︽ᠲᠦᠩᠯᠢᠶᠣᠣ ᠬᠤᠲᠠ ᠶᠢᠨ ᠬᠤᠷᠴᠢᠨ ᠲᠣᠭᠤᠷᠢᠭ ᠤᠨ ᠭᠠᠵᠠᠷ ᠰᠢᠷᠣᠢ ᠶᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠥᠰᠥᠯ ︵2025 ᠣᠨ︶︾ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ
ᠨᠡᠶᠢᠲᠡᠯᠡᠭᠰᠡᠨ ᠴᠠᠭ᠄
2025/4/9

ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ

ᠥᠪᠥᠷ ᠵᠠᠰᠠᠭ ᠦᠰᠦᠭ ﹇2025﹈ 32 ᠳ᠋ᠤᠭᠠᠷ ᠲᠣᠭᠠᠲᠤ

 

︽ᠲᠦᠩᠯᠢᠶᠣᠣ ᠬᠤᠲᠠ ᠶᠢᠨ ᠬᠤᠷᠴᠢᠨ ᠲᠣᠭᠤᠷᠢᠭ ᠤᠨ ᠭᠠᠵᠠᠷ ᠰᠢᠷᠣᠢ ᠶᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠥᠰᠥᠯ ︵ 2025 ᠣᠨ ︶ ︾ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ

 

ᠲᠦᠩᠯᠢᠶᠣᠣ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ᠄

      ᠲᠠᠨ ᠤ ᠬᠤᠲᠠ ᠶᠢᠨ ︽ ︿ᠲᠦᠩᠯᠢᠶᠣᠣ ᠬᠤᠲᠠ ᠶᠢᠨ ᠬᠤᠷᠴᠢᠨ ᠲᠣᠭᠤᠷᠢᠭ ᠤᠨ ᠭᠠᠵᠠᠷ ᠰᠢᠷᠣᠢ ᠶᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠥᠰᠥᠯ ︵ 2025 ᠣᠨ ︶﹀ ᠢ ᠬᠢᠨᠠᠨ ᠬᠠᠷᠭᠤᠭᠤᠯᠵᠤ ᠵᠥᠪᠰᠢᠶᠡᠷᠡᠭᠦᠯᠬᠦ ᠲᠤᠬᠠᠢ ᠡᠰᠢᠯᠡᠯᠲᠡ ︾ ︵ᠲᠦᠩᠯᠢᠶᠣᠣ ᠵᠠᠰᠠᠭ ᠮᠡᠳᠡᠭᠦᠯᠦᠯᠲᠡ ﹇2025﹈ 21 ᠳ᠋ᠦ᠋ᠭᠡᠷ ᠲᠣᠭᠠᠲᠤ ︶ ᠶᠢ ᠭᠥᠯᠢᠶᠡᠨ ᠠᠪᠴᠤ ᠣᠶᠢᠯᠠᠭᠠᠯ᠎ᠠ ᠃ ᠡᠳᠦᠭᠡ ᠳᠣᠣᠷᠠᠬᠢ ᠮᠡᠲᠦ ᠴᠣᠬᠤᠯᠠᠪᠤᠷᠢᠯᠠᠪᠠ ᠄

      ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠨᠤᠲᠠᠯᠠᠭᠤᠯᠬᠤ ᠪᠠ ᠬᠢᠨᠠᠨ ᠪᠠᠶᠢᠴᠠᠭᠠᠯᠭᠠᠭᠠᠳ ᠂ ︽ᠲᠦᠩᠯᠢᠶᠣᠣ ᠬᠤᠲᠠ ᠶᠢᠨ ᠬᠤᠷᠴᠢᠨ ᠲᠣᠭᠤᠷᠢᠭ ᠤᠨ ᠭᠠᠵᠠᠷ ᠰᠢᠷᠣᠢ ᠶᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠥᠰᠥᠯ ︵ 2025 ᠣᠨ ︶ ︾ ᠨᠢ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ ︾ ᠪᠠ ︽ ︿ᠭᠠᠵᠠᠷ ᠰᠢᠷᠣᠢ ᠶᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠪᠠᠷᠢᠮᠵᠢᠶ᠎ᠠ ﹀ ᠶᠢ ᠳᠠᠷᠤᠮᠠᠯᠯᠠᠨ ᠶᠠᠪᠤᠭᠤᠯᠬᠤ ᠲᠤᠬᠠᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠮᠡᠳᠡᠭᠳᠡᠯ ︾ ︵ᠪᠠᠶᠢᠭᠠᠯᠢ ᠪᠠᠶᠠᠯᠢᠭ ᠲᠣᠭᠲᠠᠭᠠᠯ ﹇2023﹈ 7 ᠳ᠋ᠤᠭᠠᠷ ᠲᠣᠭᠠᠲᠤ ︶ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠢ ᠶᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠶᠢ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ ︶ ︾ ᠤᠨ ᠬᠤᠯᠪᠣᠭᠳᠠᠯ ᠪᠦᠬᠦᠢ ᠲᠣᠭᠲᠠᠭᠠᠯ ᠪᠠ ᠱᠠᠭᠠᠷᠳᠠᠯᠭ᠎ᠠ ᠳᠤ ᠨᠡᠶᠢᠴᠡᠵᠦ ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢᠨ ᠬᠠᠮᠢᠶᠠᠷᠤᠨ ᠡᠵᠡᠮᠳᠡᠬᠦ ᠳᠦᠷᠢᠮ ᠳᠤ ᠨᠡᠶᠢᠴᠡᠵᠦ ᠪᠠᠶᠢᠨ᠎ᠠ ᠃ ᠡᠶᠢᠨ ᠬᠦ ︽ᠲᠦᠩᠯᠢᠶᠣᠣ ᠬᠤᠲᠠ ᠶᠢᠨ ᠬᠤᠷᠴᠢᠨ ᠲᠣᠭᠤᠷᠢᠭ ᠤᠨ ᠭᠠᠵᠠᠷ ᠰᠢᠷᠣᠢ ᠶᠢ ᠲᠠᠲᠠᠪᠤᠷᠢᠯᠠᠨ ᠬᠤᠷᠢᠶᠠᠵᠤ ᠬᠡᠰᠡᠭ ᠢᠶᠠᠷ ᠨᠡᠭᠡᠭᠡᠨ ᠬᠥᠭᠵᠢᠭᠦᠯᠬᠦ ᠲᠥᠰᠥᠯ ︵ 2025 ᠣᠨ ︶ ︾ ᠢ ᠵᠠᠷᠴᠢᠮ ᠳᠡᠭᠡᠷ᠎ᠡ ᠪᠠᠨ ᠵᠥᠪᠰᠢᠶᠡᠷᠡᠪᠡ ᠂ ᠡᠯ᠎ᠡ ᠵᠦᠢᠯ ᠤᠨ ᠠᠵᠢᠯ ᠢᠶᠠᠨ ᠬᠠᠤᠯᠢ ᠲᠣᠭᠲᠠᠭᠠᠯ ᠶᠣᠰᠣᠭᠠᠷ ᠰᠠᠶᠢᠲᠤᠷ ᠬᠢᠲᠦᠭᠡᠢ ᠃

 

               2025  ᠣᠨ ᠤ 3 ᠳ᠋ᠤᠭᠠᠷ ᠰᠠᠷ᠎ᠠ ᠶᠢᠨ 5 ᠤ ᠡᠳᠦᠷ

      ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ ︶

     

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ