ᠯᠢ ᠴᠢᠶᠠᠩ ᠼᠠᠢ ᠴᠢ ᠬᠤᠷᠠᠯ ᠳᠤ ᠣᠷᠣᠯᠴᠠᠪᠠ
ᠰᠢᠨᠬᠤᠸᠠ ᠬᠤᠷᠢᠶ᠎ᠠ ᠶᠢᠨ ᠱᠠᠩᠬᠠᠢ ᠶᠢᠨ 4 ᠰᠠᠷ᠎ᠠ ᠶᠢᠨ 30 ᠤ ᠴᠠᠬᠢᠯᠭᠠᠨ ᠮᠡᠳᠡᠭᠡ
ᠲᠤᠮᠳᠠᠲᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠤᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 30 ᠤ ᠦᠳᠡ ᠶᠢᠨ ᠡᠮᠤᠨ᠎ᠠ ᠱᠠᠩᠬᠠᠢ ᠳᠤ ᠭᠡᠰᠡᠭ ᠮᠤᠵᠢ ᠣᠷᠣᠨ ᠬᠤᠳᠠ ᠶᠢᠨ ︽ᠠᠷᠪᠠᠨ ᠲᠠᠪᠤᠳᠤᠭᠠᠷ ᠲᠠᠪᠤᠨ ᠵᠢᠯ︾ ᠤᠨ ᠲᠦᠯᠤᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠵᠠᠢ᠃ ᠲᠡᠷᠡ᠂ ᠡᠨᠡ ᠵᠢᠯ ᠪᠣᠯ ︽ᠠᠷᠪᠡᠨ ᠳᠥᠷᠪᠡᠳᠦᠭᠡᠷ ᠲᠠᠪᠤᠨ ᠵᠢᠯ︾ ᠤᠨ ᠲᠦᠯᠤᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠣᠯᠣᠨ᠎ᠠ᠂ ᠲᠦᠯᠤᠪᠵᠢᠭᠦᠯᠭᠡ ᠶᠢᠨ ᠬᠠᠷᠠᠯᠲᠠ ᠡᠭᠦᠷᠭᠡ ᠶᠢ ᠱᠠᠯᠠᠪᠳᠡᠨ ᠨᠡᠶᠢᠲᠡᠪᠤᠷᠢᠵᠢᠭᠤᠯᠬᠤ ᠶᠢᠨ ᠬᠠᠮᠲᠤ ᠪᠠᠶᠢᠳᠠᠯ ᠤᠨ ᠬᠤᠪᠢᠷᠠᠯᠲᠠ ᠳᠤ ᠵᠣᠬᠢᠴᠠᠭᠤᠯᠤᠨ᠂ ᠪᠠᠶᠢᠯᠳᠤᠬᠤ ᠪᠤᠳᠤᠯᠭ᠎ᠠ ᠶᠢᠨ ᠭᠤᠣᠯᠳᠠᠯᠭ᠎ᠠ ᠶᠢ ᠡᠵᠡᠮᠳᠠᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠦᠯᠤᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠤᠬᠠᠭᠠᠯᠠᠨ ᠲᠦᠯᠥᠪᠯᠡᠬᠦ ᠬᠡᠷᠡᠭᠳᠡᠢ ᠭᠡᠵᠦ ᠴᠢᠬᠤᠯᠠᠴᠢᠯᠡᠪᠠ᠃

4 ᠰᠠᠷ᠎ᠠ ᠶᠢᠨ 30 ᠤ ᠦᠳᠡ ᠶᠢᠨ ᠡᠮᠤᠨ᠎ᠡ᠂ ᠳᠤᠮᠳᠠᠲᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠤᠩᠬᠡᠢ ᠰᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠱᠠᠬᠠᠢ ᠳᠤ ᠬᠡᠰᠡᠭ ᠮᠤᠵᠢ ᠤᠷᠣᠨ ᠬᠤᠳᠠ ᠶᠢᠨ ︽ᠠᠷᠪᠠᠨ ᠲᠠᠪᠤᠳᠤᠭᠠᠷ ᠲᠠᠪᠤᠨ ᠵᠢᠯ︾ ᠤᠨ ᠲᠦᠯᠤᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠠ ᠶᠢ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠤᠭᠰᠠᠨ ᠪᠦᠭᠡᠳ ᠴᠢᠬᠤᠯᠠ ᠶᠠᠷᠢᠶ᠎ᠠ ᠲᠠᠯᠪᠢᠪᠠ᠃
ᠰᠢᠠᠬᠤᠸᠠ ᠬᠤᠷᠢᠶ᠎ᠠ ᠶᠢᠨ ᠰᠤᠷᠪᠤᠯᠵᠢᠯᠠᠭᠴᠢ ᠸᠠᠩ ᠶᠧ ᠰᠡᠭᠦᠳᠡᠷᠯᠡᠪᠡ
ᠲᠤᠮᠳᠠᠲᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠤ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ᠂ ᠲᠤᠮᠳᠠᠲᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠤ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠤᠨ ᠠᠯᠪᠠᠨ ᠲᠢᠩᠬᠢᠮ ᠤᠨ ᠡᠷᠬᠢᠯᠡᠭᠴᠢ ᠼᠠᠢ ᠴᠢ ᠶᠠᠷᠢᠯᠴᠠᠬᠤ ᠬᠤᠷᠠᠯ ᠳᠤ ᠤᠷᠤᠯᠴᠠᠪᠠ᠃
ᠶᠠᠷᠢᠯᠴᠠᠬᠤ ᠬᠤᠷᠠᠯ ᠳᠡᠭᠡᠷ᠎ᠡ᠂ ᠥᠪᠣᠷ ᠮᠣᠩᠭᠤᠯ ᠤᠨ ᠥᠪᠡᠷᠳᠡᠭᠡᠨ ᠵᠠᠰᠠᠬᠤ ᠤᠷᠣᠨ ᠤ ᠨᠠᠮ ᠤᠨ ᠬᠤᠷᠢᠶ᠎ᠠ ᠶᠢᠨ ᠰᠦᠵᠢ ᠰᠦᠨ ᠱᠤᠤ ᠴᠧᠩ᠂ ᠱᠠᠩᠬᠠᠢ ᠬᠤᠳᠠ ᠶᠢᠨ ᠨᠠᠮ ᠤᠨ ᠬᠤᠷᠢᠶ᠎ᠠ ᠶᠢᠨ ᠰᠦᠵᠢ ᠴᠧᠨ ᠵᠢᠶ ᠨᠢᠩ᠂ ᠵᠧᠵᠢᠶᠠᠩ ᠮᠤᠵᠢ ᠶᠢᠨ ᠨᠠᠮ ᠤᠨ ᠬᠤᠷᠢᠶ᠎ᠠ ᠶᠢᠨ ᠰᠦᠵᠢ ᠸᠠᠩ ᠬᠤᠤ᠂ ᠬᠤᠪᠧᠢ ᠮᠤᠵᠢ ᠶᠢᠨ ᠨᠠᠮ ᠤᠨ ᠬᠤᠷᠢᠶ᠎ᠠ ᠶᠢᠨ ᠰᠦᠵᠢ ᠸᠠᠩ ᠵᠦᠩ ᠯᠢᠨ᠂ ᠭᠤᠸᠠᠩᠳᠦ᠋ᠩ ᠮᠤᠵᠢ ᠶᠢᠨ ᠨᠠᠮ ᠤᠨ ᠬᠤᠷᠢᠶ᠎ᠠ ᠶᠢᠨ ᠰᠦᠵᠢ ᠬᠤᠸᠠᠩ ᠺᠦᠨ ᠮᠢᠩ᠂ ᠰᠧᠴᠤᠸᠠᠨ ᠮᠤᠵᠢ ᠶᠢᠨ ᠨᠠᠮ ᠤᠨ ᠬᠤᠷᠢᠶ᠎ᠠ ᠶᠢᠨ ᠰᠦᠵᠢ ᠸᠠᠩ ᠰᠢᠶᠣᠣ ᠬᠤᠢ᠂ ᠭᠠᠨᠰᠤ ᠮᠤᠵᠢ ᠶᠢᠨ ᠨᠠᠮ ᠤᠨ ᠬᠤᠷᠢᠶ᠎ᠠ ᠶᠢᠨ ᠰᠦᠵᠢ ᠬᠤ᠋ ᠴᠠᠩ ᠱᠧᠩ ᠤᠷᠢᠳ ᠬᠤᠵᠢᠳ ᠦᠭᠡ ᠬᠡᠯᠡᠵᠤ᠂ ᠠᠵᠢᠯ ᠤᠨ ᠪᠤᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠠᠷᠪᠠᠨ ᠲᠠᠪᠤᠳᠤᠭᠠᠷ ᠲᠠᠪᠤᠨ ᠵᠢᠯ ᠤᠨ ᠲᠦᠯᠤᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠤᠬᠠᠢ ᠰᠠᠨᠠᠯ ᠰᠠᠨᠠᠭᠤᠯᠭ᠎ᠠ ᠳᠤᠷᠠᠳᠪᠠ᠃
ᠤᠯᠠᠨ ᠤ ᠬᠡᠯᠡᠬᠦ ᠶᠢ ᠰᠤᠨᠣᠰᠤᠭᠰᠠᠨ ᠤ ᠲᠠᠷᠠᠭ᠎ᠠ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠲᠠᠪᠤᠨ ᠵᠢᠯ ᠤᠨ ᠲᠦᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠪᠠ ᠦᠷᠭᠦᠯᠵᠢᠯᠡᠨ ᠬᠡᠷᠡᠭᠵᠢᠭᠦᠯᠬᠦ ᠪᠣᠯ ᠮᠠᠨ ᠤ ᠨᠠᠮ ᠤᠨ ᠲᠥᠷᠥ ᠶᠢ ᠵᠠᠰᠠᠵᠤ ᠵᠠᠰᠠᠭ ᠢ ᠡᠷᠬᠢᠯᠡᠬᠦ ᠨᠢᠭᠡᠨ ᠴᠢᠬᠤᠯᠠ ᠲᠤᠷᠰᠢᠯᠭ᠎ᠠ ᠪᠣᠯᠬᠤ ᠪᠥᠭᠡᠳ ᠲᠤᠮᠳᠠᠲᠤ ᠣᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠨᠢᠭᠡᠨ ᠴᠢᠬᠤᠯᠠ ᠤᠯᠤᠰ ᠲᠥᠷᠥ ᠶᠢᠨ ᠳᠠᠪᠠᠭᠤᠯᠢᠭ ᠪᠣᠯᠣᠨ᠎ᠠ᠃ ︽ᠠᠷᠪᠡᠨ ᠲᠠᠪᠤᠳᠤᠭᠠᠷ ᠲᠠᠪᠤᠨ ᠵᠢᠯ︾ ᠤᠨ ᠲᠦᠯᠤᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢ ᠣᠬᠠᠭᠠᠯᠠᠨ ᠲᠦᠯᠥᠪᠯᠡᠬᠦ ᠳᠤ ᠡᠷᠭᠡᠪᠰᠢ ︽ᠠᠷᠪᠠᠨ ᠲᠠᠪᠤᠳᠤᠭᠠᠷ ᠲᠠᠪᠤᠨ ᠵᠢᠯ︾ ᠤᠨ ᠲᠦᠯᠤᠪᠵᠢᠭᠦᠯᠭᠡ ᠶᠢᠨ ᠬᠤᠭᠤᠴᠠᠭᠠᠨ ᠳᠠᠬᠢ ᠱᠠᠲᠤ ᠦᠶᠡᠴᠢ ᠴᠢᠨᠠᠷᠲᠠᠢ ᠱᠠᠭᠠᠷᠳᠠᠯᠭ᠎ᠠ ᠶᠢ ᠤᠨᠤᠪᠴᠢᠲᠠᠢ ᠡᠵᠡᠮᠲᠠᠵᠤ᠂ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠤᠲᠠᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠲᠤ ᠠᠩᠬᠠᠷᠤᠯ ᠢᠶᠠᠨ ᠲᠦᠪᠯᠡᠷᠡᠭᠦᠯᠵᠤ᠂ ᠨᠡᠶᠢᠭᠡᠮ ᠵᠢᠷᠣᠮᠲᠤ ᠤᠳᠣᠬᠢᠴᠢᠯᠡᠯᠲᠠ ᠶᠢᠨ ᠬᠠᠷᠠᠯᠲᠠ ᠶᠢ ᠦᠨᠳᠦᠰᠤᠨ ᠳᠡᠭᠡᠨ ᠪᠠᠶᠠᠯᠡᠭᠦᠯᠭᠦ ᠲᠠᠢ ᠨᠢᠭᠲᠠ ᠤᠶᠠᠯᠳᠤᠭᠤᠯᠤᠨ᠂ ᠬᠦᠷᠢᠶ᠎ᠡ ᠴᠠᠷᠠᠭ᠎ᠠ ᠲᠠᠷᠠᠭᠠᠯᠠᠨ ᠬᠠᠷᠠᠯᠲᠠ ᠡᠭᠦᠷᠭᠡ ᠶᠢ ᠵᠦᠢ ᠵᠣᠬᠢᠰᠲᠡᠢ ᠲᠣᠭᠳᠠᠭᠠᠵᠤ᠂ ᠰᠠᠳᠬᠢᠮᠵᠢ ᠠᠷᠭ᠎ᠠ ᠬᠡᠮᠵᠢᠶ᠎ᠡ ᠳᠤᠷᠠᠳᠬᠤ ᠬᠡᠷᠡᠭᠳᠡᠢ᠃ ᠡᠯ᠎ᠡ ᠲᠠᠯ᠎ᠡ ᠶᠢᠨ ᠬᠠᠷᠠᠯᠲᠠ ᠡᠭᠦᠷᠭᠡ ᠶᠢ ᠬᠦᠨᠵᠡᠭᠡᠢ ᠵᠠᠳᠠᠯᠤᠨ ᠨᠤᠳᠠᠯᠠᠵᠤ᠂ ᠰᠢᠨᠵᠢᠯᠡᠬᠦ ᠤᠬᠠᠭᠠᠨᠴᠢ ᠣᠨᠣᠪᠴᠢᠲᠠᠢ ᠪᠠᠶᠢᠯᠭᠠᠨ᠂ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠤ ᠲᠡᠶᠢᠯᠭᠦ ᠶᠢ ᠦᠨᠡᠨ ᠬᠦ ᠪᠠᠲᠤᠯᠠᠬᠤ ᠬᠡᠷᠡᠭᠲᠡᠢ᠃ ᠨᠢᠭᠡᠲᠤᠯᠲᠡᠢ ᠲᠦᠯᠤᠪᠵᠢᠭᠦᠯᠣᠨ ᠤᠬᠠᠭᠠᠯᠠᠨ ᠲᠦᠯᠤᠪᠯᠡᠵᠤ᠂ ᠵᠠᠩᠬᠢᠯᠠᠭ᠎ᠠ ᠶᠢᠨ ᠴᠢᠨᠠᠷᠲᠠᠢ᠂ ᠰᠢᠢᠳᠪᠦᠷᠢᠯᠡᠭᠴᠢ ᠴᠢᠨᠠᠷᠲᠠᠢ ᠬᠦᠴᠦᠨ ᠵᠦᠢᠯ ᠢ ᠠᠳᠬᠤᠵᠤ᠂ ᠡᠷᠴᠢᠮ ᠪᠣᠯᠣᠨ ᠠᠬᠢᠴᠡ ᠶᠢ ᠰᠠᠶᠢᠳᠤᠷ ᠡᠵᠡᠮᠳᠠᠵᠤ᠂ ᠳᠠᠪᠠᠭᠤᠯᠢᠭ ᠢᠶᠠᠨ ᠪᠠᠬᠢᠵᠢᠭᠦᠯᠦᠨ ᠦᠷᠭᠡᠳᠭᠡᠬᠦ᠂ ᠪᠤᠭᠤᠮᠢ ᠲᠦᠭᠵᠢᠷᠡᠯ ᠢ ᠰᠢᠪᠳᠤᠯᠬᠤ᠂ ᠳᠤᠳᠠᠭᠤᠳᠠᠯ ᠪᠠᠭᠤᠷᠠᠢ ᠲᠠᠯ᠎ᠠ ᠪᠠᠨ ᠨᠦᠭᠦᠪᠦᠷᠢᠯᠡᠬᠦ᠂ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠭᠦ ᠶᠢ ᠴᠢᠬᠤᠯᠡᠴᠢᠯᠡᠵᠤ᠂ ᠪᠦᠬᠦᠯᠢ ᠴᠤᠭᠴᠠ ᠶᠢᠨ ᠬᠠᠷᠠᠯᠲᠠ ᠶᠢᠨ ᠴᠢᠭᠯᠡᠯ ᠲᠠᠢ ᠨᠢᠭᠡᠲᠤᠯᠲᠡᠢ ᠪᠠᠶᠢᠯᠭᠠᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠡᠪᠠ᠃
ᠰᠢ ᠶᠢᠨ ᠫᠢᠩ᠂ ︽ᠠᠷᠪᠠᠨ ᠳᠠᠪᠤᠳᠤᠭᠠᠷ ᠲᠠᠪᠤᠨ ᠵᠢᠯ︾ ᠤᠨ ᠲᠦᠯᠥᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠳ ᠬᠥᠭᠵᠢᠯᠲᠡ ᠶᠢ ᠲᠦᠯᠤᠪᠵᠢᠭᠦᠯᠬᠦ ᠳᠤ᠂ ᠳᠡᠯᠡᠭᠡᠢ ᠶᠢᠨ ᠪᠠᠶᠢᠳᠠᠯ ᠤᠨ ᠬᠥᠭᠵᠢᠯᠲᠠ ᠬᠤᠪᠢᠷᠡᠯᠲᠠ ᠠᠴᠠ ᠮᠠᠨ ᠤ ᠤᠯᠤᠰ ᠲᠤ ᠦᠵᠡᠭᠦᠯᠭᠦ ᠨᠦᠯᠥᠭᠡ ᠶᠢ ᠪᠠᠷᠡᠯᠡᠯᠲᠤ ᠴᠢᠨᠡᠷᠲᠠᠢ ᠪᠠᠷ ᠡᠵᠡᠮᠳᠠᠵᠤ᠂ ᠬᠠᠨᠲᠤᠰᠢ ᠶᠢ ᠦᠨᠳᠤᠰᠤᠯᠠᠨ ᠠᠵᠤ ᠠᠬᠤᠢ ᠶᠢᠨ ᠪᠠᠶᠢᠷᠢᠰᠢᠭᠤᠯᠤᠯᠲᠠ ᠶᠢ ᠠᠰᠢᠭᠲᠠᠢ ᠲᠠᠶᠢᠰᠢ ᠲᠣᠬᠢᠷᠠᠭᠤᠯᠤᠨ ᠰᠢᠯᠢᠳᠡᠭᠵᠢᠭᠦᠯᠬᠦ ᠬᠡᠷᠡᠭᠲᠡᠢ᠃ ᠥᠪᠡᠷ ᠤᠨ ᠶᠠᠪᠤᠳᠠᠯ ᠢᠶᠠᠨ ᠭᠤᠶᠢᠪᠢᠰᠢ ᠦᠭᠡᠢ ᠰᠠᠶᠢᠲᠤᠷ ᠬᠢᠵᠦ᠂ ᠦᠨᠳᠤᠷ ᠲᠦᠪᠰᠢᠨ ᠪᠦᠭᠦᠢ ᠭᠠᠲᠠᠭᠠᠲᠤ ᠨᠡᠭᠡᠭᠡᠯᠲᠡ ᠶᠢ ᠭᠤᠶᠢᠪᠢᠰᠢ ᠦᠭᠡᠢ ᠥᠷᠭᠡᠳᠬᠡᠵᠦ᠂ ᠣᠯᠠᠨ ᠠᠷᠭ᠎ᠠ ᠬᠡᠮᠵᠢᠶ᠎ᠠ ᠶᠢ ᠵᠡᠷᠭᠡ ᠪᠠᠷ ᠬᠡᠷᠡᠭᠯᠡᠨ ᠠᠵᠢᠯ ᠣᠯᠭᠤᠯᠲᠠ ᠶᠢ ᠲᠣᠭᠳᠠᠪᠤᠷᠢᠵᠢᠭᠤᠯᠵᠤ᠂ ᠠᠵᠤ ᠠᠬᠤᠶᠢᠯᠠᠯ ᠢ ᠲᠣᠭᠳᠠᠪᠤᠷᠢᠵᠢᠭᠤᠯᠵᠤ᠂ ᠵᠠᠬ᠎ᠠ ᠲᠡᠯᠭᠡᠭᠦᠷ ᠢ ᠲᠣᠭᠳᠠᠪᠤᠷᠢᠵᠢᠭᠤᠯᠵᠤ᠂ ᠵᠢᠱᠢᠯᠲᠠ ᠶᠢ ᠲᠣᠭᠳᠠᠪᠤᠷᠢᠵᠢᠭᠤᠯᠵᠤ᠂ ᠠᠵᠤ ᠠᠬᠤᠢ ᠶᠢᠨ ᠦᠨᠳᠤᠰᠤᠨ ᠪᠠᠶᠢᠳᠠᠯ ᠢ ᠪᠦᠲᠦᠮᠵᠢᠲᠠᠢ ᠲᠣᠭᠳᠠᠪᠤᠷᠢᠵᠢᠭᠤᠯᠵᠤ᠂ ᠰᠢᠨ᠎ᠡ ᠬᠥᠭᠵᠢᠯᠲᠠ ᠶᠢᠨ ᠪᠠᠶᠢᠷᠢᠰᠢᠯ ᠢ ᠲᠦᠷᠭᠡᠭᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠬᠤ ᠬᠡᠷᠡᠭᠲᠡᠢ᠃ ᠬᠦᠭᠵᠢᠯᠲᠡ ᠪᠠ ᠠᠮᠤᠷ ᠲᠥᠪᠰᠢᠨ ᠢ ᠨᠢᠭᠡᠲᠤᠯᠲᠠᠢ ᠲᠦᠯᠥᠪᠵᠢᠭᠦᠯᠬᠦ ᠶᠢ ᠨᠡᠩ ᠴᠢᠬᠤᠯᠠᠴᠢᠯᠠᠵᠤ᠂ ᠲᠤᠳᠤᠭᠠᠲᠤ ᠭᠠᠲᠠᠭᠠᠲᠤ ᠶᠢᠨ ᠠᠶᠤᠯ ᠲᠦᠭᠰᠢᠭᠦᠷᠢ ᠦᠷᠢᠰᠦᠯᠳᠦᠭᠡᠨ ᠢ ᠪᠦᠬᠦ ᠲᠠᠯ᠎ᠠ ᠪᠠᠷ ᠪᠤᠳᠦᠯᠭᠢᠯᠡᠵᠦ᠂ ᠤᠯᠤᠰ ᠤᠨ ᠠᠮᠤᠷ ᠲᠦᠪᠰᠢᠨ ᠤ ᠰᠢᠰᠲ᠋ᠧᠮ ᠢ ᠪᠦᠷᠢᠨᠰᠢᠭᠦᠯᠦᠨ᠂ ᠠᠮᠤᠷ ᠲᠦᠪᠰᠢᠨ ᠢ ᠬᠠᠮᠠᠭᠠᠯᠠᠬᠤ ᠴᠢᠳᠡᠪᠤᠷᠢ ᠶᠢ ᠴᠢᠩᠭᠠᠳᠬᠠᠵᠤ᠂ ᠦᠨᠳᠣᠷ ᠪᠦᠳᠦᠮᠵᠢᠲᠡᠢ ᠵᠠᠰᠠᠯᠲᠡ ᠪᠠᠷ ᠴᠢᠨᠠᠷ ᠰᠠᠶᠢᠲᠠᠢ ᠬᠦᠭᠵᠢᠯᠲᠡ ᠪᠠ ᠦᠨᠳᠦᠷ ᠲᠦᠪᠰᠢᠨ ᠪᠦᠬᠦᠶ ᠠᠮᠤᠷ ᠲᠦᠪᠰᠢᠨ ᠤ ᠰᠠᠶᠢᠨ ᠬᠤᠷᠰᠢᠯᠴᠠᠯ ᠢ ᠠᠬᠢᠭᠤᠯᠵᠤ᠂ ᠰᠢᠨ᠎ᠡ ᠠᠮᠤᠷ ᠲᠦᠪᠰᠢᠨ ᠤ ᠪᠠᠶᠢᠷᠢᠰᠢᠯ ᠢᠶᠠᠷ ᠰᠢᠨ᠎ᠡ ᠬᠦᠭᠵᠢᠯᠲᠡ ᠶᠢᠨ ᠪᠠᠶᠢᠷᠢᠰᠢᠯ ᠢ ᠪᠠᠲᠤᠯᠠᠬᠤ ᠬᠡᠷᠡᠭᠳᠡᠢ ᠭᠡᠵᠦ ᠵᠢᠭᠠᠵᠤ ᠭᠠᠷᠭᠠᠵᠠᠢ᠃
ᠰᠢ ᠶᠢᠨ ᠫᠢᠩ᠂ ︽ᠠᠷᠪᠠᠨ ᠳᠠᠪᠤᠳᠤᠭᠠᠷ ᠲᠠᠪᠤᠨ ᠵᠢᠯ︾ ᠤᠨ ᠲᠦᠯᠥᠪᠵᠢᠭᠦᠯᠭᠡ ᠶᠢᠨ ᠬᠤᠭᠤᠴᠠᠭᠠᠨ ᠳᠤ᠂ ᠡᠷᠬᠡᠪᠰᠢ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠤᠨ ᠣᠢᠯᠡᠳᠪᠤᠷᠢᠯᠡᠯ ᠤᠨ ᠬᠦᠴᠤᠨ ᠢ ᠬᠦᠭᠵᠢᠭᠦᠯᠬᠦ ᠶᠢ ᠨᠡᠩ ᠳᠣᠪᠣᠶᠢᠮ᠎ᠡ ᠪᠠᠶᠢᠯᠳᠤᠬᠤ ᠪᠣᠳᠤᠯᠭ᠎ᠠ ᠶᠢᠨ ᠪᠠᠶᠢᠷᠢᠨ ᠳᠤ ᠲᠠᠯᠪᠢᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠵᠢᠯᠤᠭᠤᠳᠤᠮᠵᠢ ᠪᠣᠯᠭᠠᠵᠤ᠂ ᠪᠤᠳᠠᠲᠤ ᠴᠤᠭᠴᠠ ᠶᠢᠨ ᠠᠵᠤ ᠠᠬᠤᠢ ᠪᠠᠷ ᠰᠠᠭᠤᠷᠢ ᠪᠣᠯᠭᠠᠵᠤ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠠᠪᠰᠢᠭᠦᠯᠬᠦ ᠶᠢ ᠪᠦᠬᠦ ᠲᠠᠯ᠎ᠠ ᠪᠠᠷ ᠠᠬᠢᠭᠤᠯᠬᠤ᠂ ᠰᠢᠨ᠎ᠡ ᠪᠠᠷ ᠮᠠᠨᠳᠤᠭᠰᠡᠨ ᠠᠵᠤ ᠦᠢᠯᠡᠰ ᠢ ᠢᠳᠡᠪᠬᠢᠲᠡᠢ ᠬᠦᠭᠵᠢᠭᠦᠯᠭᠦ᠂ ᠢᠷᠡᠭᠡᠳᠦᠢ ᠶᠢᠨ ᠠᠵᠤ ᠦᠶᠢᠯᠡᠰ ᠢ ᠤᠷᠢᠳᠴᠢᠯᠠᠨ ᠪᠠᠶᠢᠷᠢᠰᠢᠭᠤᠯᠬᠤ ᠶᠢ ᠪᠠᠷᠢᠮᠲᠠᠯᠠᠵᠤ᠂ ᠣᠳᠣᠬᠢᠴᠢᠯᠠᠭᠰᠠᠨ ᠠᠵᠤ ᠣᠶᠢᠯᠡᠰ ᠤᠨ ᠰᠢᠰᠲ᠋ᠧᠮ ᠢ ᠲᠦᠷᠭᠡᠭᠡᠨ ᠪᠠᠶᠢᠭᠤᠯᠬᠤ ᠬᠡᠷᠡᠭᠳᠡᠢ᠃ ᠤᠯᠤᠰ ᠤᠨ ᠰᠢᠨ᠎ᠡ ᠶᠢ ᠡᠭᠦᠳᠬᠦ ᠰᠢᠰᠲ᠋ᠧᠮ ᠢ ᠲᠡᠭᠦᠯᠳᠡᠷᠵᠢᠭᠦᠯᠵᠦ᠂ ᠡᠯ᠎ᠡ ᠲᠦᠷᠤᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠠᠮᠢᠵᠢᠷᠡᠯ ᠤᠨ ᠬᠦᠴᠦᠨ ᠢ ᠬᠥᠭᠵᠢᠭᠡᠵᠦ᠂ ᠳᠡᠯᠡᠭᠡᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠰᠢᠭᠤᠷᠠᠯ ᠳᠤ ᠠᠩᠬᠠᠷᠤᠯ ᠢᠶᠠᠨ ᠬᠠᠨᠳᠤᠭᠤᠯᠵᠤ᠂ ᠰᠠᠭᠤᠷᠢ ᠰᠤᠳᠤᠯᠭᠠᠨ ᠢ ᠴᠢᠩᠭᠠᠳᠬᠠᠬᠤ᠂ ᠤᠤᠭᠠᠯ ᠡᠭᠦᠳᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠭᠦ ᠲᠠᠯ᠎ᠠ ᠪᠠᠷ ᠦᠷᠭᠦᠯᠵᠢᠯᠡᠨ ᠬᠦᠴᠦᠯᠡᠵᠤ᠂ ᠵᠠᠩᠬᠢᠯᠠᠭ᠎ᠠ ᠶᠢᠨ ᠭᠤᠣᠯᠯᠠᠬᠤ ᠮᠡᠷᠭᠡᠵᠢᠯ᠂ ᠬᠤᠰᠢᠭᠤᠷᠠᠯ ᠮᠡᠷᠭᠡᠵᠢᠯ ᠢ ᠰᠢᠢᠳᠪᠦᠷᠢᠯᠡᠬᠦ ᠲᠠᠯ᠎ᠠ ᠪᠠᠷ ᠱᠠᠯᠠᠪᠳᠠᠨ ᠪᠣᠭᠤᠮᠲᠠ ᠰᠢᠪᠲᠦᠯᠬᠤ ᠬᠡᠷᠡᠭᠲᠡᠢ᠃ ᠰᠤᠷᠭᠠᠨ ᠬᠦᠮᠤᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠴᠢᠳᠠᠪᠤᠷᠢᠲᠠᠨ ᠢ ᠨᠢᠭᠡ ᠴᠤᠭᠴᠠᠵᠢᠭᠤᠯᠤᠨ ᠬᠦᠭᠵᠢᠭᠦᠯᠬᠦ ᠶᠢ ᠨᠢᠭᠡᠳᠦᠯᠲᠡᠢ ᠲᠦᠯᠥᠪᠵᠢᠭᠦᠯᠣᠨ ᠠᠬᠢᠭᠤᠯᠵᠤ᠂ ᠰᠢᠨ᠎ᠡ ᠴᠢᠨᠠᠷ ᠤᠨ ᠦᠢᠯᠡᠳᠪᠤᠷᠢᠯᠡᠯ ᠤᠨ ᠬᠦᠴᠦᠨ ᠤ ᠬᠥᠭᠵᠢᠯᠲᠡ ᠶᠢᠨ ᠰᠠᠭᠤᠷᠢ ᠴᠢᠨᠡᠷᠲᠡᠢ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠲᠤᠯᠭᠠᠭᠤᠷᠢᠯᠠᠯ ᠢ ᠪᠠᠲᠤ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠡᠪᠠ᠃
ᠰᠢ ᠶᠢᠨ ᠫᠢᠩ᠂ ᠳᠤᠮᠳᠠᠲᠤ ᠣᠯᠤᠰ ᠤᠨ ᠮᠠᠶ᠋ᠢᠭ ᠤᠨ ᠤᠳᠣᠬᠢᠴᠢᠯᠠᠯᠲᠠ ᠪᠣᠯ ᠪᠥᠬᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠨᠡᠶᠢᠭᠡᠮ ᠵᠢᠷᠤᠮᠲᠤ ᠤᠳᠤᠬᠢᠴᠢᠯᠠᠯᠲᠠ ᠮᠥᠨ᠃ ︽ᠠᠷᠪᠠᠨ ᠲᠠᠪᠤᠳᠤᠭᠠᠷ ᠲᠠᠪᠤᠨ ᠵᠢᠯ︾ ᠤᠨ ᠲᠦᠯᠤᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠦᠭᠵᠢᠯᠲᠡ ᠶᠢ ᠲᠦᠯᠥᠪᠵᠢᠭᠦᠯᠬᠦ ᠳᠤ ᠤᠭ ᠰᠠᠨᠠᠭ᠎ᠠ ᠪᠠᠨ ᠦᠯᠤ ᠮᠠᠷᠲᠠᠨ᠂ ᠠᠷᠠᠳ ᠲᠦᠮᠡᠨ ᠳᠤ ᠪᠤᠶᠠᠨ ᠦᠢᠯᠡᠳᠬᠦ ᠪᠠᠷ ᠦᠨᠳᠦᠰᠤᠨ ᠦᠷᠳᠡᠭ ᠤᠳ ᠬᠠᠨᠳᠦᠰᠢ ᠪᠣᠯᠭᠠᠵᠤ᠂ ᠬᠥᠭᠵᠢᠭᠦᠯᠬᠦ ᠳᠤᠮᠳᠠ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠶᠢ ᠪᠠᠷᠢᠮᠳᠠᠯᠠᠨ᠂ ᠬᠠᠮᠲᠤ ᠪᠠᠷ ᠪᠠᠶᠠᠵᠢᠬᠤ ᠶᠢ ᠯᠠᠪᠳᠠᠭᠤᠨ ᠠᠬᠢᠭᠤᠯᠬᠤ ᠬᠡᠷᠡᠭᠲᠡᠢ᠃ ᠣᠷᠣᠨ ᠪᠦᠰᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠣᠷᠣᠨ ᠪᠦᠰᠡ ᠶᠢᠨ ᠵᠣᠬᠢᠴᠠᠩᠭᠤᠢ ᠬᠦᠭᠵᠢᠯᠲᠠ ᠶᠢ ᠠᠬᠢᠭᠤᠯᠬᠤ ᠪᠠ ᠶᠠᠳᠠᠭᠤ ᠠᠴᠠ ᠠᠩᠬᠢᠵᠢᠷᠠᠭᠤᠯᠬᠤ ᠪᠣᠭᠤᠮᠲᠠ ᠰᠢᠪᠳᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠦᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠤᠨ ᠮᠠᠨᠳᠤᠭᠤᠯᠬᠤ ᠪᠠ ᠬᠤᠲᠠ ᠬᠦᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠬᠤ᠂ ᠬᠦᠳᠡᠭᠡ ᠠᠵᠤ ᠠᠬᠤᠢ ᠬᠦᠳᠡᠭᠡ ᠲᠣᠰᠬᠤᠨ ᠤ ᠤᠲᠣᠬᠢᠴᠢᠯᠡᠯᠲᠠ ᠶᠢ ᠲᠦᠷᠭᠡᠳᠬᠡᠬᠦ ᠵᠡᠷᠭᠡ ᠲᠠᠯ᠎ᠠ ᠶᠢᠨ ᠪᠦᠲᠣᠮᠵᠢᠲᠡᠢ ᠠᠷᠭ᠎ᠠ ᠬᠡᠮᠵᠢᠶ᠎ᠡ ᠶᠢ ᠬᠦᠨᠵᠡᠭᠡᠢ ᠰᠤᠳᠤᠯᠵᠤ᠂ ᠬᠤᠳᠠ ᠬᠦᠳᠡᠭᠡ ᠶᠢᠨ ᠤᠯᠠᠨ ᠲᠦᠮᠡᠨ ᠤ ᠤᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠬᠡᠷᠡᠭᠲᠡᠢ᠃ ᠨᠢᠭᠡ ᠪᠦᠯᠦᠭ ᠲᠠᠩᠴᠡᠭᠦᠷᠢᠳᠤ ᠴᠢᠨᠠᠷ ᠪᠣᠯᠣᠮᠵᠢᠳᠤ ᠴᠢᠨᠠᠷ ᠢᠶᠠᠷ ᠴᠢᠩᠭ᠎ᠠ ᠠᠷᠠᠳ ᠤᠨ ᠠᠮᠢᠳᠤᠷᠠᠯ ᠤᠨ ᠲᠦᠷᠤ ᠶᠢᠨ ᠪᠣᠳᠣᠯᠭ᠎ᠠ ᠠᠷᠭ᠎ᠠ ᠬᠡᠮᠵᠢᠶ᠎ᠠ ᠶᠢ ᠰᠤᠳᠤᠯᠤᠨ ᠲᠣᠭᠲᠠᠭᠠᠵᠤ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠤ ᠵᠣᠪᠠᠨᠢᠵᠤ ᠬᠦᠰᠡᠵᠤ ᠪᠠᠶᠢᠭ᠎ᠠ ᠠᠰᠠᠭᠤᠳᠠᠯ ᠢ ᠬᠦᠴᠦᠯᠠᠨ ᠰᠢᠢᠳᠪᠦᠷᠢᠯᠡᠬᠦ ᠬᠡᠷᠡᠭᠲᠡᠢ᠃ ᠣᠯᠠᠨ ᠲᠦᠮᠡᠨ ᠳᠤ ᠬᠤᠯᠪᠣᠭᠳᠠᠬᠤ ᠣᠴᠢᠷ ᠶᠠᠪᠤᠳᠠᠯ ᠤᠨ ᠵᠠᠩᠬᠢᠯᠠᠭ᠎ᠠ ᠨᠢ ᠦᠨᠡᠨ ᠪᠣᠳᠠᠲᠠᠢ ᠬᠢᠬᠦ ᠳᠤ ᠪᠠᠶᠢᠵᠤ᠂ ᠡᠯ᠎ᠡ ᠵᠦᠢᠯ ᠤᠨ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠨᠢ ᠦᠨᠡᠨ ᠪᠤᠳᠠᠲᠠᠢ᠂ ᠪᠤᠳᠠᠲᠤ ᠦᠷ᠎ᠡ ᠪᠦᠲᠦᠮᠵᠢ ᠲᠠᠢ ᠪᠠᠶᠢᠵᠤ᠂ ᠴᠢᠳᠠᠯ ᠢᠶᠠᠷ ᠢᠶᠠᠨ ᠴᠢᠷᠮᠠᠶᠢᠬᠤ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠬᠤ ᠬᠡᠷᠡᠭᠲᠡᠢ ᠭᠡᠵᠤ ᠵᠢᠭᠠᠵᠤ ᠭᠠᠷᠭᠠᠪᠠ᠃
ᠰᠢ ᠶᠢᠨ ᠫᠢᠩ᠂ ᠡᠯ᠎ᠡ ᠭᠠᠵᠠᠷ ᠣᠷᠣᠨ ︽ᠠᠷᠪᠠᠨ ᠳᠠᠪᠤᠳᠤᠭᠠᠷ ᠲᠠᠪᠤᠨ ᠵᠢᠯ ᠤᠨ ᠲᠦᠯᠥᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢ ᠲᠦᠯᠥᠪᠵᠢᠭᠦᠯᠬᠦ ᠳᠡᠭᠡᠨ ᠪᠦᠬᠦ ᠤᠯᠤᠰ ᠤᠨ ᠶᠡᠭᠡ ᠲᠠᠯ᠎ᠠ ᠳᠤ ᠤᠨᠣᠪᠴᠢᠲᠠᠢ ᠪᠠᠶᠢᠷᠢ ᠲᠣᠭᠲᠠᠭᠠᠯᠲᠠ ᠬᠢᠵᠤ᠂ ᠲᠦᠯᠤᠪᠵᠢᠭᠦᠯᠭᠡ ᠶᠢ ᠵᠤᠯᠭᠠᠭᠤᠯᠬᠤ ᠶᠢ ᠴᠢᠩᠭᠠᠳᠬᠠᠬᠤ ᠬᠡᠷᠡᠭᠲᠡᠢ᠃ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠬᠠᠷᠢᠯᠴᠠᠨ ᠨᠢᠭᠡᠳᠬᠡᠬᠦ ᠶᠢ ᠪᠠᠷᠢᠮᠳᠠᠯᠠᠵᠤ᠂ ᠬᠦᠭᠵᠢᠯᠲᠠ ᠶᠢᠨ ᠰᠡᠳᠬᠢᠮᠵᠢ ᠪᠠ ᠪᠠᠶᠢᠯᠳᠤᠬᠤ ᠪᠣᠳᠤᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠳᠠᠭᠠᠨ ᠲᠣᠰ ᠪᠡᠶ᠎ᠡ ᠶᠢᠨ ᠣᠨᠴᠠᠯᠢᠭ ᠢᠶᠠᠨ ᠢᠯᠡᠷᠡᠭᠦᠯᠬᠦ ᠶᠢ ᠴᠢᠬᠤᠯᠠᠴᠢᠯᠡᠵᠤ᠂ ᠬᠠᠷᠢᠴᠠᠭᠤᠯᠤᠭᠰᠠᠨ ᠳᠠᠪᠠᠭᠤᠯᠢᠭ ᠢᠶᠠᠨ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃
ᠾᠧ ᠯᠢ ᠹᠧᠩ᠂ ᠦ᠋ ᠵᠧᠩ ᠯᠦᠩ ᠶᠠᠷᠢᠯᠴᠠᠬᠤ ᠬᠤᠷᠠᠯ ᠳᠤ ᠣᠷᠣᠯᠴᠠᠵᠤ᠂ ᠲᠥᠪ ᠤᠨ ᠪᠠ ᠲᠦᠷᠤ ᠶᠢᠨ ᠪᠠᠶᠢᠭᠤᠯᠭ᠎ᠠ ᠶᠢᠨ ᠬᠤᠯᠪᠣᠭᠳᠠᠯ ᠪᠦᠭᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠮᠤᠵᠢ ᠤᠷᠣᠨ ᠬᠤᠳᠠ ᠶᠢᠨ ᠬᠠᠷᠢᠭᠤᠴᠠᠯᠭᠠᠲᠠᠨ ᠨᠦᠭᠦᠳ ᠶᠠᠷᠢᠯᠴᠠᠬᠤ ᠬᠤᠷᠠᠯ ᠳᠤ ᠣᠷᠤᠯᠴᠠᠪᠠ᠃