1. ᠶᠡᠷᠦᠩᠬᠡᠢ ᠱᠦᠵᠢ ᠰᠢ ᠶᠢᠨ ᠫᠢᠩ ᠤᠨ ᠬᠡᠰᠡᠭ ᠮᠤᠵᠢ ᠣᠷᠣᠨ ᠬᠤᠲᠠ ᠶᠢᠨ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠠᠭᠤᠳᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ
ᠬᠤᠷᠠᠯᠳᠤᠭᠠᠨ ᠢᠶᠠᠷ ᠴᠢᠬᠤᠯᠠᠴᠢᠯᠠᠭᠰᠠᠨ ᠨᠢ᠂ ᠨᠠᠮ ᠤᠨ ᠲᠥᠪ ᠬᠤᠷᠢᠶᠠᠨ ᠤ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠱᠠᠲᠤᠴᠢ ᠴᠢᠨᠠᠷᠲᠠᠢ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠨ᠂ ᠤᠬᠠᠮᠰᠠᠷ ᠠᠴᠠ ᠪᠠᠨ ᠪᠠᠷᠢᠮᠵᠢᠶᠠᠵᠢᠭᠤᠯᠤᠨ ᠬᠠᠷᠭᠤᠭᠤᠯᠵᠤ᠂ ᠡᠯ᠎ᠡ ᠬᠦᠷᠢᠶᠡᠨ ᠳᠠᠬᠢ ᠬᠠᠷᠠᠯᠲᠠ ᠡᠭᠦᠷᠭᠡ ᠪᠠᠨ ᠵᠣᠬᠢᠰᠲᠠᠢ ᠲᠣᠭᠲᠠᠭᠠᠵᠤ᠂ ᠨᠠᠮ ᠤᠨ ᠲᠥᠪ ᠬᠤᠷᠢᠶᠠᠨ ᠤ ᠪᠠᠶᠢᠯᠳᠤᠬᠤ ᠪᠣᠳᠣᠯᠭ᠎ᠠ ᠶᠢᠨ ᠵᠣᠷᠢᠯᠲᠠ ᠶᠢ ᠭᠦᠢᠴᠡᠳ ᠢᠯᠡᠷᠡᠭᠦᠯᠬᠦ ᠬᠡᠷᠡᠭᠲᠡᠢ᠃
︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯᠳᠠᠯᠭ᠎ᠠ ᠪᠣᠯᠬᠤ ᠠᠵᠢᠯ ᠢ ᠭᠦᠨᠵᠡᠭᠡᠢ ᠲᠦᠯᠦᠪᠵᠢᠭᠦᠯᠦᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠪᠴᠢᠯᠡᠨ ᠪᠠᠶᠢᠭᠤᠯᠵᠤ᠂ ᠠᠵᠤ ᠠᠬᠤᠢ ᠶᠢᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠵᠤ᠂ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠬᠠᠮᠲᠤ ᠪᠠᠷ ᠴᠢᠨᠡᠭᠡᠯᠢᠭᠵᠢᠬᠦ ᠶᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ᠃
ᠪᠠᠶᠢᠴᠠᠭᠠᠨ ᠰᠤᠳᠤᠯᠤᠯᠲᠠ ᠬᠢᠬᠦ ᠪᠠᠨ ᠴᠢᠩᠭᠠᠳᠬᠠᠵᠤ᠂ ᠡᠯ᠎ᠡ ᠲᠠᠯ᠎ᠠ ᠶᠢᠨ ᠬᠢᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃
2. ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ
ᠬᠤᠷᠠᠯᠳᠤᠭᠠᠨ ᠢᠶᠠᠷ ᠵᠢᠭᠠᠵᠤ ᠭᠠᠷᠭᠠᠭᠰᠠᠨ ᠨᠢ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠪᠦᠲᠦᠭᠡᠨ ᠪᠠᠶᠢᠭᠤᠯᠬᠤ ᠪᠣᠯ ᠰᠢᠨ᠎ᠡ ᠴᠠᠭ ᠦᠶ᠎ᠡ ᠳᠤ ᠥᠭᠡᠷᠡᠴᠢᠯᠡᠯᠲᠡ ᠨᠡᠭᠡᠭᠡᠯᠲᠡ ᠶᠢ ᠠᠬᠢᠭᠤᠯᠬᠤ ᠴᠢᠬᠤᠯᠠ ᠪᠠᠶᠢᠯᠳᠤᠬᠤ ᠪᠣᠳᠣᠯᠭ᠎ᠠ ᠶᠢᠨ ᠠᠷᠭ᠎ᠠ ᠬᠡᠮᠵᠢᠶ᠎ᠡ ᠪᠣᠯᠣᠨ᠎ᠠ᠃
ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠤᠯᠠᠨ ᠤᠯᠤᠰ ᠤᠨ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ ᠤ ᠳᠦᠷᠢᠮ ᠯᠦᠭᠡ ᠬᠠᠷᠭᠤᠭᠤᠯᠬᠤ ᠶᠢ ᠳᠡᠮᠵᠢᠵᠦ᠂ ᠳᠦᠷᠢᠮ ᠤᠨ ᠰᠢᠨ᠎ᠡ ᠶᠢ ᠡᠭᠦᠳᠬᠦ ᠡᠷᠴᠢᠮ ᠢᠶᠠᠨ ᠴᠢᠨᠠᠭᠰᠢᠳᠠ ᠴᠢᠩᠭᠠᠷᠠᠭᠤᠯᠤᠨ᠂ ᠦᠢᠯᠡᠴᠢᠯᠡᠭᠡᠨ ᠤ ᠠᠷᠠᠯᠵᠢᠶ᠎ᠠ ᠶᠢ ᠬᠥᠭᠵᠢᠭᠦᠯᠬᠦ᠂ ᠳ᠋ᠠᠶᠢᠲ᠋ᠠ ᠶᠢᠨ ᠬᠢᠯᠢ ᠠᠯᠤᠰᠯᠠᠨ ᠰᠢᠯᠵᠢᠭᠦᠯᠵᠤ ᠠᠵᠢᠯᠯᠠᠭᠤᠯᠬᠤ ᠳᠤ ᠳᠦᠭᠦᠮ ᠦᠵᠡᠭᠦᠯᠬᠦ ᠵᠡᠷᠭᠡ ᠲᠠᠯ᠎ᠠ ᠪᠠᠷ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠨ᠂ ᠵᠦᠷᠢᠶᠡᠴᠢᠯᠡᠭᠰᠡᠨ ᠬᠠᠶᠢᠨ ᠰᠦᠪᠡᠭᠴᠢᠯᠡᠯᠲᠡ ᠶᠢ ᠥᠷᠨᠢᠭᠦᠯᠵᠦ᠂ ᠨᠢᠭᠡ ᠪᠦᠯᠦᠭ ᠰᠢᠪᠲᠤᠯᠤᠯᠲᠠ ᠶᠢᠨ ᠴᠢᠨᠠᠷᠲᠠᠢ ᠦᠷ᠎ᠡ ᠪᠦᠲᠦᠭᠡᠯ ᠢ ᠲᠦᠷᠭᠡᠬᠡᠨ ᠭᠠᠷᠭᠠᠬᠤ ᠬᠡᠷᠡᠭᠲᠡᠢ᠃
ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠥᠭᠡᠷᠡᠴᠢᠯᠡᠯᠲᠡ ᠶᠢᠨ ᠡᠭᠦᠷᠭᠡ ᠶᠢᠨ ᠡᠷᠬᠡ ᠣᠯᠭᠤᠯᠲᠠ ᠶᠢ ᠥᠷᠭᠡᠳᠬᠡᠵᠦ᠂ ᠠᠵᠤ ᠦᠢᠯᠡᠰ ᠤᠨ ᠬᠥᠭᠵᠢᠯᠲᠡ ᠶᠢᠨ ᠪᠣᠳᠠᠲᠤ ᠬᠡᠷᠡᠭᠴᠡᠭᠡ ᠶᠢ ᠦᠨᠳᠦᠰᠦᠯᠡᠨ ᠣᠷᠣᠨ ᠪᠦᠰᠡ ᠶᠢᠨ ᠪᠠᠶᠢᠷᠢᠰᠢᠭᠤᠯᠤᠯᠲᠠ ᠶᠢᠨ ᠬᠡᠪᠴᠢᠶ᠎ᠡ ᠶᠢ ᠰᠢᠯᠢᠳᠡᠭᠵᠢᠭᠦᠯᠦᠨ ᠲᠣᠬᠢᠷᠠᠭᠤᠯᠵᠤ᠂ ᠪᠣᠯᠪᠠᠰᠤᠷᠠᠩᠭᠤᠢ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠴᠢᠳᠠᠪᠤᠷᠢ ᠶᠢᠨ ᠲᠡᠰ ᠢᠶᠠᠨ ᠳᠡᠭᠡᠭᠰᠢᠯᠡᠭᠦᠯᠬᠦ ᠶᠢ ᠨᠢ ᠯᠠᠪᠳᠠᠭᠤᠨ ᠢᠶᠠᠷ ᠲᠦᠯᠬᠢᠨ ᠠᠬᠢᠭᠤᠯᠬᠤ ᠬᠡᠷᠡᠭᠲᠡᠢ᠃
3. ᠤᠯᠤᠰ ᠤᠨ ᠳᠡᠰ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠣᠷᠣᠨ ᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠨᠦᠭᠦᠳ ᠢ ᠰᠤᠳᠤᠯᠤᠨ ᠭᠦᠨᠵᠡᠭᠡᠶᠢᠷᠡᠭᠦᠯᠪᠡ
ᠬᠤᠷᠠᠯᠳᠤᠭᠠᠨ ᠢᠶᠠᠷ ᠵᠢᠭᠠᠵᠤ ᠭᠠᠷᠭᠠᠭᠰᠠᠨ ᠨᠢ᠂ ᠤᠯᠤᠰ ᠤᠨ ᠲᠡᠰ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠣᠷᠣᠨ ᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠢ ᠠᠬᠢᠭᠤᠯᠵᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠪᠠᠷ ᠭᠦᠨ ᠳᠡᠰ ᠳᠠᠪᠬᠤᠷᠭ᠎ᠠ ᠶᠢᠨ ᠥᠭᠡᠷᠡᠴᠢᠯᠡᠯᠲᠡ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃
ᠬᠠᠮᠢᠶᠠᠷᠤᠯᠲᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ︽ᠥᠨᠳᠥᠷ ᠪᠦᠲᠦᠮᠵᠢᠲᠡᠢ ᠪᠠᠷ ᠨᠢᠭᠡ ᠠᠵᠢᠯ ᠶᠠᠪᠤᠳᠠᠯ ᠢ ᠭᠦᠢᠴᠡᠳᠬᠡᠬᠦ︾ ᠶᠢ ᠬᠦᠴᠦᠲᠡᠢ ᠠᠬᠢᠭᠤᠯᠵᠤ᠂ ᠠᠵᠤ ᠠᠬᠤᠶᠢᠯᠠᠯ ᠤᠨ ᠲᠤᠰᠬᠠᠯ ᠢᠶᠠᠷ ᠲᠣᠪᠣᠶᠢᠮ᠎ᠠ ᠪᠠᠶᠢᠭ᠎ᠠ ᠲᠥᠭᠵᠢᠷᠡᠯ ᠰᠠᠭᠠᠭᠳᠠᠯ ᠤᠨ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃
ᠭᠠᠵᠠᠷ ᠰᠢᠷᠣᠢ᠂ ᠴᠢᠳᠠᠪᠤᠷᠢᠲᠠᠨ᠂ ᠪᠡᠯᠡ ᠮᠥᠩᠭᠦ ᠵᠡᠷᠭᠡ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠵᠤ᠂ ᠳᠡᠮᠵᠢᠬᠦ ᠲᠦᠷᠦ ᠶᠢᠨ ᠪᠣᠳᠣᠯᠭ᠎ᠠ ᠪᠠ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠶᠢ ᠲᠣᠭᠲᠠᠭᠠᠵᠤ᠂ ᠤᠯᠤᠰ ᠤᠨ ᠲᠡᠰ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠣᠷᠣᠨ ᠤ ᠬᠥᠭᠵᠢᠯᠲᠡ ᠳᠤ ᠨᠡᠩ ᠰᠠᠶᠢᠨ ᠣᠷᠴᠢᠨ ᠨᠥᠬᠦᠴᠡᠯ ᠢ ᠪᠤᠢ ᠪᠣᠯᠭᠠᠵᠤ ᠥᠭᠬᠦ ᠬᠡᠷᠡᠭᠲᠡᠢ᠃
4. ︽ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠲᠤ ᠪᠠᠷ ᠬᠦᠷᠲᠡᠬᠦ ᠳᠦᠷᠢᠮ ︵ᠲᠥᠰᠥᠯ︶︾ ᠢ ᠬᠢᠨᠠᠨ ᠵᠦᠪᠯᠡᠵᠦ ᠪᠠᠲᠤᠯᠠᠪᠠ
ᠬᠤᠷᠠᠯᠳᠤᠭᠠᠨ ᠢᠶᠠᠷ ︽ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠲᠤ ᠪᠠᠷ ᠬᠥᠷᠲᠡᠬᠦ ᠳᠦᠷᠢᠮ ︵ᠲᠥᠰᠥᠯ︶︾ ᠢ ᠬᠢᠨᠠᠨ ᠵᠥᠪᠯᠡᠵᠦ ᠪᠠᠲᠤᠯᠠᠪᠠ᠃ ᠬᠤᠷᠠᠯᠳᠤᠭᠠᠨ ᠢᠶᠠᠷ ᠵᠢᠭᠠᠵᠤ ᠭᠠᠷᠭᠠᠭᠰᠠᠨ ᠨᠢ
ᠳ᠋ᠠᠶᠢᠲ᠋ᠠ ᠶᠢᠨ ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠰᠠᠭᠤᠷᠢᠨ ᠳᠡᠭᠡᠷ᠎ᠡ ᠳ᠋ᠠᠶᠢᠲ᠋ᠠ ᠶᠢᠨ ᠪᠠᠬᠢᠯᠡᠯᠲᠡ ᠶᠢ ᠨᠠᠪᠲᠠᠷᠡᠭᠦᠯᠵᠦ᠂ ᠤᠯᠠᠨ ᠨᠡᠶᠢᠲᠡ ᠶᠢᠨ ᠦᠢᠯᠡᠴᠢᠯᠡᠭᠡ ᠶᠢ ᠨᠡᠩ ᠲᠦᠭᠡᠮᠡᠯ ᠬᠠᠷᠠᠭᠠᠯᠵᠠᠯᠲᠤ ᠪᠦᠭᠡᠳ ᠳᠥᠭᠦᠮ ᠳᠥᠲᠡ ᠪᠣᠯᠭᠠᠬᠤ ᠶᠢ ᠠᠬᠢᠭᠤᠯᠬᠤ ᠬᠡᠷᠡᠭᠲᠡᠢ᠃
ᠪᠦᠬᠦ ᠤᠯᠤᠰ ᠤᠨ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠣᠭᠲᠠᠯᠴᠠᠭ᠎ᠠ ᠶᠢ ᠪᠠᠶᠢᠭᠤᠯᠵᠤ᠂ ᠳ᠋ᠠᠶᠢᠲ᠋ᠠ ᠶᠢᠨ ᠡᠬᠢ ᠪᠠᠶᠠᠯᠢᠭ ᠢ ᠠᠭᠤᠰᠤᠯᠴᠠᠭᠤᠯᠤᠨ ᠬᠡᠷᠡᠭᠯᠡᠬᠦ ᠶᠢ ᠠᠬᠢᠭᠤᠯᠵᠤ᠂ ᠨᠡᠶᠢᠭᠡᠮ ᠤᠨ ᠵᠠᠰᠠᠯᠲᠠ ᠪᠠ ᠠᠵᠤ ᠦᠢᠯᠡᠰ ᠤᠨ ᠠᠮᠢ ᠠᠬᠤᠢ ᠶᠢᠨ ᠴᠡᠴᠡᠭᠯᠡᠯ ᠬᠥᠭᠵᠢᠯ ᠢ ᠨᠡᠩ ᠰᠠᠶᠢᠲᠤᠷ ᠡᠷᠴᠢᠮᠵᠢᠭᠦᠯᠦᠨ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠦᠳᠡᠯᠭᠡᠭᠴᠢ ᠡᠨᠧᠷᠭᠢ ᠶᠢ ᠨᠡᠮᠡᠭᠳᠡᠭᠦᠯᠬᠦ ᠬᠡᠷᠡᠭᠲᠡᠢ᠃
5. ︽ᠤᠯᠤᠰ ᠤᠨ ᠤᠰᠤᠨ ᠳᠡᠭᠡᠷᠡᠬᠢ ᠵᠠᠮ ᠬᠠᠷᠢᠯᠴᠠᠭᠠᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠ ᠠᠪᠤᠷᠠᠨ ᠲᠤᠰᠠᠯᠠᠬᠤ ᠰᠢᠰᠲ᠋ᠧᠮ ᠤᠨ ᠪᠠᠶᠢᠷᠢᠰᠢᠭᠤᠯᠤᠯᠲᠠ ᠶᠢᠨ ᠲᠥᠯᠦᠪᠵᠢᠭᠦᠯᠭᠡ ︵2025 - 2035 ᠣᠨ︶︾ ᠶᠢ ᠰᠤᠳᠤᠯᠪᠠ
ᠬᠤᠷᠠᠯᠳᠤᠭᠠᠨ ᠢᠶᠠᠷ ︽ᠤᠯᠤᠰ ᠤᠨ ᠤᠰᠤᠨ ᠳᠡᠭᠡᠷᠡᠬᠢ ᠵᠠᠮ ᠬᠠᠷᠢᠯᠴᠠᠭᠠᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠ ᠠᠪᠤᠷᠠᠨ ᠲᠤᠰᠠᠯᠠᠬᠤ ᠰᠢᠰᠲ᠋ᠧᠮ ᠤᠨ ᠪᠠᠶᠢᠷᠢᠰᠢᠭᠤᠯᠤᠯᠲᠠ ᠶᠢᠨ ᠲᠥᠯᠦᠪᠵᠢᠭᠦᠯᠭᠡ ︵2025 - 2035 ᠣᠨ︶︾ ᠶᠢ ᠰᠤᠳᠤᠯᠵᠠᠢ᠃ ᠬᠤᠷᠠᠯᠳᠤᠭᠠᠨ ᠢᠶᠠᠷ ᠵᠢᠭᠠᠵᠤ ᠭᠠᠷᠭᠠᠭᠰᠠᠨ ᠨᠢ
ᠤᠰᠤᠨ ᠳᠡᠭᠡᠷᠡᠬᠢ ᠣᠳᠣᠬᠢᠴᠢᠯᠠᠭᠰᠠᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠ ᠠᠪᠤᠷᠠᠨ ᠲᠤᠰᠠᠯᠠᠬᠤ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠰᠠᠯᠠᠭ᠎ᠠ ᠮᠥᠴᠢᠷ ᠪᠠ ᠣᠷᠣᠨ ᠨᠤᠲᠤᠭ ᠤᠨ ᠬᠢᠨ ᠤ ᠵᠣᠬᠢᠴᠠᠭᠤᠯᠤᠨ ᠬᠤᠯᠪᠣᠭᠠᠯᠠᠬᠤ ᠶᠢ ᠴᠢᠩᠭᠠᠳᠬᠠᠵᠤ᠂ ᠴᠢᠬᠤᠯᠠ ᠲᠣᠨᠤᠭ ᠲᠦᠬᠦᠭᠡᠷᠦᠮᠵᠢ ᠪᠠ ᠵᠠᠩᠭᠢᠯᠠᠭ᠎ᠠ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠨ᠂ ᠨᠥᠬᠦᠴᠡᠯ ᠪᠦᠷᠢᠯᠳᠦᠭᠦᠯᠵᠦ ᠪᠠᠶᠢᠭᠠᠳ ᠨᠡᠶᠢᠭᠡᠮ ᠤᠨ ᠬᠥᠷᠥᠩᠭᠡ ᠶᠢ ᠲᠠᠲᠠᠵᠤ ᠬᠢᠨᠠᠨ ᠬᠠᠮᠢᠶᠠᠷᠴᠤ ᠠᠪᠤᠷᠠᠨ ᠲᠤᠰᠠᠯᠠᠬᠤ ᠴᠢᠬᠤᠯᠠ ᠶᠡᠭᠡ ᠢᠨᠵᠧᠨᠧᠷᠢᠩ ᠤᠨ ᠲᠦᠷᠦᠯ ᠵᠦᠢᠯ ᠳᠤ ᠣᠷᠣᠯᠴᠠᠭᠤᠯᠵᠤ᠂ ᠵᠠᠮ ᠬᠠᠷᠢᠯᠴᠠᠭᠠᠨ ᠤ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠳᠤ ᠪᠠᠲᠤ ᠪᠠᠬᠢ ᠪᠠᠲᠤᠯᠠᠭ᠎ᠠ ᠬᠠᠩᠭᠠᠬᠤ ᠬᠡᠷᠡᠭᠲᠡᠢ᠃
6. ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠴᠢᠩᠭᠠᠳᠬᠠᠬᠤ ᠪᠠᠷ ᠪᠠᠶᠢᠷᠢᠯᠠᠭᠤᠯᠤᠯᠲᠠ ᠬᠢᠪᠡ
ᠬᠤᠷᠠᠯᠳᠤᠭᠠᠨ ᠢᠶᠠᠷ ᠵᠢᠭᠠᠵᠤ ᠭᠠᠷᠭᠠᠭᠰᠠᠨ ᠨᠢ᠂ ᠣᠶᠢᠷ᠎ᠠ ᠶᠢᠨ ᠬᠤᠭᠤᠴᠠᠭᠠᠨ ᠳᠤ ᠵᠠᠷᠢᠮ ᠭᠠᠵᠠᠷ ᠣᠷᠣᠨ ᠳᠤ ᠠᠮᠤᠷ ᠲᠦᠪᠰᠢᠨ ᠤ ᠠᠳᠡᠯ ᠵᠠᠯᠭᠠᠭ᠎ᠠ ᠪᠠᠷ ᠭᠠᠷᠤᠭᠰᠠᠨ ᠨᠢ ᠰᠤᠷᠭᠠᠮᠵᠢ ᠨᠢ ᠭᠦᠨᠵᠡᠭᠡᠢ ᠪᠠᠶᠢᠨ᠎ᠠ᠂ ᠡᠨᠡ ᠨᠢ ᠠᠶᠤᠯ ᠦᠭᠡᠢ ᠦᠢᠯᠡᠳᠪᠦᠷᠢᠯᠡᠯ ᠢ ᠬᠡᠵᠢᠶ᠎ᠡ ᠴᠦ ᠬᠥᠩᠭᠡᠪᠴᠢᠯᠡᠵᠦ ᠪᠣᠯᠬᠤ ᠦᠭᠡᠢ ᠭᠡᠳᠡᠭ ᠢ ᠬᠠᠷᠠᠭᠤᠯᠵᠤ ᠪᠠᠶᠢᠨ᠎ᠠ᠃
ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠲᠠᠯ᠎ᠠ ᠶᠢᠨ ᠬᠢᠨ ᠤ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭ᠎ᠠ ᠪᠤᠲᠠᠲᠠᠶᠢᠵᠢᠭᠤᠯᠬᠤ ᠬᠡᠷᠡᠭᠲᠡᠢ᠂ ᠢᠯᠠᠩᠭᠤᠶ᠎ᠠ ︽ᠰᠡᠷᠭᠡᠶᠢᠯᠡᠯᠲᠡ︾ ᠶᠢᠨ ᠲᠠᠯ᠎ᠠ ᠪᠠᠷ ᠨᠡᠩ ᠶᠡᠭᠡ ᠬᠦᠴᠦ ᠣᠷᠣᠭᠤᠯᠵᠤ᠂ ᠠᠶᠤᠯ ᠲᠦᠭᠰᠢᠭᠦᠷᠢ ᠶᠢᠨ ᠲᠠᠯᠳᠠ ᠭᠡᠮ ᠢ ᠵᠢᠭᠰᠠᠭᠠᠨ ᠪᠠᠶᠢᠴᠠᠭᠠᠬᠤ ᠠᠵᠢᠯ ᠢᠶᠠᠨ ᠯᠠᠪᠳᠠᠭᠤᠨ ᠪᠠᠲᠤᠲᠠᠢ ᠥᠷᠨᠢᠭᠦᠯᠵᠦ᠂ ᠭᠤᠣᠯᠳᠠᠯᠭ᠎ᠠ ᠪᠣᠯᠬᠤ ᠬᠦᠷᠢᠶ᠎ᠡ ᠴᠠᠷᠠᠭ᠎ᠠ ᠭᠤᠣᠯᠳᠠᠯᠭ᠎ᠠ ᠪᠣᠯᠬᠤ ᠲᠠᠯᠠᠪᠤᠷ ᠭᠠᠵᠠᠷ ᠤᠨ ᠭᠤᠣᠯᠳᠠᠯᠭ᠎ᠠ ᠪᠣᠯᠬᠤ ᠠᠰᠠᠭᠤᠳᠠᠯ ᠳᠤ ᠨᠡᠩ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ ᠠᠪᠴᠤ ᠪᠠᠶᠢᠭᠠᠳ ᠴᠡᠭᠴᠡᠯᠡᠨ ᠵᠠᠰᠠᠵᠤ᠂ ᠬᠦᠨᠳᠦ ᠣᠨᠴᠠ ᠶᠡᠭᠡ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠦᠨᠡᠨ ᠬᠦ ᠬᠠᠮᠠᠭᠠᠯᠠᠬᠤ ᠬᠡᠷᠡᠭᠲᠡᠢ᠃