠲᠠᠵᠤ ᠡᠨᠧᠷᠭᠢ ᠨᠦᠬᠡᠴᠡᠯᠡᠬᠦ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠨᠡᠭᠦᠷᠡᠰᠦ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ 400 ᠲᠦᠮᠡᠨ ᠺᠢᠯᠣᠸᠠᠲ ᠠᠴᠠ ᠳᠡᠭᠡᠭᠰᠢ᠂ 500 ᠺᠢᠯᠤᠸᠣᠯᠲ ᠤᠨ ᠴᠠᠬᠢᠯᠭᠠᠨ ᠬᠦᠴᠦᠨ ᠤ ᠲᠣᠤᠷ ᠤᠨ 15 ᠲᠥᠷᠥᠯ ᠵᠦᠢᠯ ᠢ ᠰᠢᠨ᠎ᠡ ᠪᠠᠷ ᠠᠵᠢᠯ ᠡᠬᠢᠯᠡᠭᠦᠯᠵᠦ᠂ ᠴᠠᠬᠢᠯᠭᠠᠨ ᠬᠦᠴᠦᠨ ᠤ ᠬᠡᠷᠡᠭᠴᠡᠭᠡ ᠱᠠᠭᠠᠷᠳᠠᠯᠭ᠎ᠠ ᠶᠢᠨ ᠲᠠᠯ᠎ᠠ ᠶᠢᠨ ᠠᠶᠠᠳᠠᠨ ᠬᠠᠮᠵᠢᠬᠤ ᠳᠠᠭᠠᠬᠤ ᠴᠢᠳᠠᠪᠤᠷᠢ ᠶᠢ ᠬᠠᠮᠤᠭ ᠤᠨ ᠶᠡᠭᠡ ᠴᠠᠬᠢᠯᠭᠠᠨ ᠬᠡᠷᠡᠭᠯᠡᠬᠦ ᠳᠠᠭᠠᠭᠠᠴᠠ ᠶᠢᠨ 5% ᠳᠤ ᠬᠦᠷᠦᠭᠦᠯᠦᠨ᠎ᠡ᠃ ᠰᠢᠨ᠎ᠡ ᠨᠢᠭᠡᠨ ᠡᠭᠡᠯᠵᠢ ᠶᠢᠨ ᠠᠭᠤᠷᠬᠠᠶ ᠬᠠᠶᠢᠬᠤ ᠲᠠᠯ᠎ᠠ ᠪᠠᠷ ᠰᠢᠪᠲᠤᠯᠤᠯᠲᠠ ᠭᠠᠷᠭᠠᠬᠤ ᠪᠠᠶᠢᠯᠳᠤᠬᠤ ᠪᠤᠳᠤᠯᠭ᠎ᠠ ᠶᠢᠨ ᠠᠵᠢᠯᠯᠠᠭᠠᠨ ᠢ ᠬᠦᠴᠦᠲᠡᠢ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠤᠯᠤᠰ ᠠᠴᠠ ᠪᠠᠭᠤᠯᠭᠠᠭᠰᠠᠨ ᠴᠢᠯᠠᠭᠤᠨ ᠲᠤᠰᠤ ᠰᠢᠲᠠᠮᠠᠬᠠᠶ ᠬᠡᠢ ᠶᠢᠨ ᠪᠤᠰᠤ ᠪᠠᠶᠢᠯᠳᠤᠬᠤ ᠪᠤᠳᠤᠯᠭ᠎ᠠ ᠶᠢᠨ ᠴᠢᠨᠠᠷᠲᠠᠶ 13 ᠵᠦᠢᠯ ᠤᠨ ᠠᠭᠤᠷᠬᠠᠶ ᠶᠢᠨ ᠭᠠᠷᠤᠯᠲᠠ ᠶᠢᠨ ᠠᠭᠤᠷᠬᠠᠶ ᠬᠠᠶᠢᠬᠤ ᠡᠭᠦᠷᠭᠡ ᠶᠢ ᠦᠨᠡᠨ ᠬᠦ ᠪᠡᠶᠡᠯᠡᠭᠦᠯᠦᠨ᠎ᠡ᠃
︵ᠳᠥᠷᠪᠡ︶ ᠤᠯᠤᠰ ᠤᠨ ᠴᠢᠬᠤᠯᠠ ᠪᠣᠯᠬᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠲᠦᠷᠭᠡᠳᠬᠡᠨ ᠪᠠᠶᠢᠭᠤᠯᠤᠨ᠎ᠠ᠃ ᠲᠠᠷᠢᠶᠠᠯᠠᠬᠤ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠢ ᠪᠠᠲᠤ ᠰᠠᠬᠢᠵᠤ᠂ ᠲᠠᠷᠢᠶᠠᠯᠠᠬᠤ ᠭᠠᠵᠠᠷ ᠤᠨ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠬᠠᠮᠢᠶᠠᠷᠤᠯᠲᠠ ᠪᠠᠨ ᠴᠢᠩᠳᠠᠯᠠᠨ᠎ᠠ᠃ ᠠᠮᠤ ᠪᠤᠳᠠᠭ᠎ᠠ ᠪᠠ ᠴᠢᠬᠤᠯᠠ ᠪᠣᠯᠬᠤ ᠲᠠᠷᠢᠶᠠᠯᠠᠩ ᠤᠨ ᠪᠦᠲᠦᠭᠡᠭᠳᠡᠬᠦᠨ ᠤ ᠤᠨᠠᠯᠲᠠ ᠶᠢ ᠲᠣᠭᠲᠠᠪᠤᠷᠢᠵᠢᠭᠤᠯᠵᠤ ᠬᠠᠩᠭᠠᠯᠭ᠎ᠠ ᠶᠢ ᠪᠠᠲᠤᠯᠠᠬᠤ ᠠᠵᠢᠯ ᠢᠶᠠᠨ ᠰᠠᠶᠢᠲᠤᠷ ᠠᠳᠬᠤᠵᠤ᠂ ᠠᠮᠤ ᠪᠤᠳᠠᠭ᠎ᠠ ᠨᠥᠭᠡᠴᠡᠯᠡᠬᠦ ᠪᠠᠲᠤᠯᠠᠭ᠎ᠠ ᠶᠢᠨ ᠴᠢᠳᠠᠪᠤᠷᠢ ᠪᠠ ᠴᠠᠭ ᠠᠭᠤᠷ ᠤᠨ ᠭᠠᠮᠰᠢᠭ ᠢ ᠰᠡᠷᠭᠡᠶᠢᠯᠡᠨ ᠬᠤᠷᠢᠭᠯᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠠᠮᠤ ᠪᠤᠳᠠᠭ᠎ᠠ ᠢᠳᠡᠰᠢᠨ ᠲᠣᠰᠣᠨ ᠤ ᠲᠠᠯᠠᠪᠠᠢ ᠨᠢᠭᠡᠴᠢ ᠶᠢᠨ ᠤᠨᠠᠯᠲᠠ ᠶᠢ ᠶᠡᠭᠡ ᠬᠡᠪᠴᠢᠶ᠎ᠡ ᠪᠠᠷ ᠳᠡᠭᠡᠭᠰᠢᠯᠡᠭᠦᠯᠬᠦ ᠠᠵᠢᠯᠯᠠᠭᠠᠨ ᠪᠠ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭᠠᠨ ᠢ ᠭᠦᠨᠵᠡᠭᠡᠶ ᠬᠡᠷᠡᠭᠵᠢᠭᠦᠯᠦᠨ᠂ ᠭᠤᠤᠯ ᠪᠣᠯᠬᠤ ᠲᠠᠷᠢᠮᠠᠯ ᠤᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠵᠢᠱᠢᠶ᠎ᠡ ᠦᠵᠡᠭᠦᠯᠬᠦ ᠣᠷᠣᠨ ᠢ 1000 ᠲᠦᠮᠡᠨ ᠮᠥ᠂ ︽ᠲᠣᠨ ᠤᠨᠠᠯᠲᠠ ᠲᠠᠢ ᠲᠠᠷᠢᠶ᠎ᠠ︾ ᠶᠢ 900 ᠲᠦᠮᠡᠨ ᠮᠥ ᠪᠠᠶᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 850 ᠲᠦᠮᠡᠨ ᠮᠥ᠂ ᠬᠠᠷ᠎ᠠ ᠬᠥᠷᠥᠰᠥ ᠶᠢᠨ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠭ᠎ᠠ ᠶᠢ 2500 ᠲᠦᠮᠡᠨ ᠮᠥ ᠰᠢᠨ᠎ᠡ ᠪᠠᠷ ᠪᠠᠶᠢᠭᠤᠯᠵᠤ᠂ ᠪᠡᠯᠡᠳᠬᠡᠮᠵᠢᠲᠦ ᠲᠠᠷᠢᠶᠠᠯᠠᠩ ᠢ 25 ᠲᠦᠮᠡᠨ ᠮᠥ ᠰᠢᠨ᠎ᠡ ᠪᠠᠷ ᠨᠡᠮᠡᠭᠳᠡᠭᠦᠯᠦᠨ᠂ ᠶᠡᠷᠦᠩᠬᠡᠶ ᠲᠠᠯᠠᠪᠠᠶ ᠶᠢ ᠨᠢ 280 ᠲᠦᠮᠡᠨ ᠮᠥ ᠳᠤ ᠬᠦᠷᠦᠭᠦᠯᠵᠦ᠂ ᠠᠮᠤ ᠪᠤᠳᠠᠭ᠎ᠠ ᠳᠠᠷᠢᠬᠤ ᠲᠠᠯᠠᠪᠠᠶ ᠶᠢ ᠳ᠋ᠦᠩᠰᠢᠭᠤᠷ ᠮᠥ ᠠᠴᠠ ᠳᠡᠭᠡᠭᠰᠢ ᠳᠤ ᠲᠣᠭᠲᠠᠪᠤᠷᠢᠵᠢᠭᠤᠯᠤᠨ᠂ ᠠᠮᠤ ᠪᠤᠳᠠᠭᠠᠨ ᠤ ᠤᠨᠠᠯᠲᠠ ᠶᠢ 800 ᠳ᠋ᠦᠩᠰᠢᠭᠤᠷ ᠵᠢᠩ ᠠᠴᠠ ᠳᠡᠭᠡᠭᠰᠢ ᠬᠡᠮᠵᠢᠶᠡᠨ ᠳᠤ ᠲᠣᠭᠲᠠᠪᠤᠷᠢᠵᠢᠭᠤᠯᠤᠨ᠎ᠠ᠃ ᠮᠠᠯ ᠠᠵᠤ ᠠᠬᠤᠶ ᠳᠤ ︽ᠮᠠᠯ ᠤᠨ ᠪᠤᠳᠠᠭᠠᠯᠢ ᠪᠡᠶ᠎ᠡ ᠶᠢᠨ ᠭᠠᠷᠤᠯᠲᠠ ᠶᠢ ᠳᠡᠭᠡᠭᠰᠢᠯᠡᠭᠦᠯᠬᠦ ᠢᠨᠵᠧᠨᠧᠷᠢᠩ︾ ᠢ ᠬᠡᠷᠡᠭᠵᠢᠭᠦᠯᠵᠦ᠂ ᠨᠤᠲᠤᠭ ᠪᠡᠯᠴᠢᠭᠡᠷ ᠤᠨ ᠳᠠᠭᠠᠭᠠᠴᠠ ᠠᠴᠠ ᠨᠢ ᠬᠡᠲᠦᠷᠡᠲᠡᠯ᠎ᠡ ᠮᠠᠯᠵᠢᠬᠤ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶᠢ ᠠᠬᠢᠭᠤᠯᠤᠨ᠂ ᠬᠠᠰᠢᠶᠠᠯᠠᠨ ᠲᠡᠵᠢᠭᠡᠬᠦ ᠪᠠ ᠬᠠᠭᠠᠰ ᠬᠠᠰᠢᠶᠠᠯᠠᠨ ᠲᠡᠵᠢᠭᠡᠬᠦ᠂ ᠨᠠᠶᠢᠳᠠᠨ ᠬᠠᠮᠢᠶᠠᠷᠤᠭᠤᠯᠵᠤ ᠣᠷᠣᠯᠠᠨ ᠲᠡᠵᠢᠭᠡᠬᠦ ᠵᠡᠷᠭᠡ ᠬᠡᠪ ᠵᠠᠭᠪᠤᠷ ᠢ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠨᠢ ᠳᠣᠭᠢᠷᠠᠭᠤᠯᠤᠨ ᠳᠡᠯᠭᠡᠷᠡᠭᠦᠯᠵᠦ᠂ ᠬᠠᠰᠢᠶᠠᠯᠠᠨ ᠲᠡᠵᠢᠭᠡᠬᠦ ᠬᠠᠰᠢᠶ᠎ᠠ ᠰᠠᠷᠠᠪᠴᠢ ᠶᠢ 500 ᠲᠦᠮᠡᠨ ᠺᠦᠸᠠᠳ᠋ ᠮᠧᠲᠷ ᠠᠴᠠ ᠳᠡᠭᠡᠭᠰᠢ ᠰᠢᠨ᠎ᠡ ᠪᠠᠷ ᠪᠠᠶᠢᠭᠤᠯᠵᠤ᠂ ︽ᠰᠦ ᠰᠠᠭᠠᠯᠢ ᠶᠢᠨ 33 ᠵᠤᠷᠪᠤᠰ︾ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠷᠢᠯᠢᠭ ᠨᠠᠶᠢᠳᠠᠪᠤᠷᠢᠵᠢᠭᠤᠯᠤᠨ᠂ 8 ᠬᠤᠰᠢᠭᠤ ᠰᠢᠶᠠᠨ ᠳᠤ ᠪᠦᠬᠦ ᠬᠤᠰᠢᠭᠤ ᠰᠢᠶᠠᠨ ᠢᠶᠠᠷ ᠢᠶᠠᠨ ᠰᠦ ᠰᠠᠭᠠᠯᠢ ᠶᠢᠨ ᠦᠢᠯᠡᠰ ᠤᠨ ᠦᠢᠯᠡᠳᠪᠦᠷᠢᠯᠡᠯ ᠤᠨ ᠴᠢᠳᠠᠪᠤᠷᠢ ᠪᠠᠨ ᠳᠡᠭᠡᠭᠰᠢᠯᠡᠭᠦᠯᠬᠦ ᠶᠢ ᠠᠬᠢᠭᠤᠯᠵᠤ᠂ ᠪᠥᠬᠦ ᠵᠢᠯ ᠤᠨ ᠮᠢᠬ᠎ᠠ ᠰᠦ ᠶᠢᠨ ᠭᠠᠷᠤᠯᠲᠠ ᠶᠢ 60 ᠳ᠋ᠦᠩᠰᠢᠭᠤᠷ ᠵᠢᠩ᠂ 160 ᠳ᠋ᠦᠩᠰᠢᠭᠤᠷ ᠵᠢᠩ ᠠᠴᠠ ᠳᠡᠭᠡᠭᠰᠢ ᠬᠡᠮᠵᠢᠶᠡᠨ ᠳᠤ ᠲᠣᠭᠲᠠᠪᠤᠷᠢᠵᠢᠭᠤᠯᠬᠤ ᠪᠠᠷ ᠴᠢᠷᠮᠠᠶᠢᠨ᠎ᠠ᠃ ᠠᠯᠠᠰᠢᠨ ᠦᠬᠡᠷ ᠤᠨ ᠰᠠᠶᠢᠨ ᠡᠭᠦᠯᠳᠡᠷ ᠤᠨ ᠢᠴᠡᠭᠡᠯ ᠦᠷ᠎ᠡ ᠶᠢ 600 ᠲᠦᠮᠡ᠂ ᠰᠢᠯᠢᠳᠡᠭ ᠡᠭᠦᠯᠳᠡᠷ ᠤᠨ ᠬᠤᠴᠠ ᠶᠢ 8 ᠲᠦᠮᠡ ᠪᠤᠶᠢᠵᠢᠭᠤᠯᠤᠨ ᠳᠡᠯᠭᠡᠷᠡᠭᠦᠯᠵᠦ᠂ ᠤᠯᠤᠰ ᠤᠨ ᠲᠡᠰ ᠤᠨ ᠡᠭᠦᠯᠳᠡᠷ ᠪᠣᠶᠢᠵᠢᠭᠤᠯᠬᠤ ᠭᠤᠣᠯᠯᠠᠬᠤ ᠲᠠᠯᠠᠪᠠᠢ ᠶᠢ 2 - 3 ᠰᠢᠨ᠎ᠡ ᠪᠠᠷ ᠪᠠᠶᠢᠭᠤᠯᠵᠤ᠂ 1 - 2 ᠡᠭᠦᠯᠳᠡᠷ ᠢ ᠤᠯᠤᠰ ᠤᠨ ᠭᠤᠣᠯ ᠪᠤᠶᠢᠵᠢᠭᠤᠯᠤᠨ ᠳᠡᠯᠭᠡᠷᠡᠭᠦᠯᠬᠦ ᠡᠭᠦᠯᠳᠡᠷ ᠤᠨ ᠭᠠᠷᠴᠠᠭ ᠲᠤ ᠣᠷᠣᠭᠤᠯᠬᠤ ᠪᠠᠷ ᠴᠢᠷᠮᠠᠶᠢᠨ᠎ᠠ᠃ ᠬᠥᠬᠡ ᠳᠠᠷᠤᠰᠢ ᠶᠢᠨ ᠡᠷᠳᠡᠨᠢ ᠰᠢᠰᠢ᠂ ᠴᠠᠷᠭᠠᠰᠤ᠂ ᠲᠡᠵᠢᠭᠡᠯ ᠨᠣᠬᠠᠶ ᠶᠢᠨ ᠬᠤᠰᠢᠭᠤ᠂ ᠬᠢᠶᠠᠭ ᠵᠡᠷᠭᠡ ᠲᠠᠷᠢᠮᠠᠯ ᠲᠡᠵᠢᠭᠡᠯ ᠡᠪᠡᠰᠦ ᠶᠢᠨ ᠲᠠᠯᠠᠪᠠᠶ ᠶᠢ 2000 ᠲᠦᠮᠡᠨ ᠮᠥ ᠠᠴᠠ ᠳᠡᠭᠡᠭᠰᠢ ᠪᠠᠶᠢᠯᠭᠠᠬᠤ ᠶᠢ ᠪᠠᠲᠤᠯᠠᠵᠤ᠂ ᠪᠥᠬᠦ ᠵᠢᠯ ᠳᠤ ᠡᠯ᠎ᠡ ᠲᠥᠷᠥᠯ ᠤᠨ ᠲᠡᠵᠢᠭᠡᠯ ᠡᠪᠡᠰᠦ ᠬᠠᠩᠭᠠᠬᠤ ᠴᠢᠳᠠᠪᠤᠷᠢ ᠪᠠᠨ 7500 ᠲᠦᠮᠡᠨ ᠲᠣᠨ ᠠᠴᠠ ᠳᠡᠭᠡᠭᠰᠢ ᠪᠠᠶᠢᠯᠭᠠᠬᠤ ᠶᠢ ᠪᠠᠲᠤᠯᠠᠨ᠎ᠠ᠃ ︽ᠦᠪᠦᠷ ᠮᠣᠩᠭᠤᠯ︾ ᠨᠡᠷᠡᠮᠵᠢᠲᠦ ᠲᠡᠮᠳᠡᠭ ᠤᠨ ᠭᠡᠷᠡᠴᠢᠯᠡᠭᠡ ᠶᠢ ᠭᠦᠨᠵᠡᠭᠡᠶᠢᠷᠡᠭᠦᠯᠦᠨ ᠥᠷᠭᠡᠳᠬᠡᠨ᠎ᠡ᠃ ︽ᠨᠡᠷᠡᠲᠡᠢ ᠣᠨᠴᠠᠭᠠᠢ ᠰᠢᠯᠢᠳᠡᠭ ᠰᠢᠨ᠎ᠡ︾ ᠲᠠᠷᠢᠶᠠᠯᠠᠩ ᠤᠨ ᠪᠦᠲᠦᠭᠡᠭᠳᠡᠬᠦᠨ ᠢ 100 ᠪᠣᠶᠢᠵᠢᠭᠤᠯᠤᠨ ᠮᠠᠭᠠᠳᠯᠠᠨ ᠲᠣᠭᠲᠠᠭᠠᠯᠭᠠᠵᠤ᠂ ᠪᠦᠬᠦ ᠤᠯᠤᠰ ᠤᠨ ᠭᠤᠣᠯᠳᠠᠯᠭ᠎ᠠ ᠪᠣᠯᠬᠤ ᠬᠤᠳᠠ ᠳᠤ ᠭᠡᠷ ᠤᠨ ᠲᠡᠵᠢᠭᠡᠪᠦᠷᠢ ᠶᠢᠨ ᠰᠢᠯᠢᠳᠡᠭ ᠪᠦᠲᠦᠭᠡᠭᠳᠡᠬᠦᠨ ᠡᠵᠡᠩᠨᠡᠨ ᠪᠣᠷᠣᠯᠠᠭᠤᠯᠬᠤ ᠲᠥᠪ ᠢ 5 ᠪᠠ ᠤᠷᠢᠳᠠᠴᠢ ᠬᠥᠮᠥᠷᠭᠡ ᠶᠢ 6 ᠪᠠᠶᠢᠷᠢᠯᠠᠭᠤᠯᠵᠤ ᠪᠠᠶᠢᠭᠤᠯᠤᠨ᠎ᠠ᠃
︵ᠲᠠᠪᠤ︶ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠦᠷᠭᠦᠯᠵᠢᠯᠡᠨ ᠴᠣᠭᠴᠠᠯᠠᠨ᠎ᠠ᠃ ᠴᠢᠯᠥᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠲᠦᠷᠢᠮ ᠤᠨ ᠰᠢᠨ᠎ᠡ ᠡᠭᠦᠳᠦᠯᠲᠡ ᠲᠠᠢ ᠦᠷ᠎ᠡ ᠪᠦᠲᠦᠭᠡᠯ ᠢᠶᠠᠷ ᠵᠢᠷᠤᠮᠯᠠᠨ ᠳᠠᠭᠤᠷᠢᠶᠠᠵᠤ ᠳᠡᠯᠭᠡᠷᠡᠭᠦᠯᠬᠦ ᠶᠢ ᠴᠢᠩᠭᠠᠳᠬᠠᠨ᠎ᠠ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠠᠵᠢᠯ ᠪᠠ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠳᠤ ᠨᠠᠩ ᠭᠦᠨᠵᠡᠭᠡᠢ ᠣᠷᠣᠯᠴᠠᠵᠤ᠂ ᠣᠷᠣᠰ ᠮᠣᠩᠭᠤᠯ ᠯᠤᠭ᠎ᠠ ᠶᠢᠨ ᠨᠡᠭᠡᠭᠡᠯᠲᠡ ᠶᠢ ᠤᠯᠠᠮ ᠨᠢᠭᠡ ᠠᠯᠬᠤᠮ ᠥᠷᠭᠡᠳᠬᠡᠨ᠂ ᠣᠷᠣᠰ ᠤᠨ ᠭᠠᠳᠠᠭᠠᠳᠤ ᠪᠠᠶᠢᠭᠠᠯ ᠤᠨ ᠬᠡᠳᠦ ᠬᠤᠰᠢᠭᠤᠷᠬᠠᠴᠢ ᠬᠥᠭᠵᠢᠯᠲᠡ ᠶᠢᠨ ᠣᠷᠣᠨ ᠯᠤᠭ᠎ᠠ ᠵᠣᠯᠭᠠᠭᠤᠯᠬᠤ ᠶᠢ ᠴᠢᠩᠭᠠᠳᠬᠠᠵᠤ᠂ ᠮᠣᠩᠭᠤᠯ ᠤᠯᠤᠰ ᠤᠨ ᠰᠢᠨ᠎ᠡ ᠡᠨᠧᠷᠭᠢ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ᠂ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ᠢ ᠦᠭᠡᠷᠡᠴᠢᠯᠡᠨ ᠰᠢᠨᠡᠳᠭᠡᠬᠦ ᠪᠠ ᠰᠤᠷᠭᠠᠨ ᠬᠥᠮᠦᠵᠢᠯ᠂ ᠡᠮᠴᠢᠯᠡᠭᠡ᠂ ᠰᠣᠶᠣᠯ ᠵᠡᠷᠭᠡ ᠬᠦᠷᠢᠶᠡᠨ ᠤ ᠪᠥᠲᠥᠭᠡᠨ ᠪᠠᠶᠢᠭᠤᠯᠤᠯᠲᠠ ᠳᠤ ᠢᠳᠡᠪᠬᠢᠲᠡᠶ ᠣᠷᠤᠯᠴᠠᠨ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠡᠮᠵᠢᠶ᠎ᠡ ᠶᠢ 2200 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠵᠤ᠂ ᠬᠢᠯᠢ ᠶᠢᠨ ᠪᠣᠭᠤᠮᠲᠠ ᠶᠢᠨ ᠲᠡᠭᠡᠭᠡᠪᠦᠷᠢ ᠶᠢᠨ ᠬᠡᠮᠵᠢᠶ᠎ᠡ ᠶᠢ 1.3 ᠳ᠋ᠦᠩᠰᠢᠭᠤᠷ ᠲᠣᠨ ᠠᠴᠠ ᠳᠠᠪᠠᠭᠤᠯᠤᠨ᠎ᠠ᠃ ᠮᠠᠨᠵᠤᠤᠷ ᠲᠡᠮᠦᠷ ᠵᠠᠮ ᠤᠨ ᠬᠢᠯᠢ ᠶᠢᠨ ᠪᠣᠭᠤᠮᠲᠠ ᠶᠢᠨ ᠨᠡᠮᠡᠨ ᠪᠠᠶᠢᠭᠤᠯᠬᠤ ᠪᠠᠷᠢᠮᠵᠢᠶᠠᠲᠦ ᠵᠠᠶᠢᠲᠠᠢ ᠲᠡᠮᠦᠷ ᠵᠠᠮ ᠤᠨ ᠬᠤᠶᠠᠳᠤᠭᠠᠷ ᠱᠤᠭᠤᠮ᠂ ᠡᠷᠢᠶᠡᠨ ᠬᠤᠲᠠ ᠵᠠᠰᠠᠮᠠᠯ ᠵᠠᠮ ᠤᠨ ᠬᠢᠯᠢ ᠶᠢᠨ ᠪᠣᠭᠤᠮᠲᠠ ᠶᠢᠨ ᠬᠤᠶᠠᠳᠤᠭᠠᠷ ᠨᠡᠪᠲᠡᠷᠡᠯ ᠵᠠᠮ᠂ ᠮᠠᠨᠳᠤᠯ ᠬᠢᠯᠢ ᠶᠢᠨ ᠪᠣᠭᠤᠮᠲᠠ ᠶᠢᠨ ᠨᠡᠪᠲᠡᠷᠡᠯ ᠵᠠᠮ ᠢ ᠥᠷᠭᠡᠳᠬᠡᠨ ᠪᠠᠶᠢᠭᠤᠯᠬᠤ᠂ ᠭᠠᠭᠴᠠᠮᠤᠲᠤ ᠬᠢᠯᠢ ᠰᠤᠨᠳᠠᠯᠠᠭᠰᠠᠨ ᠲᠡᠮᠦᠷ ᠵᠠᠮ ᠤᠨ ᠶᠡᠭᠡ ᠬᠥᠭᠦᠷᠭᠡ ᠵᠡᠷᠭᠡ ᠭᠤᠤᠯᠳᠠᠯᠭ᠎ᠠ ᠪᠣᠯᠬᠤ ᠲᠥᠷᠥᠯ ᠵᠦᠢᠯ ᠢ ᠰᠠᠶᠢᠲᠤᠷ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶᠠᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠠᠮᠵᠢᠯᠴᠠᠭᠠᠨ ᠤ ᠲᠣᠭᠲᠠᠴᠠ ᠶᠢ ᠪᠦᠷᠢᠨᠰᠢᠭᠦᠯᠵᠦ᠂ ᠭᠠᠷ ᠳᠠᠮᠵᠢᠭᠰᠠᠨ ᠮᠠᠰᠢᠨ ᠲᠡᠷᠭᠡ᠂ ︽ᠰᠢᠨ᠎ᠡ ᠭᠤᠷᠪᠠᠨ ᠵᠦᠢᠯ︾᠂ ᠵᠠᠪᠰᠠᠷ ᠤᠨ ᠪᠦᠲᠦᠭᠡᠭᠳᠡᠭᠦᠨ᠂ ᠲᠠᠷᠢᠶᠠᠯᠠᠩ ᠤᠨ ᠢᠳᠡᠭᠡᠨ ᠤ ᠪᠦᠲᠦᠭᠡᠭᠳᠡᠬᠦᠨ ᠢ ᠭᠠᠳᠠᠭᠠᠳᠤ ᠳᠤ ᠭᠠᠷᠭᠠᠬᠤ ᠬᠡᠪᠴᠢᠶ᠎ᠡ ᠪᠠᠨ ᠥᠷᠭᠡᠳᠬᠡᠨ᠂ ᠦᠢᠯᠡᠴᠢᠯᠡᠭᠡᠨ ᠤ ᠠᠷᠠᠯᠵᠢᠶ᠎ᠠ ᠶᠢᠨ ᠤᠨᠴᠠᠯᠢᠬᠳᠤ ᠳᠠᠪᠠᠭᠤᠯᠢᠭ ᠠᠵᠤ ᠦᠢᠯᠡᠰ ᠢ ᠢᠳᠡᠪᠬᠢᠲᠡᠶ ᠪᠣᠶᠢᠵᠢᠭᠤᠯᠵᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠭᠠᠳᠠᠭᠠᠳᠤ ᠬᠥᠮᠥᠷᠭᠡ ᠶᠢ ᠪᠣᠢ ᠪᠣᠯᠭᠠᠬᠤ ᠶᠢ ᠦᠷᠭᠦᠯᠵᠢᠯᠡᠨ ᠥᠷᠨᠢᠭᠦᠯᠵᠦ᠂ ᠪᠣᠬᠢᠷᠲᠤᠯ ᠥᠬᠡᠶ ᠠᠷᠠᠯᠵᠢᠶ᠎ᠠ᠂ ᠳ᠋ᠢᠬᠢᠲ ᠠᠷᠠᠯᠵᠢᠶ᠎ᠠ ᠶᠢ ᠬᠥᠭᠵᠢᠭᠦᠯᠦᠨ᠂ ᠬᠢᠯᠢ ᠶᠢᠨ ᠠᠷᠠᠳ ᠤᠨ ᠬᠠᠷᠢᠯᠴᠠᠨ ᠮᠠᠶᠢᠮᠠᠶᠢᠯᠠᠬᠤ ᠠᠷᠠᠯᠵᠢᠶ᠎ᠠ ᠶᠢᠨ ᠬᠡᠪᠴᠢᠶᠡᠵᠢᠯ ᠢ ᠨᠢ ᠪᠣᠵᠠᠭᠠᠶᠢᠷᠠᠭᠤᠯᠬᠤ ᠶᠢ ᠠᠬᠢᠭᠤᠯᠵᠤ᠂ ᠮᠠᠨᠵᠦᠦᠷ᠂ ᠡᠷᠢᠶᠡᠨ ᠬᠤᠲᠠ ᠶᠢᠨ ᠬᠢᠯᠢ ᠶᠢᠨ ᠠᠷᠠᠳ ᠤᠨ ᠬᠠᠷᠢᠯᠴᠠᠨ ᠮᠠᠶᠢᠮᠠᠶᠢᠯᠠᠬᠤ ᠠᠷᠠᠯᠵᠢᠶ᠎ᠠ ᠶᠢ ᠪᠣᠲᠠᠲᠠᠶᠢᠵᠢᠭᠤᠯᠵᠤ ᠡᠳ᠋ᠰᠢᠭᠦᠯᠦᠨ ᠪᠣᠯᠪᠠᠰᠤᠷᠠᠭᠤᠯᠬᠤ ᠶᠢ ᠳᠡᠮᠵᠢᠵᠦ᠂ ᠰᠢᠨ᠎ᠡ ᠬᠡᠯᠪᠡᠷᠢ ᠶᠢᠨ ᠪᠠᠷᠠᠭ᠎ᠠ ᠰᠣᠯᠢᠯᠴᠠᠬᠤ ᠠᠷᠠᠯᠵᠢᠶ᠎ᠠ ᠶᠢ ᠰᠦᠪᠡᠭᠴᠢᠯᠡᠨ ᠥᠷᠨᠢᠭᠦᠯᠦᠨ᠎ᠡ᠃ ︽ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠲᠠᠰ ᠢ ᠨᠢ ᠳᠡᠭᠡᠭᠰᠢᠯᠡᠭᠦᠯᠵᠦ ᠪᠠᠶᠢᠷᠢ ᠶᠢ ᠨᠢ ᠳᠡᠪᠰᠢᠭᠦᠯᠬᠦ ᠶᠠᠰᠤ ᠴᠢᠨᠠᠷ ᠢ ᠨᠢ ᠳᠡᠭᠡᠭᠰᠢᠯᠡᠭᠦᠯᠦᠨ ᠦᠷ᠎ᠡ ᠠᠰᠢᠭ ᠢ ᠨᠢ ᠨᠡᠮᠡᠭᠳᠡᠭᠦᠯᠬᠦ ᠶᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠠᠵᠢᠯᠯᠠᠭᠠᠨ ᠤ ᠶᠠᠰᠤ ᠴᠢᠨᠠᠷ ᠦᠷ᠎ᠡ ᠠᠰᠢᠭ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠳᠤᠮᠳᠠᠳᠤ ᠮᠣᠩᠭᠤᠯ ᠤᠨ ᠡᠷᠢᠶᠡᠨ ᠬᠤᠲᠠ – ᠵᠠᠮ ᠤᠨ ᠡᠭᠦᠳᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠣᠷᠣᠨ ᠤ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠤᠨ᠎ᠠ᠃ ᠮᠠᠨᠵᠦᠦᠷ᠂ ᠡᠷᠢᠶᠡᠨ ᠬᠤᠲᠠ ᠶᠢᠨ ᠤᠶᠤᠨᠲᠤ ᠬᠢᠯᠢ ᠶᠢᠨ ᠪᠣᠭᠤᠮᠲᠠ ᠶᠢᠨ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠬᠦ ᠶᠢᠨ ᠬᠠᠮᠲᠤ ᠵᠢᠷᠤᠮᠯᠠᠨ ᠳᠠᠭᠤᠷᠢᠶᠠᠵᠤ ᠳᠡᠯᠭᠡᠷᠡᠭᠦᠯᠦᠨ᠎ᠡ᠃ ᠣᠷᠣᠨ ᠤ ᠳᠣᠲᠣᠷᠠᠬᠢ ᠳᠤᠮᠳᠠᠳᠤ ᠧᠦ᠋ᠷᠣᠫᠠ ᠶᠢᠨ ᠡᠭᠡᠯᠵᠢ ᠶᠢᠨ ᠴᠤᠪᠤᠭ᠎ᠠ ᠲᠡᠷᠭᠡᠨ ᠤ ᠬᠡᠮᠵᠢᠶ᠎ᠡ ᠶᠢ ᠨᠢ ᠨᠡᠮᠡᠭᠳᠡᠭᠦᠯᠦᠨ ᠪᠠᠭᠲᠠᠭᠠᠮᠵᠢ ᠶᠢ ᠨᠢ ᠥᠷᠭᠡᠳᠬᠡᠬᠦ ᠶᠢ ᠠᠬᠢᠭᠤᠯᠵᠤ᠂ ︽ᠳᠤᠮᠳᠠᠳᠤ ᠧᠦ᠋ᠷᠣᠫᠠ ᠶᠢᠨ ᠡᠭᠡᠯᠵᠢ ᠶᠢᠨ ᠴᠤᠪᠤᠭ᠎ᠠ ᠲᠡᠷᠭᠡ + ᠵᠠᠮ ᠳᠠᠭᠠᠤ ᠶᠢᠨ ᠬᠤᠲᠠ + ᠬᠢᠯᠢ ᠳᠠᠭᠠᠤ ᠶᠢᠨ ᠪᠣᠭᠤᠮᠲᠠ︾ ᠶᠢᠨ ᠬᠡᠪ ᠵᠠᠭᠪᠤᠷ ᠢ ᠶᠡᠭᠡ ᠪᠠᠷ ᠬᠥᠭᠵᠢᠭᠦᠯᠦᠨ᠂ ᠳᠤᠮᠳᠠᠳᠤ ᠧᠦ᠋ᠷᠣᠫᠠ ᠶᠢᠨ ᠡᠭᠡᠯᠵᠢ ᠶᠢᠨ ᠢᠷᠡᠵᠦ ᠶᠠᠪᠤᠭᠰᠠᠨ ᠴᠤᠪᠤᠭ᠎ᠠ ᠲᠡᠷᠭᠡᠨ ᠤ ᠲᠤᠭ᠎ᠠ ᠶᠢ 500 ᠠᠴᠠ ᠳᠠᠪᠠᠭᠤᠯᠤᠨ᠎ᠠ᠃ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢ ᠠᠬᠢᠭᠤᠯᠬᠤ ᠪᠠᠶᠢᠭᠤᠯᠤᠯ ᠲᠣᠭᠲᠠᠴᠠ ᠶᠢᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠬᠢᠯᠢ ᠶᠢᠨ ᠭᠠᠳᠠᠨᠠᠬᠢ ᠪᠡᠯᠡ ᠣᠷᠣᠭᠤᠯᠤᠯᠲᠠ ᠶᠢᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ ᠭᠠᠳᠠᠭᠠᠳᠤ ᠳᠠᠬᠢ ᠠᠰᠢᠭ ᠲᠤᠰᠠ ᠶᠢᠨ ᠬᠠᠮᠠᠭᠠᠯᠠᠯᠲᠠ ᠶᠢ ᠪᠠᠨ ᠴᠢᠩᠭᠠᠳᠬᠠᠨ᠎ᠠ᠃
ᠬᠤᠶᠠᠷ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭᠠᠨ ᠢ ᠬᠡᠷᠡᠭᠵᠢᠭᠦᠯᠵᠦ᠂ ︽ᠵᠢᠰᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠤᠨ᠎ᠠ
ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠰᠢᠵᠢᠮ ᠲᠠᠢ ᠨᠢᠭᠲᠠ ᠤᠶᠠᠯᠳᠤᠭᠤᠯᠤᠨ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠪᠠ ᠬᠢᠯᠢ ᠬᠢᠵᠠᠭᠠᠷ ᠢᠶᠠᠨ ᠪᠠᠬᠢᠵᠢᠭᠦᠯᠦᠨ ᠬᠥᠭᠵᠢᠭᠦᠯᠵᠦ ᠬᠢᠯᠢ ᠶᠢᠨ ᠠᠷᠠᠳ ᠢ ᠪᠠᠶᠠᠵᠢᠭᠤᠯᠬᠤ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠦᠯᠦᠪᠯᠡᠨ ᠰᠠᠶᠢᠲᠤᠷ ᠬᠢᠵᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠬᠦᠴᠦᠯᠡᠨ ᠠᠬᠢᠭᠤᠯᠤᠨ᠎ᠠ᠃
︵ᠨᠢᠭᠡ︶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠨ᠎ᠠ᠃ ᠥᠪᠡᠷᠲᠡᠭᠡᠨ ᠵᠠᠰᠠᠬᠤ ᠣᠷᠣᠨ ᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠭᠤᠤᠯ ᠰᠢᠵᠢᠮ ᠢ ᠪᠥᠬᠦ ᠲᠠᠯ᠎ᠠ ᠪᠠᠷ ᠲᠤᠭᠤᠰᠢᠯᠠᠭᠤᠯᠬᠤ ᠲᠤᠬᠠᠶ ᠠᠷᠭ᠎ᠠ ᠬᠡᠮᠵᠢᠶ᠎ᠡ ᠨᠦᠭᠦᠳ︾ ᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠤᠯ ᠰᠢᠵᠢᠮ ᠤᠨ ᠴᠢᠬᠤᠯᠠ ᠶᠡᠭᠡ ᠣᠨᠣᠯ ᠪᠠ ᠦᠢᠯᠡᠳᠦᠯᠭᠡ ᠶᠢᠨ ᠠᠰᠠᠭᠤᠳᠠᠯ ᠤᠨ ᠰᠤᠳᠤᠯᠤᠯ ᠢ ᠴᠢᠩᠭᠠᠳᠬᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠭᠰᠠᠨ ᠵᠢᠱᠢᠶ᠎ᠡ ᠦᠵᠡᠭᠦᠯᠬᠦ ᠣᠷᠣᠨ ᠢ ᠴᠢᠷᠮᠠᠶᠢᠨ ᠪᠥᠲᠥᠭᠡᠨ ᠪᠠᠶᠢᠭᠤᠯᠤᠨ᠎ᠠ᠃ ︽ᠨᠠᠮ ᠤᠨ ᠠᠴᠢ ᠳᠤ ᠲᠠᠯᠠᠷᠬᠠᠨ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ ᠤᠷᠤᠭᠰᠢᠯᠠᠬᠤ︾ ᠤᠯᠠᠨ ᠲᠦᠮᠡᠨᠴᠢ ᠬᠥᠮᠦᠵᠢᠯ ᠤᠨ ᠦᠢᠯᠡᠳᠦᠯᠭᠡ ᠶᠢ ᠪᠠᠶᠢᠩᠭᠤᠰᠢᠭᠤᠯᠤᠨ ᠦᠷᠨᠢᠭᠦᠯᠦᠨ᠎ᠡ᠃ ᠦᠪᠡᠷᠲᠡᠭᠡᠨ ᠵᠠᠰᠠᠬᠤ ᠣᠷᠣᠨ ᠤ ᠳᠣᠲᠣᠷᠠᠬᠢ ᠶᠡᠭᠡ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠤᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠲᠣᠶᠢᠮᠤᠴᠢᠯᠠᠯ︾ ᠤᠨ ᠵᠢᠭᠠᠬᠤ ᠮᠠᠲ᠋ᠧᠷᠢᠶᠠᠯ ᠢ ᠰᠠᠶᠢᠲᠤᠷ ᠬᠡᠷᠡᠭᠯᠡᠵᠦ ᠰᠠᠶᠢᠲᠤᠷ ᠰᠤᠷᠤᠯᠴᠠᠬᠤ ᠶᠢ ᠦᠷᠭᠦᠯᠵᠢᠯᠡᠨ ᠠᠬᠢᠭᠤᠯᠤᠨ᠎ᠠ᠃ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ︽ᠭᠤᠷᠪᠠᠨ ᠵᠦᠢᠯ ᠤᠨ ᠲᠥᠯᠥᠪᠯᠡᠭᠡ︾ ᠶᠢ ᠬᠡᠷᠡᠭᠵᠢᠭᠦᠯᠵᠦ᠂ ︽ᠡᠶ᠎ᠡ ᠨᠠᠶᠢᠷᠠᠮᠳᠠᠭᠤ ᠤᠮᠠᠷᠠᠲᠤ ᠬᠢᠯᠢ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ︾ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠦᠨᠳᠦᠰᠦᠨ ᠱᠠᠲᠤᠨ ᠤ ᠠᠶᠠᠯᠠᠯ ᠤᠨ ᠠᠵᠢᠯᠯᠠᠭ᠎ᠠ ᠶᠢ ᠦᠷᠨᠢᠭᠦᠯᠦᠨ᠎ᠡ᠃
︵ᠬᠤᠶᠠᠷ︶ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭᠠᠨ ᠢ ᠬᠡᠷᠡᠭᠵᠢᠭᠦᠯᠦᠨ᠎ᠡ᠃ ᠣᠨᠣᠯ ᠤᠨ ᠰᠤᠳᠤᠯᠭᠠᠨ ᠢ ᠭᠦᠨᠵᠡᠭᠡᠶ ᠪᠥᠭᠡᠳ ᠪᠣᠳᠠᠲᠠᠶ ᠪᠠᠷ ᠬᠢᠵᠦ᠂ ᠥᠨᠳᠥᠷ ᠬᠢᠷᠢ ᠲᠦᠪᠰᠢᠨ ᠪᠥᠬᠦᠶ ᠪᠦᠯᠬᠦᠮ ᠨᠡᠶᠢᠲᠡ ᠶᠢ ᠵᠣᠬᠢᠶᠠᠨ ᠪᠠᠶᠢᠭᠤᠯᠤᠨ ᠤᠮᠠᠷᠠᠲᠤ ᠬᠢᠯᠢ ᠶᠢᠨ ᠰᠣᠶᠣᠯ ᠤᠨ ᠲᠡᠤᠬᠡ ᠶᠢᠨ ᠡᠬᠢ ᠰᠤᠷᠪᠤᠯᠵᠢ᠂ ᠬᠥᠭᠵᠢᠯᠲᠡ ᠶᠢᠨ ᠤᠯᠠᠷᠢᠯ ᠬᠤᠪᠢᠷᠠᠯ ᠢ ᠭᠦᠨᠵᠡᠭᠡᠶ ᠰᠤᠳᠤᠯᠤᠨ ᠲᠠᠶᠢᠯᠪᠤᠷᠢᠯᠠᠵᠤ᠂ ᠣᠷᠣᠨ ᠳᠠᠶᠠᠭᠠᠷ ᠤᠨ ᠮᠣᠩᠭᠤᠯ ᠮᠣᠷᠢᠨ ᠤ ᠵᠣᠷᠢᠭ ᠰᠠᠨᠠᠭ᠎ᠠ ᠪᠠᠷ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠠᠭᠤᠯᠤᠭᠳᠠᠵᠤ ᠪᠠᠶᠢᠭ᠎ᠠ ᠵᠣᠷᠢᠭ ᠰᠠᠨᠠᠭ᠎ᠠ ᠪᠠ ᠰᠣᠶᠣᠯ ᠤᠨ ᠦᠨ᠎ᠡ ᠥᠷᠲᠡᠭ ᠢ ᠭᠦᠨᠵᠡᠭᠡᠶ ᠢᠯᠡᠷᠡᠭᠦᠯᠦᠨ᠎ᠡ᠃ ᠤᠮᠠᠷᠠᠲᠤ ᠬᠢᠯᠢ ᠶᠢᠨ ᠰᠣᠶᠣᠯ ᠤᠨ ᠦᠵᠡᠭᠦᠯᠭᠡ ᠶᠢ ᠢᠳᠡᠪᠬᠢᠲᠡᠶ ᠥᠷᠨᠢᠭᠦᠯᠵᠦ᠂ ᠬᠤᠲᠠ ᠶᠢᠨ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠨ᠂ ᠤᠳᠬ᠎ᠠ ᠤᠷᠠᠯᠢᠭ ᠰᠣᠶᠣᠯ ᠤᠨ ᠲᠣᠭᠯᠠᠯᠲᠠ ᠰᠣᠯᠢᠯᠴᠠᠭᠠᠨ ᠤ ᠠᠵᠢᠯᠯᠠᠭ᠎ᠠ ᠶᠢ ᠪᠠᠶᠢᠩᠭᠤᠰᠢᠭᠤᠯᠤᠨ ᠥᠷᠨᠢᠭᠦᠯᠵᠦ᠂ ᠤᠯᠠᠭᠠᠨᠮᠥ᠋ᠴᠢᠷ ᠵᠡᠷᠭᠡ ᠤᠷᠠᠯᠢᠭ ᠤᠨ ᠪᠦᠯᠬᠦᠮ ᠤᠨ ᠭᠠᠳᠠᠭᠰᠢ ᠭᠠᠷᠴᠤ ᠲᠣᠭᠯᠠᠯᠲᠠ ᠭᠠᠷᠭᠠᠬᠤ ᠶᠢ ᠳᠡᠮᠵᠢᠵᠦ᠂ ᠰᠣᠶᠣᠯ ᠵᠢᠭᠤᠯᠴᠢᠯᠠᠯ ᠤᠨ ᠭᠦᠨᠵᠡᠭᠡᠶ ᠠᠭᠤᠰᠤᠯᠴᠠᠨ ᠬᠥᠭᠵᠢᠬᠦ ᠶᠢ ᠠᠬᠢᠭᠤᠯᠤᠨ᠂ ᠲᠣᠮᠣ ᠬᠡᠪᠴᠢᠶᠡᠨ ᠤ ᠲᠣᠭᠯᠠᠯᠲᠠ ᠪᠠ ᠣᠯᠠᠨ ᠲᠦᠮᠡᠨ ᠤ ᠠᠵᠢᠯᠯᠠᠭ᠎ᠠ ᠳᠤ ᠤᠮᠠᠷᠠᠲᠤ ᠬᠢᠯᠢ ᠶᠢᠨ ᠰᠣᠶᠣᠯ ᠤᠨ ᠭᠤᠤᠯ ᠰᠡᠳᠦᠪ ᠢ ᠢᠯᠡᠷᠡᠭᠦᠯᠵᠦ᠂ ᠨᠠᠶᠢᠷ ᠨᠠᠭᠠᠳᠤᠮ᠂ ᠰᠣᠶᠣᠯ ᠦᠵᠡᠰᠬᠦᠯᠡᠩ ᠤᠨ ᠴᠤᠭᠯᠠᠭᠠᠨ ᠵᠡᠷᠭᠡ ᠰᠣᠶᠣᠯ ᠤᠨ ᠠᠵᠢᠯᠯᠠᠭ᠎ᠠ ᠶᠢ ᠰᠠᠶᠢᠲᠤᠷ ᠡᠷᠭᠢᠯᠡᠨ᠎ᠡ᠃ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠤᠩᠱᠠᠨ ᠰᠣᠶᠣᠯ ᠢ ᠥᠪ ᠢᠶᠠᠷ ᠬᠤᠯᠪᠣᠭᠠᠯᠠᠵᠤ ᠪᠠᠶᠢᠭᠠᠳ ᠭᠤᠶᠤᠴᠢᠯᠠᠬᠤ ᠶᠢ ᠠᠬᠢᠭᠤᠯᠤᠨ᠎ᠠ᠃ ᠤᠯᠤᠰ ᠤᠨ ᠥᠮᠴᠢᠯᠡᠯᠲᠦ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠪᠠ ᠰᠣᠶᠣᠯ ᠤᠨ ᠠᠵᠢᠯ ᠦᠢᠯᠡᠰ ᠤᠨ ᠨᠢᠭᠡᠴᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠥᠪᠥᠷ ᠮᠣᠩᠭᠤᠯ ᠤᠨ ᠤᠳᠬ᠎ᠠ ᠤᠷᠠᠯᠢᠭ ᠤᠨ ᠬᠢᠨ ᠤ ᠦᠵᠡᠯ ᠰᠠᠨᠠᠭᠠᠨ ᠤ ᠬᠦᠲᠦᠯᠦᠮᠵᠢ ︽ᠦᠨᠳᠦᠰᠦ ᠰᠠᠭᠤᠷᠢ ᠶᠢ ᠪᠠᠬᠢᠵᠢᠭᠦᠯᠵᠦ ᠰᠦᠭ ᠰᠦᠨᠡᠰᠦ ᠶᠢ ᠱᠤᠭᠤᠬᠤ︾ ᠢᠨᠵᠧᠨᠧᠷᠢᠩ ᠢ ᠭᠦᠨᠵᠡᠭᠡᠶᠢᠷᠡᠭᠦᠯᠦᠨ᠂ ᠰᠣᠶᠣᠯ ᠤᠨ ᠪᠠᠶᠢᠭᠤᠯᠤᠯᠲᠠ ᠶᠢᠨ ᠦᠭᠰᠦᠨ ᠤᠷᠤᠭᠰᠢᠯᠠᠬᠤ ᠶᠢ ᠠᠬᠢᠭᠤᠯᠤᠨ᠎ᠠ᠃
︵ᠭᠤᠷᠪᠠ︶ ᠬᠢᠯᠢ ᠬᠢᠵᠠᠭᠠᠷ ᠤᠨ ᠵᠠᠰᠠᠯᠲᠠ ᠶᠢᠨ ᠠᠵᠢᠯ ᠢ ᠰᠠᠶᠢᠲᠤᠷ ᠬᠢᠨ᠎ᠠ᠃ ᠰᠢᠨ᠎ᠡ ᠴᠠᠭ ᠦᠶ᠎ᠡ ᠶᠢᠨ ᠬᠢᠯᠢ ᠬᠢᠵᠠᠭᠠᠷ ᠣᠷᠣᠨ ᠢ ᠬᠥᠭᠵᠢᠭᠦᠯᠵᠦ ᠬᠢᠯᠢ ᠶᠢᠨ ᠠᠷᠠᠳ ᠢ ᠪᠠᠶᠠᠵᠢᠭᠤᠯᠬᠤ ᠠᠵᠢᠯᠯᠠᠭᠠᠨ ᠢ ᠠᠬᠢᠭᠤᠯᠵᠤ᠂ ᠬᠢᠯᠢ ᠬᠢᠵᠠᠭᠠᠷ ᠤᠨ ᠲᠥᠪ ᠪᠣᠯᠬᠤ ᠬᠤᠲᠠ ᠪᠠᠯᠭᠠᠰᠤᠨ ᠤ ᠪᠥᠲᠥᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠢ ᠦᠷᠨᠢᠭᠦᠯᠦᠨ᠂ ᠬᠢᠯᠢ ᠬᠢᠵᠠᠭᠠᠷ ᠣᠷᠣᠨ ᠤ ᠨᠥᠬᠦᠴᠡᠯ ᠲᠠᠢ ᠪᠠᠶᠢᠭ᠎ᠠ ᠭᠠᠵᠠᠷ ᠣᠷᠣᠨ ᠳᠤ ︽ᠤᠰᠤ ᠴᠠᠬᠢᠯᠭᠠᠨ ᠵᠠᠮ ᠴᠢᠮᠡᠭᠡ︾ ᠶᠢ ᠦᠨᠳᠦᠰᠦᠨ ᠳᠤ ᠪᠠᠨ ᠨᠡᠪᠲᠡᠷᠡᠭᠦᠯᠬᠦ ᠶᠢ ᠪᠡᠶᠡᠯᠡᠭᠦᠯᠦᠨ᠎ᠡ᠃ ᠬᠢᠯᠢ ᠬᠢᠵᠠᠭᠠᠷ ᠲᠠᠬᠢ ᠳᠤᠮᠳᠠᠳᠤ ᠶᠢᠨ ᠦᠨᠳᠦᠰᠦᠲᠡᠨ ᠤ ᠲᠡᠦᠬᠡ ᠶᠢᠨ ᠦᠵᠡᠯᠲᠡ ᠶᠢᠨ ᠤᠬᠠᠭᠤᠯᠭ᠎ᠠ ᠬᠥᠮᠦᠵᠢᠯ ᠤᠨ ᠤᠷᠳᠤ ᠬᠤᠩᠭᠢᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠴᠢᠳᠠᠪᠤᠷᠢᠲᠠᠨ ᠢᠶᠠᠷ ᠬᠢᠯᠢ ᠬᠢᠵᠠᠭᠠᠷ ᠣᠷᠣᠨ ᠢᠶᠠᠨ ᠬᠥᠭᠵᠢᠭᠦᠯᠬᠦ ᠲᠦᠷᠦ ᠶᠢᠨ ᠪᠤᠳᠤᠯᠭ᠎ᠠ ᠶᠢ ᠲᠣᠭᠲᠠᠭᠠᠵᠤ᠂ ︽ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠬᠢᠯᠢ ᠬᠢᠵᠠᠭᠠᠷ ᠣᠷᠣᠨ ᠳᠤ ᠣᠷᠤᠭᠤᠯᠬᠤ︾ ᠠᠵᠢᠯᠯᠠᠭᠠᠨ ᠪᠠ ︽ᠬᠢᠯᠢ ᠬᠢᠵᠠᠭᠠᠷ ᠤᠨ ᠣᠨᠴᠠ ᠭᠠᠷᠤᠯᠲᠠ ᠶᠢ ᠪᠦᠬᠦ ᠤᠯᠤᠰ ᠲᠤ ᠪᠤᠷᠤᠯᠠᠭᠤᠯᠬᠤ︾ ᠠᠵᠢᠯᠯᠠᠭ᠎ᠠ ᠶᠢ ᠥᠷᠨᠢᠭᠦᠯᠦᠨ᠎ᠡ᠃
ᠭᠤᠷᠪᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠨ᠂ ᠠᠵᠤ ᠦᠢᠯᠡᠰ ᠤᠨ ᠶᠠᠰᠤ ᠴᠢᠨᠠᠷ ᠢᠶᠠᠨ ᠳᠡᠭᠡᠭᠰᠢᠯᠡᠭᠦᠯᠦᠨ ᠲᠡᠰ ᠳᠡᠪᠰᠢᠭᠦᠯᠬᠦ ᠶᠢ ᠨᠢ ᠤᠯᠠᠮ ᠨᠢᠭᠡ ᠠᠯᠬᠤᠮ ᠠᠬᠢᠭᠤᠯᠤᠨ᠎ᠠ
ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠠ ᠠᠵᠤ ᠦᠢᠯᠡᠰ ᠤᠨ ᠰᠢᠨ᠎ᠡ ᠡᠭᠦᠳᠦᠯᠲᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠣᠶᠢᠵᠢᠭᠤᠯᠤᠨ ᠬᠥᠭᠵᠢᠭᠦᠯᠵᠦ᠂ ᠭᠤᠣᠯᠳᠠᠯᠭ᠎ᠠ ᠪᠣᠯᠬᠤ ᠠᠵᠤ ᠦᠢᠯᠡᠰ ᠤᠨ ᠪᠠᠶᠢᠷᠢᠰᠢᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃
︵ᠨᠢᠭᠡ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠶᠡᠭᠡ ᠪᠠᠷ ᠠᠬᠢᠭᠤᠯᠤᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠵᠣᠬᠢᠶᠠᠮᠠᠯ ᠤᠶᠤᠨ +᠂ ᠳᠣᠤᠷ᠎ᠠ ᠠᠭᠠᠷ ᠤᠨ ᠠᠵᠤ ᠠᠬᠤᠶ᠂ ᠠᠮᠢᠳᠤ ᠪᠣᠳᠠᠰ ᠤᠨ ᠮᠡᠷᠭᠡᠵᠢᠯ ᠵᠡᠷᠭᠡ ᠰᠢᠨ᠎ᠡ ︽ᠪᠦᠰᠡᠯᠡᠯᠲᠡ ᠰᠢᠪᠲᠤᠯᠬᠤ︾ ᠴᠡᠭ ᠪᠠᠶᠢᠷᠢ ᠶᠢᠨ ᠮᠡᠷᠭᠡᠵᠢᠯ ᠤᠨ ᠴᠢᠭᠯᠡᠯ ᠢ ᠰᠠᠶᠢᠲᠤᠷ ᠤᠬᠠᠭᠠᠯᠠᠨ ᠲᠦᠯᠦᠪᠯᠡᠵᠦ᠂ ᠤᠯᠤᠰ ᠤᠨ ᠳᠣᠲᠣᠭᠠᠳᠤ ᠶᠢᠨ ᠲᠡᠷᠢᠭᠦᠨ ᠤ ᠮᠡᠷᠭᠡᠵᠢᠯ ᠢ 5 ᠵᠦᠢᠯ ᠠᠴᠠ ᠳᠡᠭᠡᠭᠰᠢ ᠰᠤᠳᠤᠯᠤᠨ ᠨᠡᠭᠡᠭᠡᠵᠦ᠂ ᠰᠢᠨ᠎ᠡ ᠮᠡᠷᠭᠡᠵᠢᠯ ᠰᠢᠨ᠎ᠡ ᠦᠢᠯᠡᠳᠬᠦᠨ ᠰᠢᠨ᠎ᠡ ᠠᠬᠤᠶ ᠪᠠᠶᠢᠳᠠᠯ ᠢ ᠶᠡᠭᠡ ᠬᠡᠪᠴᠢᠶ᠎ᠡ ᠪᠠᠷ ᠬᠡᠷᠡᠭᠯᠡᠬᠦ ᠵᠢᠱᠢᠶ᠎ᠡ ᠦᠵᠡᠭᠦᠯᠬᠦ ᠠᠵᠢᠯᠯᠠᠭᠠᠨ ᠢ ᠥᠷᠨᠢᠭᠦᠯᠦᠨ᠎ᠡ᠃ ︽ᠮᠧᠩ ᠺᠧ ᠵᠢᠦᠢ︾ ᠶᠢᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠲᠠᠪᠴᠠᠩ ᠤᠨ ᠴᠢᠳᠠᠮᠵᠢ ᠶᠢ ᠨᠢ ᠳᠡᠭᠡᠭᠰᠢᠯᠡᠭᠦᠯᠵᠦ᠂ ᠰᠢᠨ᠎ᠡ ᠶᠢ ᠡᠭᠦᠳᠬᠦ ᠬᠡᠷᠡᠭᠴᠡᠭᠡ ᠱᠠᠭᠠᠷᠳᠠᠯᠭ᠎ᠠ᠂ ᠬᠦᠴᠦᠨ ᠵᠦᠢᠯ᠂ ᠤᠯᠠᠷᠢᠭᠤᠯᠤᠯᠲᠠ ᠶᠢ ᠬᠠᠷᠢᠯᠴᠠᠨ ᠨᠡᠪᠲᠡᠷᠡᠭᠦᠯᠬᠦ ᠲᠣᠭᠲᠠᠴᠠ ᠶᠢ ᠪᠦᠷᠢᠨᠰᠢᠬᠦᠯᠦᠨ᠂ ᠮᠡᠷᠭᠡᠵᠢᠯ ᠤᠨ ᠭᠡᠷ᠎ᠡ ᠶᠢᠨ ᠠᠷᠠᠯᠵᠢᠶᠠᠯᠠᠬᠤ ᠲᠤᠭ᠎ᠠ ᠶᠢ 100 ᠳ᠋ᠦᠩᠰᠢᠭᠤᠷ ᠲᠥᠭᠦᠷᠢᠭ ᠲᠤ ᠬᠦᠷᠦᠭᠦᠯᠬᠦ ᠪᠠᠷ ᠴᠢᠷᠮᠠᠶᠢᠨ᠎ᠠ᠃ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ ᠤᠨ ︽ᠬᠤᠶᠠᠷ ᠢ ᠨᠡᠮᠡᠭᠳᠡᠭᠦᠯᠵᠦ ᠬᠤᠶᠠᠷ ᠢ ᠳᠡᠭᠡᠭᠰᠢᠯᠡᠭᠦᠯᠬᠦ︾ ᠠᠵᠢᠯᠯᠠᠭᠠᠨ ᠢ ᠭᠦᠨᠵᠡᠭᠡᠶ ᠬᠡᠷᠡᠭᠵᠢᠭᠦᠯᠵᠦ᠂ ᠰᠢᠨ᠎ᠡ ᠶᠢ ᠡᠭᠦᠳᠬᠦ ᠭᠤᠤᠯ ᠴᠣᠭᠴᠠ ᠶᠢᠨ ᠬᠡᠪᠴᠢᠶᠡᠵᠢᠯ ᠢ ᠪᠣᠶᠢᠵᠢᠭᠤᠯᠤᠨ ᠪᠤᠵᠠᠭᠠᠶᠢᠷᠠᠭᠤᠯᠵᠤ᠂ ᠪᠥᠬᠦ ᠣᠷᠣᠨ ᠤ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠣᠭᠤᠯᠤᠯᠲᠠ ᠶᠢᠨ 20% ᠪᠠᠷ ᠨᠡᠮᠡᠭᠳᠡᠬᠦ ᠶᠢ ᠠᠬᠢᠭᠤᠯᠤᠨ᠂ ᠲᠤᠰᠬᠠᠶ ᠠᠰᠢᠭ ᠢ ᠤᠯᠠᠷᠢᠭᠤᠯᠤᠨ ᠬᠡᠷᠡᠭᠯᠡᠬᠦ ᠶᠢ ᠴᠢᠩᠭᠠᠳᠬᠠᠵᠤ᠂ ᠮᠡᠳᠡᠯᠭᠡ ᠶᠢᠨ ᠦᠮᠴᠢᠯᠡᠯ ᠤᠨ ᠡᠷᠬᠡ ᠶᠢᠨ ᠡᠭᠦᠳᠦᠨ ᠪᠦᠲᠦᠭᠡᠬᠦ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠬᠥᠬᠡᠬᠤᠲᠠ ᠪᠤᠭᠤᠲᠤ ᠣᠷᠳᠣᠰ ᠤᠨ ᠤᠯᠤᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ᠂ ᠬᠤᠸᠠᠢ ᠷᠸᠦ ᠲᠤᠷᠰᠢᠯᠲᠠ ᠶᠢᠨ ᠲᠠᠰᠤᠭ ᠤᠨ ᠥᠪᠥᠷ ᠮᠣᠩᠭᠤᠯ ᠤᠨ ᠰᠠᠭᠤᠷᠢᠨ ᠭᠠᠵᠠᠷ᠂ ᠤᠯᠤᠰ ᠤᠨ ᠡᠪᠡᠰᠦᠨ ᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠲᠦᠷᠭᠡᠳᠬᠡᠨ ᠡᠭᠦᠳᠦᠨ ᠪᠠᠶᠢᠭᠤᠯᠵᠤ᠂ ᠤᠯᠤᠰ ᠤᠨ ᠰᠦ ᠰᠠᠭᠠᠯᠢ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠣᠷᠣᠨ᠂ ᠣᠷᠳᠣᠰ ᠤᠨ ᠤᠯᠤᠰ ᠤᠨ ᠦᠷᠭᠦᠯᠵᠢᠯᠡᠬᠦᠶᠢᠴᠡ ᠬᠥᠭᠵᠢᠯᠲᠡ ᠶᠢᠨ ᠵᠥᠪᠯᠡᠬᠦ ᠵᠦᠢᠯ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠵᠢᠴᠢ ᠪᠠᠶ᠋ᠬᠠᠤᠪᠤᠭ᠎ᠠ ᠶᠢᠨ ᠬᠤᠪᠣᠷ ᠰᠢᠷᠣᠶ ᠶᠢᠨ ᠡᠬᠢ ᠪᠠᠶᠠᠯᠢᠭ ᠢ ᠰᠤᠳᠤᠯᠬᠤ ᠪᠠ ᠶᠡᠷᠦᠩᠬᠡᠶᠢᠯᠡᠨ ᠠᠰᠢᠭᠯᠠᠬᠤ᠂ ᠣᠨᠴᠠ ᠲᠥᠷᠥᠯ ᠤᠨ ᠮᠠᠰᠢᠨ ᠲᠡᠷᠭᠡ ᠶᠢ ᠵᠢᠷᠤᠵᠤ ᠲᠥᠯᠥᠪᠯᠡᠨ ᠦᠢᠯᠡᠳᠬᠦ ᠬᠤᠷᠠᠮᠠᠯ ᠮᠡᠷᠭᠡᠵᠢᠯ ᠤᠨ ᠪᠥᠬᠦ ᠤᠯᠤᠰ ᠤᠨ ᠭᠤᠤᠯᠳᠠᠯᠭ᠎ᠠ ᠪᠣᠯᠬᠤ 2 ᠲᠤᠷᠰᠢᠯᠲᠠ ᠶᠢᠨ ᠲᠠᠰᠤᠭ ᠵᠡᠷᠭᠡ ᠤᠯᠤᠰ ᠤᠨ ᠲᠠᠰ ᠤᠨ ᠲᠠᠪᠴᠠᠩ ᠤᠨ ᠰᠢᠨ᠎ᠡ ᠶᠢ ᠡᠭᠦᠳᠬᠦ ᠴᠢᠳᠠᠪᠤᠷᠢ ᠶᠢ ᠠᠬᠢᠭᠤᠯᠤᠨ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ 10 ᠰᠢᠨ᠎ᠡ ᠪᠠᠷ ᠨᠡᠮᠡᠭᠳᠡᠭᠦᠯᠦᠨ᠂ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠪᠣᠯᠬᠤ ᠲᠤᠷᠰᠢᠯᠲᠠ ᠶᠢᠨ ᠲᠠᠰᠤᠭ ᠢ 110 ᠪᠠᠶᠢᠭᠤᠯᠤᠨ᠎ᠠ᠃ ︽ᠰᠤᠳᠤᠨ ᠴᠢᠳᠠᠪᠤᠷᠢᠲᠠᠨ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠢᠨᠵᠧᠨᠧᠷᠢᠩ ᠢ ᠬᠡᠷᠡᠭᠵᠢᠭᠦᠯᠵᠦ᠂ ᠴᠢᠳᠠᠪᠤᠷᠢᠲᠠᠨ ᠤ ᠣᠯᠭᠤᠮᠵᠢ ᠪᠠ ᠬᠦᠨᠳᠦᠳᠭᠡᠯ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ ᠴᠢᠳᠠᠪᠤᠷᠢᠲᠠᠨ ᠢ ᠬᠥᠮᠦᠵᠢᠭᠦᠯᠬᠦ ᠪᠠ ᠣᠷᠣᠭᠤᠯᠤᠨ ᠠᠪᠴᠢᠷᠠᠬᠤ ᠪᠠᠨ ᠴᠢᠩᠭᠠᠳᠬᠠᠵᠤ᠂ ︽ᠨᠢᠭᠡ ᠺᠤᠳ᠋ ᠢᠶᠠᠷ ᠨᠡᠶᠢᠳᠡᠮ ᠰᠶᠢᠳᠪᠦᠷᠢᠯᠡᠬᠦ︾ ᠴᠢᠳᠠᠪᠤᠷᠢᠲᠠᠨ ᠤ ᠦᠢᠯᠡᠴᠢᠯᠡᠭᠡᠨ ᠤ ᠲᠣᠭᠲᠠᠯᠴᠠᠭ᠎ᠠ ᠶᠢ ᠪᠠᠶᠢᠭᠤᠯᠤᠨ᠎ᠠ᠃
︵ᠬᠤᠶᠠᠷ︶ ᠤᠯᠠᠮᠵᠢᠯᠠᠯᠲᠤ ᠠᠵᠤ ᠦᠢᠯᠡᠰ ᠤᠨ ᠲᠠᠰ ᠳᠡᠪᠰᠢᠬᠦ ᠶᠢ ᠠᠬᠢᠭᠤᠯᠤᠨ᠎ᠠ᠃ ᠰᠢᠨ᠎ᠡ ᠨᠢᠭᠡ ᠡᠭᠡᠯᠵᠢ ᠶᠢᠨ ᠳᠠᠭᠠᠭᠠᠨ ᠵᠠᠯᠭᠠᠭᠤᠯᠤᠭᠰᠠᠨ ᠠᠵᠤ ᠦᠢᠯᠡᠰ ᠤᠨ ᠰᠢᠯᠵᠢᠭᠦᠯᠦᠨ ᠵᠣᠯᠭᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠤ ᠦᠢᠯᠡᠳᠪᠦᠷᠢ ᠶᠢᠨ ᠬᠦᠷᠢᠶᠡᠨ ᠳᠠᠬᠢ ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠲᠥᠷᠥᠯ ᠵᠦᠢᠯ ᠤᠨ ᠨᠥᠭᠡᠴᠡᠯᠡᠯᠲᠡ ᠪᠠ ᠬᠡᠷᠡᠭᠵᠢᠭᠦᠯᠦᠯᠲᠡ ᠶᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠦᠢᠯᠡᠳᠬᠦ ᠦᠢᠯᠡᠰ ᠤᠨ ᠭᠤᠤᠯᠳᠠᠯᠭ᠎ᠠ ᠪᠣᠯᠬᠤ ᠠᠵᠤ ᠦᠢᠯᠡᠰ ᠤᠨ ᠬᠡᠯᠬᠢᠶ᠎ᠡ ᠶᠢᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠭᠡᠨ᠎ᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠲᠤᠰᠠᠯᠠᠬᠤ ᠠᠵᠤ ᠠᠬᠤᠢ ᠶᠢᠨ ᠢᠳᠡᠭᠡᠨ ᠢ ᠡᠳ᠋ᠰᠢᠭᠦᠯᠦᠨ ᠪᠣᠯᠪᠠᠰᠤᠷᠠᠭᠤᠯᠬᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠬᠤ ᠠᠵᠢᠯᠯᠠᠭᠠᠨ ᠤ ᠲᠥᠰᠦᠯ ︵2025 – 2027 ᠣᠨ︶︾ ᠢ ᠲᠣᠭᠲᠠᠭᠠᠨ ᠬᠡᠷᠡᠭᠵᠢᠭᠦᠯᠵᠦ᠂ ᠭᠤᠤᠯ ᠪᠣᠯᠬᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠦᠨ ᠪᠣᠯᠪᠠᠰᠤᠷᠠᠭᠤᠯᠵᠤ ᠤᠯᠠᠷᠢᠭᠤᠯᠬᠤ ᠨᠣᠷᠮ᠎ᠠ ᠶᠢ 75% ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃ ᠣᠷᠣᠨ ᠨᠤᠲᠤᠭ ᠤᠨ ᠣᠨᠴᠠᠯᠢᠠᠠᠳᠣ ᠢᠳᠡᠭᠡᠨ ᠤ ᠠᠵᠤ ᠦᠢᠯᠡᠰ ᠤᠨ ᠳᠠᠪᠠᠭᠤᠯᠢᠭ ᠢ ᠲᠦᠷᠭᠡᠳᠬᠡᠨ ᠪᠣᠶ ᠪᠣᠯᠭᠠᠵᠤ᠂ ᠣᠨᠴᠠᠯᠢᠠᠠᠳᠣ ᠢᠳᠡᠭᠡᠨ ᠤ ᠠᠵᠤ ᠦᠢᠯᠡᠰ ᠤᠨ ᠪᠦᠯᠦᠭᠵᠢᠯ ᠢ ᠪᠣᠢ ᠪᠣᠯᠭᠠᠨ᠎ᠠ᠃ ᠲᠡᠮᠦᠷ ᠤᠨ ᠬᠠᠶᠢᠯᠤᠰᠢ ᠶᠢᠨ ᠠᠵᠢᠯ ᠲᠥᠷᠥᠯ ᠤᠨ ᠬᠡᠪᠴᠢᠶᠡᠵᠢᠭᠦᠯᠦᠨ ᠡᠮᠬᠢᠯᠡᠨ ᠨᠡᠶᠢᠯᠡᠭᠦᠯᠬᠦ ᠶᠢ ᠲᠦᠷᠭᠡᠳᠬᠡᠨ ᠠᠬᠢᠭᠤᠯᠵᠤ᠂ ᠲᠡᠮᠦᠷ ᠤᠨ ᠬᠠᠶᠢᠯᠤᠰᠢ ᠶᠢᠨ ᠠᠵᠢᠯ ᠲᠥᠷᠥᠯ ᠤᠨ ᠤᠯᠠᠭᠠᠨᠴᠠᠪ᠂ ᠰᠢᠯᠢ ᠶᠢᠨ ᠭᠤᠤᠯ ᠤᠨ ᠡᠮᠦᠨ᠎ᠡ ᠬᠡᠰᠡᠭ ᠲᠡᠶᠢᠰᠢ ᠲᠥᠪᠯᠡᠷᠡᠨ ᠪᠦᠭᠡᠮᠨᠡᠷᠡᠬᠦ ᠶᠢ ᠠᠬᠢᠭᠤᠯᠤᠨ᠎ᠠ᠃ ᠤᠯᠤᠰ ᠤᠨ ᠳᠣᠲᠣᠭᠠᠳᠤ ᠶᠢᠨ ᠴᠠᠬᠢᠯᠭᠠᠨ ᠵᠠᠳᠠᠯᠤᠯ ᠤᠨ ᠬᠦᠩᠭᠡᠨ ᠴᠠᠭᠠᠨ ᠤ ᠦᠢᠯᠡᠳᠪᠦᠷᠢᠯᠡᠬᠦ ᠴᠢᠳᠠᠮᠵᠢ ᠶᠢᠨ ᠰᠢᠯᠵᠢᠯᠲᠡ ᠶᠢ ᠨᠥᠬᠦᠴᠡᠯ ᠲᠠᠢ ᠪᠦᠭᠡᠳ ᠡᠮᠬᠢ ᠵᠢᠷᠤᠮ ᠲᠠᠢ ᠪᠠᠷ ᠵᠠᠯᠭᠠᠨ ᠠᠪᠴᠤ᠂ ᠬᠦᠩᠭᠡᠨ ᠴᠠᠭᠠᠨ ᠤ ᠠᠵᠤ ᠦᠢᠯᠡᠰ ᠤᠨ ᠳᠡᠭᠡᠳᠦ ᠳᠣᠤᠷᠠᠳᠤ ᠬᠡᠯᠬᠢᠶᠡᠨ ᠤ ᠠᠵᠤ ᠦᠢᠯᠡᠰ ᠤᠨ ᠬᠡᠪᠴᠢᠶᠡᠵᠢᠯ ᠢ ᠦᠷᠭᠦᠯᠵᠢᠯᠡᠨ ᠪᠣᠵᠠᠭᠠᠶᠢᠷᠠᠭᠤᠯᠤᠨ᠎ᠠ᠃ ᠰᠢᠨ᠎ᠡ ᠬᠡᠯᠪᠡᠷᠢ ᠶᠢᠨ ᠬᠡᠦᠷᠰᠢᠭᠦᠯᠬᠦ ᠶᠢ ᠨᠢᠭᠡ ᠴᠤᠭᠴᠠᠵᠢᠭᠤᠯᠤᠭᠰᠠᠨ 4 ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠦᠬᠠᠶ ᠵᠢᠴᠢ ᠡᠷᠬᠢᠨ ᠲᠣᠭᠤᠷᠢᠨ ᠭᠠᠵᠠᠷ ᠣᠷᠣᠨ ᠤ ᠬᠡᠦᠷᠰᠢᠭᠦᠯᠬᠦ ᠠᠵᠢᠯ ᠲᠥᠷᠥᠯ ᠠᠵᠤ ᠦᠢᠯᠡᠰ ᠤᠨ ᠲᠠᠰ ᠳᠡᠪᠰᠢᠬᠦ ᠪᠠ ᠬᠡᠲᠦ ᠳᠣᠤᠷ᠎ᠠ ᠭᠠᠳᠠᠭᠰᠢᠯᠠᠭᠤᠯᠬᠤ ᠪᠠᠷ ᠦᠭᠡᠷᠡᠴᠢᠯᠡᠨ ᠰᠢᠨᠡᠳᠭᠡᠬᠦ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ ᠳ᠋ᠢᠬᠢᠲ ᠮᠡᠷᠭᠡᠵᠢᠯ᠂ ᠪᠣᠬᠢᠷᠲᠤᠯ ᠥᠬᠡᠶ ᠮᠡᠷᠭᠡᠵᠢᠯ ᠢ ᠢᠳᠡᠪᠬᠢᠲᠡᠶ ᠬᠡᠷᠡᠭᠯᠡᠨ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠰᠢᠨᠡᠳᠭᠡᠵᠦ ᠳᠡᠭᠡᠭᠰᠢᠯᠡᠭᠦᠯᠦᠨ᠂ ︽2025 ᠪᠣᠬᠢᠷᠲᠤᠯ ᠥᠬᠡᠶ ᠪᠦᠭᠡᠳ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠮᠡᠷᠭᠡᠵᠢᠯ ᠢ ᠳᠡᠯᠭᠡᠷᠡᠭᠦᠯᠬᠦ ᠭᠠᠷᠴᠠᠭ︾ ᠢ ᠨᠡᠶᠢᠲᠡᠯᠡᠨ᠂ ᠬᠤᠶᠠᠳᠤᠭᠠᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠳ᠋ᠢᠬᠢᠲᠴᠢᠯᠡᠬᠦ ᠲᠡᠶᠢᠰᠢ ᠬᠡᠯᠪᠡᠷᠢ ᠪᠠᠨ ᠬᠤᠪᠢᠷᠠᠭᠤᠯᠬᠤ ᠲᠤᠷᠰᠢᠯᠲᠠ ᠶᠢᠨ ᠴᠡᠭ ᠤᠨ ᠠᠵᠢᠯ ᠢ ᠦᠷᠭᠦᠯᠵᠢᠯᠡᠨ ᠥᠷᠨᠢᠭᠦᠯᠵᠦ᠂ 60 ᠪᠣᠬᠢᠷᠲᠤᠯ ᠥᠬᠡᠶ ᠦᠢᠯᠡᠳᠪᠦᠷᠢ᠂ 5 ᠪᠣᠬᠢᠷᠲᠤᠯ ᠥᠬᠡᠶ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠠ 3 ᠪᠣᠬᠢᠷᠲᠤᠯ ᠥᠬᠡᠶ ᠬᠠᠩᠭᠠᠯᠭ᠎ᠠ ᠶᠢᠨ ᠬᠡᠯᠬᠢᠶᠡᠵᠢᠯ ᠤᠨ ᠬᠠᠮᠢᠶᠠᠷᠤᠯᠲᠠ ᠶᠢᠨ ᠠᠵᠤ ᠠᠬᠤᠶᠢᠯᠠᠯ ᠢ ᠡᠭᠦᠳᠦᠨ ᠪᠠᠶᠢᠭᠤᠯᠤᠨ᠎ᠠ᠃ ᠪᠠᠷᠢᠯᠭ᠎ᠠ ᠶᠢᠨ ᠦᠢᠯᠡᠰ ᠤᠨ ᠭᠤᠷᠪᠠᠨ ᠵᠢᠯ ᠤᠨ ᠳᠠᠬᠢᠨ ᠢᠶᠠᠷ ᠨᠡᠮᠡᠭᠳᠡᠭᠦᠯᠬᠦ ᠠᠵᠢᠯᠯᠠᠭᠠᠨ ᠤ ᠰᠡᠭᠦᠯ ᠬᠤᠷᠢᠶᠠᠬᠤ ᠳᠠᠶᠢᠯᠠᠯᠳᠤᠭᠠᠨ ᠢ ᠰᠠᠶᠢᠲᠤᠷ ᠬᠢᠵᠦ᠂ ᠤᠭᠰᠠᠷᠠᠮᠠᠯ ᠮᠠᠶ᠋ᠢᠭ ᠤᠨ ᠪᠠᠷᠢᠯᠭ᠎ᠠ᠂ ᠪᠣᠬᠢᠷᠲᠤᠯ ᠥᠬᠡᠶ ᠪᠠᠷᠢᠯᠭ᠎ᠠ᠂ ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠢ ᠶᠡᠭᠡ ᠪᠠᠷ ᠬᠥᠭᠵᠢᠭᠦᠯᠦᠨ᠂ ᠣᠶᠤᠨᠴᠢ ᠪᠠᠷ ᠪᠥᠲᠥᠭᠡᠨ ᠪᠠᠶᠢᠭᠤᠯᠬᠤ ᠲᠤᠷᠰᠢᠯᠲᠠ ᠶᠢᠨ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠠᠵᠢᠯᠯᠠᠭᠠᠨ ᠢ ᠬᠡᠷᠡᠭᠵᠢᠭᠦᠯᠵᠦ᠂ ᠠᠵᠢᠯ ᠳᠠᠭᠤᠰᠤᠭᠰᠠᠨ ᠪᠠᠷᠢᠯᠭ᠎ᠠ ᠳᠠᠬᠢ ᠪᠣᠬᠢᠷᠲᠤᠯ ᠥᠬᠡᠶ ᠪᠠᠷᠢᠯᠭ᠎ᠠ ᠶᠢᠨ ᠡᠵᠡᠯᠡᠬᠦ ᠬᠠᠷᠢᠴᠠᠯ ᠢ 100% ᠳᠤ ᠬᠦᠷᠦᠭᠦᠯᠦᠨ᠎ᠡ᠃
︵ᠭᠤᠷᠪᠠ︶ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠢ ᠦᠷᠭᠦᠯᠵᠢᠯᠡᠨ ᠪᠤᠵᠠᠭᠠᠶᠢᠷᠠᠭᠤᠯᠤᠨ᠎ᠠ᠃ ᠰᠢᠨ᠎ᠡ ᠡᠨᠧᠷᠭᠢ ᠶᠢᠨ ᠠᠵᠤ ᠦᠢᠯᠡᠰ ᠤᠨ ᠲᠠᠯ᠎ᠠ ᠪᠠᠷ᠂ ᠡᠯᠡᠰᠦᠨ ᠴᠦᠯ ᠭᠤᠪᠢ ᠴᠦᠯᠡᠷᠬᠡᠭ ᠣᠷᠣᠨ ᠳᠠᠬᠢ ᠲᠣᠮᠣ ᠰᠠᠭᠤᠷᠢᠨ ᠭᠠᠵᠠᠷ᠂ ᠥᠪᠥᠷ ᠮᠣᠩᠭᠤᠯ ᠤᠨ ᠪᠠᠷᠠᠭᠤᠨ ᠬᠡᠰᠡᠭ ᠠᠴᠠ ᠪᠡᠭᠡᠵᠢᠩ ᠲᠢᠶᠠᠨᠵᠢᠨ ᠾᠧᠪᠧᠢ ᠬᠥᠷᠬᠦ ᠵᠡᠷᠭᠡ ᠭᠠᠳᠠᠭᠰᠢ ᠳᠠᠮᠵᠢᠭᠤᠯᠬᠤ ᠨᠡᠪᠲᠡᠷᠡᠯ ᠵᠠᠮ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠰᠠᠯᠬᠢᠨ ᠬᠦᠴᠦᠨ ᠤ ᠴᠠᠬᠢᠯᠭᠠᠨ ᠤ ᠪᠥᠲᠥᠭᠡᠨ ᠪᠠᠶᠢᠭᠤᠯᠤᠯᠲᠠ ᠶᠢᠨ ᠬᠡᠪᠴᠢᠶᠡᠵᠢᠯ ᠢ ᠪᠠᠲᠤᠯᠠᠭᠰᠠᠨ ᠰᠠᠭᠤᠷᠢᠨ ᠳᠡᠭᠡᠷ᠎ᠡ ᠭᠡᠷᠡᠯᠴᠢ ᠴᠡᠨᠡᠭ ᠤᠨ ᠲᠥᠷᠥᠯ ᠵᠦᠢᠯ ᠤᠨ ᠬᠡᠪᠴᠢᠶᠡᠵᠢᠯ ᠢ ᠥᠷᠭᠡᠳᠬᠡᠨ᠂ ᠵᠢᠯ ᠤᠨ ᠳᠣᠲᠣᠷ᠎ᠠ ᠰᠢᠨ᠎ᠡ ᠡᠨᠧᠷᠭᠢ ᠶᠢᠨ ᠲᠣᠤᠷ ᠲᠤ ᠨᠡᠶᠢᠯᠡᠭᠦᠯᠬᠦ ᠮᠠᠰᠢᠨ ᠴᠣᠭᠴᠠᠯᠠᠪᠤᠷᠢ ᠶᠢ 4000 ᠲᠦᠮᠡᠨ ᠺᠢᠯᠣᠸᠠᠲ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠵᠤ᠂ ᠶᠡᠷᠦᠩᠬᠡᠶ ᠬᠡᠪᠴᠢᠶᠡᠵᠢᠯ ᠢ 1.7 ᠳ᠋ᠦᠩᠰᠢᠭᠤᠷ ᠺᠢᠯᠣᠸᠠᠲ ᠠᠴᠠ ᠳᠠᠪᠠᠭᠤᠯᠤᠨ᠂ ᠴᠠᠬᠢᠯᠭᠠᠨ ᠭᠠᠷᠭᠠᠬᠤ ᠬᠡᠮᠵᠢᠶ᠎ᠡ ᠶᠢ 3000 ᠳ᠋ᠦᠩᠰᠢᠭᠤᠷ ᠭᠷᠠᠳᠦ᠋ᠰ ᠠᠴᠠ ᠳᠠᠪᠠᠭᠤᠯᠤᠨ᠎ᠠ᠃ ᠪᠣᠬᠢᠷᠲᠤᠯ ᠥᠬᠡᠶ ᠴᠠᠬᠢᠯᠭᠠᠨ ᠤ ᠠᠷᠠᠯᠵᠢᠶ᠎ᠠ ᠶᠢᠨ ᠬᠡᠷᠡᠭᠵᠢᠭᠦᠯᠬᠦ ᠨᠠᠷᠢᠨ ᠲᠦᠷᠢᠮ ᠪᠠ ︽ᠰᠢᠨ᠎ᠡ ᠡᠨᠧᠷᠭᠢ +︾ ᠲᠥᠷᠥ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠰᠢᠨ᠎ᠡ ᠡᠨᠧᠷᠭᠢ ᠶᠢᠨ ᠥᠨᠳᠥᠷ ᠦᠷ᠎ᠡ ᠪᠦᠲᠦᠮᠵᠢᠲᠡᠢ ᠪᠠᠷ ᠰᠢᠩᠭᠡᠭᠡᠬᠦ ᠬᠡᠷᠡᠭᠯᠡᠭᠡᠨ ᠤ ᠠᠬᠤᠢ ᠪᠠᠶᠢᠳᠠᠯ ᠢ ᠥᠷᠭᠡᠳᠬᠡᠨ᠂ 2.0 ᠪᠠᠷᠯᠠᠯ ᠤᠨ ᠲᠡᠭ ᠨᠡᠭᠦᠷᠡᠰᠦᠳᠦ᠋ᠷᠦᠭᠴᠢᠲᠦ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠴᠠᠬᠢᠯᠭᠠᠨ ᠭᠠᠷᠭᠠᠬᠤ ᠳᠠᠮᠵᠢᠭᠤᠯᠬᠤ ᠪᠠ ᠲᠦᠭᠡᠭᠡᠬᠦ ᠬᠦᠷᠢᠶᠡᠨ ᠳᠠᠬᠢ ᠲᠥᠬᠦᠭᠡᠷᠦᠮᠵᠢ ᠶᠢ ᠰᠢᠨᠡᠳᠬᠡᠬᠦ ᠪᠠ ᠮᠡᠷᠭᠡᠵᠢᠯ ᠤᠨ ᠦᠭᠡᠷᠡᠴᠢᠯᠡᠨ ᠰᠢᠨᠡᠳᠭᠡᠬᠦ ᠠᠵᠢᠯᠯᠠᠭᠠᠨ᠂ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠤᠨ ᠲᠥᠬᠦᠭᠡᠷᠦᠮᠵᠢ ᠶᠢ ᠰᠢᠨᠡᠳᠬᠡᠬᠦ ᠪᠠ ᠥᠨᠳᠥᠷ ᠪᠦᠲᠦᠮᠵᠢᠲᠡᠶ ᠪᠠᠷ ᠡᠭᠡᠭᠦᠯᠦᠨ ᠬᠤᠷᠢᠶᠠᠵᠤ ᠠᠰᠢᠭᠯᠠᠬᠤ ᠠᠵᠢᠯᠯᠠᠭᠠᠨ ᠢ ᠬᠡᠷᠡᠭᠵᠢᠭᠦᠯᠵᠦ᠂ ᠰᠢᠨ᠎ᠡ ᠡᠨᠧᠷᠭᠢ ᠶᠢᠨ ᠣᠶᠤᠨᠴᠢ ᠪᠠᠷ ᠠᠵᠢᠯᠯᠠᠭᠤᠯᠵᠤ ᠪᠠᠲᠤᠯᠠᠬᠤ ᠪᠠ ᠡᠨᠧᠷᠭᠢ ᠶᠢᠨ ᠣᠷᠴᠢᠨ ᠨᠦᠬᠦᠴᠡᠯ ᠢ ᠬᠠᠮᠠᠭᠠᠯᠠᠬᠤ ᠦᠢᠯᠡᠴᠢᠯᠡᠭᠡᠨ ᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠤᠨ᠎ᠠ᠃ ᠯᠢᠲ᠋ᠢ ᠶᠢᠨ ᠠᠵᠤ ᠦᠢᠯᠡᠰ ᠤᠨ ᠬᠥᠭᠵᠢᠯᠲᠡ ᠶᠢᠨ ᠵᠢᠯᠣᠭᠤᠳᠬᠤ ᠰᠠᠨᠠᠯ ᠢ ᠨᠠᠶᠢᠳᠠᠪᠤᠷᠢᠵᠢᠭᠤᠯᠵᠤ᠂ ᠯᠢᠲ᠋ᠢ ᠶᠢᠨ ᠠᠵᠤ ᠦᠢᠯᠡᠰ ᠤᠨ ᠬᠦᠷᠢᠶᠡᠯᠡᠩ ᠤᠨ ᠪᠦᠳᠦᠭᠡᠨ ᠪᠠᠶᠢᠭᠤᠯᠤᠯᠲᠠ ᠶᠢ ᠨᠠᠶᠢᠳᠠᠪᠤᠷᠢᠵᠢᠭᠤᠯᠤᠨ᠎ᠠ᠃ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠲᠠᠯ᠎ᠠ ᠪᠠᠷ᠂ ᠣᠷᠳᠣᠰ ᠤᠨ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠵᠢᠱᠢᠶ᠎ᠡ ᠦᠵᠡᠭᠦᠯᠬᠦ ᠣᠷᠣᠨ ᠢ ᠲᠦᠷᠭᠡᠳᠬᠡᠨ ᠪᠠᠶᠢᠭᠤᠯᠵᠤ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ ᠶᠢᠨ ᠨᠡᠭᠦᠷᠡᠰᠦ ᠪᠠᠷ ᠠᠯᠺᠤᠨ ᠦᠢᠯᠡᠳᠬᠦ᠂ ᠷᠦᠩ ᠱᠧᠩ ᠪᠣᠬᠢᠷᠲᠤᠯ ᠥᠬᠡᠶ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢ ᠨᠢᠭᠡ ᠴᠤᠭᠴᠠᠵᠢᠭᠤᠯᠬᠤ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠪᠠᠷ ᠠᠬᠢᠭᠤᠯᠤᠨ᠂ ᠤᠯᠤᠰ ᠤᠨ ᠡᠨᠧᠷᠭᠢ ᠶᠢᠨ ᠪᠦᠯᠦᠭᠯᠡᠯ ᠤᠨ ᠨᠡᠭᠦᠷᠡᠰᠦ ᠪᠠᠷ ᠲᠣᠰᠣ ᠦᠢᠯᠡᠳᠬᠦ ᠲᠥᠷᠥᠯ ᠵᠦᠢᠯ ᠢ ᠬᠢᠨᠠᠨ ᠵᠥᠪᠰᠢᠶᠡᠷᠡᠭᠦᠯᠵᠦ ᠴᠣᠬᠤᠯᠠᠪᠤᠷᠢ ᠣᠯᠬᠤ ᠪᠠᠷ ᠴᠢᠷᠮᠠᠶᠢᠨ᠎ᠠ᠃ ᠨᠡᠭᠦᠷᠡᠰᠦᠨ ᠳᠠᠪᠬᠤᠷᠭ᠎ᠠ ᠶᠢᠨ ᠬᠡᠢ ᠶᠢᠨ ᠡᠬᠢ ᠪᠠᠶᠠᠯᠢᠭ ᠢ ᠶᠡᠷᠦᠩᠬᠡᠶᠢᠯᠡᠨ ᠬᠠᠶᠢᠨ ᠰᠢᠨᠵᠢᠯᠡᠵᠦ ᠨᠡᠭᠡᠭᠡᠨ ᠠᠰᠢᠭᠯᠠᠬᠤ ᠶᠢ ᠠᠬᠢᠭᠤᠯᠤᠨ᠎ᠠ᠃ ᠬᠤᠪᠣᠷ ᠰᠢᠷᠣᠶ ᠶᠢᠨ ᠠᠵᠤ ᠦᠢᠯᠡᠰ ᠤᠨ ᠲᠠᠯ᠎ᠠ ᠪᠠᠷ᠂ ᠬᠤᠪᠣᠷ ᠰᠢᠷᠣᠶ ᠶᠢᠨ ᠬᠠᠶᠢᠯᠤᠭᠤᠯᠤᠯᠲᠠ ᠶᠢ ᠴᠡᠪᠡᠷᠰᠢᠭᠦᠯᠬᠦ ᠪᠠᠷ ᠦᠭᠡᠷᠡᠴᠢᠯᠡᠨ ᠰᠢᠨᠡᠳᠭᠡᠬᠦ ᠶᠢ ᠦᠷᠭᠦᠯᠵᠢᠯᠡᠨ ᠥᠷᠨᠢᠭᠦᠯᠵᠦ᠂ ᠪᠠᠶᠢᠩᠭᠤ ᠰᠣᠷᠢᠨᠵᠢᠨᠲᠤ ᠴᠠᠬᠢᠯᠭᠠᠨ ᠮᠠᠰᠢᠨ ᠢᠶᠠᠷ ᠣᠷᠤᠯᠠᠭᠤᠯᠬᠤ ᠠᠵᠢᠯᠯᠠᠭᠠᠨ ᠢ ᠶᠡᠭᠡ ᠪᠠᠷ ᠠᠬᠢᠭᠤᠯᠤᠨ᠂ ᠪᠥᠬᠦ ᠬᠡᠯᠬᠢᠶᠡᠲᠦ ᠬᠤᠪᠣᠷ ᠰᠢᠷᠣᠶ ᠶᠢᠨ ᠠᠵᠤ ᠦᠢᠯᠡᠰ ᠤᠨ ᠬᠡᠮᠵᠢᠯᠲᠡ ᠶᠢᠨ ᠪᠠᠷᠢᠮᠵᠢᠶ᠎ᠠ ᠶᠢ ᠭᠡᠷᠡᠴᠢᠯᠡᠬᠦ ᠲᠣᠭᠲᠠᠯᠴᠠᠭ᠎ᠠ ᠪᠠᠨ ᠲᠡᠭᠦᠯᠳᠡᠷᠵᠢᠭᠦᠯᠵᠦ᠂ ᠪᠠᠶ᠋ᠬᠠᠤᠪᠤᠭ᠎ᠠ ᠶᠢᠨ ᠬᠤᠪᠣᠷ ᠰᠢᠷᠣᠶ ᠶᠢᠨ ᠡᠬᠢ ᠪᠠᠶᠠᠯᠢᠭ ᠤᠨ ᠨᠦᠬᠡᠴᠡ ᠶᠢ ᠨᠡᠮᠡᠭᠳᠡᠭᠦᠯᠬᠦ ᠶᠢ ᠳᠡᠮᠵᠢᠵᠦ᠂ ᠰᠢᠨ᠎ᠡ ᠡᠨᠧᠷᠭᠢ ᠶᠢᠨ ᠮᠠᠰᠢᠨ ᠲᠡᠷᠭᠡ᠂ ᠰᠠᠯᠬᠢᠨ ᠬᠦᠴᠦᠨ ᠤ ᠴᠠᠬᠢᠯᠭᠠᠨ ᠳᠤ ᠬᠡᠷᠡᠭᠯᠡᠬᠦ ᠬᠤᠪᠣᠷ ᠰᠢᠷᠣᠶ ᠶᠢᠨ ᠰᠣᠷᠢᠨᠵᠢᠨᠲᠤ ᠮᠠᠲ᠋ᠧᠷᠢᠶᠠᠯ ᠢ ᠨᠡᠭᠡᠭᠡᠨ ᠬᠥᠭᠵᠢᠭᠦᠯᠵᠦ᠂ ᠪᠤᠭᠤᠲᠤ ᠶᠢᠨ ︽ᠬᠤᠪᠣᠷ ᠰᠢᠷᠣᠶ +︾ ᠠᠵᠤ ᠦᠢᠯᠡᠰ ᠤᠨ ᠪᠦᠯᠦᠭᠵᠢᠯ ᠢ ᠪᠠᠶᠢᠭᠤᠯᠬᠤ ᠶᠢ ᠳᠡᠮᠵᠢᠨ᠎ᠡ᠃
︵ᠳᠥᠷᠪᠡ︶ ᠢᠷᠡᠭᠡᠳᠦᠶ ᠶᠢᠨ ᠠᠵᠤ ᠦᠢᠯᠡᠰ ᠢ ᠪᠠᠶᠢᠷᠢᠰᠢᠭᠤᠯᠤᠨ ᠬᠥᠭᠵᠢᠭᠦᠯᠦᠨ᠎ᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠷᠡᠭᠡᠳᠦᠶ ᠶᠢᠨ ᠠᠵᠤ ᠦᠢᠯᠡᠰ ᠤᠨ ᠰᠢᠨ᠎ᠡ ᠡᠭᠦᠳᠦᠯᠲᠡ ᠲᠠᠢ ᠬᠥᠭᠵᠢᠯᠲᠡ ᠶᠢᠨ ᠬᠡᠷᠡᠭᠵᠢᠭᠦᠯᠬᠦ ᠲᠥᠰᠦᠯ︾ ᠢ ᠪᠣᠲᠠᠲᠠᠶᠢᠵᠢᠭᠤᠯᠤᠨ ᠦᠷ᠎ᠡ ᠪᠦᠲᠦᠮᠵᠢ ᠤᠯᠬᠤ ᠶᠢ ᠠᠬᠢᠭᠤᠯᠵᠤ᠂ ᠢᠷᠡᠭᠡᠳᠦᠶ ᠶᠢᠨ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠮᠦᠩᠭᠦ ᠶᠢ ᠪᠠᠶᠢᠭᠤᠯᠤᠨ᠎ᠠ᠃ ᠨᠦᠬᠡᠴᠡ ᠡᠨᠧᠷᠬᠢ ᠶᠢᠨ ᠠᠵᠤ ᠦᠢᠯᠡᠰ ᠤᠨ ᠲᠠᠯ᠎ᠠ ᠪᠠᠷ᠂ ᠰᠢᠨ᠎ᠡ ᠬᠡᠯᠪᠡᠷᠢ ᠶᠢᠨ ᠨᠦᠬᠡᠴᠡ ᠡᠨᠧᠷᠭᠢ ᠶᠢᠨ ᠲᠤᠰᠬᠠᠶ ᠠᠵᠢᠯᠯᠠᠭᠠᠨ ᠢ ᠬᠡᠷᠡᠭᠵᠢᠭᠦᠯᠵᠦ᠂ ᠰᠢᠨ᠎ᠡ ᠬᠡᠯᠪᠡᠷᠢ ᠶᠢᠨ ᠨᠦᠬᠡᠴᠡ ᠡᠨᠧᠷᠭᠢ ᠶᠢᠨ ᠮᠠᠰᠢᠨ ᠴᠣᠭᠴᠠᠯᠠᠪᠤᠷᠢ ᠶᠢ 1000 ᠲᠦᠮᠡᠨ ᠺᠢᠯᠣᠸᠠᠲ ᠠᠵᠢᠯ ᠡᠬᠢᠯᠡᠭᠦᠯᠦᠨ᠂ 600 ᠲᠦᠮᠡᠨ ᠺᠢᠯᠣᠸᠠᠲ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠤᠭᠤᠯᠤᠨ᠎ᠠ᠃ ᠨᠦᠬᠡᠴᠡ ᠡᠨᠧᠷᠭᠢ ᠶᠢᠨ ᠲᠡᠷᠢᠭᠦᠨ ᠤ ᠮᠡᠷᠭᠡᠵᠢᠯ ᠤᠨ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠨᠦᠬᠡᠴᠡ ᠡᠨᠧᠷᠭᠢ ᠶᠢᠨ ᠭᠤᠤᠯᠯᠠᠬᠤ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠬᠤ ᠶᠢ ᠲᠦᠷᠭᠡᠳᠬᠡᠨ ᠪᠡᠶᠡᠯᠡᠭᠦᠯᠦᠨ᠎ᠡ᠃ ᠪᠤᠳᠤᠬᠤ ᠴᠢᠳᠠᠪᠤᠷᠢ ᠶᠢᠨ ᠠᠵᠤ ᠦᠢᠯᠡᠰ ᠤᠨ ᠲᠠᠯ᠎ᠠ ᠪᠠᠷ᠂ ᠪᠦᠬᠦ ᠤᠯᠤᠰ ᠤᠨ ᠨᠢᠭᠡ ᠴᠤᠭᠴᠠᠵᠢᠭᠰᠠᠨ ᠪᠤᠳᠤᠬᠤ ᠴᠢᠳᠠᠪᠤᠷᠢ ᠶᠢᠨ ᠰᠦᠯᠵᠢᠶᠡᠨ ᠤ ᠤᠯᠤᠰ ︵ᠥᠪᠥᠷ ᠮᠣᠩᠭᠤᠯ︶ ᠤᠨ ᠬᠦᠢᠰᠦ ᠵᠠᠩᠬᠢᠶᠠᠰᠤ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ 400G/800G ᠤᠨ ᠪᠦᠷᠢᠨ ᠭᠡᠷᠡᠯᠯᠢᠭ ᠰᠦᠯᠵᠢᠶᠡᠨ ᠤ ᠪᠠᠶᠢᠭᠤᠯᠤᠯᠲᠠ ᠶᠢ ᠲᠦᠷᠭᠡᠳᠭᠡᠨ᠂ ᠪᠤᠳᠤᠬᠤ ᠴᠢᠳᠠᠪᠤᠷᠢ ᠶᠢᠨ ᠬᠢᠨᠠᠨ ᠬᠡᠮᠵᠢᠵᠦ ᠲᠣᠬᠢᠷᠠᠭᠤᠯᠬᠤ ᠲᠠᠪᠴᠠᠩ ᠢ ᠪᠠᠶᠢᠭᠤᠯᠵᠤ᠂ ᠬᠤᠷᠢᠨᠭᠡᠷ ᠤᠨ ᠳ᠋ᠠᠶᠢᠲ᠋ᠠ ᠶᠢᠨ ᠲᠥᠪ ᠤᠨ ᠪᠦᠯᠦᠭᠵᠢᠯ ᠢ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ ᠲᠤᠮᠤ ᠪᠤᠯᠤᠩ ᠤᠨ ᠣᠷᠣᠨ ᠯᠤᠭ᠎ᠠ ᠲᠦᠷᠭᠡᠨ ᠢᠶᠠᠷ ᠰᠢᠭᠤᠳ ᠬᠤᠯᠪᠣᠯᠳᠤᠭᠤᠯᠬᠤ ᠶᠢ ᠠᠬᠢᠭᠤᠯᠤᠨ᠂ ᠪᠡᠭᠡᠵᠢᠩ ᠳᠤ ᠬᠠᠨᠳᠤᠭᠤᠯᠤᠭᠰᠠᠨ ᠬᠡᠳᠦ ᠶᠡᠭᠡ ᠬᠡᠪᠴᠢᠶᠡᠨ ᠤ ᠣᠶᠤᠨᠴᠢ ᠪᠤᠳᠤᠬᠤ ᠴᠢᠳᠠᠪᠤᠷᠢ ᠶᠢᠨ ᠪᠦᠯᠦᠭᠵᠢᠯ ᠢ ᠪᠠᠶᠢᠭᠤᠯᠵᠤ᠂ ᠬᠤᠸᠠ ᠸᠧᠢ ᠡᠭᠦᠯᠡᠨ ᠳ᠋ᠠᠶᠢᠲ᠋ᠠ ᠶᠢᠨ ᠲᠥᠪ᠂ ᠵᠢᠦ ᠵᠧᠤ ᠤᠶᠤᠨᠴᠢ ᠪᠤᠳᠤᠬᠤ ᠴᠢᠳᠠᠪᠤᠷᠢ᠂ ᠪᠢᠩ ᠰᠢᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠠ ᠯᠢ ᠪᠠ ᠪᠠ᠂ ᠵᠥᠩ ᠶᠢᠨ ᠳ᠋ᠠᠶᠢᠲ᠋ᠠ ᠵᠡᠷᠭᠡ 20 ᠭᠤᠤᠯᠳᠠᠯᠭ᠎ᠠ ᠪᠣᠯᠬᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ︽ᠵᠣᠬᠢᠶᠠᠮᠠᠯ ᠣᠶᠤᠨ +︾᠂ ︽ᠳ᠋ᠠᠶᠢᠲ᠋ᠠ ᠶᠢᠨ ᠬᠦᠴᠦᠨ ᠵᠦᠢᠯ ×︾ ᠵᠡᠷᠭᠡ ᠠᠵᠢᠯᠯᠠᠭᠠᠨ ᠢ ᠥᠷᠨᠢᠭᠦᠯᠵᠦ᠂ ᠨᠢᠭᠡ ᠪᠦᠯᠦᠭ ᠵᠣᠬᠢᠶᠠᠮᠠᠯ ᠣᠶᠤᠨ ᠤ ᠨᠡᠶᠢᠲᠡᠯᠢᠭ ᠬᠡᠷᠡᠭᠯᠡᠭᠡᠨ ᠤ ᠲᠥᠷᠥᠯ ᠵᠦᠢᠯ ᠢ ᠬᠡᠷᠡᠭᠵᠢᠭᠦᠯᠦᠨ᠂ ᠬᠥᠬᠡᠬᠤᠲᠠ ᠶᠢᠨ ᠵᠣᠬᠢᠶᠠᠮᠠᠯ ᠣᠶᠤᠨ ᠤ ᠠᠵᠤ ᠦᠢᠯᠡᠰ ᠤᠨ ᠰᠠᠭᠤᠷᠢᠨ ᠭᠠᠵᠠᠷ ᠢ ᠪᠣᠶᠢᠵᠢᠭᠤᠯᠵᠤ᠂ ᠦᠢᠯᠡᠴᠢᠯᠡᠭᠦᠷ ᠤᠨ ᠮᠠᠰᠢᠨ ᠴᠣᠭᠴᠠᠯᠠᠪᠤᠷᠢ ᠶᠢᠨ ᠴᠢᠳᠠᠪᠤᠷᠢ ᠶᠢ 150 ᠲᠦᠮᠡᠨ ᠰᠠᠭᠤᠷᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠵᠤ᠂ ᠪᠤᠳᠤᠬᠤ ᠴᠢᠳᠠᠪᠤᠷᠢ ᠶᠢᠨ ᠬᠡᠪᠴᠢᠶᠡᠵᠢᠯ ᠢ 20 ᠲᠦᠮᠡᠨ P ᠠᠴᠠ ᠳᠠᠪᠠᠭᠤᠯᠤᠨ᠂ ᠤᠶᠤᠨᠴᠢ ᠪᠤᠳᠤᠬᠤ ᠴᠢᠳᠠᠪᠤᠷᠢ ᠶᠢᠨ ᠬᠡᠪᠴᠢᠶᠡᠵᠢᠯ ᠤᠨ ᠪᠥᠬᠦ ᠤᠯᠤᠰ ᠲᠤ ᠲᠦᠷᠦᠭᠦᠯᠡᠭᠰᠡᠨ ᠪᠠᠶᠢᠷᠢ ᠪᠠᠨ ᠪᠠᠲᠤᠯᠠᠵᠤ᠂ ᠰᠢᠨ᠎ᠡ ᠪᠠᠷ ᠪᠠᠶᠢᠭᠤᠯᠤᠭᠰᠠᠨ ᠳ᠋ᠠᠶᠢᠲ᠋ᠠ ᠶᠢᠨ ᠲᠥᠪ ᠤᠨ ᠪᠣᠬᠢᠷᠲᠤᠯ ᠥᠬᠡᠶ ᠴᠠᠬᠢᠯᠭᠠᠨ ᠤ ᠬᠠᠷᠢᠴᠠᠯ ᠢ 80% ᠠᠴᠠ ᠳᠣᠤᠷ᠎ᠠ ᠥᠬᠡᠶ ᠪᠠᠶᠢᠯᠭᠠᠨ᠎ᠠ᠃ ᠪᠣᠬᠢᠷᠳᠤᠯ ᠦᠭᠡᠢ ᠤᠰᠤᠲᠥ᠋ᠷᠥᠭᠴᠢ ᠶᠢᠨ ᠠᠵᠤ ᠦᠢᠯᠡᠰ ᠤᠨ ᠲᠠᠯ᠎ᠠ ᠪᠠᠷ᠂ ᠪᠣᠬᠢᠷᠳᠤᠯ ᠦᠭᠡᠢ ᠤᠰᠤᠲᠥ᠋ᠷᠥᠭᠴᠢ ᠶᠢᠨ ᠠᠵᠤ ᠦᠢᠯᠡᠰ ᠤᠨ ᠬᠤᠰᠢᠭᠤᠴᠢ ᠣᠷᠣᠨ ᠤ ᠠᠵᠢᠯᠯᠠᠭᠠᠨ ᠤ ᠲᠥᠰᠦᠯ ᠢ ᠨᠠᠶᠢᠳᠠᠪᠤᠷᠢᠵᠢᠭᠤᠯᠤᠨ᠂ ᠪᠤᠬᠢᠷᠳᠤᠯ ᠦᠭᠡᠢ ᠴᠠᠬᠢᠯᠭᠠᠨ ᠢᠶᠠᠷ ᠤᠰᠤᠲᠥ᠋ᠷᠥᠭᠴᠢ ᠰᠢᠪᠲᠦᠷ ᠠᠯᠺᠣᠣᠯ ᠦᠢᠯᠡᠳᠬᠦ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠪᠣᠬᠢᠷᠳᠤᠯ ᠦᠭᠡᠢ ᠤᠰᠤᠲᠥ᠋ᠷᠥᠭᠴᠢ ᠦᠢᠯᠡᠳᠪᠦᠷᠢᠯᠡᠬᠦ ᠴᠢᠳᠠᠮᠵᠢ ᠶᠢ 20 ᠲᠦᠮᠡᠨ ᠲᠣᠨ ᠳᠤ ᠬᠦᠷᠦᠭᠦᠯᠬᠦ ᠪᠠᠷ ᠴᠢᠷᠮᠠᠶᠢᠨ᠎ᠠ᠃ ᠳᠤᠮᠳᠠᠳᠤ ᠤᠯᠤᠰ ᠤᠨ ᠴᠢᠯᠠᠭᠤᠨ ᠲᠤᠰᠤ ᠬᠢᠮᠢ ᠶᠢᠨ ᠠᠵᠤ ᠦᠢᠯᠡᠳᠪᠦᠷᠢ ᠶᠢᠨ ᠤᠯᠠᠭᠠᠨᠴᠠᠪ ᠠᠴᠠ ᠶᠠᠨᠱᠠᠨ ᠬᠥᠷᠬᠦ ᠴᠢᠯᠠᠭᠤᠨ ᠲᠤᠰᠤ ᠬᠢᠮᠢ ᠶᠢᠨ ᠤᠰᠤᠲᠥ᠋ᠷᠥᠭᠴᠢ ᠳᠠᠮᠵᠢᠭᠤᠯᠬᠤ ᠬᠤᠭᠤᠯᠠᠶ ᠭᠤᠣᠷᠰᠤ᠂ ᠤᠯᠠᠭᠠᠨᠬᠠᠳᠠ ᠠᠴᠠ ᠵᠢᠨᠵᠧᠦ ᠭᠠᠷᠠᠮ ᠬᠦᠷᠴᠦ ᠠᠬᠢᠭᠠᠳ ᠱᠠᠩᠬᠠᠶ ᠬᠥᠷᠬᠦ ᠪᠣᠬᠢᠷᠳᠤᠯ ᠦᠭᠡᠢ ᠤᠰᠤᠲᠥ᠋ᠷᠥᠭᠴᠢ ᠶᠢᠨ ᠬᠤᠩᠭᠢᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠤᠨ᠎ᠠ᠃ ︽ᠪᠣᠬᠢᠷᠳᠤᠯ ᠦᠭᠡᠢ ᠤᠰᠤᠲᠥ᠋ᠷᠥᠭᠴᠢ + ᠠᠵᠤ ᠦᠢᠯᠡᠳᠪᠦᠷᠢ︾᠂ ︽ᠪᠣᠬᠢᠷᠳᠤᠯ ᠦᠭᠡᠢ ᠤᠰᠤᠲᠥ᠋ᠷᠥᠭᠴᠢ + ᠵᠠᠮ ᠬᠠᠷᠢᠯᠴᠠᠭ᠎ᠠ︾ ᠵᠡᠷᠭᠡ ᠬᠡᠷᠡᠭᠯᠡᠭᠡᠨ ᠤ ᠰᠢᠩᠭᠡᠭᠡᠬᠦ ᠲᠠᠯᠠᠪᠤᠷ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠶᠢ ᠲᠦᠷᠭᠡᠳᠬᠡᠨ ᠠᠬᠢᠭᠤᠯᠵᠤ᠂ ᠤᠰᠤᠲᠥ᠋ᠷᠥᠭᠴᠢ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠢ ᠪᠤᠵᠠᠭᠠᠶᠢᠷᠠᠭᠤᠯᠤᠨ᠎ᠠ᠃ ᠳᠣᠤᠷ᠎ᠠ ᠠᠭᠠᠷ ᠤᠨ ᠠᠵᠤ ᠠᠬᠤᠶ ᠶᠢᠨ ᠲᠠᠯ᠎ᠠ ᠪᠠᠷ᠂ ᠤᠯᠤᠰ ᠤᠨ ᠳᠣᠤᠷ᠎ᠠ ᠠᠭᠠᠷ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠵᠢᠯᠣᠭᠤᠳᠬᠤ ᠰᠠᠨᠠᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠮᠤᠷ ᠲᠦᠪᠰᠢᠨ ᠢ ᠦᠨᠡᠨ ᠬᠦ ᠪᠠᠲᠤᠯᠠᠬᠤ ᠪᠠ ᠬᠠᠤᠯᠢ ᠲᠣᠭᠲᠠᠭᠠᠯ ᠢ ᠵᠢᠷᠤᠮᠯᠠᠭᠰᠠᠨ ᠤᠷᠢᠲᠠᠯ ᠳᠣᠤᠷ᠎ᠠ᠂ ᠰᠢᠰᠲ᠋ᠧᠮ ᠲᠠᠢ ᠣᠬᠠᠭᠠᠯᠠᠨ ᠲᠦᠯᠦᠪᠯᠡᠬᠦ ᠶᠢ ᠴᠢᠩᠭᠠᠳᠬᠠᠨ᠂ ᠠᠵᠤ ᠦᠢᠯᠡᠰ ᠤᠨ ᠰᠠᠭᠤᠷᠢ ᠶᠢ ᠪᠠᠬᠢᠵᠢᠭᠦᠯᠵᠦ᠂ ᠡᠯ᠎ᠡ ᠭᠠᠵᠠᠷ ᠤᠨ ᠬᠢᠨ ᠢ ᠬᠥᠲᠥᠯᠦᠨ ᠵᠢᠯᠣᠭᠤᠳᠴᠤ ᠪᠠᠶᠢᠭᠠᠳ ᠲᠣᠰ ᠪᠡᠶ᠎ᠡ ᠶᠢᠨ ᠪᠠᠶᠢᠷᠢ ᠲᠣᠭᠲᠠᠭᠠᠯᠲᠠ ᠪᠠᠨ ᠣᠨᠣᠪᠴᠢᠲᠠᠶ ᠡᠷᠢᠵᠦ ᠣᠯᠣᠭᠠᠳ ᠦᠪᠡᠷᠮᠢᠴᠡ ᠬᠥᠭᠵᠢᠯᠲᠡ ᠶᠢᠨ ᠳᠠᠪᠠᠭᠤᠯᠢᠭ ᠢ ᠪᠦᠷᠢᠯᠳᠦᠭᠦᠯᠦᠨ᠂ ᠳᠣᠤᠷ᠎ᠠ ᠠᠭᠠᠷ ᠤᠨ ᠠᠵᠤ ᠠᠬᠤᠶ ᠶᠢᠨ ᠬᠥᠭᠵᠢᠯᠲᠡ ᠶᠢᠨ ᠳᠠᠯᠳᠠ ᠬᠦᠴᠦᠨ ᠢ ᠠᠯᠬᠤᠮ ᠠᠯᠬᠤᠮ ᠢᠶᠠᠷ ᠪᠠᠳᠠᠷᠠᠭᠤᠯᠤᠨ᠎ᠠ᠃
︵ᠲᠠᠪᠤ︶ ᠦᠢᠯᠡᠴᠢᠯᠡᠭᠡᠨ ᠤ ᠦᠢᠯᠡᠰ ᠢ ᠲᠦᠷᠭᠡᠳᠬᠡᠨ ᠰᠡᠷᠭᠦᠭᠡᠬᠦ ᠶᠢ ᠠᠬᠢᠭᠤᠯᠤᠨ᠎ᠠ᠃ ︽ᠲᠡᠷᠢᠭᠦᠨ ᠤ ᠦᠢᠯᠡᠳᠬᠦ ᠦᠢᠯᠡᠰ ᠪᠠ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠠᠭᠤᠰᠤᠯᠴᠠᠨ ᠬᠥᠭᠵᠢᠬᠦ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠲᠤᠬᠠᠶ ᠬᠡᠷᠡᠭᠵᠢᠭᠦᠯᠬᠦ ᠲᠥᠰᠦᠯ︾ ᠢ ᠨᠡᠶᠢᠲᠡᠯᠡᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠨᠠᠷᠯᠢᠭ ᠥᠨᠳᠥᠷ ᠪᠦᠲᠦᠮᠵᠢᠲᠡᠶ ᠦᠢᠯᠡᠴᠢᠯᠡᠭᠡᠨ ᠤ ᠦᠢᠯᠡᠰ ᠤᠨ ᠰᠢᠨ᠎ᠡ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠬᠤ ᠠᠵᠢᠯᠯᠠᠭᠠᠨ ᠤ ᠲᠥᠰᠦᠯ ︵2024 – 2026 ᠣᠨ︶︾ ᠢ ᠨᠠᠶᠢᠳᠠᠪᠤᠷᠢᠵᠢᠭᠤᠯᠤᠨ᠂ ᠵᠠᠮ ᠬᠠᠷᠢᠯᠴᠠᠭ᠎ᠠ ᠲᠡᠭᠡᠭᠡᠪᠦᠷᠢ᠂ ᠠᠷᠠᠯᠵᠢᠶ᠎ᠠ ᠬᠤᠳᠠᠯᠳᠤᠭ᠎ᠠ᠂ ᠰᠣᠶᠣᠯ ᠵᠢᠭᠤᠯᠴᠢᠯᠠᠯ ᠵᠡᠷᠭᠡ ᠭᠤᠤᠯᠳᠠᠯᠭ᠎ᠠ ᠪᠣᠯᠬᠤ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠨᠢᠭᠡ ᠪᠦᠯᠦᠭ ᠦᠢᠯᠡᠴᠢᠯᠡᠭᠡᠨ ᠤ ᠦᠢᠯᠡᠰ ᠤᠨ ᠬᠥᠲᠥᠴᠢ ᠠᠵᠤ ᠠᠬᠤᠶᠢᠯᠠᠯ ᠢ ᠪᠣᠶᠢᠵᠢᠭᠤᠯᠤᠨ᠎ᠠ᠃ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡᠨ ᠤ ᠦᠢᠯᠡᠰ ᠤᠨ ᠨᠡᠮᠡᠭᠳᠡᠯ ᠢ ᠲᠣᠭᠲᠠᠪᠤᠷᠢᠵᠢᠭᠤᠯᠤᠨ᠎ᠠ᠃ ᠤᠯᠤᠰ ᠤᠨ ︽ᠪᠥᠬᠦ ᠨᠡᠶᠢᠭᠡᠮ ᠤᠨ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠬᠤ ᠠᠵᠢᠯᠯᠠᠭᠠᠨ ᠤ ᠲᠥᠰᠦᠯ︾ ᠵᠢᠴᠢ ᠥᠪᠡᠷᠲᠡᠭᠡᠨ ᠵᠠᠰᠠᠬᠤ ᠣᠷᠣᠨ ᠤ ᠡᠭᠦᠷᠭᠡ ᠶᠢᠨ ᠲᠤᠳᠤᠷᠬᠠᠢ ᠬᠠᠭᠤᠳᠠᠰᠤ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠣᠲᠣ ᠦᠶ᠎ᠡ ᠶᠢᠨ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡᠨ ᠤ ᠳᠠᠭᠠᠭᠤᠯᠤᠭᠴᠢ ᠠᠵᠤ ᠠᠬᠤᠶᠢᠯᠠᠯ ᠢ 50 ᠠᠴᠠ ᠳᠡᠭᠡᠭᠰᠢ ᠪᠣᠶᠢᠵᠢᠭᠤᠯᠵᠤ᠂ ᠪᠥᠬᠦ ᠣᠷᠣᠨ ᠤ ᠶᠡᠷᠦᠩᠬᠡᠶᠢᠯᠡᠭᠰᠡᠨ ᠲᠡᠭᠡᠭᠡᠪᠦᠷᠢ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠳᠤ ᠡᠵᠡᠯᠡᠬᠦ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢᠨ ᠬᠠᠷᠢᠴᠠᠯ ᠢ 40% ᠠᠴᠠ ᠳᠡᠭᠡᠭᠰᠢ ᠪᠣᠯᠭᠠᠨ᠎ᠠ᠃ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ ᠲᠠᠪᠴᠠᠩ ᠤᠨ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠲᠠᠪᠴᠠᠩ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠳᠡᠮᠵᠢᠵᠦ᠂ ᠪᠥᠬᠦ ᠣᠷᠣᠨ ᠤ ᠨᠢᠭᠡᠳᠦᠯᠲᠡᠶ ᠳ᠋ᠢᠬᠢᠲᠴᠢᠯᠡᠭᠰᠡᠨ ᠪᠠᠷᠠᠭᠠᠨ ᠤ ᠭᠦᠢᠯᠭᠡᠭᠡᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠰᠤᠳᠤᠯᠤᠨ ᠪᠠᠶᠢᠭᠤᠯᠤᠨ᠎ᠠ᠃ ᠭᠤᠣᠯᠳᠠᠯᠭ᠎ᠠ ᠪᠣᠯᠬᠤ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠤᠨ ᠨᠡᠭᠦᠷᠡᠰᠦᠨ ᠤ ᠥᠷᠭᠡᠨ ᠬᠡᠷᠡᠭᠴᠡᠭᠡᠨ ᠤ ᠪᠠᠷᠠᠭ᠎ᠠ ᠶᠢ ᠬᠤᠯᠠ ᠵᠠᠶ ᠲᠡᠭᠡᠭᠡᠪᠦᠷᠢᠯᠡᠬᠦ ᠶᠢᠨ ︽ᠵᠠᠰᠠᠮᠠᠯ ᠵᠠᠮ ᠠᠴᠠ ᠲᠡᠮᠦᠷ ᠵᠠᠮ ᠳᠤ ᠰᠢᠯᠵᠢᠬᠦ︾ ᠶᠢ ᠠᠬᠢᠭᠤᠯᠵᠤ᠂ ᠲᠡᠮᠦᠷ ᠵᠠᠮ ᠤᠨ ᠪᠠᠷᠠᠭ᠎ᠠ ᠲᠡᠭᠡᠭᠡᠪᠦᠷᠢᠯᠡᠬᠦ ᠬᠡᠮᠵᠢᠶ᠎ᠡ ᠶᠢ 950 ᠲᠦᠮᠡᠨ ᠲᠣᠨ ᠨᠡᠮᠡᠭᠳᠡᠭᠦᠯᠬᠦ ᠪᠠᠷ ᠴᠢᠷᠮᠠᠶᠢᠨ᠎ᠠ᠃ ᠵᠠᠰᠠᠮᠠᠯ ᠵᠠᠮ ᠳᠠᠭᠠᠤ ᠶᠢᠨ ᠡᠭᠦᠰᠦᠮᠡᠯ ᠠᠵᠤ ᠠᠬᠤᠶ ᠶᠢ ᠬᠥᠭᠵᠢᠭᠦᠯᠵᠦ᠂ ᠨᠢᠭᠡ ᠪᠦᠯᠦᠭ ᠵᠢᠭᠤᠯᠴᠢᠯᠠᠯ ᠤᠨ ᠵᠢᠱᠢᠶ᠎ᠡ ᠦᠵᠡᠭᠦᠯᠬᠦ ᠵᠠᠰᠠᠮᠠᠯ ᠵᠠᠮ᠂ ᠵᠢᠭᠤᠯᠴᠢᠯᠠᠯ ᠤᠨ ᠵᠢᠱᠢᠶ᠎ᠡ ᠦᠵᠡᠭᠦᠯᠬᠦ ᠦᠢᠯᠡᠴᠢᠯᠡᠭᠡᠨ ᠤ ᠲᠣᠭᠤᠷᠢᠭ ᠢ ᠴᠤᠭᠴᠠᠯᠠᠨ᠎ᠠ᠃ ᠭᠡᠷ ᠪᠠᠶᠢᠰᠢᠩ ᠭᠠᠵᠠᠷ ᠬᠦᠷᠦᠩᠭᠡ ᠶᠢᠨ ᠬᠥᠭᠵᠢᠯᠲᠡ ᠶᠢᠨ ᠰᠢᠨ᠎ᠡ ᠬᠡᠪ ᠵᠠᠭᠪᠤᠷ ᠢ ᠠᠬᠢᠭᠤᠯᠤᠨ ᠪᠠᠶᠢᠭᠤᠯᠤᠨ᠎ᠠ᠃ ᠤᠯᠤᠰ ᠵᠢᠴᠢ ᠥᠪᠡᠷᠲᠡᠭᠡᠨ ᠵᠠᠰᠠᠬᠤ ᠣᠷᠣᠨ ᠤ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠯᠲᠠ ᠶᠢ ᠵᠤᠭᠰᠤᠭᠠᠨ ᠲᠣᠭᠲᠠᠭᠤᠨ ᠪᠣᠯᠭᠠᠬᠤ ᠶᠢ ᠤᠯᠠᠮ ᠨᠢᠭᠡ ᠠᠯᠬᠤᠮ ᠠᠬᠢᠭᠤᠯᠬᠤ ᠬᠤᠯᠪᠣᠭᠳᠠᠯ ᠪᠥᠬᠦᠶ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠪᠠᠷ ᠨᠡᠮᠡᠭᠳᠡᠭᠰᠡᠨ ᠬᠡᠷ ᠪᠠᠶᠢᠰᠢᠩ ᠭᠠᠵᠠᠷ ᠬᠥᠷᠥᠩᠭᠡ ᠳᠤ ᠬᠡᠷᠡᠭᠯᠡᠬᠦ ᠭᠠᠵᠠᠷ ᠤᠨ ᠬᠠᠩᠭᠠᠯᠭ᠎ᠠ ᠶᠢ ᠵᠦᠶ ᠵᠣᠬᠢᠰᠲᠠᠶ ᠬᠢᠵᠠᠭᠠᠷᠯᠠᠨ᠂ ᠠᠷᠠᠳ ᠣᠯᠠᠨ ᠤ ᠴᠢᠨᠠᠷ ᠴᠢᠨᠰᠠᠭ᠎ᠠ ᠲᠠᠢ ᠠᠮᠢᠳᠤᠷᠠᠯ ᠳᠤ ᠳᠣᠭᠢᠷᠠᠬᠤ ᠰᠠᠶᠢᠨ ᠬᠡᠷ ᠪᠠᠶᠢᠰᠢᠩ ᠢ ᠢᠳᠡᠪᠬᠢᠲᠡᠶ ᠪᠥᠲᠥᠭᠡᠨ ᠪᠠᠶᠢᠭᠤᠯᠤᠨ᠎ᠠ᠃ ᠲᠠᠷᠢᠶᠠᠯᠠᠬᠤ ᠮᠠᠯᠵᠢᠬᠤ ᠣᠷᠣᠨ ᠤ ᠨᠤᠷᠠᠬᠤ ᠠᠶᠤᠯᠲᠠᠶ ᠬᠡᠷ ᠪᠠᠶᠢᠰᠢᠩ ᠢ ᠦᠭᠡᠷᠡᠴᠢᠯᠡᠨ ᠰᠢᠨᠡᠳᠭᠡᠬᠦ ᠪᠠ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢ ᠪᠦᠲᠦᠭᠡᠨ ᠪᠠᠶᠢᠭᠤᠯᠬᠤ ᠣᠨ ᠤ ᠡᠭᠦᠷᠭᠡ ᠶᠢ ᠪᠡᠶᠡᠯᠡᠭᠦᠯᠦᠨ᠎ᠡ᠃ ᠨᠡᠶᠢᠭᠡᠮ ᠲᠣᠭᠤᠷᠢᠭ ᠤᠨ ᠠᠳᠠᠯ ᠠᠬᠤᠶ ᠨᠠᠮ ᠤᠨ ᠪᠠᠶᠢᠭᠤᠯᠤᠯᠲᠠ ᠶᠢ ᠬᠤᠯᠪᠣᠭᠠᠯᠠᠨ ᠪᠠᠶᠢᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠪᠣᠶ ᠪᠥᠬᠦᠶ ᠬᠤᠰᠢᠭᠤ ᠰᠢᠶᠠᠨ ︵ᠬᠤᠲᠠ᠂ ᠲᠣᠭᠤᠷᠢᠭ︶ ᠤ ᠪᠠᠶᠢᠭᠤᠯᠤᠭᠰᠠᠨ ᠲᠣᠭᠤᠷᠢᠭ ᠤᠨ ᠰᠠᠭᠤᠭᠠᠯᠢ ᠲᠣᠭᠤᠷᠢᠭ ᠤᠨ ᠠᠳᠠᠯ ᠠᠬᠤᠶ ᠶᠢᠨ ᠬᠠᠮᠢᠶᠠᠷᠤᠯᠲᠠ ᠶᠢ ᠪᠦᠬᠦᠨ ᠢ ᠬᠠᠮᠤᠷᠬᠤ ᠪᠠᠷ ᠴᠢᠷᠮᠠᠶᠢᠵᠤ᠂ ᠦᠮᠴᠢᠲᠡᠨ ᠤ ᠺᠤᠮᠢᠰ ︵ᠠᠳᠠᠯ ᠠᠬᠤᠢ ᠶᠢᠨ ᠬᠠᠮᠢᠶᠠᠷᠤᠯᠲᠠ ᠶᠢᠨ ᠺᠣᠮᠢᠰ︶ ᠢ ᠵᠣᠬᠢᠶᠠᠨ ᠪᠠᠶᠢᠭᠤᠯᠬᠤ ᠨᠣᠷᠮ᠎ᠠ ᠶᠢ 95% ᠠᠴᠠ ᠳᠡᠭᠡᠭᠰᠢ ᠳᠤ ᠬᠦᠷᠦᠭᠦᠯᠦᠨ᠎ᠡ᠃ ᠵᠢᠭᠤᠯᠴᠢᠯᠠᠯ ᠤᠨ ᠦᠢᠯᠡᠰ ᠤᠨ ᠲᠦᠷᠭᠡᠨ ᠬᠥᠭᠵᠢᠵᠦ ᠪᠠᠶᠢᠭ᠎ᠠ ᠪᠠᠶᠢᠳᠠᠯ ᠢ ᠪᠠᠲᠤᠯᠠᠨ᠎ᠠ᠃ ᠪᠥᠬᠦ ᠣᠷᠣᠨ ᠳᠤ 3A᠂ 4A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ 20 ᠠᠴᠠ ᠳᠡᠭᠡᠭᠰᠢ ᠰᠢᠨ᠎ᠡ ᠪᠠᠷ ᠪᠣᠶᠢᠵᠢᠭᠤᠯᠤᠨ᠎ᠠ᠃ ︽ᠵᠢᠭᠤᠯᠴᠢᠯᠠᠯ ᠤᠨ ᠳᠥᠷᠪᠡᠨ ᠭᠠᠵᠠᠷ︾ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠰᠣᠶᠣᠯ ᠬᠤᠳᠠᠯᠳᠤᠭ᠎ᠠ᠂ ᠵᠢᠭᠤᠯᠴᠢᠯᠠᠯ ᠬᠤᠳᠠᠯᠳᠤᠭ᠎ᠠ᠂ ᠪᠡᠶ᠎ᠡ ᠶᠢᠨ ᠲᠠᠮᠢᠷ ᠬᠤᠳᠠᠯᠳᠤᠭᠠᠨ ᠤ ᠠᠭᠤᠰᠤᠯᠴᠠᠨ ᠬᠥᠭᠵᠢᠬᠦ ᠶᠢ ᠶᠡᠭᠡ ᠪᠠᠷ ᠠᠬᠢᠭᠤᠯᠵᠤ᠂ ︽ᠢᠳᠡᠬᠦ ᠰᠠᠭᠤᠬᠤ ᠶᠠᠪᠤᠬᠤ ᠵᠤᠭᠠᠴᠠᠬᠤ ᠪᠠᠷᠠᠭ᠎ᠠ ᠬᠤᠳᠠᠯᠳᠤᠨ ᠠᠪᠬᠤ ᠵᠤᠭᠠᠴᠠᠨ ᠴᠡᠩᠭᠡᠬᠦ︾ ᠶᠢ ᠨᠢᠭᠡ ᠴᠣᠠᠠᠴᠠᠵᠢᠭᠤᠯᠥᠠᠠᠰᠠᠨ ᠬᠡᠷᠡᠭᠯᠡᠭᠡᠨ ᠤ ᠠᠵᠤ ᠦᠢᠯᠡᠰ ᠤᠨ ᠬᠡᠯᠬᠢᠶ᠎ᠡ ᠶᠢ ᠤᠬᠠᠭᠠᠯᠠᠨ ᠲᠦᠯᠦᠪᠯᠡᠵᠦ ᠪᠠᠶᠢᠭᠤᠯᠤᠨ᠂ ᠵᠢᠭᠤᠯᠴᠢᠯᠠᠯ ᠤᠨ ᠬᠥᠮᠦᠨ ᠤᠳᠠᠭ᠎ᠠ᠂ ᠶᠡᠷᠦᠩᠬᠡᠶ ᠣᠷᠣᠯᠭ᠎ᠠ᠂ ᠬᠥᠮᠦᠨ ᠳᠤᠮᠳᠠᠴᠢ ᠶᠢᠨ ᠵᠠᠷᠤᠳᠠᠯ ᠤᠨ ︽ᠭᠤᠷᠪᠠᠨ ᠨᠡᠮᠡᠭᠳᠡᠯ︾ ᠢ ᠠᠬᠢᠭᠤᠯᠤᠨ᠎ᠠ᠃ ᠳᠥᠷᠪᠡᠨ ᠤᠯᠠᠷᠢᠯ ᠤᠨ ᠵᠢᠭᠤᠯᠴᠢᠯᠠᠯ ᠤᠨ ᠠᠵᠢᠯᠯᠠᠭ᠎ᠠ ᠶᠢ ᠨᠢᠮᠪᠠᠶ ᠲᠥᠯᠥᠪᠯᠡᠵᠦ᠂ ᠰᠣᠳᠣᠨ ᠵᠢᠭᠤᠯᠴᠢᠯᠠᠯ ᠤᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ ᠡᠷᠴᠢᠮ ᠢᠶᠠᠨ ᠦᠨᠡᠨ ᠬᠦ ᠴᠢᠩᠭᠠᠷᠠᠭᠤᠯᠤᠨ᠂ ᠳᠤᠮᠳᠠᠳᠤ ᠤᠯᠤᠰ ᠤᠨ ᠤᠮᠠᠷᠠᠲᠤ ᠬᠢᠯᠢ ᠶᠢᠨ ᠬᠠᠮᠤᠭ ᠤᠨ ᠭᠤᠶᠣ ᠵᠠᠰᠠᠮᠠᠯ ᠵᠠᠮ ᠢ ᠴᠤᠭᠴᠠᠯᠠᠨ᠎ᠠ᠃ ︽ᠤᠷᠤᠯᠳᠤᠭᠠᠨ ᠤ ᠳᠠᠰᠢᠷᠠᠮ ᠢᠶᠠᠷ ᠵᠢᠭᠤᠯᠴᠢᠯᠠᠬᠤ︾᠂ ︽ᠪᠡᠶ᠎ᠡ ᠶᠢᠨ ᠲᠠᠮᠢᠷ ᠤᠨ ᠤᠷᠤᠯᠳᠤᠭᠠᠨ ᠤ ᠶᠠᠪᠤᠳᠠᠯ ᠢ ᠵᠡᠭᠡᠯᠢ ᠲᠣᠭᠤᠷᠢᠭ ᠲᠤ ᠣᠷᠣᠭᠤᠯᠬᠤ᠂ ᠦᠵᠡᠮᠵᠢ ᠶᠢᠨ ᠣᠷᠣᠨ ᠳᠤ ᠣᠷᠣᠭᠤᠯᠬᠤ᠂ ᠬᠤᠳᠠᠯᠳᠤᠭᠠᠨ ᠤ ᠲᠣᠭᠤᠷᠢᠭ ᠲᠤ ᠣᠷᠣᠭᠤᠯᠬᠤ︾ ᠵᠡᠷᠭᠡ ᠰᠢᠷᠢᠰ ᠠᠵᠢᠯᠯᠠᠭ᠎ᠠ ᠶᠢ ᠢᠳᠡᠪᠬᠢᠲᠡᠶ ᠵᠣᠬᠢᠶᠠᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ 35 ᠳ᠋ᠤᠭᠠᠷ ᠬᠤᠭᠤᠴᠠᠭᠠᠨ ᠤ ᠵᠢᠭᠤᠯᠴᠢᠯᠠᠯ ᠤᠨ ᠨᠠᠶᠢᠷ ᠨᠠᠭᠠᠳᠤᠮ᠂ 21 ᠳ᠋ᠦ᠋ᠭᠡᠷ ᠬᠤᠭᠤᠴᠠᠭᠠᠨ ᠤ ᠮᠥᠰᠥ ᠴᠠᠰᠤᠨ ᠤ ᠨᠠᠶᠢᠷ ᠨᠠᠭᠠᠳᠤᠮ᠂ ᠮᠠᠨᠵᠦᠦᠷ ᠤᠨ ᠳᠤᠮᠳᠠᠳᠤ ᠣᠷᠣᠰ ᠮᠣᠩᠭᠤᠯ ᠤᠨ ᠣᠯᠠᠨ ᠤᠯᠤᠰ ᠤᠨ ᠮᠥᠰᠥ ᠴᠠᠰᠤᠨ ᠤ ᠨᠠᠶᠢᠷ ᠵᠡᠷᠭᠡ ᠶᠢ ᠰᠠᠶᠢᠲᠤᠷ ᠡᠷᠭᠢᠯᠡᠵᠦ᠂ ᠥᠨᠳᠥᠷ ᠲᠦᠪᠰᠢᠨ ᠪᠦᠬᠦᠢ ᠰᠣᠶᠣᠯ ᠲᠠᠮᠢᠷ ᠵᠢᠭᠤᠯᠴᠢᠯᠠᠯ ᠤᠨ ᠠᠵᠢᠯᠯᠠᠭ᠎ᠠ ᠶᠢ ᠪᠣᠶ ᠪᠣᠯᠭᠠᠨ᠎ᠠ᠃ ︽ᠠᠶᠠᠯᠭᠤᠲᠤ ᠵᠢᠭᠤᠯᠴᠢᠯᠠᠯ ᠥᠪᠥᠷ ᠮᠣᠩᠭᠤᠯ︾ ᠭᠡᠬᠦ ᠣᠷᠣᠨ ᠪᠦᠰᠡ ᠶᠢᠨ ᠰᠣᠶᠣᠯ ᠵᠢᠭᠤᠯᠴᠢᠯᠠᠯ ᠤᠨ ᠨᠠᠷᠠᠲᠤ ᠲᠡᠮᠲᠡᠭ ᠢ ᠭᠤᠤᠯᠳᠠᠯᠭ᠎ᠠ ᠲᠠᠢ ᠴᠤᠭᠴᠠᠯᠠᠵᠤ᠂ ᠪᠥᠬᠦ ᠵᠢᠯ ᠳᠤ ᠪᠥᠬᠦ ᠣᠷᠣᠨ ᠤ ᠵᠤᠭᠠᠴᠠᠭᠰᠠᠳ ᠤᠨ ᠲᠤᠭ᠎ᠠ ᠶᠢ 3 ᠳ᠋ᠦᠩᠰᠢᠭᠤᠷ ᠬᠥᠮᠦᠨ ᠤᠳᠠᠭ᠎ᠠ ᠠᠴᠠ ᠳᠠᠪᠠᠭᠤᠯᠬᠤ᠂ ᠵᠢᠭᠤᠯᠴᠢᠯᠠᠯ ᠤᠨ ᠣᠷᠣᠯᠭ᠎ᠠ ᠶᠢ 4500 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ᠃
ᠳᠥᠷᠪᠡ᠂ ᠳᠣᠲᠣᠭᠠᠳᠤ ᠬᠡᠷᠡᠭᠴᠡᠭᠡ ᠶᠢᠨ ᠳᠠᠯᠳᠠ ᠬᠦᠴᠦᠨ ᠢ ᠪᠠᠳᠠᠷᠠᠭᠤᠯᠬᠤ ᠶᠢ ᠲᠦᠷᠭᠡᠳᠬᠡᠵᠦ᠂ ᠴᠢᠬᠤᠯᠠ ᠶᠡᠭᠡ ᠲᠥᠷᠥᠯ ᠵᠦᠢᠯ ᠢ ᠤᠬᠠᠭᠠᠯᠠᠨ ᠲᠦᠯᠦᠪᠯᠡᠬᠦ ᠠᠵᠢᠯᠯᠠᠭᠠᠨ ᠢ ᠪᠥᠬᠦ ᠬᠦᠴᠦᠨ ᠢᠶᠠᠷ ᠢᠶᠠᠨ ᠬᠡᠷᠡᠭᠵᠢᠭᠦᠯᠦᠨ᠎ᠡ
ᠬᠡᠷᠡᠭᠯᠡᠭᠡ ᠶᠢ ᠶᠡᠭᠡ ᠪᠠᠷ ᠬᠥᠭᠵᠢᠭᠡᠨ᠂ ᠪᠡᠯᠡ ᠣᠷᠣᠭᠤᠯᠤᠯᠲᠠ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠠᠵᠤ ᠠᠬᠤᠶ ᠶᠢᠨ ᠬᠥᠭᠵᠢᠯᠲᠡ ᠶᠢᠨ ᠳᠣᠲᠣᠭᠠᠳᠤ ᠬᠦᠳᠡᠯᠭᠡᠭᠴᠢ ᠬᠦᠴᠦᠨ ᠢ ᠨᠡᠮᠡᠭᠳᠡᠭᠦᠯᠦᠨ᠎ᠡ᠃
︵ᠨᠢᠭᠡ︶ ᠴᠢᠬᠤᠯᠠ ᠶᠡᠭᠡ ᠲᠥᠷᠥᠯ ᠵᠦᠢᠯ ᠢ ᠤᠬᠠᠭᠠᠯᠠᠨ ᠲᠦᠯᠦᠪᠯᠡᠬᠦ ᠠᠵᠢᠯᠯᠠᠭᠠᠨ ᠢ ᠬᠡᠷᠡᠭᠵᠢᠭᠦᠯᠦᠨ᠎ᠡ᠃ ᠴᠢᠬᠤᠯᠠ ᠶᠡᠭᠡ ᠲᠥᠷᠥᠯ ᠵᠦᠢᠯ ᠤᠨ ᠠᠬᠢᠭᠤᠯᠬᠤ᠂ ᠵᠣᠬᠢᠴᠠᠭᠤᠯᠬᠤ᠂ ᠲᠣᠬᠢᠷᠠᠭᠤᠯᠬᠤ ᠠᠵᠢᠯ ᠤᠨ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ︽ᠬᠤᠳᠠᠯᠳᠤᠭᠠᠴᠢᠨ ᠤᠷᠢᠬᠤ ᠶᠢ ᠠᠳᠬᠤᠬᠤ᠂ ᠨᠥᠭᠡᠴᠡᠯᠡᠬᠦ ᠶᠢ ᠠᠳᠬᠤᠬᠤ᠂ ᠡᠮᠦᠨᠡᠬᠢ ᠬᠤᠭᠤᠴᠠᠭᠠᠨ ᠤ ᠠᠵᠢᠯ ᠢ ᠠᠳᠬᠤᠬᠤ᠂ ᠠᠵᠢᠯ ᠡᠬᠢᠯᠡᠭᠦᠯᠬᠦ ᠶᠢ ᠠᠳᠬᠤᠬᠤ᠂ ᠠᠬᠢᠴᠠ ᠶᠢ ᠠᠳᠬᠤᠬᠤ᠂ ᠠᠰᠢᠭᠯᠠᠯᠲᠠ ᠳᠤ ᠣᠷᠣᠭᠤᠯᠬᠤ ᠶᠢ ᠠᠳᠬᠤᠬᠤ᠂ ᠪᠦᠷᠢᠳᠭᠡᠯ ᠳᠤ ᠣᠷᠣᠭᠤᠯᠬᠤ ᠶᠢ ᠠᠳᠬᠤᠬᠤ︾ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠥᠬᠦ ᠶᠠᠪᠤᠴᠠᠨ ᠳᠤ ᠨᠠᠷᠢᠯᠢᠬᠵᠢᠭᠤᠯᠤᠨ ᠬᠠᠮᠢᠶᠠᠷᠬᠤ ᠶᠢ ᠪᠡᠶᠡᠯᠡᠭᠦᠯᠦᠨ᠂ ᠭᠠᠵᠠᠷ ᠬᠡᠷᠡᠭᠯᠡᠬᠦ ᠪᠠ ᠲᠡᠤᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠬᠢᠨᠠᠨ ᠵᠥᠪᠰᠢᠶᠡᠷᠡᠬᠦ ᠴᠤᠪᠤᠷᠠᠯ ᠢ ᠰᠢᠯᠢᠳᠡᠭᠵᠢᠭᠦᠯᠬᠦ ᠶᠢ ᠠᠬᠢᠭᠤᠯᠵᠤ᠂ ᠪᠥᠬᠦ ᠵᠢᠯ ᠤᠨ ᠴᠢᠬᠤᠯᠠ ᠶᠡᠭᠡ ᠲᠥᠷᠥᠯ ᠵᠦᠢᠯ ᠤᠨ ᠪᠡᠶᠡᠯᠡᠭᠦᠯᠬᠦ ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠤᠯᠲᠠ ᠶᠢ ᠲᠦᠮᠡᠨ ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠵᠤ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 10% ᠣᠷᠴᠢᠮ ᠨᠡᠮᠡᠭᠳᠡᠭᠦᠯᠦᠨ᠎ᠡ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠠᠵᠢᠯ ᠪᠠ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠤᠳᠤᠯᠤᠯ ᠲᠠᠢ ᠤᠶᠠᠯᠳᠤᠭᠤᠯᠤᠨ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠪᠠᠶᠢᠷᠢ ᠲᠣᠭᠲᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠣᠶᠢᠷ᠎ᠠ ᠶᠢᠨ ᠬᠤᠭᠤᠴᠠᠭ᠎ᠠ ︵2025 ᠣᠨ︶᠂ ᠤᠷᠲᠤᠪᠲᠤᠷ ᠬᠤᠭᠤᠴᠠᠭ᠎ᠠ ︵︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠮᠦᠨᠡᠬᠢ ᠬᠤᠭᠤᠴᠠᠭ᠎ᠠ︶᠂ ᠠᠯᠤᠰ ᠬᠤᠭᠤᠴᠠᠭ᠎ᠠ ︵︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠳᠤᠮᠳᠠ ᠪᠠ ᠰᠡᠭᠦᠯᠴᠢ ᠶᠢᠨ ᠬᠤᠭᠤᠴᠠᠭ᠎ᠠ︶ ᠶᠢᠨ ᠴᠢᠬᠤᠯᠠ ᠶᠡᠭᠡ ᠲᠥᠷᠥᠯ ᠵᠦᠢᠯ ᠢ ᠤᠬᠠᠭᠠᠯᠠᠨ ᠲᠦᠯᠦᠪᠯᠡᠵᠦ ᠨᠥᠭᠡᠴᠡᠯᠡᠬᠦ ᠶᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠲᠠᠰ ᠱᠠᠲᠤ ᠬᠦᠷᠢᠶ᠎ᠡ ᠴᠠᠷᠠᠭ᠎ᠠ ᠬᠤᠪᠢᠶᠠᠨ ᠨᠥᠭᠡᠴᠡᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠪᠠᠨ ᠲᠦᠷᠭᠡᠳᠬᠡᠨ᠎ᠡ᠃ ᠡᠳ᠋ ᠤᠨ ᠵᠠᠰᠠᠭ ᠪᠠ ᠮᠥᠩᠭᠦᠨ ᠭᠦᠢᠯᠭᠡᠭᠡᠨ ᠤ ᠬᠠᠮᠵᠢᠯᠴᠠᠭ᠎ᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠪᠠᠷ ᠨᠡᠶᠢᠭᠡᠮ ᠤᠨ ᠪᠠᠯᠠ ᠣᠷᠣᠭᠤᠯᠤᠯᠲᠠ ᠶᠢ ᠪᠦᠲᠦᠮᠵᠢᠲᠡᠶ ᠳᠠᠶᠢᠴᠢᠯᠠᠨ᠂ ᠠᠷᠠᠳ ᠤᠨ ᠪᠠᠯᠠ ᠣᠷᠣᠭᠤᠯᠤᠯᠲᠠ ᠪᠠ ᠬᠦᠴᠦᠨ ᠵᠦᠢᠯ ᠤᠨ ᠪᠠᠲᠤᠯᠠᠭ᠎ᠠ ᠶᠢ ᠠᠬᠢᠭᠤᠯᠬᠤ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠠᠷᠠᠳ ᠤᠨ ᠬᠥᠷᠥᠩᠭᠡ ᠳᠤ ᠲᠥᠷᠥᠯ ᠵᠦᠢᠯ ᠢ ᠲᠠᠨᠢᠯᠴᠠᠭᠤᠯᠬᠤ ᠪᠠᠨ ᠪᠠᠶᠢᠩᠭᠤᠰᠢᠭᠤᠯᠤᠨ᠂ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭ᠎ᠠ ︵PPP︶ ᠶᠢᠨ ᠰᠢᠨ᠎ᠡ ᠲᠣᠭᠲᠠᠴᠠ ᠶᠢ ᠵᠢᠷᠤᠮᠵᠢᠭᠤᠯᠤᠨ ᠬᠡᠷᠡᠭᠵᠢᠭᠦᠯᠵᠦ᠂ ᠨᠠᠩ ᠣᠯᠠᠨ ᠠᠷᠠᠳ ᠤᠨ ᠬᠥᠷᠥᠩᠭᠡ ᠶᠢ ᠲᠡᠳᠡᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠡᠵᠡᠩᠨᠡᠯᠲᠡ ᠳᠤ ᠣᠷᠤᠯᠴᠠᠭᠤᠯᠤᠨ᠂ ᠠᠷᠠᠳ ᠤᠨ ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠲᠦᠷᠭᠡᠳᠬᠡᠨ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠴᠢᠬᠤᠯᠠ ᠶᠡᠭᠡ ᠲᠦᠷᠦᠯ ᠵᠦᠢᠯ ᠢ ᠠᠩᠬ᠎ᠠ ᠶᠠᠷᠢᠯᠴᠠᠵᠤ ᠮᠡᠳᠡᠭᠦᠯᠦᠨ ᠳᠠᠩᠰᠠᠯᠠᠭᠤᠯᠬᠤ᠂ ᠡᠭᠦᠷᠭᠡ ᠴᠢᠳᠠᠮᠵᠢᠲᠦ ᠰᠠᠯᠠᠭ᠎ᠠ ᠮᠥᠴᠢᠷ ᠬᠠᠮᠲᠤᠷᠠᠨ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠮᠠᠯᠠᠯᠲᠠ ᠪᠠᠨ ᠭᠦᠢᠴᠡᠳᠭᠡᠬᠦ ᠶᠢᠨ ᠱᠠᠩᠨᠠᠵᠤ ᠵᠠᠯᠬᠠᠭᠠᠬᠤ ᠲᠣᠭᠲᠠᠴᠠ ᠶᠢ ᠬᠡᠷᠡᠭᠵᠢᠭᠦᠯᠦᠨ᠂ ᠬᠤᠳᠠᠯᠳᠤᠭᠠᠴᠢᠨ ᠤᠷᠢᠬᠤ ᠳᠡᠭᠡᠳᠦ ᠴᠢᠳᠠᠮᠵᠢ ᠲᠠᠰ ᠤᠨ ᠲᠠᠪᠴᠠᠩ ᠢ ᠴᠤᠭᠴᠠᠯᠠᠵᠤ᠂ ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ – ᠮᠣᠩᠭᠤᠯ ᠤᠯᠤᠰ ᠤᠨ ᠦᠵᠡᠰᠬᠦᠯᠡᠩ ᠤᠨ ᠴᠤᠭᠯᠠᠭᠠᠨ᠂ ᠭᠤᠷᠪᠠᠳᠤᠭᠠᠷ ᠬᠤᠭᠤᠴᠠᠭᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠠᠵᠤ ᠠᠬᠤᠶ ᠠᠷᠠᠯᠵᠢᠶ᠎ᠠ ᠶᠢᠨ ᠵᠥᠪᠳᠡᠯᠴᠡᠬᠦ ᠬᠤᠷᠠᠯ᠂ ᠭᠤᠷᠪᠠᠳᠤᠭᠠᠷ ᠬᠤᠭᠤᠴᠠᠭᠠᠨ ᠤ ᠳᠡᠯᠡᠬᠡᠶ ᠶᠢᠨ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠶᠡᠭᠡ ᠬᠤᠷᠠᠯ᠂ ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠪᠣᠬᠢᠷᠲᠤᠯ ᠥᠬᠡᠶ ᠪᠤᠳᠤᠬᠤ ᠴᠢᠳᠠᠪᠤᠷᠢ ᠶᠢᠨ ᠶᠡᠭᠡ ᠬᠤᠷᠠᠯ ᠵᠡᠷᠭᠡ ᠶᠢ ᠦᠷᠭᠦᠯᠵᠢᠯᠡᠨ ᠰᠠᠶᠢᠲᠤᠷ ᠡᠷᠭᠢᠯᠡᠵᠦ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠳᠤ ᠪᠣᠲᠠᠲᠠᠶᠢᠵᠢᠭᠤᠯᠬᠤ ᠪᠡᠯᠡ ᠮᠦᠩᠭᠦ ᠶᠢ 5700 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃
︵ᠬᠤᠶᠠᠷ︶ ᠬᠡᠷᠡᠭᠯᠡᠭᠡ ᠶᠢ ᠶᠡᠭᠡ ᠪᠠᠷ ᠬᠥᠭᠵᠢᠭᠡᠨ᠎ᠡ᠃ ᠬᠡᠷᠡᠭᠯᠡᠭᠡ ᠶᠢ ᠬᠥᠭᠵᠢᠭᠡᠬᠦ ᠲᠤᠰᠬᠠᠶ ᠠᠵᠢᠯᠯᠠᠭᠠᠨ ᠢ ᠬᠡᠷᠡᠭᠵᠢᠭᠦᠯᠦᠨ᠂ ᠬᠠᠩᠭᠠᠯᠭ᠎ᠠ ᠬᠡᠷᠡᠭᠴᠡᠭᠡ ᠬᠤᠶᠠᠷ ᠲᠠᠯ᠎ᠠ ᠪᠠᠷ ᠶᠡᠷᠦᠩᠬᠡᠶᠢᠯᠡᠨ ᠬᠦᠴᠦᠯᠡᠬᠦ ᠶᠢᠨ ᠲᠣᠭᠤᠷᠢᠨ ᠳᠤ ᠭᠤᠣᠯᠳᠠᠭᠤᠯᠤᠨ᠂ ᠣᠷᠣᠯᠭ᠎ᠠ ᠶᠢ ᠨᠡᠮᠡᠭᠳᠡᠭᠦᠯᠦᠨ ᠳᠠᠷᠤᠭᠠᠰᠤ ᠶᠢ ᠬᠥᠩᠭᠡᠷᠡᠭᠦᠯᠬᠦ᠂ ᠬᠠᠩᠭᠠᠯᠭ᠎ᠠ ᠶᠢ ᠪᠠᠶᠠᠯᠢᠭᠵᠢᠭᠤᠯᠬᠤ᠂ ᠬᠢᠵᠠᠭᠠᠷᠯᠠᠯ ᠢ ᠪᠠᠭᠠᠰᠬᠠᠬᠤ᠂ ᠣᠷᠴᠢᠨ ᠨᠦᠬᠦᠴᠡᠯ ᠢ ᠰᠢᠯᠢᠳᠡᠭᠵᠢᠭᠦᠯᠬᠦ ᠵᠡᠷᠭᠡ ᠲᠠᠯ᠎ᠠ ᠠᠴᠠ ᠭᠠᠷᠳᠠᠵᠤ᠂ ᠠᠷᠠᠳ ᠢ ᠪᠠᠶᠠᠵᠢᠭᠤᠯᠬᠤ ᠠᠵᠤ ᠦᠢᠯᠡᠰ ᠢ ᠶᠡᠭᠡ ᠪᠠᠷ ᠬᠥᠭᠵᠢᠭᠦᠯᠦᠨ᠂ ᠬᠡᠷᠡᠭᠯᠡᠭᠡ ᠶᠢ ᠠᠬᠢᠭᠤᠯᠬᠤ ᠪᠠ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠢ ᠨᠢᠭᠲᠠ ᠤᠶᠠᠯᠳᠤᠭᠤᠯᠵᠤ᠂ ᠬᠡᠷᠡᠭᠯᠡᠭᠡ ᠶᠢᠨ ᠬᠡᠮᠵᠢᠶ᠎ᠡ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠢ ᠨᠡᠮᠡᠭᠳᠡᠭᠦᠯᠬᠦ ᠶᠢ ᠠᠬᠢᠭᠤᠯᠤᠨ᠎ᠠ᠃ ᠠᠩᠬ᠎ᠠ ᠲᠠᠷᠬᠠᠭᠠᠬᠤ ᠠᠵᠤ ᠠᠬᠤᠶ᠂ ᠮᠥᠰᠥ ᠴᠠᠰᠤᠨ ᠤ ᠠᠵᠤ ᠠᠬᠤᠶ᠂ ᠪᠤᠭᠤᠷᠤᠯᠴᠤᠳ ᠤᠨ ᠠᠵᠤ ᠠᠬᠤᠶ᠂ ᠤᠷᠤᠯᠳᠤᠭᠠᠨ ᠤ ᠶᠠᠪᠤᠳᠠᠯ ᠤᠨ ᠠᠵᠤ ᠠᠬᠤᠶ᠂ ᠦᠵᠡᠭᠦᠯᠭᠡ ᠶᠢᠨ ᠠᠵᠤ ᠠᠬᠤᠶ ᠵᠡᠷᠭᠡ ᠬᠡᠷᠡᠭᠯᠡᠭᠡᠨ ᠤ ᠰᠢᠨ᠎ᠡ ᠨᠡᠮᠡᠭᠳᠡᠯ ᠴᠡᠭ ᠢ ᠦᠷᠭᠦᠯᠵᠢᠯᠡᠨ ᠪᠣᠶᠢᠵᠢᠭᠤᠯᠵᠤ᠂ ᠰᠣᠶᠣᠯ ᠵᠢᠭᠤᠯᠴᠢᠯᠠᠯ᠂ ᠰᠤᠷᠭᠠᠨ ᠬᠥᠮᠦᠵᠢᠯ᠂ ᠪᠡᠶ᠎ᠡ ᠶᠢᠨ ᠲᠠᠮᠢᠷ᠂ ᠡᠮᠴᠢᠯᠡᠭᠡ᠂ ᠨᠠᠰᠤᠵᠢᠯ ᠤᠨ ᠠᠰᠠᠷᠠᠮᠵᠢ᠂ ᠬᠡᠦᠬᠡᠳ ᠪᠤᠶᠢᠵᠢᠭᠤᠯᠬᠤ᠂ ᠬᠡᠷ ᠠᠬᠤᠶ ᠵᠡᠷᠭᠡ ᠦᠢᠯᠡᠴᠢᠯᠡᠭᠡᠨ ᠤ ᠬᠡᠷᠡᠭᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠶᠢ ᠤᠯᠠᠮ ᠨᠢᠭᠡ ᠠᠯᠬᠤᠮ ᠠᠬᠢᠭᠤᠯᠤᠨ᠎ᠠ᠃ ᠬᠥᠬᠡᠬᠤᠲᠠ ᠶᠢ ᠤᠯᠤᠰ ᠤᠨ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠵᠢᠱᠢᠶ᠎ᠡ ᠦᠵᠡᠭᠦᠯᠬᠦ ᠬᠤᠲᠠ ᠪᠠᠷ ᠭᠤᠶᠤᠴᠢᠯᠠᠨ ᠮᠡᠳᠡᠭᠦᠯᠬᠦ ᠶᠢ ᠳᠡᠮᠵᠢᠨ᠎ᠡ᠃ ᠬᠤᠲᠠ ᠶᠢᠨ ︽ᠨᠢᠭᠡ ᠮᠥᠴᠡ ᠶᠢᠨ ᠠᠷᠠᠳ ᠲᠤ ᠳᠦᠭᠦᠮ ᠦᠵᠡᠭᠦᠯᠬᠦ ᠠᠮᠢᠳᠤᠷᠠᠯ ᠤᠨ ᠲᠣᠭᠤᠷᠢᠭ︾ ᠢ ᠲᠦᠷᠭᠡᠳᠬᠡᠨ ᠪᠠᠶᠢᠭᠤᠯᠵᠤ᠂ ᠤᠯᠠᠮᠵᠢᠯᠠᠯᠲᠤ ᠬᠤᠳᠠᠯᠳᠤᠭᠠᠨ ᠤ ᠲᠤᠭᠤᠷᠢᠭ ︵ᠬᠤᠳᠠᠯᠳᠤᠭ᠎ᠠ ᠳᠡᠯᠭᠡᠭᠦᠷ︶ ᠤᠨ ᠳ᠋ᠢᠬᠢᠲᠴᠢᠯᠡᠬᠦ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠂ ᠬᠡᠷᠡᠭᠯᠡᠭᠡᠨ ᠤ ᠲᠠᠯᠠᠪᠤᠷ ᠭᠠᠵᠠᠷ ᠤᠨ ᠦᠲᠡᠭᠦᠰ ᠲᠤ ᠲᠣᠬᠢᠷᠠᠭᠤᠯᠤᠨ ᠦᠭᠡᠷᠡᠴᠢᠯᠡᠵᠦ ᠰᠢᠨᠡᠳᠭᠡᠬᠦ ᠶᠢ ᠲᠦᠷᠭᠡᠳᠬᠡᠵᠦ᠂ ᠤᠯᠤᠰ ᠤᠨ ︽ᠵᠠᠭᠤᠨ ᠡᠷᠦᠬᠡ ᠶᠢᠨ ᠬᠡᠷᠡᠭᠯᠡᠭᠡᠨ ᠤ ᠰᠢᠨ᠎ᠡ ᠪᠠᠶᠢᠳᠠᠯ︾ ᠤᠨ ᠣᠨ ᠤ ᠠᠵᠢᠯᠯᠠᠭ᠎ᠠ ᠶᠢ ᠭᠤᠶᠤᠴᠢᠯᠠᠨ ᠮᠡᠳᠡᠭᠦᠯᠬᠦ ᠠᠵᠢᠯ ᠢᠶᠠᠨ ᠰᠠᠶᠢᠲᠤᠷ ᠬᠢᠨ᠎ᠠ᠃ ᠬᠠᠭᠤᠴᠢᠨ ᠨᠡᠷᠡᠮᠵᠢᠲᠦ ᠲᠠᠸᠠᠷ ᠤᠨ ︽ᠦᠨᠡᠮᠰᠢᠵᠦ ᠮᠡᠳᠡᠷᠡᠬᠦ ᠪᠠ ᠪᠤᠴᠠᠭᠠᠵᠤ ᠭᠠᠷᠭᠠᠬᠤ︾ ᠬᠥᠳᠡᠯᠦᠩᠭᠦᠶ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠵᠦ᠂ ᠤᠯᠤᠰ ᠤᠨ ᠪᠠᠷᠠᠭ᠎ᠠ ᠶᠢᠨ ︽ᠴᠠᠭ ᠤᠨ ᠦᠩᠭᠡᠲᠦ ᠲᠠᠸᠠᠷ︾ ᠤᠨ ᠬᠡᠷᠡᠭᠯᠡᠭᠡᠨ ᠤ ᠬᠠᠯᠠᠮᠰᠢᠯ ᠴᠡᠭ ᠢ ᠦᠷᠭᠦᠯᠵᠢᠯᠡᠨ ᠪᠣᠶᠢᠵᠢᠭᠤᠯᠤᠨ᠎ᠠ᠃ ᠬᠤᠪᠢ ᠶᠢᠨ ᠪᠠ ᠬᠤᠪᠢᠨ ᠤ ᠡᠵᠡᠩᠨᠡᠯᠲᠡ ᠶᠢᠨ ᠠᠵᠤ ᠠᠬᠤᠶᠢᠯᠠᠯ ᠤᠨ ᠨᠡᠶᠢᠭᠡᠮᠯᠢᠭ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠵᠣᠬᠢᠶᠠᠨ ᠪᠠᠶᠢᠭᠤᠯᠤᠯᠲᠠ ᠶᠢᠨ ᠲᠣᠭᠲᠠᠯᠴᠠᠭ᠎ᠠ ᠶᠢ ᠪᠦᠷᠢᠨᠰᠢᠭᠦᠯᠵᠦ᠂ ᠬᠡᠷᠡᠭᠯᠡᠭᠴᠢᠳ ᠤᠨ ᠡᠷᠬᠡ ᠠᠰᠢᠭ ᠤᠨ ᠬᠠᠮᠠᠭᠠᠯᠠᠯᠲᠠ ᠶᠢ ᠴᠢᠩᠭᠠᠳᠬᠠᠵᠤ᠂ ᠬᠡᠷᠡᠭᠯᠡᠭᠡᠨ ᠤ ᠲᠠᠯᠳᠠ ᠬᠦᠴᠦᠨ ᠢ ᠬᠥᠭᠵᠢᠭᠡᠨ᠎ᠡ᠃
︵ᠭᠤᠷᠪᠠ︶ ︽ᠬᠤᠶᠠᠷ ᠴᠢᠬᠤᠯᠠ︾᠂ ︽ᠬᠤᠶᠠᠷ ᠰᠢᠨ᠎ᠡ︾ ᠲᠥᠷᠥ ᠶᠢᠨ ᠪᠣᠳᠣᠯᠭ᠎ᠠ ᠶᠢ ᠪᠣᠲᠠᠲᠠᠶᠢᠵᠢᠭᠤᠯᠤᠨ ᠦᠷ᠎ᠡ ᠪᠦᠲᠦᠮᠵᠢ ᠣᠯᠬᠤ ᠪᠠᠷ ᠬᠦᠴᠦᠯᠡᠨ᠎ᠡ᠃ ︽ᠬᠤᠶᠠᠷ ᠴᠢᠬᠤᠯᠠ︾ ᠶᠢᠨ ᠪᠥᠲᠥᠭᠡᠨ ᠪᠠᠶᠢᠭᠤᠯᠤᠯᠲᠠ ᠶᠢ ᠨᠠᠩ ᠴᠢᠨᠠᠷ ᠰᠠᠶᠢᠲᠠᠶ ᠠᠬᠢᠭᠤᠯᠵᠤ᠂ ︽ᠬᠠᠲᠠᠭᠤ ᠪᠠᠯᠠ ᠣᠷᠣᠭᠤᠯᠤᠯᠲᠠ︾ ᠪᠠ ︽ᠵᠥᠭᠡᠯᠡᠨ ᠪᠥᠲᠥᠭᠡᠨ ᠪᠠᠶᠢᠭᠤᠯᠤᠯᠲᠠ︾ ᠶᠢ ᠨᠠᠩ ᠰᠠᠶᠢᠬᠠᠨ ᠨᠢᠭᠡᠳᠦᠯᠲᠡᠶ ᠲᠥᠯᠥᠪᠯᠡᠨ᠂ ᠤᠯᠤᠰ ᠤᠨ ︽ᠬᠤᠶᠠᠷ ᠴᠢᠬᠤᠯᠠ︾ ᠶᠢᠨ ᠪᠠᠯᠠ ᠮᠥᠩᠭᠦ ᠶᠢᠨ ᠣᠷᠣᠭᠤᠯᠤᠯᠲᠠ ᠶᠢᠨ ᠬᠠᠨᠳᠤᠰᠢ ᠶᠢ ᠰᠠᠶᠢᠲᠤᠷ ᠡᠵᠡᠮᠳᠡᠵᠦ᠂ ᠡᠯ᠎ᠡ ᠬᠦᠷᠢᠶ᠎ᠡ ᠴᠠᠷᠠᠭᠠᠨ ᠤ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ᠂ ᠤᠯᠤᠰ ᠤᠨ ᠡᠯ᠎ᠡ ᠲᠥᠷᠥᠯ ᠤᠨ ᠬᠡᠷᠡᠭᠵᠢᠭᠦᠯᠬᠦ ᠲᠥᠰᠦᠯ ᠢᠶᠠᠷ ᠪᠠᠷᠢᠮᠵᠢᠶᠠᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ᠂ ᠢᠷᠡᠭᠡᠳᠦᠶ ᠶᠢᠨ ᠠᠵᠤ ᠦᠢᠯᠡᠰ ᠤᠨ ᠬᠥᠭᠵᠢᠯᠲᠡ ᠵᠡᠷᠭᠡ ᠬᠦᠷᠢᠶ᠎ᠡ ᠴᠠᠷᠠᠭᠠᠨ ᠤ ᠲᠥᠷᠥᠯ ᠵᠦᠢᠯ ᠤᠨ ᠨᠥᠭᠡᠴᠡ ᠶᠢ ᠴᠢᠩᠭᠠᠳᠬᠠᠵᠤ᠂ ᠪᠠᠯᠠ ᠮᠥᠩᠭᠦ ᠴᠢᠷᠮᠠᠶᠢᠨ ᠤᠯᠬᠤ ᠠᠵᠢᠯ ᠢ ᠢᠳᠡᠪᠬᠢᠲᠡᠶ ᠰᠠᠶᠢᠲᠤᠷ ᠬᠢᠵᠦ᠂ ᠲᠥᠷᠥᠯ ᠵᠦᠢᠯ ᠢ ᠨᠡᠭᠡᠭᠡᠪᠡᠰᠦ ᠵᠣᠬᠢᠬᠤ ᠶᠢ ᠨᠢ ᠪᠦᠬᠦᠨ ᠢ ᠨᠡᠭᠡᠭᠡᠬᠦ ᠶᠢ ᠠᠬᠢᠭᠤᠯᠵᠤ᠂ ᠨᠠᠩ ᠣᠯᠠᠨ ᠪᠣᠳᠠᠲᠤ ᠵᠦᠢᠯ ᠤᠨ ᠠᠵᠢᠯ ᠤᠨ ᠬᠡᠮᠵᠢᠶ᠎ᠡ ᠶᠢ ᠪᠣᠶ ᠪᠣᠯᠭᠠᠨ᠎ᠠ᠃ ᠲᠥᠯᠥᠪᠵᠢᠭᠦᠯᠭᠡ ᠶᠢᠨ ᠲᠦᠷᠦ ᠶᠢᠨ ᠪᠤᠳᠤᠯᠭ᠎ᠠ ᠲᠣᠭᠲᠠᠭᠠᠬᠤ ᠪᠠ ᠪᠠᠶᠢᠭᠤᠯᠤᠯ ᠲᠣᠭᠲᠠᠴᠠ ᠶᠢᠨ ᠲᠠᠯ᠎ᠠ ᠪᠠᠷ ᠰᠢᠨ᠎ᠡ ᠶᠢ ᠡᠭᠦᠳᠬᠦ ᠶᠢ ᠶᠡᠭᠡ ᠪᠠᠷ ᠠᠬᠢᠭᠤᠯᠤᠨ᠎ᠠ᠃ ︽ᠬᠤᠶᠠᠷ ᠰᠢᠨ᠎ᠡ︾ ᠲᠥᠷᠥ ᠶᠢᠨ ᠪᠣᠳᠣᠯᠭ᠎ᠠ ᠶᠢ ᠬᠦᠴᠦᠯᠡᠨ ᠬᠡᠪᠴᠢᠶ᠎ᠡ ᠥᠷᠭᠡᠳᠬᠡᠨ ᠬᠡᠷᠡᠭᠵᠢᠭᠦᠯᠵᠦ᠂ ᠲᠥᠬᠦᠭᠡᠷᠦᠮᠵᠢ ᠶᠢ ᠰᠢᠨᠡᠳᠬᠡᠬᠦ ᠲᠥᠷᠥᠯ ᠵᠦᠢᠯ ᠤᠨ ᠨᠥᠭᠡᠴᠡ ᠶᠢ ᠴᠢᠩᠭᠠᠷᠠᠭᠤᠯᠤᠨ᠂ ᠠᠵᠤ ᠠᠬᠤᠶᠢᠯᠠᠯ ᠤᠨ ᠳᠡᠭᠡᠳᠦ ᠳᠡᠰᠴᠢᠯᠡᠭᠰᠡᠨ᠂ ᠪᠣᠬᠢᠷᠲᠤᠯ ᠥᠬᠡᠶ᠂ ᠤᠶᠤᠨᠴᠢᠯᠠᠭᠰᠠᠨ ᠲᠥᠬᠦᠭᠡᠷᠦᠮᠵᠢ ᠪᠠᠷ ᠰᠢᠨᠡᠳᠬᠡᠬᠦ ᠶᠢ ᠭᠤᠤᠯᠳᠠᠯᠭ᠎ᠠ ᠲᠠᠢ ᠳᠡᠮᠵᠢᠨ᠎ᠡ᠃ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠳᠡᠮᠵᠢᠬᠦ ᠬᠡᠪᠴᠢᠶ᠎ᠡ ᠶᠢ ᠭᠠᠷ ᠤᠲᠠᠰᠤ ᠵᠡᠷᠭᠡ ᠳ᠋ᠢᠭᠢᠲ ᠦᠢᠯᠡᠳᠬᠦᠨ ᠳᠤ ᠬᠦᠷᠲᠡᠯ᠎ᠡ ᠥᠷᠭᠡᠳᠬᠡᠵᠦ᠂ ᠭᠡᠷ ᠴᠢᠮᠡᠭᠯᠡᠯ ᠤᠨ ᠬᠦᠷᠢᠶ᠎ᠡ ᠴᠠᠷᠠᠭᠠᠨ ᠳᠠᠬᠢ ᠬᠠᠭᠤᠴᠢᠨ ᠢᠶᠠᠷ ᠰᠢᠨ᠎ᠡ ᠶᠢ ᠰᠣᠯᠢᠬᠤ ᠨᠡᠮᠡᠭᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ᠂ ᠨᠡᠮᠡᠭᠦᠷᠢ ᠭᠤᠶᠤᠴᠢᠯᠠᠬᠤ ᠳᠡᠰ ᠳᠠᠷᠠᠭᠠᠯᠠᠯ ᠢ ᠳᠥᠭᠦᠮᠴᠢᠯᠡᠨ᠎ᠡ᠃ ᠲᠥᠷᠥᠯ ᠵᠦᠢᠯ ᠪᠠ ᠪᠠᠯᠠ ᠮᠥᠩᠭᠦ ᠶᠢᠨ ᠪᠥᠬᠦ ᠬᠡᠯᠬᠢᠶᠡᠨ ᠤ ᠬᠠᠮᠢᠶᠠᠷᠤᠯᠲᠠ ᠶᠢ ᠰᠠᠶᠢᠲᠤᠷ ᠬᠢᠵᠦ᠂ ᠡᠨᠧᠷᠭᠢ ᠶᠢᠨ ᠬᠤᠷᠣᠭᠳᠠᠯ ᠵᠡᠷᠭᠡ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠶᠢ ᠴᠢᠩᠳᠠᠯᠠᠵᠤ᠂ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠪᠣᠳᠠᠲᠠᠶ ᠬᠦᠷᠢᠶ᠎ᠡ ᠬᠡᠪᠴᠢᠶ᠎ᠡ ᠪᠤᠶᠤ ᠲᠥᠷᠥᠯ ᠵᠦᠢᠯ ᠢ ᠦᠷᠭᠦᠯᠵᠢᠯᠡᠨ ᠰᠦᠪᠡᠭᠴᠢᠯᠡᠵᠦ ᠥᠷᠭᠡᠳᠬᠡᠨ᠎ᠡ᠃
︵ᠳᠥᠷᠪᠡ︶ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠠᠵᠢᠯᠯᠠᠭᠠᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ︽ᠲᠦᠷᠪᠡᠨ ᠬᠥᠨᠳᠡᠯᠡᠨ ᠠᠷᠪᠠᠨ ᠬᠤᠶᠠᠷ ᠭᠤᠯᠳᠤ︾ ᠶᠢᠨ ᠶᠡᠷᠦᠩᠬᠡᠶᠢᠯᠡᠭᠰᠡᠨ ᠲᠡᠭᠡᠭᠡᠪᠦᠷᠢ ᠶᠢᠨ ᠵᠠᠮ ᠢ ᠲᠦᠷᠭᠡᠳᠭᠡᠨ ᠪᠠᠶᠢᠭᠤᠯᠤᠨ᠎ᠠ᠃ ᠲᠡᠮᠦᠷ ᠵᠠᠮ ᠤᠨ ᠲᠠᠯ᠎ᠠ ᠪᠠᠷ᠂ ᠪᠤᠭᠤᠲᠤ ᠠᠴᠠ ᠢᠷᠭᠠᠶ ᠬᠥᠷᠬᠦ ᠲᠥᠷᠭᠡᠨ ᠤ ᠲᠡᠮᠦᠷ ᠵᠠᠮ ᠢ ᠪᠠᠶᠢᠭᠤᠯᠵᠤ ᠳᠠᠭᠤᠰᠬᠠᠨ᠂ ᠲᠠᠶᠢᠽᠢ ᠠᠴᠠ ᠰᠢᠯᠢ ᠶᠢᠨ ᠬᠤᠲᠠ ᠬᠦᠷᠬᠦ ᠲᠡᠮᠦᠷ ᠵᠠᠮ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠯᠢᠨ ᠾᠧ ᠠᠴᠠ ᠬᠠᠮᠢ ᠬᠦᠷᠬᠦ ᠱᠤᠭᠤᠮ᠂ ᠵᠢᠨᠢᠩ ᠠᠴᠠ ᠡᠷᠢᠶᠡᠨ ᠬᠦᠷᠬᠦ ᠱᠤᠭᠤᠮ ᠤᠨ ᠴᠢᠳᠠᠮᠵᠢ ᠶᠢ ᠨᠢ ᠥᠷᠭᠡᠳᠬᠡᠨ ᠦᠭᠡᠷᠡᠴᠢᠯᠡᠨ ᠰᠢᠨᠡᠳᠭᠡᠵᠦ᠂ ᠪᠤᠭᠤᠲᠤ ᠣᠷᠳᠣᠰ ᠲᠡᠮᠡᠭᠡᠲᠦ ᠶᠢᠨ ᠲᠦᠷᠭᠡᠨ ᠤ ᠲᠡᠮᠦᠷ ᠵᠠᠮ ᠢ ᠠᠵᠢᠯ ᠡᠬᠢᠯᠡᠭᠦᠯᠬᠦ ᠪᠠᠷ ᠴᠢᠷᠮᠠᠶᠢᠨ᠎ᠠ᠃ ᠵᠠᠰᠠᠮᠠᠯ ᠵᠠᠮ ᠤᠨ ᠲᠠᠯ᠎ᠠ ᠪᠠᠷ᠂ S22 ᠪᠠᠶᠠᠨᠴᠠᠭᠠᠨ ᠠᠴᠠ ᠶᠦᠩ ᠲᠠᠢ ᠬᠦᠩ ᠬᠥᠷᠬᠦ ᠬᠡᠰᠡᠭ ᠢ ᠪᠠᠶᠢᠭᠤᠯᠵᠤ᠂ ᠬᠥᠳᠡᠭᠡ ᠲᠣᠰᠬᠤᠨ ᠤ ᠵᠠᠰᠠᠮᠠᠯ ᠵᠠᠮ ᠢ 5000 ᠺᠢᠯᠣᠮᠧᠲᠷ ᠰᠢᠨ᠎ᠡ ᠪᠠᠷ ᠪᠠᠶᠢᠭᠤᠯᠵᠤ᠂ G0616 ᠬᠠᠯᠢᠭᠤᠲᠤ ᠠᠴᠠ ᠮᠤᠨᠠ ᠠᠭᠤᠯᠠ ᠪᠠᠯᠭᠠᠰᠤ ᠬᠦᠷᠬᠦ ᠬᠡᠰᠡᠭ᠂ G1817 ᠤᠰᠤᠲᠠᠶ ᠠᠴᠠ ᠪᠠᠶᠠᠨ ᠬᠤᠳᠳᠤᠭ ᠬᠥᠷᠬᠦ ᠬᠡᠰᠡᠭ ᠵᠡᠷᠭᠡ ᠲᠥᠷᠥᠯ ᠵᠦᠢᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠤᠨ᠎ᠠ᠃ ᠨᠢᠰᠬᠡᠯ ᠤᠨ ᠪᠠᠭᠤᠳᠠᠯ ᠤᠨ ᠲᠠᠯ᠎ᠠ ᠪᠠᠷ᠂ ᠬᠥᠬᠡᠬᠤᠲᠠ ᠶᠢᠨ ᠱᠧᠩᠯᠧ ᠣᠯᠠᠨ ᠤᠯᠤᠰ ᠤᠨ ᠨᠢᠰᠬᠡᠯ ᠤᠨ ᠪᠠᠭᠤᠳᠠᠯ ᠢ ᠪᠠᠶᠢᠭᠤᠯᠤᠨ ᠳᠠᠭᠤᠰᠬᠠᠵᠤ ᠠᠶᠠᠯᠠᠯ ᠨᠡᠪᠲᠡᠷᠡᠭᠦᠯᠬᠦ ᠶᠢ ᠦᠨᠡᠨ ᠬᠦ ᠪᠠᠲᠤᠯᠠᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠪᠠ ᠤᠯᠠᠭᠠᠶ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠠᠷᠢᠯᠭ᠎ᠠ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠠᠬᠢᠭᠤᠯᠤᠨ᠎ᠠ᠃ ᠤᠳᠤ ᠦᠶ᠎ᠡ ᠶᠢᠨ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠲᠣᠭᠲᠠᠯᠴᠠᠭ᠎ᠠ ᠶᠢ ᠲᠦᠷᠭᠡᠳᠭᠡᠨ ᠪᠠᠶᠢᠭᠤᠯᠤᠨ᠎ᠠ᠃ ᠬᠤᠳᠠ ᠶᠢᠨ ᠬᠤᠳᠠᠯᠳᠤᠭᠠᠨ ᠤ ᠶᠠᠰᠤ ᠴᠢᠨᠠᠷ ᠢ ᠳᠡᠭᠡᠭᠰᠢᠯᠡᠭᠦᠯᠬᠦ᠂ ᠬᠥᠳᠡᠭᠡ ᠲᠣᠰᠬᠤᠨ ᠤ ᠵᠠᠬ᠎ᠠ ᠳᠡᠯᠭᠡᠭᠦᠷ ᠢ ᠲᠡᠰ ᠳᠡᠪᠰᠢᠭᠦᠯᠬᠦ᠂ ᠵᠢᠵᠢᠭᠯᠡᠨ ᠬᠤᠳᠠᠯᠳᠤᠬᠤ ᠦᠢᠯᠡᠰ ᠤᠨ ᠰᠢᠨ᠎ᠡ ᠶᠢ ᠡᠭᠦᠳᠦᠨ ᠳᠡᠭᠡᠭᠰᠢᠯᠡᠭᠦᠯᠬᠦ᠂ ᠪᠥᠭᠡᠮ ᠢᠶᠠᠷ ᠬᠤᠳᠠᠯᠳᠤᠬᠤ ᠦᠢᠯᠡᠰ ᠢ ᠴᠢᠨᠠᠷ ᠰᠠᠶᠢᠲᠠᠶ ᠬᠥᠭᠵᠢᠭᠦᠯᠬᠦ᠂ ᠬᠠᠩᠭᠠᠯᠭ᠎ᠠ ᠶᠢᠨ ᠬᠡᠯᠬᠢᠶ᠎ᠡ ᠶᠢᠨ ᠰᠢᠨ᠎ᠡ ᠶᠢ ᠡᠭᠦᠳᠦᠨ ᠳᠡᠭᠡᠭᠰᠢᠯᠡᠭᠦᠯᠬᠦ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠳᠤ ᠳ᠋ᠢᠭᠢᠲ ᠤᠶᠤᠨᠴᠢ ᠪᠠᠷ ᠴᠢᠳᠠᠮᠵᠢ ᠣᠯᠭᠤᠬᠤ᠂ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠤᠭᠴᠠᠵᠢᠭᠤᠯᠬᠤ ᠪᠠ ᠭᠦᠢᠯᠭᠡᠭᠡᠨ ᠤ ᠬᠦᠷᠢᠶᠡᠨ ᠳᠠᠬᠢ ᠲᠡᠷᠢᠭᠦᠨ ᠤ ᠠᠵᠤ ᠠᠬᠤᠶᠢᠯᠠᠯ ᠢ ᠪᠣᠶᠢᠵᠢᠭᠤᠯᠬᠤ ᠵᠡᠷᠭᠡ ᠢᠨᠵᠧᠨᠧᠷᠢᠩ ᠢ ᠬᠡᠷᠡᠭᠵᠢᠭᠦᠯᠦᠨ᠎ᠡ᠃ ᠠᠮᠤ ᠪᠤᠳᠠᠭᠠᠨ ᠤ ᠪᠠᠷᠠᠭᠠᠨ ᠤ ᠭᠦᠢᠯᠭᠡᠭᠡᠨ ᠤ ᠭᠤᠤᠯ ᠬᠦᠢᠰᠦ᠂ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ᠂ ᠤᠯᠤᠰ ᠤᠨ ᠨᠢᠷᠤᠭᠤᠪᠴᠢ ᠭᠦᠢᠲᠡᠨ ᠬᠡᠯᠬᠢᠶᠡᠨ ᠤ ᠪᠠᠷᠠᠭᠠᠨ ᠤ ᠭᠦᠢᠯᠭᠡᠭᠡᠨ ᠤ ᠰᠠᠭᠤᠷᠢᠨ ᠭᠠᠵᠠᠷ ᠪᠠ ᠥᠪᠡᠷᠲᠡᠭᠡᠨ ᠵᠠᠰᠠᠬᠤ ᠣᠷᠣᠨ ᠤ ᠪᠠᠷᠠᠭᠠᠨ ᠤ ᠭᠦᠢᠯᠭᠡᠭᠡᠨ ᠤ ᠪᠠᠶᠢᠷᠢᠰᠢᠭᠤᠯᠤᠯᠲᠠ ᠪᠠᠶᠢᠭᠤᠯᠤᠯᠲᠠ ᠶᠢ ᠠᠬᠢᠭᠤᠯᠤᠨ᠎ᠠ᠃ ᠬᠥᠳᠡᠭᠡ ᠲᠣᠰᠬᠤᠨ ᠤ ᠢᠯᠡᠭᠡᠯᠲᠡ ᠬᠦᠷᠭᠡᠯᠲᠡ ᠪᠠᠷᠠᠭᠠᠨ ᠤ ᠭᠦᠢᠯᠭᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢᠨ ᠠᠵᠢᠯ ᠢ ᠪᠠᠶᠢᠩᠭᠤᠰᠢᠭᠤᠯᠤᠨ ᠠᠬᠢᠭᠤᠯᠵᠤ᠂ ︽ᠭᠠᠴᠠᠭ᠎ᠠ ᠲᠤᠰᠬᠤᠨ ᠳᠤ ᠲᠦᠷᠭᠡᠨ ᠢᠯᠡᠭᠡᠯᠲᠡ ᠲᠠᠢ ᠪᠣᠯᠭᠠᠬᠤ︾ ᠨᠡᠪᠲᠡᠷᠡᠮᠵᠢ ᠶᠢ 97% ᠠᠴᠠ ᠳᠡᠭᠡᠭᠰᠢ ᠳᠤ ᠬᠦᠷᠦᠭᠦᠯᠬᠦ ᠶᠢ ᠦᠨᠡᠨ ᠬᠦ ᠪᠠᠲᠤᠯᠠᠨ᠎ᠠ᠃
ᠲᠠᠪᠤ᠂ ᠠᠯᠤᠰ ᠬᠡᠳᠤ ᠶᠢᠨ ᠬᠥᠭᠵᠢᠯᠲᠡ ᠶᠢᠨ ᠬᠠᠷᠠᠯᠲᠠ ᠪᠠᠨ ᠣᠨᠢᠯᠠᠵᠤ᠂ ᠲᠦᠷᠦ ᠶᠢᠨ ᠪᠤᠳᠤᠯᠭ᠎ᠠ᠂ ᠥᠭᠡᠷᠡᠴᠢᠯᠡᠯᠲᠡ᠂ ᠲᠥᠯᠥᠪᠵᠢᠭᠦᠯᠭᠡ ᠶᠢ ᠪᠣᠲᠠᠲᠠᠶᠢᠵᠢᠭᠤᠯᠬᠤ ᠶᠢ ᠨᠢᠭᠡ ᠴᠤᠭᠴᠠᠵᠢᠭᠤᠯᠤᠨ ᠠᠬᠢᠭᠤᠯᠤᠨ᠎ᠠ
ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠬᠦᠳᠡᠯᠭᠡᠭᠴᠢ ᠬᠦᠴᠦᠨ ᠪᠣᠯᠭᠠᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯᠳᠤᠭᠠᠨ ᠤ ᠭᠤᠣᠯᠳᠠᠯᠭ᠎ᠠ ᠪᠣᠯᠬᠤ ᠡᠭᠦᠷᠭᠡ ᠶᠢ ᠪᠣᠳᠠᠲᠠᠶ ᠪᠤᠳᠠᠳᠤ ᠶᠠᠪᠤᠳᠠᠯ ᠪᠣᠯᠭᠠᠨ ᠬᠤᠪᠢᠷᠠᠭᠤᠯᠬᠤ ᠶᠢ ᠱᠠᠯᠠᠪᠳᠠᠨ ᠠᠳᠬᠤᠵᠤ᠂ ᠬᠠᠷᠢᠭᠤᠴᠠᠯᠭ᠎ᠠ ᠶᠢᠨ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠵᠦ᠂ ᠲᠦᠷᠦ ᠶᠢᠨ ᠪᠤᠳᠤᠯᠭ᠎ᠠ ᠶᠢᠨ ᠴᠡᠪᠡᠷ ᠠᠰᠢᠭ ᠢ ᠪᠠᠳᠠᠷᠠᠭᠤᠯᠤᠨ᠎ᠠ᠃
︵ᠨᠢᠭᠡ︶ ᠲᠥᠷᠥ ᠶᠢᠨ ᠪᠣᠳᠣᠯᠭ᠎ᠠ ᠶᠢᠨ ᠪᠣᠲᠠᠲᠠᠶᠢᠵᠢᠭᠤᠯᠤᠯᠲᠠ ᠶᠢ ᠨᠠᠩ ᠶᠡᠭᠡ ᠡᠷᠴᠢᠮ ᠢᠶᠠᠷ ᠠᠬᠢᠭᠤᠯᠤᠨ᠎ᠠ᠃ ᠨᠠᠩ ᠢᠳᠡᠪᠬᠢᠲᠡᠶ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠥᠪᠡᠷᠲᠡᠭᠡᠨ ᠵᠠᠰᠠᠬᠤ ᠣᠷᠣᠨ ᠠᠴᠠ ᠳᠣᠷᠣᠭᠰᠢᠬᠢ ᠡᠳ᠋ ᠤᠨ ᠵᠠᠰᠠᠭ ᠤᠨ ᠪᠠᠶᠢᠭᠤᠯᠤᠯ ᠤᠨ ᠥᠭᠡᠷᠡᠴᠢᠯᠡᠯᠲᠡ ᠶᠢ ᠬᠡᠷᠡᠭᠵᠢᠭᠦᠯᠬᠦ ᠶᠢ ᠠᠬᠢᠭᠤᠯᠵᠤ᠂ ᠲᠡᠭ ᠰᠠᠭᠤᠷᠢᠨ ᠲᠥᠰᠦᠪ ᠤᠨ ᠥᠭᠡᠷᠡᠴᠢᠯᠡᠯᠲᠡ ᠶᠢ ᠶᠡᠭᠡ ᠪᠠᠷ ᠠᠬᠢᠭᠤᠯᠤᠨ᠎ᠠ᠃ ᠪᠦᠬᠦ ᠵᠢᠯ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠠᠷᠠᠯᠲᠠ ᠶᠢ ᠪᠦᠬᠦ ᠬᠦᠴᠦᠨ ᠢᠶᠠᠷ ᠢᠶᠠᠨ ᠪᠡᠶᠡᠯᠡᠭᠦᠯᠵᠦ᠂ ᠪᠠᠲᠤᠯᠠᠭᠠᠲᠤ ᠴᠢᠨᠠᠷᠲᠠᠢ ᠪᠤᠰᠤ ᠪᠠᠴᠢᠮ ᠬᠡᠷᠡᠭᠴᠡᠭᠡᠨ ᠤ ᠪᠤᠰᠤ ᠵᠠᠷᠤᠯᠭ᠎ᠠ ᠶᠢ ᠶᠡᠭᠡ ᠪᠠᠷ ᠪᠠᠭᠠᠰᠬᠠᠨ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ ᠲᠠᠷᠬᠠᠭᠠᠵᠤ ᠬᠡᠷᠡᠭᠯᠡᠬᠦ ᠠᠵᠢᠯ ᠢ ᠰᠠᠶᠢᠲᠤᠷ ᠬᠢᠵᠦ᠂ ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ᠂ ᠡᠬᠢ ᠪᠠᠶᠠᠯᠢᠭ᠂ ᠪᠡᠯᠡ ᠮᠥᠩᠭᠦ ᠶᠢ ᠬᠤᠶᠠᠷ ᠶᠡᠭᠡ ᠶᠠᠪᠤᠳᠠᠯ ᠳᠤ ᠴᠢᠭᠯᠡᠭᠦᠯᠦᠨ ᠲᠦᠪᠯᠡᠷᠡᠭᠦᠯᠬᠦ ᠶᠢ ᠬᠦᠴᠦᠯᠡᠨ ᠠᠬᠢᠭᠤᠯᠤᠨ᠎ᠠ᠃ ᠵᠣᠬᠢᠰᠲᠠᠶ ᠠᠭᠤᠵᠢᠭᠤ ᠪᠠᠶᠢᠯᠭᠠᠬᠤ ᠵᠣᠭᠤᠰᠣᠨ ᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠮᠥᠩᠭᠦᠨ ᠭᠦᠢᠯᠭᠡᠭᠡᠨ ᠤ ᠬᠦᠷᠢᠶᠡᠨ ᠤ ︽ᠪᠦᠬᠦᠨ ᠢ ᠬᠠᠮᠤᠷᠤᠭᠰᠠᠨ ᠨᠡᠮᠡᠭᠳᠡᠯ ᠤᠨ ᠲᠥᠷᠥ ᠶᠢᠨ ᠪᠣᠳᠣᠯᠭ᠎ᠠ︾ ᠶᠢ ᠪᠣᠲᠠᠲᠠᠶᠢᠵᠢᠭᠤᠯᠤᠨ ᠦᠷ᠎ᠡ ᠪᠦᠲᠦᠮᠵᠢ ᠤᠯᠬᠤ ᠶᠢ ᠠᠬᠢᠭᠤᠯᠵᠤ᠂ ᠡᠬᠡ ᠮᠥᠩᠭᠦ ᠶᠢ ᠨᠢ ᠪᠤᠴᠠᠭᠠᠬᠤ ᠥᠬᠡᠶ ᠪᠠᠷ ᠦᠷᠭᠦᠯᠵᠢᠯᠡᠨ ᠵᠢᠭᠡᠯᠡᠯᠭᠡ ᠲᠠᠯᠪᠢᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠵᠢᠭᠡᠯᠡᠯᠭᠡ᠂ ᠳ᠋ᠦᠩᠨᠡᠨ ᠪᠤᠳᠤᠯᠲᠠ᠂ ᠬᠠᠤᠯᠢ ᠶᠢᠨ ᠡᠷᠬᠡᠲᠡᠨ ᠤ ︽ᠭᠤᠷᠪᠠ ᠶᠢ ᠪᠣᠲᠠᠲᠠᠶᠢᠵᠢᠭᠤᠯᠬᠤ︾ ᠶᠢ ᠠᠬᠢᠭᠤᠯᠵᠤ᠂ ᠪᠠᠩᠬᠢ ᠳᠠᠭᠠᠳᠬᠠᠯ ᠤᠨ ᠬᠠᠮᠲᠤᠷᠠᠯᠴᠠᠭ᠎ᠠ ᠶᠢ ᠬᠡᠷᠡᠭᠵᠢᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠨᠢ ᠪᠠᠭᠤᠷᠠᠭᠤᠯᠬᠤ ᠶᠢ ᠰᠦᠪᠡᠭᠴᠢᠯᠡᠵᠦ᠂ ᠠᠵᠤ ᠠᠬᠤᠶᠢᠯᠠᠯ ᠢ ᠰᠲ᠋ᠣᠺ ᠤᠨ ᠵᠠᠬ᠎ᠠ ᠳᠡᠯᠭᠡᠭᠦᠷ ᠲᠤ ᠭᠠᠷᠭᠠᠬᠤ ︽ᠲᠢᠶᠠᠨ ᠵᠢᠶᠦ᠋ᠨ ᠲᠥᠯᠥᠪᠯᠡᠭᠡ︾ ᠪᠠ ︽ᠮᠢᠩᠭ᠎ᠠ ᠵᠠᠭᠤᠨ ᠤ ᠢᠨᠵᠧᠨᠧᠷᠢᠩ︾ ᠢ ᠬᠡᠷᠡᠭᠵᠢᠭᠦᠯᠦᠨ᠂ ᠪᠥᠬᠦ ᠤᠯᠤᠰ ᠲᠤ ᠬᠠᠨᠳᠤᠭᠤᠯᠤᠭᠰᠠᠨ ︽ᠳᠤᠮᠳᠠᠳᠤ ᠤᠯᠤᠰ ᠤᠨ ᠡᠭᠦᠯᠡᠨ ᠬᠥᠨᠳᠡᠶ︾ ᠶᠢᠨ ᠮᠥᠩᠭᠦᠨ ᠭᠦᠢᠯᠭᠡᠭᠡᠨ ᠤ ᠳ᠋ᠠᠶᠢᠲ᠋ᠠ ᠶᠢᠨ ᠲᠥᠪ ᠤᠨ ᠲᠥᠪᠯᠡᠷᠡᠭᠰᠡᠨ ᠣᠷᠣᠨ ᠢ ᠪᠥᠲᠥᠭᠡᠨ ᠪᠠᠶᠢᠭᠤᠯᠵᠤ᠂ ᠮᠥᠩᠭᠦᠨ ᠭᠦᠢᠯᠭᠡᠭᠡᠨ ᠤ ᠦᠢᠯᠡᠰ ᠤᠨ ᠨᠡᠮᠡᠭᠳᠡᠯ ᠥᠷᠲᠡᠭ ᠢ 6% ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ᠃ ᠲᠦᠷᠦ ᠶᠢᠨ ᠪᠤᠳᠤᠯᠭ᠎ᠠ ᠶᠢ ᠪᠣᠲᠠᠲᠠᠶᠢᠵᠢᠭᠤᠯᠵᠤ ᠢᠨᠵᠧᠨᠧᠷᠢᠩ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠲᠦᠷᠦ ᠶᠢᠨ ᠪᠤᠳᠤᠯᠭ᠎ᠠ ᠶᠢᠨ ᠬᠡᠷᠡᠭᠵᠢᠭᠦᠯᠦᠯᠲᠡ ᠶᠢ ᠪᠠᠶᠢᠩᠭᠤᠰᠢᠭᠤᠯᠤᠨ ᠰᠠᠶᠢᠲᠤᠷ ᠠᠳᠬᠤᠵᠤ᠂ ᠡᠳ᠋ ᠤᠨ ᠵᠠᠰᠠᠭ᠂ ᠵᠣᠭᠤᠰ᠂ ᠠᠵᠢᠯ ᠣᠯᠭᠤᠯᠲᠠ᠂ ᠠᠵᠤ ᠦᠢᠯᠡᠰ᠂ ᠣᠷᠣᠨ ᠪᠦᠰᠡ᠂ ᠠᠷᠠᠯᠵᠢᠶ᠎ᠠ᠂ ᠣᠷᠴᠢᠨ ᠲᠣᠭᠤᠷᠢᠨ ᠤ ᠬᠠᠮᠠᠭᠠᠯᠠᠯᠲᠠ᠂ ᠬᠢᠨᠠᠯᠲᠠ ᠬᠠᠮᠢᠶᠠᠷᠤᠯᠲᠠ ᠵᠡᠷᠭᠡ ᠲᠦᠷᠦ ᠶᠢᠨ ᠪᠤᠳᠤᠯᠭ᠎ᠠ ᠪᠠ ᠥᠭᠡᠷᠡᠴᠢᠯᠡᠯᠲᠡ ᠨᠡᠭᠡᠭᠡᠯᠳᠡ ᠶᠢᠨ ᠠᠷᠭ᠎ᠠ ᠬᠡᠮᠵᠢᠶᠡᠨ ᠤ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠵᠤ᠂ ᠲᠦᠷᠦ ᠶᠢᠨ ᠪᠤᠳᠤᠯᠭ᠎ᠠ ᠶᠢᠨ ᠨᠡᠶᠢᠯᠡᠮᠡᠯ ᠬᠦᠴᠦᠨ ᠢ ᠴᠢᠩᠭᠠᠷᠠᠭᠤᠯᠤᠨ᠎ᠠ᠃
︵ᠬᠤᠶᠠᠷ︶ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠨᠡᠩ ᠶᠡᠭᠡ ᠡᠷᠴᠢᠮ ᠢᠶᠠᠷ ᠠᠬᠢᠭᠤᠯᠤᠨ᠎ᠠ᠃ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠪᠡᠯᠭᠡ ᠲᠡᠮᠳᠡᠭ ᠤᠨ ᠴᠢᠨᠠᠷᠲᠠᠶ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠣᠲᠠᠲᠠᠶᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠳ᠋ᠢᠭᠢᠲ ᠵᠠᠰᠠᠭ ᠤᠨ ᠣᠷᠳᠣᠨ ᠪᠠ ᠲᠠᠰ ᠱᠠᠲᠤ ᠰᠠᠯᠠᠭ᠎ᠠ ᠮᠥᠴᠢᠷ ᠠᠯᠤᠰᠯᠠᠨ ᠠᠵᠢᠯ ᠶᠠᠪᠤᠳᠠᠯ ᠭᠦᠢᠴᠡᠳᠬᠡᠬᠦ ᠰᠠᠭᠠᠳ ᠥᠬᠡᠶ ᠨᠡᠪᠲᠡᠷᠡᠬᠦ ᠵᠠᠮ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ︽ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ ᠭᠦᠢᠴᠡᠳᠭᠡᠬᠦ︾ 30 ᠵᠦᠢᠯ᠂ ︽ᠪᠥᠬᠦ ᠣᠷᠣᠨ ᠳᠤ ᠨᠡᠶᠢᠳᠡᠮ ᠭᠦᠢᠴᠡᠳᠭᠡᠬᠦ︾ 150 ᠵᠦᠢᠯᠡᠰ ᠢ ᠰᠢᠨ᠎ᠡ ᠪᠠᠷ ᠬᠡᠷᠡᠭᠵᠢᠭᠦᠯᠦᠨ᠎ᠡ᠃ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ ᠤᠨ ᠲᠣᠭᠲᠠᠯᠴᠠᠭ᠎ᠠ ᠶᠢᠨ ᠪᠥᠲᠥᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠥᠬᠦ ᠤᠯᠤᠰ ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ ᠢ ᠲᠦᠷᠭᠡᠳᠬᠡᠨ ᠪᠠᠶᠢᠭᠤᠯᠵᠤ᠂ ︽ᠪᠥᠬᠦ ᠤᠯᠤᠰ ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ ᠤᠨ ᠪᠥᠲᠥᠭᠡᠨ ᠪᠠᠶᠢᠭᠤᠯᠤᠯᠲᠠ ᠶᠢᠨ ᠵᠢᠯᠣᠭᠤᠳᠤᠮᠵᠢ ︵ᠲᠤᠷᠰᠢᠨ ᠬᠡᠷᠡᠭᠵᠢᠭᠦᠯᠬᠦ︶︾ ᠪᠠ ︽ᠵᠠᠬ᠎ᠠ ᠳᠡᠯᠭᠡᠭᠦᠷ ᠲᠤ ᠵᠥᠪᠰᠢᠶᠡᠷᠡᠨ ᠣᠷᠤᠭᠤᠯᠬᠤ ᠨᠠᠵᠠᠭᠠᠶ ᠲᠠᠯ᠎ᠠ ᠶᠢᠨ ᠲᠤᠳᠤᠷᠬᠠᠢ ᠬᠠᠭᠤᠳᠠᠰᠤ︾ ᠶᠢ ᠴᠢᠩᠭ᠎ᠠ ᠨᠠᠶᠢᠳᠠᠪᠤᠷᠢᠵᠢᠭᠤᠯᠤᠨ᠂ ᠥᠪᠡᠷᠲᠡᠭᠡᠨ ᠵᠠᠰᠠᠬᠤ ᠣᠷᠣᠨ ᠤ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠠᠷᠭ᠎ᠠ ᠪᠠ ᠬᠠᠮᠲᠤᠷᠠᠨ ᠬᠢᠨᠠᠨ ᠪᠠᠶᠢᠴᠠᠭᠠᠬᠤ ᠲᠦᠷᠢᠮ ᠲᠣᠭᠲᠠᠭᠠᠯ ᠢ ᠨᠡᠶᠢᠲᠡᠯᠡᠵᠦ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠬᠦᠷᠢᠶ᠎ᠡ ᠴᠠᠷᠠᠭᠠᠨ ᠤ ᠥᠭᠡᠷᠡᠴᠢᠯᠡᠯᠲᠡ ᠶᠢ ᠢᠳᠡᠪᠬᠢᠲᠡᠶ ᠬᠠᠶᠢᠨ ᠰᠦᠪᠡᠭᠴᠢᠯᠡᠵᠦ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠬᠦᠷᠢᠶ᠎ᠡ ᠴᠠᠷᠠᠭᠠᠨ ᠤ ᠵᠠᠬ᠎ᠠ ᠳᠡᠯᠭᠡᠭᠦᠷ ᠲᠤ ᠵᠥᠪᠰᠢᠶᠡᠷᠡᠨ ᠣᠷᠤᠭᠤᠯᠬᠤ ᠣᠷᠴᠢᠨ ᠨᠦᠬᠦᠴᠡᠯ ᠢ ᠰᠢᠯᠢᠳᠡᠭᠵᠢᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ 12345 ᠵᠡᠷᠭᠡ ᠲᠠᠪᠴᠠᠩ ᠢ ᠭᠦᠢᠴᠡᠳ ᠠᠰᠢᠭᠯᠠᠨ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠢᠨ ᠤ ᠳᠠᠯᠳᠠ ᠬᠤᠷᠢᠭ᠎ᠠ ᠶᠢ ᠵᠠᠭᠠᠯᠳᠤᠬᠤ ᠠᠷᠭ᠎ᠠ ᠵᠠᠮ ᠪᠠ ᠰᠢᠢᠳᠪᠦᠷᠢᠯᠡᠵᠦ ᠬᠠᠷᠢᠭᠤ ᠥᠭᠬᠦ ᠲᠣᠭᠲᠠᠴᠠ ᠶᠢ ᠤᠯᠠᠮ ᠨᠢᠭᠡ ᠠᠯᠬᠤᠮ ᠰᠢᠯᠤᠭᠤᠳᠬᠠᠨ᠎ᠠ᠃ ᠲᠠᠷᠢᠶᠠᠯᠠᠬᠤ ᠮᠠᠯᠵᠢᠬᠤ ᠣᠷᠣᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠪᠣᠲᠠᠲᠠᠶᠢᠵᠢᠭᠤᠯᠬᠤ ᠶᠢ ᠠᠬᠢᠭᠤᠯᠵᠤ᠂ ︽ᠲᠠᠷᠢᠶᠠᠯᠠᠬᠤ ᠮᠠᠯᠵᠢᠬᠤ ᠣᠷᠣᠨ ᠤ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠶᠢ ᠡᠷᠭᠢᠯᠲᠡ ᠳᠤ ᠣᠷᠣᠭᠤᠯᠬᠤ ᠶᠢ ᠵᠢᠷᠤᠮᠵᠢᠭᠤᠯᠬᠤ ᠪᠠ ᠳᠠᠭᠠᠭᠠᠴᠢᠯᠠᠭᠰᠠᠨ ᠭᠠᠵᠠᠷ ᠤᠨ ᠬᠡᠰᠡᠭᠯᠡᠭᠰᠡᠨ ᠬᠥᠭᠵᠢᠯᠲᠡ ᠶᠢ ᠰᠶᠢᠳᠪᠦᠷᠢᠯᠡᠵᠦ ᠵᠣᠬᠢᠰᠲᠠᠢ ᠪᠠᠷ ᠬᠡᠪᠴᠢᠶᠡᠵᠢᠭᠦᠯᠦᠨ ᠡᠵᠡᠩᠨᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠲᠥᠰᠦᠯ︾ ᠢ ᠨᠠᠶᠢᠳᠠᠪᠤᠷᠢᠵᠢᠭᠤᠯᠤᠨ᠂ ᠬᠤᠶᠠᠳᠤᠭᠠᠷ ᠡᠭᠡᠯᠵᠢ ᠶᠢᠨ ᠭᠠᠵᠠᠷ ᠰᠢᠷᠣᠶ ᠪᠠ ᠬᠠᠳᠤᠯᠠᠩ ᠪᠡᠯᠴᠢᠭᠡᠷ ᠤᠨ ᠳᠠᠭᠠᠭᠠᠴᠢᠯᠠᠯᠲᠠ ᠶᠢ ᠣᠷᠲᠤᠳᠬᠠᠬᠤ ᠲᠤᠷᠰᠢᠯᠲᠠ ᠶᠢ ᠯᠠᠪᠳᠠᠭᠤᠨ ᠪᠠᠲᠤᠲᠠᠢ ᠠᠬᠢᠭᠤᠯᠤᠨ᠎ᠠ᠃
︵ᠭᠤᠷᠪᠠ︶ ᠬᠦᠴᠦᠨ ᠢᠶᠠᠨ ᠲᠥᠪᠯᠡᠷᠡᠭᠦᠯᠦᠨ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢᠶᠠᠨ ᠥᠷᠨᠢᠭᠦᠯᠦᠨ᠎ᠡ᠃ 2024 ᠣᠨ ᠳᠤ ᠥᠪᠡᠷᠲᠡᠭᠡᠨ ᠵᠠᠰᠠᠬᠤ ᠣᠷᠣᠨ ᠤ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ︽ᠦᠨᠳᠦᠰᠦᠨ ᠰᠡᠳᠬᠢᠮᠵᠢ︾ ᠶᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ︽ᠰᠠᠨᠠᠭᠤᠯᠭ᠎ᠠ︾ ᠪᠠ ︽ᠬᠥᠲᠥᠯᠪᠦᠷᠢ︾ ᠶᠢᠨ ᠡᠬᠡ ᠲᠥᠰᠦᠯ ᠢ ᠱᠠᠯᠠᠪᠳᠠᠨ ᠪᠦᠷᠢᠯᠳᠦᠭᠦᠯᠵᠦ᠂ ᠴᠢᠬᠤᠯᠠ ᠶᠡᠭᠡ ᠲᠤᠰᠬᠠᠶ ᠰᠡᠳᠦᠪᠲᠦ ᠰᠤᠳᠤᠯᠭᠠᠨ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯ ᠭᠦᠢᠴᠡᠳᠬᠡᠯ ᠲᠤᠭ᠎ᠠ ᠶᠢᠨ ᠲᠥᠰᠦᠭᠡᠯᠡᠨ ᠪᠣᠳᠣᠯᠲᠠ ᠶᠢ ᠰᠠᠶᠢᠲᠤᠷ ᠵᠣᠬᠢᠶᠠᠨ ᠪᠠᠶᠢᠭᠤᠯᠤᠨ ᠥᠷᠨᠢᠭᠦᠯᠵᠦ᠂ ᠬᠦᠴᠦᠨ ᠢᠶᠠᠨ ᠲᠥᠪᠯᠡᠷᠡᠭᠦᠯᠦᠨ ᠰᠢᠢᠳᠪᠦᠷᠢᠯᠡᠬᠦ ᠴᠢᠬᠤᠯᠠᠲᠠᠶ ᠶᠡᠭᠡ ᠶᠠᠪᠤᠳᠠᠯ᠂ ᠪᠠᠴᠢᠮ ᠶᠠᠪᠤᠳᠠᠯ᠂ ᠬᠦᠴᠢᠷ ᠶᠠᠪᠤᠳᠠᠯ ᠤᠨ ᠲᠣᠭᠤᠷᠢᠨ ᠳᠤ ᠴᠢᠩᠭ᠎ᠠ ᠨᠢᠭᠲᠠᠷᠠᠨ᠂ ︽ᠨᠢᠭᠡ ᠰᠢᠷᠬᠡᠭ ᠦᠰᠦ ᠶᠢ ᠨᠢ ᠴᠢᠩᠭᠠᠭᠠᠪᠠᠯ ᠪᠦᠬᠦ ᠪᠡᠶ᠎ᠡ ᠨᠢ ᠬᠥᠳᠡᠯᠬᠦ︾ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠡᠭᠦᠷᠭᠡ ᠶᠢ ᠳᠤᠷᠠᠳᠤᠨ ᠭᠠᠷᠭᠠᠬᠤ ᠪᠠᠷ ᠴᠢᠷᠮᠠᠶᠢᠵᠤ᠂ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠠᠬᠢᠭᠤᠯᠬᠤ ᠠᠷᠭ᠎ᠠ ᠵᠠᠮ ᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠪᠡᠯᠭᠡ ᠲᠡᠮᠳᠡᠭ ᠤᠨ ᠴᠢᠨᠠᠷᠲᠠᠶ ᠬᠦᠲᠦᠯᠦᠨ ᠳᠠᠭᠠᠭᠤᠯᠬᠤ ᠴᠢᠨᠠᠷᠲᠠᠶ ᠨᠢᠭᠡ ᠪᠦᠯᠦᠭ ᠴᠢᠬᠤᠯᠠ ᠶᠡᠭᠡ ᠲᠠᠩ ᠴᠣᠭᠴᠠᠲᠤ ᠢᠨᠵᠧᠨᠧᠷᠢᠩ ᠪᠠ ᠠᠷᠠᠳ ᠤᠨ ᠰᠡᠳᠬᠢᠯ ᠢ ᠳᠤᠯᠠᠭᠠᠴᠠᠭᠤᠯᠵᠤ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠲᠦᠷᠦᠯ ᠵᠦᠢᠯ ᠢ ᠤᠬᠠᠭᠠᠯᠠᠵᠤ ᠲᠥᠯᠥᠪᠯᠡᠨ᠂ ᠤᠯᠤᠰ ᠤᠨ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ︽ᠬᠦᠲᠦᠯᠪᠦᠷᠢ︾ ᠲᠠᠢ ᠵᠣᠯᠭᠠᠭᠤᠯᠬᠤ᠂ ᠡᠯ᠎ᠡ ᠲᠠᠯ᠎ᠠ ᠶᠢᠨ ᠬᠢᠨ ᠤ ᠰᠠᠨᠠᠯ ᠢ ᠬᠤᠷᠢᠶᠠᠬᠤ ᠪᠠ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ ᠵᠡᠷᠭᠡ ᠠᠵᠢᠯ ᠢ ᠰᠠᠶᠢᠲᠤᠷ ᠬᠢᠨ᠎ᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠲᠠᠪᠤᠳᠤᠭᠠᠷ ᠲᠠᠪᠤᠨ ᠵᠢᠯ﹀ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠭᠠᠷᠴᠠᠭ ᠤᠨ ᠲᠤᠳᠤᠷᠬᠠᠢ ᠬᠠᠭᠤᠳᠠᠰᠤ︾ ᠶᠢ ᠲᠣᠭᠲᠠᠭᠠᠵᠤ᠂ ᠡᠯ᠎ᠡ ᠲᠥᠷᠥᠯ ᠤᠨ ᠲᠤᠰᠬᠠᠶ ᠵᠦᠢᠯ ᠤᠨ ᠲᠥᠯᠥᠪᠵᠢᠭᠦᠯᠭᠡ ᠶᠢ ᠥᠪᠡᠷᠲᠡᠭᠡᠨ ᠵᠠᠰᠠᠬᠤ ᠣᠷᠣᠨ ᠤ ᠲᠥᠯᠥᠪᠵᠢᠭᠦᠯᠭᠡ ᠶᠢᠨ ︽ᠬᠥᠲᠥᠯᠪᠦᠷᠢ︾ ᠯᠦᠭᠡ ᠵᠡᠷᠭᠡ ᠳᠤ ᠨᠢ ᠰᠤᠳᠤᠯᠵᠤ᠂ ᠵᠡᠷᠭᠡ ᠳᠤ ᠨᠢ ᠨᠠᠶᠢᠷᠠᠭᠤᠯᠤᠨ ᠵᠣᠬᠢᠶᠠᠵᠤ᠂ ᠵᠡᠷᠭᠡ ᠳᠤ ᠨᠢ ᠬᠡᠷᠡᠭᠵᠢᠭᠦᠯᠬᠦ ᠶᠢ ᠦᠨᠡᠨ ᠬᠦ ᠪᠠᠲᠤᠯᠠᠨ᠎ᠠ᠃
ᠵᠢᠷᠭᠤᠭ᠎ᠠ᠂ ᠬᠥᠭᠵᠢᠯᠲᠡ ᠶᠢᠨ ᠢᠲᠡᠭᠡᠯ ᠵᠣᠷᠢᠭ ᠢᠶᠠᠨ ᠬᠦᠴᠦᠯᠡᠨ ᠳᠡᠭᠡᠭᠰᠢᠯᠡᠭᠦᠯᠵᠦ᠂ ᠠᠵᠤ ᠠᠬᠤᠶᠢᠯᠠᠯ ᠢ ᠲᠤᠰᠠᠯᠠᠬᠤ ᠠᠵᠢᠯᠯᠠᠭᠠᠨ ᠢ ᠶᠡᠭᠡ ᠪᠠᠷ ᠬᠡᠷᠡᠭᠵᠢᠭᠦᠯᠦᠨ᠎ᠡ
ᠪᠠᠶᠢᠭᠤᠯᠤᠯ ᠲᠣᠭᠲᠠᠴᠠ ᠶᠢᠨ ᠬᠠᠷᠰᠢ ᠰᠠᠭᠠᠳ ᠢ ᠤᠯᠠᠮ ᠨᠢᠭᠡ ᠠᠯᠬᠤᠮ ᠠᠷᠢᠯᠭᠠᠵᠤ᠂ ᠠᠵᠤ ᠠᠬᠤᠶᠢᠯᠠᠯ ᠢ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠦᠷᠭᠦᠯᠵᠢᠯᠡᠨ ᠰᠠᠶᠢᠲᠤᠷ ᠬᠡᠷᠡᠭᠵᠢᠭᠦᠯᠦᠨ᠂ ᠡᠯ᠎ᠡ ᠲᠥᠷᠥᠯ ᠤᠨ ᠡᠵᠡᠩᠨᠡᠯᠲᠡ ᠶᠢᠨ ᠭᠤᠤᠯ ᠴᠣᠭᠴᠠ ᠶᠢᠨ ᠳᠣᠲᠣᠭᠠᠳᠤ ᠬᠦᠳᠡᠯᠭᠡᠭᠴᠢ ᠬᠦᠴᠦᠨ ᠢ ᠭᠦᠢᠴᠡᠳ ᠬᠥᠭᠵᠢᠭᠡᠨ᠎ᠡ᠃
︵ᠨᠢᠭᠡ︶ ᠡᠵᠡᠩᠨᠡᠯᠲᠡ ᠶᠢᠨ ᠭᠤᠤᠯ ᠴᠣᠭᠴᠠ ᠶᠢᠨ ᠬᠡᠪᠴᠢᠶᠡᠵᠢᠯ ᠢ ᠦᠷᠭᠦᠯᠵᠢᠯᠡᠨ ᠥᠷᠭᠡᠳᠬᠡᠨ᠎ᠡ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠦᠷ᠎ᠡ ᠪᠦᠲᠦᠭᠡᠯ ᠢ ᠪᠠᠬᠢᠵᠢᠭᠦᠯᠵᠦ᠂ ᠵᠠᠰᠠᠭ ᠤᠨ ᠣᠷᠳᠣᠨ ᠤ ᠦᠨᠡᠨᠴᠢ ᠢᠲᠡᠭᠡᠮᠵᠢᠲᠡᠶ ᠪᠠᠷ ᠭᠡᠷ᠎ᠡ ᠪᠠᠨ ᠭᠦᠢᠴᠡᠳᠬᠡᠬᠦ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠨ᠂ ᠢᠲᠡᠭᠡᠮᠵᠢ ᠶᠢᠨ ᠪᠠᠯᠠ ᠲᠣᠬᠢᠷᠠᠭᠤᠯᠭ᠎ᠠ ᠶᠢᠨ ᠦᠢᠯᠡᠴᠢᠯᠡᠭᠡ ᠶᠢ ᠴᠢᠩᠭᠠᠳᠬᠠᠨ᠎ᠠ᠃ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠤᠨ 4.0 ᠪᠠᠷᠯᠠᠯ ᠤᠨ ᠲᠥᠰᠦᠯ ᠤᠨ 160 ᠵᠦᠢᠯ ᠤᠨ ᠭᠤᠤᠯᠳᠠᠯᠭ᠎ᠠ ᠪᠣᠯᠬᠤ ᠡᠭᠦᠷᠭᠡ ᠶᠢ ᠨᠠᠶᠢᠳᠠᠪᠤᠷᠢᠵᠢᠭᠤᠯᠬᠤ ᠪᠠᠨ ᠲᠦᠷᠭᠡᠳᠬᠡᠨ ᠠᠬᠢᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠰᠢᠯᠢᠳᠡᠭᠵᠢᠭᠦᠯᠬᠦ ᠲᠦᠷᠢᠮ︾ ᠤᠨ ᠬᠠᠤᠯᠢ ᠲᠣᠭᠲᠠᠭᠠᠬᠤ ᠠᠬᠢᠴᠠ ᠶᠢ ᠠᠬᠢᠭᠤᠯᠵᠤ᠂ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠤᠨ ᠬᠦᠷᠢᠶᠡᠨ ᠳᠠᠬᠢ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠦᠨ᠎ᠡ᠃ ᠮᠢᠩᠭᠠᠨ ᠠᠵᠤ ᠠᠬᠤᠶᠢᠯᠠᠯ ᠲᠦᠮᠡᠨ ᠡᠷᠦᠬᠡ ᠶᠢ ᠬᠠᠪᠰᠤᠷᠤᠨ ᠲᠡᠳᠬᠦᠵᠦ ᠬᠤᠣᠰᠯᠠᠬᠤ ᠠᠵᠢᠯᠯᠠᠭᠠᠨ ᠢ ᠥᠷᠨᠢᠭᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠵᠢᠭ ᠪᠢᠴᠢᠯ ᠠᠵᠤ ᠠᠬᠤᠶᠢᠯᠠᠯ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠭᠤᠷᠪᠠᠨ ᠵᠢᠯ ᠤᠨ ᠬᠥᠭᠵᠢᠯᠲᠡ ᠶᠢᠨ ᠲᠥᠯᠥᠪᠯᠡᠭᠡ ︵2023 – 2025 ᠣᠨ︶︾ ᠶᠢ ᠬᠡᠷᠡᠭᠵᠢᠭᠦᠯᠵᠦ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠡᠯᠪᠡᠷᠢ ᠲᠥᠷᠥᠯ ᠬᠤᠪᠢᠶᠠᠵᠤ ᠣᠨᠣᠴᠠᠲᠠᠶ ᠪᠠᠷ ᠬᠠᠪᠰᠤᠷᠤᠨ ᠲᠡᠳᠬᠦᠬᠦ ᠲᠣᠭᠲᠠᠴᠠ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠣᠨᠳᠣᠤ ᠭᠠᠵᠠᠷ ᠲᠤ ᠨᠡᠭᠦᠬᠦ ᠭᠠᠷᠳᠠᠮ ᠢ ᠰᠢᠭᠤᠳ ᠭᠦᠢᠴᠡᠳᠬᠡᠬᠦ ᠶᠢ ᠠᠬᠢᠭᠤᠯᠤᠨ᠂ ᠡᠵᠡᠩᠨᠡᠯᠲᠡ ᠶᠢᠨ ᠭᠤᠤᠯ ᠴᠣᠭᠴᠠ ᠶᠢ ᠠᠯᠪᠠᠳᠠᠯᠭ᠎ᠠ ᠪᠠᠷ ᠪᠤᠴᠠᠭᠠᠨ ᠭᠠᠷᠭᠠᠬᠤ ᠪᠠ ᠲᠥᠬᠦᠮ ᠠᠪᠰᠠᠷᠬᠠᠨ ᠢᠶᠠᠷ ᠪᠤᠴᠠᠭᠠᠨ ᠭᠠᠷᠭᠠᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠵᠢᠵᠢᠭ ᠪᠢᠴᠢᠯ ᠠᠵᠤ ᠠᠬᠤᠶᠢᠯᠠᠯ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠭᠤᠷᠪᠠᠨ ᠵᠢᠯ ᠤᠨ ᠬᠥᠭᠵᠢᠯᠲᠡ ᠳᠤ ᠨᠢᠭᠡ ᠯᠠ ᠤᠳᠠᠭ᠎ᠠ ᠶᠢᠨ ᠴᠢᠨᠠᠷᠲᠠᠶ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠠᠵᠢᠯ ᠢ ᠰᠠᠶᠢᠲᠤᠷ ᠬᠢᠵᠦ᠂ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠡᠪᠴᠢᠶᠡᠵᠢᠯ ᠢ ᠲᠣᠭᠲᠠᠭᠤᠨ ᠢᠶᠠᠷ ᠥᠷᠭᠡᠳᠬᠡᠬᠦ ᠶᠢ ᠠᠬᠢᠭᠤᠯᠤᠨ᠎ᠠ᠃ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠳᠠᠩᠰᠠᠨ ᠳᠠᠬᠢ ᠵᠣᠭᠤᠰ ᠢ ᠢᠯᠭᠠᠷᠠᠭᠤᠯᠬᠤ ᠠᠵᠢᠯ ᠢ ᠬᠠᠤᠯᠢ ᠲᠣᠭᠲᠠᠭᠠᠯ ᠶᠣᠰᠣᠭᠠᠷ ᠰᠠᠶᠢᠲᠤᠷ ᠬᠢᠨ᠎ᠡ᠃
︵ᠬᠤᠶᠠᠷ︶ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠬᠥᠭᠵᠢᠯᠲᠡ ᠶᠢ ᠠᠬᠢᠭᠤᠯᠤᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠢ ᠳᠡᠮᠵᠢᠨ ᠬᠦᠴᠢᠷᠳᠡᠯ ᠢ ᠨᠢ ᠲᠠᠶᠢᠯᠬᠤ ᠠᠵᠢᠯᠯᠠᠭᠠᠠᠨ ᠤ ᠠᠵᠢᠯ ᠤᠨ ᠲᠥᠰᠦᠯ︾ ᠢ ᠲᠣᠭᠲᠠᠭᠠᠵᠤ᠂ ︽ᠮᠤᠵᠢ ᠶᠢᠨ ᠱᠠᠲᠤᠨ ᠤ ᠤᠳᠤᠷᠢᠳᠬᠤ ᠺᠠᠳ᠋ᠷᠴᠤᠳ ᠤᠨ ᠭᠤᠣᠯᠳᠠᠯᠭᠠᠲᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠲᠠᠢ ᠬᠠᠷᠢᠯᠴᠠᠵᠤ ᠦᠢᠯᠡᠴᠢᠯᠡᠬᠦ ᠠᠵᠢᠯ ᠤᠨ ᠲᠥᠰᠦᠯ︾ ᠵᠢᠴᠢ ᠵᠠᠰᠠᠭ ᠬᠤᠳᠠᠯᠳᠤᠭᠠᠨ ᠤ ᠬᠠᠷᠢᠯᠴᠠᠭᠠᠨ ᠤ ᠦᠢᠯᠡ ᠠᠵᠢᠯᠯᠠᠭ᠎ᠠ ᠶᠢ ᠵᠢᠷᠤᠮᠵᠢᠭᠤᠯᠬᠤ ︽ᠭᠤᠷᠪᠠᠨ ᠲᠤᠳᠤᠷᠬᠠᠢ ᠬᠠᠭᠤᠳᠠᠰᠤ︾ ᠶᠢ ᠨᠠᠶᠢᠳᠠᠪᠤᠷᠢᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠲᠦᠷᠢᠮ ᠤᠨ ᠬᠠᠤᠯᠢ ᠲᠣᠭᠲᠠᠭᠠᠬᠤ ᠠᠬᠢᠴᠠ ᠶᠢ ᠲᠦᠷᠭᠡᠳᠬᠡᠨ ᠠᠬᠢᠭᠤᠯᠤᠨ᠎ᠠ᠃ ᠣᠨᠳᠣᠤ ᠭᠠᠵᠠᠷ ᠲᠤ ᠪᠠᠯᠠ ᠣᠷᠣᠭᠤᠯᠤᠨ ᠡᠵᠡᠩᠨᠡᠬᠦ ᠳᠤ ᠬᠠᠮᠵᠢᠯᠴᠠᠬᠤ ᠲᠣᠭᠲᠠᠴᠠ ᠶᠢ ᠪᠠᠶᠢᠭᠤᠯᠬᠤ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠳᠤᠮᠳᠠᠳᠤ ᠤᠯᠤᠰ ᠤᠨ ᠣᠨᠴᠠᠯᠢᠭ ᠲᠠᠢ ᠣᠲᠣ ᠦᠶ᠎ᠡ ᠶᠢᠨ ᠠᠵᠤ ᠠᠬᠤᠶᠢᠯᠠᠯ ᠤᠨ ᠲᠦᠷᠢᠮ ᠢ ᠪᠠᠶᠢᠭᠤᠯᠤᠨ ᠪᠦᠷᠢᠨᠰᠢᠬᠦᠯᠬᠦ ᠯᠠᠪᠯᠠᠯᠲᠠ ᠶᠢᠨ ᠭᠦᠢᠴᠡᠳᠬᠡᠯ ᠲᠤᠭ᠎ᠠ︾ ᠶᠢ ᠲᠣᠭᠲᠠᠭᠠᠵᠤ᠂ ᠳᠡᠯᠡᠬᠡᠶ ᠶᠢᠨ ᠲᠡᠷᠢᠭᠦᠨ ᠲᠠᠰ ᠤᠨ ᠠᠵᠤ ᠠᠬᠤᠶᠢᠯᠠᠯ ᠤᠨ ᠪᠥᠲᠥᠭᠡᠨ ᠪᠠᠶᠢᠭᠤᠯᠤᠯᠲᠠ ᠶᠢᠨ ᠥᠪᠡᠷᠲᠡᠭᠡᠨ ᠵᠠᠰᠠᠬᠤ ᠣᠷᠣᠨ ᠤ ᠪᠣᠶᠢᠵᠢᠭᠤᠯᠬᠤ ᠬᠥᠮᠥᠷᠭᠡ ᠶᠢᠨ ᠬᠥᠮᠥᠷᠭᠡ ᠳᠤ ᠣᠷᠣᠭᠤᠯᠬᠤ ᠠᠵᠢᠯ ᠢ ᠵᠣᠬᠢᠶᠠᠨ ᠪᠠᠶᠢᠭᠤᠯᠤᠨ ᠦᠷᠨᠢᠭᠦᠯᠦᠨ᠎ᠡ᠃ ᠠᠵᠤ ᠠᠬᠤᠶᠢᠯᠠᠯ ᠤᠨ ᠮᠡᠷᠭᠡᠵᠢᠯ ᠰᠤᠳᠤᠯᠤᠨ ᠨᠡᠭᠡᠭᠡᠬᠦ ᠠᠵᠢᠯ ᠢ ᠨᠢ ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠨ᠎ᠠ᠃ ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠲᠤᠰᠬᠠᠶ ᠠᠵᠢᠯᠯᠠᠭᠠᠨ ᠢ ᠥᠷᠨᠢᠭᠦᠯᠵᠦ᠂ ᠳᠤᠷ᠎ᠠ ᠪᠠᠷ ᠰᠦᠢᠳᠬᠡᠯ ᠬᠤᠷᠢᠶᠠᠬᠤ᠂ ᠳᠤᠷ᠎ᠠ ᠪᠠᠷ ᠵᠣᠭᠤᠰ ᠢᠶᠠᠷ ᠲᠣᠷᠭᠠᠬᠤ᠂ ᠳᠤᠷ᠎ᠠ ᠪᠠᠷ ᠪᠠᠶᠢᠴᠠᠭᠠᠬᠤ᠂ ᠳᠤᠷ᠎ᠠ ᠪᠠᠷ ᠪᠠᠶᠢᠴᠠᠭᠠᠨ ᠪᠢᠲᠡᠭᠦᠮᠵᠢᠯᠡᠬᠦ ᠶᠢ ᠲᠥᠪᠯᠡᠷᠡᠭᠦᠯᠦᠨ ᠴᠡᠭᠴᠡᠯᠡᠨ ᠵᠠᠰᠠᠵᠤ᠂ ᠲᠣᠭᠲᠠᠭᠠᠯ ᠠᠴᠠ ᠵᠥᠷᠢᠴᠡᠨ ᠣᠨᠳᠣᠣ ᠭᠠᠵᠠᠷ ᠲᠤ ᠬᠠᠤᠯᠢ ᠬᠡᠷᠡᠭᠵᠢᠭᠦᠯᠬᠦ ᠪᠠ ᠠᠰᠢᠭ ᠬᠥᠭᠡᠭᠡᠴᠡᠯᠳᠦᠬᠦ ᠴᠢᠨᠠᠷᠲᠠᠶ ᠬᠠᠤᠯᠢ ᠬᠡᠷᠡᠭᠵᠢᠭᠦᠯᠬᠦ ᠶᠢ ᠡᠷᠡᠰ ᠰᠡᠷᠭᠡᠶᠢᠯᠡᠵᠦ᠂ ᠬᠡᠷᠡᠭ ᠰᠢᠢᠳᠪᠦᠷᠢᠯᠡᠬᠦ ᠶᠢ ᠠᠰᠢᠭ ᠲᠤᠰᠠ ᠲᠠᠢ ᠬᠤᠯᠪᠣᠭᠳᠠᠭᠤᠯᠬᠤ ᠶᠢ ᠴᠠᠭᠠᠵᠠᠯᠠᠨ᠎ᠠ᠃ ᠠᠵᠤ ᠠᠬᠤᠶᠢᠯᠠᠯ ᠳᠤ ᠬᠤᠯᠪᠣᠭᠳᠠᠬᠤ ᠪᠢᠴᠢᠭ ᠮᠠᠲ᠋ᠧᠷᠢᠶᠠᠯ ᠤᠨ ︽ᠰᠢᠭᠤᠳ ᠨᠡᠪᠲᠡᠷᠡᠬᠦ ᠲᠡᠷᠭᠡ︾ ᠶᠢᠨ ᠨᠠᠷᠢᠯᠢᠭ ᠣᠨᠣᠴᠠᠲᠠᠶ ᠪᠠᠷ ᠬᠠᠮᠤᠷᠬᠤ ᠬᠡᠪᠴᠢᠶ᠎ᠡ ᠶᠢ ᠥᠷᠭᠡᠳᠬᠡᠬᠦ ᠶᠢ ᠠᠬᠢᠭᠤᠯᠤᠨ᠎ᠠ᠃
︵ᠭᠤᠷᠪᠠ︶ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠵᠢᠯᠯᠠᠭᠠᠨ ᠢ ᠴᠢᠨᠠᠷ ᠰᠠᠶᠢᠲᠠᠶ ᠪᠡᠶᠡᠯᠡᠭᠦᠯᠵᠦ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠳᠤ ᠦᠢᠯᠡᠴᠢᠯᠡᠬᠦ ᠡᠷᠴᠢᠮ ᠢᠶᠠᠨ ᠴᠢᠩᠭᠠᠷᠠᠭᠤᠯᠵᠤ᠂ ᠲᠤᠰᠬᠠᠶ ᠦᠢᠯᠡᠴᠢᠯᠡᠭᠡᠨ ᠤ ᠪᠠᠶᠢᠭᠤᠯᠤᠮᠵᠢ ᠪᠠᠶᠢᠭᠤᠯᠤᠨ᠂ ᠤᠯᠤᠰ ᠤᠨ ᠦᠮᠴᠢᠯᠡᠯᠲᠦ ᠡᠳ᠋ ᠬᠥᠷᠥᠩᠭᠡ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠪᠦᠰᠡᠯᠡᠯᠲᠡ ᠰᠢᠪᠲᠤᠯᠬᠤ ᠠᠵᠢᠯ ᠤᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠪᠠᠶᠠᠯᠢᠭᠵᠢᠭᠤᠯᠤᠨ᠂ ᠤᠯᠤᠰ ᠤᠨ ᠦᠮᠴᠢᠯᠡᠯᠲᠦ ᠡᠳ᠋ ᠬᠥᠷᠥᠩᠭᠡ ᠶᠢᠨ ᠡᠬᠢ ᠪᠠᠶᠠᠯᠢᠭ ᠢ ᠢᠯᠭᠠᠷᠠᠭᠤᠯᠤᠨ ᠪᠠᠶᠢᠴᠠᠭᠠᠬᠤ ᠪᠠ ᠴᠢᠯᠥᠭᠡᠲᠡᠶ ᠭᠦᠢᠯᠭᠡᠭᠡᠬᠦ ᠰᠢᠪᠲᠤᠯᠤᠯᠲᠠ ᠶᠢᠨ ᠠᠵᠢᠯᠯᠠᠭᠠᠨ ᠢ ᠬᠡᠷᠡᠭᠵᠢᠭᠦᠯᠵᠦ᠂ ᠠᠯᠳᠠᠭᠳᠠᠯ ᠢ ᠪᠠᠭᠠᠰᠬᠠᠨ ᠠᠯᠳᠠᠭᠳᠠᠯ ᠢ ᠵᠠᠰᠠᠬᠤ ᠲᠤᠰᠬᠠᠶ ᠠᠵᠢᠯᠯᠠᠭᠠᠨ ᠢ ᠦᠷᠭᠦᠯᠵᠢᠯᠡᠨ ᠥᠷᠨᠢᠭᠦᠯᠵᠦ᠂ ︽ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ︾ ᠪᠠᠷ ᠠᠯᠳᠠᠭᠳᠠᠯ ᠲᠠᠢ ᠪᠠᠶᠢᠳᠠᠯ ᠢ ᠨᠢ ᠬᠤᠪᠢᠷᠠᠭᠤᠯᠬᠤ ᠠᠷᠭ᠎ᠠ ᠬᠡᠮᠵᠢᠶ᠎ᠡ ᠲᠣᠭᠲᠠᠭᠠᠨ᠎ᠠ᠃ ︽ᠭᠤᠷᠪᠠ ᠶᠢ ᠲᠥᠪᠯᠡᠷᠡᠭᠦᠯᠬᠦ︾ ᠱᠠᠭᠠᠷᠳᠠᠯᠭ᠎ᠠ ᠶᠣᠰᠣᠭᠠᠷ᠂ ᠤᠯᠤᠰ ᠤᠨ ᠦᠮᠴᠢᠯᠡᠯᠲᠦ ᠬᠦᠷᠦᠩᠭᠡ ᠶᠢᠨ ᠪᠠᠶᠢᠷᠢᠰᠢᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠲᠥᠪ ᠤᠨ ᠠᠵᠤ ᠠᠬᠤᠶᠢᠯᠠᠯ ᠯᠤᠭ᠎ᠠ ᠪᠠᠶᠢᠩᠭᠤᠰᠢᠭᠤᠯᠤᠨ ᠵᠣᠯᠭᠠᠭᠤᠯᠬᠤ ᠬᠠᠮᠲᠤᠷᠠᠯᠴᠠᠭᠠᠨ ᠤ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠪᠤᠰᠤᠳ ᠮᠤᠵᠢ ︵ᠣᠷᠣᠨ᠂ ᠬᠤᠲᠠ︶ ᠶᠢᠨ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠬᠤ ᠶᠢ ᠨᠢ ᠠᠬᠢᠭᠤᠯᠵᠤ᠂ ᠱᠠᠨᠳᠦ᠋ᠩ᠂ ᠪᠡᠭᠡᠵᠢᠩ᠂ ᠠᠨᠾᠦ᠋ᠢ ᠵᠡᠷᠭᠡ ᠭᠠᠵᠠᠷ ᠯᠤᠭ᠎ᠠ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠨ᠎ᠠ᠃ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠤᠯ ᠬᠦᠴᠦᠨ ᠤ ᠦᠢᠯᠡᠳᠦᠯ ᠢ ᠪᠠᠳᠠᠷᠠᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠲᠤᠭ᠎ᠠ ᠬᠡᠮᠵᠢᠶ᠎ᠡ ᠶᠢ ︽ᠵᠠᠭᠤ ᠠᠴᠠ ᠳᠠᠪᠠᠭᠤᠯᠬᠤ︾᠂ ᠲᠤᠰᠬᠠᠶ ᠨᠠᠷᠢᠯᠢᠭ ᠦᠪᠡᠷᠮᠢᠴᠡ ᠰᠢᠨ᠎ᠡ ᠠᠵᠤ ᠠᠬᠤᠶᠢᠯᠠᠯ ᠤᠨ ᠲᠤᠭ᠎ᠠ ᠬᠡᠮᠵᠢᠶ᠎ᠡ ᠶᠢ ︽ᠳᠠᠬᠢᠨ ᠢᠶᠠᠷ ᠨᠡᠮᠡᠭᠳᠡᠭᠦᠯᠬᠦ︾ ᠶᠢ ᠠᠬᠢᠭᠤᠯᠵᠤ᠂ 2025 ᠣᠨ ᠳᠤ ᠦᠪᠡᠷᠲᠡᠭᠡᠨ ᠵᠠᠰᠠᠬᠤ ᠣᠷᠣᠨ ᠤ ᠬᠠᠷᠢᠶ᠎ᠠ ᠪᠥᠬᠦᠶ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠡᠷᠴᠢᠮ ᠢᠶᠠᠨ 4% ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃
ᠲᠤᠯᠤᠭ᠎ᠠ᠂ ᠤᠰᠤ ᠠᠷᠪᠢᠯᠠᠬᠤ ᠠᠵᠢᠯᠯᠠᠭᠠᠨ ᠢ ᠭᠦᠨᠵᠡᠭᠡᠶ ᠬᠡᠷᠡᠭᠵᠢᠭᠦᠯᠵᠦ᠂ ᠲᠦᠪᠯᠡᠷᠡᠵᠦ ᠡᠷᠴᠢᠮᠵᠢᠵᠦ ᠪᠦᠭᠡᠮᠨᠡᠷᠡᠨ ᠬᠥᠭᠵᠢᠬᠦ ᠶᠢ ᠠᠬᠢᠭᠤᠯᠤᠨ᠎ᠠ
ᠬᠦᠴᠦᠨ ᠵᠦᠢᠯ ᠤᠨ ᠪᠠᠲᠤᠯᠠᠭ᠎ᠠ ᠶᠢᠨ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯ ᠢ ᠭᠦᠨᠵᠡᠭᠡᠶ ᠠᠬᠢᠭᠤᠯᠤᠨ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠪᠠ ᠠᠵᠤ ᠠᠬᠤᠶ ᠶᠢᠨ ᠬᠥᠭᠵᠢᠯᠲᠡ ᠶᠢ ᠥᠨᠳᠥᠷ ᠪᠦᠲᠦᠮᠵᠢᠲᠡᠶ ᠨᠢᠭᠡᠳᠦᠯᠲᠡᠶ ᠲᠥᠯᠥᠪᠯᠡᠨ᠎ᠡ᠃
︵ᠨᠢᠭᠡ︶ ᠤᠰᠤ ᠠᠷᠪᠢᠯᠠᠬᠤ ᠠᠵᠢᠯᠯᠠᠭᠠᠨ ᠢ ᠪᠥᠬᠦ ᠬᠦᠴᠦᠨ ᠢᠶᠠᠷ ᠢᠶᠠᠨ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ︽ᠤᠰᠤ ᠪᠠᠷ ᠳᠥᠷᠪᠡ ᠶᠢ ᠲᠣᠭᠲᠠᠭᠠᠬᠤ︾ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠢᠴᠢᠭ ᠮᠠᠲ᠋ᠧᠷᠢᠶᠠᠯ ᠢ ᠲᠣᠭᠲᠠᠭᠠᠵᠤ᠂ 2025 ᠣᠨ ᠤ ᠲᠦᠮᠡᠨ ᠲᠥᠭᠦᠷᠢᠭ ᠤᠨ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠲᠤ ᠬᠡᠷᠡᠭᠯᠡᠬᠦ ᠤᠰᠤᠨ ᠤ ᠬᠡᠮᠵᠢᠶ᠎ᠡ᠂ ᠲᠦᠮᠡᠨ ᠲᠥᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠤ ᠬᠡᠷᠡᠭᠯᠡᠬᠦ ᠤᠰᠤᠨ ᠤ ᠬᠡᠮᠵᠢᠶ᠎ᠡ ᠶᠢ 2020 ᠣᠨ ᠤ ᠬᠢ ᠠᠴᠠ ᠲᠣᠰ ᠲᠣᠰ 12% ᠪᠠ 13% ᠪᠠᠷ ᠪᠠᠭᠤᠷᠠᠭᠤᠯᠤᠨ᠎ᠠ᠃ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠢᠨᠵᠧᠨᠧᠷᠢᠩ᠂ ᠲᠠᠷᠢᠶᠠᠯᠠᠩ ᠤᠨ ᠮᠡᠷᠭᠡᠵᠢᠯ᠂ ᠲᠥᠷᠥᠯ ᠵᠦᠢᠯ᠂ ᠪᠦᠲᠦᠴᠡ᠂ ᠲᠣᠭᠲᠠᠴᠠ ︽ᠲᠠᠪᠤᠨ ᠲᠠᠯ᠎ᠠ ᠪᠠᠷ ᠠᠷᠪᠢᠯᠠᠨ ᠭᠠᠮᠨᠠᠬᠤ︾ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠥᠨᠳᠥᠷ ᠦᠷ᠎ᠡ ᠪᠦᠲᠦᠮᠵᠢᠲᠡᠶ ᠪᠠᠷ ᠤᠰᠤ ᠠᠷᠪᠢᠯᠠᠬᠤ ᠤᠰᠤᠯᠠᠯᠲᠠ ᠶᠢᠨ ᠲᠠᠯᠠᠪᠠᠶ ᠶᠢ 200 ᠲᠦᠮᠡᠨ ᠮᠥ ᠰᠢᠨ᠎ᠡ ᠪᠠᠷ ᠪᠠᠶᠢᠭᠤᠯᠵᠤ᠂ ᠤᠰᠤ ᠠᠷᠪᠢᠯᠠᠵᠤ ᠠᠮᠤ ᠪᠤᠳᠠᠭᠠᠨ ᠤ ᠤᠨᠠᠯᠲᠠ ᠪᠠᠨ ᠨᠡᠮᠡᠭᠳᠡᠭᠦᠯᠬᠦ ᠶᠢ ᠠᠬᠢᠭᠤᠯᠬᠤ ᠰᠢᠶᠠᠨ ᠢ 20 ᠡᠭᠦᠳᠦᠨ ᠪᠠᠶᠢᠭᠤᠯᠵᠤ᠂ ᠤᠰᠤ ᠠᠷᠪᠢᠯᠠᠬᠤ ᠬᠡᠮᠵᠢᠶ᠎ᠡ ᠶᠢ 2.7 ᠳ᠋ᠦᠩᠰᠢᠭᠤᠷ ᠺᠦᠪ ᠮᠧᠲᠷ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠨ᠎ᠠ᠃ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ ᠨᠠᠮᠤᠷ ᠤᠰᠤᠯᠠᠬᠤ᠂ ᠬᠠᠪᠤᠷ ᠬᠤᠷᠠᠭᠤᠯᠬᠤ ᠤᠰᠤ ᠬᠡᠷᠡᠭᠯᠡᠬᠦ ᠲᠥᠰᠦᠯ ᠢ ᠰᠤᠳᠤᠯᠤᠨ ᠲᠣᠭᠲᠠᠭᠠᠵᠤ᠂ ︽ᠨᠡᠯᠦᠶᠢᠲᠡᠯ᠎ᠡ ᠤᠰᠤᠯᠠᠬᠤ︾ ᠠᠰᠠᠭᠤᠳᠠᠯ ᠢ ᠦᠨᠳᠦᠰᠦᠨ ᠳᠤ ᠪᠠᠨ ᠰᠢᠢᠳᠪᠦᠷᠢᠯᠡᠵᠦ᠂ ᠲᠠᠷᠢᠶᠠᠨ ᠭᠠᠵᠠᠷ ᠢ ᠤᠰᠤᠯᠠᠬᠤ ᠤᠰᠤ ᠶᠢ ᠪᠦᠲᠦᠮᠵᠢᠲᠡᠢ ᠠᠰᠢᠭᠯᠠᠬᠤ ᠢᠯᠡᠳᠬᠡᠮᠵᠢ ᠶᠢ 0.59 ᠠᠴᠠ ᠳᠡᠭᠡᠭᠰᠢ ᠬᠦᠷᠲᠡᠯ᠎ᠡ ᠳᠡᠭᠡᠭᠰᠢᠯᠡᠭᠦᠯᠦᠨ᠎ᠡ᠃ ᠠᠵᠤ ᠦᠢᠯᠡᠳᠪᠦᠷᠢ ᠶᠢᠨ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠲᠦᠷᠭᠡᠳᠬᠡᠨ᠂ ᠠᠵᠤ ᠦᠢᠯᠡᠳᠪᠦᠷᠢ ᠶᠢᠨ ᠤᠰᠤ ᠬᠡᠷᠡᠭᠯᠡᠬᠦ ᠲᠥᠰᠦᠪ ᠤᠨ ᠬᠠᠮᠢᠶᠠᠷᠤᠯᠲᠠ ᠶᠢᠨ ᠲᠤᠷᠰᠢᠯᠲᠠ ᠶᠢ ᠰᠠᠶᠢᠲᠤᠷ ᠠᠳᠬᠤᠵᠤ᠂ ᠨᠢᠭᠡ ᠪᠦᠯᠦᠭ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ᠂ ᠤᠰᠤ ᠠᠷᠪᠢᠯᠠᠬᠤ ᠬᠡᠪ ᠳᠠᠭᠤᠷᠢᠶᠠᠯᠲᠤ ᠠᠵᠤ ᠠᠬᠤᠶᠢᠯᠠᠯ᠂ ᠤᠰᠤᠨ ᠤ ᠠᠰᠢᠭᠯᠠᠮᠵᠢ ᠶᠢᠨ ᠲᠠᠭᠠᠭᠤᠯᠤᠭᠴᠢ ᠪᠦᠬᠦᠢ ᠵᠢᠱᠢᠶ᠎ᠡ ᠦᠵᠡᠭᠦᠯᠬᠦ ᠠᠵᠤ ᠠᠬᠤᠶᠢᠯᠠᠯ ᠢ ᠡᠭᠦᠳᠦᠨ ᠪᠠᠶᠢᠭᠤᠯᠤᠨ᠎ᠠ᠃ ᠬᠤᠲᠠ ᠶᠢᠨ ᠰᠠᠭᠤᠭᠠᠯᠢ ᠠᠷᠠᠳ ᠤᠨ ᠠᠮᠢᠳᠤᠷᠠᠯ ᠳᠤ ᠬᠡᠷᠡᠭᠯᠡᠬᠦ ᠤᠰᠤᠨ ᠤ ᠱᠠᠲᠤᠯᠢᠭ ᠦᠨ᠎ᠡ᠂ ᠰᠠᠭᠤᠭᠠᠯᠢ ᠠᠷᠠᠳ ᠤᠨ ᠪᠤᠰᠤ ᠬᠡᠷᠡᠭᠯᠡᠬᠦ ᠤᠰᠤ ᠪᠠ ᠣᠨᠴᠠ ᠲᠥᠷᠥᠯ ᠤᠨ ᠠᠵᠢᠯ ᠲᠥᠷᠥᠯ ᠤᠨ ᠬᠡᠷᠡᠭᠯᠡᠬᠦ ᠤᠰᠤᠨ ᠤ ᠲᠣᠭᠲᠠᠭᠰᠠᠨ ᠨᠣᠷᠮ᠎ᠠ ᠠᠴᠠ ᠬᠡᠲᠦᠷᠡᠭᠰᠡᠨ ᠤ ᠳᠠᠷᠠᠭ᠎ᠠ ᠬᠤᠷᠠᠮᠳᠤᠭᠤᠯᠤᠨ ᠪᠤᠳᠤᠵᠤ ᠦᠨ᠎ᠡ ᠨᠡᠮᠡᠬᠦ ᠵᠡᠷᠭᠡ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠤᠰᠤ ᠠᠷᠪᠢᠯᠠᠬᠤ ᠣᠶᠤᠨᠴᠢ ᠬᠠᠮᠢᠶᠠᠷᠤᠯᠲᠠ ᠶᠢᠨ ᠲᠠᠪᠴᠠᠩ ᠢ ᠪᠣᠶ ᠪᠣᠯᠭᠠᠨ᠎ᠠ᠃ ᠲᠠᠬᠢᠯᠳᠠ ᠤᠰᠤ ᠶᠢ ᠠᠰᠢᠭᠯᠠᠬᠤ ᠠᠵᠢᠯᠯᠠᠭᠠᠨ ᠢ ᠥᠷᠨᠢᠭᠦᠯᠵᠦ᠂ ᠬᠠᠲᠤᠨ ᠭᠤᠣᠯ ᠤᠨ ᠰᠠᠪᠠ ᠭᠠᠵᠠᠷ ᠤᠨ ᠲᠠᠬᠢᠯᠳᠠ ᠤᠰᠤᠨ ᠤ ᠠᠰᠢᠭᠯᠠᠯᠲᠠ ᠶᠢᠨ ᠨᠤᠷᠮ᠎ᠠ ᠶᠢ 60% ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃ ᠤᠰᠤ ᠴᠠᠬᠢᠯᠭᠠᠨ ᠬᠡᠢ ᠢᠯᠴᠢ ᠬᠠᠩᠭᠠᠬᠤ ᠵᠡᠷᠭᠡ ᠴᠢᠬᠤᠯᠠ ᠬᠦᠷᠢᠶᠡᠨ ᠳᠠᠬᠢ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠦᠨ᠎ᠡ ᠬᠠᠩᠰᠢ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠤᠨ᠎ᠠ᠃ ᠪᠠᠶᠢᠭᠤᠯᠵᠤ ᠪᠠᠶᠢᠭ᠎ᠠ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠴᠤᠤᠯ ᠭᠤᠤᠯ ᠤᠨ ᠤᠰᠤ ᠶᠢ ᠲᠠᠲᠠᠵᠤ ᠯᠢᠶᠣᠤ ᠾᠧ ᠭᠤᠤᠯ ᠳᠤ ᠨᠡᠮᠡᠷᠢᠯᠡᠬᠦ᠂ ᠴᠤᠤᠯ ᠭᠤᠤᠯ ᠤᠨ ᠤᠰᠤ ᠶᠢ ᠲᠠᠲᠠᠵᠤ ᠯᠢᠶᠣᠤ ᠾᠧ ᠭᠤᠤᠯ ᠳᠤ ᠨᠡᠮᠡᠷᠢᠯᠡᠬᠦ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢᠨ ᠪᠥᠬᠦ ᠱᠤᠭᠤᠮ ᠢᠶᠠᠷ ᠤᠰᠤ ᠨᠡᠪᠲᠡᠷᠡᠭᠦᠯᠬᠦ ᠶᠢ ᠠᠬᠢᠭᠤᠯᠵᠤ᠂ ᠪᠣᠷᠣᠲᠣᠬᠤᠶ᠂ ᠳ᠋ᠧᠩᠺᠧᠥ ᠵᠡᠷᠭᠡ ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠢ ᠤᠳᠤᠬᠢᠴᠢᠯᠠᠬᠤ ᠲᠡᠶᠢᠰᠢ ᠦᠭᠡᠷᠡᠴᠢᠯᠡᠨ ᠰᠢᠨᠡᠳᠭᠡᠬᠦ ᠶᠢ ᠠᠬᠢᠭᠤᠯᠤᠨ᠎ᠠ᠃
︵ᠬᠤᠶᠠᠷ︶ ᠭᠠᠵᠠᠷ ᠰᠢᠷᠣᠶ ᠶᠢᠨ ᠡᠬᠢ ᠪᠠᠶᠠᠯᠢᠭ ᠤᠨ ᠬᠦᠴᠦᠨ ᠵᠦᠢᠯ ᠤᠨ ᠬᠠᠩᠭᠠᠯᠭ᠎ᠠ ᠶᠢ ᠣᠨᠣᠴᠠᠲᠠᠶ ᠰᠠᠶᠢᠲᠤᠷ ᠬᠢᠨ᠎ᠠ᠃ ᠭᠤᠣᠯᠯᠠᠬᠤ ᠠᠵᠤ ᠦᠢᠯᠡᠰ᠂ ᠴᠢᠬᠤᠯᠠ ᠶᠡᠭᠡ ᠲᠥᠷᠥᠯ ᠵᠦᠢᠯ ᠳᠤ ᠭᠠᠵᠠᠷ ᠰᠢᠷᠣᠶ ᠶᠢ ᠵᠦᠶ ᠵᠣᠬᠢᠰᠲᠠᠶ ᠬᠡᠷᠡᠭᠯᠡᠬᠦ ᠶᠢ ᠤᠷᠢᠳ ᠢᠶᠠᠷ ᠪᠠᠲᠤᠯᠠᠵᠤ᠂ ᠵᠥᠪᠰᠢᠶᠡᠷᠡᠭᠰᠡᠨ ᠪᠠᠶᠢᠲᠠᠯ᠎ᠠ ᠬᠠᠩᠭᠠᠭᠠᠳᠤᠢ᠂ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠶ ᠶᠢ ᠰᠢᠩᠭᠡᠭᠡᠵᠦ ᠰᠢᠢᠳᠪᠦᠷᠢᠯᠡᠬᠦ ᠶᠢ ᠦᠷᠭᠦᠯᠵᠢᠯᠡᠨ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ 52.02 ᠲᠦᠮᠡᠨ ᠮᠥ ᠵᠥᠪᠰᠢᠶᠡᠷᠡᠭᠰᠡᠨ ᠪᠠᠶᠢᠲᠠᠯ᠎ᠠ ᠬᠠᠩᠭᠠᠭᠠᠳᠤᠢ ᠭᠠᠵᠠᠷ ᠰᠢᠷᠣᠶ᠂᠂ 15.92 ᠲᠦᠮᠡᠨ ᠮᠥ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠶ ᠶᠢ ᠰᠢᠩᠭᠡᠭᠡᠵᠦ ᠰᠢᠢᠳᠪᠦᠷᠢᠯᠡᠬᠦ ᠡᠭᠦᠷᠭᠡ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ ᠪᠥᠬᠦ ᠣᠷᠣᠨ ᠪᠦᠰᠡ ᠶᠢᠨ ᠭᠠᠵᠠᠷ ᠰᠢᠷᠣᠶ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠲᠤᠷᠰᠢᠯᠲᠠ ᠶᠢᠨ ᠴᠡᠭ ᠤᠨ ᠠᠵᠢᠯ ᠢ ᠯᠠᠪᠳᠠᠭᠤᠨ ᠢᠶᠠᠷ ᠠᠬᠢᠭᠤᠯᠵᠤ᠂ ᠨᠡᠮᠡᠭᠳᠡᠯ ᠬᠠᠰᠤᠭᠳᠠᠯ ᠢ ᠬᠤᠯᠪᠣᠯᠳᠤᠭᠤᠯᠤᠭᠰᠠᠨ ᠭᠦᠢᠴᠡᠳᠬᠡᠯ ᠲᠤᠭ᠎ᠠ ᠶᠢ ᠮᠤᠵᠢ ᠣᠷᠣᠨ ᠠᠯᠤᠰᠯᠠᠨ ᠠᠷᠠᠯᠵᠢᠶᠠᠯᠠᠬᠤ ᠶᠢ ᠠᠬᠢᠭᠤᠯᠤᠨ᠎ᠠ᠃ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠣᠷᠣ ᠰᠤᠯᠠᠯᠠᠨ ᠠᠵᠤ ᠦᠢᠯᠡᠰ ᠢᠶᠠᠨ ᠰᠣᠯᠢᠬᠤ ᠶᠢ ᠦᠷᠭᠦᠯᠵᠢᠯᠡᠨ ᠠᠬᠢᠭᠤᠯᠵᠤ᠂ ᠮᠥ ᠪᠦᠷᠢ ᠶᠢᠨ ᠳᠤᠮᠳᠠᠴᠢ ᠭᠠᠷᠤᠯᠲᠠ ᠶᠢ ᠨᠡᠮᠡᠭᠳᠡᠭᠦᠯᠦᠨ ᠣᠷᠣᠯᠭ᠎ᠠ ᠶᠢ ᠨᠡᠮᠡᠭᠳᠡᠭᠦᠯᠬᠦ᠂ ᠬᠤᠷᠣᠭᠳᠠᠯ ᠢ ᠪᠠᠭᠠᠰᠬᠠᠨ ᠬᠤᠷ᠎ᠠ ᠲᠣᠨᠣᠳᠠᠰᠤ ᠪᠠᠭᠤᠯᠭᠠᠬᠤ ᠠᠵᠢᠯᠯᠠᠭᠠᠨ ᠢ ᠥᠷᠨᠢᠭᠦᠯᠵᠦ᠂ ᠦᠷ᠎ᠡ ᠠᠰᠢᠭ ᠢᠶᠠᠷ ᠳᠣᠤᠷ᠎ᠠ ᠦᠯᠡᠳᠡᠭᠡᠯ ᠭᠠᠵᠠᠷ ᠰᠢᠷᠣᠶ ᠶᠢ ᠴᠢᠯᠦᠭᠡᠲᠡᠢ ᠭᠦᠢᠯᠭᠡᠭᠡᠨ᠎ᠡ᠃
︵ᠭᠤᠷᠪᠠ︶ ᠠᠵᠤ ᠠᠬᠤᠶ ᠶᠢᠨ ᠬᠥᠭᠵᠢᠯᠲᠡ ᠶᠢᠨ ᠪᠥᠬᠦ ᠲᠠᠯ᠎ᠠ ᠪᠠᠷ ᠪᠣᠬᠢᠷᠲᠤᠯ ᠥᠬᠡᠶ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠨᠢ ᠠᠬᠢᠭᠤᠯᠤᠨ᠎ᠠ᠃ ᠤᠯᠤᠰ ᠤᠨ ᠠᠵᠤ ᠠᠬᠤᠶ ᠶᠢᠨ ᠬᠥᠭᠵᠢᠯᠲᠡ ᠶᠢᠨ ᠪᠥᠬᠦ ᠲᠠᠯ᠎ᠠ ᠪᠠᠷ ᠪᠣᠬᠢᠷᠲᠤᠯ ᠥᠬᠡᠶ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠬᠦ ᠰᠠᠨᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠬᠤᠤᠰ ᠡᠵᠡᠮᠳᠡᠯ ᠤᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠲᠦᠷᠭᠡᠳᠬᠡᠨ᠂ ᠭᠠᠵᠠᠷ ᠣᠷᠣᠨ ᠤ ᠨᠡᠭᠦᠷᠡᠰᠦᠲᠥ᠋ᠷᠥᠭᠴᠢ ᠶᠢᠨ ᠰᠢᠯᠭᠠᠨ ᠬᠢᠨᠠᠯᠲᠠ᠂ ᠲᠥᠷᠥᠯ ᠵᠦᠢᠯ ᠤᠨ ᠨᠡᠭᠦᠷᠡᠰᠦᠲᠥ᠋ᠷᠥᠭᠴᠢ ᠶᠢᠨ ᠦᠨᠡᠯᠡᠯᠲᠡ᠂ ᠠᠵᠢᠯ ᠲᠥᠷᠥᠯ ᠤᠨ ᠨᠡᠭᠦᠷᠡᠰᠦᠲᠥ᠋ᠷᠥᠭᠴᠢ ᠶᠢᠨ ᠬᠠᠮᠢᠶᠠᠷᠤᠯᠲᠠ ᠡᠵᠡᠮᠳᠡᠯ᠂ ᠠᠵᠤ ᠠᠬᠤᠶᠢᠯᠠᠯ ᠤᠨ ᠨᠡᠭᠦᠷᠡᠰᠦᠲᠥ᠋ᠷᠥᠭᠴᠢ ᠶᠢᠨ ᠬᠠᠮᠢᠶᠠᠷᠤᠯᠲᠠ᠂ ᠦᠢᠯᠡᠳᠬᠦᠨ ᠤ ᠨᠡᠭᠦᠷᠡᠰᠦᠲᠥ᠋ᠷᠥᠭᠴᠢ ᠶᠢᠨ ᠤᠯᠠ ᠮᠥᠷ ᠤᠨ ᠲᠥᠷᠥ ᠶᠢᠨ ᠪᠣᠳᠣᠯᠭ᠎ᠠ ᠶᠢᠨ ᠲᠦᠷᠢᠮ ᠪᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠬᠤ ᠶᠢ ᠠᠬᠢᠭᠤᠯᠤᠨ᠎ᠠ᠃ ᠤᠯᠤᠰ ᠤᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠣᠷᠬᠢᠯ ᠬᠡᠮᠵᠢᠭᠳᠡᠯ ᠳᠤ ᠨᠢ ᠬᠦᠷᠭᠡᠬᠦ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠣᠷᠬᠢᠯ ᠬᠡᠮᠵᠢᠭᠳᠡᠯ ᠳᠤ ᠨᠢ ᠬᠦᠷᠭᠡᠬᠦ ᠨᠢᠭᠡ ᠪᠦᠯᠦᠭ ᠲᠤᠷᠰᠢᠯᠲᠠ ᠶᠢᠨ ᠴᠡᠭ ᠢ ᠡᠭᠦᠳᠦᠨ ᠪᠠᠶᠢᠭᠤᠯᠤᠨ᠎ᠠ᠃ ᠬᠠᠮᠲᠤ ᠶᠢᠨ ᠤᠢ ᠮᠣᠳᠣᠨ ᠤ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠠᠬᠢᠭᠤᠯᠵᠤ᠂ ᠤᠢ ᠰᠢᠭᠤᠶ ᠡᠪᠡᠰᠦ ᠪᠡᠯᠴᠢᠭᠡᠷ ᠤᠨ ᠨᠡᠭᠦᠷᠡᠰᠦᠲᠥ᠋ᠷᠥᠭᠴᠢ ᠶᠢᠨ ᠬᠤᠷᠠᠮᠠᠯ ᠢ ᠨᠡᠭᠡᠭᠡᠨ ᠬᠥᠭᠵᠢᠭᠦᠯᠵᠦ ᠠᠷᠠᠯᠵᠢᠶᠠᠯᠠᠬᠤ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠨ᠎ᠠ᠃ ᠤᠯᠤᠰ ᠤᠨ ᠲᠠᠰ ᠤᠨ ᠪᠥᠬᠦ ᠲᠠᠯ᠎ᠠ ᠪᠠᠷ ᠪᠣᠬᠢᠷᠲᠤᠯ ᠥᠬᠡᠶ ᠲᠡᠶᠢᠰᠢ ᠬᠡᠯᠪᠡᠷᠢ ᠪᠠᠨ ᠬᠤᠪᠢᠷᠠᠭᠤᠯᠬᠤ ᠵᠢᠱᠢᠶ᠎ᠡ ᠦᠵᠡᠭᠦᠯᠬᠦ ᠬᠤᠲᠠ ᠶᠢ ᠢᠳᠡᠪᠬᠢᠲᠡᠢ ᠡᠭᠦᠳᠦᠨ ᠪᠠᠶᠢᠭᠤᠯᠵᠤ᠂ 2025 ᠣᠨ ᠤ ᠡᠨᠧᠷᠭᠢ ᠬᠡᠷᠡᠭᠯᠡᠬᠦ ᠲᠥᠰᠦᠪ ᠤᠨ ᠬᠠᠮᠢᠶᠠᠷᠤᠯᠲᠠ ᠶᠢ ᠰᠠᠶᠢᠲᠤᠷ ᠬᠢᠵᠦ᠂ ᠡᠨᠧᠷᠭᠢ ᠶᠢᠨ ᠬᠤᠷᠣᠭᠳᠠᠯ ᠢ ᠪᠠᠭᠠᠰᠬᠠᠬᠤ ᠬᠡᠮᠵᠢᠶ᠎ᠡ᠂ ᠳᠠᠬᠢᠨ ᠡᠭᠦᠰᠴᠦ ᠪᠣᠯᠬᠤ ᠡᠨᠧᠷᠭᠢ ᠶᠢ ᠰᠢᠩᠭᠡᠭᠡᠨ ᠠᠪᠬᠤ ᠬᠡᠮᠵᠢᠶ᠎ᠡ᠂ ᠲᠦᠭᠦᠬᠡᠶ ᠮᠠᠲ᠋ᠧᠷᠢᠶᠠᠯ ᠤᠨ ᠡᠨᠧᠷᠭᠢ ᠬᠡᠷᠡᠭᠯᠡᠬᠦ ᠬᠡᠮᠵᠢᠶ᠎ᠡ ᠶᠢ ᠬᠠᠷᠭᠤᠭᠤᠯᠤᠨ ᠪᠠᠭᠠᠰᠬᠠᠬᠤ ᠬᠡᠮᠵᠢᠶ᠎ᠡ᠂ ᠪᠤᠬᠢᠷᠳᠤᠯ ᠦᠭᠡᠢ ᠴᠠᠬᠢᠯᠭᠠᠨ ᠤ ᠦᠨᠡᠮᠯᠡᠯ ᠤᠨ ᠮᠤᠵᠢ ᠠᠯᠤᠰᠯᠠᠨ ᠠᠷᠠᠯᠵᠢᠶᠠᠯᠠᠬᠤ ᠬᠡᠮᠵᠢᠶ᠎ᠡ᠂ ᠲᠤᠨᠤᠮᠠᠯ ᠡᠨᠧᠷᠭᠢ ᠶᠢᠨ ᠬᠤᠷᠣᠭᠳᠠᠯ ᠤᠨ ᠭᠦᠢᠴᠡᠳᠭᠡᠯ ᠲᠤᠭ᠎ᠠ ᠶᠢ ᠠᠮᠢᠳᠤᠯᠢᠭ ᠪᠣᠯᠭᠠᠬᠤ ᠵᠡᠷᠭᠡ ᠶᠢ ᠨᠢᠭᠡᠳᠦᠯᠲᠡᠶ ᠲᠥᠯᠥᠪᠯᠡᠵᠦ᠂ ᠰᠢᠨ᠎ᠡ ᠪᠠᠷ ᠠᠰᠢᠭᠯᠠᠯᠲᠠ ᠳᠤ ᠣᠷᠣᠭᠤᠯᠬᠤ ᠲᠦᠷᠦᠯ ᠵᠦᠢᠯ ᠪᠠ ᠦᠯᠡᠳᠡᠭᠡᠯ ᠠᠵᠤ ᠠᠬᠤᠶᠢᠯᠠᠯ ᠤᠨ ᠡᠨᠧᠷᠭᠢ ᠬᠡᠷᠡᠭᠯᠡᠬᠦ ᠬᠠᠷᠢᠮᠠᠬᠠᠶ ᠴᠢᠨᠠᠷ ᠤᠨ ᠪᠠᠲᠤᠯᠠᠭ᠎ᠠ ᠶᠢ ᠴᠢᠩᠭᠠᠳᠬᠠᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠶᠢ ᠬᠠᠮᠵᠢᠯᠴᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢᠨ ᠬᠡᠷᠡᠭᠵᠢᠭᠦᠯᠬᠦ ᠲᠥᠰᠦᠯ︾ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠭᠤᠤᠯᠳᠠᠯᠭ᠎ᠠ ᠪᠣᠯᠬᠤ ᠬᠦᠷᠢᠶ᠎ᠡ ᠴᠠᠷᠠᠭ᠎ᠠ ᠶᠢᠨ ᠠᠭᠤᠷ ᠠᠮᠢᠰᠬᠤᠯ ᠤᠨ ᠬᠤᠪᠢᠷᠠᠯᠲᠠ ᠳᠤ ᠵᠣᠬᠢᠴᠠᠬᠤ ᠠᠵᠢᠯᠯᠠᠭᠠᠨ ᠢ ᠭᠦᠨᠵᠡᠭᠡᠶᠢᠷᠡᠭᠦᠯᠦᠨ᠂ ᠣᠷᠳᠣᠰ ᠬᠤᠲᠠ᠂ ᠣᠲᠤᠭ ᠤᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ᠂ ᠰᠤᠪᠤᠷᠭ᠎ᠠ ᠶᠢᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠶᠢ ᠬᠠᠮᠵᠢᠯᠴᠠᠭᠤᠯᠤᠭᠰᠠᠨ ᠰᠢᠨ᠎ᠡ ᠶᠢ ᠡᠭᠦᠳᠬᠦ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ᠃ ᠬᠡᠷᠡᠭᠴᠡᠭᠡᠨ ᠠᠴᠠ ᠭᠠᠷᠤᠭᠰᠠᠨ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠤᠨ ᠲᠣᠨᠤᠭ ᠲᠥᠬᠦᠭᠡᠷᠦᠮᠵᠢ᠂ ᠠᠵᠤ ᠦᠢᠯᠡᠳᠪᠦᠷᠢ ᠶᠢᠨ ᠬᠠᠲᠠᠭᠤ ᠬᠠᠶᠠᠭᠳᠠᠮᠠᠯ ᠪᠣᠳᠠᠰ᠂ ᠳᠡᠭᠡᠳᠦ ᠬᠦᠩᠭᠡᠨ ᠴᠠᠭᠠᠨ ᠨᠤᠨᠲᠠᠭ ᠨᠡᠭᠦᠷᠡᠰᠦᠨ ᠤ ᠦᠨᠡᠰᠦ ᠪᠠ ᠳᠠᠬᠢᠯᠲᠠ ᠬᠦᠩᠭᠡᠨ ᠴᠠᠭᠠᠨ ᠵᠡᠷᠭᠡ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠶᠢ ᠴᠢᠩᠭᠠᠳᠬᠠᠨ᠎ᠠ᠃
ᠨᠠᠢᠮᠠ᠂ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ ᠪᠠ ᠬᠥᠳᠡᠭᠡ ᠲᠣᠰᠬᠤᠨ ᠤ ᠪᠦᠬᠦ ᠲᠠᠯ᠎ᠠ ᠶᠢᠨ ᠬᠥᠭᠵᠢᠯ ᠮᠠᠨᠳᠤᠯ ᠢ ᠨᠢᠭᠡᠲᠦᠯᠲᠡᠢ ᠲᠦᠯᠦᠪᠯᠡᠨ ᠠᠬᠢᠭᠤᠯᠤᠨ᠎ᠠ
ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ ᠲᠦᠯᠦᠪᠯᠡᠨ ᠠᠬᠢᠭᠤᠯᠵᠤ᠂ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠢᠳᠡᠪᠬᠢᠲᠡᠢ ᠠᠬᠢᠭᠤᠯᠵᠤ᠂ ᠬᠤᠲᠠ ᠬᠥᠳᠡᠭᠡ ᠶᠢᠨ ᠵᠥᠷᠢᠶ᠎ᠡ ᠶᠢ ᠪᠠᠭᠠᠰᠬᠠᠨ᠎ᠠ᠃
︵ᠨᠢᠭᠡ︶ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ᠃ ᠤᠯᠤᠰ ᠤᠨ ︽ᠬᠥᠮᠦᠨ ᠢᠶᠠᠷ ᠦᠨᠳᠦᠰᠦ ᠪᠣᠯᠭᠠᠭᠰᠠᠨ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠬᠦ ᠲᠠᠪᠤᠨ ᠵᠢᠯ ᠤᠨ ᠠᠵᠢᠯᠯᠠᠭᠠᠨ ᠤ ᠲᠥᠯᠥᠪᠯᠡᠭᠡ︾ ᠵᠢᠴᠢ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠲᠥᠰᠦᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠰᠠᠶᠢᠲᠤᠷ ᠬᠢᠵᠦ᠂ ᠬᠤᠲᠠ ᠪᠠᠯᠭᠠᠰᠤᠵᠢᠯᠲᠠ ᠶᠢᠨ ᠳᠠᠯᠳᠠ ᠬᠦᠴᠦᠨ ᠲᠠᠢ ᠭᠠᠵᠠᠷ ᠣᠷᠣᠨ ᠳᠤ ᠠᠵᠤ ᠦᠢᠯᠡᠰ ᠢ ᠵᠠᠯᠠᠵᠤ ᠣᠷᠤᠭᠤᠯᠬᠤ ᠪᠠᠨ ᠴᠢᠩᠭᠠᠷᠠᠭᠤᠯᠬᠤ ᠶᠢ ᠠᠬᠢᠭᠤᠯᠵᠤ᠂ ᠬᠥᠳᠡᠯᠮᠦᠷᠢ ᠨᠢᠭᠲᠠᠷᠠᠭᠰᠠᠨ ᠬᠡᠯᠪᠡᠷᠢ ᠶᠢᠨ ᠠᠵᠤ ᠦᠢᠯᠡᠰ ᠢ ᠣᠷᠣᠭᠤᠯᠤᠨ ᠠᠪᠴᠢᠷᠠᠵᠤ ᠪᠣᠶᠢᠵᠢᠭᠤᠯᠤᠨ᠂ ᠲᠠᠷᠢᠶᠠᠯᠠᠩ ᠮᠠᠯ ᠠᠵᠤ ᠠᠬᠤᠶ ᠠᠴᠠ ᠰᠢᠯᠵᠢᠭᠰᠡᠨ ᠬᠥᠮᠦᠨ ᠠᠮᠠ ᠶᠢ ᠬᠤᠲᠠ ᠶᠢᠨ ᠠᠷᠠᠳ ᠪᠣᠯᠭᠠᠬᠤ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠰᠢᠶᠠᠨ ᠤ ᠬᠡᠪᠴᠢᠶᠡᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠬᠦ ᠰᠠᠨᠠᠯ ᠢ ᠨᠡᠶᠢᠲᠡᠯᠡᠨ ᠬᠡᠷᠡᠭᠵᠢᠭᠦᠯᠵᠦ᠂ ᠰᠢᠶᠠᠨ ᠤ ᠬᠤᠲᠠ ᠪᠠᠷ ᠴᠢᠬᠤᠯᠠ ᠠᠴᠢᠶᠠᠯᠠᠪᠤᠷᠢ ᠪᠣᠯᠭᠠᠭᠰᠠᠨ ᠬᠤᠲᠠ ᠪᠠᠯᠭᠠᠰᠤᠵᠢᠯᠲᠠ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠬᠥᠮᠦᠨ ᠠᠮᠠ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠨᠡᠶᠢᠲᠡᠯᠡᠨ᠎ᠡ᠃ ᠬᠤᠳᠠ ᠶᠢᠨ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠬᠤᠳᠠ ᠶᠢᠨ ᠭᠠᠵᠠᠷ ᠳᠣᠣᠷᠠᠬᠢ ᠬᠤᠭᠤᠯᠠᠶ ᠭᠤᠣᠷᠰᠤ ᠶᠢᠨ ᠲᠣᠣᠷ ᠵᠡᠷᠭᠡ ︽ᠦᠩᠭᠡᠨ ᠲᠠᠯ᠎ᠠ ᠶᠢᠨ ᠪᠤᠰᠤ︾ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠬᠤᠳᠠ ᠶᠢᠨ ᠰᠢᠨᠡᠳᠭᠡᠯ ᠢ ᠠᠬᠢᠭᠤᠯᠤᠨ᠂ ᠬᠤᠲᠠ ᠪᠠᠯᠭᠠᠰᠤ ᠶᠢᠨ ᠬᠠᠭᠤᠴᠢᠨ ᠰᠠᠭᠤᠭᠠᠯᠢ ᠲᠣᠭᠤᠷᠢᠭ ᠢ 1291᠂ 24.6 ᠲᠦᠮᠡᠨ ᠡᠷᠦᠬᠡ ᠦᠭᠡᠷᠡᠴᠢᠯᠡᠨ ᠰᠢᠨᠡᠳᠭᠡᠵᠦ᠂ ᠬᠤᠳᠠ ᠪᠠᠯᠭᠠᠰᠤᠨ ᠤ ᠰᠠᠭᠤᠷᠢ ᠪᠡᠯᠡᠳᠭᠡᠮᠵᠢ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠤᠨ᠂ ᠬᠤᠳᠠ ᠶᠢᠨ ᠤᠰᠤ ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭᠠᠨ ᠢ ᠥᠷᠨᠢᠭᠦᠯᠵᠦ᠂ ᠭᠤᠣᠯ ᠬᠤᠳᠠ ᠶᠢᠨ ᠲᠣᠭᠤᠷᠢᠭ ᠤᠨ ᠲᠡᠷᠭᠡᠨ ᠵᠤᠭᠰᠤᠭᠠᠯ ᠤᠨ ᠪᠡᠯᠡᠳᠭᠡᠮᠵᠢ ᠶᠢᠨ ᠪᠦᠳᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠣᠭᠲᠠᠭᠠᠨ᠂ ᠤᠯᠠᠨ ᠨᠡᠶᠢᠲᠡ ᠶᠢᠨ ᠲᠡᠷᠭᠡ ᠵᠣᠭᠰᠣᠭᠠᠬᠤ ᠭᠠᠵᠠᠷ ᠢ ᠲᠦᠮᠡ ᠰᠢᠨ᠎ᠡ ᠪᠠᠷ ᠨᠡᠮᠡᠭᠳᠡᠭᠦᠯᠦᠨ᠎ᠡ᠃ ᠳᠤᠯᠠᠭᠠᠯᠠᠭ᠎ᠠ ᠶᠢᠨ ᠢᠨᠵᠧᠨᠧᠷᠢᠩ ᠢ ᠦᠷᠭᠦᠯᠵᠢᠯᠡᠨ ᠰᠠᠶᠢᠲᠤᠷ ᠬᠡᠷᠡᠭᠵᠢᠭᠦᠯᠵᠦ᠂ ᠡᠯ᠎ᠡ ᠲᠦᠷᠦᠯ ᠤᠨ ᠢᠯᠴᠢ ᠬᠠᠩᠭᠠᠬᠤ ᠪᠡᠯᠡᠳᠭᠡᠮᠵᠢ ᠶᠢ ᠰᠠᠶᠢᠲᠤᠷ ᠬᠠᠮᠠᠭᠠᠯᠠᠵᠤ᠂ ᠰᠢᠲᠠᠮᠠᠬᠠᠶ ᠬᠡᠢ᠂ ᠤᠰᠤ ᠬᠠᠩᠭᠠᠬᠤ᠂ ᠤᠰᠤ ᠵᠠᠯᠠᠬᠤ᠂ ᠢᠯᠴᠢ ᠬᠠᠩᠭᠠᠬᠤ ᠵᠡᠷᠭᠡ ᠬᠠᠭᠤᠴᠢᠷᠬᠠᠰᠠᠨ ᠬᠤᠭᠤᠯᠠᠶ ᠭᠤᠣᠷᠰᠤ ᠶᠢ 1500 ᠺᠢᠯᠣᠮᠧᠲᠷ ᠦᠭᠡᠷᠡᠴᠢᠯᠡᠨ ᠰᠢᠨᠡᠳᠭᠡᠵᠦ᠂ ᠢᠯᠴᠢ ᠬᠠᠩᠭᠠᠬᠤ ᠠᠵᠢᠯᠯᠠᠭᠠᠨ ᠤ ᠬᠠᠮᠢᠶᠠᠷᠤᠯᠲᠠ᠂ ᠳᠤᠯᠠᠭᠠᠯᠠᠭ᠎ᠠ ᠶᠢᠨ ᠨᠡᠮᠡᠭᠦᠷᠢ ᠵᠡᠷᠭᠡ ᠢᠵᠢ ᠪᠦᠷᠢᠳᠦᠭᠦᠯᠬᠦ ᠲᠦᠷᠦ ᠶᠢᠨ ᠪᠤᠳᠤᠯᠭ᠎ᠠ ᠶᠢᠨ ᠲᠣᠭᠲᠠᠴᠠ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠣᠶᠤᠨᠴᠢ ᠪᠠᠷ ᠢᠯᠴᠢ ᠬᠠᠩᠭᠠᠬᠤ ᠲᠤᠷᠰᠢᠯᠲᠠ ᠶᠢᠨ ᠴᠡᠭ ᠢ 2500 ᠲᠦᠮᠡᠨ ᠺᠦᠸᠠᠳ᠋ ᠮᠧᠲᠷ ᠰᠢᠨ᠎ᠡ ᠪᠠᠷ ᠨᠡᠮᠡᠭᠳᠡᠭᠦᠯᠦᠨ᠎ᠡ᠃ ᠬᠤᠲᠠ ᠪᠠᠯᠭᠠᠰᠤ ᠶᠢᠨ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠦᠨ᠎ᠡ᠃
︵ᠬᠤᠶᠠᠷ︶ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃ ᠠᠵᠢᠯ ᠦᠢᠯᠡᠰ ᠢᠶᠠᠨ ᠬᠥᠭᠵᠢᠭᠦᠯᠬᠦ᠂ ᠰᠢᠶᠠᠨ ᠢᠶᠠᠨ ᠬᠦᠴᠦᠷᠬᠡᠭᠵᠢᠭᠦᠯᠬᠦ᠂ ᠠᠷᠠᠳ ᠢᠶᠠᠨ ᠪᠠᠶᠠᠵᠢᠭᠤᠯᠬᠤ ᠶᠢ ᠨᠢᠭᠡ ᠴᠤᠭᠴᠠᠵᠢᠭᠤᠯᠤᠨ ᠬᠥᠭᠵᠢᠭᠦᠯᠬᠦ ᠶᠢ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠤᠨ ᠳᠡᠭᠡᠭᠰᠢᠯᠡᠭᠦᠯᠬᠦ ᠠᠵᠢᠯᠯᠠᠭᠠᠨ ᠢ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠤᠭᠰᠠᠨ ᠬᠥᠮᠦᠨ ᠠᠮᠠ ᠶᠢᠨ ᠠᠵᠢᠯ ᠣᠯᠭᠤᠯᠲᠠ ᠶᠢ 19.62 ᠲᠦᠮᠡᠨ ᠬᠥᠮᠦᠨ ᠠᠴᠠ ᠳᠡᠭᠡᠭᠰᠢ ᠳᠤ ᠬᠦᠷᠦᠭᠦᠯᠬᠦ ᠶᠢ ᠠᠬᠢᠭᠤᠯᠵᠤ᠂ ᠬᠡᠪᠴᠢᠶᠡᠵᠢᠯ ᠤᠨ ᠴᠢᠨᠠᠷᠲᠠᠶ ᠪᠤᠴᠠᠭᠠᠳ ᠶᠠᠳᠠᠭᠤᠷᠠᠬᠤ ᠪᠠ ᠶᠠᠳᠠᠭᠤᠷᠠᠬᠤ ᠶᠠᠪᠤᠳᠠᠯ ᠦᠯᠦ ᠡᠭᠦᠰᠬᠦ ᠶᠢ ᠦᠨᠡᠨ ᠬᠦ ᠪᠠᠲᠤᠯᠠᠵᠤ᠂ ᠶᠠᠳᠠᠭᠤ ᠠᠴᠠ ᠠᠩᠭᠢᠵᠢᠷᠠᠭᠤᠯᠤᠭᠰᠠᠨ ᠬᠥᠮᠦᠨ ᠠᠮᠠ ᠶᠢᠨ ᠣᠷᠣᠯᠭ᠎ᠠ ᠶᠢ ᠨᠡᠮᠡᠭᠳᠡᠭᠦᠯᠬᠦ ᠠᠴᠠ ᠪᠢᠰᠢ ᠬᠠᠰᠤᠭᠳᠠᠭᠤᠯᠬᠤ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃ ᠣᠷᠣᠰᠢᠨ ᠰᠠᠭᠤᠵᠤ ᠠᠵᠤ ᠲᠦᠷᠦᠬᠦ ᠳᠤ ᠲᠣᠬᠢᠷᠠᠮᠵᠢᠲᠠᠶ ᠡᠶ᠎ᠡ ᠨᠠᠶᠢᠷᠠᠮᠳᠠᠭᠤ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠠᠬᠢᠭᠤᠯᠤᠨ ᠬᠡᠷᠡᠭᠵᠢᠭᠦᠯᠵᠦ᠂ ᠤᠯᠤᠰ ᠤᠨ ᠲᠠᠰ ᠤᠨ ᠦᠵᠡᠰᠬᠦᠯᠡᠩᠲᠦ ᠰᠠᠶᠢᠬᠠᠨ ᠰᠡᠯᠡᠭᠦᠴᠡᠯ ᠤᠨ ᠬᠥᠳᠡᠭᠡ ᠲᠣᠰᠬᠤᠨ ᠢ 8 ᠴᠢᠷᠮᠠᠶᠢᠨ ᠪᠠᠶᠢᠭᠤᠯᠤᠨ᠎ᠠ᠃ ᠲᠠᠷᠢᠶᠠᠯᠠᠬᠤ ᠮᠠᠯᠵᠢᠬᠤ ᠣᠷᠣᠨ ᠤ ᠰᠢᠨ᠎ᠡ ᠮᠠᠶ᠋ᠢᠭ ᠤᠨ ᠬᠠᠮᠲᠤ ᠶᠢᠨ ᠠᠵᠤ ᠠᠬᠤᠶ ᠶᠢ ᠶᠡᠭᠡ ᠪᠠᠷ ᠬᠥᠭᠵᠢᠭᠦᠯᠵᠦ᠂ ᠲᠠᠷᠢᠶᠠᠯᠠᠬᠤ ᠮᠠᠯᠵᠢᠬᠤ ᠣᠷᠣᠨ ᠤ ᠦᠮᠴᠢᠯᠡᠯ ᠤᠨ ᠡᠷᠬᠡ ᠶᠢ ᠡᠷᠭᠢᠯᠳᠦᠭᠦᠯᠦᠨ ᠠᠷᠠᠯᠵᠢᠶᠠᠯᠠᠬᠤ ᠶᠢ ᠨᠢ ᠵᠢᠷᠤᠮᠵᠢᠭᠤᠯᠬᠤ ᠪᠥᠳᠥᠭᠡᠨ ᠪᠠᠶᠢᠭᠤᠯᠤᠯᠲᠠ ᠶᠢᠨ ᠥᠪᠡᠷᠲᠡᠭᠡᠨ ᠵᠠᠰᠠᠬᠤ ᠣᠷᠣᠨ ᠤ 5 ᠲᠤᠷᠰᠢᠯᠲᠠ ᠶᠢᠨ ᠴᠡᠭ ᠢ ᠥᠷᠨᠢᠭᠦᠯᠦᠨ᠎ᠡ᠃ ᠪᠥᠬᠦ ᠣᠷᠣᠨ ᠤ 2000 ᠠᠴᠠ ᠳᠡᠭᠡᠭᠰᠢᠬᠢ ᠭᠠᠴᠠᠭ᠎ᠠ ᠲᠣᠰᠬᠤᠨ ᠳᠤ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢᠨ 9 ᠵᠦᠢᠯ ᠤᠨ ᠨᠡᠶᠢᠲᠡᠯᠢᠭ ᠬᠡᠪ ᠵᠠᠭᠪᠤᠷ ᠢ ᠳᠡᠯᠭᠡᠷᠡᠭᠦᠯᠵᠦ᠂ 230 ᠭᠠᠴᠠᠭ᠎ᠠ ᠲᠣᠰᠬᠤᠨ ᠳᠤ ︽ᠨᠢᠭᠡᠳᠦᠯᠲᠡᠶ ᠳᠠᠷᠢᠵᠤ ︵ᠲᠡᠵᠢᠭᠡᠵᠦ︶ ᠬᠠᠮᠲᠤ ᠪᠠᠷ ᠪᠠᠶᠠᠵᠢᠬᠤ︾ ᠬᠡᠪ ᠵᠠᠭᠪᠤᠷ ᠢ ᠬᠡᠷᠡᠭᠵᠢᠭᠦᠯᠦᠨ᠎ᠡ᠃ ︽ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ︾ ᠠᠷᠭ᠎ᠠ ᠮᠠᠶ᠋ᠢᠭ ᠢ ᠦᠷᠭᠦᠯᠵᠢᠯᠡᠨ ᠳᠡᠯᠭᠡᠷᠡᠭᠦᠯᠵᠦ᠂ ᠬᠡᠷᠡᠭᠵᠢᠭᠦᠯᠬᠦ ᠬᠦᠷᠢᠶ᠎ᠡ ᠬᠡᠪᠴᠢᠶ᠎ᠡ ᠶᠢ ᠥᠷᠭᠡᠳᠬᠡᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠦᠷᠦᠯ ᠵᠦᠢᠯ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠲᠦᠷᠦᠯ ᠵᠦᠢᠯ ᠤᠨ ᠪᠡᠯᠡ ᠮᠥᠩᠭᠦ ᠶᠢᠨ 10% ᠶᠢ ᠨᠢ ︽ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ︾ ᠳᠤ ᠬᠡᠷᠡᠭᠯᠡᠨ᠎ᠡ᠃ ᠬᠦᠷᠢᠶ᠎ᠡ ᠬᠠᠰᠢᠶᠠᠨ ᠤ ᠠᠵᠤ ᠠᠬᠤᠶ ᠶᠢᠨ ︽ᠵᠠᠭᠤᠨ ᠰᠢᠶᠠᠩ ᠮᠢᠩᠭᠠᠨ ᠲᠣᠰᠬᠤᠨ ᠲᠦᠮᠡᠨ ᠬᠦᠷᠢᠶᠡᠯᠡᠩ︾ ᠤᠨ ᠠᠵᠢᠯᠯᠠᠭᠠᠨ ᠢ ᠥᠷᠨᠢᠭᠦᠯᠵᠦ᠂ ᠲᠠᠷᠢᠶᠠᠴᠢᠨ ᠮᠠᠯᠴᠢᠳ ᠤᠨ ᠣᠷᠣᠯᠭ᠎ᠠ ᠶᠢᠨ ᠲᠣᠭᠲᠠᠭᠤᠨ ᠢᠶᠠᠷ ᠨᠡᠮᠡᠭᠳᠡᠬᠦ ᠶᠢ ᠲᠦᠷᠭᠡᠳᠬᠡᠨ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠳᠠᠬᠢ ᠣᠷᠣᠯᠭ᠎ᠠ ᠶᠢᠨ ᠬᠠᠷᠠᠯᠲᠠ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃
ᠶᠢᠰᠦ᠂ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠬᠡᠷᠡᠭᠵᠢᠭᠦᠯᠦᠯᠲᠡ ᠶᠢ ᠴᠢᠩᠭᠠᠷᠠᠭᠤᠯᠵᠤ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭᠠᠨ ᠢ ᠯᠠᠪᠳᠠᠭᠤᠨ ᠪᠠᠲᠤᠲᠠᠢ ᠥᠷᠨᠢᠭᠦᠯᠦᠨ᠎ᠡ
ᠴᠢᠬᠤᠯᠠ ᠶᠡᠭᠡ ᠣᠷᠣᠨ ᠪᠦᠰᠡ ᠶᠢᠨ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠷᠣᠨ ᠪᠦᠰᠡ ᠶᠢᠨ ᠬᠤᠯᠪᠣᠭᠠᠯᠠᠨ ᠬᠥᠳᠡᠯᠦᠯᠴᠡᠵᠦ ᠠᠭᠤᠰᠤᠯᠴᠠᠨ ᠬᠥᠭᠵᠢᠬᠦ ᠶᠢ ᠨᠢᠭᠡᠳᠦᠯᠲᠡᠶ ᠲᠥᠯᠥᠪᠯᠡᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠨᠠᠩ ᠰᠠᠶᠢᠲᠤᠷ ᠦᠢᠯᠡᠴᠢᠯᠡᠬᠦ ᠪᠠ ᠠᠭᠤᠰᠤᠯᠴᠠᠨ᠎ᠠ᠃
︵ᠨᠢᠭᠡ︶ ᠣᠷᠣᠨ ᠪᠦᠰᠡ ᠶᠢᠨ ᠳᠣᠲᠣᠷᠠᠬᠢ ᠪᠠᠶᠢᠯᠳᠤᠬᠤ ᠪᠣᠳᠣᠯᠭ᠎ᠠ ᠶᠢ ᠭᠦᠨᠵᠡᠭᠡᠶᠢᠷᠡᠭᠦᠯᠦᠨ ᠬᠡᠷᠡᠭᠵᠢᠭᠦᠯᠬᠦ ᠶᠢ ᠠᠬᠢᠭᠤᠯᠤᠨ᠎ᠠ᠃ ᠪᠠᠷᠠᠭᠤᠨ ᠬᠡᠰᠡᠭ ᠤᠨ ᠭᠠᠵᠠᠷ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ᠂ ᠵᠡᠭᠦᠨ ᠬᠤᠶᠢᠲᠤ ᠣᠷᠣᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢ ᠬᠠᠮᠠᠭᠠᠯᠠᠬᠤ ᠪᠠ ᠴᠢᠨᠠᠷ ᠰᠠᠶᠢᠲᠠᠶ ᠬᠥᠭᠵᠢᠭᠦᠯᠬᠦ ᠵᠡᠷᠭᠡ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ︽ᠪᠠᠷᠠᠭᠤᠨ ᠬᠡᠰᠡᠭ ᠤᠨ ᠭᠠᠵᠠᠷ ᠣᠷᠣᠨ ᠤ ᠵᠣᠷᠢᠭᠵᠢᠭᠤᠯᠬᠤ ᠲᠥᠷᠥᠯ ᠤᠨ ᠠᠵᠤ ᠦᠢᠯᠡᠰ ᠤᠨ ᠭᠠᠷᠴᠠᠭ︾ ᠢ ᠰᠠᠶᠢᠲᠤᠷ ᠬᠡᠷᠡᠭᠵᠢᠭᠦᠯᠵᠦ᠂ ᠬᠠᠲᠤᠨ ᠭᠤᠤᠯ ᠤᠨ ᠥᠪᠥᠷ ᠮᠣᠩᠭᠤᠯ ᠤᠨ ᠬᠡᠰᠡᠭ ᠤᠨ ᠭᠤᠤᠯ ᠤᠨ ᠵᠠᠮ ᠢ ᠵᠠᠰᠠᠬᠤ ᠵᠡᠷᠭᠡ ᠲᠥᠷᠥᠯ ᠵᠦᠢᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠪᠠᠷ ᠴᠢᠷᠮᠠᠶᠢᠨ᠎ᠠ᠃ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠬᠥᠭᠵᠢᠯᠲᠡ ᠶᠢ ᠠᠬᠢᠭᠤᠯᠬᠤ ᠰᠠᠨᠠᠯ ᠢ ᠰᠤᠳᠤᠯᠤᠨ ᠳᠤᠷᠠᠳᠴᠤ᠂ ᠤᠯᠠᠭᠠᠨᠬᠠᠳᠠ ᠶᠢᠨ ᠯᠢᠲ᠋ᠢ ᠶᠢᠨ ᠠᠵᠤ ᠦᠢᠯᠡᠰ ᠤᠨ ᠬᠦᠷᠢᠶᠡᠯᠡᠩ᠂ ᠪᠡᠭᠡᠵᠢᠩ ᠥᠪᠥᠷ ᠮᠣᠩᠭᠤᠯ ︵ᠤᠯᠠᠭᠠᠨᠬᠠᠳᠠ · ᠢᠵᠤᠸᠠᠩ︶ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠦᠢᠯᠡᠰ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠥᠪᠥᠷ ᠮᠣᠩᠭᠤᠯ ᠤᠨ ᠳᠡᠭᠡᠳᠦ ᠵᠡᠷᠭᠡ ᠶᠢᠨ ᠰᠤᠳᠤᠯᠭᠠᠨ ᠤ ᠬᠦᠷᠢᠶᠡᠯᠡᠩ ᠪᠠᠶᠢᠭᠤᠯᠬᠤ ᠶᠢ ᠠᠬᠢᠭᠤᠯᠤᠨ᠎ᠠ᠃ ᠵᠡᠭᠦᠨ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠢ ᠵᠦᠷᠢᠶᠡᠵᠢᠬᠦᠯᠦᠨ ᠵᠣᠬᠢᠴᠠᠯᠳᠤᠭᠤᠯᠤᠨ ᠬᠥᠭᠵᠢᠭᠦᠯᠬᠦ ᠶᠢ ᠠᠬᠢᠭᠤᠯᠵᠤ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠢ ᠨᠢᠭᠡ ᠴᠣᠠᠠᠴᠠᠵᠢᠭᠤᠯᠥᠨ ᠬᠥᠭᠵᠢᠭᠦᠯᠬᠦ ᠲᠥᠯᠥᠪᠵᠢᠭᠦᠯᠭᠡ ︵2026 – 2035 ᠣᠨ︶ ᠶᠢ ᠨᠠᠶᠢᠷᠠᠭᠤᠯᠤᠨ ᠵᠣᠬᠢᠶᠠᠬᠤ ᠠᠵᠢᠯ ᠢ ᠦᠷᠨᠢᠭᠦᠯᠵᠦ᠂ ᠬᠥᠬᠡᠬᠤᠲᠠ ᠪᠤᠭᠤᠲᠤ ᠬᠤᠶᠠᠷ ᠬᠤᠲᠠ ᠶᠢᠨ ᠠᠵᠤ ᠠᠬᠤᠶ᠂ ᠨᠡᠶᠢᠭᠡᠮ ᠤᠨ ᠣᠯᠠᠨ ᠲᠠᠯ᠎ᠠ ᠪᠠᠷ ᠵᠣᠬᠢᠴᠠᠯᠳᠤᠨ ᠬᠥᠭᠵᠢᠬᠦ ᠶᠢ ᠴᠢᠩᠭᠠᠷᠠᠭᠤᠯᠵᠤ᠂ ᠬᠥᠬᠡᠬᠤᠲᠠ ᠪᠤᠭᠤᠲᠤ ᠶᠢᠨ ᠨᠢᠭᠡ ᠬᠤᠲᠠᠴᠢᠯᠠᠬᠤ ᠪᠠᠷ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠢ ᠨᠢᠭᠡ ᠴᠣᠠᠠᠴᠠᠵᠢᠭᠤᠯᠥᠨ ᠬᠥᠭᠵᠢᠭᠦᠯᠬᠦ ᠶᠢ ᠳᠠᠶᠢᠴᠢᠯᠠᠨ᠎ᠠ᠃ ᠥᠪᠥᠷ ᠮᠣᠩᠭᠤᠯ ᠤᠨ ᠪᠠᠷᠠᠭᠤᠨ ᠬᠡᠰᠡᠭ ᠵᠢᠴᠢ ᠪᠤᠰᠤᠳ ᠭᠤᠷᠪᠠᠨ ᠠᠶᠢᠮᠠᠭ ᠬᠤᠲᠠ ᠶᠢᠨ ᠠᠮᠢ ᠠᠬᠤᠶ ᠶᠢᠨ ᠬᠠᠮᠠᠭᠠᠯᠠᠯᠲᠠ ᠪᠠ ᠠᠵᠤ ᠦᠢᠯᠡᠰ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠶᠢ ᠨᠢ ᠳᠡᠮᠵᠢᠵᠦ᠂ ᠠᠵᠤ ᠦᠢᠯᠡᠰ ᠤᠨ ᠰᠢᠨ᠎ᠡ ᠨᠡᠮᠡᠭᠳᠡᠯ ᠴᠡᠭ ᠢ ᠪᠣᠢ ᠪᠣᠯᠭᠠᠨ᠎ᠠ᠃ ᠥᠪᠥᠷ ᠮᠣᠩᠭᠤᠯ ᠤᠨ ᠵᠡᠭᠦᠨ ᠬᠡᠰᠡᠭ ᠤᠨ ᠲᠠᠪᠤᠨ ᠠᠶᠢᠮᠠᠭ ᠬᠤᠲᠠ ᠶᠢᠨ ᠬᠢᠨ ᠤ ᠣᠷᠣᠨ ᠪᠦᠰᠡ ᠶᠢᠨ ᠲᠥᠪ ᠬᠤᠲᠠ᠂ ᠬᠢᠯᠢ ᠶᠢᠨ ᠪᠣᠭᠤᠮᠲᠠ ᠳᠤ ᠲᠦᠰᠢᠭᠯᠡᠨ᠂ ᠳᠠᠪᠠᠭᠤᠯᠢᠭ ᠣᠨᠴᠠᠯᠢᠠᠠᠳᠣ ᠠᠵᠤ ᠦᠢᠯᠡᠰ ᠲᠥᠪᠯᠡᠷᠡᠭᠰᠡᠨ ᠣᠷᠣᠨ ᠢ ᠪᠣᠶ ᠪᠣᠯᠭᠠᠬᠤ ᠶᠢ ᠨᠢ ᠵᠣᠷᠢᠭᠵᠢᠭᠤᠯᠤᠨ᠎ᠠ᠃
︵ᠬᠤᠶᠠᠷ︶ ᠣᠷᠣᠨ ᠪᠦᠰᠡ ᠶᠢᠨ ᠬᠤᠭᠤᠷᠣᠨᠳᠣᠬᠢ ᠠᠭᠤᠰᠤᠯᠴᠠᠨ ᠬᠤᠯᠪᠣᠭᠠᠯᠠᠨ ᠬᠥᠳᠡᠯᠦᠯᠴᠡᠬᠦ ᠬᠥᠭᠵᠢᠯᠲᠡ ᠶᠢ ᠲᠦᠷᠭᠡᠳᠬᠡᠨ᠎ᠡ᠃ ᠪᠡᠭᠡᠵᠢᠩ ᠲᠢᠶᠠᠨᠵᠢᠨ ᠾᠧᠪᠧᠶ ᠶᠢᠨ ᠬᠠᠮᠵᠢᠯᠴᠠᠭᠰᠠᠨ ᠬᠥᠭᠵᠢᠯᠲᠡ ᠳᠤ ᠭᠦᠨᠵᠡᠭᠡᠶ ᠠᠭᠤᠰᠤᠯᠴᠠᠵᠤ᠂ ᠪᠡᠭᠡᠵᠢᠩ ᠲᠢᠶᠠᠨᠵᠢᠨ ᠾᠧᠪᠧᠢ ᠭᠤᠷᠪᠠᠨ ᠮᠤᠵᠢ ᠬᠤᠲᠠ ᠯᠤᠭ᠎ᠠ ᠶᠢᠨ ᠬᠠᠮᠲᠤᠷᠠᠯᠴᠠᠭᠠᠨ ᠤ ᠲᠣᠭᠲᠠᠴᠠ ᠶᠢ ᠲᠡᠭᠦᠯᠳᠡᠷᠵᠢᠭᠦᠯᠵᠦ᠂ ᠪᠡᠭᠡᠵᠢᠩ ᠥᠪᠥᠷ ᠮᠣᠩᠭᠤᠯ ᠤᠨ ᠪᠥᠬᠦ ᠲᠠᠯ᠎ᠠ ᠪᠠᠷ ᠬᠠᠮᠲᠤᠷᠠᠯᠴᠠᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ︽ᠵᠢᠷᠭᠤᠭ᠎ᠠ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ ᠶᠡᠭᠡ ᠪᠠᠷ ᠬᠡᠷᠡᠭᠵᠢᠭᠦᠯᠦᠨ᠂ ᠤᠨᠴᠠᠯᠢᠬᠳᠤ ᠠᠵᠤ ᠦᠢᠯᠡᠰ ᠢ ᠳᠡᠭᠡᠭᠰᠢᠯᠡᠭᠦᠯᠬᠦ᠂ ᠠᠵᠤ ᠦᠢᠯᠡᠰ ᠤᠨ ᠪᠦᠯᠦᠭᠵᠢᠯ ᠢ ᠪᠣᠶ ᠪᠣᠯᠭᠠᠬᠤ᠂ ᠬᠡᠷᠡᠭᠯᠡᠭᠡ ᠪᠠᠷ ᠬᠠᠪᠰᠤᠷᠤᠨ ᠲᠡᠳᠬᠦᠵᠦ ᠣᠷᠣᠯᠭ᠎ᠠ ᠶᠢ ᠨᠡᠮᠡᠭᠳᠡᠭᠦᠯᠬᠦ᠂ ᠬᠥᠳᠡᠯᠮᠦᠷᠢ ᠦᠢᠯᠡᠴᠢᠯᠡᠭᠡ ᠪᠠᠷ ᠬᠠᠮᠵᠢᠯᠴᠠᠨ ᠶᠠᠰᠤ ᠴᠢᠨᠠᠷ ᠢ ᠳᠡᠭᠡᠭᠰᠢᠯᠡᠭᠦᠯᠬᠦ ︽ᠳᠥᠷᠪᠡᠨ ᠵᠦᠢᠯ ᠤᠨ ᠠᠵᠢᠯᠯᠠᠭᠠᠨ︾ ᠢ ᠭᠦᠨᠵᠡᠭᠡᠶ ᠠᠬᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠪᠡᠭᠡᠵᠢᠩ ᠳᠤ ᠣᠷᠣᠭᠤᠯᠵᠤ ᠰᠦᠯᠵᠢᠶ᠎ᠡ ᠪᠠᠷ ᠪᠣᠷᠣᠯᠠᠭᠤᠯᠬᠤ ᠠᠷᠭ᠎ᠠ ᠵᠠᠮ ᠢ ᠥᠷᠭᠡᠳᠬᠡᠨ᠂ ᠪᠣᠷᠣᠯᠠᠭᠤᠯᠭ᠎ᠠ ᠶᠢᠨ ᠲᠤᠭ᠎ᠠ ᠶᠢ 320 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠵᠤ᠂ ᠠᠶᠢᠮᠠᠭ ᠬᠤᠲᠠ ᠬᠢᠭᠡᠳ ᠪᠡᠭᠡᠵᠢᠩ ᠤᠨ ᠬᠠᠮᠲᠤᠷᠠᠯᠴᠠᠭ᠎ᠠ ᠶᠢᠨ ︽ᠪᠦᠬᠦᠨ ᠢ ᠬᠠᠮᠤᠷᠬᠤ︾ ᠶᠢ ᠪᠡᠶᠡᠯᠡᠭᠦᠯᠦᠨ᠎ᠡ᠃ ᠭᠤᠸᠠᠩᠳᠦ᠋ᠩ ᠰᠢᠶᠠᠩᠭᠠᠩ ᠣᠣᠮᠧᠨ ᠤ ᠲᠤᠮᠤ ᠪᠤᠯᠤᠩ ᠤᠨ ᠣᠷᠣᠨ᠂ ᠵᠡᠭᠦᠨ ᠬᠤᠶᠢᠲᠤ ᠶᠢᠨ ᠭᠤᠷᠪᠠᠨ ᠮᠤᠵᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠴᠧᠩᠳᠦ᠋ ᠴᠦᠩᠴᠢᠩ᠂ ᠬᠠᠳᠤᠨ ᠭᠤᠣᠯ ᠤᠨ ᠰᠠᠪᠠ ᠭᠠᠵᠠᠷ᠂ ᠬᠥᠷᠰᠢ ᠵᠡᠷᠭᠡᠯᠡᠳᠡᠭᠡ ᠮᠤᠵᠢ ᠣᠷᠣᠨ ᠯᠤᠭ᠎ᠠ ᠶᠢᠨ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠱᠠᠨᠳᠦ᠋ᠩ᠂ ᠭᠢᠷᠢᠨ᠂ ᠱᠠᠨᠰᠢ᠂ ᠨᠢᠩᠰᠢᠶᠠ ᠯᠤᠭ᠎ᠠ ᠲᠣᠭᠲᠠᠭᠰᠠᠨ ᠬᠤᠯᠪᠣᠭᠳᠠᠯ ᠪᠦᠬᠦᠢ ᠬᠦᠷᠢᠶ᠎ᠡ ᠴᠠᠷᠠᠭᠠᠨ ᠤ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠢ ᠪᠣᠲᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠱᠠᠩᠬᠠᠶ ᠥᠪᠥᠷ ᠮᠣᠩᠭᠤᠯ᠂ ᠯᠢᠶᠤᠤᠨᠢᠩ ᠥᠪᠥᠷ ᠮᠣᠩᠭᠤᠯ᠂ ᠲᠢᠶᠠᠨᠵᠢᠨ ᠥᠪᠥᠷ ᠮᠣᠩᠭᠤᠯ ᠤᠨ ᠣᠷᠣᠨ ᠪᠦᠰᠡ ᠶᠢᠨ ᠡᠮᠴᠢᠯᠡᠭᠡᠨ ᠤ ᠬᠠᠮᠵᠢᠯᠴᠠᠭ᠎ᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃
ᠠᠷᠪᠠ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭᠠᠨ ᠢ ᠥᠷᠨᠢᠭᠦᠯᠵᠦ᠂ ᠲᠦᠭᠡᠮᠡᠯ ᠬᠠᠷᠠᠭᠠᠯᠵᠠᠯ ᠤᠨ ᠴᠢᠨᠠᠷᠲᠠᠶ᠂ ᠰᠠᠭᠤᠷᠢ ᠴᠢᠨᠠᠷᠲᠠᠶ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠶ ᠠᠷᠠᠳ ᠤᠨ ᠠᠮᠢᠳᠤᠷᠠᠯ ᠤᠨ ᠪᠠᠶᠢᠭᠤᠯᠤᠯᠲᠠ ᠶᠢ ᠴᠢᠩᠭᠠᠳᠬᠠᠨ᠎ᠠ
ᠴᠢᠳᠠᠯ ᠤᠨ ᠬᠢᠷᠢ ᠪᠠᠷ ᠢᠶᠠᠨ ᠴᠢᠷᠮᠠᠶᠢᠵᠤ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠵᠤ᠂ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ ᠵᠣᠯ ᠵᠢᠷᠭᠠᠯᠲᠤ ᠲᠦᠷᠦᠭᠳᠡᠯ ᠠᠮᠤᠷ ᠲᠦᠪᠰᠢᠨ ᠤ ᠲᠦᠷᠦᠭᠳᠡᠯ ᠢ ᠨᠡᠮᠡᠭᠳᠡᠭᠦᠯᠦᠨ᠎ᠡ᠃
︵ᠨᠢᠭᠡ︶ ᠠᠵᠢᠯ ᠣᠯᠭᠤᠯᠲᠠ ᠶᠢ ᠠᠬᠢᠭᠤᠯᠬᠤ ᠠᠵᠢᠯᠯᠠᠭᠠᠨ ᠢ ᠰᠠᠶᠢᠲᠤᠷ ᠠᠳᠬᠤᠨ᠎ᠠ᠃ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢᠨ ᠬᠦᠷᠢᠶ᠎ᠡ ᠴᠠᠷᠠᠭᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠰᠠᠨᠠᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠲᠠ ᠪᠠᠯᠭᠠᠰᠤᠨ ᠤ 18 ᠲᠦᠮᠡ ᠠᠴᠠ ᠳᠡᠭᠡᠭᠰᠢ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠭᠤᠣᠯᠳᠠᠯᠭ᠎ᠠ ᠪᠣᠯᠬᠤ ᠬᠦᠷᠢᠶ᠎ᠡ ᠴᠠᠷᠠᠭ᠎ᠠ᠂ ᠭᠤᠣᠯᠳᠠᠯᠭ᠎ᠠ ᠪᠣᠯᠬᠤ ᠠᠵᠢᠯ ᠲᠥᠷᠥᠯ᠂ ᠬᠤᠲᠠ ᠬᠥᠳᠡᠭᠡ ᠶᠢᠨ ᠦᠨᠳᠦᠰᠦᠨ ᠱᠠᠲᠤ ᠪᠠ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠠᠵᠢᠯ ᠣᠯᠭᠤᠯᠲᠠ ᠶᠢ ᠳᠡᠮᠵᠢᠬᠦ ᠲᠥᠯᠥᠪᠯᠡᠭᠡ ᠶᠢ ᠬᠡᠷᠡᠭᠵᠢᠭᠦᠯᠵᠦ᠂ ᠭᠤᠷᠪᠠᠳᠤᠭᠠᠷ ᠠᠵᠤ ᠦᠢᠯᠡᠰ ᠲᠠᠬᠢ ᠠᠵᠢᠯ ᠤᠨ ᠪᠠᠶᠢᠷᠢ ᠶᠢ 10 ᠲᠦᠮᠡ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ︽ᠥᠪᠥᠷ ᠮᠣᠩᠭᠤᠯ ᠤᠨ ᠮᠡᠷᠭᠡᠵᠢᠯ ᠴᠢᠳᠠᠪᠤᠷᠢ ᠶᠢᠨ ᠠᠵᠢᠯᠯᠠᠭᠠᠨ︾ ᠢ ᠭᠦᠨᠵᠡᠭᠡᠶᠢᠷᠡᠭᠦᠯᠦᠨ᠂ ᠠᠵᠢᠯ ᠣᠯᠭᠤᠬᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠡᠯ᠎ᠡ ᠠᠵᠢᠯ ᠲᠥᠷᠥᠯ ᠤᠨ ᠠᠵᠢᠯ ᠮᠡᠷᠭᠡᠵᠢᠯ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠤᠨ ᠬᠡᠪᠴᠢᠶᠡᠵᠢᠯ ᠢ 35 ᠲᠦᠮᠡᠨ ᠬᠦᠮᠦᠨ ᠠᠴᠠ ᠳᠡᠭᠡᠭᠰᠢ ᠳᠤ ᠬᠦᠷᠦᠭᠦᠯᠦᠨ᠂ ᠳᠡᠭᠡᠳᠦ ᠲᠠᠰ ᠤᠨ ᠦᠢᠯᠡᠳᠬᠦ ᠦᠢᠯᠡᠰ᠂ ᠳ᠋ᠢᠬᠢᠲ ᠠᠵᠤ ᠦᠢᠯᠡᠰ ᠵᠡᠷᠭᠡ ᠶᠢ ᠬᠥᠭᠵᠢᠭᠦᠯᠬᠦ ᠶᠢᠨ ᠲᠣᠭᠤᠷᠢᠨ ᠳᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠤᠨ ᠠᠵᠢᠯ ᠤᠯᠬᠤ ᠳᠤ ᠳᠣᠭᠢᠷᠠᠬᠤ ᠨᠠᠩ ᠣᠯᠠᠨ ᠠᠵᠢᠯ ᠤᠨ ᠪᠠᠶᠢᠷᠢ ᠶᠢ ᠠᠭᠤᠳᠠᠯᠵᠤ᠂ ᠨᠠᠩ ᠣᠯᠠᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠦᠪᠦᠷ ᠮᠣᠩᠭᠤᠯ ᠳᠤ ᠪᠠᠨ ᠦᠯᠡᠳᠡᠭᠡᠬᠦ ᠦᠪᠦᠷ ᠮᠣᠩᠭᠤᠯ ᠳᠤ ᠢᠷᠡᠭᠦᠯᠬᠦ ᠪᠠᠷ ᠲᠠᠲᠠᠬᠤ ᠬᠡᠷᠡᠭᠲᠡᠶ᠃ ︽ᠠᠳᠠᠯ ᠦᠢᠯᠡᠰ ᠴᠣᠭᠴᠠᠯᠠᠬᠤ ᠥᠪᠥᠷ ᠮᠣᠩᠭᠤᠯ︾ ᠤᠨ ᠠᠵᠢᠯᠯᠠᠭᠠᠨ ᠢ ᠭᠦᠨᠵᠡᠭᠡᠶᠢᠷᠡᠭᠦᠯᠦᠨ᠂ ᠠᠵᠢᠯ ᠣᠯᠭᠤᠬᠤ ᠦᠢᠯᠡᠴᠢᠯᠡᠭᠡᠨ ᠤ ᠲᠠᠪᠴᠠᠩ ᠢ ᠰᠠᠶᠢᠲᠤᠷ ᠪᠠᠶᠢᠭᠤᠯᠵᠤ᠂ ᠴᠠᠯᠢᠩ ᠥᠷᠢᠲᠦᠬᠦ ᠳᠠᠭᠠᠳᠬᠠᠯ ᠥᠷᠢᠲᠦᠬᠦ᠂ ︽ᠬᠠᠷ᠎ᠠ ᠵᠠᠭᠤᠴᠢ ᠪᠠᠶᠢᠭᠤᠯᠤᠮᠵᠢ︾ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠥᠪᠡᠷᠲᠡᠭᠡᠨ ᠵᠠᠰᠠᠬᠤ ᠣᠷᠣᠨ ᠤ ᠲᠠᠷᠢᠶᠠᠴᠢᠨ ᠬᠥᠯᠥᠰᠥᠨ ᠠᠵᠢᠯᠴᠢᠨ ᠤ ᠴᠠᠯᠢᠩ ᠢ ᠪᠠᠲᠤᠯᠠᠬᠤ ᠲᠦᠷᠢᠮ ᠤᠨ ᠬᠠᠤᠯᠢ ᠲᠣᠭᠲᠠᠭᠠᠬᠤ ᠠᠬᠢᠴᠠ ᠶᠢ ᠲᠦᠷᠭᠡᠳᠬᠡᠨ ᠠᠬᠢᠭᠤᠯᠵᠤ᠂ ᠪᠡᠭᠡᠵᠢᠩ ᠲᠢᠶᠠᠨᠵᠢᠨ ᠾᠧᠪᠧᠢ᠂ ᠱᠠᠨ ᠰᠢ ᠥᠪᠥᠷ ᠮᠣᠩᠭᠤᠯ ᠱᠠᠨᠳᠦ᠋ᠩ᠂ ᠬᠠᠲᠤᠨ ᠭᠤᠤᠯ ᠤᠨ ᠰᠠᠪᠠ ᠭᠠᠵᠠᠷ᠂ ᠵᠡᠭᠦᠨ ᠬᠤᠶᠢᠲᠤ ᠶᠢᠨ ᠭᠤᠷᠪᠠᠨ ᠮᠤᠵᠢ ᠨᠢᠭᠡ ᠣᠷᠣᠨ ᠵᠡᠷᠭᠡ ᠶᠢᠨ ᠠᠵᠢᠯ ᠣᠯᠵᠤ ᠠᠳᠠᠯ ᠦᠢᠯᠡᠰ ᠴᠣᠭᠴᠠᠯᠠᠬᠤ ᠬᠠᠮᠵᠢᠯᠴᠠᠭ᠎ᠠ ᠶᠢᠨ ᠵᠦᠪᠯᠡᠯᠴᠡᠭᠡᠷ ᠢ ᠠᠬᠢᠭᠤᠯᠤᠨ ᠨᠠᠶᠢᠳᠠᠪᠤᠷᠢᠵᠢᠭᠤᠯᠤᠨ᠎ᠠ᠃ ᠠᠵᠢᠯ ᠣᠯᠭᠤᠯᠲᠠ ᠶᠢᠨ ᠤᠯᠠᠨ ᠨᠡᠶᠢᠲᠡ ᠶᠢᠨ ᠦᠢᠯᠡᠴᠢᠯᠡᠭᠡ ᠶᠢ ᠦᠨᠳᠦᠰᠦᠨ ᠱᠠᠲᠤᠨ ᠳᠤ ᠪᠠᠭᠤᠯᠭᠠᠬᠤ ᠶᠢ ᠠᠬᠢᠭᠤᠯᠵᠤ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠲᠣᠣᠷ ᠴᠡᠭ ᠢ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠪᠠᠶᠢᠷᠢᠰᠢᠭᠤᠯᠵᠤ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠬᠡᠯᠬᠢᠶᠡᠵᠢᠯ ᠢ ᠤᠷᠲᠤᠳᠬᠠᠨ᠎ᠠ᠃
︵ᠬᠤᠶᠠᠷ︶ ᠪᠠᠷᠠᠭᠠᠨ ᠤ ᠦᠨ᠎ᠡ ᠶᠢᠨ ᠶᠡᠷᠦᠩᠬᠡᠶ ᠳᠤ ᠪᠠᠨ ᠲᠣᠭᠲᠠᠭᠤᠨ ᠪᠠᠶᠢᠬᠤ ᠶᠢ ᠪᠠᠲᠤᠯᠠᠨ᠎ᠠ᠃ ᠠᠷᠠᠳ ᠤᠨ ᠠᠮᠢᠳᠤᠷᠠᠯ ᠤᠨ ᠴᠢᠬᠤᠯᠠ ᠲᠠᠸᠠᠷ ᠤᠨ ᠦᠨ᠎ᠡ ᠬᠠᠩᠰᠢ ᠶᠢ ᠲᠣᠬᠢᠷᠠᠭᠤᠯᠤᠨ ᠡᠵᠡᠮᠳᠡᠬᠦ ᠲᠣᠭᠲᠠᠴᠠ ᠶᠢ ᠰᠠᠶᠢᠲᠤᠷ ᠨᠠᠶᠢᠳᠠᠪᠤᠷᠢᠵᠢᠭᠤᠯᠵᠤ᠂ ᠬᠠᠩᠭᠠᠬᠤ ᠬᠠᠳᠠᠭᠠᠯᠠᠬᠤ ᠪᠣᠷᠣᠯᠠᠭᠤᠯᠬᠤ ᠡᠯ᠎ᠡ ᠭᠤᠭᠴᠤᠭᠠᠨ ᠤ ᠠᠵᠢᠯᠯᠠᠭᠠᠨ ᠤ ᠪᠠᠶᠢᠳᠠᠯ ᠪᠠ ᠦᠨ᠎ᠡ ᠬᠠᠩᠰᠢ ᠶᠢᠨ ᠬᠠᠨᠳᠤᠰᠢ ᠶᠢ ᠨᠢᠭᠲᠠ ᠠᠩᠬᠠᠷᠴᠤ᠂ ᠲᠤᠬᠠᠶ ᠶᠢᠨ ᠭᠠᠵᠠᠷ ᠤᠨ ᠢᠶᠠᠨ ᠦᠢᠯᠡᠳᠪᠦᠷᠢᠯᠡᠯ ᠢ ᠬᠦᠴᠦᠯᠡᠨ ᠰᠠᠶᠢᠲᠤᠷ ᠠᠳᠬᠤᠵᠤ᠂ ᠦᠢᠯᠡᠳᠪᠦᠷᠢᠯᠡᠯ ᠪᠣᠷᠤᠯᠠᠭᠤᠯᠭ᠎ᠠ ᠶᠢ ᠵᠤᠯᠭᠠᠭᠤᠯᠬᠤ ᠪᠠᠨ ᠰᠢᠯᠤᠭᠤᠳᠬᠠᠵᠤ᠂ ᠨᠥᠭᠡᠴᠡᠯᠡᠨ ᠲᠣᠬᠢᠷᠠᠭᠤᠯᠬᠤ ᠶᠢ ᠴᠢᠩᠭᠠᠷᠠᠭᠤᠯᠤᠨ᠂ ᠡᠩ ᠤᠨ ᠦᠨ᠎ᠡ ᠪᠠᠷ ᠪᠣᠷᠣᠯᠠᠭᠤᠯᠬᠤ ᠶᠢ ᠳᠡᠯᠭᠡᠷᠡᠭᠦᠯᠵᠦ᠂ ᠪᠠᠴᠢᠮ ᠪᠠᠶᠢᠳᠠᠯ ᠢ ᠠᠷᠭᠠᠴᠠᠭᠠᠵᠤ ᠵᠠᠬ᠎ᠠ ᠳᠡᠯᠭᠡᠭᠦᠷ ᠤᠨ ᠦᠨ᠎ᠡ ᠬᠠᠩᠰᠢ ᠶᠢ ᠲᠣᠬᠢᠷᠠᠭᠤᠯᠤᠨ ᠡᠵᠡᠮᠳᠡᠬᠦ ᠶᠢ ᠴᠢᠩᠭᠠᠳᠬᠠᠨ᠂ ᠠᠮᠤ ᠪᠤᠳᠠᠭ᠎ᠠ ᠲᠤᠰᠤ ᠮᠢᠬ᠎ᠠ ᠥᠨᠳᠡᠭᠡ ᠨᠣᠭᠤᠭ᠎ᠠ ᠵᠡᠷᠭᠡ ᠲᠠᠸᠠᠷ ᠤᠨ ᠬᠡᠮᠵᠢᠶ᠎ᠡ ᠭᠦᠢᠴᠡᠳ ᠦᠨ᠎ᠡ ᠲᠣᠭᠲᠠᠭᠤᠨ ᠪᠠᠶᠢᠬᠤ ᠶᠢ ᠪᠠᠲᠤᠯᠠᠨ᠎ᠠ᠃ ᠦᠨ᠎ᠡ ᠬᠠᠩᠰᠢ ᠶᠢᠨ ᠨᠡᠮᠡᠭᠦᠷᠢ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠨᠠᠰᠤᠵᠢᠯ ᠤᠨ ᠠᠰᠠᠷᠠᠮᠵᠢ᠂ ᠣᠷᠣᠰᠢᠭᠤᠯᠭ᠎ᠠ ᠶᠢᠨ ᠪᠠ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠰᠦᠢᠳᠬᠡᠯ ᠬᠤᠷᠢᠶᠠᠬᠤ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠦᠨ᠎ᠡ᠃
︵ᠭᠤᠷᠪᠠ︶ ᠨᠡᠶᠢᠭᠡᠮ ᠤᠨ ᠪᠠᠲᠤᠯᠠᠭ᠎ᠠ ᠶᠢᠨ ᠲᠣᠭᠲᠠᠯᠴᠠᠭ᠎ᠠ ᠶᠢ ᠦᠷᠭᠦᠯᠵᠢᠯᠡᠨ ᠲᠡᠭᠦᠯᠳᠡᠷᠵᠢᠭᠦᠯᠦᠨ᠎ᠡ᠃ ᠨᠡᠶᠢᠭᠡᠮ ᠤᠨ ᠪᠠᠲᠤᠯᠠᠭ᠎ᠠ ᠶᠢᠨ ᠥᠭᠡᠷᠡᠴᠢᠯᠡᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ᠂ ᠨᠠᠰᠤᠵᠢᠯ ᠤᠨ ᠦᠨᠳᠦᠰᠦᠨ ᠳᠠᠭᠠᠳᠬᠠᠯ᠂ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠨᠣᠷᠮ᠎ᠠ ᠶᠢ 95% ᠠᠴᠠ ᠳᠡᠭᠡᠭᠰᠢ ᠬᠡᠮᠵᠢᠶᠡᠨ ᠳᠤ ᠲᠣᠭᠲᠠᠪᠤᠷᠢᠵᠢᠭᠤᠯᠤᠨ᠂ ᠬᠤᠪᠢ ᠬᠥᠮᠦᠨ ᠤ ᠨᠠᠰᠤᠵᠢᠯ ᠤᠨ ᠮᠥᠩᠭᠦ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠦᠨᠳᠦᠰᠦᠨ ᠳᠠᠭᠠᠳᠬᠠᠯ ᠤᠨ ᠪᠠᠯᠠ ᠴᠤᠭᠯᠠᠭᠤᠯᠬᠤ ᠪᠠ ᠣᠯᠭᠤᠮᠵᠢ ᠶᠢ ᠳᠣᠭᠢᠷᠠᠭᠤᠯᠬᠤ ᠲᠥᠷᠥ ᠶᠢᠨ ᠪᠣᠳᠣᠯᠭ᠎ᠠ ᠶᠢ ᠰᠣᠳᠤᠯᠵᠤ ᠨᠡᠶᠢᠲᠡᠯᠡᠨ ᠪᠦᠷᠢᠨᠰᠢᠭᠦᠯᠵᠦ᠂ ᠨᠠᠰᠤᠵᠢᠯ ᠤᠨ ᠦᠨᠳᠦᠰᠦᠨ ᠳᠠᠭᠠᠳᠬᠠᠯ ᠤᠨ ᠬᠠᠤᠯᠢ ᠪᠠᠷ ᠲᠣᠭᠲᠠᠭᠠᠭᠰᠠᠨ ᠬᠦᠮᠦᠰ ᠢ ᠪᠦᠬᠦᠨ ᠢ ᠬᠠᠮᠤᠷᠬᠤ ᠶᠢ ᠠᠬᠢᠭᠤᠯᠤᠨ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ᠂ ᠠᠵᠢᠯ ᠠᠯᠳᠠᠯᠲᠠ ᠶᠢᠨ ᠳᠠᠭᠠᠳᠬᠠᠯ ᠤᠨ ᠵᠠᠷᠤᠳᠠᠯ ᠤᠨ ᠨᠣᠷᠮ᠎ᠠ ᠶᠢ ᠱᠠᠲᠤ ᠦᠶᠡᠴᠢ ᠴᠢᠨᠠᠷᠲᠠᠶ ᠪᠠᠷ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠪᠣᠲᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠰᠠᠶᠢᠲᠤᠷ ᠠᠳᠬᠤᠵᠤ᠂ ᠦᠨᠳᠦᠰᠦᠨ ᠡᠮᠴᠢᠯᠡᠭᠡᠨ ᠤ ᠳᠠᠭᠠᠳᠬᠠᠯ ᠤᠨ ᠥᠪᠡᠷᠲᠡᠭᠡᠨ ᠵᠠᠰᠠᠬᠤ ᠣᠷᠣᠨ ᠤ ᠱᠠᠲᠤᠨ ᠳᠤ ᠨᠢᠭᠡᠳᠦᠯᠲᠡᠶ ᠲᠥᠯᠥᠪᠯᠡᠬᠦ ᠶᠢ ᠠᠬᠢᠭᠤᠯᠤᠨ᠂ ᠬᠦᠨᠳᠦ ᠡᠪᠡᠳᠴᠢᠨ ᠤ ᠳᠠᠭᠠᠳᠬᠠᠯ ᠪᠠ ᠡᠮᠴᠢᠯᠡᠭᠡᠨ ᠤ ᠠᠪᠤᠷᠠᠨ ᠲᠤᠰᠠᠯᠠᠬᠤ ᠳᠦᠷᠢᠮ ᠢ ᠲᠡᠭᠦᠯᠳᠡᠷᠵᠢᠭᠦᠯᠦᠨ᠎ᠡ᠃ ᠴᠠᠯᠢᠩ ᠣᠯᠭᠤᠬᠤ ᠶᠢ ᠦᠨᠡᠨ ᠬᠦ ᠪᠠᠲᠤᠯᠠᠵᠤ᠂ ᠴᠠᠯᠢᠩ ᠥᠷᠢᠲᠦᠵᠦ ᠪᠠᠶᠢᠭ᠎ᠠ ᠪᠠᠶᠢᠳᠠᠯ ᠢ ᠢᠯᠭᠠᠷᠠᠭᠤᠯᠤᠨ ᠴᠡᠭᠴᠡᠯᠡᠵᠦ᠂ ᠬᠦᠴᠢᠷᠳᠡᠯᠲᠡᠢ ᠤᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠨ᠎ᠠ᠃ ᠵᠡᠮᠳᠡᠭᠴᠦᠳ ᠤᠨ ᠬᠤᠶᠠᠷ ᠵᠦᠢᠯ ᠤᠨ ᠨᠡᠮᠡᠭᠦᠷᠢ ᠶᠢᠨ ᠣᠨᠣᠴᠠᠲᠠᠶ ᠬᠠᠮᠢᠶᠠᠷᠤᠯᠲᠠ ᠶᠢ ᠦᠷᠭᠦᠯᠵᠢᠯᠡᠨ ᠴᠢᠩᠭᠠᠷᠠᠭᠤᠯᠵᠤ᠂ ᠪᠥᠬᠦ ᠣᠷᠣᠨ ᠤ ᠤᠶᠤᠨ ᠮᠡᠳᠡᠷᠡᠯ ᠤᠨ ᠰᠠᠭᠠᠳ ᠲᠠᠢ ᠡᠪᠡᠳᠴᠢᠲᠡᠨ ᠢ ᠡᠷᠡᠭᠦᠯᠵᠢᠭᠦᠯᠵᠦ ᠨᠡᠶᠢᠭᠡᠮ ᠳᠤ ᠠᠭᠤᠰᠤᠯᠴᠠᠭᠤᠯᠬᠤ ᠠᠵᠢᠯᠯᠠᠭᠠᠨ ᠢ ᠶᠡᠭᠡ ᠪᠠᠷ ᠠᠬᠢᠭᠤᠯᠤᠨ᠎ᠠ᠃
︵ᠳᠥᠷᠪᠡ︶ ᠣᠯᠠᠨ ᠨᠡᠶᠢᠲᠡ ᠶᠢᠨ ᠦᠢᠯᠡᠴᠢᠯᠡᠭᠡ ᠪᠠ ᠨᠡᠶᠢᠭᠡᠮ ᠤᠨ ᠵᠠᠰᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ︽︿ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠲᠥᠯᠥᠪᠵᠢᠭᠦᠯᠭᠡ ᠶᠢᠨ ᠬᠥᠲᠥᠯᠪᠦᠷᠢ ︵2024 – 2035 ᠣᠨ︶﹀ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠰᠤᠷᠭᠠᠨ ᠬᠥᠮᠦᠵᠢᠯ ᠤᠨ ᠬᠦᠴᠦᠷᠬᠡᠭ ᠣᠷᠣᠨ ᠢ ᠲᠦᠷᠭᠡᠳᠭᠡᠨ ᠪᠦᠲᠦᠭᠡᠨ ᠪᠠᠶᠢᠭᠤᠯᠬᠤ ᠲᠤᠬᠠᠶ ᠰᠠᠨᠠᠯ︾ ᠤᠨ ᠵᠣᠷᠢᠭ ᠰᠠᠨᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯ ᠬᠦᠷᠲᠡᠭᠡᠬᠦ ᠪᠠ ᠠᠯᠪᠠᠨ ᠵᠢᠷᠤᠮ ᠤᠨ ᠰᠤᠷᠭᠠᠨ ᠬᠥᠮᠦᠵᠢᠯ ᠴᠢᠨᠠᠷᠯᠢᠭ ᠪᠥᠭᠡᠳ ᠲᠡᠩᠴᠡᠭᠦᠷᠢᠲᠡᠶ ᠪᠠᠶᠢᠬᠤ ᠬᠤᠰᠢᠭᠤ ᠰᠢᠶᠠᠨ ᠤ ᠬᠠᠮᠤᠷᠬᠤ ᠬᠡᠪᠴᠢᠶ᠎ᠡ ᠶᠢ ᠦᠷᠭᠡᠳᠭᠡᠨ᠂ ᠬᠤᠲᠠ ᠶᠢᠨ ᠬᠡᠪᠴᠢᠶᠡᠨ ᠳᠠᠬᠢ ᠠᠵᠤ ᠦᠢᠯᠡᠰ ᠪᠠ ᠰᠤᠷᠭᠠᠨ ᠬᠥᠮᠦᠵᠢᠯ ᠤᠨ ᠬᠤᠯᠪᠣᠭᠠᠲᠤ ᠴᠣᠭᠴᠠ᠂ ᠠᠵᠢᠯ ᠲᠥᠷᠥᠯ ᠤᠨ ᠠᠵᠤ ᠦᠢᠯᠡᠰ ᠪᠠ ᠰᠤᠷᠭᠠᠨ ᠬᠥᠮᠦᠵᠢᠯ ᠤᠨ ᠠᠭᠤᠰᠤᠯᠴᠠᠭᠰᠠᠨ ᠴᠣᠭᠴᠠ ᠶᠢᠨ ᠲᠥᠷᠥᠯ ᠵᠦᠢᠯ ᠢ ᠴᠢᠨᠠᠷ ᠰᠠᠶᠢᠲᠠᠶ ᠬᠡᠷᠡᠭᠵᠢᠭᠦᠯᠵᠦ᠂ ᠣᠲᠣ ᠦᠶ᠎ᠡ ᠶᠢᠨ ᠠᠵᠤ ᠦᠢᠯᠡᠰ ᠤᠨ ᠳᠡᠭᠡᠳᠦ ᠰᠤᠷᠭᠠᠭᠤᠯᠢ᠂ ᠢᠷᠡᠭᠡᠳᠦᠶ ᠶᠢᠨ ᠮᠡᠷᠭᠡᠵᠢᠯ ᠤᠨ ᠳᠡᠭᠡᠳᠦ ᠰᠤᠷᠭᠠᠭᠤᠯᠢ᠂ ᠲᠤᠰᠬᠠᠶ ᠮᠡᠷᠭᠡᠵᠢᠯ ᠤᠨ ᠤᠨᠴᠠᠯᠢᠭᠳᠤ ᠳᠡᠭᠡᠳᠦ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ︽ᠬᠤᠤᠰ ᠲᠡᠷᠢᠭᠦᠨ ᠲᠠᠰ︾ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠳᠡᠮᠵᠢᠨ᠎ᠡ᠃ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠤᠨ ᠪᠠᠭᠲᠠᠭᠠᠮᠵᠢ ᠶᠢ ᠥᠷᠭᠡᠳᠬᠡᠨ ᠳᠣᠷᠣᠭᠰᠢ ᠪᠠᠭᠤᠯᠭᠠᠬᠤ ᠶᠢ ᠠᠬᠢᠭᠤᠯᠵᠤ᠂ ᠤᠯᠤᠰ ᠤᠨ ᠣᠷᠣᠨ ᠪᠦᠰᠡ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠥᠪ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ︶᠂ ᠤᠯᠤᠰ ᠤᠨ ᠣᠷᠣᠨ ᠪᠦᠰᠡ ᠶᠢᠨ ᠡᠮᠴᠢᠯᠡᠭᠡᠨ ᠤ ᠲᠥᠪ᠂ ᠥᠪᠡᠷᠲᠡᠭᠡᠨ ᠵᠠᠰᠠᠬᠤ ᠣᠷᠣᠨ ᠤ ᠲᠤᠰᠬᠠᠶ ᠰᠠᠯᠠᠭ᠎ᠠ ᠶᠢᠨ ᠣᠷᠣᠨ ᠪᠦᠰᠡ ᠶᠢᠨ ᠡᠮᠴᠢᠯᠡᠭᠡᠨ ᠤ ᠲᠥᠪ ᠪᠠ 82 ᠬᠤᠰᠢᠭᠤ ᠰᠢᠶᠠᠨ ᠤ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠴᠣᠭᠴᠠ ᠶᠢ ᠲᠦᠷᠭᠡᠳᠬᠡᠨ ᠪᠠᠶᠢᠭᠤᠯᠵᠤ᠂ ᠤᠯᠤᠰ ᠤᠨ ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢᠨ ᠲᠦᠷᠦᠭᠦᠤ ᠪᠦᠯᠦᠭ ᠤᠨ ᠲᠤᠷᠰᠢᠯᠲᠠ ᠶᠢᠨ ᠴᠡᠭ ᠢ ᠯᠠᠪᠳᠠᠭᠤᠨ ᠪᠠᠲᠤᠲᠠᠶ ᠠᠬᠢᠭᠤᠯᠤᠨ᠎ᠠ᠃ ᠨᠡᠶᠢᠳᠡᠮ ᠬᠠᠷᠠᠭᠠᠯᠵᠠᠯ ᠤᠨ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠰᠣᠷᠣᠭᠴᠢ ᠪᠦᠷᠢ ᠶᠢᠨ ᠳᠤᠮᠳᠠᠴᠢ ᠲᠣᠭᠲᠠᠭᠰᠠᠨ ᠲᠣᠭᠠᠨ ᠤ ᠨᠥᠬᠦᠪᠥᠷᠢ ᠶᠢᠨ ᠲᠥᠷᠥᠯ ᠵᠦᠢᠯ ᠢ ᠬᠡᠷᠡᠭᠵᠢᠭᠦᠯᠵᠦ᠂ ᠬᠤᠰᠢᠭᠤ ᠰᠢᠶᠠᠨ ︵ᠬᠤᠲᠠ᠂ ᠲᠣᠭᠤᠷᠢᠭ︶ ᠨᠢᠭᠡᠪᠦᠷᠢ ᠳᠤ ᠠᠯᠪᠠᠨ ᠠᠴᠠ ᠡᠷᠭᠢᠯᠡᠭᠰᠡᠨ ᠬᠡᠤᠬᠡᠳ ᠰᠠᠭᠠᠲᠠᠭᠤᠯᠬᠤ ᠪᠠᠶᠢᠭᠤᠯᠤᠮᠵᠢ ᠶᠢ ᠠᠳᠠᠭ ᠲᠤ ᠪᠠᠨ 2 ᠪᠠᠶᠢᠭᠤᠯᠤᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ ᠬᠦᠷᠢᠶᠡᠨ ᠤ ᠬᠦᠴᠦᠷᠬᠡᠭᠯᠡᠯ ᠪᠠ ᠰᠤᠷᠤᠭᠴᠢᠳ ᠤᠨ ᠳᠠᠷᠤᠯᠠᠯ ᠲᠤᠷᠤᠮᠵᠢᠯᠠᠯ ᠢ ᠰᠡᠷᠭᠡᠶᠢᠯᠡᠨ ᠵᠠᠰᠠᠬᠤ ᠲᠤᠰᠬᠠᠶ ᠠᠵᠢᠯᠯᠠᠭᠠᠨ ᠢ ᠦᠷᠭᠦᠯᠵᠢᠯᠡᠨ ᠥᠷᠨᠢᠭᠦᠯᠵᠦ᠂ ᠶᠠᠯ᠎ᠠ ᠪᠤᠷᠤᠭᠤ ᠲᠠᠢ ᠨᠠᠰᠤᠨ ᠳᠤ ᠦᠯᠤ ᠬᠥᠷᠦᠭᠰᠡᠳ ᠢ ᠲᠤᠰᠬᠠᠶᠢᠯᠠᠨ ᠵᠠᠯᠠᠷᠠᠭᠤᠯᠤᠨ ᠵᠠᠰᠠᠬᠤ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠤᠨ᠎ᠠ᠃ ᠬᠥᠳᠡᠭᠡ ᠲᠣᠰᠬᠤᠨ ᠤ ᠬᠡᠷ ᠲᠤ ᠪᠠᠨ ᠬᠤᠴᠣᠷᠤᠭᠰᠠᠨ ᠬᠡᠤᠬᠡᠳ ᠪᠠ ᠬᠦᠴᠢᠷᠳᠡᠯ ᠳᠤ ᠲᠤᠯᠭᠠᠷᠠᠭᠰᠠᠨ ᠬᠡᠤᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭᠠᠨ ᠢ ᠨᠠᠶᠢᠳᠠᠪᠤᠷᠢᠵᠢᠭᠤᠯᠤᠨ᠎ᠠ᠃ ᠰᠢᠨ᠎ᠡ ᠴᠠᠭ ᠦᠶ᠎ᠡ ᠶᠢᠨ ︽ᠪᠤᠭᠤᠷᠤᠯᠴᠤᠳ ᠤᠨ ᠠᠵᠢᠯᠯᠠᠭᠠᠨ︾ ᠤ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠬᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠣᠷᠣ ᠶᠢ 1.2 ᠲᠦᠮᠡ ᠳᠤ ᠬᠦᠷᠦᠭᠦᠯᠦᠨ᠂ ᠣᠨᠴᠠᠭᠠᠢ ᠬᠦᠴᠢᠷᠳᠡᠯᠲᠡᠶ ᠨᠠᠰᠤᠲᠠᠶᠢᠴᠤᠳ ᠤᠨ ᠬᠡᠷ ᠪᠦᠯᠢ ᠶᠢᠨ 6000 ᠡᠷᠦᠬᠡ ᠶᠢ ᠥᠲᠡᠭᠦᠰ ᠲᠤ ᠲᠣᠬᠢᠷᠠᠭᠤᠯᠬᠤ ᠪᠠᠷ ᠥᠭᠡᠷᠡᠴᠢᠯᠡᠨ ᠰᠢᠨᠡᠳᠬᠡᠬᠦ ᠶᠢ ᠪᠡᠶᠡᠯᠡᠭᠦᠯᠵᠦ᠂ ᠨᠡᠶᠢᠭᠡᠮ ᠲᠣᠭᠤᠷᠢᠭ ᠠᠴᠠ ᠳᠡᠮᠵᠢᠬᠦ ᠬᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢ ᠬᠥᠭᠵᠢᠭᠦᠯᠦᠨ᠎ᠡ᠃ ᠤᠷᠳᠤ ᠴᠠᠭᠠᠨ ᠬᠡᠷᠡᠮ᠂ ᠬᠠᠳᠤᠨ ᠭᠤᠣᠯ ᠤᠨ ᠤᠯᠤᠰ ᠤᠨ ᠰᠣᠶᠣᠯ ᠤᠨ ᠴᠡᠴᠡᠷᠯᠢᠭ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠣᠯᠠᠨ ᠴᠢᠳᠠᠮᠵᠢᠳᠣ ᠪᠡᠶ᠎ᠡ ᠶᠢᠨ ᠲᠠᠮᠢᠷ ᠤᠨ ᠲᠠᠯᠠᠪᠠᠶ ᠶᠢ 30᠂ ︽ᠤᠯᠤᠰ ᠤᠨ ᠪᠥᠮᠪᠦᠭᠡ ᠶᠢ ᠨᠡᠶᠢᠭᠡᠮ ᠲᠣᠭᠤᠷᠢᠭ ᠲᠤ ᠣᠷᠣᠭᠤᠯᠬᠤ᠂ ᠴᠡᠴᠡᠷᠯᠢᠭ ᠲᠤ ᠣᠷᠣᠭᠤᠯᠬᠤ︾ ᠲᠥᠷᠥᠯ ᠵᠦᠢᠯ ᠢ 400 ᠰᠢᠨ᠎ᠡ ᠪᠠᠷ ᠪᠠᠶᠢᠭᠤᠯᠵᠤ ᠦᠭᠡᠷᠡᠴᠢᠯᠡᠨ ᠪᠠᠶᠢᠭᠤᠯᠬᠤ ᠪᠠ ᠦᠷᠭᠡᠳᠭᠡᠨ ᠪᠠᠶᠢᠭᠤᠯᠤᠨ᠎ᠠ᠃
ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠭᠢᠮ
2025 ᠣᠨ ᠤ 2 ᠳ᠋ᠤᠭᠠᠷ ᠰᠠᠷ᠎ᠠ ᠶᠢᠨ 6 ᠤ ᠡᠳᠦᠷ ᠳᠠᠷᠤᠮᠠᠯᠯᠠᠨ ᠲᠠᠷᠬᠠᠭᠠᠪᠠ